ᠦᠪᠦᠷ ᠮᠣᠩᠭᠣᠯ᠎ᠤᠨ ᠱᠧᠨ ᠮᠢᠶᠣᠣ ᠰᠦᠯᠵᠢᠶᠡᠨ᠎ᠤ ᠮᠡᠳᠡᠭᠡ ᠵᠠᠩᠬᠢᠴᠢᠯᠠᠯᠲᠠ ᠵᠢᠨ ᠬᠢᠵᠠᠭ᠋ᠠᠷᠲᠤ ᠺᠣᠮᠫᠠᠨᠢ᠎ᠳᠤ ᠄
ᠲᠠᠨ᠎ᠤ ᠺᠣᠮᠫᠠᠨᠢ ᠵᠢᠨ ᠷᠠᠳᠢᠤ᠋ ᠲᠧᠯᠸᠢᠰ᠎ᠤᠨ ᠫᠷᠦᠭᠷᠠᠮ ᠦᠢ᠍ᠯᠡᠳᠴᠦ ᠡᠵᠡᠩᠨᠡᠬᠦ ᠠᠵᠢᠯ᠎ᠢ ᠦᠷᠨᠢᠭᠦᠯᠬᠦ ᠭᠤᠶᠤᠴᠢᠯᠠᠬᠤ ᠮᠠᠲᠸᠷᠢᠶᠠᠯ᠎ᠢ ᠲᠣᠰᠣᠯ᠎ᠠ ᠃ ᠰᠤᠳᠤᠯᠤᠯᠲᠠ᠎ᠪᠠᠷ ᠳᠠᠮᠵᠢᠭ᠋ᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃
ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠬᠠᠮᠢᠶᠠᠷᠤᠯᠲᠠ ᠵᠢᠨ ᠲᠣᠭᠲᠠᠭ᠋ᠠᠯ》 (ᠶᠡᠷᠦᠩᠬᠡᠶ ᠲᠣᠪᠴᠢᠶ᠎ᠠ ᠵᠢᠨ ᠵᠠᠷᠯᠢᠭ 34 ᠳ᠋ᠦ᠍ᠭᠡᠷ ᠲᠣᠭ᠋ᠠᠲᠤ)᠎ᠤᠨ ᠬᠤᠯᠪᠣᠭᠳᠠᠯ ᠪᠥᠬᠦᠶ ᠲᠣᠭᠲᠠᠭ᠋ᠠᠯ᠎ᠢ ᠦᠨᠳᠦᠰᠦᠯᠡᠨ᠂ ᠲᠠᠨ᠎ᠤ ᠺᠣᠮᠫᠠᠨᠢ ᠵᠢᠨ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠲᠤᠬᠠᠶ᠋ᠢᠯᠠᠭᠰᠠᠨ ᠠᠵᠢᠯ ᠥᠷᠨᠢᠭᠦᠯᠬᠦ ᠵᠢ ᠵᠥᠪᠰᠢᠶᠡᠷᠡᠬᠦ ᠵᠢᠨ ᠬᠠᠮᠲᠤ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠲᠠᠷᠬᠠᠭ᠋ᠠᠪᠠ ᠂ ᠳ᠋ᠤᠭ᠋ᠠᠷ᠄ ( ᠦᠪᠦᠷ ᠮᠣᠩᠭᠤᠯ) ᠦᠰᠦᠭ 624 ᠳ᠋ᠦ᠍ᠭᠡᠷ ᠲᠣᠭ᠋ᠠᠲᠤ᠂ ᠬᠦᠴᠦᠨ᠎ᠲᠠᠢ ᠬᠤᠭᠤᠴᠠᠭ᠎ᠠ᠄ 2025 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ᠎ᠠᠴᠠ 2027 ᠣᠨ᠎ᠤ 4 ᠳ᠋ᠦ᠍ᠭᠡᠷ ᠰᠠᠷ᠎ᠠ ᠵᠢᠨ 2᠎ᠤᠨ ᠡᠳᠦᠷ ᠪᠣᠯᠲᠠᠯ᠎ᠠ᠃
ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠬᠦᠷᠢᠶ᠎ᠡ ᠬᠡᠪᠴᠢᠶ᠎ᠡ᠄ ᠲᠤᠰᠬᠠᠶ ᠰᠡᠳᠦᠪ᠂ ᠲᠤᠰᠬᠠᠶ ᠪᠤᠯᠤᠩ᠂ ᠶᠡᠷᠦᠩᠬᠡᠶ᠋ᠢᠯᠡᠭᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠬᠦ ᠪᠠ ᠫᠷᠤᠭ᠌ᠷᠠᠮ᠎ᠤᠨ ᠬᠡᠪᠯᠡᠯ᠎ᠤᠨ ᠡᠷᠬᠡ ᠵᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ᠃ ᠡᠵᠡᠩᠨᠡᠯᠲᠡ ᠵᠢᠨ ᠠᠷᠭ᠎ᠠ ᠬᠡᠯᠪᠡᠷᠢ ᠄ ᠦᠢ᠍ᠯᠡᠳᠬᠦ᠂ ᠬᠠᠭᠤᠯᠪᠤᠷᠢᠯᠠᠬᠤ᠂ ᠲᠠᠷᠬᠠᠭ᠋ᠠᠬᠣ ᠃
ᠭᠤᠷᠪᠠ᠂ ᠲᠠᠨ᠎ᠤ ᠺᠣᠮᠫᠠᠨᠢ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠠᠴᠠ ᠬᠢᠨᠠᠨ ᠵᠥᠪᠰᠢᠶᠡᠷᠡᠭᠰᠡᠨ ᠦᠢ᠍ᠯᠡᠳᠴᠦ ᠡᠵᠡᠩᠨᠡᠬᠦ ᠬᠡᠪᠴᠢᠶ᠎ᠡ ᠵᠢ ᠴᠢᠩᠭ᠎ᠠ ᠵᠢᠷᠤᠮᠯᠠᠨ ᠲᠤᠬᠠᠶ᠋ᠢᠯᠠᠭᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠂ ᠦᠢ᠍ᠯᠡᠳᠴᠦ ᠡᠵᠡᠩᠨᠡᠬᠦ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠪᠠ ᠬᠠᠮᠢᠶ᠎ᠠ ᠪᠥᠬᠦᠶ ᠲᠥᠷᠥ ᠵᠢᠨ ᠪᠣᠳᠣᠯᠭ᠎ᠠ ᠵᠢ ᠵᠢᠷᠤᠮᠯᠠᠬᠤ ᠬᠡᠷᠡᠭᠲᠡᠶ᠃ ᠲᠤᠬᠠᠢ ᠵᠢᠨ ᠴᠠᠭ᠎ᠤᠨ ᠤᠯᠤᠰ ᠲᠥᠷᠥ ᠵᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠤᠨ ᠲᠤᠰᠬᠠᠢ ᠰᠡᠳᠦᠪ᠂ ᠲᠤᠰᠬᠠᠢ ᠪᠤᠯᠤᠩ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠦ ᠪᠣᠯᠬᠤ ᠦᠭᠡᠢ᠃ ᠴᠢᠬᠤᠯᠠ ᠶᠡᠬᠡ ᠬᠤᠪᠢᠰᠬᠠᠯ ᠪᠣᠯᠤᠨ ᠲᠡᠦᠬᠡ ᠵᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠤᠨ ᠲᠤᠰᠬᠠᠶ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠬᠦ᠎ᠳᠤ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃ ᠺᠠᠷᠲ᠋ᠣᠨ ᠺᠢᠨᠣ᠋᠂ ᠲᠧᠯᠸᠢᠰ ᠵᠦᠴᠦᠭᠡ ᠦᠢ᠍ᠯᠡᠳᠬᠦ᠎ᠳᠤ᠎ᠪᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠪᠠᠷ ᠬᠢᠨᠠᠨ ᠬᠠᠷᠭᠤᠭᠤᠯᠬᠤ ᠵᠢᠨ ᠬᠠᠮᠲᠤ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠲᠦᠷᠪᠡ᠂ ᠨᠡᠶ᠋ᠢᠳᠡᠯᠡᠭᠰᠡᠨ 《ᠷᠠᠳᠢᠤ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠤ ᠡᠵᠡᠩᠨᠡᠬᠦ ᠵᠦᠪᠰᠢᠶᠡᠷᠡᠯ᠎ᠤᠨ ᠦᠨᠡᠮᠯᠡᠯ》᠎ᠢ ᠶᠠᠮᠠᠷᠪᠠ ᠠᠷᠭ᠎ᠠ ᠮᠠᠶᠢᠭ ᠵᠶ᠋ᠠᠷ ᠪᠠᠯᠠᠯᠬᠤ᠂ ᠲᠦᠷᠢᠶᠡᠰᠦᠯᠡᠬᠦ᠂ ᠰᠢᠯᠵᠢᠭᠦᠯᠬᠦ᠂ ᠬᠤᠳᠠᠯᠳᠤᠬᠤ ᠪᠠ ᠬᠠᠭᠤᠷᠮᠠᠭ ᠵᠶ᠋ᠠᠷ ᠵᠤᠬᠢᠶᠠᠬᠤ ᠵᠢ ᠴᠢᠩᠭ᠎ᠠ ᠬᠣᠷᠢᠭᠯᠠᠨ᠎ᠠ ᠃ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠳᠤ ᠲᠣᠳᠣᠷᠬᠠᠶ᠋ᠢᠯᠠᠭᠰᠠᠨ ᠦᠢ᠍ᠯᠡᠳᠬᠦ ᠪᠠᠶ᠋ᠢᠭᠤᠯᠤᠮᠵᠢ ᠵᠢᠨ ᠨᠡᠷᠡᠶ᠋ᠢᠳᠦᠯ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠂ ᠬᠠᠶᠢᠭ ᠪᠠ ᠲᠦᠷᠢᠮ ᠵᠡᠷᠭᠡ ᠵᠦᠢ᠍ᠯᠡᠰ᠎ᠲᠤ ᠬᠤᠪᠢᠷᠠᠯᠲᠠ ᠭᠠᠷᠪᠠᠯ ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ ᠵᠢ ᠬᠢᠨᠠᠨ ᠵᠥᠪᠰᠢᠶᠡᠷᠡᠭᠦᠯᠬᠦ ᠭᠠᠷᠳᠠᠮ᠎ᠢ ᠭᠦᠢ᠍ᠴᠡᠳᠬᠡᠨ᠎ᠡ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠠᠵᠢᠯᠯᠠᠭ᠎ᠠ ᠵᠢ ᠵᠣᠭᠰᠣᠭ᠋ᠠᠬᠤ᠎ᠳᠤ᠂ 1 ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ ᠬᠦᠴᠦᠨ ᠥᠬᠡᠶ ᠪᠣᠯᠭ᠋ᠠᠬᠤ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠲᠠᠪᠤ᠂ ᠭᠠᠳᠠᠭ᠋ᠠᠳᠤ᠎ᠳᠤ ᠭᠠᠷᠭ᠋ᠠᠬᠤ ᠷᠠᠳᠢᠣ᠋ ᠲᠧᠯᠸᠢᠰ᠎ᠤᠨ ᠫᠷᠤᠭ᠌ᠷᠠᠮ ᠪᠤᠶᠤ ᠬᠢᠯᠢ ᠵᠢᠨ ᠭᠠᠳᠠᠨ᠎ᠠ ᠭᠠᠷᠭ᠋ᠠᠵᠤ ᠦᠵᠡᠭᠦᠯᠭᠡ᠎ᠳᠤ ᠣᠷᠣᠯᠴᠠᠭᠣᠯᠬᠣ ᠷᠠᠳᠢᠣ᠋ ᠲᠧᠯᠸᠢᠰ᠎ᠤᠨ ᠫᠷᠤᠭ᠌ᠷᠠᠮ᠎ᠢ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ ᠬᠡᠷᠡᠭᠲᠡᠶ᠃
ᠴᠣᠬᠣᠯᠠᠪᠣᠷᠢᠯᠠᠪᠠ ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 4 ᠳ᠋ᠦ᠍ᠭᠡᠷ ᠰᠠᠷ᠎ᠠ ᠵᠢᠨ 3᠎ᠤ ᠡᠳᠦᠷ