ᠪᠦᠬᠦ᠌ ᠣᠷᠣᠨ᠎ᠤ ᠷᠠᠳᠢᠣ᠋ ᠲᠧᠯᠸᠢᠰ᠎ᠤᠨ ᠪᠠᠢᠭᠤᠯᠤᠮᠵᠢ᠎ᠶ᠋ᠢᠨ ᠶᠠᠫᠣᠨ᠎ᠢ ᠡᠰᠡᠷᠭᠦᠴᠡᠬᠦ᠌ ᠲᠠᠢᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠶᠡᠭᠡ ᠬᠤᠷᠠᠯ ᠵᠢᠴᠢ ᠤᠷᠠᠨ ᠰᠠᠢᠬᠠᠨ᠎ᠤ ᠦᠳᠡᠱᠢᠯᠡᠭᠡ᠎ᠶ᠋ᠢᠨ ᠱᠢᠭᠤᠳ ᠨᠡᠪᠲᠡᠷᠡᠭᠦᠯᠭᠡ᠎ᠶ᠋ᠢ ᠳᠠᠮᠵᠢᠭᠤᠯᠤᠨ ᠨᠡᠪᠲᠡᠷᠡᠭᠦᠯᠬᠦ᠌᠎ᠶ᠋ᠢ ᠲᠡᠭᠦᠰ ᠠᠮᠵᠢᠯᠲᠠ ᠲᠠᠢ ᠪᠡᠶᠡᠯᠡᠭᠦᠯᠪᠡ
2025-09-09

9 ᠳ᠋ᠦ᠍ᠭᠡᠷ ᠰᠠᠷ᠎ᠠ᠎ᠶᠢᠨ 3᠎ᠤ ᠡᠳᠦᠷ᠎ᠤᠨ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠲᠠᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠨ᠎ᠤ ᠢᠯᠠᠯᠲᠠ ᠣᠯᠣᠭᠰᠠᠨ 80 ᠵᠢᠯ᠎ᠤᠨ ᠤᠢ᠎ᠶᠢ ᠳᠤᠷᠠᠰᠬᠠᠬᠤ ᠶᠡᠬᠡ ᠬᠤᠷᠠᠯ ᠪᠡᠭᠡᠵᠢᠩ᠎ᠤᠨ ᠲᠢᠶᠠᠨ ᠠᠨ ᠮᠧᠨ ᠲᠠᠯᠠᠪᠠᠢ᠎ᠳᠤ ᠦᠪᠡᠳᠡᠭᠰᠢ ᠶᠡᠬᠡ᠎ᠪᠠᠷ ᠶᠠᠪᠤᠭᠳᠠᠪᠠ᠃ ᠳᠣᠰ ᠣᠷᠣᠢ ᠨᠢ ᠳᠣᠮᠲᠠᠲᠤ ᠤᠯᠤᠰ᠎ᠤᠨ ᠠᠷᠠᠳ ᠳᠣᠢᠮᠠᠨ᠎ᠤ ᠶᠠᠫᠤᠨ᠎ᠢ ᠡᠰᠡᠷᠭᠦᠴᠡᠬᠦ ᠲᠠᠢᠠ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢᠠ ᠢᠯᠠᠯᠲᠠ ᠣᠯᠣᠭᠰᠠᠨ 80 ᠵᠢᠯ᠎ᠤᠨ ᠣᠢ᠎ᠶᠢ ᠳᠤᠷᠠᠰᠬᠠᠬᠤ ᠤᠷᠠᠨ ᠰᠠᠢᠬᠠᠨ᠎ᠤ ᠦᠳᠡᠰᠢᠯᠡᠭᠡ ᠲᠤᠮᠳᠠᠲᠤ ᠤᠯᠤᠰ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡ ᠪᠡᠷ ᠶᠠᠪᠤᠭᠳᠠᠪᠠ ᠃ ᠨᠢᠭᠡᠳᠦᠯᠲᠡᠢ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠦᠭᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠬᠦᠴᠦᠨ᠎ᠢ ᠨᠠᠷᠢᠨ ᠨᠢᠮᠪᠠᠢ ᠵᠣᠬᠢᠶᠠᠨ ᠪᠠᠢᠭᠤᠯᠤᠨ ᠲᠣᠬᠢᠷᠠᠭᠤᠯᠵᠤ᠂ ᠳᠤᠷᠠᠰᠬᠠᠬᠤ ᠶᠡᠬᠡ ᠬᠤᠷᠠᠯ ᠵᠢᠴᠢ ᠤᠷᠠᠨ ᠰᠠᠢᠬᠠᠨ᠎ᠤ ᠦᠳᠡᠰᠢᠯᠡᠭᠡ᠎ᠶᠢ᠎ᠰᠢᠭᠤᠳ ᠨᠡᠪᠲᠡᠷᠡᠭᠦᠯᠭᠡ᠎ᠪᠠᠷ ᠳᠠᠮᠵᠢᠭᠤᠯᠤᠨ ᠨᠡᠪᠲᠡᠷᠡᠭᠦᠯᠬᠦ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠦᠭᠦ ᠣᠷᠣᠨ᠎ᠤ ᠦᠵᠡᠭᠴᠢᠳ᠎ᠤᠨ ᠪᠡᠶ᠎ᠡ᠎ᠪᠠᠷ᠎ᠢᠶᠠᠨ ᠣᠷᠤᠯᠴᠠᠵᠦ ᠠᠭᠤᠤ ᠶᠡᠬᠡ ᠶᠠᠫᠤᠨ᠎ᠢ ᠡᠰᠡᠷᠭᠦᠴᠡᠬᠦ ᠲᠠᠢᠨ᠎ᠤ ᠢᠯᠠᠯᠲᠠ᠎ᠶᠢ ᠳᠤᠷᠠᠰᠬᠠᠬᠤ᠂ ᠶᠠᠫᠤᠨ᠎ᠢ ᠡᠰᠡᠷᠭᠦᠴᠡᠬᠦ ᠠᠭᠤᠤ ᠶᠡᠬᠡ ᠵᠣᠷᠢᠭ᠋ ᠰᠠᠨᠠᠭ᠎ᠠ᠎ᠶᠢ ᠪᠠᠳᠠᠷᠠᠭᠤᠯᠬᠤ ᠭᠦᠨ ᠵᠤᠵᠠᠭᠠᠨ ᠠᠭᠤᠷ ᠠᠮᠢᠰᠬᠤᠯ᠎ᠢ ᠣᠢᠯᠠᠭᠠᠭᠤᠯᠵᠤ᠂ ᠦᠵᠡᠭᠴᠢᠳ᠎ᠤᠨ ᠲᠤᠰᠬᠠᠯ ᠬᠠᠯᠠᠭᠤᠨ ᠪᠠᠢᠵᠤ ᠂ 《ᠲᠧᠯᠸᠢᠰ᠎ᠤᠨ ᠰᠢᠭᠤᠳ ᠨᠡᠪᠲᠡᠷᠡᠭᠦᠯᠭᠡ᠎ᠪᠠᠷ ᠳᠠᠮᠵᠢᠭᠤᠯᠤᠨ ᠨᠡᠪᠲᠡᠷᠡᠭᠦᠯᠬᠦ᠌ ᠲᠤᠬᠠᠢ᠎ᠶᠢᠨ ᠲᠠᠯᠠᠪᠤᠷ᠎ᠤᠨ ᠰᠡᠳᠬᠢᠯ ᠵᠢᠷᠦᠬᠡ᠎ᠶᠢ ᠳᠣᠭᠳᠣᠯᠤᠭᠤᠯᠵᠤ᠂ ᠡᠬᠡ ᠤᠯᠤᠰ᠎ᠤᠨ ᠬᠦᠴᠦᠷᠬᠡᠭ ᠶᠡᠬᠡ ᠪᠠᠢᠳᠠᠯ᠎ᠢ ᠮᠡᠳᠡᠷᠡᠪᠡ》 ᠭᠡᠵᠦ ᠢᠯᠡᠳᠬᠡᠪᠡ᠃

ᠪᠦᠭᠦ ᠣᠷᠣᠨ᠎ᠤ 83 ᠭᠣᠣᠯ ᠳᠠᠪᠲᠠᠮᠵᠢ ᠂ 90 ᠭᠣᠣᠯ ᠰᠤᠪᠠᠭ ᠪᠣᠯᠣᠨ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠶ᠋ᠢᠨ ᠳᠡᠭᠦᠯᠢᠯᠲᠡ ᠬᠠᠮ ᠵᠠᠭᠤᠴᠢᠯᠠᠭᠤᠷ᠎ᠤᠨ ᠰᠦᠯᠵᠢᠶ᠎ᠡ᠂ ᠬᠡᠷᠡᠭᠯᠡᠭᠴᠢ᠎ᠶᠢᠨ ᠦᠵᠦᠭᠦᠷ᠎ᠦᠨ ᠪᠦᠭᠦ ᠶᠠᠪᠤᠴᠠ᠎ᠳᠤ ᠳᠤᠷᠠᠰᠬᠠᠯ᠎ᠤᠨ ᠶᠡᠬᠡ ᠬᠤᠷᠠᠯ ᠵᠢᠴᠢ ᠤᠷᠠᠨ ᠰᠠᠢᠬᠠᠨ᠎ᠤ ᠦᠳᠡᠰᠢᠯᠡᠭᠡ᠎ᠶᠢ ᠳᠠᠮᠵᠢᠭᠤᠯᠤᠨ ᠨᠡᠪᠲᠡᠷᠡᠭᠦᠯᠪᠡ᠃ ᠪᠦᠭᠦ ᠣᠷᠣᠨ᠎ᠤ ᠤᠲᠠᠰᠤᠲᠤ ᠲᠧᠯᠸᠢᠰ ᠪᠠ IPTV ᠲᠣᠮᠣ᠌ ᠳᠡᠯᠭᠡᠴᠡ᠎ᠶᠢᠨ ᠰᠢᠭᠤᠳ ᠨᠡᠪᠲᠡᠷᠡᠭᠦᠯᠭᠡ᠎ᠶᠢᠨ ᠬᠡᠷᠡᠭᠯᠡᠭᠴᠢ 339 ᠲᠦᠮᠡᠨ ᠡᠷᠦᠭᠡ᠎ᠳᠤ ᠬᠦᠷᠴᠦ᠂ ᠨᠡᠢᠲᠡ 559 ᠲᠦᠮᠡᠨ ᠴᠠᠭ ᠦᠵᠡᠪᠡ᠃ ᠪᠦᠭᠦ ᠣᠷᠣᠨ᠎ᠤ 5075 ᠤᠲᠠᠰᠤᠲᠤ ᠲᠧᠯᠸᠢᠰ ᠪᠤᠶᠤ IPTV ᠨᠢ ᠲᠣᠭᠲᠠᠭᠠᠯ᠎ᠳᠤ ᠨᠡᠢᠴᠡᠬᠦ ᠢᠲᠡᠭᠡᠮᠵᠢᠲᠦ ᠢᠷᠡᠯᠲᠡ ᠲᠠᠢ ᠪᠠᠭᠤᠳᠠᠯ᠎ᠳᠦ ᠬᠠᠩᠭᠠᠵᠤ᠂ ᠵᠣᠴᠢᠳ᠎ᠲᠤ ᠴᠢᠨᠠᠷ ᠰᠠᠢᠲᠠᠢ ᠲᠧᠯᠸᠢᠰ᠎ᠤᠨ ᠰᠢᠭᠤᠳ ᠨᠡᠪᠲᠡᠷᠡᠭᠦᠯᠭᠡ᠎ᠶᠢᠨ ᠦᠢᠯᠡᠴᠢᠯᠡᠭᠡ ᠬᠠᠩᠭᠠᠪᠠ᠃

ᠪᠦᠭᠦ ᠣᠷᠣᠨ᠎ᠤ ᠷᠠᠳᠢᠣ᠋ ᠲᠧᠯᠸᠢᠰ᠎ᠤᠨ ᠰᠢᠰᠲᠧᠮ᠎ᠤᠨ ᠺᠠᠳ᠋ᠷ ᠠᠵᠢᠯᠲᠠᠨ ᠨᠡᠪᠲᠡᠷᠡᠭᠦᠯᠬᠦ᠂ ᠬᠤᠷᠠᠮᠳᠤᠭᠤᠯᠤᠨ ᠲᠠᠷᠬᠠᠭᠠᠬᠤ᠂ ᠳᠠᠮᠵᠢᠭᠤᠯᠤᠨ ᠪᠦᠷᠬᠦᠬᠦ ᠪᠠ ᠬᠢᠨᠠᠨ ᠬᠡᠮᠵᠢᠬᠦ ᠨᠢᠭᠡᠳᠦᠭᠡᠷ ᠹᠷᠣᠨᠲ᠎ᠢ ᠪᠠᠲᠤ ᠰᠠᠬᠢᠵᠤ᠂ ᠪᠦᠭᠦ ᠣᠷᠣᠨ᠎ᠤ 1129 ᠰᠠᠭᠤᠷᠢ ᠭᠠᠵᠠᠷ ᠳᠡᠭᠡᠷᠡᠬᠢ ᠲᠣᠭᠠᠴᠢᠯᠠᠭᠰᠠᠨ ᠲᠧᠯᠸᠢᠰ᠎ᠤᠨ ᠰᠠᠴᠤᠷᠠᠭᠤᠯᠬᠤ ᠮᠠᠰᠢᠨ᠂ 676 ᠰᠠᠭᠤᠷᠢ ᠷᠠᠳᠢᠣ᠋᠎ᠶ᠋ᠢᠨ ᠰᠠᠴᠤᠷᠠᠭᠤᠯᠬᠤ ᠮᠠᠰᠢᠨ᠎ᠤ ᠠᠮᠤᠷ ᠲᠦᠪᠰᠢᠨ ᠲᠣᠭᠲᠠᠭᠤᠨ᠎ᠢᠶᠠᠷ ᠠᠵᠢᠯᠯᠠᠵᠤ᠂ ᠷᠠᠳᠢᠣ᠋ ᠲᠧᠯᠸᠢᠰ᠎ᠤᠨ ᠡᠯ᠎ᠡ ᠵᠦᠢᠯ᠎ᠤᠨ ᠪᠠᠲᠤᠯᠠᠭ᠎ᠠ᠎ᠶᠢᠨ ᠠᠵᠢᠯ ᠬᠦᠴᠦᠲᠡᠢ ᠪᠥᠭᠡᠳ ᠪᠦᠲᠦᠮᠵᠢᠲᠡᠶ ᠶᠠᠪᠤᠭᠳᠠᠵᠤ᠂ ᠬᠠᠮᠤᠷᠤᠭᠰᠠᠨ ᠨᠡᠪᠲᠡᠷᠡᠭᠦᠯᠭᠡ᠎ᠶᠢᠨ ᠪᠦᠭᠦ ᠬᠡᠯᠬᠢᠶ᠎ᠡ᠎ᠶᠢᠨ ᠠᠮᠤᠷ ᠲᠦᠪᠰᠢᠨ᠎ᠤ ᠪᠠᠲᠤᠯᠠᠭ᠎ᠠ᠎ᠶᠢᠨ ᠲᠣᠭᠲᠠᠯᠴᠠᠭ᠎ᠠ᠎ᠶᠢ ᠪᠠᠢᠭᠤᠯᠵᠤ᠂ ᠳᠤᠷᠠᠰᠬᠠᠯ᠎ᠤᠨ ᠶᠡᠬᠡ ᠬᠤᠷᠠᠯ ᠵᠢᠴᠢ ᠤᠷᠠᠨ ᠰᠠᠢᠬᠠᠨ᠎ᠤ ᠦᠳᠡᠰᠢᠯᠡᠭᠡ᠎ᠶᠢᠨ ᠳᠣᠭᠢᠶᠠᠨ᠎ᠤ ᠠᠮᠤᠷ ᠲᠦᠪᠰᠢᠨ᠎ᠢ ᠲᠦᠭ ᠲᠦᠮᠡᠨ ᠠᠢᠯ ᠡᠷᠦᠭᠡ᠎ᠳᠤ ᠴᠢᠨᠠᠷ ᠰᠠᠢᠲᠠᠢ ᠬᠦᠷᠭᠡᠬᠦ᠎ᠶᠢ ᠪᠠᠲᠤᠯᠠᠪᠠ᠃

(ᠰᠦᠯᠵᠢᠶᠡᠨ᠎ᠤ ᠦᠵᠡᠵᠦ ᠰᠣᠨᠣᠰᠬᠤ ᠫᠷᠣᠭ᠌ᠷᠠᠮ᠎ᠤᠨ ᠬᠠᠮᠢᠶᠠᠷᠤᠯᠲᠠ᠎ᠶᠢᠨ ᠭᠠᠵᠠᠷ)

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ