《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》᠎ᠤᠨ ᠲᠠᠶ᠋ᠢᠯᠤᠮᠵᠢ
2024-07-04

      ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠠᠢ᠂ ᠡᠳᠦᠭᠡ ᠭᠤᠷᠪᠠᠨ ᠲᠠᠯ᠎ᠠ᠎ᠠᠴᠠ ᠲᠠᠶ᠋ᠢᠯᠤᠮᠵᠢ ᠬᠢᠶ᠎ᠡ᠃
      ᠨᠢᠭᠡ᠂ 《ᠮᠡᠳᠡᠭᠳᠡᠯ》᠎ᠢ ᠲᠣᠭᠲᠠᠭ᠋ᠠᠭᠰᠠᠨ ᠠᠬᠤᠢ ᠪᠠᠶ᠋ᠢᠳᠠᠯ ᠵᠢᠴᠢ ᠴᠢᠬᠤᠯᠠ ᠴᠢᠨᠠᠷ
      《ᠮᠡᠳᠡᠭᠳᠡᠯ》᠎ᠳᠤ ᠥᠪᠡᠷᠲᠡᠭᠡᠨ ᠵᠠᠰᠠᠬᠤ ᠣᠷᠣᠨ᠎ᠤ 《ᠳᠤᠯᠠᠭ᠋ᠠᠯᠠᠭ᠎ᠠ ᠵᠢᠨ ᠢᠨᠵᠧᠨᠧᠷᠢᠩ》᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠪᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ》 ᠵᠢᠨ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠡᠭᠦᠯᠴᠢ ᠵᠢᠨ ᠮᠠᠯᠵᠢᠬᠤ ᠲᠠᠷᠢᠶᠠᠯᠠᠬᠤ ᠣᠷᠣᠨ᠎ᠤ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢᠨ ᠬᠤᠲᠠ ᠵᠢᠨ ᠪᠠᠷᠢᠮᠵᠢᠶ᠎ᠠ᠎ᠳᠤ ᠡᠵᠡᠯᠡᠬᠦ ᠬᠠᠷᠢᠴᠠᠯ᠎ᠢ 75%᠎ᠳᠤ ᠬᠦᠷᠭᠡᠬᠦ》 ᠲᠤᠬᠠᠶ ᠵᠢᠱ᠌ᠢᠯᠲᠡ ᠵᠢᠨ ᠴᠢᠨᠠᠷᠲᠠᠶ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶ᠎ᠠ ᠵᠢ ᠯᠠᠪᠳᠠᠭᠤᠨ ᠵᠶ᠋ᠠᠷ ᠳᠡᠭᠡᠭᠰᠢᠯᠡᠭᠦᠯᠵᠦ᠂ ᠬᠤᠲᠠ ᠬᠥᠳᠡᠭᠡ᠂ ᠣᠷᠣᠨ ᠪᠦᠰᠡ ᠵᠢᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠬᠤ ᠵᠢᠨ ᠲᠥᠯᠥᠭᠡ ᠶᠤᠮ᠃
      ᠬᠤᠶᠠᠷ᠂ 《ᠮᠡᠳᠡᠭᠳᠡᠯ》᠎ᠢ ᠲᠤᠭᠤᠷᠪᠢᠭᠰᠠᠨ ᠦᠨᠳᠦᠰᠦᠯᠡᠯ
      《ᠨᠡᠶ᠋ᠢᠭᠡᠮ᠎ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 649 ᠳ᠋ᠤᠭᠡᠷ ᠲᠣᠭ᠋ᠠᠲᠤ)᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠤᠨ 《ᠨᠡᠶ᠋ᠢᠭᠡᠮ᠎ᠤᠨ ᠠᠪᠤᠷᠠᠨ ᠲᠤᠰᠠᠯᠠᠬᠤ ᠲᠦᠷᠢᠮ᠎ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠶ ᠰᠠᠨᠠᠯ》 (ᠲᠥᠪ ᠠᠯᠪᠠᠨ ᠲᠠᠷᠬᠠᠭ᠋ᠠᠭᠰᠠᠨ [2020] 18 ᠳ᠋ᠤᠭ᠋ᠠᠷ ᠲᠣᠭ᠋ᠠᠲᠤ)᠂ 《ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠠᠷᠭ᠎ᠠ ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ [2015] 94 ᠳ᠋ᠦ᠍ᠭᠡᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ 《2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶᠠᠨ᠎ᠤ ᠬᠠᠮᠢᠶ᠎ᠠ ᠪᠥᠬᠦᠶ ᠵᠦᠢ᠍ᠯᠡᠰ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠪᠠ᠃
      ᠭᠤᠷᠪᠠ᠂ 《ᠮᠡᠳᠡᠭᠳᠡᠯ》᠎ᠤᠨ ᠦᠨᠳᠦᠰᠦᠨ ᠪᠣᠷᠣ ᠲᠥᠯᠥᠪ ᠪᠠ ᠭᠤᠣᠯ ᠠᠭᠤᠯᠭ᠎ᠠ
      《ᠮᠡᠳᠡᠭᠳᠡᠯ》᠎ᠢ ᠨᠡᠶ᠋ᠢᠳᠡ ᠲᠦᠷᠪᠡᠨ ᠬᠡᠰᠡᠭ ᠬᠤᠪᠢᠶᠠᠪᠠ᠃
      ᠨᠢᠭᠡ᠎ᠳᠤ᠂ ᠬᠢᠨᠠᠨ ᠬᠠᠷᠭᠤᠭᠤᠯᠵᠤ ᠲᠣᠭᠲᠠᠭ᠋ᠠᠭᠰᠠᠨ ᠠᠪᠤᠷᠠᠨ ᠲᠤᠰᠠᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭ᠋ᠠᠭᠰᠠᠨ 2024 ᠣᠨ᠎ᠤ ᠨᠡᠶ᠋ᠢᠭᠡᠮ᠎ᠤᠨ ᠠᠪᠤᠷᠠᠨ ᠲᠤᠰᠠᠯᠠᠬᠤ ᠪᠠᠷᠢᠮᠵᠢᠶ᠎ᠠ ᠵᠢ 2024 ᠣᠨ᠎ᠤ 7 ᠳ᠋ᠤᠭ᠋ᠠᠷ ᠰᠠᠷ᠎ᠠ᠎ᠠᠴᠠ ᠡᠬᠢᠯᠡᠨ ᠬᠡᠷᠡᠭᠵᠢᠭᠦᠯᠵᠦ᠂ ᠬᠠᠮᠢᠶ᠎ᠠ ᠪᠥᠬᠦᠶ ᠭᠠᠵᠠᠷ ᠣᠷᠣᠨ᠎ᠢ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠤ ᠳᠠᠷᠠᠭ᠎ᠠ ᠬᠤᠲᠠ ᠬᠥᠳᠡᠭᠡ ᠵᠢᠨ ᠨᠠᠭ᠋ᠠᠳᠤ ᠵᠠᠬ᠎ᠠ ᠵᠢᠨ ᠪᠠᠲᠤᠯᠠᠭ᠎ᠠ ᠰᠢᠨ᠎ᠡ᠎ᠪᠠᠷ ᠭᠤᠶᠤᠴᠢᠯᠠᠬᠤ᠂ ᠣᠨᠴᠠ ᠬᠦᠴᠢᠷᠳᠡᠯᠲᠡᠶ ᠡᠲᠡᠭᠡᠳ᠎ᠤᠨ ᠬᠡᠷ ᠪᠦᠯᠢ ᠵᠢᠨ ᠣᠷᠣᠯᠭ᠎ᠠ ᠵᠢ ᠲᠥᠰᠦᠭᠡᠯᠡᠨ ᠪᠤᠳᠤᠬᠤ ᠪᠠ ᠤᠤᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠣᠨᠴᠠ ᠬᠦᠴᠢᠷᠳᠡᠯᠲᠡᠶ ᠡᠲᠡᠭᠡᠳ᠎ᠤᠨ ᠨᠥᠬᠦᠪᠥᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠠᠵᠢᠯ᠎ᠢ ᠰᠠᠶ᠋ᠢᠲᠤᠷ ᠬᠢᠵᠦ᠂ ᠪᠠᠲᠤᠯᠠᠬᠤ ᠶᠣᠰᠣᠲᠠᠶ ᠵᠢ᠎ᠨᠢ ᠪᠦᠬᠦᠨ᠎ᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
      ᠬᠤᠶᠠᠷ᠎ᠲᠤ᠂ ᠠᠪᠤᠷᠠᠨ ᠲᠤᠰᠠᠯᠠᠬᠤ ᠪᠠᠷᠢᠮᠵᠢᠶ᠎ᠠ ᠵᠢ ᠬᠥᠳᠡᠯᠦᠩᠭᠦᠶ᠎ᠪᠠᠷ ᠳᠣᠭᠢᠷᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠣᠰ ᠤᠳᠠᠭ᠋ᠠᠨ᠎ᠤ ᠲᠣᠬᠢᠷᠠᠭᠤᠯᠤᠯᠲᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠭᠠᠵᠠᠷ ᠣᠷᠣᠨ᠎ᠤ ᠨᠠᠭ᠋ᠠᠳᠤ ᠵᠠᠬ᠎ᠠ ᠵᠢᠨ ᠪᠠᠲᠤᠯᠠᠭ᠎ᠠ ᠵᠢ ᠲᠣᠭᠲᠠᠭ᠋ᠠᠬᠤ ᠪᠠ ᠲᠣᠬᠢᠷᠠᠭᠤᠯᠬᠤ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠲᠣᠭᠲᠠᠭ᠋ᠠᠯ ᠭᠠᠷᠭ᠋ᠠᠵᠤ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠲᠤᠬᠠᠶ ᠵᠢᠨ ᠭᠠᠵᠠᠷ᠎ᠤᠨ ᠳᠡᠭᠡᠷ᠎ᠡ ᠵᠢᠯ᠎ᠤᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠬᠡᠷᠡᠭᠯᠡᠭᠡᠨ᠎ᠤ ᠵᠠᠷᠤᠯᠭ᠎ᠠ᠎ᠲᠠᠢ ᠬᠤᠯᠪᠣᠭᠳᠠᠭᠤᠯᠤᠭᠰᠠᠨ ᠬᠡᠮᠵᠢᠶᠡᠵᠢᠭᠦᠯᠦᠭᠰᠡᠨ ᠬᠠᠷᠢᠴᠠᠯ᠎ᠢ ᠲᠤᠳᠤᠷᠬᠠᠢ ᠱᠠᠭ᠋ᠠᠷᠳᠠᠵᠤ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠵᠢ ᠨᠠᠭ᠋ᠠᠳᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠂ ᠠᠵᠢᠯ ᠠᠯᠳᠠᠯᠲᠠ ᠵᠢᠨ ᠳᠠᠭ᠋ᠠᠳᠬᠠᠯ᠎ᠲᠠᠢ ᠵᠦᠢ ᠵᠣᠬᠢᠰᠲᠠᠶ ᠵᠣᠯᠭ᠋ᠠᠭᠤᠯᠬᠤ ᠵᠢ ᠴᠢᠩᠭ᠋ᠠᠷᠠᠭᠤᠯᠵᠤ᠂ ᠨᠠᠭ᠋ᠠᠳᠤ ᠵᠠᠬ᠎ᠠ ᠵᠢᠨ ᠪᠠᠲᠤᠯᠠᠭ᠎ᠠ ᠵᠡᠷᠭᠡ ᠨᠡᠶ᠋ᠢᠭᠡᠮ᠎ᠤᠨ ᠠᠪᠤᠷᠠᠨ ᠲᠤᠰᠠᠯᠠᠬᠤ ᠪᠠᠲᠤᠯᠠᠭ᠎ᠠ ᠵᠢᠨ ᠪᠠᠷᠢᠮᠵᠢᠶᠠᠨ᠎ᠤ ᠬᠥᠳᠡᠯᠦᠩᠭᠦᠶ ᠲᠣᠬᠢᠷᠠᠭᠤᠯᠤᠯᠲᠠ ᠬᠢᠬᠦ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠪᠡ᠃
      ᠭᠤᠷᠪᠠ᠎ᠳᠤ᠂ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠦᠪᠥᠷᠢ ᠵᠢᠨ ᠣᠯᠭᠤᠯᠲᠠ ᠵᠢ ᠵᠢᠷᠤᠮᠵᠢᠭᠤᠯᠤᠨ᠎ᠠ᠃ ᠡᠯ᠎ᠡ ᠭᠠᠵᠠᠷ᠎ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ ᠵᠢᠨ ᠰᠢᠩᠭᠡᠭᠡᠯᠲᠡ᠎ᠪᠠᠨ ᠡᠷᠴᠢᠮᠵᠢᠭᠦᠯᠵᠦ᠂ ᠪᠡᠯᠡ ᠮᠥᠩᠭᠦ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠬᠦ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠡᠯ᠎ᠡ ᠭᠠᠵᠠᠷ᠎ᠤᠨ ᠠᠪᠤᠷᠠᠨ ᠲᠤᠰᠠᠯᠠᠬᠤ ᠪᠡᠯᠡ ᠮᠥᠩᠭᠦ ᠵᠢᠨ ᠣᠷᠣᠭᠤᠯᠤᠯᠲᠠ᠎ᠪᠠᠨ ᠤᠯᠠᠮ ᠨᠢᠭᠡ ᠠᠯᠬᠤᠮ ᠡᠷᠴᠢᠮᠵᠢᠭᠦᠯᠵᠦ᠂ ᠪᠡᠯᠡ ᠮᠥᠩᠭᠦ ᠵᠢᠨ ᠦᠨᠳᠦᠰᠦᠨ ᠵᠦᠢ᠍ᠯ᠎ᠢ ᠪᠠᠲᠤᠯᠠᠬᠤ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠬᠤ ᠵᠢ ᠴᠢᠬᠤᠯᠠᠴᠢᠯᠠᠪᠠ᠃
      ᠳᠥᠷᠪᠡ᠎ᠳᠤ᠂ ᠣᠷᠣᠯᠭ᠎ᠠ ᠪᠠᠭ᠋ᠠᠲᠠᠶ ᠬᠥᠮᠦᠨ ᠠᠮᠠ ᠵᠢ ᠬᠥᠳᠡᠯᠦᠩᠭᠦᠶ᠎ᠪᠠᠷ ᠬᠢᠨᠠᠨ ᠬᠡᠮᠵᠢᠬᠦ ᠪᠠ ᠪᠠᠶ᠋ᠢᠩᠭᠤᠰᠢᠭᠤᠯᠤᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠵᠢ ᠴᠢᠩᠭ᠋ᠠᠳᠬᠠᠨ᠎ᠠ᠃ ᠡᠯ᠎ᠡ ᠭᠠᠵᠠᠷ᠎ᠤᠨ ᠣᠷᠣᠯᠭ᠎ᠠ ᠪᠠᠭ᠋ᠠᠲᠠᠶ ᠬᠥᠮᠦᠨ ᠠᠮᠠ ᠵᠢ ᠮᠠᠭ᠋ᠠᠳᠯᠠᠨ ᠲᠣᠭᠲᠠᠭ᠋ᠠᠬᠤ ᠠᠵᠢᠯ᠎ᠢ ᠥᠷᠨᠢᠭᠦᠯᠬᠦ᠂ ᠬᠥᠳᠡᠯᠦᠩᠭᠦᠶ᠎ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠯ ᠲᠣᠭ᠋ᠠᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠬᠦ᠂ ᠪᠠᠶ᠋ᠢᠩᠭᠤᠰᠢᠭᠤᠯᠤᠭᠰᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠬᠦ ᠵᠡᠷᠭᠡ ᠠᠵᠢᠯ᠎ᠳᠤ ᠱᠠᠭ᠋ᠠᠷᠳᠠᠯᠭ᠎ᠠ ᠳᠤᠷᠠᠳᠪᠠ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ