2026 ᠣᠨ᠎ᠤ ᠠᠵᠢᠯ ᠦᠢᠯᠡᠰ᠎ᠤᠨ ᠨᠢᠭᠡᠴᠢ᠎ᠶ᠋ᠢᠨ ᠢᠯᠡ᠎ᠪᠠᠷ ᠠᠵᠢᠯᠲᠠᠨ ᠡᠯᠰᠡᠬᠦ ᠨᠢᠭᠣᠷᠳᠠᠨ ᠰᠢᠯᠭ᠋ᠠᠯᠳᠠ᠎ᠶᠢᠨ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠠᠯᠪᠠᠨ ᠵᠠᠷ
2026-01-21

ᠡᠳᠦᠭᠡ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶᠢᠨ 2026 ᠣᠨ᠎ᠤ ᠠᠵᠢᠯ ᠦᠢᠯᠡᠰ᠎ᠤᠨ ᠨᠢᠭᠡᠴᠢ᠎ᠶ᠋ᠢᠨ ᠠᠵᠢᠯᠲᠠᠨ ᠡᠯᠰᠡᠬᠦ᠌ ᠨᠢᠭᠤᠷᠲᠠᠨ ᠱᠢᠯᠭᠠᠯᠲᠠ᠎ᠶ᠋ᠢᠨ ᠬᠤᠯᠪᠣᠭ᠍ᠳᠠᠯ ᠪᠥᠬᠦᠶ ᠤᠴᠢᠷ᠎ᠢ ᠳᠣᠤᠷᠠᠬᠢ ᠮᠡᠲᠦ ᠵᠠᠷᠯᠠᠶ᠎ᠠ᠄

ᠨᠢᠭᠡ᠂ ᠴᠠᠭ ᠭᠠᠵᠠᠷ

ᠨᠢᠭᠤᠷᠲᠠᠨ ᠰᠢᠯᠭ᠋ᠠᠯᠲᠠ᠎ᠶᠢᠨ ᠴᠠᠭ ᠭᠠᠵᠠᠷ᠎ᠢ 《 ᠨᠢᠭᠤᠷᠲᠠᠨ ᠰᠢᠯᠭ᠋ᠠᠯᠲᠠ᠎ᠶᠢᠨ ᠮᠡᠳᠡᠭ᠌ᠳᠡᠯ᠎ᠤᠨ ᠪᠢᠴᠢᠭ 》᠎ᠲᠦ ᠨᠠᠷᠢᠨ ᠦᠵᠡᠵᠦ᠍᠂ ᠬᠢᠷᠢ ᠬᠡᠮ᠎ᠦᠨ ᠳᠠᠬᠢᠨ ᠬᠢᠨᠠᠯᠲᠠ᠎ᠳᠤ ᠪᠠᠲᠣᠯᠠᠭᠳᠠᠭᠰᠠᠨ ᠬᠦᠮᠦᠰ 2026 ᠣᠨ᠎ᠤ 1 ᠳ᠋ᠦ᠍ᠭᠡᠷ ᠰᠠᠷ᠎ᠠ᠎ᠶ᠋ᠢᠨ 14 ᠎ᠤ ᠡᠳᠦᠷ᠎ᠤᠨ 10᠄ 00 ᠎ᠡᠴᠡ ᠰᠡᠭᠦᠯᠡᠷ ᠥᠪᠥᠷ ᠮᠣᠩᠭᠤᠯ᠎ᠤᠨ ᠠᠵᠢᠯᠲᠠᠨ᠎ᠤ ᠶᠠᠪᠤᠳᠠᠯ᠎ᠤᠨ ᠱᠢᠯᠭᠠᠯᠲᠠ᠎ᠶ᠋ᠢᠨ ᠮᠡᠳᠡᠭᠡ ᠵᠠᠩᠭᠢ᠎ᠶ᠋ᠢᠨ ᠰᠦᠯᠵᠢᠶ᠎ᠡ ( www.impta.com.cn ) — ᠰᠦᠯᠵᠢᠶᠡᠨ ᠳᠡᠭᠡᠷᠡᠬᠢ ᠱᠢᠯᠭᠠᠯᠲᠠ᠎ᠶ᠋ᠢᠨ ᠶᠠᠪᠤᠳᠠᠯ — ᠬᠦᠰᠦᠨᠦᠭ ᠪᠠᠭᠤᠯᠭᠠᠬᠤ ᠪᠤᠯᠤᠩ᠎ᠳᠤ ᠣᠷᠣᠵᠤ 《 ᠨᠢᠭᠤᠷᠲᠠᠨ ᠰᠢᠯᠭ᠋ᠠᠯᠲᠠ᠎ᠶᠢᠨ ᠮᠡᠳᠡᠭ᠌ᠳᠡᠯ᠎ᠤᠨ ᠪᠢᠴᠢᠭ 》 ᠎ᠢ ᠪᠠᠭᠤᠯᠭᠠᠨ ᠳᠠᠷᠤᠮᠠᠯᠯᠠᠨ᠎ᠠ᠃

ᠬᠤᠶᠠᠷ᠂ ᠬᠤᠯᠪᠣᠭ᠍ᠳᠠᠯ ᠪᠦᠬᠦᠢ ᠱᠠᠭᠠᠷᠳᠠᠯᠭ᠎ᠠ

( ᠨᠢᠭᠡ ) ᠬᠢᠷᠢ ᠬᠡᠮ᠎ᠤᠨ ᠳᠠᠬᠢᠨ ᠬᠢᠨᠠᠯᠲᠠ᠎ᠳᠦ ᠪᠠᠲᠣᠯᠠᠭᠳᠠᠨᠰᠠᠨ ᠬᠥᠮᠦᠰ ᠨᠢᠭᠤᠷᠲᠠᠨ ᠰᠢᠯᠭ᠋ᠠᠯᠲᠠ᠎ᠳᠤ ᠣᠷᠣᠯᠴᠠᠬᠣ᠎ᠳᠤ ᠡᠷᠬᠡᠪᠰᠢ ᠬᠦᠴᠦᠨ᠎ᠲᠠᠢ ᠬᠤᠭᠤᠴᠠᠭᠠᠨ ᠎ᠳᠠᠬᠢ ᠬᠤᠶᠠᠳᠤᠭᠠᠷ ᠦᠶ᠎ᠡ᠎ᠶ᠋ᠢᠨ ᠪᠡᠶ᠎ᠡ᠎ᠶ᠋ᠢᠨ ᠦᠨᠡᠮᠯᠡᠯ ᠪᠠ 《 ᠨᠢᠭᠤᠷᠲᠠᠨ ᠰᠢᠯᠭ᠋ᠠᠯᠲᠠ᠎ᠶᠢᠨ ᠮᠡᠳᠡᠭ᠌ᠳᠡᠯ᠎ᠤᠨ ᠪᠢᠴᠢᠭ 》᠎ᠢᠶᠠᠨ ᠠᠪᠴᠣ ᠶᠠᠪᠣᠬᠣ ᠬᠡᠷᠡᠭᠲᠡᠢ᠃

( ᠬᠤᠶᠠᠷ ) ᠨᠢᠭᠤᠷᠳᠠᠨ ᠰᠢᠯᠭ᠋ᠠᠯᠲᠠ ᠎ᠳᠤ ᠣᠷᠣᠯᠴᠠᠭ᠍ᠰᠠᠳ ᠣᠨᠴᠠᠭᠠᠶ ᠠᠵᠢᠯ ᠮᠡᠷᠭᠡᠵᠢᠯ᠎ᠤᠨ ᠲᠡᠮᠳᠡᠭ᠎ᠲᠠᠢ ᠳᠦᠷᠢᠮᠲᠦ ᠬᠤᠪᠴᠠᠰᠤ ᠡᠮᠦᠰᠴᠤ᠌ ᠪᠣᠯᠬᠤ ᠥᠬᠡᠶ᠂ ᠣᠨᠴᠠᠭᠠᠶ ᠲᠡᠮᠳᠡᠭ᠂ ᠵᠠᠰᠠᠯ ᠴᠢᠮᠡᠭ᠌ᠯᠡᠯ᠎ᠲᠠᠢ ᠪᠠᠢᠵᠤ ᠪᠣᠯᠬᠤ ᠥᠬᠡᠶ᠃

( ᠭᠤᠷᠪᠠ ) ᠪᠤᠰᠤᠳ ᠱᠠᠭᠠᠷᠳᠠᠯᠭ᠎ᠠ᠎ᠶ᠋ᠢ 《 ᠨᠢᠭᠤᠷᠳᠠᠨ ᠰᠢᠯᠭ᠋ᠠᠯᠲᠠ᠎ᠶᠢᠨ ᠮᠡᠳᠡᠭ᠌ᠳᠡᠯ᠎ᠤᠨ ᠪᠢᠴᠢᠭ 》 ᠎ᠤᠨ ᠶᠣᠰᠣᠭᠠᠷ ᠬᠡᠷᠡᠭᠵᠢᠭᠦᠯᠦᠭᠡᠷᠡᠢ᠃


ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2026 ᠣᠨ᠎ᠤ 1ᠳ᠋ᠦ᠍ᠭᠡᠷ ᠰᠠᠷ᠎ᠠ᠎ᠶ᠋ᠢᠨ 13 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ