
ᠲᠤᠰᠢᠶᠠᠯ ᠄ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶ᠎ᠠ ᠵᠢᠨ ᠳᠠᠷᠤᠭ᠎ᠠ᠃
ᠲᠣᠪᠴᠢ ᠨᠠᠮᠲᠠᠷ ᠄ ᠵᠠᠩ ᠱᠦ᠍ ᠮᠧᠢ᠂ ᠡᠮᠡᠭᠲᠡᠢ᠂ ᠮᠣᠩᠭᠣᠯ ᠦᠨᠳᠦᠰᠦᠲᠡᠨ᠂ 1976 ᠣᠨ᠎ᠤ 6 ᠳ᠋ᠤᠭ᠋ᠠᠷ ᠰᠠᠷ᠎ᠠ᠎ᠳᠤ ᠲᠥᠷᠥᠵᠡᠢ᠂ ᠠᠰᠫᠢᠷᠠᠨᠲ᠎ᠤᠨ ᠨᠠᠮᠲᠠᠷ᠎ᠲᠠᠢ᠂ ᠲᠡᠦᠬᠡ ᠵᠢᠨ ᠤᠬᠠᠭ᠋ᠠᠨ᠎ᠤ ᠮᠠᠰᠲ᠋ᠧᠷ᠎ᠤᠨ ᠴᠣᠯᠠ᠎ᠲᠠᠢ᠃ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠭᠡᠰᠢᠭᠦᠨ᠂ ᠳᠡᠳ᠋ ᠲᠣᠪᠴᠢᠶ᠎ᠠ ᠵᠢᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ ᠪᠣᠢ᠃
ᠠᠵᠢᠯ᠎ᠤᠨ ᠬᠤᠪᠢᠶᠠᠷᠢ᠄ ᠠᠵᠢᠯᠲᠠᠨ᠎ᠤ ᠶᠠᠪᠤᠳᠠᠯ᠎ᠤᠨ ᠭᠠᠵᠠᠷ᠂ ᠤᠬᠠᠭᠤᠯᠬᠤ ᠭᠠᠵᠠᠷ ᠂ ᠳᠠᠮᠵᠢᠭᠤᠯᠬᠤ ᠵᠠᠭᠤᠴᠢ ᠵᠢᠨ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ (ᠵᠠᠭᠤᠴᠢᠯᠠᠭᠤᠷ᠎ᠤᠨ ᠨᠡᠢ᠌ᠯᠡᠨ ᠬᠥᠭᠵᠢᠭᠦᠯᠦᠯᠲᠡᠤ ᠭᠠᠵᠠᠷ) ᠂ ᠰᠦᠯᠵᠢᠶᠡᠨ᠎ᠤ ᠦᠵᠡᠵᠦ ᠰᠣᠨᠣᠰᠬᠤ ᠫᠷᠣᠭ᠌ᠷᠠᠮ᠎ᠤᠨ ᠬᠠᠮᠢᠶᠠᠷᠤᠯᠲᠠ ᠵᠢᠨ ᠭᠠᠵᠠᠷ (ᠲᠧᠯᠸᠢᠰ ᠵᠦᠴᠦᠭᠡ ᠵᠢᠨ ᠭᠠᠵᠠᠷ)᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠂ ᠬᠢᠨᠠᠨ ᠬᠡᠮᠵᠢᠯᠲᠡ ᠪᠠ ᠬᠥᠭᠵᠢᠭᠦᠯᠦᠯᠲᠡ ᠵᠢᠨ ᠲᠥᠪ᠎ᠢ ᠬᠤᠪᠢᠳᠠᠨ ᠬᠠᠮᠢᠶᠠᠷᠤᠨ᠎ᠠ᠃ ᠨᠠᠮ᠎ᠤᠨ ᠪᠠᠶ᠋ᠢᠭᠤᠯᠤᠯᠲᠠ᠂ ᠠᠵᠢᠯᠲᠠᠨ ᠴᠢᠳᠠᠪᠤᠷᠢᠲᠠᠨ᠎ᠤ ᠶᠠᠪᠤᠳᠠᠯ᠂ ᠷᠠᠳᠢᠣ᠋ ᠲᠧᠯᠸᠢᠰ᠎ᠤᠨ ᠤᠬᠠᠭᠤᠯᠭ᠎ᠠ ᠵᠢᠯᠣᠭᠤᠳᠣᠯᠭ᠎ᠠ᠂ ᠳᠠᠮᠵᠢᠭᠤᠯᠬᠤ ᠵᠠᠭᠤᠴᠢ ᠵᠢᠨ ᠪᠠᠢ᠌ᠭᠤᠯᠤᠮᠵᠢ ᠵᠢᠨ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠰᠦᠯᠵᠢᠶᠡᠨ᠎ᠤ ᠦᠵᠡᠵᠦ ᠰᠣᠨᠣᠰᠬᠤ ᠫᠷᠣᠭ᠌ᠷᠠᠮ᠎ᠤᠨ ᠦᠢ᠍ᠯᠡᠴᠢᠯᠡᠭᠡᠨ᠎ᠤ ᠬᠠᠮᠢᠶᠠᠷᠤᠯᠲᠠ᠂ ᠲᠧᠯᠸᠢᠰ ᠵᠦᠴᠦᠭᠡ ᠵᠢᠨ ᠬᠥᠭᠵᠢᠯᠲᠡ ᠵᠢ ᠵᠢᠯᠣᠭᠤᠳᠤᠨ ᠬᠢᠨᠠᠨ ᠬᠠᠮᠢᠶᠠᠷᠬᠤ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ ᠂ ᠷᠠᠳᠢᠣ᠋ ᠲᠧᠯᠸᠢᠰ᠎ᠤᠨ ᠬᠢᠨᠠᠨ ᠬᠡᠮᠵᠢᠯᠲᠡ ᠪᠠ ᠬᠥᠭᠵᠢᠭᠦᠯᠦᠯᠲᠡ ᠵᠢᠨ ᠠᠵᠢᠯ᠎ᠢ ᠬᠠᠷᠢᠭᠤᠴᠠᠨ᠎ᠠ᠃ ᠲᠦᠷ ᠴᠠᠭ ᠠᠯᠪᠠᠨ ᠭᠡᠷ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠎ᠢ ᠣᠷᠣᠯᠠᠨ ᠬᠠᠮᠢᠶᠠᠷᠴᠤ᠂ ᠤᠯᠠᠭ᠋ᠠᠨᠬᠦᠦ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠠᠯᠪᠠᠨ ᠭᠡᠷ᠎ᠲᠠᠢ ᠬᠠᠷᠢᠯᠴᠠᠨ᠎ᠠ᠃ ᠢᠯᠡ ᠵᠠᠰᠠᠭ᠎ᠤᠨ ᠠᠵᠢᠯ᠎ᠢ ᠬᠤᠪᠢᠳᠠᠨ ᠬᠠᠮᠢᠶᠠᠷᠤᠨ᠎ᠠ᠃