ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 2025ᠣᠨ (30 ᠳ᠋ᠤᠭᠠᠷ ᠬᠤᠭᠤᠴᠠᠭ᠎ᠠ)᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠤ ᠪᠡᠯᠡᠳᠭᠡᠯ ᠰᠣᠩᠭᠤᠭᠤᠯᠢ ᠤᠷᠤᠯᠳᠤᠭᠠᠨ (ᠥᠪᠥᠷ ᠮᠣᠩᠭᠤᠯ᠎ᠤᠨ ᠤᠷᠤᠯᠳᠤᠭᠠᠨ᠎ᠤ ᠲᠣᠭᠤᠷᠢᠭ)᠎ᠢ ᠡᠷᠭᠢᠯᠡᠪᠡ
2025-09-23

9 ᠳ᠋ᠦ᠍ᠭᠡᠷ ᠰᠠᠷ᠎ᠠ᠎ᠶ᠋ᠢᠨ 9 ᠎ᠤ ᠡᠳᠦᠷ᠎ᠠᠴᠠ 10 ᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠬᠢᠭᠡᠳ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠤᠨ ᠬᠠᠮᠲᠤᠷᠠᠨ ᠡᠷᠭᠢᠯᠡᠭ᠌ᠰᠡᠨ 2025ᠣᠨ (30 ᠳ᠋ᠤᠭᠠᠷ ᠬᠤᠭᠤᠴᠠᠭ᠎ᠠ)᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠤᠷᠤᠯᠳᠤᠭᠠᠨ᠎ᠤ ᠪᠡᠯᠡᠳᠭᠡᠯ ᠰᠣᠩᠭᠤᠭᠤᠯᠢ᠎ᠶ᠋ᠢᠨ ᠤᠷᠤᠯᠳᠤᠭᠠᠨ (ᠥᠪᠥᠷ ᠮᠣᠩᠭᠤᠯ᠎ᠤᠨ ᠤᠷᠤᠯᠳᠤᠭᠠᠨ᠎ᠤ ᠲᠣᠭᠤᠷᠢᠭ)ᠬᠥᠬᠡᠬᠤᠲᠠ᠎ᠳᠤ ᠶᠠᠪᠤᠭ᠍ᠳᠠᠪᠠ᠃ ᠪᠥᠬᠦ᠌ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠠᠵᠢᠯ ᠲᠥᠷᠥᠯ᠎ᠤᠨ 82 ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠲᠣᠰ ᠤᠳᠠᠭᠠᠨ᠎ᠤ ᠤᠷᠤᠯᠳᠤᠭᠠᠨ᠎ᠳᠤ ᠣᠷᠣᠯᠴᠠᠪᠠ᠃

ᠲᠣᠰ ᠤᠳᠠᠭᠠᠨ᠎ᠤ ᠪᠡᠯᠡᠳᠭᠡᠯ ᠰᠣᠩᠭᠤᠭᠤᠯᠢ ᠤᠷᠤᠯᠳᠤᠭᠠᠨ᠎ᠳᠤ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠮᠡᠷᠭᠡᠵᠢᠯ᠎ᠤᠨ ᠬᠥᠭ᠌ᠵᠢᠯᠲᠡ᠎ᠶ᠋ᠢᠨ ᠬᠠᠨᠳᠤᠰᠢ ᠪᠠ ᠪᠣᠳᠠᠲᠠᠶ ᠲᠤᠬᠠᠢᠯᠠᠭ᠍ᠰᠠᠨ ᠠᠵᠢᠯ᠎ᠤᠨ ᠬᠡᠷᠡᠭ᠌ᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠰᠦᠯᠵᠢᠶ᠎ᠡ ᠪᠠ ᠲᠤᠭ᠎ᠠ ᠪᠠᠷᠢᠮᠲᠠ᠎ᠶ᠋ᠢᠨ ᠠᠮᠤᠷ ᠲᠦᠪᠱᠢᠨ᠂ IPTV᠂ ᠳᠤᠮᠳᠠ ᠣᠬᠤᠷ ᠳᠣᠯᠭᠢᠶᠠᠨ᠎ᠤ ᠷᠠᠳᠢᠣ᠋᠂ ᠳᠠᠪᠲᠠᠮᠵᠢ ᠲᠣᠬᠢᠷᠠᠭᠤᠯᠬᠤ ᠪᠠ ᠲᠧᠯᠸᠢᠰ ᠷᠠᠳᠢᠣ᠋ ᠨᠡᠪᠲᠡᠷᠡᠭᠦᠯᠭᠡ ᠵᠡᠷᠭᠡ ᠳᠥᠷᠪᠡᠨ ᠲᠤᠰᠭᠠᠶ ᠮᠡᠷᠭᠡᠵᠢᠯ᠎ᠤᠨ ᠲᠥᠷᠥᠯ ᠢᠯᠭᠠᠯ᠎ᠢ ᠳᠣᠭᠢᠷᠠᠭᠤᠯᠵᠤ᠂ ᠣᠨᠣᠯ᠎ᠤᠨ ᠱᠢᠯᠭᠠᠯᠲᠠ ᠪᠠ ᠪᠣᠳᠠᠲᠠᠶ ᠠᠵᠢᠯᠯᠠᠭ᠎ᠠ᠎ᠪᠠᠷ ᠳᠠᠮᠵᠢᠭᠤᠯᠤᠨ ᠪᠥᠬᠦ᠌ ᠲᠠᠯ᠎ᠠ᠎ᠶ᠋ᠢᠨ ᠬᠢᠨᠠᠨ ᠱᠢᠯᠭᠠᠯᠲᠠ ᠬᠢᠭ᠌ᠰᠡᠨ ᠪᠥᠭᠡᠳ ᠡᠭᠦᠨ᠎ᠤ ᠳᠣᠲᠣᠷ᠎ᠠ᠎ᠠᠴᠠ 4 ᠱᠢᠯᠢᠳᠡᠭ ᠲᠠᠮᠢᠷᠴᠢᠨ ᠮᠠᠨ᠎ᠤ ᠣᠷᠣᠨ᠎ᠢ ᠲᠥᠯᠥᠭᠡᠯᠡᠨ 2025 ᠣᠨ (30 ᠳ᠋ᠤᠭᠠᠷ ᠬᠤᠭᠤᠴᠠᠭ᠎ᠠ)᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠮᠡᠷᠭᠡᠵᠢᠯ᠎ᠤᠨ ᠴᠢᠳᠠᠪᠤᠷᠢᠲᠠᠨ᠎ᠢ ᠱᠢᠯᠭᠠᠷᠠᠭᠤᠯᠬᠤ ᠤᠷᠤᠯᠳᠤᠭᠠᠨ᠎ᠤ ᠱᠢᠢᠳᠪᠦᠷᠢᠲᠦ ᠤᠷᠤᠯᠳᠤᠭᠠᠨ᠎ᠳᠤ ᠣᠷᠣᠯᠴᠠᠭᠤᠯᠪᠠ᠃

ᠲᠣᠰ ᠤᠳᠠᠭᠠᠨ᠎ᠤ ᠤᠷᠤᠯᠳᠤᠭᠠᠨ᠎ᠢ ᠠᠮᠵᠢᠯᠲᠠ᠎ᠲᠠᠢ ᠡᠷᠬᠢᠯᠡᠭ᠌ᠰᠡᠨ᠎ᠨᠢ ᠪᠥᠬᠦ᠌ ᠣᠷᠣᠨ᠎ᠤ ᠷᠠᠳᠢᠣ᠋ ᠲᠧᠯᠸᠢᠰ᠎ᠤᠨ ᠱᠢᠰᠲ᠋ᠧᠮ᠎ᠤᠨ ᠮᠡᠷᠭᠡᠵᠢᠯ᠎ᠤᠨ ᠠᠵᠢᠯᠲᠠᠨ᠎ᠳᠤ ᠰᠤᠷᠤᠯᠴᠠᠵᠤ ᠰᠣᠯᠢᠯᠴᠠᠬᠤ ᠰᠠᠢᠨ ᠰᠠᠢᠬᠠᠨ ᠲᠠᠪᠴᠠᠩ᠎ᠢ ᠪᠠᠢᠭᠤᠯᠵᠤ᠂ ᠲᠤᠬᠠᠢᠯᠠᠭ᠍ᠰᠠᠨ ᠠᠵᠢᠯ᠎ᠤᠨ ᠮᠡᠷᠭᠡᠵᠢᠯ ᠴᠢᠳᠠᠪᠤᠷᠢ᠎ᠶ᠋ᠢᠨ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠣᠯᠭᠠᠬᠤ ᠪᠠ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠶ᠋ᠢ ᠪᠦᠲᠦᠮᠵᠢᠲᠡᠶ ᠠᠬᠢᠭᠤᠯᠵᠤ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠮᠡᠷᠭᠡᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠤᠯᠠᠮ ᠨᠢᠭᠡ ᠠᠯᠬᠤᠮ ᠠᠬᠢᠭᠤᠯᠬᠤ᠂ ᠠᠮᠤᠷ ᠲᠦᠪᠱᠢᠨ ᠨᠡᠪᠲᠡᠷᠡᠭᠦᠯᠬᠦ᠌᠎ᠪᠠᠲᠤᠯᠠᠬᠤ ᠴᠢᠳᠠᠪᠤᠷᠢ᠎ᠶ᠋ᠢ ᠴᠢᠩᠭᠠᠷᠠᠭᠤᠯᠵᠦ᠍᠂ ᠥᠨᠳᠥᠷ ᠬᠡᠪ ᠪᠣᠯᠪᠠᠰᠤᠷᠠᠯ᠎ᠲᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠲᠦᠷᠭᠡᠳᠭᠡᠬᠦ᠌᠎ᠳᠤ ᠴᠢᠬᠤᠯᠠ ᠦᠢᠯᠡᠳᠦᠯ᠎ᠲᠠᠢ ᠶᠤᠮ᠃

 

(ᠠᠶᠤᠯ ᠦᠭᠡᠶ ᠳᠠᠮᠵᠢᠭᠤᠯᠬᠤ ᠪᠠᠲᠤᠯᠠᠭ᠎ᠠ᠎ᠶ᠋ᠢᠨ ᠭᠠᠵᠠᠷ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ