ᠵᠣᠬᠢᠶᠠᠨ ᠪᠦᠲᠦᠭᠡᠬᠦ᠌ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ ᠦᠵᠡᠵᠦ ᠰᠣᠨᠣᠰᠬᠣ ᠪᠦᠲᠦᠭᠡᠯ᠎ᠦᠨ ᠴᠢᠨᠠᠷ ᠰᠠᠢ᠌ᠲᠠᠢ ᠬᠦᠭᠵᠢᠯᠲᠡ᠎ᠳᠦ ᠬᠦᠴᠦᠨ ᠲᠥᠪᠯᠡᠷᠡᠭᠦᠯᠵᠦ᠂ ᠪᠥᠬᠦ᠌ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ 《 ᠰᠣᠳᠣᠨ ᠪᠦᠲᠦᠭᠡᠯ ᠭᠠᠷᠭᠠᠵᠤ᠂ ᠱᠢᠯᠢᠳᠡᠭ ᠪᠦᠲᠦᠭᠡᠯ ᠡᠭᠦᠳᠬᠦ᠌ 》 ᠭᠦᠨ ᠵᠤᠵᠠᠭᠠᠨ ᠠᠭᠤᠷ ᠠᠮᠢᠰᠭᠤᠯ᠎ᠢ ᠬᠦᠴᠦᠯᠡᠨ ᠪᠣᠶ ᠪᠣᠯᠭᠠᠬᠤ᠎ᠶ᠋ᠢᠨ ᠲᠥᠯᠥᠭᠡ᠂ ᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭᠠᠷ᠂ ᠮᠠᠨ᠎ᠤ ᠲᠣᠪᠴᠢᠶ᠎ᠠ 2025 ᠣᠨ᠎ᠤ ᠭᠤᠷᠪᠠᠳᠤᠭᠠᠷ ᠤᠯᠠᠷᠢᠯ᠎ᠤᠨ ᠷᠠᠳᠢᠣ᠋ ᠲᠧᠯᠸᠢᠰ᠎ᠤᠨ ᠰᠣᠨᠢᠨ ᠮᠡᠳᠡᠭᠡᠨ᠎ᠤ ᠪᠦᠲᠦᠭᠡᠯ᠂ ᠱᠢᠨ᠎ᠡ᠎ᠶ᠋ᠢ ᠡᠭᠦᠳᠴᠦ ᠰᠢᠯᠢᠳᠡᠭ᠎ᠢ ᠡᠭᠦᠳᠦᠭᠰᠡᠨ ᠫᠷᠤᠭ᠌ᠷᠠᠮ᠂ ᠪᠠᠷᠢᠮᠲᠠᠲᠤ ᠺᠢᠨᠤ᠋᠂ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ ᠪᠠ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ ᠵᠡᠷᠭᠡ 5 ᠵᠦᠢᠯ᠎ᠤᠨ ᠱᠢᠯᠢᠳᠡᠭ ᠢ ᠲᠠᠨᠢᠯᠴᠠᠭᠣᠯᠬᠣ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠪᠡ᠃ ᠵᠣᠬᠢᠶᠠᠨ ᠪᠠᠢᠭᠤᠯᠵᠤ ᠭᠤᠶᠤᠴᠢᠯᠠᠨ ᠮᠡᠳᠡᠭᠦᠯᠬᠦ᠂ ᠲᠤᠰᠭᠠᠶ ᠮᠡᠷᠭᠡᠵᠢᠯᠲᠡᠨ᠎ᠤ ᠬᠢᠨᠠᠨ ᠲᠣᠭ᠍ᠲᠠᠭᠠᠬᠤ ᠵᠡᠷᠭᠡ ᠭᠤᠭ᠍ᠴᠤᠭ᠎ᠠ᠎ᠪᠠᠷ ᠳᠡᠮᠵᠢᠨ᠂ 《 ᠤᠮᠠᠷᠠᠲᠤ ᠬᠢᠯᠢ᠎ᠶᠢᠨ ᠠᠯᠠᠭ᠎ᠠ ᠪᠣᠯᠤᠭ᠍ᠰᠠᠨ ᠭᠠᠵᠠᠷ᠎ᠤᠨ ᠨᠡᠷᠡᠰ᠎ᠢ ᠰᠣᠷᠪᠤᠯᠵᠢᠯᠠᠬᠤ 》 ᠵᠡᠷᠭᠡ 25 ᠱᠢᠯᠢᠳᠡᠭ ᠰᠣᠨᠢᠨ ᠮᠡᠳᠡᠭᠡᠨ᠎ᠤ ᠪᠦᠲᠦᠭᠡᠯ᠂ 《 ᠦᠨᠡᠨᠴᠢ ᠳᠤᠯᠠᠭᠠᠨ ᠨᠡᠷᠡᠨ ᠰᠢᠭ᠋ (ᠱᠢᠷᠢᠰ) 》 ᠵᠡᠷᠭᠡ 15 ᠱᠢᠨ᠎ᠡ᠎ᠶᠢ ᠡᠭᠦᠳᠴᠦ ᠰᠢᠯᠢᠳᠡᠭ᠎ᠢ ᠡᠭᠦᠳᠦᠭᠰᠡᠨ ᠫᠷᠤᠭ᠌ᠷᠠᠮ᠂ 《 ᠥᠨᠳᠥᠷ ᠰᠦᠷᠯᠢᠭ ᠳᠠᠯᠠᠨ ᠬᠠᠷ᠎ᠠ ᠠᠭᠤᠯᠠ 》 ᠵᠡᠷᠭᠡ 12 ᠱᠢᠯᠢᠳᠡᠭ ᠪᠠᠷᠢᠮᠲᠠᠲᠤ ᠺᠢᠨᠤ᠋᠂ 《 〈 ᠣᠮᠠᠷᠠᠲᠦ᠎ᠶᠢᠨ ᠭᠤᠷᠪᠠᠨ ᠣᠷᠣᠨ 〉 ᠳᠤ ᠲᠡᠮᠦᠷᠴᠢᠨ ᠠᠵᠢᠯᠯᠠᠵᠤ ᠬᠠᠮᠲᠤ᠎ᠪᠠᠷ ᠨᠣᠭᠤᠭᠠᠨ ᠣᠷᠳᠣ ᠴᠠᠭᠠᠨ ᠬᠡᠷᠡᠮ᠎ᠢ ᠴᠣᠭ᠍ᠴᠠᠯᠠᠶ᠎ᠠ 》 ᠵᠡᠷᠭᠡ 30 ᠱᠢᠯᠢᠳᠡᠭ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ ᠪᠠ 《 ᠳᠤᠮᠳᠠᠳᠤ᠎ᠶ᠋ᠢᠨ ᠵᠡᠭᠦᠳᠦ • ᠮᠢᠨᠦ᠍ ᠵᠡᠭᠦᠳᠦ 》 ᠵᠡᠷᠭᠡ 10 ᠱᠢᠯᠢᠳᠡᠭ ᠨᠡᠢᠲᠡ᠎ᠶ᠋ᠢᠨ ᠠᠰᠠᠷᠠᠮᠵᠢ᠎ᠶ᠋ᠢᠨ ᠵᠠᠷ ᠮᠡᠳᠡᠭᠡ᠎ᠶ᠋ᠢ ᠰᠣᠩᠭᠤᠨ ᠭᠠᠷᠭᠠᠪᠠ᠃
ᠳᠠᠭᠠᠯᠳᠤᠭᠤᠯᠤᠯ᠄ 2025 ᠣᠨ᠎ᠤ ᠭᠤᠷᠪᠠᠳᠤᠭᠠᠷ ᠤᠯᠠᠷᠢᠯ᠎ᠤᠨ ᠱᠢᠯᠢᠳᠡᠭ ᠦᠵᠡᠵᠦ᠍ ᠰᠣᠨᠣᠰᠭᠤ ᠪᠦᠲᠦᠭᠡᠯ᠎ᠤᠨ ᠨᠡᠷᠡᠰ.doc
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 12 ᠳ᠋ᠤᠭ᠋ᠠᠷ ᠰᠠᠷ᠎ᠠ᠎ᠶ᠋ᠢᠨ 1 ᠤ ᠡᠳᠦᠷ