《 ᠪᠢᠴᠢᠯ ᠣᠬᠤᠷ ᠵᠦᠴᠦᠭᠡ᠎ᠶ᠋ᠢ ᠳᠠᠭᠠᠵᠤ ᠬᠥᠳᠡᠯᠭᠡᠭᠡᠨ ᠬᠢᠬᠦ᠎ᠪᠡᠷ ᠶᠠᠪᠣᠬᠣ 》 ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢ ᠥᠷᠨᠢᠭᠦᠯᠬᠦ᠌ ᠲᠤᠬᠠᠶ ᠮᠡᠳᠡᠭ᠌ᠳᠡᠯ
2025-12-29

ᠡᠯ᠎ᠡ ᠠᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ᠎ᠶ᠋ᠢᠨ ᠪᠡᠶ᠎ᠡ ᠎ᠶᠢᠨ ᠲᠠᠮᠢᠷ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠂ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠺᠢᠨᠣ᠋᠎ᠶ᠋ᠢᠨ ᠪᠦᠯᠦᠭ᠌ᠯᠡᠯ᠂ ᠡᠯ᠎ᠡ ᠬᠠᠮᠢᠶ᠎ᠠ ᠪᠥᠬᠦᠶ ᠳᠡᠭᠡᠳᠦ ᠰᠤᠷᠭᠠᠭᠤᠯᠢ ( ᠰᠣᠷᠭ᠋ᠠᠭᠣᠯᠢ ᠰᠠᠯᠪᠤᠷᠢ )᠂ ᠥᠪᠥᠷ ᠮᠣᠩᠭᠤᠯ᠎ᠤᠨ ᠰᠦᠯᠵᠢᠶᠡᠨ᠎ᠤ ᠦᠵᠡᠵᠦ᠍ ᠰᠣᠨᠣᠰᠭᠤ ᠨᠡᠢᠭᠡᠮᠯᠢᠭ᠎ᠳᠤ᠄

ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠣᠭᠣᠰᠢᠯᠠᠭᠣᠯᠬᠣ᠎ᠶ᠋ᠢᠨ ᠲᠥᠯᠥᠭᠡ᠂  《 ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠲᠥᠷᠥ᠎ᠶ᠋ᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ ᠰᠠᠨᠠᠯ 》᠎ᠢ ᠪᠥᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ 《 〈 ᠪᠢᠴᠢᠯ ᠣᠬᠤᠷ ᠵᠦᠴᠦᠭᠡ 〉᠎ᠶ᠋ᠢᠨ ᠠᠵᠢᠯᠯᠠᠭᠠᠨ᠎ᠤ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠣᠯᠠᠨ ᠵᠤᠢ᠌ᠯ᠎ᠤᠨ ᠠᠵᠢᠯ ᠦᠢᠯᠡᠰ᠎ᠲᠤ ᠬᠦᠴᠦᠨ ᠨᠡᠮᠡᠷᠢᠯᠡᠬᠦ ᠲᠤᠬᠠᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠶ᠋ᠢᠨ ᠮᠡᠳᠡᠭ᠌ᠳᠡᠯ 》 《 ᠪᠡᠶ᠎ᠡ᠎ᠶ᠋ᠢᠨ ᠲᠠᠮᠢᠷ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ   ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ ᠠᠯᠪᠠᠨ ᠲᠢᠩᠬᠢᠮ᠎ᠤᠨ 〈 ᠪᠢᠴᠢᠯ ᠣᠬᠤᠷ ᠵᠦᠴᠦᠭᠡ᠎ᠶᠢ ᠳᠠᠭ᠋ᠠᠵᠤ ᠬᠥᠳᠡᠯᠭᠡᠭᠡᠨ ᠬᠢᠬᠦ᠎ᠪᠡᠷ ᠶᠠᠪᠣᠬᠣ 〉 ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢ ᠬᠡᠷᠡᠭ᠌ᠵᠢᠭᠦᠯᠬᠦ᠌ ᠲᠤᠬᠠᠶ ᠮᠡᠳᠡᠭ᠌ᠳᠡᠯ 》᠎ᠢ ᠲᠣᠭᠣᠰᠢᠯᠠᠭᠣᠯᠣᠨ ᠨᠠᠢ᠌ᠳᠠᠪᠤᠷᠢᠵᠢᠭᠤᠯᠵᠤ᠂ ᠪᠥᠬᠦ᠌ ᠨᠡᠢᠭᠡᠮ᠎ᠤᠨ ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠭᠤᠤᠯ ᠰᠡᠳᠦᠪᠲᠦ ᠪᠢᠴᠢᠯ ᠵᠦᠴᠦᠭᠡ ᠵᠣᠬᠢᠶᠠᠨ ᠪᠦᠲᠦᠭᠡᠬᠦ᠌᠎ᠳᠤ ᠣᠷᠣᠯᠴᠠᠬᠤ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭ᠌ᠵᠢᠭᠡᠨ᠂ ᠪᠢᠴᠢᠯ ᠣᠬᠤᠷ ᠵᠦᠴᠦᠭᠡ ᠪᠣᠯᠣᠨ ᠪᠡᠶ᠎ᠡ᠎ᠶ᠋ᠢᠨ ᠲᠠᠮᠢᠷ᠎ᠤᠨ ᠬᠦᠷᠢᠶᠡᠨ᠎ᠳᠠᠬᠢ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠢᠭᠡᠳ ᠪᠥᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠡᠳᠦᠭᠡ    《 ᠪᠢᠴᠢᠯ ᠣᠬᠤᠷ ᠵᠦᠴᠦᠭᠡ᠎ᠶ᠋ᠢ ᠳᠠᠭᠠᠵᠤ ᠬᠥᠳᠡᠯᠭᠡᠭᠡᠨ ᠬᠢᠬᠦ᠎ᠪᠡᠷ ᠶᠠᠪᠣᠬᠣ 》ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢ ᠥᠷᠨᠢᠭᠦᠯᠬᠦ᠌ ᠲᠤᠬᠠᠶ ᠳᠣᠤᠷᠠᠬᠢ ᠮᠡᠲᠦ ᠮᠡᠳᠡᠭ᠌ᠳᠡᠪᠡ᠃

ᠨᠢᠭᠡ᠂ ᠶᠡᠷᠦᠩᠬᠡᠢ ᠱᠠᠭᠠᠷᠳᠠᠯᠭ᠎ᠠ

ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠪᠢᠴᠢᠯ ᠣᠬᠤᠷ ᠵᠦᠴᠦᠭᠡ᠎ᠶ᠋ᠢᠨ ᠠᠮᠢᠳᠤᠷᠠᠯ᠎ᠳᠤ ᠣᠢᠷᠠᠳᠭᠤ᠂ ᠠᠮᠢᠳᠤᠯᠢᠭ ᠱᠢᠭᠤᠳ ᠱᠢᠯᠤᠭᠤᠨ᠂ ᠳᠠᠮᠵᠢᠭᠤᠯᠬᠤ᠎ᠳᠤ ᠬᠢᠯᠪᠠᠷ ᠪᠠᠢᠬᠤ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠨᠢᠭᠡ ᠪᠦᠯᠦᠭ ᠥᠪᠥᠷ ᠮᠣᠩᠭᠤᠯ᠎ᠤᠨ ᠪᠡᠶ᠎ᠡ ᠎ᠶᠢᠨ ᠲᠠᠮᠢᠷ᠎ᠢᠶᠠᠷ ᠭᠤᠤᠯ ᠰᠡᠳᠦᠪ ᠪᠣᠯᠭᠠᠭ᠍ᠰᠠᠨ ᠪᠢᠴᠢᠯ ᠣᠬᠤᠷ ᠵᠦᠴᠦᠭᠡ᠎ᠶ᠋ᠢᠨ ᠪᠦᠲᠦᠭᠡᠯ᠎ᠢ ᠭᠠᠷᠭᠠᠵᠤ᠂ ᠡᠷᠡᠭᠦᠯ ᠮᠡᠨᠳᠦ ᠥᠪᠥᠷ ᠮᠣᠩᠭᠤᠯ᠎ᠤᠨ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠨ᠎ᠡ᠃

ᠬᠤᠶᠠᠷ᠂ ᠭᠤᠣᠯ ᠠᠭᠤᠯᠭ᠎ᠠ

ᠥᠪᠥᠷ ᠮᠣᠩᠭᠣᠯ᠎ᠤᠨ ᠣᠨᠴᠠᠯᠢᠭ᠎ᠲᠠᠶ ᠭᠡᠷ᠎ᠦᠨ ᠭᠠᠳᠠᠨᠠᠬᠢ ᠬᠥᠳᠡᠯᠭᠡᠭᠡᠨ᠂ ᠤᠷᠤᠯᠳᠤᠭᠠᠨ᠎ᠤ ᠠᠵᠢᠯᠯᠠᠭ᠎ᠠ᠂ ᠮᠥᠰᠥ᠍ ᠴᠠᠰᠤᠨ᠎ᠤ ᠬᠥᠳᠡᠯᠭᠡᠭᠡᠨ᠂ ᠪᠡᠶ᠎ᠡ᠎ᠶ᠋ᠢᠨ ᠲᠠᠮᠢᠷ᠎ᠤᠨ ᠰᠣᠶᠣᠯ᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠡᠷᠭᠡ᠎ᠶ᠋ᠢ ᠪᠢᠴᠢᠯ ᠣᠬᠣᠷ ᠵᠦᠴᠦᠭᠡ᠎ᠲᠡᠶ ᠤᠶᠠᠯᠳᠤᠭᠤᠯᠵᠤ᠂ 《 ᠪᠢᠴᠢᠯ ᠵᠦᠴᠦᠭᠡ᠎ᠶ᠋ᠢ ᠳᠠᠭᠠᠵᠤ ᠭᠡᠷ᠎ᠦᠨ ᠭᠠᠳᠠᠨᠠᠬᠢ᠎ᠶ᠋ᠢ ᠡᠳ᠋ᠯᠡᠬᠦ᠌ 》᠂ 《 ᠪᠢᠴᠢᠯ ᠣᠬᠣᠷ ᠵᠦᠴᠦᠭᠡ᠎ᠶ᠋ᠢ ᠳᠠᠭᠠᠵᠤ ᠤᠷᠤᠯᠳᠤᠭᠠᠨ ᠦᠵᠡᠬᠦ᠌ 》᠂ 《 ᠪᠢᠴᠢᠯ ᠣᠬᠣᠷ ᠵᠦᠴᠦᠭᠡ᠎ᠶ᠋ᠢ ᠳᠠᠭᠠᠵᠤ ᠮᠥᠰᠥ᠍ ᠴᠠᠰᠤ ᠨᠠᠭᠠᠳᠭᠤ 》᠂     《 ᠪᠢᠴᠢᠯ ᠣᠬᠣᠷ ᠵᠦᠴᠦᠭᠡ᠎ᠶᠢ ᠳᠠᠭ᠋ᠠᠵᠣ ᠰᠣᠶᠣᠯ ᠎ᠢ ᠲᠠᠨᠢᠬᠣ》᠂ 《 ᠪᠢᠴᠢᠯ ᠣᠬᠣᠷ ᠵᠦᠴᠦᠭᠡ᠎ᠶᠢ ᠳᠠᠭ᠋ᠠᠵᠣ ᠪᠡᠶ᠎ᠡ ᠴᠢᠭᠢᠷᠠᠭᠵᠢᠭᠤᠯᠬᠤ᠎ᠶᠢ ᠰᠣᠷᠬᠣ 》᠂ 《 ᠪᠢᠴᠢᠯ ᠣᠬᠣᠷ ᠵᠦᠴᠦᠭᠡ᠎ᠶᠢ ᠳᠠᠭ᠋ᠠᠵᠣ ᠲᠠᠮᠢᠷ᠎ᠤᠨ ᠲᠠᠯᠠᠪᠣᠷ᠎ᠢᠶᠠᠷ ᠲᠣᠭᠣᠷᠢᠬᠤ 》᠂ 《 ᠪᠢᠴᠢᠯ ᠣᠬᠣᠷ ᠵᠦᠴᠦᠭᠡ᠎ᠶᠢ ᠳᠠᠭ᠋ᠠᠵᠣ 〈 ᠪᠠᠶ᠎ᠡ᠎ᠶᠢᠨ ᠲᠠᠮᠢᠷ +〉᠎ᠶᠢ ᠭᠦᠨ ᠬᠠᠭ᠋ᠠᠯᠪᠣᠷᠢᠯᠠᠬᠣ 》 ᠵᠡᠷᠭᠡ ᠰᠢᠷᠢᠰ ᠭᠣᠣᠯ ᠰᠡᠳᠣᠪ᠎ᠢ ᠭᠠᠷᠭ᠋ᠠᠵᠣ᠂ ᠣᠨᠴᠠ ᠲᠣᠭᠲᠠᠭᠰᠠᠨ ᠭᠣᠣᠯ ᠰᠡᠳᠦᠪ᠎ᠢ ᠰᠣᠩᠭᠣᠨ ᠰᠢᠷᠢᠰ ᠵᠦᠴᠦᠭᠡ᠎ᠶᠢᠨ ᠲᠡᠭᠦᠪᠤᠷᠢ ᠵᠣᠬᠢᠶᠠᠨ ᠪᠦᠲᠦᠭᠡᠬᠦ᠎ᠶᠢ ᠦᠷᠨᠢᠭᠦᠯᠵᠦ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ ᠨᠢ ᠠᠷᠠᠳ᠎ᠢ ᠨᠡᠩ ᠳᠣᠲᠣᠨᠣᠴᠢᠯᠠᠬᠤ᠂ ᠨᠡᠩ ᠠᠮᠢᠳᠤᠯᠢᠭ ᠠᠷᠭ᠎ᠠ ᠮᠠᠶᠢᠭ᠎ᠢᠶᠠᠷ ᠣᠯᠠᠨ ᠲᠦᠮᠡᠨ᠎ᠦ ᠠᠮᠢᠳᠤᠷᠠᠯ᠎ᠳᠤ ᠣᠷᠣᠭᠤᠯᠬᠤ᠎ᠶ᠋ᠢ ᠠᠬᠢᠭᠤᠯᠤᠨ᠎ᠠ᠃

ᠭᠤᠷᠪᠠ᠂ ᠭᠤᠣᠯ ᠪᠣᠯᠬᠤ ᠵᠣᠬᠢᠶᠠᠨ ᠪᠦᠲᠦᠭᠡᠬᠦ᠌ ᠲᠥᠯᠥᠪᠯᠡᠭᠡ

( ᠨᠢᠭᠡ ) 《 ᠪᠢᠴᠢᠯ ᠣᠬᠣᠷ ᠵᠦᠴᠦᠭᠡ᠎ᠶᠢ ᠳᠠᠭᠠᠵᠤ ᠭᠡᠷ᠎ᠦᠨ ᠭᠠᠳᠠᠨᠠᠬᠢ᠎ᠶᠢ ᠡᠳ᠋ᠯᠡᠨ᠎ᠡ》᠃ ᠶᠠᠪᠠᠭᠠᠨ᠂ ᠳᠤᠭᠤᠶ ᠤᠨᠤᠬᠤ᠂ ᠬᠡᠭᠡᠷ᠎ᠡ ᠠᠶᠠᠯᠠᠬᠤ᠂ ᠠᠭᠤᠯᠠ ᠠᠪᠠᠷᠢᠬᠤ᠂ ᠬᠠᠳᠠ ᠠᠪᠠᠷᠢᠬᠤ ᠵᠡᠷᠭᠡ ᠭᠡᠷ᠎ᠤᠨ ᠭᠠᠳᠠᠨᠠᠬᠢ ᠬᠥᠳᠡᠯᠭᠡᠭᠡᠨ᠎ᠤ ᠲᠥᠷᠥᠯ ᠵᠦᠢᠯ᠎ᠤᠨ ᠲᠣᠭᠤᠷᠢᠨ᠎ᠳᠤ᠂ ᠥᠪᠥᠷ ᠮᠣᠩᠭᠤᠯ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠤ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠨᠡᠬᠡᠮᠵᠢᠯᠡᠵᠦ᠍ ᠪᠣᠯᠬᠤ ᠬᠥᠳᠡᠯᠭᠡᠭᠡᠨ᠎ᠤ ᠵᠦᠴᠦᠭᠡ᠎ᠶ᠋ᠢᠨ ᠪᠠᠢᠳᠠᠯ᠎ᠢ ᠪᠤᠢ ᠪᠣᠯᠭᠠᠵᠤ᠂ ᠬᠥᠮᠦᠨ ᠬᠢᠭᠡᠳ ᠪᠠᠢᠭᠠᠯᠢ᠎ᠶ᠋ᠢᠨ ᠬᠠᠷᠢᠯᠴᠠᠨ ᠬᠥᠳᠡᠯᠦᠯᠴᠡᠬᠦ᠂ ᠬᠥᠳᠡᠯᠭᠡᠭᠡᠨ ᠬᠢᠬᠦ᠌ ᠪᠣᠯᠣᠨ ᠠᠮᠢᠳᠤᠷᠠᠯ᠎ᠤᠨ ᠠᠷᠭ᠎ᠠ ᠮᠠᠶᠢᠭ᠎ᠤᠨ ᠠᠭᠤᠰᠤᠯᠴᠠᠯ᠎ᠢ ᠢᠯᠡᠷᠡᠭᠦᠯᠵᠦ᠍᠂ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ᠂ ᠥᠭᠡᠳᠡ ᠬᠦᠭᠵᠢᠯᠲᠡᠢ ᠡᠷᠡᠭᠦᠯ ᠠᠮᠢᠳᠤᠷᠠᠯ᠎ᠤᠨ ᠣᠢᠯᠠᠭᠠᠭ᠍ᠳᠠᠬᠤᠨ᠎ᠢ ᠳᠠᠮᠵᠢᠭᠤᠯᠵᠤ᠂ ᠦᠵᠡᠭ᠌ᠴᠢᠳ᠎ᠤᠨ ᠪᠢᠴᠢᠯ ᠣᠬᠤᠷ ᠵᠦᠴᠦᠭᠡ᠎ᠶ᠋ᠢᠨ ᠭᠤᠤᠯ ᠳᠦᠷᠢ᠎ᠶ᠋ᠢᠨ ᠠᠯᠬᠤᠭ᠎ᠠ᠎ᠶ᠋ᠢ ᠳᠠᠭᠠᠯᠳᠤᠨ᠂ ᠳᠡᠯᠭᠡᠴᠡ᠎ᠶ᠋ᠢᠨ ᠡᠮᠦᠨᠡᠬᠢ ᠰᠡᠳᠭᠢᠯ ᠬᠦᠳᠡᠯᠬᠦ ᠎ᠶᠢ ᠲᠤᠬᠠᠶ᠎ᠶ᠋ᠢᠨ ᠭᠠᠵᠠᠷ᠎ᠲᠤ ᠨᠢ ᠬᠦᠷᠭᠡᠬᠦ᠌ ᠣᠷᠭᠢᠯᠤᠮ᠎ᠠ ᠰᠡᠳᠭᠢᠯᠭᠡ ᠪᠣᠯᠭᠠᠨ ᠬᠤᠪᠢᠷᠠᠭᠤᠯᠤᠨ᠎ᠠ᠃

( ᠬᠣᠶᠠᠷ ) 《 ᠪᠢᠴᠢᠯ ᠣᠬᠣᠷ ᠵᠦᠴᠦᠭᠡ᠎ᠶᠢ ᠳᠠᠭᠠᠵᠤ ᠤᠷᠤᠯᠳᠤᠭᠠᠨ ᠦᠵᠡᠨ᠎ᠡ 》᠃ ᠥᠪᠥᠷ ᠮᠣᠩᠭᠤᠯ᠎ᠤᠨ ᠡᠷᠭᠢᠯᠡᠭ᠌ᠰᠡᠨ ᠡᠯ᠎ᠡ ᠲᠥᠷᠥᠯ᠎ᠤᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠤᠷᠤᠯᠳᠤᠭᠠᠨ᠂ ᠣᠯᠠᠨ ᠲᠦᠮᠡᠨᠴᠢ ᠴᠢᠨᠠᠷᠲᠠᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠠᠮᠢᠷᠴᠢᠳ᠎ᠤᠨ ᠡᠷᠡᠯᠬᠡᠭ᠌ᠯᠡᠨ ᠲᠡᠮᠡᠴᠡᠬᠦ᠌ ᠴᠤᠭ ᠵᠢᠪᠬᠤᠭ᠎ᠠ ᠪᠠ ᠤᠷᠤᠯᠳᠤᠭᠠᠨ᠎ᠤ ᠠᠷᠤ ᠲᠠᠯ᠎ᠠ᠎ᠶ᠋ᠢᠨ ᠰᠡᠳᠭᠢᠯ ᠬᠥᠳᠡᠯᠭᠡᠮ᠎ᠡ ᠥᠯᠢᠭᠡᠷ᠎ᠢ ᠢᠯᠡᠷᠡᠭᠦᠯᠵᠦ᠍᠂ ᠪᠢᠴᠢᠯ ᠣᠬᠤᠷ ᠵᠦᠴᠦᠭᠡ ᠬᠢᠭᠡᠳ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠂ ᠤᠷᠤᠯᠳᠤᠭᠠᠨ᠎ᠤ ᠵᠣᠷᠢᠭ ᠰᠠᠨᠠᠭ᠎ᠠ᠂ ᠲᠠᠮᠢᠷᠴᠢᠳ᠎ᠤᠨ ᠥᠯᠢᠭᠡᠷ᠎ᠢ ᠭᠦᠨᠵᠡᠭᠡᠶ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠪᠢᠴᠢᠯ ᠣᠬᠤᠷ ᠵᠦᠴᠦᠭᠡ᠎ᠪᠠᠷ ᠪᠡᠶ᠎ᠡ᠎ᠶ᠋ᠢᠨ ᠲᠠᠮᠢᠷ᠎ᠤᠨ ᠶᠣᠰᠣ ᠳᠦᠷᠢᠮ᠂ ᠤᠷᠤᠯᠳᠤᠭᠠᠨ᠎ᠤ ᠰᠣᠶᠣᠯ᠂ ᠤᠷᠤᠯᠳᠤᠭᠠᠨ᠎ᠤ ᠶᠣᠰᠣᠯᠠᠯ ᠵᠡᠷᠭᠡ᠎ᠶ᠋ᠢ ᠲᠥᠭᠡᠮᠡᠯᠵᠢᠭᠦᠯᠬᠦ ᠪᠡᠷ ᠳᠠᠮᠵᠢᠭᠤᠯᠤᠨ᠂ ᠪᠦᠬᠦ᠌ ᠨᠡᠢᠭᠡᠮ᠎ᠢᠶᠠᠷ᠎ᠢᠶᠠᠨ ᠪᠡᠶ᠎ᠡ᠎ᠶ᠋ᠢᠨ ᠲᠠᠮᠢᠷ᠎ᠢ ᠳᠡᠮᠵᠢᠬᠦ᠂ ᠪᠡᠶ᠎ᠡ᠎ᠶ᠋ᠢᠨ ᠲᠠᠮᠢᠷ᠎ᠲᠤ ᠣᠷᠣᠯᠴᠠᠬᠤ᠂ ᠬᠥᠳᠡᠯᠭᠡᠭᠡᠨ᠎ᠳᠤ ᠬᠠᠢᠷᠠᠲᠠᠶ᠂ ᠬᠥᠳᠡᠯᠭᠡᠭᠡᠨ᠎ᠢ ᠡᠷᠬᠢᠮᠯᠡᠬᠦ᠌ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠨ᠎ᠠ᠃

( ᠭᠤᠷᠪᠠ ) 《 ᠪᠢᠴᠢᠯ ᠣᠬᠣᠷ ᠵᠦᠴᠦᠭᠡ᠎ᠶᠢ ᠳᠠᠭ᠋ᠠᠵᠤ ᠮᠥᠰᠥ᠍ ᠴᠠᠰᠦ ᠨᠠᠭ᠋ᠠᠳᠣᠨ᠎ᠠ 》᠃ ᠴᠠᠰᠤᠨ᠎ᠳᠤ ᠭᠤᠯᠭᠤᠬᠤ᠂ ᠮᠥᠰᠥᠨ᠎ᠳᠤ ᠲᠡᠱᠢᠬᠦ᠂ ᠭᠤᠯᠭᠤᠭᠤᠷ ᠴᠢᠯᠠᠭᠤᠨ ᠪᠦᠮᠪᠦᠭᠡ᠂ ᠮᠥᠰᠥᠨ ᠪᠥᠮᠪᠦᠭᠡ᠂ ᠴᠠᠰᠤᠨ ᠳᠡᠭᠡᠷᠡᠬᠢ ᠬᠥᠯ ᠪᠥᠮᠪᠦᠭᠡ ᠵᠡᠷᠭᠡ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠲᠥᠷᠥᠯ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠠᠢᠮᠠᠭ ᠬᠤᠲᠠ᠎ᠶ᠋ᠢᠨ ᠴᠠᠨᠠᠯᠠᠬᠤ ᠲᠠᠯᠠᠪᠠᠢ᠂ ᠮᠦᠰᠦᠨ ᠲᠠᠯᠠᠪᠠᠢ᠂ ᠮᠥᠰᠥ᠍ ᠴᠠᠰᠤᠨ᠎ᠤ ᠵᠢᠭᠤᠯᠴᠢᠯᠠᠯ᠎ᠤᠨ ᠵᠠᠮ ᠱᠤᠭᠤᠮ ᠵᠡᠷᠭᠡ ᠦᠵᠡᠭ᠌ᠳᠡᠯ᠎ᠲᠠᠢ ᠤᠶᠠᠯᠳᠤᠭᠤᠯᠤᠨ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠲᠠᠲᠠᠬᠤ ᠬᠦᠴᠦᠨ᠎ᠢ ᠠᠭᠤᠳᠠᠯᠤᠨ᠎ᠠ᠃ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠢ ᠠᠷᠠᠳ᠎ᠤᠨ ᠵᠠᠩ ᠦᠢᠯᠡ᠎ᠶ᠋ᠢᠨ ᠪᠠᠶᠠᠷ ᠳᠤᠷᠠᠰᠭᠠᠯ᠂ ᠣᠷᠣᠨ ᠨᠤᠲᠤᠭ᠎ᠤᠨ ᠠᠮᠲᠠᠲᠤ ᠢᠳᠡᠭᠡᠨ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠡᠷᠭᠡ᠎ᠲᠠᠢ ᠤᠶᠠᠯᠳᠤᠭᠤᠯᠵᠤ᠂ ᠪᠢᠴᠢᠯ ᠣᠬᠤᠷ ᠵᠦᠴᠦᠭᠡ᠎ᠶ᠋ᠢᠨ ᠤᠬᠠᠭᠤᠯᠭ᠎ᠠ᠎ᠪᠠᠷ ᠳᠠᠮᠵᠢᠭᠤᠯᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠰᠠᠭᠤᠷᠢ ᠲᠥᠬᠦᠭᠡᠷᠦᠮᠵᠢ᠎ᠶ᠋ᠢ ᠨᠡᠩ ᠰᠠᠢᠨ ᠪᠣᠯᠭᠠᠵᠤ᠂ ᠣᠷᠣᠯᠴᠠᠬᠤ ᠬᠡᠯᠪᠡᠷᠢ᠎ᠶ᠋ᠢ ᠨᠡᠩ ᠡᠯᠪᠡᠭ ᠪᠠᠶᠠᠯᠢᠭ ᠪᠣᠯᠭᠠᠵᠤ᠂ ᠰᠣᠶᠣᠯ᠎ᠤᠨ ᠠᠭᠤᠷ ᠠᠮᠢᠰᠭᠤᠯ᠎ᠢ ᠨᠡᠩ ᠭᠦᠨ ᠵᠤᠵᠠᠭᠠᠨ ᠪᠣᠯᠭᠠᠨ᠎ᠠ᠃

( ᠲᠦᠷᠪᠡ ) 《 ᠪᠢᠴᠢᠯ ᠣᠬᠣᠷ ᠵᠦᠴᠦᠭᠡ᠎ᠶᠢ ᠳᠠᠭ᠋ᠠᠵᠣ ᠰᠣᠶᠣᠯ᠎ᠢ ᠲᠠᠨᠢᠨ᠎ᠠ 》᠃ ᠥᠪᠥᠷ ᠮᠣᠩᠭᠤᠯ᠎ᠤᠨ ᠪᠡᠶ᠎ᠡ᠎ᠶ᠋ᠢᠨ ᠲᠠᠮᠢᠷ᠎ᠤᠨ ᠰᠣᠶᠣᠯ᠎ᠤᠨ ᠣᠨᠴᠠᠯᠢᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠮᠣᠷᠢᠨ ᠮᠡᠷᠭᠡᠵᠢᠯ᠂ ᠰᠤᠷ ᠬᠠᠷᠪᠤᠬᠤ᠂ ᠪᠥᠬᠡ ᠵᠡᠷᠭᠡ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠲᠠᠮᠢᠷ᠎ᠤᠨ ᠰᠣᠶᠣᠯ᠎ᠤᠨ ᠤᠬᠢ ᠰᠣᠳᠣ᠎ᠶ᠋ᠢ ᠢᠯᠡᠷᠡᠭᠦᠯᠵᠦ᠍᠂ ᠪᠡᠶ᠎ᠡ᠎ᠶᠢᠨ ᠲᠠᠮᠢᠷ᠎ᠤᠨ ᠬᠦᠴᠦᠨ᠎ᠢᠶᠠᠷ ᠰᠣᠶᠣᠯ᠎ᠤᠨ ᠤᠷᠤᠰᠴᠠ᠎ᠶ᠋ᠢ ᠲᠠᠢᠯᠤᠨ᠎ᠠ᠃ ᠲᠠᠮᠢᠷᠴᠢᠳ᠂ ᠰᠤᠷᠭᠠᠭ᠍ᠴᠢ᠂ ᠦᠨᠳᠦᠰᠦᠨ ᠱᠠᠲᠤᠨ᠎ᠤ ᠪᠡᠶ᠎ᠡ᠎ᠶᠢᠨ ᠲᠠᠮᠢᠷ᠎ᠤᠨ ᠠᠵᠢᠯᠲᠠᠳ᠎ᠤᠨ ᠲᠡᠮᠡᠴᠡᠯ᠎ᠤᠨ ᠥᠩᠭᠡᠷᠡᠯᠲᠡ᠎ᠶᠢ ᠶᠠᠷᠢᠵᠤ᠂ ᠳᠤᠮᠳᠠᠳᠤ᠎ᠶ᠋ᠢᠨ ᠪᠡᠶ᠎ᠡ᠎ᠶᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠨᠡᠢᠭᠡᠮ᠎ᠤᠨ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠵᠤ᠂ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠳᠤᠮᠳᠠᠬᠢ ᠪᠡᠶ᠎ᠡ᠎ᠶᠢᠨ ᠲᠠᠮᠢᠷ᠎ᠤᠨ ᠴᠢᠬᠤᠯᠠ ᠦᠢᠯᠡᠳᠦᠯ᠎ᠢ ᠢᠯᠡᠷᠡᠭᠦᠯᠵᠦ᠍᠂ ᠪᠡᠶ᠎ᠡ᠎ᠶᠢᠨ ᠲᠠᠮᠢᠷ᠎ᠤᠨ ᠰᠣᠶᠣᠯ᠎ᠤᠨ ᠨᠥᠯᠥᠭᠡᠯᠡᠬᠦ᠌ ᠬᠦᠴᠦᠨ ᠪᠣᠯᠤᠨ ᠨᠡᠢᠭᠡᠮ᠎ᠤᠨ ᠦᠷᠳᠡᠭ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠪᠡᠶ᠎ᠡ᠎ᠶᠢᠨ ᠲᠠᠮᠢᠷ᠎ᠤᠨ ᠬᠦᠴᠦᠷᠬᠡᠭ ᠣᠷᠣᠨ᠎ᠤ ᠪᠦᠳᠦᠭᠡᠨ ᠪᠠᠢᠭᠤᠯᠤᠯᠲᠠ᠎ᠳᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠨᠡᠮᠡᠷᠢᠯᠡᠨ᠎ᠡ᠃

( ᠲᠠᠪᠤ ) 《 ᠪᠢᠴᠢᠯ ᠣᠬᠣᠷ ᠵᠦᠴᠦᠭᠡ᠎ᠶᠢ ᠳᠠᠭ᠋ᠠᠵᠤ ᠪᠡᠶ᠎ᠡ ᠴᠢᠬᠢᠷᠠᠭᠵᠢᠭᠤᠯᠤᠨ᠎ᠠ 》᠃ ᠪᠡᠶ᠎ᠡ᠎ᠶᠢᠨ᠎ᠲᠠᠮᠢᠷ᠎ᠤᠨ ᠬᠥᠳᠡᠯᠭᠡᠭᠡᠨ᠎ᠢ ᠬᠥᠭ᠌ᠵᠢᠭᠦᠯᠬᠦ᠂ ᠠᠷᠠᠳ ᠲᠦᠮᠡᠨ᠎ᠤ ᠪᠡᠶ᠎ᠡ ᠮᠠᠬᠠᠪᠣᠳ᠎ᠢ ᠴᠢᠭᠢᠷᠠᠭ᠍ᠵᠢᠭᠤᠯᠬᠤ᠎ᠪᠠᠷ ᠵᠣᠷᠢᠯᠲᠠ ᠪᠣᠯᠭᠠᠨ᠂ ᠣᠯᠠᠨ ᠲᠦᠮᠡᠨ᠎ᠦ ᠠᠩᠬᠠᠷᠴᠦ ᠪᠠᠢ᠌ᠭ᠎ᠠ ᠰᠢᠨᠵᠢᠯᠡᠬᠦ ᠣᠬᠠᠭ᠋ᠠᠨᠴᠢ ᠪᠣᠯᠪᠠᠰᠣᠷᠠᠯ᠂ ᠬᠦᠳᠡᠯᠭᠡᠭᠡᠨ᠎ᠦ ᠡᠷᠡᠭᠦᠯᠵᠢᠯ᠂ ᠵᠠᠯᠠᠭᠣᠴᠣᠳ ᠪᠠᠭ᠋ᠠᠴᠣᠳ᠎ᠤᠨ ᠪᠡᠶ᠎ᠡ ᠎ᠶᠢᠨ ᠲᠠᠮᠢᠷ ᠵᠡᠷᠭᠡ ᠠᠭᠣᠯᠭ᠎ᠠ᠎ᠶᠢᠨ ᠲᠣᠭᠣᠷᠢᠨ᠎ᠳᠤ᠂ 《 ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠡᠳᠦᠷ 》᠂ 《 ᠪᠡᠶ᠎ᠡ ᠎ᠶᠢᠨ ᠲᠠᠮᠢᠷ᠎ᠤᠨ ᠤᠬᠠᠭᠤᠯᠭ᠎ᠠ᠎ᠶ᠋ᠢᠨ ᠭᠠᠷᠠᠭ 》᠂ 《 ᠪᠥᠬᠦ᠌ ᠤᠯᠤᠰ᠎ᠤᠨ ᠱᠢᠨᠵᠢᠯᠡᠬᠦ᠌ ᠣᠬᠠᠭ᠋ᠠᠨᠴᠢ᠎ᠪᠠᠷ ᠲᠦᠭᠡᠮᠡᠯᠵᠢᠭᠦᠯᠬᠦ᠌ ᠡᠳᠦᠷ 》᠂ 《 ᠪᠥᠬᠦ᠌ ᠤᠯᠤᠰ᠎ᠤᠨ ᠱᠢᠨᠵᠢᠯᠡᠬᠦ᠌ ᠣᠬᠠᠭ᠋ᠠᠨᠴᠢ᠎ᠪᠠᠷ ᠲᠦᠭᠡᠮᠡᠯᠵᠢᠭᠦᠯᠬᠦ᠌ ᠰᠠᠷ᠎ᠠ 》᠂ ᠳᠤᠮᠳᠠᠳᠤ ᠤᠯᠤᠰ᠎ᠤᠨ ᠬᠡᠷ᠎ᠤᠨ ᠭᠠᠳᠠᠨᠠᠬᠢ ᠬᠥᠳᠡᠯᠭᠡᠭᠡᠨ᠎ᠤ ᠠᠵᠤ ᠦᠢᠯᠡᠰ᠎ᠤᠨ ᠶᠡᠭᠡ ᠬᠤᠷᠠᠯ᠂ ᠡᠪᠦᠯ ᠵᠣᠨ᠎ᠤ ᠠᠮᠠᠷᠠᠯᠲᠠ ᠵᠡᠷᠭᠡ ᠴᠢᠬᠤᠯᠠ ᠴᠠᠭ ᠬᠤᠭᠤᠴᠠᠭ᠎ᠠ᠎ᠶ᠋ᠢᠨ ᠵᠠᠩᠭᠢᠯᠠᠭ᠎ᠠ᠎ᠶ᠋ᠢᠨ ᠴᠡᠭ᠎ᠲᠠᠢ ᠤᠶᠠᠯᠳᠤᠭᠤᠯᠵᠤ᠂ ᠪᠢᠴᠢᠯ ᠣᠬᠣᠷ ᠵᠦᠴᠦᠭᠡ᠎ᠪᠡᠷ ᠪᠡᠶ᠎ᠡ ᠴᠢᠬᠢᠷᠠᠭᠵᠢᠭᠤᠯᠬᠤ ᠠᠷᠭ᠎ᠠ᠎ᠶᠢ ᠠᠮᠢᠳᠣᠯᠢᠭ᠎ᠢᠶᠠᠷ ᠳᠡᠯᠭᠡᠷᠡᠭᠦᠯᠬᠦ᠎ᠪᠡᠷ ᠳᠠᠮᠵᠢᠭᠤᠯᠤᠨ᠂ ᠬᠦᠳᠡᠯᠭᠡᠭᠡᠨ᠎ᠦ ᠣᠨᠣᠯᠵᠢᠬᠣᠨ᠎ᠢ ᠣᠯᠠᠮᠵᠢᠯᠠᠵᠣ᠂ ᠪᠢᠴᠢᠯ ᠣᠬᠤᠷ ᠵᠦᠴᠦᠭᠡ᠎ᠶ᠋ᠢᠨ ᠳᠠᠮᠵᠢᠭᠤᠯᠭ᠎ᠠ᠎ᠶᠢᠨ ᠳᠠᠪᠠᠭᠤᠯᠢᠭ᠎ᠢ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠳᠡᠯᠭᠡᠷᠡᠭᠦᠯᠬᠦ᠌ ᠪᠦᠲᠦᠮᠵᠢᠲᠡᠶ ᠠᠴᠢᠶᠠᠯᠠᠪᠤᠷᠢ ᠪᠣᠯᠭᠠᠨ ᠬᠤᠪᠢᠷᠠᠭᠤᠯᠵᠤ᠂ ᠱᠢᠭᠤᠳ ᠣᠢᠯᠠᠭᠠᠮᠵᠢᠲᠠᠶ᠂ ᠰᠣᠨᠢᠷᠬᠠᠯᠲᠠᠶ ᠠᠷᠭ᠎ᠠ ᠮᠠᠶᠢᠭ᠎ᠢᠶᠠᠷ ᠣᠯᠠᠨ ᠲᠦᠮᠡᠨ᠎ᠤ ᠣᠷᠣᠯᠴᠠᠬᠤ ᠰᠡᠳᠭᠢᠯᠭᠡ ᠪᠠ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭᠰᠢᠯᠡᠭᠦᠯᠦᠨ᠎ᠡ᠃

( ᠵᠢᠷᠭᠤᠭ᠎ᠠ ) 《 ᠪᠢᠴᠢᠯ ᠣᠬᠣᠷ ᠵᠦᠴᠦᠭᠡ᠎ᠶᠢ ᠳᠠᠭ᠋ᠠᠵᠤ ᠲᠠᠮᠢᠷ᠎ᠤᠨ ᠲᠠᠯᠠᠪᠣᠷ᠎ᠢ ᠲᠣᠭᠣᠷᠢᠨ᠎ᠠ 》᠃ ᠥᠪᠥᠷ ᠮᠣᠩᠭᠤᠯ᠎ᠤᠨ ᠡᠯ᠎ᠡ ᠲᠥᠷᠥᠯ᠎ᠤᠨ ᠪᠡᠶ᠎ᠡ᠎ᠶᠢᠨ ᠲᠠᠮᠢᠷ᠎ᠤᠨ ᠲᠠᠯᠠᠪᠤᠷ᠂ ᠪᠣᠯᠪᠠᠰᠤᠷᠠᠯ᠎ᠤᠨ ᠰᠠᠭᠤᠷᠢᠨ ᠭᠠᠵᠠᠷ᠂ ᠪᠡᠶ᠎ᠡ᠎ᠶᠢᠨ ᠲᠠᠮᠢᠷ᠎ᠤᠨ ᠴᠡᠴᠡᠷᠯᠢᠭ᠂ ᠬᠡᠷ᠎ᠤᠨ ᠭᠠᠳᠠᠨᠠᠬᠢ ᠬᠥᠳᠡᠯᠭᠡᠭᠡᠨ᠎ᠤ ᠬᠤᠸᠠᠷᠠᠨ ᠵᠡᠷᠭᠡ ᠪᠡᠶ᠎ᠡ ᠎ᠶᠢᠨ ᠲᠠᠮᠢᠷ᠎ᠤᠨ ᠪᠡᠯᠡᠳᠭᠡᠮᠵᠢ᠎ᠶ᠋ᠢᠨ ᠡᠬᠢ ᠪᠠᠶᠠᠯᠢᠭ᠎ᠤᠨ ᠲᠣᠭᠤᠷᠢᠨ᠎ᠳᠤ᠂ ᠲᠡᠭᠦᠨ᠎ᠤ ᠴᠢᠳᠠᠮᠵᠢ᠎ᠶ᠋ᠢᠨ ᠣᠨᠴᠠᠯᠢᠭ᠂ ᠤᠷᠤᠯᠳᠤᠭᠠᠨ᠎ᠤ ᠠᠴᠢᠶᠠᠯᠠᠪᠤᠷᠢ ᠬᠢᠭᠡᠳ ᠰᠣᠶᠣᠯ᠎ᠤᠨ ᠠᠭᠤᠯᠤᠭ᠍ᠳᠠᠬᠤᠨ᠎ᠲᠠᠢ ᠤᠶᠠᠯᠳᠤᠭᠤᠯᠤᠨ᠂ ᠪᠢᠴᠢᠯ ᠣᠬᠤᠷ ᠵᠦᠴᠦᠭᠡ᠎ᠶ᠋ᠢᠨ ᠱᠢᠨ᠎ᠡ ᠬᠠᠷᠠᠭᠠᠰᠤ᠂ ᠱᠢᠨ᠎ᠡ ᠬᠦᠦᠷᠨᠢᠯ᠂ ᠱᠢᠨ᠎ᠡ ᠮᠡᠷᠭᠡᠵᠢᠯ᠎ᠢ ᠬᠡᠷᠡᠭ᠌ᠯᠡᠨ ᠲᠠᠮᠢᠷ᠎ᠤᠨ ᠬᠥᠳᠡᠯᠭᠡᠭᠡᠨ᠎ᠤ ᠲᠠᠯᠠᠪᠤᠷ᠂ ᠪᠣᠯᠪᠠᠰᠤᠷᠠᠯ᠎ᠤᠨ ᠰᠠᠭᠤᠷᠢᠨ ᠭᠠᠵᠠᠷ᠎ᠲᠤ ᠡᠭᠦᠰᠦᠭ᠌ᠰᠡᠨ ᠪᠡᠶ᠎ᠡ᠎ᠶᠢᠨ ᠲᠠᠮᠢᠷ᠎ᠤᠨ ᠥᠯᠢᠭᠡᠷ᠎ᠢ ᠶᠠᠷᠢᠵᠤ᠂ ᠪᠡᠶ᠎ᠡ᠎ᠶᠢᠨ ᠲᠠᠮᠢᠷ᠎ᠤᠨ ᠲᠠᠯᠠᠪᠤᠷ᠎ᠤᠨ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠠᠬᠢᠭᠤᠯᠬᠤ᠂ ᠤᠷᠤᠯᠳᠤᠭᠠᠨ᠎ᠢ ᠳᠠᠭ᠋ᠠᠭ᠋ᠠᠴᠢᠠᠯᠠᠨ ᠡᠷᠭᠢᠯᠡᠬᠦ᠂ ᠴᠢᠳᠠᠪᠤᠷᠢᠲᠠᠨ᠎ᠢ ᠬᠥᠮᠦᠵᠢᠭᠦᠯᠬᠦ᠌ ᠲᠠᠯ᠎ᠠ᠎ᠪᠠᠷ᠎ᠬᠢ ᠢᠳᠡᠪᠬᠢ ᠦᠶ᠋ᠯᠡᠳᠦᠯ᠎ᠢ ᠢᠯᠡᠷᠡᠭᠦᠯᠵᠦ᠍᠂ ᠣᠯᠠᠨ ᠨᠡᠢᠲᠡ᠎ᠶ᠋ᠢ ᠬᠥᠲᠥᠯᠦᠨ ᠵᠢᠯᠣᠭᠤᠳᠴᠤ᠌ ᠪᠠᠢᠭᠠᠳ ᠲᠠᠯᠠᠪᠤᠷ᠎ᠲᠤ ᠣᠴᠢᠭᠤᠯᠵᠤ᠂ ᠬᠥᠳᠡᠯᠭᠡᠭᠡᠨ᠎ᠳᠤ ᠣᠷᠣᠯᠴᠠᠭᠤᠯᠵᠤ᠂ ᠪᠡᠶ᠎ᠡ ᠎ᠶᠢᠨ ᠲᠠᠮᠢᠷ᠎ᠤᠨ ᠷᠢᠳᠢ ᠱᠢᠳᠢ᠎ᠶ᠋ᠢ ᠮᠡᠳᠡᠷᠡᠭᠦᠯᠦᠨ᠎ᠡ᠃

( ᠳᠤᠯᠤᠭ᠎ᠠ ) 《  ᠪᠢᠴᠢᠯ ᠣᠬᠣᠷ ᠵᠦᠴᠦᠭᠡ᠎ᠶᠢ ᠳᠠᠭ᠋ᠠᠵᠣ 〈 ᠪᠠᠶ᠎ᠡ᠎ᠶᠢᠨ ᠲᠠᠮᠢᠷ +〉᠎ᠶᠢ ᠭᠦᠨ ᠬᠠᠭ᠋ᠠᠯᠪᠤᠷᠢᠯᠠᠨ᠎ᠠ 》᠃ 《 ᠪᠡᠶ᠎ᠡ ᠎ᠶᠢᠨ ᠲᠠᠮᠢᠷ +  ᠰᠣᠶᠣᠯ ᠵᠢᠭᠤᠯᠴᠢᠯᠠᠯ 》᠂ 《 ᠪᠡᠶ᠎ᠡ ᠎ᠶᠢᠨ ᠲᠠᠮᠢᠷ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ 》᠂ 《 ᠪᠡᠶ᠎ᠡ ᠎ᠶᠢᠨ ᠲᠠᠮᠢᠷ + ᠲᠠᠷᠢᠶᠠᠯᠠᠩ ᠣᠶ ᠱᠢᠭᠤᠶ 》᠂ 《 ᠪᠡᠶ᠎ᠡ᠎ᠶᠢᠨ      ᠲᠠᠮᠢᠷ + ᠨᠡᠢᠲᠡ᠎ᠶ᠋ᠢᠨ ᠠᠰᠠᠷᠠᠮᠵᠢ 》 ᠵᠡᠷᠭᠡ ᠬᠢᠯᠢ ᠠᠯᠤᠰᠯᠠᠨ ᠠᠭᠤᠰᠤᠯᠴᠠᠬᠤ ᠴᠢᠭ᠌ᠯᠡᠯ᠎ᠢᠶᠠᠷ ᠬᠦᠨᠵᠡᠭᠡᠢ ᠵᠣᠬᠢᠶᠠᠨ ᠪᠦᠲᠦᠭᠡᠬᠦ᠌᠎ᠶ᠋ᠢ ᠵᠣᠷᠢᠭ᠍ᠵᠢᠭᠤᠯᠵᠤ᠂ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢ ᠠᠬᠢᠭᠤᠯᠬᠤ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠂ ᠬᠦᠷᠢᠶ᠎ᠡ ᠠᠯᠤᠰᠯᠠᠭ᠍ᠰᠠᠨ ᠬᠠᠮᠵᠢᠯᠴᠠᠭ᠎ᠠ᠎ᠶ᠋ᠢ ᠠᠬᠢᠭᠤᠯᠬᠤ ᠳᠤᠮᠳᠠᠬᠢ ᠪᠡᠶ᠎ᠡ᠎ᠶᠢᠨ ᠲᠠᠮᠢᠷ᠎ᠤᠨ ᠣᠯᠠᠨ ᠡᠱᠢᠲᠦ ᠥᠷᠲᠡᠭ ᠬᠢᠭᠡᠳ ᠶᠡᠷᠦᠩᠬᠡᠢᠯᠡᠭ᠌ᠰᠡᠨ ᠴᠢᠳᠠᠮᠵᠢ᠎ᠶ᠋ᠢ ᠭᠦᠶ᠋ᠴᠡᠳ ᠢᠯᠡᠷᠡᠭᠦᠯᠦᠨ᠎ᠡ᠃

ᠳᠥᠷᠪᠡ᠂ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ

( ᠨᠢᠭᠡ ) ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ

ᠡᠯ᠎ᠡ ᠠᠢᠮᠠᠭ ᠬᠣᠲᠠ᠎ᠶ᠋ᠢᠨ ᠪᠡᠶ᠎ᠡ᠎ᠶᠢᠨ ᠲᠠᠮᠢᠷ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠷᠠᠳᠢᠣ᠋ ᠲᠧᠯᠸᠢᠰ᠎ᠦᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭᠠᠳᠭᠠᠵᠤ᠂ ᠡᠯ᠎ᠡ ᠲᠠᠯ᠎ᠠ᠎ᠶ᠋ᠢᠨ ᠬᠢᠨ᠎ᠦ ᠢᠳᠡᠪᠬᠢᠵᠢᠯ᠎ᠢ ᠭᠦᠢᠴᠡᠳ ᠳᠠᠢᠴᠢᠯᠠᠵᠤ᠂ ᠡᠯ᠎ᠡ ᠵᠦᠢᠯ᠎ᠦᠨ ᠡᠭᠦᠷᠭᠡ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃ ᠡᠯ᠎ᠡ ᠬᠠᠮᠢᠶ᠎ᠠ ᠪᠥᠬᠦᠶ ᠨᠢᠭᠡᠴᠢ᠎ᠨᠦᠭᠦᠳ ᠪᠡᠶ᠎ᠡ᠎ᠶᠢᠨ ᠲᠠᠮᠢᠷ᠎ᠤᠨ ᠠᠵᠢᠯ ᠲᠥᠷᠥᠯ᠎ᠤᠨ ᠬᠥᠲᠥᠯᠦᠨ ᠵᠢᠯᠣᠭᠤᠳᠭᠤ ᠦᠢᠯᠡᠳᠦᠯ᠎ᠢ ᠪᠠᠳᠠᠷᠠᠭᠤᠯᠵᠤ᠂ ᠢᠳᠡᠪᠬᠢᠲᠡᠶ᠎ᠪᠠᠷ ᠵᠣᠬᠢᠶᠠᠨ ᠪᠠᠢᠭᠤᠯᠤᠨ ᠳᠠᠢᠴᠢᠯᠠᠵᠤ᠂ ᠵᠣᠬᠢᠶᠠᠨ ᠪᠦᠲᠦᠭᠡᠬᠦ᠌ ᠪᠦᠯᠬᠦᠮ ᠨᠡᠢᠲᠡ᠎ᠶ᠋ᠢᠨ ᠪᠣᠯᠪᠠᠰᠤᠷᠠᠯ᠎ᠤᠨ ᠰᠠᠭᠤᠷᠢᠨ ᠭᠠᠵᠠᠷ᠂ ᠲᠠᠮᠢᠷ᠎ᠤᠨ ᠬᠦᠳᠡᠯᠭᠡᠭᠡᠨ᠎ᠦ ᠲᠠᠯᠠᠪᠤᠷ᠂ ᠤᠷᠤᠯᠳᠤᠭᠠᠨ᠎ᠤ ᠲᠤᠬᠠᠶ᠎ᠶ᠋ᠢᠨ ᠲᠠᠯᠠᠪᠠᠶ ᠵᠡᠷᠭᠡ᠎ᠳᠤ ᠭᠦᠨᠵᠡᠭᠡᠢᠷᠡᠨ ᠪᠠᠢᠳᠠᠯ᠎ᠢ ᠤᠢᠯᠠᠭᠠᠨ ᠪᠠᠢᠴᠠᠭᠠᠨ ᠰᠤᠳᠤᠯᠤᠯᠲᠠ ᠬᠢᠬᠦ᠌᠎ᠳᠤ ᠲᠥᠬᠦᠮ ᠦᠵᠡᠭᠦᠯᠵᠦ᠍᠂ ᠲᠠᠮᠢᠷᠴᠢᠳ᠎ᠤᠨ ᠡᠷᠡᠯᠬᠡᠭ᠌ᠯᠡᠨ ᠲᠡᠮᠡᠴᠡᠭ᠌ᠰᠡᠨ ᠥᠯᠢᠭᠡᠷ᠂ ᠦᠨᠳᠦᠰᠦᠲᠡᠨ᠎ᠤ ᠪᠡᠶ᠎ᠡ ᠲᠠᠮᠢᠷ᠎ᠤᠨ ᠰᠣᠶᠣᠯ ᠪᠠ ᠪᠥᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠨᠡᠢᠲᠡᠯᠢᠭ ᠬᠡᠷᠡᠭ᠎ᠤᠨ ᠵᠢᠱ᠌ᠢᠶ᠎ᠡ᠎ᠶ᠋ᠢ ᠬᠠᠮᠲᠤ᠎ᠪᠠᠷ ᠠᠭᠤᠳᠠᠯᠬᠤ᠎ᠶ᠋ᠢᠨ ᠬᠠᠮᠲᠤ ᠪᠡᠶ᠎ᠡ᠎ᠶ᠋ᠢᠨ ᠲᠠᠮᠢᠷ᠎ᠤᠨ ᠲᠤᠰᠭᠠᠶ ᠮᠡᠷᠭᠡᠵᠢᠯ᠎ᠤᠨ ᠵᠢᠯᠣᠭᠤᠳᠣᠯᠭ᠎ᠠ᠂ ᠤᠷᠤᠯᠳᠤᠭᠠᠨ᠎ᠤ ᠡᠬᠢ ᠪᠠᠶᠠᠯᠢᠭ᠎ᠢ ᠵᠣᠯᠭᠠᠭᠤᠯᠬᠤ᠂ ᠠᠭᠤᠯᠭ᠎ᠠ᠎ᠶ᠋ᠢᠨ ᠦᠨᠡᠨ ᠪᠣᠳᠠᠲᠤ ᠴᠢᠨᠠᠷ᠎ᠢ ᠬᠢᠨᠠᠨ ᠬᠠᠷᠭᠤᠭᠤᠯᠬᠤ ᠵᠡᠷᠭᠡ ᠲᠠᠯ᠎ᠠ᠎ᠪᠠᠷ ᠲᠤᠰᠭᠠᠶ ᠮᠡᠷᠭᠡᠵᠢᠯᠲᠡᠨ᠎ᠤ ᠳᠡᠮᠵᠢᠯᠭᠡ ᠪᠠ ᠡᠬᠢ ᠪᠠᠶᠠᠯᠢᠭ᠎ᠤᠨ ᠪᠠᠲᠤᠯᠠᠭ᠎ᠠ ᠬᠠᠩᠭᠠᠨ᠎ᠠ᠃

( ᠬᠤᠶᠠᠷ ) ᠰᠣᠳᠣᠨ ᠪᠦᠲᠦᠭᠡᠯ᠎ᠤᠨ ᠵᠤᠬᠢᠶᠠᠨ ᠪᠦᠲᠦᠭᠡᠯᠭᠡ᠎ᠶᠢ ᠠᠬᠢᠭᠣᠯᠣᠨ᠎ᠠ

ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠪᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠯᠤᠭ᠎ᠠ ᠬᠠᠮᠲᠤᠷᠠᠨ 《 〈 ᠪᠢᠴᠢᠯ ᠣᠬᠣᠷ ᠵᠦᠴᠦᠭᠡ + ᠥᠪᠥᠷ ᠮᠣᠩᠭᠣᠯ᠎ᠤᠨ ᠪᠡᠶ᠎ᠡ᠎ᠶᠢᠨ ᠲᠠᠮᠢᠷ 〉᠎ᠦᠨ ᠭᠣᠤᠯᠳᠠᠯᠭ᠎ᠠ᠎ᠲᠠᠶ ᠵᠣᠬᠢᠶᠠᠨ ᠪᠦᠲᠦᠭᠡᠬᠦ᠌ ᠰᠡᠳᠦᠪ ᠰᠣᠩᠭᠣᠬᠤ ᠬᠠᠭᠤᠳᠠᠰᠤ 》᠎ᠶ᠋ᠢ ᠪᠠᠢᠭᠤᠯᠵᠤ᠂ ᠷᠠᠳᠢᠣ᠋ ᠲᠧᠯᠸᠢᠰ᠎ᠦᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠶ᠋ᠢᠨ ᠱᠢᠯᠢᠳᠡᠭ ᠪᠦᠲᠦᠭᠡᠯ᠎ᠢᠶᠡᠷ ᠰᠣᠩᠭᠣᠭ᠍ᠳᠠᠭ᠍ᠰᠠᠨ ᠱᠢᠯᠢᠳᠡᠭ ᠪᠦᠲᠦᠭᠡᠯ᠎ᠳᠦ ᠵᠣᠬᠢᠬᠤ ᠪᠡᠯᠡ ᠮᠥᠩᠭᠥ᠎ᠶ᠋ᠢᠨ ᠳᠡᠮᠵᠢᠯᠭᠡ ᠦᠵᠡᠭᠦᠯᠦᠨ᠎ᠡ᠃ ᠡᠯ᠎ᠡ ᠠᠢᠮᠠᠭ ᠬᠣᠲᠠ᠎ᠶ᠋ᠢᠨ ᠷᠠᠳᠢᠣ᠋ ᠲᠧᠯᠸᠢᠰ᠂ ᠪᠡᠶ᠎ᠡ ᠎ᠶᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠡᠷᠬᠡᠪᠰᠢ ᠵᠣᠬᠢᠶᠠᠨ ᠪᠦᠲᠦᠭᠡᠬᠦ᠌ ᠠᠵᠢᠯ᠎ᠤᠨ ᠪᠡᠯᠡᠳᠭᠡᠯ ᠪᠠᠢᠳᠠᠯ᠎ᠢᠶᠠᠨ ᠦᠨᠳᠦᠰᠦᠯᠡᠨ᠂ 《 ᠵᠣᠬᠢᠶᠠᠨ ᠪᠦᠲᠦᠭᠡᠬᠦ᠌ ᠲᠥᠯᠥᠪᠯᠡᠭᠡ ᠎ᠶᠢᠨ ᠮᠡᠳᠡᠭᠦᠯᠬᠦ᠌      ᠬᠦᠰᠦᠨᠦᠭ᠌ᠲᠦ 》᠎ᠶ᠋ᠢ ᠴᠠᠭ᠎ᠲᠤ ᠨᠢ ᠲᠣᠬᠢᠷᠠᠭᠤᠯᠤᠨ ᠲᠠᠭ᠍ᠯᠠᠨ ᠮᠡᠳᠡᠭᠦᠯᠵᠦ᠍᠂ ᠵᠠᠷᠴᠢᠮ ᠳᠡᠭᠡᠷ᠎ᠡ᠎ᠪᠡᠨ ᠤᠯᠠᠷᠢᠯ ᠪᠦᠷᠢ᠎ᠳᠦ ᠨᠢᠭᠡ ᠤᠳᠠᠭ᠎ᠠ ᠮᠡᠳᠡᠭᠦᠯᠦᠨ ᠬᠦᠷᠭᠡᠵᠦ᠍᠂ ᠤᠯᠠᠷᠢᠯ ᠪᠦᠷᠢ᠎ᠶ᠋ᠢᠨ ᠬᠠᠮᠤᠭ ᠰᠡᠭᠦᠯᠴᠢ᠎ᠶ᠋ᠢᠨ ᠨᠢᠭᠡ ᠰᠠᠷ᠎ᠠ᠎ᠶ᠋ᠢᠨ 25᠎ᠤ ᠡᠳᠦᠷ᠎ᠡᠴᠡ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠳᠤ ᠲᠤᠰ ᠲᠤᠰ ᠮᠡᠳᠡᠭᠦᠯᠦᠨ ᠬᠦᠷᠭᠡᠨ᠎ᠡ᠃

( ᠭᠤᠷᠪᠠ ) ᠵᠣᠬᠢᠶᠠᠨ ᠪᠦᠲᠦᠭᠡᠯᠭᠡ᠎ᠶᠢᠨ ᠡᠯᠰᠡᠨ ᠴᠣᠭᠯᠠᠭᠣᠯᠣᠯᠲᠠ᠎ᠶᠢ ᠥᠷᠨᠢᠭᠦᠯᠦᠨ᠎ᠡ

ᠡᠯ᠎ᠡ ᠠᠢᠮᠠᠭ ᠬᠤᠲᠠ᠎ᠶ᠋ᠢᠨ ᠪᠡᠶ᠎ᠡ ᠎ᠶᠢᠨᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠤᠳ ᠥᠪᠥᠷ ᠮᠣᠩᠭᠤᠯ᠎ᠤᠨ ᠪᠡᠶ᠎ᠡ᠎ᠶᠢᠨ ᠲᠠᠮᠢᠷ᠎ᠤᠨ ᠡᠬᠢ ᠪᠠᠶᠠᠯᠢᠭ᠂ ᠣᠷᠣᠨ ᠨᠤᠲᠤᠭ᠎ᠤᠨ ᠣᠨᠴᠠᠯᠢᠭ᠎ᠲᠠᠢ ᠪᠡᠶ᠎ᠡ ᠎ᠶᠢᠨ ᠲᠠᠮᠢᠷ᠎ᠤᠨ ᠰᠣᠶᠣᠯ᠎ᠳᠤ ᠰᠠᠭᠤᠷᠢᠯᠠᠨ᠂ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ᠌ ᠪᠠᠢᠭᠤᠯᠤᠮᠵᠢ᠂ ᠰᠦᠯᠵᠢᠶᠡᠨ᠎ᠤ ᠦᠵᠡᠵᠦ᠍ ᠰᠣᠨᠣᠰᠭᠤ ᠲᠠᠪᠴᠠᠩ ᠬᠢᠭᠡᠳ ᠲᠤᠬᠠᠶ᠎ᠶ᠋ᠢᠨ ᠭᠠᠵᠠᠷ᠎ᠤᠨ ᠪᠡᠶ᠎ᠡ᠎ᠶ᠋ᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠯᠦᠭᠡ 《 ᠥᠪᠥᠷ ᠮᠣᠩᠭᠤᠯ᠎ᠤᠨ ᠪᠡᠶ᠎ᠡ ᠎ᠶᠢᠨ ᠲᠠᠮᠢᠷ᠎ᠤᠨ ᠪᠢᠴᠢᠯ ᠣᠬᠤᠷ ᠵᠦᠴᠦᠭᠡ 》᠎ᠶ᠋ᠢᠨ ᠲᠤᠰᠭᠠᠶ ᠲᠣᠭᠤᠷᠢᠭ᠎ᠢ ᠬᠠᠮᠲᠤ ᠪᠠᠷ ᠪᠠᠢᠭᠤᠯᠬᠤ᠎ᠶ᠋ᠢ ᠳᠡᠮᠵᠢᠵᠦ᠍᠂ ᠱᠢᠯᠢᠳᠡᠭ ᠪᠦᠲᠦᠭᠡᠯ᠎ᠢ ᠳᠡᠮᠵᠢᠬᠦ᠌ ᠡᠷᠴᠢᠮ᠎ᠢᠶᠠᠨ ᠴᠢᠩᠭᠠᠷᠠᠭᠤᠯᠤᠨ᠎ᠠ᠃ ᠨᠡᠢᠭᠡᠮ᠎ᠠᠴᠠ ᠪᠡᠶ᠎ᠡ ᠎ᠶᠢᠨ ᠲᠠᠮᠢᠷ᠎ᠤᠨ ᠰᠡᠳᠦᠪᠲᠦ ᠪᠢᠴᠢᠯ ᠣᠬᠤᠷ ᠵᠦᠴᠦᠭᠡ᠎ᠶ᠋ᠢᠨ ᠳᠡᠪᠲᠡᠷ ᠪᠠ ᠸᠢᠳᠢᠤ᠋᠎ᠶ᠋ᠢᠨ ᠪᠦᠲᠦᠭᠡᠯ᠎ᠢ ᠥᠷᠭᠡᠨ᠎ᠢᠶᠠᠷ  ᠡᠯᠰᠡᠨ ᠴᠤᠭ᠍ᠯᠠᠭᠤᠯᠬᠤ᠎ᠶ᠋ᠢᠨ ᠬᠠᠮᠲᠤ᠌᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠎ᠶᠢᠨ ᠲᠠᠮᠢᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠵᠦ᠍᠂ ᠱᠢᠯᠢᠳᠡᠭ ᠪᠦᠲᠦᠭᠡᠯ᠎ᠢ᠎ᠨᠢ ᠡᠯ᠎ᠡ ᠲᠥᠷᠥᠯ᠎ᠤᠨ ᠵᠠᠭᠤᠴᠢᠯᠠᠭᠤᠷ᠎ᠤᠨ ᠲᠠᠪᠴᠠᠩ᠎ᠳᠤ ᠳᠡᠪᠱᠢᠭᠦᠯᠦᠨ ᠬᠦᠷᠭᠡᠬᠦ᠌ ᠪᠠ ᠤᠬᠠᠭᠤᠯᠤᠨ᠎ᠠ᠃

ᠳᠠᠭᠠᠯᠳᠤᠭᠤᠯᠤᠯ᠄ ᠵᠣᠬᠢᠶᠠᠨ ᠪᠦᠲᠦᠭᠡᠬᠦ᠌ ᠲᠥᠯᠥᠪᠯᠡᠭᠡ᠎ᠶ᠋ᠢᠨ ᠮᠡᠳᠡᠭᠦᠯᠬᠦ᠌ ᠬᠦᠰᠦᠨᠦᠭ᠌ᠲᠦ

ᠵᠤᠬᠢᠶᠠᠨ ᠪᠦᠲᠦᠭᠡᠯᠭᠡ᠎ᠶ᠋ᠢᠨ ᠲᠥᠯᠥᠪᠯᠡᠭᠡ᠎ᠶ᠋ᠢᠨ ᠮᠡᠳᠡᠭᠦᠯᠬᠦ᠌ ᠬᠦᠰᠦᠨᠦᠭ᠌ᠲᠦ.doc

                                                        ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ  

                                                        ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ

                                                        2025 ᠣᠨ᠎ᠤ 12 ᠳ᠋ᠤᠭ᠋ᠠᠷ ᠰᠠᠷ᠎ᠠ᠎ᠶ᠋ᠢᠨ 25᠎ᠤ ᠡᠳᠦᠷ

 

 

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶ᠋ᠢᠨ ᠬᠠᠷᠢᠯᠴᠠᠬᠤ ᠬᠥᠮᠦᠨ᠄ ᠬᠤᠸᠠᠩ ᠯᠦ᠍ ᠴᠤᠤ᠂ ᠬᠠᠷᠢᠯᠴᠠᠬᠤ ᠤᠲᠠᠰᠤ᠄ 13474704828᠂

ᠡᠯᠸᠺᠲᠷᠣᠨ ᠰᠢᠤᠳᠠᠨ᠎ᠤ ᠬᠠᠢ᠌ᠷᠴᠠᠭ᠄ 1165908730@qq. Com

ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠬᠠᠷᠢᠯᠴᠠᠬᠤ ᠬᠥᠮᠦᠨ᠄ ᠸᠠᠩ ᠲᠢᠩ ᠲᠢᠩ᠂ ᠬᠠᠷᠢᠯᠴᠠᠬᠤ ᠤᠲᠠᠰᠤ᠄ 15044965916᠂

ᠡᠯᠸᠺᠲᠷᠣᠨ ᠰᠢᠤᠳᠠᠨ᠎ᠤ ᠬᠠᠢ᠌ᠷᠴᠠᠭ᠄ nmggdjwlc@sina.com

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ