ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠬᠢᠨ᠎ᠤ ᠴᠢᠨᠠᠷ ᠰᠠᠶ᠋ᠢᠲᠠᠶ ᠦᠵᠡᠵᠦ ᠰᠣᠨᠣᠰᠬᠤ ᠠᠭᠤᠯᠭ᠎ᠠ ᠵᠢ ᠵᠣᠬᠢᠶᠠᠨ ᠪᠦᠲᠦᠭᠡᠬᠦ ᠵᠢ ᠤᠯᠠᠮ ᠨᠢᠭᠡ ᠠᠯᠬᠤᠮ ᠵᠣᠷᠢᠭᠵᠢᠭᠣᠯᠵᠣ ᠂ ᠰᠢᠯᠢᠳᠡᠭ ᠦᠵᠡᠵᠦ ᠰᠣᠨᠣᠰᠬᠤ ᠪᠦᠲᠦᠭᠡᠯ᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠣᠳᠣᠨ ᠪᠦᠲᠦᠭᠡᠯ᠎ᠢ ᠲᠠᠰᠤᠷᠠᠯᠲᠠ ᠥᠬᠡᠶ ᠭᠠᠷᠭ᠋ᠠᠬᠤ ᠵᠢᠨ ᠲᠣᠰᠠᠲᠠ᠂ ᠣᠨ᠎ᠤ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠮᠠᠨ᠎ᠤ ᠲᠣᠪᠴᠢᠶ᠎ᠠ 2025 ᠣᠨ᠎ᠤ ᠨᠢᠭᠡᠳᠦᠭᠡᠷ ᠤᠯᠠᠷᠢᠯ᠎ᠤᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠪᠠ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠡᠷᠭᠡ 2 ᠵᠦᠢ᠍ᠯ᠎ᠤᠨ ᠰᠢᠯᠢᠳᠡᠭ᠎ᠢ᠎ᠨᠢ ᠲᠠᠨᠢᠯᠴᠠᠭᠣᠯᠬᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ ᠃ ᠭᠤᠶᠤᠴᠢᠯᠠᠨ ᠮᠡᠳᠡᠭᠦᠯᠬᠦ᠂ ᠬᠢᠨᠠᠨ ᠰᠢᠯᠭ᠋ᠠᠷᠠᠭᠣᠯᠬᠤ ᠵᠢ ᠵᠤᠬᠢᠶᠠᠨ ᠪᠠᠢ᠌ᠭᠣᠯᠬᠤ᠎ᠪᠠᠷ ᠳᠡᠮᠵᠢᠨ᠂ 《〈ᠵᠢᠷᠭᠤᠭ᠋ᠠᠨ ᠠᠵᠢᠯᠯᠠᠭ᠎ᠠ〉 ᠵᠢ ᠬᠡᠷᠬᠢᠨ ᠬᠥᠳᠡᠯᠭᠡᠬᠦ ᠪᠣᠶ》 ᠵᠡᠷᠭᠡ ᠰᠦᠯᠵᠢᠶᠡᠨ᠎ᠤ 30 ᠵᠦᠢ᠍ᠯ᠎ᠤᠨ ᠰᠢᠯᠢᠳᠡᠭ ᠦᠵᠡᠵᠦ ᠰᠣᠨᠣᠰᠬᠣ ᠫᠷᠤᠭ᠌ᠷᠠᠮ ᠪᠠ 《 ᠨᠧ ᠵᠠ ᠴᠢᠮ᠎ᠠ ᠵᠢ ᠵᠠᠮ ᠬᠠᠷᠢᠯᠴᠠᠭ᠋ᠠᠨ᠎ᠤ ᠬᠠᠤᠯᠢ ᠵᠢ ᠵᠢᠷᠣᠮᠯᠠ ᠭᠡᠵᠦ ᠳᠠᠭᠣᠳᠠᠵᠦ ᠪᠣᠢ 》 ᠵᠡᠷᠭᠡ ᠨᠡᠶ᠋ᠢᠲᠡ ᠵᠢᠨ ᠠᠰᠠᠷᠠᠮᠵᠢ ᠵᠢᠨ 10 ᠢᠵᠢ ᠵᠠᠷ ᠮᠡᠳᠡᠭᠡ ᠵᠢ ᠰᠣᠩᠭᠤᠨ ᠭᠠᠷᠭ᠋ᠠᠪᠠ᠃ ᠪᠥᠬᠦ ᠣᠷᠣᠨ᠎ᠤ ᠡᠯ᠎ᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠦ ᠨᠡᠪᠲᠡᠷᠡᠭᠦᠯᠬᠦ ᠪᠠᠶ᠋ᠢᠭᠤᠯᠤᠮᠵᠢ ᠂ ᠢᠨᠲ᠋ᠧᠷ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠨᠢᠭᠡᠴᠢ ᠵᠢᠴᠢ ᠥᠷᠭᠡᠨ ᠣᠯᠠᠨ ᠦᠵᠡᠵᠦ ᠰᠣᠨᠣᠰᠬᠤ ᠫᠷᠤᠭ᠌ᠷᠠᠮ᠎ᠢ ᠵᠣᠬᠢᠶᠠᠨ ᠪᠦᠲᠦᠭᠡᠬᠦ ᠳᠤᠷ᠎ᠠ ᠪᠠᠬᠠᠲᠠᠢ ᠬᠥᠮᠦᠰ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ ᠦᠵᠡᠯ ᠰᠠᠨᠠᠭ᠎ᠠ ᠭᠦᠨ ᠭᠦᠨᠵᠡᠭᠡᠶ᠂ ᠤᠷᠠᠯᠢᠭ ᠨᠠᠷᠢᠨ ᠨᠢᠭᠲᠠ᠂ ᠨᠠᠷᠢᠯᠢᠭ ᠦᠢ᠍ᠯᠡᠳᠦᠭᠰᠡᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠪᠠ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠲᠠᠰᠤᠷᠠᠯᠲᠠ ᠥᠬᠡᠶ ᠨᠡᠢ᠌ᠲᠡᠯᠡᠵᠦ ᠂ ᠮᠠᠨ᠎ᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠤᠨ ᠵᠣᠬᠢᠶᠠᠨ ᠪᠦᠲᠦᠭᠡᠯᠭᠡ ᠵᠢᠨ ᠴᠡᠴᠡᠭᠯᠡᠨ ᠬᠦᠭᠵᠢᠬᠦ ᠵᠢ ᠦᠷᠭᠦᠯᠵᠢᠯᠡᠨ ᠲᠦᠯᠬᠢᠨ ᠠᠬᠢᠭᠤᠯᠬᠤ ᠵᠢ ᠬᠦᠰᠡᠵᠦ ᠪᠠᠶ᠋ᠢᠨ᠎ᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ