2024 ᠣᠨ᠎ᠤ 12 ᠳ᠋ᠤᠭ᠋ᠠᠷ ᠰᠠᠷ᠎ᠠ ᠵᠢᠨ 13᠎ᠤ ᠡᠳᠦᠷ᠂ 《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ》 (ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 797 ᠳ᠋ᠤᠭ᠋ᠠᠷ ᠲᠣᠭ᠋ᠠᠲᠤ)᠎ᠢ ᠨᠡᠢ᠌ᠲᠡᠯᠡᠪᠡ ᠂ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 《ᠲᠣᠭᠲᠠᠭ᠋ᠠᠯ》᠎ᠳᠤ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠲᠦᠷᠢᠮ》᠎ᠳᠤ ᠵᠠᠰᠠᠪᠤᠷᠢ ᠣᠷᠤᠭᠤᠯᠬᠤ ᠵᠢ ᠲᠤᠳᠤᠷᠬᠠᠢ᠌ᠯᠠᠵᠤ ᠂ 《ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ 》᠎ᠤᠨ ᠬᠠᠮᠢᠶ᠎ᠠ ᠪᠦᠬᠦᠢ ᠵᠦᠢ᠍ᠯ ᠵᠤᠷᠪᠤᠰ᠎ᠢ ᠬᠠᠰᠤᠪᠠ᠃ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠣᠨᠢᠨ ᠮᠡᠳᠡᠭᠡᠨ᠎ᠤ ᠥᠭᠦᠯᠡᠭᠴᠢ ᠡᠭᠦᠨ᠎ᠤ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠨᠢᠭᠡ᠂ ᠠᠰᠠᠭᠤᠯᠲᠠ᠄ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ᠎ᠢ ᠬᠦᠴᠦᠨ ᠥᠬᠡᠶ ᠪᠣᠯᠭ᠋ᠠᠭᠰᠠᠨ ᠠᠬᠤᠶ ᠪᠠᠶ᠋ᠢᠳᠠᠯ ᠪᠠ ᠪᠣᠳᠣᠯᠬᠢᠯᠠᠯ᠎ᠨᠢ ᠶᠠᠭᠤ ᠪᠣᠶ?
ᠬᠠᠷᠢᠭᠤᠯᠲᠠ᠄ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠦᠷᠢᠮ᠎ᠤᠨ ᠥᠭᠡᠷᠡᠴᠢᠯᠡᠯᠲᠡ ᠵᠢ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠭ᠋ᠠᠷ ᠢᠷᠡᠵᠡᠶ᠂ 2021 ᠣᠨ᠎ᠳᠤ᠂ ᠴᠢᠯᠥᠭᠡᠲᠦ ᠠᠷᠠᠯᠵᠢᠶᠠᠨ᠎ᠤ ᠲᠣᠭᠤᠷᠢᠭ᠎ᠤᠨ ᠲᠤᠷᠰᠢᠯᠲᠠ ᠵᠢᠨ ᠴᠡᠭ᠎ᠲᠤ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ᠎ᠢ ᠬᠦᠴᠦᠨ ᠥᠬᠡᠶ ᠪᠣᠯᠭ᠋ᠠᠬᠤ ᠲᠤᠷᠰᠢᠯᠲᠠ ᠵᠢᠨ ᠴᠡᠭ᠎ᠲᠤ ᠥᠭᠡᠷᠡᠴᠢᠯᠡᠯᠲᠡ ᠬᠢᠭᠡᠳ ᠢᠳᠡᠪᠬᠢᠲᠡᠶ ᠦᠷ᠎ᠡ ᠪᠦᠲᠦᠮᠵᠢ ᠤᠯᠪᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠠᠴᠠ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠂ ᠪᠠᠭᠤᠯᠭ᠋ᠠᠬᠤ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠭᠡ ᠵᠢ ᠰᠢᠯᠢᠳᠡᠭᠵᠢᠭᠦᠯᠬᠦ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠦᠬᠦᠳᠡ ᠬᠤᠷᠠᠯ᠎ᠠᠴᠠ ᠰᠣᠶᠣᠯ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠢ ᠳᠠᠩᠰᠠᠯᠠᠬᠤ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ ᠪᠣᠯ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠲᠧᠯᠸᠢᠰ ᠵᠦᠴᠦᠭᠡ ᠵᠢᠨ ᠬᠠᠮᠢᠶᠠᠷᠤᠯᠲᠠ ᠪᠠ ᠦᠢ᠍ᠯᠡᠴᠢᠯᠡᠭᠡ ᠵᠢ ᠴᠢᠩᠭ᠋ᠠᠳᠬᠠᠨ ᠰᠠᠶ᠋ᠢᠵᠢᠷᠠᠭᠤᠯᠬᠤ᠂ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠰᠢᠨ᠎ᠡ ᠵᠢ ᠡᠭᠦᠳᠦᠨ ᠪᠦᠲᠦᠭᠡᠬᠦ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠭᠦᠨᠵᠡᠭᠡᠶ ᠠᠭᠤᠰᠤᠯᠴᠠᠯ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠤᠯᠪᠣᠭᠳᠠᠯ᠎ᠲᠠᠢ ᠶᠤᠮ᠃
ᠬᠤᠶᠠᠷ᠂ ᠠᠰᠠᠭᠤᠯᠲᠠ᠄ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ᠎ᠢ ᠬᠦᠴᠦᠨ ᠥᠬᠡᠶ ᠪᠣᠯᠭ᠋ᠠᠭᠰᠠᠨ᠎ᠤ ᠳᠠᠷᠠᠭ᠎ᠠ᠂ ᠲᠧᠯᠸᠢᠰ ᠵᠦᠴᠦᠭᠡ ᠦᠢ᠍ᠯᠡᠳᠬᠦ᠎ᠳᠤ ᠵᠥᠪᠰᠢᠶᠡᠷᠡᠯ ᠤᠯᠬᠤ ᠴᠢᠬᠤᠯᠠᠲᠠᠶ ᠤᠤ?
ᠬᠠᠷᠢᠭᠤᠯᠲᠠ᠄ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠨᠡᠶ᠋ᠢᠲᠡᠯᠡᠭᠰᠡᠨ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 ᠪᠣᠯᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠲᠧᠯᠸᠢᠰ ᠵᠦᠴᠦᠭᠡ ᠦᠢ᠍ᠯᠡᠳᠬᠦ ᠲᠤᠬᠠᠶ᠋ᠢᠯᠠᠭᠰᠠᠨ ᠠᠵᠢᠯ᠎ᠢ ᠡᠷᠬᠢᠯᠡᠬᠦ ᠪᠠ ᠪᠤᠰᠤᠳ ᠫᠷᠤᠭ᠌ᠷᠠᠮ ᠦᠢ᠍ᠯᠡᠳᠬᠦ ᠲᠤᠬᠠᠶ᠋ᠢᠯᠠᠭᠰᠠᠨ ᠠᠵᠢᠯ᠎ᠢ ᠡᠷᠬᠢᠯᠡᠬᠦ᠎ᠲᠠᠢ ᠠᠳᠠᠯᠢ᠎ᠪᠠᠷ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠣᠯᠬᠤ ᠬᠡᠷᠡᠭᠲᠡᠢ᠃ ᠬᠠᠤᠯᠢ ᠶᠣᠰᠣᠭ᠋ᠠᠷ ᠪᠠᠶ᠋ᠢᠭᠤᠯᠤᠭᠰᠠᠨ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ᠎ᠨᠢ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠴᠦ ᠡᠵᠡᠩᠨᠡᠬᠦ᠎ᠳᠤ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠠᠰᠲᠠᠭ᠋ᠠᠨ ᠭᠤᠶᠤᠴᠢᠯᠠᠨ ᠠᠪᠬᠤ ᠴᠢᠬᠤᠯᠠ ᠦᠭᠡᠢ᠃
ᠭᠤᠷᠪᠠ᠂ ᠠᠰᠠᠭᠤᠯᠲᠠ᠄ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠭᠤᠶᠤᠴᠢᠯᠠᠬᠤ᠎ᠳᠤ ᠶᠠᠮᠠᠷ ᠶᠠᠮᠠᠷ ᠨᠥᠬᠦᠴᠡᠯ᠎ᠢ ᠪᠦᠷᠢᠯᠳᠦᠭᠦᠯᠬᠦ ᠬᠡᠷᠡᠭᠲᠡᠢ ᠪᠣᠶ? ᠬᠡᠷᠬᠢᠨ ᠭᠤᠶᠤᠴᠢᠯᠠᠬᠤ ᠪᠤᠢ?
ᠬᠠᠷᠢᠭᠤᠯᠲᠠ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》᠂ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠤᠭᠤᠯᠬᠤ ᠵᠢ ᠵᠥᠪᠰᠢᠶᠡᠷᠡᠬᠦ ᠣᠨᠴᠠᠭ᠋ᠠᠢ ᠬᠠᠮᠢᠶᠠᠷᠤᠯᠲᠠ ᠵᠢᠨ ᠠᠷᠭ᠎ᠠ ᠬᠡᠮᠵᠢᠶ᠎ᠡ (ᠠᠯᠳᠠᠭᠳᠠᠯ᠎ᠲᠠᠢ ᠵᠦᠢ᠍ᠯᠡᠰ᠎ᠤᠨ ᠨᠠᠷᠢᠨ ᠳᠠᠩᠰᠠ )》 ᠪᠣᠯᠣᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠪᠡᠯ᠂ ᠪᠠᠶ᠋ᠢᠭᠤᠯᠤᠮᠵᠢ᠎ᠳᠤ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ᠂ ᠭᠠᠳᠠᠭ᠋ᠠᠳᠤ ᠪᠡᠯᠡ ᠵᠢᠨ ᠪᠦᠷᠢᠯᠳᠦᠭᠦᠨ᠎ᠢ ᠪᠠᠭᠲᠠᠭ᠋ᠠᠬᠤ ᠦᠭᠡᠢ᠂ ᠫᠷᠤᠭ᠌ᠷᠠᠮ ᠦᠢ᠍ᠯᠡᠳᠴᠦ ᠡᠵᠡᠩᠨᠡᠬᠦ ᠬᠡᠷᠡᠭᠴᠡᠭᠡ᠎ᠲᠠᠢ ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠠᠵᠢᠯᠲᠠᠨ᠂ ᠭᠤᠶᠤᠴᠢᠯᠠᠬᠤ ᠡᠳᠦᠷ᠎ᠠᠴᠠ ᠡᠮᠦᠨᠡᠬᠢ ᠭᠤᠷᠪᠠᠨ ᠵᠢᠯ᠎ᠳᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠡᠮᠳᠡᠭᠯᠡᠯ ᠪᠠᠶ᠋ᠢᠬᠤ ᠦᠭᠡᠢ ᠪᠤᠶᠤ ᠪᠠᠶ᠋ᠢᠭᠤᠯᠤᠮᠵᠢ᠎ᠨᠢ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠬᠤᠷᠢᠶᠠᠨ ᠠᠪᠴᠤ ᠬᠦᠴᠦᠨ ᠦᠭᠡᠢ ᠪᠣᠯᠭ᠋ᠠᠭᠰᠠᠨ ᠦᠭᠡᠢ ᠪᠣᠯ᠂ 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠵᠥᠪᠰᠢᠶᠡᠷᠡᠯ᠎ᠤᠨ ᠦᠨᠡᠮᠯᠡᠯ》᠎ᠢ ᠭᠤᠶᠤᠴᠢᠯᠠᠵᠤ ᠪᠣᠯᠣᠨ᠎ᠠ᠃
ᠪᠡᠭᠡᠵᠢᠩ᠎ᠳᠤ ᠪᠠᠶ᠋ᠢᠭ᠎ᠠ ᠲᠥᠪ᠎ᠤᠨ ᠨᠢᠭᠡᠴᠢ ᠵᠢᠴᠢ ᠰᠢᠭᠤᠳ ᠬᠠᠷᠢᠶ᠎ᠠ ᠪᠠᠶ᠋ᠢᠭᠤᠯᠤᠮᠵᠢ ᠵᠢᠨ ᠭᠤᠶᠤᠴᠢᠯᠠᠯ᠎ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠬᠦᠯᠢᠶᠡᠨ ᠠᠪᠴᠤ ᠰᠢᠢ᠍ᠳᠪᠦᠷᠢᠯᠡᠬᠦ ᠪᠥᠭᠡᠳ ᠬᠢᠨᠠᠨ ᠵᠥᠪᠰᠢᠶᠡᠷᠡᠨ᠎ᠡ᠃ ᠪᠤᠰᠤᠳ ᠪᠠᠶ᠋ᠢᠭᠤᠯᠤᠮᠵᠢ ᠵᠢᠨ ᠭᠤᠶᠤᠴᠢᠯᠠᠯ᠎ᠢ ᠬᠠᠷᠢᠶ᠎ᠠ ᠭᠠᠵᠠᠷ᠎ᠤᠨ ᠮᠤᠵᠢ ᠵᠢᠨ ᠱᠠᠲᠤᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠦᠯᠢᠶᠡᠨ ᠠᠪᠴᠤ ᠰᠢᠢ᠍ᠳᠪᠦᠷᠢᠯᠡᠬᠦ ᠵᠢᠨ ᠬᠠᠮᠲᠤ ᠬᠢᠨᠠᠨ ᠵᠥᠪᠰᠢᠶᠡᠷᠡᠨ᠎ᠡ᠃
ᠪᠣᠳᠠᠲᠠᠶ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠪᠣᠯᠤᠨ ᠡᠯ᠎ᠡ ᠮᠤᠵᠢ ᠵᠢᠨ ᠱᠠᠲᠤᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠦᠯᠵᠢᠶᠡᠨ ᠥᠷᠲᠡᠭᠡ᠎ᠠᠴᠠ ᠪᠠᠶ᠋ᠢᠴᠠᠭ᠋ᠠᠨ ᠯᠠᠪᠯᠠᠵᠤ ᠪᠣᠯᠤᠨ᠎ᠠ᠃
ᠳᠥᠷᠪᠡ᠂ ᠠᠰᠠᠭᠤᠯᠲᠠ᠄ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠶ᠋ᠢᠭᠤᠯᠬᠤ ᠵᠢ ᠬᠢᠨᠠᠨ ᠵᠥᠪᠰᠢᠶᠡᠷᠡᠭᠰᠡᠨ᠎ᠤ ᠳᠠᠷᠠᠭ᠎ᠠ᠂ ᠲᠧᠯᠸᠢᠰ ᠵᠦᠴᠦᠭᠡ ᠵᠢᠨ ᠠᠵᠢᠯ ᠲᠥᠷᠥᠯ᠎ᠳᠤ ᠶᠠᠮᠠᠷ ᠨᠥᠯᠥᠭᠡ ᠦᠵᠡᠭᠦᠯᠬᠦ ᠪᠣᠶ? ᠲᠧᠯᠸᠢᠰ ᠵᠥᠴᠥᠭᠡ ᠵᠢᠨ ᠶᠠᠰᠤ ᠴᠢᠨᠠᠷ᠎ᠢ ᠬᠡᠷᠬᠢᠨ ᠪᠠᠲᠤᠯᠠᠬᠤ ᠪᠤᠢ?
ᠬᠠᠷᠢᠭᠤᠯᠲᠠ᠄ ᠲᠧᠯᠸᠢᠰ ᠵᠦᠴᠦᠭᠡ ᠦᠢ᠍ᠯᠡᠳᠬᠦ ᠨᠢᠭᠡᠴᠢ ᠵᠢ ᠪᠠᠢ᠌ᠭᠤᠯᠬᠤ ᠬᠢᠨᠠᠨ ᠵᠥᠪᠰᠢᠶᠡᠷᠡᠯ᠎ᠢ ᠬᠦᠴᠦᠨ ᠦᠭᠡᠢ ᠪᠣᠯᠭ᠋ᠠᠬᠤ᠎ᠨᠢ ᠲᠧᠯᠸᠢᠰ ᠵᠦᠴᠦᠭᠡ ᠵᠢᠨ ᠬᠠᠮᠢᠶᠠᠷᠤᠯᠲᠠ ᠪᠠ ᠦᠢ᠍ᠯᠡᠴᠢᠯᠡᠭᠡ ᠵᠢ ᠴᠢᠩᠭ᠋ᠠᠳᠬᠠᠨ ᠰᠠᠶ᠋ᠢᠵᠢᠷᠠᠭᠤᠯᠬᠤ᠂ ᠲᠧᠯᠸᠢᠰ ᠵᠦᠴᠦᠭᠡ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠳᠤ ᠦᠢ᠍ᠯᠡᠴᠢᠯᠡᠬᠦ᠂ ᠬᠥᠲᠥᠯᠥᠨ ᠵᠢᠯᠣᠭᠤᠳᠬᠤ᠂ ᠵᠣᠬᠢᠶᠠᠨ ᠪᠠᠶ᠋ᠢᠭᠤᠯᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠬᠦ᠂ ᠦᠷ᠎ᠡ ᠪᠦᠲᠦᠭᠡᠯ ᠭᠠᠷᠭ᠋ᠠᠬᠤ ᠪᠠ ᠴᠢᠳᠠᠪᠤᠷᠢᠲᠠᠨ ᠭᠠᠷᠭ᠋ᠠᠬᠤ ᠵᠢ ᠤᠶᠠᠯᠳᠤᠭᠤᠯᠬᠤ᠂ ᠵᠣᠬᠢᠶᠠᠯ ᠪᠦᠲᠦᠭᠡᠯ᠎ᠢ ᠠᠳᠬᠤᠬᠤ ᠪᠠ ᠣᠷᠴᠢᠨ ᠲᠣᠭᠤᠷᠢᠨ᠎ᠢ ᠠᠳᠬᠤᠬᠤ ᠵᠢ ᠬᠠᠷᠢᠯᠴᠠᠨ ᠤᠶᠠᠯᠳᠤᠭᠤᠯᠬᠤ ᠵᠢ ᠠᠬᠢᠭᠤᠯᠵᠤ᠂ ᠨᠡᠩ ᠣᠯᠠᠨ ᠪᠠᠶ᠋ᠢᠭᠤᠯᠤᠮᠵᠢ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠳᠤ ᠣᠷᠣᠯᠴᠠᠭᠤᠯᠵᠤ᠂ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠰᠢᠨ᠎ᠡ ᠵᠢ ᠡᠭᠦᠳᠦᠨ ᠪᠦᠲᠦᠭᠡᠬᠦ ᠪᠠ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠎ᠳᠤ ᠠᠰᠢᠭᠲᠠᠢ ᠶᠤᠮ᠃
ᠡᠭᠦᠨ᠎ᠤ ᠬᠠᠮᠲᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠲᠧᠯᠸᠢᠰ ᠵᠦᠴᠦᠭᠡ ᠰᠡᠭᠦᠳᠡᠷᠯᠡᠨ ᠦᠢ᠍ᠯᠡᠳᠬᠦ ᠵᠢ ᠳᠠᠩᠰᠠᠯᠠᠭᠤᠯᠬᠤ᠂ ᠵᠣᠬᠢᠶᠠᠨ ᠪᠦᠲᠦᠭᠡᠬᠦ ᠵᠢ ᠵᠢᠯᠣᠭᠤᠳᠬᠤ᠂ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠵᠡᠷᠭᠡ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠰᠠᠶ᠋ᠢᠵᠢᠷᠠᠭᠤᠯᠵᠤ᠂ ᠲᠧᠯᠸᠢᠰ ᠵᠦᠴᠦᠭᠡ ᠵᠢ ᠰᠡᠭᠦᠳᠡᠷᠯᠡᠨ ᠦᠢ᠍ᠯᠡᠳᠬᠦ ᠵᠢ ᠳᠠᠩᠰᠠᠯᠠᠭᠤᠯᠬᠤ ᠵᠢᠨ ᠨᠡᠶ᠋ᠢᠲᠡᠯᠡᠬᠦ ᠲᠦᠷᠢᠮ᠂ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠪᠠ 《ᠲᠧᠯᠸᠢᠰ ᠵᠦᠴᠦᠭᠡ ᠵᠢ ᠲᠠᠷᠬᠠᠭ᠋ᠠᠬᠤ ᠵᠥᠪᠰᠢᠶᠡᠷᠡᠯ᠎ᠤᠨ ᠦᠨᠡᠮᠯᠡᠯ》᠎ᠤᠨ ᠲᠦᠷᠢᠮ᠎ᠢ ᠬᠡᠷᠡᠭᠵᠢᠭᠦᠯᠬᠦ᠎ᠪᠠᠷ ᠳᠠᠮᠵᠢᠭᠤᠯᠤᠨ᠂ ᠬᠡᠷᠡᠭ ᠶᠠᠪᠤᠳᠠᠯ᠎ᠤᠨ ᠡᠮᠦᠨᠡᠬᠢ ᠂ ᠬᠡᠷᠡᠭ ᠶᠠᠪᠤᠳᠠᠯ᠎ᠤᠨ ᠳᠤᠮᠳᠠᠬᠢ ᠪᠠ ᠬᠡᠷᠡᠭ ᠶᠠᠪᠤᠳᠠᠯ᠎ᠤᠨ ᠳᠠᠷᠠᠭ᠋ᠠᠬᠢ ᠪᠥᠬᠦ ᠬᠡᠯᠬᠢᠶᠡᠨ᠎ᠤ ᠪᠥᠬᠦ ᠶᠠᠪᠤᠴᠠ ᠵᠢᠨ ᠬᠢᠨᠠᠨ ᠬᠠᠮᠢᠶᠠᠷᠬᠤ ᠲᠣᠭᠲᠠᠴᠠ ᠪᠠ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠥᠬᠦ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠦᠷᠢᠮ᠎ᠢ ᠲᠠᠰᠤᠷᠠᠯᠲᠠ ᠥᠬᠡᠶ ᠪᠦᠷᠢᠨᠰᠢᠭᠦᠯᠵᠦ᠂ ᠲᠧᠯᠸᠢᠰ ᠵᠦᠴᠦᠭᠡ ᠵᠢᠨ ᠲᠥᠯᠥᠪᠵᠢᠭᠦᠯᠭᠡ ᠵᠢ ᠲᠣᠭᠲᠠᠭ᠋ᠠᠬᠤ᠂ ᠵᠦᠴᠦᠭᠡ ᠵᠢᠨ ᠳᠡᠪᠲᠡᠷ᠎ᠢ ᠵᠣᠬᠢᠶᠠᠨ ᠪᠦᠲᠦᠭᠡᠬᠦ᠂ ᠰᠡᠭᠦᠳᠡᠷᠯᠡᠨ ᠦᠢ᠍ᠯᠡᠳᠬᠦ᠂ ᠬᠢᠨᠠᠨ ᠪᠠᠶ᠋ᠢᠴᠠᠭ᠋ᠠᠵᠤ ᠨᠡᠪᠲᠡᠷᠡᠭᠦᠯᠬᠦ ᠵᠡᠷᠭᠡ ᠡᠯ᠎ᠡ ᠵᠠᠩᠭᠢᠯᠠᠭ᠎ᠠ ᠵᠢᠨ ᠶᠠᠰᠤ ᠴᠢᠨᠠᠷ᠎ᠢ ᠡᠵᠡᠮᠳᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠲᠧᠯᠸᠢᠰ ᠵᠦᠴᠦᠭᠡ ᠵᠢᠨ ᠦᠢ᠍ᠯᠡᠳᠪᠦᠷᠢᠯᠡᠯ᠎ᠢ ᠵᠣᠬᠢᠶᠠᠨ ᠪᠦᠲᠦᠭᠡᠵᠦ ᠨᠡᠪᠲᠡᠷᠡᠭᠦᠯᠬᠦ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠲᠧᠯᠸᠢᠰ ᠵᠦᠴᠦᠭᠡ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠠᠯᠢ ᠣᠯᠠᠨ ᠬᠦᠴᠦᠲᠡᠶ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠵᠣᠬᠢᠶᠠᠨ ᠪᠦᠲᠦᠭᠡᠬᠦ ᠪᠠᠶ᠋ᠢᠭᠤᠯᠤᠮᠵᠢ ᠵᠢᠨ ᠴᠠᠭ ᠦᠶ᠎ᠡ ᠵᠢᠨ ᠬᠦᠰᠡᠯ ᠱᠠᠭ᠋ᠠᠷᠳᠠᠯᠭ᠎ᠠ ᠵᠢ ᠲᠤᠰᠬᠠᠬᠤ ᠂ ᠠᠷᠠᠳ ᠲᠦᠮᠡᠨ᠎ᠤ ᠲᠡᠮᠡᠴᠡᠯ᠎ᠢ ᠢᠯᠡᠷᠡᠭᠦᠯᠬᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠬᠦ᠂ ᠡᠷᠬᠢᠮ ᠳᠡᠭᠡᠳᠦ ᠵᠠᠩ ᠰᠡᠳᠬᠢᠯᠭᠡ ᠵᠢ ᠬᠥᠮᠦᠵᠢᠭᠦᠯᠬᠦ ᠨᠠᠩ ᠣᠯᠠᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠵᠢ ᠬᠥᠲᠥᠯᠦᠨ ᠵᠢᠯᠣᠭᠤᠳᠴᠤ᠂ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠬᠤ ᠵᠢ ᠬᠥᠲᠥᠯᠦᠨ ᠵᠢᠯᠣᠭᠤᠳᠴᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠠᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠭᠤᠯᠤᠨ᠎ᠠ᠃
ᠲᠥᠷᠥ ᠵᠢᠨ ᠪᠣᠳᠣᠯᠭ᠎ᠠ ᠵᠢᠨ ᠤᠤᠯ ᠵᠣᠬᠢᠶᠠᠯ᠄ ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ