2025 ᠣᠨ᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠬᠥᠲᠥᠯᠥᠭ᠌ᠴᠢ᠎ᠶ᠋ᠢᠨ ᠬᠢᠷᠢ ᠬᠡᠮ᠎ᠤᠨ ᠱᠢᠯᠭᠠᠯᠲᠠ (ᠥᠪᠥᠷ ᠮᠣᠩᠭᠤᠯ᠎ᠤᠨ ᠱᠢᠯᠭᠠᠯᠲᠠ᠎ᠶ᠋ᠢᠨ ᠲᠣᠭᠤᠷᠢᠭ) ᠤᠷᠤᠭ᠍ᠰᠢᠲᠠᠶ ᠶᠠᠪᠤᠭ᠍ᠳᠠᠪᠠ
2025-09-28

9 ᠳ᠋ᠦ᠍ᠭᠡᠷ ᠰᠠᠷ᠎ᠠ᠎ᠶ᠋ᠢᠨ 20 ᠎ᠤ ᠡᠳᠦᠷ᠎ᠠᠴᠠ 21 ᠎ᠤ ᠡᠳᠦᠷ ᠪᠣᠯᠲᠠᠯ᠎ᠠ᠂ 2025 ᠣᠨ᠎ᠤ ᠪᠥᠬᠦ᠌ ᠤᠯᠤᠰ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠦᠭ᠌ᠴᠢ ᠬᠥᠲᠥᠯᠦᠭ᠌ᠴᠢ᠎ᠶ᠋ᠢᠨ ᠬᠢᠷᠢ ᠬᠡᠮ᠎ᠤᠨ ᠱᠢᠯᠭᠠᠯᠲᠠ (ᠥᠪᠥᠷ ᠮᠣᠩᠭᠤᠯ᠎ᠤᠨ ᠱᠢᠯᠭᠠᠯᠲᠠ᠎ᠶ᠋ᠢᠨ ᠲᠣᠭᠤᠷᠢᠭ) ᠤᠷᠤᠭ᠍ᠰᠢᠲᠠᠶ ᠶᠠᠪᠤᠭ᠍ᠳᠠᠵᠤ᠂ ᠥᠪᠥᠷ ᠮᠣᠩᠭᠤᠯ᠎ᠤᠨ ᠱᠢᠯᠭᠠᠯᠲᠠ᠎ᠶ᠋ᠢᠨ ᠲᠣᠭᠤᠷᠢᠭ᠎ᠲᠤ 6 ᠪᠢᠷ᠎ᠦᠨ ᠱᠢᠯᠭᠠᠯᠲᠠ᠎ᠶ᠋ᠢᠨ ᠲᠠᠯᠠᠪᠠᠶ᠂ 5 ᠠᠮᠠᠨ ᠱᠢᠯᠭᠠᠯᠲᠠ᠎ᠶ᠋ᠢᠨ ᠲᠠᠯᠠᠪᠠᠢ ᠭᠠᠷᠭᠠᠵᠤ᠂ ᠨᠡᠢᠲᠡ 200 ᠭᠠᠷᠤᠶ ᠱᠢᠯᠭᠠᠭᠤᠯᠤᠭ᠍ᠴᠢ ᠱᠢᠯᠭᠠᠯᠲᠠ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠱᠦ᠍ ᠮᠧᠶ ᠱᠢᠯᠭᠠᠯᠲᠠ᠎ᠶ᠋ᠢᠨ ᠠᠵᠢᠯ᠎ᠢ ᠪᠥᠬᠦ᠌ ᠶᠠᠪᠤᠴᠠ᠎ᠳᠤ ᠪᠠᠢᠴᠠᠭᠠᠨ ᠵᠢᠯᠣᠭᠤᠳᠪᠠ᠃

ᠲᠣᠰ ᠵᠦᠢᠯ᠎ᠤᠨ ᠤᠯᠤᠰ᠎ᠤᠨ ᠲᠠᠰ᠎ᠤᠨ ᠱᠢᠯᠭᠠᠯᠲᠠ᠎ᠶ᠋ᠢᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠣᠰᠣᠭᠠᠷ ᠲᠣᠭ᠍ᠲᠠᠭᠤᠨ᠎ᠢᠶᠠᠷ ᠨᠠᠢᠳᠠᠪᠣᠷᠢᠵᠢᠭᠣᠯᠬᠣ᠎ᠶ᠋ᠢ ᠪᠠᠲᠤᠯᠠᠬᠤ᠎ᠶ᠋ᠢᠨ ᠲᠥᠯᠥᠭᠡ᠂ ᠥᠪᠥᠷ ᠮᠣᠩᠭᠤᠯ᠎ᠤᠨ ᠱᠢᠯᠭᠠᠯᠲᠠ᠎ᠶ᠋ᠢᠨ ᠲᠣᠭᠤᠷᠢᠭ᠎ᠲᠤ ᠨᠡᠷ᠎ᠡ ᠮᠡᠳᠡᠭᠦᠯᠬᠦ᠂ ᠬᠢᠨᠠᠨ ᠬᠠᠷᠭᠤᠭᠤᠯᠬᠤ᠂ ᠰᠦᠢᠳᠭᠡᠯ ᠲᠤᠱᠢᠶᠠᠬᠤ᠂ ᠪᠢᠷ᠎ᠤᠨ ᠱᠢᠯᠭᠠᠯᠲᠠ᠂ ᠠᠮᠠᠨ ᠱᠢᠯᠭᠠᠯᠲᠠ᠂ ᠱᠢᠯᠭᠠᠯᠲᠠ ᠬᠢᠨᠠᠬᠤ ᠪᠥᠬᠦ᠌ ᠶᠠᠪᠤᠴᠠ᠎ᠶ᠋ᠢᠨ ᠮᠡᠳᠡᠭᠡ ᠵᠠᠩᠭᠢᠵᠢᠯᠲᠠ᠎ᠶ᠋ᠢᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠪᠠᠴᠢᠮ ᠪᠠᠢᠳᠠᠯ᠎ᠢ ᠠᠷᠭᠠᠴᠠᠬᠤ ᠪᠠᠲᠤᠯᠠᠭ᠎ᠠ᠎ᠶ᠋ᠢᠨ ᠪᠡᠯᠡᠳᠭᠡᠯ ᠲᠥᠰᠦᠯ᠎ᠢ ᠨᠠᠷᠢᠨ ᠨᠢᠮᠪᠠᠶ ᠲᠣᠭ᠍ᠲᠠᠭᠠᠬᠤ᠎ᠪᠠᠷ ᠳᠠᠮᠵᠢᠭᠤᠯᠤᠨ᠂ ᠬᠠᠮᠢᠶ᠎ᠠ ᠪᠥᠬᠦᠶ ᠨᠢᠭᠡᠴᠢ᠎ᠲᠠᠢ ᠬᠤᠯᠪᠣᠭᠠᠯᠠᠨ ᠱᠢᠯᠭᠠᠯᠲᠠ᠎ᠠᠴᠠ ᠡᠮᠦᠨᠡᠬᠢ ᠪᠣᠯᠪᠠᠰᠣᠷᠠᠯ᠂ ᠱᠢᠰᠲᠸᠮ᠎ᠤᠨ ᠱᠢᠯᠭᠠᠯᠲᠠ ᠵᠢᠴᠢ ᠪᠥᠬᠦ᠌ ᠶᠠᠪᠤᠴᠠ᠎ᠶ᠋ᠢᠨ ᠰᠣᠷᠢᠯᠲᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠡᠯ᠎ᠡ ᠲᠥᠷᠥᠯ᠎ᠤᠨ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠪᠥᠬᠦ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠱᠢᠯᠭᠠᠯᠲᠠ᠎ᠶ᠋ᠢᠨ ᠶᠠᠪᠤᠳᠠᠯ᠎ᠤᠨ ᠠᠵᠢᠯ᠎ᠤᠨ ᠦᠷ᠎ᠡ ᠪᠦᠲᠦᠮᠵᠢ ᠪᠠ ᠶᠠᠰᠤ ᠴᠢᠨᠠᠷ᠎ᠢ ᠪᠦᠲᠦᠮᠵᠢᠲᠡᠶ ᠳᠡᠭᠡᠭ᠌ᠰᠢᠯᠡᠭᠦᠯᠪᠡ᠃ ᠱᠢᠯᠭᠠᠯᠲᠠ᠎ᠶ᠋ᠢᠨ ᠬᠤᠭᠤᠴᠠᠭᠠᠨ᠎ᠳᠤ᠂ ᠱᠢᠯᠭᠠᠯᠲᠠ᠎ᠶ᠋ᠢᠨ ᠶᠠᠪᠤᠳᠠᠯ᠎ᠤᠨ ᠪᠥᠬᠦ᠌ ᠠᠵᠢᠯᠲᠠᠳ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠪᠠ ᠨᠠᠷᠢᠨ ᠨᠢᠮᠪᠠᠶ ᠰᠤᠷᠲᠠᠯ᠎ᠢᠶᠠᠷ ᠡᠯ᠎ᠡ ᠵᠦᠶ᠋ᠯ᠎ᠤᠨ ᠱᠢᠯᠭᠠᠯᠲᠠ᠎ᠶ᠋ᠢᠨ ᠶᠠᠪᠤᠳᠠᠯ᠎ᠤᠨ ᠵᠢᠷᠤᠮᠵᠢᠯ ᠪᠠ ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠱᠢᠯᠭᠠᠯᠲᠠ᠎ᠶ᠋ᠢᠨ ᠶᠠᠪᠤᠴᠠ᠎ᠶ᠋ᠢᠨ ᠲᠣᠭ᠍ᠲᠠᠭᠤᠨ᠂ ᠡᠮᠬᠢ ᠵᠢᠷᠤᠮ᠎ᠲᠠᠢ᠂ ᠡᠷᠬᠡ ᠲᠡᠭ᠌ᠰᠢ ᠲᠥᠪ ᠭᠤᠤᠯᠴᠢ ᠪᠠᠢᠬᠤ᠎ᠶ᠋ᠢ ᠦᠨᠡᠨ ᠬᠦ᠌ ᠪᠠᠲᠤᠯᠠᠪᠠ᠃

(ᠠᠵᠢᠯᠲᠠᠨ᠎ᠤ ᠶᠠᠪᠤᠳᠠᠯ᠎ᠤᠨ ᠭᠠᠵᠠᠷ)

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ