ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠪᠢᠴᠢᠯ ᠳᠣᠯᠭᠢᠶᠠᠨ᠎ᠢᠶᠠᠷ ᠳᠠᠮᠵᠢᠭᠤᠯᠬᠤ ᠶᠡᠷᠦᠩᠬᠡᠶ ᠥᠷᠲᠡᠭᠡ ᠠᠮᠤᠷ ᠲᠦᠪᠱᠢᠨ ᠳᠠᠮᠵᠢᠭᠤᠯᠬᠤ ᠪᠠᠴᠢᠮ ᠪᠠᠢᠳᠠᠯ᠎ᠢ ᠠᠷᠭᠠᠴᠠᠭᠠᠬᠤ ᠰᠣᠷᠢᠯᠲᠠ ᠥᠷᠨᠢᠭᠦᠯᠪᠡ
2025-08-20

8 ᠳ᠋ᠤᠭᠠᠷ ᠰᠠᠷ᠎ᠠ᠎ᠶ᠋ᠢᠨ 12— ∣13 ᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠪᠢᠴᠢᠯ ᠳᠣᠯᠭᠢᠶᠠᠨ ᠎ᠢᠶᠠᠷ ᠳᠠᠮᠵᠢᠭᠤᠯᠬᠤ ᠶᠡᠷᠦᠩᠬᠡᠶ ᠥᠷᠲᠡᠭᠡ᠎ᠶ᠋ᠢᠨ ᠬᠠᠮᠲᠤᠷᠠᠨ ᠨᠢ ᠳᠠᠮᠵᠢᠭᠤᠯᠵᠦ᠍ ᠰᠠᠴᠤᠷᠠᠭᠤᠯᠬᠤ ᠲᠥᠪ᠎ᠤᠨ ᠲᠡᠢ ᠬᠠᠮᠲᠤᠷᠠᠨ ᠶᠠᠩ ᠴᠢᠥᠢ ᠶᠣᠣ᠎ᠶ᠋ᠢᠨ ᠪᠢᠴᠢᠯ ᠳᠣᠯᠭᠢᠶᠠᠨ᠎ᠤ ᠥᠷᠲᠡᠭᠡ ᠪᠣᠯᠤᠨ ᠮᠠᠨ ᠬᠠᠨ ᠱᠠᠨ᠎ᠤ ᠪᠢᠴᠢᠯ ᠳᠣᠯᠭᠢᠶᠠᠨ᠎ᠤ ᠥᠷᠲᠡᠭᠡ᠎ᠳᠤ ᠠᠮᠤᠷ ᠲᠦᠪᠱᠢᠨ᠎ᠤ ᠳᠠᠮᠵᠢᠭᠤᠯᠭ᠎ᠠ᠎ᠶ᠋ᠢᠨ ᠪᠠᠴᠢᠮ ᠪᠠᠢᠳᠠᠯ᠎ᠢ ᠠᠷᠭᠠᠴᠠᠬᠤ ᠠᠷᠭᠠᠴᠠᠭᠠᠬᠤ ᠰᠣᠷᠢᠯᠲᠠ ᠬᠢᠵᠦ᠍᠂ 40 ᠭᠠᠷᠤᠶ ᠺᠠᠳ᠋ᠷ ᠠᠵᠢᠯᠲᠠᠨ ᠣᠷᠣᠯᠴᠠᠪᠠ᠃

ᠲᠣᠰ ᠤᠳᠠᠭᠠᠨ᠎ᠤ ᠰᠣᠷᠢᠯᠲᠠ᠎ᠨᠢ ᠪᠣᠳᠠᠲᠤ ᠪᠠᠢᠯᠳᠤᠭᠠᠨ᠎ᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠠᠴᠢᠮ ᠪᠠᠢᠳᠠᠯ᠎ᠢ ᠠᠷᠭᠠᠴᠠᠬᠤ ᠠᠷᠭᠠᠴᠠᠭᠠᠬᠤ ᠣᠯᠠᠨ ᠲᠥᠷᠥᠯ᠎ᠤᠨ ᠦᠵᠡᠭ᠌ᠳᠡᠯ᠎ᠢ ᠬᠠᠮᠤᠷᠴᠠᠶ᠃ ᠮᠠᠱᠢᠨ᠎ᠤ ᠬᠡᠷ᠎ᠤᠨ ᠳᠣᠲᠣᠷ᠎ᠠ᠂ ᠠᠮᠢᠳᠤᠷᠠᠯ ᠵᠢᠴᠢ ᠠᠯᠪᠠᠯᠠᠬᠤ ᠲᠣᠭᠤᠷᠢᠭ᠎ᠤᠨ ᠭᠠᠯ᠎ᠤᠨ ᠪᠠᠢᠳᠠᠯ᠎ᠢ ᠱᠢᠢᠳᠪᠦᠷᠢᠯᠡᠬᠦ᠌ ᠰᠣᠷᠢᠯᠲᠠ᠎ᠶ᠋ᠢ ᠥᠷᠨᠢᠭᠦᠯᠵᠦ᠍᠂ ᠠᠰᠠᠷ᠎ᠤᠨ ᠳᠣᠲᠣᠷᠠᠬᠢ ᠭᠠᠯ ᠰᠡᠷᠭᠡᠢᠯᠡᠵᠦ᠍ ᠠᠮᠢ ᠵᠢᠭᠤᠲᠠᠵᠤ ᠲᠠᠷᠬᠠᠭᠠᠬᠤ᠎ᠶ᠋ᠢ ᠵᠡᠷᠭᠡᠪᠡᠷ ᠵᠡᠷᠭᠡ᠎ᠪᠡᠷ ᠵᠣᠬᠢᠶᠠᠨ ᠪᠠᠢᠭᠤᠯᠵᠤ᠂ ᠲᠥᠬᠦᠭᠡᠷᠦᠮᠵᠢ᠎ᠶ᠋ᠢᠨ ᠡᠪᠳᠡᠭ᠌ᠳᠡᠭ᠌ᠰᠡᠨ ᠵᠡᠷᠭᠡ ᠭᠡᠨᠡᠳᠲᠡ᠎ᠶ᠋ᠢᠨ ᠪᠠᠢᠳᠠᠯ᠎ᠳᠤ ᠴᠢᠭ᠌ᠯᠡᠭᠦᠯᠦᠨ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠤᠨ ᠰᠣᠷᠢᠯᠲᠠ᠎ᠶ᠋ᠢ ᠵᠦᠢᠯ ᠳᠠᠷᠠᠭᠠᠯᠠᠨ ᠬᠢᠵᠦ᠍᠂ ᠲᠥᠬᠦᠭᠡᠷᠦᠮᠵᠢ᠎ᠶ᠋ᠢᠨ ᠰᠠᠭᠠᠳ᠎ᠢ ᠲᠦᠷᠭᠡᠨ ᠳᠠᠭᠠᠵᠤ᠂ ᠥᠨᠳᠥᠷ ᠪᠦᠲᠦᠮᠵᠢᠲᠡᠶ᠎ᠪᠠᠷ ᠱᠢᠢᠳᠪᠦᠷᠢᠯᠡᠬᠦ᠌᠎ᠶ᠋ᠢ ᠦᠨᠡᠨ ᠬᠦ᠌  ᠪᠠᠲᠤᠯᠠᠪᠠ᠃ ᠰᠣᠷᠢᠯᠲᠠ ᠳᠠᠭᠤᠰᠤᠭ᠍ᠰᠠᠨ᠎ᠤ ᠳᠠᠷᠠᠭ᠎ᠠ᠂ ᠡᠯ᠎ᠡ ᠨᠢᠭᠡᠴᠢ ᠦᠳᠲᠡᠷ ᠲᠦᠷᠭᠡᠨ ᠵᠣᠬᠢᠶᠠᠨ ᠪᠠᠢᠭᠤᠯᠤᠨ ᠳᠠᠬᠢᠨ ᠪᠠᠢᠴᠠᠭᠠᠵᠤ᠂ ᠲᠤᠷᠱᠢᠯᠭ᠎ᠠ᠎ᠪᠠᠨ ᠪᠥᠬᠦ᠌ ᠲᠠᠯ᠎ᠠ᠎ᠪᠠᠷ ᠳ᠋ᠦᠩᠨᠡᠵᠦ᠍᠂ ᠣᠷᠣᠱᠢᠵᠤ ᠪᠠᠢᠭ᠎ᠠ ᠠᠰᠠᠭᠤᠳᠠᠯ᠎ᠢ ᠭᠦᠨᠵᠡᠭᠡᠶ ᠵᠠᠳᠠᠯᠬᠤ᠎ᠶ᠋ᠢᠨ ᠬᠠᠮᠲᠤ ᠡᠯ᠎ᠡ ᠥᠷᠲᠡᠭᠡ᠎ᠶ᠋ᠢᠨ ᠪᠣᠳᠠᠲᠤ ᠪᠠᠢᠳᠠᠯ᠎ᠲᠠᠢ ᠤᠶᠠᠯᠳᠤᠭᠤᠯᠤᠨ᠂ ᠪᠠᠴᠢᠮ ᠪᠠᠢᠳᠠᠯ᠎ᠢ ᠠᠷᠭᠠᠴᠠᠬᠤ ᠠᠷᠭᠠᠴᠠᠭᠠᠬᠤ ᠪᠡᠯᠡᠳᠭᠡᠯ ᠲᠥᠰᠦᠯ ᠪᠠ ᠠᠷᠭᠠᠴᠠᠭᠠᠬᠤ ᠲᠣᠭ᠍ᠲᠠᠴᠠ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠪᠣᠳᠠᠲᠤ ᠪᠠᠢᠯᠳᠤᠭᠠᠨ ᠠᠰᠠᠭᠤᠳᠠᠯ᠎ᠢ ᠱᠢᠢᠳᠪᠦᠷᠢᠯᠡᠬᠦ᠌᠎ᠳᠤ ᠨᠠᠩ ᠪᠦᠷᠢᠨ ᠲᠡᠭᠦᠯᠳᠡᠷ ᠲᠤᠯᠭᠠᠭᠤᠷᠢᠯᠠᠯ ᠬᠠᠩᠭᠠᠪᠠ᠃

ᠲᠣᠰ ᠤᠳᠠᠭᠠᠨ᠎ᠤ ᠪᠠᠴᠢᠮ ᠪᠠᠢᠳᠠᠯ᠎ᠢ ᠠᠷᠭᠠᠴᠠᠬᠤ ᠠᠷᠭᠠᠴᠠᠭᠠᠬᠤ ᠰᠣᠷᠢᠯᠲᠠ᠎ᠨᠢ ᠺᠠᠳ᠋ᠷ ᠠᠵᠢᠯᠲᠠᠨ ᠠᠵᠢᠯᠴᠢᠨ᠎ᠤ ᠭᠡᠨᠡᠳᠲᠡ᠎ᠶ᠋ᠢᠨ ᠬᠡᠷᠡᠭ᠎ᠤᠨ ᠪᠠᠴᠢᠮ ᠪᠠᠢᠳᠠᠯ᠎ᠢ ᠠᠷᠭᠠᠴᠠᠭᠠᠨ ᠱᠢᠢᠳᠪᠦᠷᠢᠯᠡᠬᠦ᠌ ᠦᠷ᠎ᠡ ᠪᠦᠲᠦᠮᠵᠢ ᠪᠠ ᠬᠠᠮᠵᠢᠯᠴᠠᠨ ᠪᠠᠢᠯᠳᠤᠬᠤ ᠠᠵᠢᠯ᠎ᠤᠨ ᠴᠢᠳᠠᠪᠤᠷᠢ᠎ᠶ᠋ᠢ ᠦᠨᠡᠨ ᠬᠦ᠌ ᠴᠢᠩᠭᠠᠳᠭᠠᠵᠤ ᠴᠢᠩᠭᠠᠷᠠᠭᠤᠯᠵᠤ᠂ ᠴᠢᠬᠤᠯᠠ ᠪᠠᠲᠤᠯᠠᠭ᠎ᠠ᠎ᠶ᠋ᠢᠨ ᠬᠤᠭᠤᠴᠠᠭᠠᠨ᠎ᠤ ᠪᠢᠴᠢᠯ ᠳᠣᠯᠭᠢᠶᠠᠨ᠎ᠤ᠎ᠢᠶᠠᠷ ᠳᠠᠮᠵᠢᠭᠤᠯᠬᠤ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠬᠦ᠌᠎ᠳᠤ ᠠᠮᠤᠷ ᠲᠦᠪᠱᠢᠨ᠎ᠤ ᠰᠠᠭᠤᠷᠢ᠎ᠶ᠋ᠢ ᠪᠠᠬᠢᠵᠢᠭᠦᠯᠵᠦ᠍᠂ ᠠᠮᠤᠷ ᠲᠦᠪᠱᠢᠨ᠎ᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠠᠬᠢ ᠪᠣᠯᠭᠠᠪᠠ᠃

(ᠪᠢᠴᠢᠯ ᠳᠣᠯᠭᠢᠶᠠᠨ᠎ᠢᠶᠠᠷ ᠳᠠᠮᠵᠢᠭᠤᠯᠬᠤ ᠶᠡᠷᠦᠩᠬᠡᠢ ᠥᠷᠲᠡᠭᠡ)

ᠢᠷᠡᠯᠲᠡ᠄ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ