ᠷᠠᠳᠢᠣ᠋ ᠲᠧᠯᠸᠢᠰ᠎ᠤᠨ ᠰᠣᠳᠣᠨ ᠪᠦᠲᠦᠭᠡᠯ ᠵᠣᠬᠢᠶᠠᠨ ᠪᠦᠲᠦᠭᠡᠬᠦ᠌᠎ᠶ᠋ᠢ ᠠᠬᠢᠭᠤᠯᠵᠤ᠂ ᠵᠣᠬᠢᠶᠠᠨ ᠪᠦᠲᠦᠭᠡᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌᠎ᠶ᠋ᠢᠨ ᠲᠥᠯᠥᠭᠡ᠂ 《ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ ᠱᠢᠯᠭᠠᠷᠠᠭᠤᠯᠬᠤ ᠳᠦᠷᠢᠮ 》᠂ 《ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ ᠱᠢᠯᠭᠠᠷᠠᠭᠤᠯᠬᠤ ᠶᠡᠷᠦᠩᠬᠡᠶ ᠲᠥᠰᠦᠯ》᠎ᠤᠨ ᠲᠣᠭ᠍ᠲᠠᠭᠠᠯ ᠵᠢᠴᠢ 《ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠲᠣᠮᠣ ᠱᠠᠩᠨᠠᠯ • ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠱᠠᠩᠨᠠᠯ ( 2024 ᠣᠨ )᠎ᠤᠨ ᠱᠢᠯᠭᠠᠷᠠᠭᠤᠯᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠬᠦ᠌ ᠲᠤᠬᠠᠶ ᠮᠡᠳᠡᠭ᠌ᠳᠡᠯ》᠎ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ ᠣᠯᠭᠤᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ 2023 ᠣᠨ᠎ᠤ ᠤᠳᠭ᠎ᠠ ᠤᠷᠠᠯᠢᠭ᠎ᠤᠨ ᠲᠥᠷᠥᠯ᠎ᠤᠨ ᠱᠠᠩᠨᠠᠯ ᠭᠥᠷᠳᠡᠬᠦ᠌ ᠪᠦᠲᠦᠭᠡᠯ 34 ᠬᠤᠪᠢ᠂ 2024 ᠣᠨ᠎ᠤ ᠤᠳᠭ᠎ᠠ ᠤᠷᠠᠯᠢᠭ᠎ᠤᠨ ᠲᠥᠷᠥᠯ᠎ᠤᠨ ᠱᠠᠩᠨᠠᠯ ᠭᠥᠷᠳᠡᠬᠦ᠌ ᠪᠦᠲᠦᠭᠡᠯ 41 ᠬᠤᠪᠢ᠂ 2024 ᠣᠨ᠎ᠤ ᠰᠣᠨᠢᠨ ᠮᠡᠳᠡᠭᠡᠨ᠎ᠤ ᠲᠥᠷᠥᠯ᠎ᠤᠨ ᠱᠠᠩᠨᠠᠯ ᠭᠥᠷᠳᠡᠬᠦ᠌ ᠪᠦᠲᠦᠭᠡᠯ 62 ᠬᠤᠪᠢ ᠱᠢᠯᠭᠠᠷᠠᠭᠤᠯᠪᠠ᠃ ᠡᠭᠦᠨ᠎ᠤ ᠬᠠᠮᠲᠤ᠌᠂ ᠳᠡᠭᠡᠷ᠎ᠡ ᠳᠤᠷᠠᠳᠤᠭ᠍ᠰᠠᠨ ᠪᠦᠲᠦᠭᠡᠯ᠎ᠤᠨ ᠳᠣᠲᠣᠷ᠎ᠠ᠎ᠠᠴᠠ 《ᠪᠥᠬᠦ᠌ ᠤᠯᠤᠰ᠎ᠤᠨ ᠠᠩᠬᠠᠳᠠᠭ᠍ᠴᠢ ᠪᠦᠯᠦᠭ 〈ᠡᠪᠡᠰᠦᠨ ᠪᠢᠯᠧᠲ〉᠎ᠢ ᠪᠤᠭᠤᠲᠤ ᠬᠤᠲᠠ᠎ᠳᠤ ᠲᠠᠷᠬᠠᠭᠠᠭ᠍ᠰᠠᠨ》 ᠵᠡᠷᠭᠡ 23 ᠪᠦᠲᠦᠭᠡᠯ᠎ᠢ ᠱᠢᠯᠭᠠᠷᠠᠭᠤᠯᠤᠨ ᠭᠠᠷᠭᠠᠵᠤ᠂ ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠲᠣᠮᠣ ᠱᠠᠩᠨᠠᠯ • ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠱᠠᠩᠨᠠᠯ ( 2024 ᠣᠨ )᠎ᠳᠤ ᠲᠠᠨᠢᠯᠴᠠᠭᠤᠯᠬᠤ᠎ᠪᠠᠷ ᠪᠣᠶ᠃ ᠤᠳᠤ ᠵᠠᠷᠯᠠᠨ ᠨᠡᠢᠲᠡᠯᠡᠵᠦ᠍᠂ ᠨᠡᠢᠭᠡᠮ᠎ᠤᠨ ᠬᠢᠨᠠᠯᠲᠠ ᠲᠠᠯᠪᠢᠵᠤ ᠦᠨᠡᠯᠡᠨ ᠶᠠᠷᠢᠯᠴᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠰᠦᠯᠵᠢᠶᠡᠨ ᠳᠡᠭᠡᠷ᠎ᠡ ᠵᠠᠷᠯᠠᠨ ᠨᠡᠢᠲᠡᠯᠡᠬᠦ᠌ ᠴᠠᠭ᠎ᠨᠢ 2025 ᠣᠨ᠎ᠤ 10 ᠳ᠋ᠤᠭᠠᠷ ᠰᠠᠷ᠎ᠠ᠎ᠶ᠋ᠢᠨ 23 ᠤ ᠡᠳᠦᠷ᠎ᠠᠴᠠ 10 ᠳ᠋ᠤᠭᠠᠷ ᠰᠠᠷ᠎ᠠ᠎ᠶ᠋ᠢᠨ 29 ᠤ ᠡᠳᠦᠷ᠂ ᠨᠡᠢᠲᠡ 5 ᠠᠵᠢᠯᠯᠠᠬᠤ ᠡᠳᠦᠷ ᠪᠣᠯᠤᠨ᠎ᠠ᠃ ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠨᠡᠢᠭᠡᠮ᠎ᠤᠨ ᠡᠯ᠎ᠡ ᠡᠲᠡᠭᠡᠳ᠎ᠤᠨ᠎ᠬᠢᠨ ᠤᠲᠠᠰᠤ ᠢᠷᠡᠭᠦᠯᠬᠦ᠌᠎ᠪᠠᠷ ᠳᠠᠮᠵᠢᠭᠤᠯᠤᠨ ᠪᠦᠲᠦᠭᠡᠯ᠎ᠤᠨ ᠬᠤᠯᠪᠣᠭ᠍ᠳᠠᠯ ᠪᠥᠬᠦᠶ ᠪᠠᠢᠳᠠᠯ ᠪᠠ ᠠᠰᠠᠭᠤᠳᠠᠯ᠎ᠢ ᠲᠤᠰᠭᠠᠵᠤ ᠪᠣᠯᠣᠨ᠎ᠠ᠂ ᠲᠤᠰᠭᠠᠬᠤ ᠤᠲᠠᠰᠤ᠄ 0471 - 4590179᠂ 4590031 ᠪᠣᠯᠣᠨ᠎ᠠ᠃
ᠳᠠᠭᠠᠯᠳᠤᠭᠤᠯᠤᠯ᠄
1. 2023 ᠣᠨ᠎ᠤ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ᠎ᠤᠨ ᠤᠳᠭ᠎ᠠ ᠤᠷᠠᠯᠢᠭ᠎ᠤᠨ ᠲᠥᠷᠥᠯ᠎ᠤᠨ ᠱᠠᠩᠨᠠᠯ ᠬᠦᠷᠲᠡᠬᠦ᠌ ᠪᠦᠲᠦᠭᠡᠯ᠎ᠤᠨ ᠭᠠᠷᠴᠠᠭ
2. 2024 ᠣᠨ᠎ᠤ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ᠎ᠤᠨ ᠤᠳᠭ᠎ᠠ ᠤᠷᠠᠯᠢᠭ᠎ᠤᠨ ᠲᠥᠷᠥᠯ᠎ᠤᠨ ᠱᠠᠩᠨᠠᠯ ᠬᠦᠷᠲᠡᠬᠦ᠌ ᠪᠦᠲᠦᠭᠡᠯ᠎ᠤᠨ ᠭᠠᠷᠴᠠᠭ
3. 2024 ᠣᠨ᠎ᠤ ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ᠎ᠤᠨ ᠰᠣᠨᠢᠨ ᠮᠡᠳᠡᠭᠡᠨ᠎ᠤ ᠲᠥᠷᠥᠯ᠎ᠤᠨ ᠱᠠᠩᠨᠠᠯ ᠬᠦᠷᠲᠡᠬᠦ᠌ ᠪᠦᠲᠦᠭᠡᠯ᠎ᠤᠨ ᠭᠠᠷᠴᠠᠭ
4. ᠳᠥᠷᠪᠡᠳᠦᠭᠡᠷ ᠬᠤᠭᠤᠴᠠᠭᠠᠨ᠎ᠤ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠲᠣᠮᠣ ᠱᠠᠩᠨᠠᠯ • ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠱᠠᠩᠨᠠᠯ ( 2024 ᠣᠨ )᠎ᠤᠨ ᠲᠠᠨᠢᠯᠴᠠᠭᠤᠯᠤᠨ ᠱᠢᠯᠭᠠᠷᠠᠭᠤᠯᠬᠤ᠎ᠪᠠᠷ ᠪᠣᠶ ᠪᠦᠲᠦᠭᠡᠯ᠎ᠤᠨ ᠭᠠᠷᠴᠠᠭ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ
2025 ᠣᠨ᠎ᠤ10 ᠳ᠋ᠤᠭᠠᠷ ᠰᠠᠷ᠎ᠠ᠎ᠶ᠋ᠢᠨ 23᠎ᠦ ᠡᠳᠦᠷ