ᠥᠪᠡᠷᠲᠡᠭᠡᠨ ᠵᠠᠰᠠᠬᠤ ᠣᠷᠣᠨ᠎ᠤ ᠭᠠᠷᠮᠠᠭᠠᠶ ᠴᠢᠳᠠᠪᠤᠷᠢᠲᠠᠨ᠎ᠤ ᠱᠠᠩᠨᠠᠯ᠎ᠢ ᠲᠠᠨᠢᠯᠴᠠᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠯᠪᠠᠨ ᠵᠠᠷ
2025-10-27

ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ᠎ᠶ᠋ᠢᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭᠠᠢ ᠴᠢᠳᠠᠪᠤᠷᠢᠲᠠᠨ᠎ᠤ ᠱᠠᠩᠨᠠᠯ᠎ᠢ ᠲᠠᠨᠢᠯᠴᠠᠭᠤᠯᠬᠤ ᠲᠤᠬᠠᠶ ᠬᠠᠮᠢᠶ᠎ᠠ ᠪᠥᠬᠦᠶ ᠠᠵᠢᠯ᠎ᠤᠨ ᠱᠠᠭᠠᠷᠳᠠᠯᠭ᠎ᠠ ᠶᠣᠰᠣᠭᠠᠷ᠂ 《ᠭᠠᠷᠮᠠᠭᠠᠢ ᠴᠢᠳᠠᠪᠤᠷᠢᠲᠠᠨ》 1 ᠬᠥᠮᠥᠨ᠂ 《ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠲᠤᠰᠭᠠᠶ ᠮᠡᠷᠭᠡᠵᠢᠯᠲᠡᠨ》 2 ᠬᠥᠮᠥᠨ᠂ 《ᠱᠢᠨ᠎ᠡ᠎ᠶ᠋ᠢ ᠡᠭᠦᠳᠦᠭ᠌ᠰᠡᠨ ᠵᠠᠯᠠᠭᠤ ᠴᠢᠳᠠᠪᠤᠷᠢᠲᠠᠨ 》 3 ᠬᠥᠮᠥᠨ᠎ᠢ ᠲᠠᠨᠢᠯᠴᠠᠭᠤᠯᠬᠤ᠎ᠪᠠᠷ ᠲᠥᠯᠥᠪᠯᠡᠵᠦ᠍᠂ ᠪᠣᠳᠠᠲᠠᠶ ᠪᠠᠢᠳᠠᠯ᠎ᠢ ᠳᠣᠤᠷᠠᠬᠢ ᠮᠡᠲᠦ ᠵᠠᠷᠯᠠᠨ ᠨᠡᠢᠲᠡᠯᠡᠪᠡ᠃

ᠨᠢᠭᠡ᠂ ᠵᠢᠱ᠌ᠢᠭ᠌ᠳᠡᠭ᠌ᠴᠢ᠎ᠶ᠋ᠢᠨ ᠪᠠᠢᠳᠠᠯ

( ᠨᠢᠭᠡ ) ᠭᠠᠷᠮᠠᠭᠠᠢ ᠴᠢᠳᠠᠪᠤᠷᠢᠲᠠᠨ᠎ᠤ ᠲᠠᠨᠢᠯᠴᠠᠭᠤᠯᠤᠭ᠍ᠰᠠᠨ ᠵᠢᠱ᠌ᠢᠭ᠌ᠳᠡᠭ᠌ᠴᠢ ( 1 ᠬᠥᠮᠥᠨ )

ᠵᠠᠩ ᠶᠠᠨ ᠹᠧᠩ᠂ ᠡᠷᠡᠭ᠌ᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1978 ᠣᠨ᠎ᠤ 11 ᠳ᠋ᠤᠭᠡᠷ ᠰᠠᠷ᠎ᠠ᠎ᠳᠤ ᠳᠦᠷᠦᠵᠡᠶ᠂ ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ᠂ ᠵᠢᠩᠬᠢᠨᠢ ᠳᠡᠭᠡᠳᠦ ᠵᠡᠷᠭᠡ᠎ᠶ᠋ᠢᠨ ᠢᠨᠵᠧᠨᠧᠷ᠂ ᠣᠲᠣ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠶᠡᠷᠦᠩᠬᠡᠶ ᠢᠨᠵᠧᠨᠧᠷ᠎ᠤᠨ ᠲᠤᠱᠢᠶᠠᠯ ᠲᠠᠢ᠃

( ᠬᠤᠶᠠᠷ ) ᠲᠣᠪᠤᠢᠮ᠎ᠠ ᠬᠤᠪᠢ ᠨᠡᠮᠡᠷᠢ ᠦᠵᠡᠭᠦᠯᠦᠭ᠌ᠰᠡᠨ ᠲᠤᠰᠭᠠᠶ ᠮᠡᠷᠭᠡᠵᠢᠯᠲᠡᠨ᠎ᠤ ᠲᠠᠨᠢᠯᠴᠠᠭᠤᠯᠤᠭ᠍ᠰᠠᠨ ᠵᠢᠱ᠌ᠢᠭ᠌ᠳᠡᠭ᠌ᠴᠢ ( 2 ᠬᠥᠮᠦᠨ )

ᠬᠥᠩ ᠲᠤᠤ᠂ ᠡᠷᠡᠭ᠌ᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1976 ᠣᠨ᠎ᠤ 2 ᠳ᠋ᠤᠭᠠᠷ ᠰᠠᠷ᠎ᠠ᠎ᠳᠤ ᠳᠦᠷᠦᠵᠡᠶ᠂ ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ᠂ ᠳᠡᠭᠡᠳᠦ ᠵᠡᠷᠭᠡ᠎ᠶ᠋ᠢᠨ ᠢᠨᠵᠧᠨᠧᠷ᠂ ᠣᠲᠣ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠳᠠᠮᠵᠢᠭᠤᠯᠤᠨ ᠰᠠᠴᠤᠷᠠᠭᠤᠯᠬᠤ ᠲᠥᠪ᠎ᠤᠨ ᠪᠤᠭᠤᠲᠤ᠎ᠶ᠋ᠢᠨ ᠷᠠᠳᠢᠣ᠋ ᠨᠡᠪᠲᠡᠷᠡᠭᠦᠯᠭᠡ ᠰᠠᠴᠤᠷᠠᠭᠤᠯᠬᠤ ᠲᠥᠪ᠎ᠬᠤᠷᠢᠶ᠎ᠠ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠰᠠᠯᠠᠭᠠᠨ᠎ᠤ ᠰᠠᠯᠠᠭᠠᠨ ᠳᠠᠷᠤᠭ᠎ᠠ᠎ᠶ᠋ᠢᠨ ᠲᠤᠱᠢᠶᠠᠯ᠎ᠲᠠᠢ᠃

ᠲᠠᠩ ᠬᠦᠶ ᠪᠢᠨ᠂ ᠡᠷᠡᠭ᠌ᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1967 ᠣᠨ᠎ᠤ 9 ᠳ᠋ᠤᠭᠡᠷ ᠰᠠᠷ᠎ᠠ᠎ᠳᠤ ᠳᠦᠷᠦᠵᠡᠶ᠂ ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ᠂ ᠵᠢᠩᠬᠢᠨᠢ ᠳᠡᠭᠡᠳᠦ ᠵᠡᠷᠭᠡ᠎ᠶ᠋ᠢᠨ ᠢᠨᠵᠧᠨᠧᠷ᠂ ᠣᠳᠣ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠬᠥᠯᠥᠨ ᠪᠤᠢᠷ᠎ᠤᠨ ᠲᠥᠪ ᠬᠤᠷᠢᠶ᠎ᠠ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠰᠠᠯᠠᠭᠠᠨ᠎ᠤ ᠠᠵᠢᠯ᠎ᠤᠨ ᠲᠤᠱᠢᠶᠠᠯ ᠲᠠᠢ᠃

( ᠭᠤᠷᠪᠠ ) ᠱᠢᠨ᠎ᠡ᠎ᠶ᠋ᠢ ᠡᠭᠦᠳᠦᠭ᠌ᠰᠡᠨ ᠵᠠᠯᠠᠭᠤ ᠴᠢᠳᠠᠪᠤᠷᠢᠲᠠᠨ᠎ᠤ ᠲᠠᠨᠢᠯᠴᠠᠭᠤᠯᠤᠭ᠍ᠰᠠᠨ ᠵᠢᠱ᠌ᠢᠭ᠌ᠳᠡᠭ᠌ᠴᠢ ( 3 ᠬᠥᠮᠥᠨ )

ᠭᠦᠸᠧ ᠱᠢᠶᠤᠤ ᠴᠢᠶᠠᠩ᠂ ᠡᠷᠡᠭ᠌ᠲᠡᠶ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1981 ᠣᠨ᠎ᠤ 8 ᠳ᠋ᠤᠭᠠᠷ ᠰᠠᠷ᠎ᠠ᠎ᠳᠤ ᠳᠦᠷᠦᠵᠡᠶ᠂ ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ᠂ ᠳᠡᠭᠡᠳᠦ ᠵᠡᠷᠭᠡ᠎ᠶ᠋ᠢᠨ ᠢᠨᠵᠧᠨᠧᠷ᠂ ᠣᠲᠣ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠤᠯᠠᠭᠠᠨᠬᠠᠳᠠ᠎ᠶ᠋ᠢᠨ ᠷᠠᠳᠢᠣ᠋  ᠨᠡᠪᠲᠡᠷᠡᠭᠦᠯᠭᠡ ᠰᠠᠴᠤᠷᠠᠭᠤᠯᠬᠤ ᠲᠥᠪ᠎ᠬᠤᠷᠢᠶ᠎ᠠ᠎ᠶ᠋ᠢᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠰᠠᠯᠠᠭᠠᠨ᠎ᠤ ᠰᠠᠯᠠᠭᠠᠨ ᠳᠠᠷᠤᠭ᠎ᠠ᠎ᠶ᠋ᠢᠨ ᠲᠤᠱᠢᠶᠠᠯ᠎ᠲᠠᠢ᠃

ᠯᠢ ᠱᠢᠶᠣᠣ᠂ ᠡᠷᠡᠭ᠌ᠲᠡᠢ᠂ ᠬᠢᠲᠠᠳ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1985 ᠣᠨ᠎ᠤ 9 ᠳ᠋ᠤᠭᠡᠷ ᠰᠠᠷ᠎ᠠ᠎ᠳᠤ ᠲᠦᠷᠦᠵᠠᠢ᠂ ᠶᠡᠭᠡ ᠰᠤᠷᠭᠠᠭᠤᠯᠢ᠎ᠶ᠋ᠢᠨ ᠵᠢᠩᠬᠢᠨᠢ ᠠᠩᠭᠢ᠂ ᠳᠡᠭᠡᠳᠦ ᠵᠡᠷᠭᠡ᠎ᠶ᠋ᠢᠨ ᠢᠨᠵᠧᠨᠧᠷ᠂ ᠤᠳᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠪᠤᠭᠤᠲᠤ᠎ᠶ᠋ᠢᠨ 530 ᠬᠣᠷᠢᠶ᠎ᠠ᠎ᠶ᠋ᠢᠨ ᠬᠤᠷᠢᠶᠠᠨ ᠳᠠᠷᠤᠭ᠎ᠠ᠎ᠶ᠋ᠢᠨ ᠲᠤᠱᠢᠶᠠᠯ᠎ᠲᠠᠢ᠃

ᠶᠠ ᠿᠦᠢ᠂ ᠡᠮᠡᠭ᠌ᠲᠡᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ 1986 ᠣᠨ᠎ᠤ 2 ᠳ᠋ᠤᠭᠠᠷ ᠰᠠᠷ᠎ᠠ᠎ᠳᠤ ᠲᠦᠷᠦᠵᠠᠢ᠂ ᠠᠰᠫᠢᠷᠠᠨᠲ᠂ ᠳᠡᠭᠡᠳᠦ ᠵᠡᠷᠭᠡ᠎ᠶ᠋ᠢᠨ ᠨᠢᠭ᠍ᠲᠠᠯᠠᠨ ᠪᠣᠳᠣᠭ᠍ᠴᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ᠎ᠤᠨ ᠡᠳ᠋᠎ᠤᠨ ᠶᠠᠪᠤᠳᠠᠯ᠎ᠤᠨ ᠰᠠᠯᠠᠭ᠎ᠠ᠎ᠶ᠋ᠢᠨ ᠠᠵᠢᠯ᠎ᠤᠨ ᠲᠤᠱᠢᠶᠠᠯ ᠲᠠᠢ᠃

ᠬᠤᠶᠠᠷ᠂ ᠵᠠᠷᠯᠠᠨ ᠨᠡᠢᠲᠡᠯᠡᠬᠦ᠌ ᠴᠠᠭ ᠬᠤᠭᠤᠴᠠᠭ᠎ᠠ

2025 ᠣᠨ᠎ᠤ 10 ᠳ᠋ᠤᠭᠠᠷ ᠰᠠᠷ᠎ᠠ᠎ᠶ᠋ᠢᠨ 24 ᠎ᠤ ᠡᠳᠦᠷ᠎ᠠᠴᠠ 2025 ᠣᠨ᠎ᠤ 10 ᠳ᠋ᠤᠭᠠᠷ ᠰᠠᠷ᠎ᠠ᠎ᠶ᠋ᠢᠨ 30 ᠎ᠤ ᠡᠳᠦᠷ

ᠭᠤᠷᠪᠠ᠂ ᠬᠦᠯᠢᠶᠡᠨ ᠠᠪᠴᠤ᠌ ᠱᠢᠢᠳᠪᠦᠷᠢᠯᠡᠬᠦ᠌ ᠠᠷᠭ᠎ᠠ ᠮᠠᠶᠢᠭ

ᠨᠢᠭᠡᠴᠢ ᠪᠤᠶᠤ ᠬᠤᠪᠢ ᠬᠥᠮᠦᠨ ᠰᠤᠷᠪᠤᠯᠵᠢᠯᠠᠭ᠎ᠠ᠂ ᠵᠠᠬᠢᠳᠠᠯ᠂ ᠤᠲᠠᠰᠤ ᠠᠪᠬᠤ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭ᠍ᠰᠠᠨ ᠢᠯᠡ ᠨᠡᠢᠲᠡᠯᠡᠭ᠌ᠰᠡᠨ ᠡᠲᠡᠭᠡᠳ᠎ᠦᠨ ᠬᠣᠯᠪᠣᠭ᠍ᠳᠠᠯ ᠪᠦᠬᠦᠢ ᠪᠠᠢᠳᠠᠯ ᠪᠠ ᠠᠰᠠᠭᠤᠳᠠᠯ ᠎ᠢ ᠲᠤᠰᠭᠠᠵᠤ ᠪᠣᠯᠤᠨ᠎ᠠ᠃ ᠪᠠᠢᠴᠠᠭᠠᠨ ᠰᠤᠳᠤᠯᠬᠤ᠎ᠳᠤ ᠬᠠᠩᠭᠠᠭ᠍ᠰᠠᠨ ᠭᠡᠷᠡᠴᠢ ᠪᠠᠷᠢᠮᠲᠠ ᠵᠢᠴᠢ ᠪᠤᠰᠤᠳ ᠬᠣᠯᠪᠣᠭ᠍ᠳᠠᠯ ᠪᠦᠬᠦᠢ ᠰᠦᠪᠡᠭ᠌ᠴᠢ ᠬᠠᠩᠭᠠᠬᠤ ᠬᠡᠷᠡᠭ᠌ᠲᠡᠢ᠃ ᠪᠢᠳᠡ ᠠᠰᠠᠭᠤᠳᠠᠯ ᠲᠤᠰᠭᠠᠭ᠍ᠴᠢ ᠪᠠ ᠲᠤᠰᠭᠠᠭ᠍ᠰᠠᠨ ᠠᠰᠠᠭᠤᠳᠠᠯ᠎ᠤᠨ ᠨᠢᠭᠤᠴᠠ᠎ᠶ᠋ᠢ ᠴᠢᠩᠭ᠎ᠠ ᠬᠠᠮᠠᠭᠠᠯᠠᠨ᠎ᠠ᠃

ᠬᠦᠯᠢᠶᠡᠨ ᠠᠪᠴᠤ᠌ ᠱᠢᠢᠳᠪᠦᠷᠢᠯᠡᠬᠦ᠌ ᠴᠠᠭ᠄ ᠦᠳᠡ᠎ᠶ᠋ᠢᠨ ᠡᠮᠦᠨ᠎ᠡ 9᠄ 00 - 12᠄ 00 ᠦᠳᠡ᠎ᠶ᠋ᠢᠨ ᠬᠤᠢᠨ᠎ᠠ 14᠄ 30 - 17᠄ 00

ᠬᠦᠯᠢᠶᠡᠨ ᠠᠪᠴᠤ᠌ ᠱᠢᠢᠳᠪᠦᠷᠢᠯᠡᠬᠦ᠌ ᠤᠲᠠᠰᠤ᠄ 0471 - 4590071 ( ᠲᠣᠪᠴᠢᠶ᠎ᠠ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ )

0471 - 4590065 ( ᠲᠣᠪᠴᠢᠶᠠᠨ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ )

0471 - 4590027 ( ᠳᠤᠪᠴᠢᠶ᠎ᠠ᠎ᠶ᠋ᠢᠨ ᠠᠵᠢᠯᠲᠠᠨ᠎ᠤ ᠶᠠᠪᠤᠳᠠᠯ᠎ᠤᠨ ᠭᠠᠵᠠᠷ )

ᠣᠨᠴᠠᠭᠠᠢᠯᠠᠨ ᠵᠠᠷᠯᠠᠨ ᠨᠡᠢᠲᠡᠯᠡᠪᠡ᠃


                                                   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
                                                   2025 ᠣᠨ᠎ᠤ 10 ᠳ᠋ᠤᠭᠠᠷ ᠰᠠᠷ᠎ᠠ᠎ᠶ᠋ᠢᠨ 23 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ