8 ᠳ᠋ᠤᠭᠠᠷ ᠰᠠᠷ᠎ᠠ᠎ᠶ᠋ᠢᠨ 26 ᠤ ᠡᠳᠦᠷ᠂ ᠳᠤᠮᠳᠠᠳᠤ ᠤᠯᠤᠰ᠎ᠤᠨ ᠵᠠᠭᠤᠴᠢᠯᠠᠭᠤᠷ᠎ᠤᠨ ᠶᠡᠭᠡ ᠰᠤᠷᠭᠠᠭᠤᠯᠢ᠎ᠶ᠋ᠢᠨ ᠵᠠᠭᠤᠴᠢᠯᠠᠭᠤᠷ᠎ᠤᠨ ᠠᠭᠤᠰᠤᠯᠴᠠᠯ ᠪᠠ ᠳᠠᠮᠵᠢᠭᠤᠯᠭ᠎ᠠ᠎ᠶ᠋ᠢᠨ ᠤᠯᠤᠰ᠎ᠤᠨ ᠭᠤᠤᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠲᠡᠷᠢᠭᠦᠨ ᠱᠢᠨᠵᠢᠯᠡᠬᠦ᠌ ᠤᠬᠠᠭᠠᠨᠲᠠᠨ ᠯᠢᠦᠶ ᠷᠦᠢ ᠫᠷᠤᠹᠧᠰᠰᠤᠷ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠳᠠᠮᠵᠢᠭᠤᠯᠵᠤ ᠰᠠᠴᠤᠷᠠᠭᠤᠯᠬᠤ ᠲᠥᠪ ᠵᠢᠴᠢ 839 ᠰᠠᠭᠤᠷᠢ ᠭᠠᠵᠠᠷ᠎ᠲᠤ ᠬᠣᠷᠢᠶ᠎ᠠ᠎ᠳᠤ ᠪᠠᠢᠴᠠᠭᠠᠨ ᠰᠤᠳᠤᠯᠤᠯᠲᠠ ᠬᠢᠭ᠌ᠰᠡᠨ ᠪᠥᠭᠡᠳ ᠷᠠᠳᠢᠣ᠋ ᠲᠧᠯᠸᠢᠰ᠎ᠤᠨ ᠤᠲᠠᠰᠤ ᠥᠬᠡᠶ ᠳᠠᠮᠵᠢᠭᠤᠯᠭ᠎ᠠ ᠢᠷᠡᠭᠡᠳᠦᠶ᠎ᠶ᠋ᠢᠨ ᠱᠢᠨ᠎ᠡ ᠬᠡᠯᠪᠡᠷᠢ᠎ᠶ᠋ᠢᠨ ᠰᠦᠯᠵᠢᠶᠡᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠲᠣᠭᠤᠷᠢᠨ᠎ᠳᠤ ᠶᠠᠷᠢᠯᠴᠠᠨ ᠰᠣᠯᠢᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠯᠢᠦᠶ ᠷᠦᠢ ᠲᠤᠷᠱᠢᠯᠲᠠ᠎ᠶ᠋ᠢᠨ ᠲᠠᠰᠤᠭ᠎ᠤᠨ ᠷᠠᠳᠢᠣ᠋ ᠲᠧᠯᠸᠢᠰ᠎ᠤᠨ ᠲᠣᠭᠠᠴᠢᠯᠠᠭ᠍ᠰᠠᠨ ᠬᠦᠷᠢᠶᠡᠨ᠎ᠳᠠᠬᠢ ᠬᠠᠮᠤᠭ᠎ᠤᠨ ᠱᠢᠨ᠎ᠡ ᠰᠤᠳᠤᠯᠭᠠᠨ᠎ᠤ ᠦᠷ᠎ᠡ ᠪᠦᠲᠦᠭᠡᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠢᠰᠲ᠋ᠧᠮ ᠲᠣᠭ᠍ᠲᠠᠯᠴᠠᠭ᠎ᠠ᠎ᠨᠢ ᠳᠠᠪᠲᠠᠮᠵᠢ᠎ᠶ᠋ᠢᠨ ᠡᠬᠢ ᠪᠠᠶᠠᠯᠢᠭ ᠪᠠ ᠯᠤᠲᠤ ᠶᠡᠭᠡ ᠳᠠᠮᠵᠢᠯᠭ᠎ᠠ᠎ᠶ᠋ᠢᠨ ᠬᠠᠷᠪᠤᠯᠲᠠ᠎ᠶ᠋ᠢᠨ ᠳᠠᠮᠵᠢᠭᠤᠯᠤᠨ ᠰᠠᠴᠤᠷᠠᠭᠤᠯᠬᠤ ᠰᠠᠭᠤᠷᠢ ᠲᠥᠬᠦᠭᠡᠷᠦᠮᠵᠢ᠎ᠲᠠᠢ ᠪᠠᠢᠵᠤ᠂ ᠣᠶᠤᠨᠴᠢ ᠰᠦᠯᠵᠢᠶᠡᠨ᠎ᠤ ᠬᠤᠯᠪᠣᠭ᠎ᠠ᠂ ᠳᠣᠣᠷ᠎ᠠ ᠠᠭᠠᠷ᠎ᠤᠨ ᠠᠵᠤ ᠠᠬᠤᠶ ᠵᠡᠷᠭᠡ ᠣᠯᠠᠨ ᠵᠦᠢᠯ᠎ᠤᠨ ᠱᠢᠨ᠎ᠡ᠎ᠪᠠᠷ ᠬᠥᠭ᠌ᠵᠢᠭ᠌ᠰᠡᠨ ᠪᠠᠢᠳᠠᠯ᠎ᠳᠤ ᠰᠠᠢᠨ ᠰᠠᠢᠬᠠᠨ ᠬᠥᠭ᠌ᠵᠢᠯᠲᠡ᠎ᠶ᠋ᠢᠨ ᠢᠷᠡᠭᠡᠳᠦᠶ᠎ᠲᠠᠢ ᠭᠡᠵᠦ᠍ ᠢᠯᠡᠷᠬᠡᠢᠯᠡᠪᠡ᠃ ᠲᠤᠷᠱᠢᠯᠲᠠ᠎ᠶ᠋ᠢᠨ ᠲᠠᠰᠤᠭ᠎ᠨᠢ ᠰᠤᠷᠭᠠᠭᠤᠯᠢ ᠪᠠ ᠣᠷᠣᠨ ᠨᠤᠲᠤᠭ᠎ᠤᠨ ᠬᠠᠮᠲᠤᠷᠠᠯᠴᠠᠭᠠᠨ᠎ᠤ ᠵᠠᠭ᠍ᠪᠤᠷ᠎ᠢ ᠢᠳᠡᠪᠬᠢᠲᠡᠢ ᠠᠬᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ ᠬᠢᠭᠡᠳ ᠰᠠᠭᠤᠷᠢ ᠲᠥᠬᠦᠭᠡᠷᠦᠮᠵᠢ᠎ᠶ᠋ᠢᠨ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠌᠎ᠶ᠋ᠢ ᠪᠡᠶᠡᠯᠡᠭᠦᠯᠪᠡ ᠪᠡᠶᠡᠯᠡᠭᠦᠯᠬᠦ᠌ ᠬᠡᠷᠡᠭ᠌ᠲᠡᠢ ᠭᠡᠵᠦ᠍ ᠢᠯᠡᠷᠬᠡᠢᠯᠡᠪᠡ᠃
ᠵᠠᠩ ᠢ ᠮᠢᠨ ᠣᠳᠣᠬᠠᠨ᠎ᠤ ᠮᠠᠨ᠎ᠤ ᠲᠣᠪᠴᠢᠶ᠎ᠠ᠎ᠶ᠋ᠢᠨ ᠷᠠᠳᠢᠣ᠋ ᠲᠧᠯᠸᠢᠰ᠎ᠤᠨ ᠬᠤᠱᠢᠭᠤᠴᠢ ᠬᠦᠷᠢᠶᠡᠨ᠎ᠳᠠᠬᠢ ᠬᠠᠢᠨ ᠰᠥᠪᠡᠭ᠌ᠴᠢᠯᠡᠯᠲᠡ ᠪᠠ ᠰᠤᠳᠤᠯᠭᠠᠨ᠎ᠤ ᠪᠠᠢᠳᠠᠯ᠎ᠢ ᠲᠠᠨᠢᠯᠴᠠᠭᠤᠯᠪᠠ᠃ ᠲᠡᠷᠡ᠂ ᠵᠠᠭᠤᠴᠢᠯᠠᠭᠤᠷ᠎ᠤᠨ ᠠᠭᠤᠰᠤᠯᠴᠠᠯ ᠪᠠ ᠤᠯᠤᠰ᠎ᠤᠨ ᠭᠤᠣᠯᠳᠠᠯᠭ᠎ᠠ᠎ᠲᠠᠢ ᠲᠤᠷᠱᠢᠯᠲᠠ᠎ᠶ᠋ᠢᠨ ᠲᠠᠰᠤᠭ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠬᠢ ᠪᠠᠶᠠᠯᠢᠭ᠎ᠤᠨ ᠬᠦᠴᠦᠨ᠎ᠢ ᠭᠦᠢᠴᠡᠳ ᠠᠱᠢᠬ᠍ᠯᠠᠵᠤ᠂ ᠳᠤᠮᠳᠠ ᠣᠬᠤᠷ ᠳᠣᠯᠭᠢᠶᠠᠨ᠎ᠤ ᠲᠣᠭᠠᠴᠢᠯᠠᠯᠲᠠ᠎ᠶ᠋ᠢ ᠲᠡᠰ ᠳᠡᠪᠱᠢᠭᠦᠯᠬᠦ᠂ ᠪᠠᠴᠢᠮ ᠪᠠᠢᠳᠠᠯ᠎ᠢ ᠠᠷᠭᠠᠴᠠᠭᠠᠬᠤ ᠷᠠᠳᠢᠣ᠋ ᠨᠡᠪᠲᠡᠷᠡᠭᠦᠯᠭᠡ᠎ᠶ᠋ᠢᠨ ᠦᠢᠯᠡᠴᠢᠯᠡᠭᠡᠨ᠎ᠤ ᠦᠶᠡᠷ᠎ᠢ ᠰᠡᠷᠭᠡᠢᠯᠡᠵᠦ᠍ ᠭᠠᠮᠱᠢᠭ᠎ᠠᠴᠠ ᠠᠪᠤᠷᠠᠬᠤ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠮᠡᠷᠭᠡᠵᠢᠯ᠎ᠤᠨ ᠬᠡᠷᠡᠭ᠌ᠯᠡᠯᠲᠡ ᠪᠣᠯᠤᠨ ᠱᠢᠰᠲ᠋ᠧᠮ᠎ᠤᠨ ᠲᠣᠭ᠍ᠲᠠᠯᠴᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠥᠪᠥᠷ ᠮᠣᠩᠭᠤᠯ᠎ᠤᠨ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ᠍ ᠰᠣᠨᠣᠰᠭᠤ ᠴᠢᠨᠠᠷ ᠰᠠᠢᠲᠠᠢ ᠬᠥᠭ᠌ᠵᠢᠯᠲᠡ᠎ᠶ᠋ᠢ ᠭᠠᠷ ᠬᠤᠯᠪᠣᠨ ᠠᠬᠢᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠢᠯᠡᠳᠭᠡᠪᠡ ᠢᠯᠡᠷᠬᠡᠢᠯᠡᠪᠡ᠃
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ᠂ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠳᠡᠳ᠋ ᠲᠣᠪᠴᠢᠶᠠᠨ ᠳᠠᠷᠤᠭ᠎ᠠ ᠯᠢᠦ ᠵᠦᠩ ᠸᠧᠨ ᠲᠤᠰ ᠲᠤᠰ ᠪᠠᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ᠎ᠳᠤ ᠣᠷᠣᠯᠴᠠᠪᠠ᠃
(ᠠᠯᠪᠠᠨ ᠭᠡᠷ)