ᠪᠥᠬᠦ᠌ ᠣᠷᠣᠨ᠎ᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠠᠭᠤᠰᠤᠯᠴᠠᠨ ᠬᠥᠭ᠌ᠵᠢᠬᠦ᠌ ᠪᠠ ᠷᠠᠳᠢᠣ᠋ ᠲᠧᠯᠸᠢᠰ᠎ᠤᠨ ᠰᠦᠯᠵᠢᠶᠡᠨ᠎ᠤ ᠦᠶ᠋ᠯᠡᠴᠢᠯᠡᠭᠡᠨ᠎ᠤ ᠪᠠᠢᠭᠤᠯᠤᠯᠲᠠ᠎ᠶ᠋ᠢᠨ ᠨᠡᠢᠲᠡᠯᠢᠭ ᠲᠤᠷᠱᠢᠯᠭ᠎ᠠ ᠬᠢᠬᠦ᠌ ᠠᠷᠭ᠎ᠠ᠎ᠶ᠋ᠢ ᠭᠦᠨᠵᠡᠭᠡᠶ ᠳ᠋ᠦᠩᠨᠡᠨ ᠳᠡᠯᠭᠡᠷᠡᠭᠦᠯᠵᠦ᠍᠂ ᠪᠥᠬᠦ᠌ ᠣᠷᠣᠨ᠎ᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠬᠠᠷᠢᠯᠴᠠᠨ ᠰᠤᠷᠤᠯᠴᠠᠵᠤ ᠬᠠᠮᠲᠤ᠎ᠪᠠᠷ ᠠᠬᠢᠭᠤᠯᠬᠤ᠂ ᠱᠢᠨ᠎ᠡ᠎ᠶ᠋ᠢ ᠡᠭᠦᠳᠦᠨ ᠬᠥᠭ᠌ᠵᠢᠬᠦ᠌᠎ᠶ᠋ᠢ ᠵᠣᠷᠢᠭ᠍ᠵᠢᠭᠤᠯᠬᠤ᠎ᠶ᠋ᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠥᠬᠦ᠌ ᠤᠯᠤᠰ᠎ᠤᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠱᠢᠯᠭᠠᠷᠠᠭᠤᠯᠬᠤ᠎ᠳᠤ ᠣᠷᠣᠯᠴᠠᠬᠤ᠎ᠶ᠋ᠢ ᠵᠣᠬᠢᠶᠠᠨ ᠪᠠᠢᠭᠤᠯᠤᠨ ᠲᠠᠨᠢᠯᠴᠠᠭᠤᠯᠤᠭ᠍ᠰᠠᠨ ᠰᠠᠭᠤᠷᠢᠨ ᠳᠡᠭᠡᠷ᠎ᠡ᠂ ᠰᠣᠩᠭᠤᠨ ᠭᠠᠷᠭᠠᠬᠤ᠎ᠶ᠋ᠢ ᠬᠢᠨᠠᠨ ᠪᠠᠢᠴᠠᠭᠠᠬᠤ ᠪᠠ ᠬᠤᠷᠠᠯ᠎ᠢᠶᠠᠷ ᠰᠤᠳᠤᠯᠬᠤ᠎ᠪᠠᠷ ᠳᠡᠮᠵᠢᠨ᠂ 2025 ᠣᠨ᠎ᠳᠤ ᠪᠥᠬᠦ᠌ ᠣᠷᠣᠨ᠎ᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠠᠭᠤᠰᠤᠯᠴᠠᠭ᠍ᠰᠠᠨ 9 ᠨᠡᠢᠲᠡᠯᠢᠭ ᠬᠡᠷᠡᠭ᠎ᠤᠨ ᠵᠢᠱ᠌ᠢᠶ᠎ᠡ᠂ ᠪᠥᠬᠦ᠌ ᠣᠷᠣᠨ᠎ᠤ ᠣᠶᠤᠨᠴᠢ ᠷᠠᠳᠢᠣ᠋ ᠲᠧᠯᠸᠢᠰ᠎ᠤᠨ ᠰᠦᠯᠵᠢᠶᠡᠨ᠎ᠤ ᠱᠢᠨ᠎ᠡ ᠦᠶ᠋ᠯᠡᠴᠢᠯᠡᠭᠡᠨ᠎ᠤ 5 ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠰᠣᠩᠭᠤᠨ ᠭᠠᠷᠭᠠᠵᠤ᠂ ᠡᠳᠦᠭᠡ ᠰᠣᠩᠭᠤᠨ ᠭᠠᠷᠭᠠᠭ᠍ᠰᠠᠨ ᠨᠡᠷᠡᠰ᠎ᠢ ᠵᠠᠷᠯᠠᠨ ᠨᠡᠢᠲᠡᠯᠡᠪᠡ᠃
ᠵᠠᠷᠯᠠᠨ ᠨᠡᠢᠲᠡᠯᠡᠬᠦ᠌ ᠴᠠᠭ᠄ 2025 ᠣᠨ᠎ᠤ 11 ᠳ᠋ᠤᠭᠡᠷ ᠰᠠᠷ᠎ᠠ᠎ᠶ᠋ᠢᠨ 3 ᠤ ᠡᠳᠦᠷ᠎ᠠᠴᠠ 11 ᠳ᠋ᠤᠭᠡᠷ ᠰᠠᠷ᠎ᠠ᠎ᠶ᠋ᠢᠨ 7 ᠤ ᠡᠳᠦᠷ ᠪᠣᠯᠲᠠᠯ᠎ᠠ᠃
ᠵᠠᠷᠯᠠᠨ ᠨᠡᠢᠲᠡᠯᠡᠬᠦ᠌ ᠬᠤᠭᠤᠴᠠᠭᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠬᠡᠷᠪᠡ ᠵᠠᠷᠯᠠᠨ ᠨᠡᠢᠲᠡᠯᠡᠭ᠌ᠰᠡᠨ ᠨᠡᠷᠡᠰ᠎ᠲᠤ ᠣᠨᠳᠣᠤ ᠰᠠᠨᠠᠯ᠎ᠲᠠᠢ ᠪᠠᠢᠪᠠᠯ᠂ ᠴᠥᠮ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ᠎ᠪᠠᠷ ᠢᠷᠡᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠣᠪᠴᠢᠶ᠎ᠠ᠎ᠶ᠋ᠢᠨ ᠵᠠᠭᠤᠴᠢᠯᠠᠭᠤᠷ᠎ᠤᠨ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠭᠠᠵᠠᠷ᠎ᠲᠤ ᠠᠰᠠᠭᠤᠳᠠᠯ᠎ᠢ ᠲᠤᠰᠭᠠᠵᠤ ᠪᠣᠯᠤᠨ᠎ᠠ᠃
ᠬᠠᠷᠢᠯᠴᠠᠬᠤ ᠤᠲᠠᠰᠤ᠄ 0471 - 4590096᠂ 0471 - 4590092
ᠳᠠᠭᠠᠯᠳᠤᠭᠤᠯᠤᠯ᠄
1. 2025 ᠣᠨ᠎ᠤ ᠪᠥᠬᠦ᠌ ᠣᠷᠣᠨ᠎ᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠠᠭᠤᠰᠤᠯᠴᠠᠯ᠎ᠤᠨ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠰᠣᠩᠭᠤᠨ ᠭᠠᠷᠭᠠᠬᠤ ᠨᠡᠷᠡᠰ᠎ᠤᠨ ᠵᠢᠭ᠍ᠰᠠᠭᠠᠯ
2. 2025 ᠣᠨ᠎ᠤ ᠪᠥᠬᠦ᠌ ᠣᠷᠣᠨ᠎ᠤ ᠣᠶᠤᠨᠴᠢ ᠷᠠᠳᠢᠣ᠋ ᠲᠧᠯᠸᠢᠰ᠎ᠤᠨ ᠰᠦᠯᠵᠢᠶᠡᠨ᠎ᠤ ᠱᠢᠨ᠎ᠡ ᠦᠶ᠋ᠯᠡᠴᠢᠯᠡᠭᠡᠨ᠎ᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠰᠣᠩᠭᠤᠨ ᠭᠠᠷᠭᠠᠬᠤ ᠨᠡᠷᠡᠰ᠎ᠤᠨ ᠵᠢᠭ᠍ᠰᠠᠭᠠᠯ
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 11 ᠳ᠋ᠤᠭᠡᠷ ᠰᠠᠷ᠎ᠠ᠎ᠶ᠋ᠢᠨ 3 ᠤ ᠡᠳᠦᠷ