1ᠳ᠋ᠦ᠍ᠭᠡᠷ ᠰᠠᠷ᠎ᠠ᠎ᠶᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 2025 ᠣᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠦᠵᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ᠎ᠶᠢ ᠦᠨᠡᠯᠡᠬᠦ ᠬᠤᠷᠠᠯ᠎ᠢ ᠬᠤᠷᠠᠯᠳᠤᠭᠤᠯᠪᠠ᠃ ᠬᠤᠷᠠᠯ᠎ᠨᠢ 《 ᠨᠢᠭᠡ ᠮᠡᠳᠡᠭᠦᠯᠦᠯᠲᠡ ᠨᠢᠭᠡ ᠦᠨᠡᠯᠡᠯᠲᠡ 》᠎ᠶᠢᠨ ᠬᠡᠯᠪᠡᠷᠢ᠎ᠪᠠᠷ ᠦᠨᠡᠯᠡᠯᠲᠡ ᠬᠢᠪᠡ᠃
ᠬᠤᠷᠠᠯ᠎ᠠᠴᠠ᠂ 2025 ᠣᠨ᠎ᠳᠤ ᠲᠣᠪᠴᠢᠶᠠᠨ᠎ᠤ ᠰᠢᠰᠲ᠋ᠧᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠶᠡᠷᠦᠩᠬᠡᠢ ᠱᠦᠵᠢ ᠰᠢ᠎ᠵᠢᠨ᠎ᠫᠢᠩ᠎ᠤᠨ ᠨᠠᠮ᠎ᠤᠨ ᠪᠠᠶ᠋ᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠎ᠶᠢᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ᠎ᠶᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠣᠯᠭ᠋ᠠᠵᠤ᠂ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠵᠤ᠂ ᠪᠠᠶ᠋ᠢᠭᠤᠯᠭ᠎ᠠ᠎ᠶᠢᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠤᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠡᠨᠡ ᠵᠢᠯ ᠪᠣᠯ 《 ᠠᠷᠪᠠᠨ ᠲᠠᠪᠤᠳᠤᠭ᠋ᠠᠷ ᠲᠠᠪᠤᠨ ᠵᠢᠯ 》᠎ᠤᠨ ᠲᠥᠯᠥᠪᠵᠢᠭᠦᠯᠭᠡ᠎ᠶᠢᠨ ᠡᠬᠢᠯᠡᠯᠲᠡ᠎ᠶᠢᠨ ᠵᠢᠯ ᠪᠣᠯᠤᠨ᠎ᠠ᠂ ᠲᠣᠪᠴᠢᠶᠡᠨᠤ ᠰᠢᠰᠲ᠋ᠧᠮ᠎ᠤᠨ ᠡᠯ᠎ᠡ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠰᠢ᠎ᠵᠢᠨ᠎ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠷᠤᠯᠴᠠᠨ ᠲᠣᠭᠣᠰᠢᠯᠠᠭᠣᠯᠬᠣ᠎ᠶᠢ ᠲᠡᠷᠢᠭᠦᠨ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭ᠋ᠠᠵᠤ᠂ 《 ᠬᠤᠶᠠᠷ᠎ᠢ ᠲᠣᠭᠲᠠᠭ᠋ᠠᠬᠤ 》᠎ᠶᠢᠨ ᠰᠢᠢ᠍ᠳᠪᠤᠷᠢᠯᠡᠬᠦ ᠴᠢᠨᠠᠷᠲᠠᠢ ᠠᠴᠢ ᠬᠤᠯᠪᠣᠭᠳᠠᠯ᠎ᠢ ᠭᠦᠨᠵᠡᠭᠡᠢ ᠣᠶ᠋ᠢᠯᠠᠭ᠋ᠠᠵᠤ᠂ 《 ᠬᠤᠶᠠᠷ᠎ᠢ ᠬᠠᠮᠠᠭ᠋ᠠᠯᠠᠬᠤ 》᠎ᠶᠢ ᠡᠷᠡᠰ ᠪᠡᠶᠡᠯᠡᠭᠦᠯᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠭᠦᠨᠵᠡᠭᠡᠢ ᠲᠣᠭᠣᠰᠢᠯᠠᠭᠣᠯᠵᠣ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《 1571 》 ᠠᠵᠢᠯ᠎ᠤᠨ ᠪᠠᠶ᠋ᠢᠷᠢᠯᠠᠭᠤᠯᠤᠯᠲᠠ᠎ᠲᠠᠢ ᠨᠢᠭᠲᠠ ᠤᠶᠠᠯᠳᠤᠭᠤᠯᠵᠤ᠂ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠵᠢᠯ᠎ᠢ ᠤᠬᠠᠮᠰᠠᠷ᠎ᠠᠴᠠ᠎ᠪᠠᠨ ᠪᠦᠬᠦ ᠣᠷᠣᠨ᠎ᠤ ᠠᠵᠢᠯ᠎ᠤᠨ ᠶᠡᠭᠡ ᠲᠠᠯ᠎ᠠ᠎ᠳᠤ ᠲᠠᠯᠪᠢᠨ ᠪᠣᠳᠣᠯᠬᠢᠯᠠᠵᠤ᠂ ᠡᠵᠡᠮᠳᠡᠵᠦ᠂ ᠠᠬᠢᠭᠤᠯᠵᠤ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠤᠨ ᠳᠠᠮᠵᠢᠭᠤᠯᠭ᠎ᠠ᠎ᠶᠢᠨ ᠰᠤᠳᠤᠯᠭ᠋ᠠᠨ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠪᠬᠢ᠎ᠶᠢ ᠲᠠᠰᠤᠷᠠᠯᠳᠡ ᠦᠭᠡᠢ ᠴᠢᠩᠭ᠋ᠠᠷᠠᠭᠣᠯᠬᠣ ᠬᠡᠷᠡᠭᠲᠡᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ᠎ᠶᠢ ᠨᠠᠮ᠎ᠤᠨ ᠪᠠᠶ᠋ᠢᠭᠤᠯᠤᠯᠲᠠ᠎ᠶᠢᠨ ᠪᠦᠬᠦ ᠶᠠᠪᠤᠴᠠ᠎ᠳᠤ ᠲᠣᠭᠣᠰᠢᠯᠠᠭᠣᠯᠵᠣ᠂ ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠣᠭᠣᠰᠢᠯᠠᠭᠤᠯᠵᠤ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠵᠦ᠂ ᠪᠠᠶ᠋ᠢᠩᠭᠤ ᠵᠢᠨ ᠴᠢᠨᠠᠷᠲᠠᠢ ᠰᠤᠷᠤᠯᠴᠠᠯᠭ᠎ᠠ ᠬᠥᠮᠦᠵᠢᠯ᠎ᠢᠶᠠᠷ ᠰᠠᠭᠤᠷᠢ ᠪᠣᠯᠭ᠋ᠠᠵᠤ᠂ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠬᠤ᠎ᠪᠠᠷ ᠵᠠᠩᠭᠢᠯᠠᠭ᠎ᠠ ᠪᠣᠯᠭ᠋ᠠᠵᠤ᠂ ᠰᠠᠯᠬᠢᠨ᠎ᠳᠤ ᠢᠯᠵᠢᠷᠠᠬᠦ᠎ᠶᠢ ᠬᠠᠮᠲᠤ᠎ᠪᠠᠷ ᠪᠠᠶ᠋ᠢᠴᠠᠭ᠋ᠠᠵᠤ ᠵᠡᠷᠭᠡ᠎ᠪᠠᠷ ᠵᠠᠰᠠᠬᠤ᠎ᠪᠠᠷ ᠭᠠᠷᠳᠠᠴᠠ ᠪᠣᠯᠭ᠋ᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠪᠡ᠃ ᠲᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠶᠠᠨ ᠭᠦᠸᠧ ᠰᠢᠩ᠂ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠱᠤ᠌ ᠮᠧᠶ᠂ ᠯᠢᠦ ᠵᠥᠩ ᠸᠧᠨ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠾᠧ ᠸᠧᠨ᠂ ᠪᠠᠶ᠋ᠢᠭᠤᠯᠭ᠎ᠠ᠎ᠶᠢᠨ ᠪᠥᠬᠦ ᠺᠠᠳ᠋ᠷ᠂ ᠠᠵᠢᠯ ᠦᠢ᠍ᠯᠡᠰ᠎ᠤᠨ ᠨᠢᠭᠡᠴᠢ᠎ᠶᠢᠨ ᠤᠳᠤᠷᠢᠳᠬᠤ ᠪᠠᠭ᠎ᠤᠨ ᠭᠡᠰᠢᠭᠦᠨ ᠵᠢᠴᠢ ᠳᠠᠮᠵᠢᠭᠤᠯᠵᠤ ᠬᠠᠷᠪᠤᠬᠤ ᠲᠥᠪ᠎ᠤᠨ ᠡᠯ᠎ᠡ ᠰᠠᠯᠪᠤᠷᠢ ᠪᠠᠶ᠋ᠢᠭᠤᠯᠤᠮᠵᠢ᠎ᠶᠢᠨ ᠪᠠᠭ᠎ᠤᠨ ᠭᠡᠰᠢᠭᠦᠨ᠂ ᠰᠠᠯᠠᠭ᠋ᠠᠨ᠎ᠤ ᠲᠠᠰ᠎ᠤᠨ ᠺᠠᠳ᠋ᠷ ᠬᠤᠷᠠᠯ᠎ᠳᠤ ᠣᠷᠣᠯᠴᠠᠪᠠ᠃
( ᠪᠠᠶ᠋ᠢᠭᠤᠯᠭ᠎ᠠ᠎ᠶᠢᠨ ᠨᠠᠮ᠎ᠤᠨ ᠬᠤᠷᠢᠶ᠎ᠠ )