ᠣᠶ᠋ᠢᠷ᠎ᠠ᠎ᠳᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠂ ᠤᠯᠤᠰ ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠷᠠᠳ᠎ᠤᠨ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ 《 ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ 》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠵᠦ᠂ 2025 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ 《ᠬᠠᠮᠢᠶᠠᠷᠤᠯᠲᠠ ᠵᠢᠨ ᠠᠷᠭ᠎ᠠ 》 ᠵᠢᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠥᠬᠦᠮ ᠲᠠᠨᠢᠯᠴᠠᠭᠤᠯᠤᠭ᠋ᠠᠳ ᠥᠭᠭᠦᠨ᠎ᠡ ᠦᠦ?
ᠬᠠᠷᠢᠭᠤᠯᠲᠠ᠄ ᠢᠨᠲ᠋ᠧᠷ ᠰᠦᠯᠵᠢᠶᠡᠨ᠎ᠤ ᠲᠦᠭᠡᠮᠡᠯᠵᠢᠯᠲᠡ ᠪᠠ ᠲᠣᠭ᠋ᠠᠴᠢᠯᠠᠭᠰᠠᠨ ᠠᠵᠤ ᠠᠬᠤᠢ ᠵᠢᠨ ᠥᠷᠨᠢᠩᠭᠦᠢ ᠬᠥᠭᠵᠢᠯᠲᠡ ᠵᠢ ᠳᠠᠭ᠋ᠠᠯᠳᠤᠨ᠂ ᠢᠨᠲ᠋ᠧᠷ ᠰᠦᠯᠵᠢᠶ᠎ᠡ᠎ᠨᠢ ᠨᠡᠶ᠋ᠢᠭᠡᠮ᠎ᠤᠨ ᠡᠯ᠎ᠡ ᠲᠠᠯ᠎ᠠ᠎ᠳᠤ ᠪᠦᠬᠦ ᠲᠠᠯ᠎ᠠ᠎ᠪᠠᠷ ᠠᠭᠤᠰᠤᠯᠴᠠᠵᠤ᠂ ᠮᠠᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠪᠠ ᠨᠡᠶ᠋ᠢᠭᠡᠮ᠎ᠤᠨ ᠵᠠᠰᠠᠯᠲᠠ ᠵᠢᠨ ᠠᠷᠭ᠎ᠠ ᠮᠠᠶᠢᠭ᠎ᠲᠤ ᠬᠦᠨᠵᠡᠭᠡᠢ ᠬᠤᠪᠢᠰᠤᠯᠲᠠ ᠭᠠᠷᠭ᠋ᠠᠬᠤ ᠪᠤᠯᠤᠨ᠎ᠠ ᠃ ᠡᠭᠦᠨ᠎ᠤ ᠵᠡᠷᠭᠡ᠎ᠪᠠᠷ ᠂ ᠰᠦᠯᠵᠢᠶᠡᠨ᠎ᠤ ᠣᠷᠣᠨ ᠵᠠᠶ᠎ᠳᠤ ᠬᠤᠪᠢ ᠬᠥᠮᠦᠨ᠎ᠤ ᠪᠡᠶ᠎ᠡ ᠭᠠᠷᠤᠯ᠎ᠢ ᠪᠦᠲᠦᠮᠵᠢᠲᠡᠶ᠎ᠪᠠᠷ ᠢᠯᠭ᠋ᠠᠨ ᠲᠠᠨᠢᠬᠤ ᠵᠢᠨ ᠲᠥᠯᠥᠭᠡ᠂ ᠬᠤᠪᠢ ᠬᠥᠮᠦᠨ᠎ᠤ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢᠨ ᠭᠡᠷᠡᠴᠢᠯᠡᠯ᠎ᠤᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠰᠠᠭᠤᠷᠢᠯᠠᠨ ᠳᠡᠯᠪᠡᠷᠡᠯᠲᠡ ᠵᠢᠨ ᠮᠠᠶᠢᠭ ᠵᠶ᠋ᠠᠷ ᠨᠡᠮᠡᠭᠳᠡᠵᠦ ᠂ ᠬᠡᠰᠡᠭ ᠲᠠᠯ᠎ᠠ᠎ᠪᠠᠷ ᠰᠦᠯᠵᠢᠶᠡᠨ᠎ᠤ ᠣᠷᠣᠨ ᠵᠠᠶ ᠵᠢᠨ ᠲᠤᠬᠠᠶ᠋ᠢᠯᠠᠭᠰᠠᠨ ᠠᠵᠢᠯ ᠵᠶ᠋ᠠᠨ ᠭᠦᠢ᠍ᠴᠡᠳᠬᠡᠬᠦ ᠢᠲᠡᠭᠡᠮᠵᠢ ᠵᠢᠨ ᠰᠠᠭᠤᠷᠢ ᠵᠢ ᠬᠠᠩᠭ᠋ᠠᠭᠰᠠᠨ ᠪᠣᠯᠪᠠᠴᠤ ᠪᠠᠰᠠ ᠰᠢᠨ᠎ᠡ ᠠᠰᠠᠭᠤᠳᠠᠯ᠎ᠢ ᠡᠭᠦᠰᠴᠡᠶ᠂ ᠵᠢᠱ᠌ᠢᠶᠡᠯᠡᠪᠡᠯ ᠢᠨᠲ᠋ᠧᠷ ᠰᠦᠯᠵᠢᠶᠡᠨ᠎ᠤ ᠲᠠᠪᠴᠠᠩ᠎ᠨᠢ ᠡᠷᠬᠡ ᠰᠦᠷ᠎ᠲᠠᠢ᠂ ᠨᠠᠶ᠋ᠢᠳᠠᠪᠤᠷᠢᠲᠠᠶ᠂ ᠳᠥᠭᠦᠮ ᠳᠥᠲᠡ ᠠᠷᠠᠳ ᠢᠷᠭᠡᠳ᠎ᠤᠨ ᠪᠡᠶ᠎ᠡ ᠬᠡᠮ᠎ᠤᠨ ᠭᠡᠷᠡᠴᠢᠯᠡᠯ᠎ᠤᠨ ᠠᠷᠭ᠎ᠠ ᠮᠠᠶᠢᠭ᠎ᠢ ᠡᠷᠢᠵᠦ ᠤᠯᠬᠤ᠎ᠳᠤ ᠪᠡᠷᠬᠡ ᠂ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠨᠢ ᠬᠠᠤᠯᠢ ᠪᠤᠰᠤ᠎ᠪᠠᠷ ᠴᠣᠭᠯᠠᠭᠣᠯᠣᠭᠳᠠᠭᠰᠠᠨ ᠂ ᠲᠣᠭ᠋ᠠᠴᠢᠯᠠᠭᠰᠠᠨ ᠠᠵᠤ ᠠᠬᠤᠶ᠎ᠳᠤ ᠢᠲᠡᠭᠡᠮᠵᠢᠲᠤ ᠲᠣᠭ᠋ᠠᠴᠢᠯᠠᠭᠰᠠᠨ ᠪᠡᠶ᠎ᠡ ᠬᠡᠮ ᠵᠶ᠋ᠡᠷ ᠲᠤᠯᠭ᠋ᠠᠭᠤᠷᠢᠯᠠᠯ ᠪᠣᠯᠭ᠋ᠠᠬᠤ᠎ᠨᠢ ᠲᠤᠲᠠᠭᠳᠠᠵᠤ ᠪᠠᠢ᠌ᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠳᠤ ᠴᠢᠭᠯᠡᠭᠦᠯᠦᠨ᠂ ᠣᠯᠠᠨ ᠤᠯᠤᠰ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠪᠠᠷ ᠳᠠᠮᠵᠢᠭᠤᠯᠤᠨ ᠢᠲᠡᠭᠡᠮᠵᠢᠲᠤ ᠲᠣᠭ᠋ᠠᠴᠢᠯᠠᠭᠰᠠᠨ ᠪᠡᠶ᠎ᠡ ᠬᠡᠮ᠎ᠤᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠠᠷᠠᠳ ᠢᠷᠭᠡᠳ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠪᠠ ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠢᠲᠡᠭᠡᠮᠵᠢᠲᠤ ᠲᠣᠭ᠋ᠠᠴᠢᠯᠠᠭᠰᠠᠨ ᠪᠡᠶ᠎ᠡ ᠬᠡᠮ ᠪᠣᠯᠤᠨ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠣᠯᠠᠴᠢᠯᠠᠵᠦ ᠪᠣᠢ ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ 《ᠣᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ ᠬᠡᠷᠡᠭᠲᠡᠢ》 ᠭᠡᠵᠦ ᠵᠢᠭ᠋ᠠᠵᠤ ᠭᠠᠷᠭ᠋ᠠᠪᠠ᠃ 《〈ᠠᠷᠪᠠᠨ ᠳᠥᠷᠪᠡᠳᠦᠭᠡᠷ ᠲᠠᠪᠤᠨ ᠵᠢᠯ᠎ᠤᠨ ᠲᠦᠯᠦᠪᠵᠢᠭᠦᠯᠭᠡ 〉 ᠵᠢᠨ ᠤᠯᠤᠰ᠎ᠤᠨ ᠮᠡᠳᠡᠭᠡ ᠵᠠᠩᠭᠢᠵᠢᠯᠲᠠ ᠵᠢᠨ ᠲᠥᠯᠥᠪᠵᠢᠭᠦᠯᠭᠡ》᠎ᠳᠤ 《ᠨᠡᠶ᠋ᠢᠭᠡᠮ᠎ᠤᠨ ᠣᠯᠠᠨ ᠨᠡᠶ᠋ᠢᠲᠡ ᠵᠢᠨ ᠲᠣᠭ᠋ᠠᠴᠢᠯᠠᠭᠰᠠᠨ ᠪᠡᠶ᠎ᠡ ᠬᠡᠮ᠎ᠤᠨ ᠬᠠᠮᠢᠶᠠᠷᠤᠯᠲᠠ ᠵᠢᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠣᠭ᠋ᠠᠴᠢᠯᠠᠭᠰᠠᠨ ᠪᠡᠶ᠎ᠡ ᠬᠡᠮ᠎ᠤᠨ ᠬᠠᠮᠢᠶᠠᠷᠤᠯᠲᠠ ᠵᠢᠨ ᠲᠣᠭᠲᠠᠯᠴᠠᠭ᠎ᠠ ᠵᠢᠨ ᠪᠠᠷᠢᠮᠵᠢᠶᠠᠵᠢᠭᠤᠯᠬᠤ ᠵᠢ ᠨᠡᠢ᠌ᠳᠬᠡᠵᠦ ᠵᠣᠯᠭ᠋ᠠᠭᠤᠯᠬᠤ ᠵᠢ ᠴᠢᠩᠭ᠋ᠠᠳᠬᠠᠨ᠎ᠠ 》 ᠭᠡᠵᠦ ᠲᠣᠳᠣᠷᠬᠠᠢ᠌ᠯᠠᠪᠠ ᠃ 《 ᠲᠣᠭ᠎ᠠ ᠪᠠᠷᠢᠮᠲᠠ ᠵᠢᠨ ᠰᠠᠭᠤᠷᠢ ᠲᠦᠷᠢᠮ᠎ᠢ ᠪᠠᠶ᠋ᠢᠭᠤᠯᠵᠤ ᠲᠣᠭ᠎ᠠ ᠪᠠᠷᠢᠮᠲᠠ ᠵᠢᠨ ᠡᠯᠧᠮᠧᠨ᠋ᠲ᠎ᠤᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠳᠤ ᠂ 《ᠬᠤᠪᠢ ᠬᠥᠮᠦᠨ᠎ᠤ ᠮᠡᠳᠡᠭᠡ ᠵᠠᠩᠭᠢ ᠵᠢ ᠨᠡᠷ᠎ᠡ ᠪᠣᠷᠣᠭᠣᠯᠠᠵᠦ ᠰᠢᠢ᠍ᠳᠪᠦᠷᠢᠯᠡᠬᠦ ᠵᠢ ᠲᠦᠯᠬᠢᠨ ᠠᠬᠢᠭᠤᠯᠵᠤ᠂ ᠬᠤᠪᠢ ᠬᠥᠮᠦᠨ᠎ᠤ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠡᠷᠡᠭᠯᠡᠬᠦ ᠦᠶ᠎ᠡ ᠵᠢᠨ ᠮᠡᠳᠡᠭᠡ ᠵᠠᠩᠭᠢ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠨᠢᠭᠤᠴᠠ ᠵᠢ ᠪᠠᠲᠤᠯᠠᠬᠤ ᠬᠡᠷᠡᠭᠲᠡᠶ》 ᠭᠡᠵᠦ ᠱᠠᠭ᠋ᠠᠷᠳᠠᠪᠠ ᠃
ᠡᠭᠦᠨ᠎ᠤ ᠲᠤᠯᠠᠳᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠯᠤᠰ᠎ᠤᠨ ᠰᠦᠯᠵᠢᠶᠡᠨ ᠳᠡᠭᠡᠷᠡᠬᠢ ᠪᠡᠶ᠎ᠡ ᠬᠡᠮ᠎ᠤᠨ ᠭᠡᠷᠡᠴᠢᠯᠡᠯ᠎ᠤᠨ ᠰᠠᠭᠤᠷᠢ ᠲᠥᠬᠦᠭᠡᠷᠦᠮᠵᠢ ᠵᠢ ᠪᠠᠶ᠋ᠢᠭᠤᠯᠵᠤ᠂ ᠨᠡᠶ᠋ᠢᠭᠡᠮ᠎ᠳᠤ ᠤᠯᠤᠰ᠎ᠤᠨ ᠰᠦᠯᠵᠢᠶᠡᠨ ᠳᠡᠭᠡᠷᠡᠬᠢ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠵᠤ᠂ ᠠᠷᠠᠳ ᠤᠯᠠᠨ᠎ᠤ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ ᠳᠣᠣᠷᠠᠬᠢ ᠬᠤᠪᠢ ᠬᠦᠮᠦᠨ᠎ᠤ ᠪᠡᠶ᠎ᠡ ᠬᠡᠮ᠎ᠤᠨ ᠠᠮᠤᠷ ᠲᠦᠪᠰᠢᠨ᠂ ᠲᠦᠭᠦᠮ ᠲᠦᠳᠡ ᠭᠡᠷᠡᠴᠢᠯᠡᠬᠦ ᠬᠡᠷᠡᠭᠴᠡᠭᠡ ᠵᠢ ᠬᠠᠩᠭ᠋ᠠᠵᠦ᠂ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠢ ᠬᠠᠮᠠᠭ᠋ᠠᠯᠠᠨ ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠪᠠ᠃
ᠣᠳᠣᠬᠠᠨ᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠨᠢᠭᠡᠨᠲᠡ ᠬᠡᠰᠡᠭ ᠢᠨᠲ᠋ᠧᠷ ᠰᠦᠯᠵᠢᠶᠡᠨ᠎ᠤ ᠲᠠᠪᠴᠠᠩ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠂ ᠰᠤᠷᠭ᠋ᠠᠨ ᠬᠥᠮᠦᠵᠢᠯ᠎ᠤᠨ ᠰᠢᠯᠭ᠋ᠠᠯᠲᠠ᠂ ᠰᠣᠶᠣᠯ ᠵᠢᠭᠤᠯᠴᠢᠯᠠᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠰᠢᠤᠳᠠᠨ ᠵᠶ᠋ᠠᠷ ᠢᠯᠡᠭᠡᠬᠦ ᠂ ᠵᠠᠮ ᠬᠠᠷᠢᠯᠴᠠᠭ᠎ᠠ ᠶᠠᠪᠣᠵᠦ ᠰᠠᠭᠣᠬᠤ ᠵᠡᠷᠭᠡ ᠠᠵᠢᠯ ᠲᠥᠷᠥᠯ᠎ᠤᠨ ᠬᠦᠷᠢᠶᠡᠨ᠎ᠳᠤ ᠲᠤᠷᠰᠢᠯᠲᠠ ᠵᠢᠨ ᠴᠡᠭ᠎ᠤᠨ ᠬᠡᠷᠡᠭᠯᠡᠯᠲᠡ ᠵᠢ ᠥᠷᠨᠢᠭᠦᠯᠪᠡ ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠯᠡᠬᠦ ᠬᠡᠪᠴᠢᠶ᠎ᠡ᠂ ᠬᠡᠷᠡᠭᠯᠡᠬᠦ ᠠᠷᠭ᠎ᠠ ᠮᠠᠶᠢᠭ᠂ ᠬᠡᠷᠡᠭᠯᠡᠬᠦ ᠠᠬᠤᠢ ᠪᠠᠢ᠌ᠳᠠᠯ᠂ ᠬᠡᠷᠡᠭᠯᠡᠬᠦ ᠵᠠᠷᠴᠢᠮ᠎ᠢ ᠣᠯᠠᠮ ᠨᠢᠭᠡ ᠠᠯᠬᠤᠮ ᠵᠢᠷᠣᠮᠵᠢᠭᠣᠯᠵᠦ ᠂ ᠬᠠᠮᠢᠶ᠎ᠠ ᠪᠥᠬᠦᠶ ᠲᠠᠯ᠎ᠠ ᠵᠢᠨ ᠡᠷᠬᠡ ᠡᠭᠦᠷᠭᠡ᠂ ᠡᠭᠦᠷᠭᠡ ᠬᠠᠷᠢᠭᠤᠴᠠᠯᠭ᠎ᠠ ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠡᠷᠡᠭᠵᠢᠭᠦᠯᠬᠦ᠎ᠳᠤ ᠶᠠᠮᠠᠷ ᠶᠠᠮᠠᠷ ᠬᠠᠤᠯᠢ ᠴᠠᠭ᠋ᠠᠵᠠ ᠵᠢᠨ ᠦᠨᠳᠦᠰᠦᠯᠡᠯ ᠪᠠᠶ᠋ᠢᠬᠤ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠭᠦᠢ᠍ᠴᠡᠳ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ ᠶᠤᠮ᠃ 《 ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢᠨ 24 ᠳ᠋ᠦ᠍ᠭᠡᠷ ᠵᠣᠷᠪᠣᠰ᠎ᠲᠤ 《ᠤᠯᠤᠰ᠎ᠠᠴᠠ ᠰᠦᠯᠵᠢᠶᠡᠨ᠎ᠤ ᠢᠲᠡᠭᠡᠮᠵᠢᠲᠦ ᠪᠡᠶ᠎ᠡ ᠬᠡᠮ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠠᠮᠤᠷ ᠲᠦᠪᠰᠢᠨ᠂ ᠲᠥᠬᠦᠮ ᠲᠦᠳᠡ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠳᠡᠮᠵᠢᠵᠦ ᠂ ᠠᠳᠠᠯᠢ ᠪᠤᠰᠤ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠬᠤᠭᠤᠷᠣᠨᠳᠣᠬᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ》 ᠭᠡᠵᠦ ᠲᠣᠭᠲᠠᠭ᠋ᠠᠪᠠ᠂ 《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠢᠨ 62 ᠳ᠋ᠤᠭ᠋ᠠᠷ ᠵᠣᠷᠪᠣᠰ᠎ᠲᠤ 《ᠠᠮᠤᠷ ᠲᠦᠪᠰᠢᠨ᠂ ᠲᠥᠬᠦᠮ ᠲᠦᠳᠡ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ ᠰᠣᠳᠣᠯᠣᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠳᠡᠮᠵᠢᠵᠦ᠂ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢ ᠠᠬᠢᠭᠤᠯᠤᠨ᠎ᠠ 》 ᠭᠡᠵᠦ ᠲᠣᠭᠲᠠᠭ᠋ᠠᠵᠠᠢ᠂ 《ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠣᠯᠢ》 ᠵᠢᠨ 33 ᠳ᠋ᠤᠭ᠋ᠠᠷ ᠵᠣᠷᠪᠣᠰ᠎ᠲᠤ 《ᠣᠯᠤᠰ᠎ᠠᠴᠠ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠪᠠᠢ᠌ᠭᠣᠯᠣᠯᠲᠠ ᠵᠢ ᠲᠦᠯᠬᠢᠨ ᠠᠬᠢᠭᠣᠯᠵᠦ᠂ ᠬᠤᠪᠢ ᠬᠥᠮᠦᠨ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠠᠴᠠ᠎ᠪᠠᠨ ᠬᠡᠷᠡᠭᠯᠡᠬᠦ ᠵᠢ ᠳᠡᠮᠵᠢᠵᠦ᠂ ᠴᠠᠬᠢᠯᠭ᠋ᠠᠨ ᠬᠤᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠡᠵᠡᠩᠨᠡᠭᠴᠢ᠂ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠠᠩᠬᠢ ᠵᠢᠨ ᠪᠤᠰᠤ ᠲᠣᠭ᠋ᠠᠴᠠᠭ᠎ᠠ ᠬᠢᠬᠦ ᠪᠠᠶ᠋ᠢᠭᠤᠯᠤᠮᠵᠢ᠂ ᠢᠨᠲ᠋ᠧᠷ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ᠎ᠠᠴᠠ ᠬᠠᠭᠣᠷᠣᠨ ᠮᠡᠬᠡᠯᠡᠬᠦ ᠬᠡᠪ᠎ᠤᠨ ᠪᠣᠰᠣ ᠪᠠᠢ᠌ᠳᠠᠯ ᠣᠷᠣᠰᠢᠵᠦ ᠪᠠᠢ᠌ᠭ᠎ᠠ ᠳ᠋ᠢᠶᠠᠩᠬᠤᠸᠠ ᠵᠢᠨ ᠺᠠᠷᠲ᠂ ᠪᠠᠩᠬᠢ ᠵᠢᠨ ᠳᠠᠩᠰᠠᠨ ᠡᠷᠦᠬᠡ᠂ ᠲᠣᠭ᠋ᠠᠴᠠᠭ᠎ᠠ ᠬᠢᠬᠦ ᠳᠠᠩᠰᠠᠨ ᠡᠷᠦᠬᠡ᠂ ᠢᠨᠲ᠋ᠧᠷ ᠰᠦᠯᠵᠢᠶᠡᠨ᠎ᠤ ᠳᠠᠩᠰᠠᠨ ᠨᠤᠮᠸᠷᠲᠤ ᠣᠯᠣᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠪᠠᠷ ᠳᠠᠮᠵᠢᠭᠤᠯᠤᠨ ᠬᠡᠷᠡᠭᠯᠡᠭᠴᠢ ᠵᠢᠨ ᠪᠡᠶ᠎ᠡ ᠬᠡᠮ᠎ᠤᠨ ᠳᠠᠬᠢᠨ ᠬᠠᠷᠭᠣᠭᠣᠯᠣᠨ ᠰᠢᠯᠭ᠋ᠠᠵᠤ ᠪᠣᠯᠤᠨ᠎ᠠ》 ᠭᠡᠵᠦ ᠲᠣᠭᠲᠠᠭ᠋ᠠᠵᠠᠶ᠃
ᠳᠡᠭᠡᠷ᠎ᠡ ᠳᠤᠷᠠᠳᠤᠭᠰᠠᠨ ᠬᠠᠤᠯᠢ ᠴᠠᠭ᠋ᠠᠵᠠ ᠵᠢ ᠦᠨᠳᠦᠰᠦᠯᠡᠪᠡᠯ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠬᠡᠷᠡᠭᠯᠡᠭᠴᠢ ᠵᠢᠨ ᠬᠤᠪᠢ ᠬᠥᠮᠥᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠰᠤᠳᠤᠯᠤᠨ ᠲᠣᠭᠲᠠᠭ᠋ᠠᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠭᠤᠤᠯ ᠠᠭᠤᠯᠭ᠎ᠠ᠎ᠨᠢ ᠶᠠᠭᠤ ᠶᠠᠭᠤ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ 16 ᠵᠣᠷᠪᠣᠰ ᠪᠠᠢ᠌ᠵᠦ ᠂ ᠡᠭᠦᠨ᠎ᠳᠤ ᠭᠤᠤᠯᠳᠠᠭᠤ ᠳᠥᠷᠪᠡᠨ ᠲᠠᠯ᠎ᠠ ᠵᠢᠨ ᠠᠭᠤᠯᠭ᠎ᠠ ᠵᠢ ᠪᠠᠭᠲᠠᠨ᠎ᠠ᠄ ᠨᠢᠭᠡ᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠴᠢ ᠰᠦᠯᠵᠢᠶᠡᠨ᠎ᠤ ᠳ᠋ᠤᠭ᠋ᠠᠷ ᠂ ᠰᠦᠯᠵᠢᠶᠡᠨ᠎ᠤ ᠦᠨᠡᠮᠯᠡᠯ᠎ᠤᠨ ᠤᠬᠠᠭᠳᠠᠬᠤᠨ᠂ ᠭᠤᠶᠤᠴᠢᠯᠠᠨ ᠠᠪᠬᠤ ᠠᠷᠭ᠎ᠠ ᠮᠠᠶᠢᠭ᠎ᠢ ᠲᠣᠳᠣᠷᠬᠠᠶ᠋ᠢᠯᠠᠪᠠ ᠂ ᠬᠤᠶᠠᠷ᠎ᠲᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠡᠷᠡᠭᠯᠡᠬᠦ ᠬᠦᠴᠦᠨ᠂ ᠬᠡᠷᠡᠭᠯᠡᠭᠡᠨ᠎ᠤ ᠠᠬᠤᠶ ᠪᠠᠶ᠋ᠢᠳᠠᠯ᠎ᠢ ᠲᠣᠳᠣᠷᠬᠠᠶ᠋ᠢᠯᠠᠪᠠ ᠂ ᠭᠤᠷᠪᠠ᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠢᠨᠲ᠋ᠧᠷ ᠰᠦᠯᠵᠢᠶᠡᠨ᠎ᠤ ᠲᠠᠪᠴᠠᠩ ᠵᠡᠷᠭᠡ ᠵᠢᠨ ᠲᠤᠭ᠎ᠠ ᠪᠠᠷᠢᠮᠲᠠ ᠵᠢᠨ ᠠᠮᠤᠷ ᠲᠦᠪᠰᠢᠨ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠬᠤᠯᠠᠴᠢᠯᠠᠪᠠ ᠂ ᠳᠥᠷᠪᠡ᠎ᠳᠤ ᠨᠠᠰᠤᠨ᠎ᠳᠤ ᠥᠯᠥ ᠭᠦᠷᠦᠭᠰᠡᠳ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠭᠣᠶᠣᠴᠢᠯᠠᠨ ᠠᠪᠬᠤ᠂ ᠬᠡᠷᠡᠭᠯᠡᠬᠦ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠨᠢ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠡᠷᠭᠡ᠎ᠳᠤ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠪᠠ ᠰᠢᠢ᠍ᠳᠪᠦᠷᠢᠯᠡᠬᠦ ᠲᠤᠬᠠᠶ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》 ᠨᠢ 《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠭᠦᠢ᠍ᠴᠡᠳ ᠪᠠᠲᠤᠯᠠᠨ᠎ᠠ᠃
ᠨᠢᠭᠡ᠎ᠳᠤ ᠮᠡᠳᠡᠭᠡ ᠵᠠᠩᠭᠢ ᠴᠤᠭᠯᠠᠭᠤᠯᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ 》᠎ᠳᠤ᠂ ᠬᠡᠷᠡᠭᠯᠡᠭᠴᠢ ᠵᠢᠨ ᠰᠦᠯᠵᠢᠶᠡᠨ᠎ᠤ ᠳ᠋ᠤᠭ᠋ᠠᠷ ᠂ ᠰᠦᠯᠵᠢᠶᠡᠨ᠎ᠤ ᠦᠨᠡᠮᠯᠡᠯ᠎ᠤᠨ ᠲ᠋ᠠᠩᠰᠠᠯᠠᠯᠲᠠ ᠵᠢ ᠰᠣᠩᠭᠤᠨ ᠬᠡᠷᠡᠭᠯᠡᠵᠦ ᠂ ᠦᠨᠡᠨ ᠪᠣᠳᠠᠲᠠᠶ ᠪᠡᠶ᠎ᠡ ᠬᠡᠮ᠎ᠢ ᠬᠠᠷᠭᠤᠭᠤᠯᠤᠨ ᠪᠠᠢ᠌ᠴᠠᠭ᠋ᠠᠬᠤ᠎ᠳᠤ ᠂ ᠵᠠᠰᠠᠭ ᠵᠠᠬᠢᠷᠭ᠋ᠠᠨ᠎ᠤ ᠬᠠᠣᠯᠢ ᠲᠤᠭᠲᠠᠭ᠋ᠠᠯ᠂ ᠬᠠᠤᠯᠢ ᠴᠠᠭ᠋ᠠᠵᠠ ᠵᠢᠨ ᠲᠠᠯ᠎ᠠ᠎ᠪᠠᠷ ᠠᠰᠲᠠᠭ᠋ᠠᠨ ᠲᠣᠭᠲᠠᠭ᠋ᠠᠯ᠎ᠲᠠᠢ ᠪᠤᠶᠤ ᠬᠡᠷᠡᠭᠯᠡᠭᠴᠢᠳ᠎ᠤᠨ ᠵᠦᠪᠰᠢᠶᠡᠷᠡᠯ᠎ᠢ ᠣᠯᠣᠭᠰᠠᠨ᠎ᠢ ᠭᠠᠷᠭ᠋ᠠᠪᠠᠯ ᠂ ᠢᠨᠲ᠋ᠧᠷ ᠰᠦᠯᠵᠢᠶᠡᠨ᠎ᠤ ᠲᠠᠪᠴᠠᠩ᠎ᠨᠢ ᠬᠡᠷᠡᠭᠯᠡᠭᠴᠢᠳ᠎ᠢ ᠠᠰᠲᠠᠭ᠋ᠠᠨ ᠢᠯᠡ ᠪᠡᠶ᠎ᠡ ᠵᠢᠨ ᠭᠠᠷᠣᠯ᠎ᠤᠨ ᠮᠡᠳᠡᠭᠡ ᠵᠠᠩᠭᠢ ᠬᠠᠩᠭ᠋ᠠᠯᠭ᠋ᠠᠬᠤ᠎ᠪᠠᠷ ᠱᠠᠭ᠋ᠠᠷᠳᠠᠵᠤ ᠪᠣᠯᠬᠤ ᠥᠬᠡᠶ᠂ ᠡᠭᠦᠨ᠎ᠤ ᠤᠯᠠᠮ᠎ᠠᠴᠠ ᠢᠨᠲ᠋ᠧᠷ ᠰᠦᠯᠵᠢᠶᠡᠨ᠎ᠤ ᠲᠠᠪᠴᠠᠩ᠎ᠤᠨ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠵᠢ ᠴᠤᠭᠯᠠᠭᠤᠯᠬᠤ᠎ᠠᠴᠠ ᠪᠣᠯᠤᠭᠰᠠᠨ ᠠᠮᠤᠷ ᠲᠦᠪᠰᠢᠨ᠎ᠤ ᠲᠦᠭᠰᠢᠭᠦᠷᠢ ᠵᠢ ᠪᠠᠭ᠋ᠠᠰᠬᠠᠬᠤ ᠬᠡᠷᠡᠭᠲᠡᠶ ᠭᠡᠵᠦ ᠲᠣᠭᠲᠠᠭ᠋ᠠᠪᠠ᠃ ᠡᠭᠦᠨ᠎ᠤ ᠬᠠᠮᠲᠤ᠂ 《ᠬᠠᠮᠢᠶᠠᠷᠤᠯᠲᠠ ᠵᠢᠨ ᠠᠷᠭ᠎ᠠ》᠎ᠳᠤ ᠪᠠᠰᠠ ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ 《ᠬᠠᠮᠤᠭ᠎ᠤᠨ ᠪᠠᠭ᠎ᠠ ᠴᠢᠬᠤᠯᠠ ᠪᠦᠬᠦᠢ 》 ᠵᠠᠷᠴᠢᠮ ᠶᠣᠰᠣᠭ᠋ᠠᠷ ᠮᠡᠳᠡᠭᠡ ᠵᠠᠩᠭᠢ ᠴᠣᠭᠯᠠᠭᠣᠯᠬᠤ ᠬᠡᠷᠡᠭᠲᠡᠢ ᠂ ᠴᠤᠭᠯᠠᠭᠤᠯᠤᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠴᠢᠬᠤᠯᠠ ᠪᠦᠬᠦᠢ ᠮᠡᠳᠡᠭᠡ ᠵᠠᠩᠭᠢ᠎ᠪᠠᠷ ᠬᠢᠵᠠᠭ᠋ᠠᠷᠯᠠᠭᠳᠠᠨ᠎ᠠ ᠂ ᠪᠤᠰᠤᠳ ᠮᠡᠳᠡᠭᠡ ᠵᠠᠩᠭᠢ ᠴᠤᠭᠯᠠᠭᠤᠯᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠵᠠᠶ᠃
ᠬᠤᠶᠠᠷ᠎ᠲᠤ ᠮᠡᠳᠡᠭᠡ ᠵᠠᠩᠭᠢ ᠬᠠᠩᠭ᠋ᠠᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ》᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ 《 ᠬᠠᠮᠤᠭ᠎ᠤᠨ ᠵᠢᠵᠢᠭᠯᠡᠨ ᠬᠠᠩᠭ᠋ᠠᠬᠤ 》 ᠵᠠᠷᠴᠢᠮ᠎ᠢ ᠪᠠᠷᠢᠮᠲᠠᠯᠠᠵᠤ᠂ ᠬᠠᠣᠯᠢ ᠶᠣᠰᠣᠭ᠋ᠠᠷ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠢ ᠬᠠᠷᠭᠣᠭᠣᠯᠣᠨ ᠪᠠᠢ᠌ᠴᠠᠭ᠋ᠠᠬᠤ ᠴᠢᠬᠣᠯᠠᠲᠠᠢ ᠪᠣᠯᠪᠠᠴᠤ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠯᠡᠳᠡᠭᠡᠨ ᠬᠠᠳᠠᠭ᠋ᠠᠯᠠᠬᠤ ᠴᠢᠬᠤᠯᠠ ᠦᠭᠡᠢ ᠪᠠᠶ᠋ᠢᠪᠠᠯ᠂ ᠵᠥᠪᠬᠡᠨ ᠢᠨᠲ᠋ᠧᠷ ᠰᠦᠯᠵᠢᠶᠡᠨ᠎ᠤ ᠲᠠᠪᠴᠠᠩ᠎ᠳᠤ ᠬᠠᠷᠭᠣᠭᠣᠯᠣᠨ ᠪᠠᠢ᠌ᠴᠠᠭ᠋ᠠᠭᠰᠠᠨ ᠦᠷ᠎ᠡ ᠳ᠋ᠦᠩ᠎ᠢ ᠬᠠᠩᠭ᠋ᠠᠬᠤ᠎ᠠᠴᠠ ᠪᠢᠰᠢ ᠂ ᠪᠤᠰᠤᠳ ᠮᠡᠳᠡᠭᠡ ᠵᠠᠩᠭᠢ ᠵᠢ ᠬᠠᠩᠭ᠋ᠠᠬᠤ ᠦᠭᠡᠢ ᠂ ᠬᠡᠷᠡᠭᠯᠡᠭᠴᠢ ᠵᠢᠨ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠣᠯᠵᠤ᠂ ᠦᠯᠡᠳᠡᠭᠡᠨ ᠬᠠᠳᠠᠭ᠋ᠠᠯᠠᠬᠤ ᠴᠢᠬᠤᠯᠠᠲᠠᠶ ᠪᠠᠶ᠋ᠢᠪᠠᠯ᠂ ᠬᠡᠷᠡᠭᠯᠡᠭᠴᠢᠳ᠎ᠤᠨ ᠲᠤᠰᠠᠭ᠋ᠠᠷ ᠵᠦᠪᠰᠢᠶᠡᠷᠡᠯ ᠵᠶ᠋ᠡᠷ ᠳᠠᠮᠵᠢᠨ ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠢᠨᠲ᠋ᠧᠷ ᠰᠦᠯᠵᠢᠶᠡᠨ᠎ᠤ ᠲᠠᠪᠴᠠᠩ᠎ᠳᠤ ᠴᠢᠬᠤᠯᠠ ᠪᠦᠬᠦᠢ ᠢᠯᠡ ᠪᠢᠴᠢᠭ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠩᠭ᠋ᠠᠵᠤ ᠪᠣᠯᠤᠨ᠎ᠠ ᠭᠡᠵᠦ ᠲᠣᠭᠲᠠᠭ᠋ᠠᠵᠠᠶ᠃ ᠡᠭᠦᠨ᠎ᠠᠴᠠ ᠭᠠᠳᠠᠨ᠎ᠠ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠬᠠᠮᠵᠢᠯᠴᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ ᠭᠡᠵᠦ ᠲᠣᠭᠲᠠᠭ᠋ᠠᠭᠰᠠᠨ ᠪᠠᠶ᠋ᠢᠪᠠᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠠᠤᠯᠢ ᠶᠣᠰᠣᠭ᠋ᠠᠷ ᠬᠠᠮᠢᠶ᠎ᠠ ᠪᠥᠬᠦᠶ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠶ ᠂ ᠭᠡᠪᠡᠴᠦ ᠬᠠᠩᠭ᠋ᠠᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ᠎ᠤ ᠳ᠋ᠤᠭ᠋ᠠᠷ ᠂ ᠰᠦᠯᠵᠢᠶᠡᠨ᠎ᠤ ᠦᠨᠡᠮᠯᠡᠯ᠎ᠲᠠᠢ ᠬᠠᠷᠠᠭ᠋ᠠᠯᠵᠠᠭᠰᠠᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠪᠠ ᠭᠡᠷᠡᠴᠢᠯᠡᠯ᠎ᠤᠨ ᠡᠳᠦᠷ᠎ᠤᠨ ᠲᠡᠮᠳᠡᠭᠯᠡᠯ᠎ᠤᠨ ᠮᠡᠳᠡᠭᠡ ᠵᠠᠩᠭᠢ᠎ᠪᠠᠷ ᠬᠢᠵᠠᠭ᠋ᠠᠷᠯᠠᠭᠳᠠᠨ᠎ᠠ ᠃
ᠭᠤᠷᠪᠠ᠎ᠳᠤ ᠪᠤᠰᠤᠳ ᠮᠡᠳᠡᠭᠡ ᠵᠠᠩᠭᠢ ᠵᠢ ᠰᠢᠢ᠍ᠳᠪᠦᠷᠢᠯᠡᠬᠦ ᠲᠠᠯ᠎ᠠ᠎ᠪᠠᠷ ᠂ 《ᠬᠠᠮᠢᠶᠠᠷᠤᠯᠲᠠ ᠵᠢᠨ ᠠᠷᠭ᠎ᠠ》᠎ᠳᠤ ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠪᠤᠶᠤ ᠪᠠᠶ᠋ᠢᠭ᠋ᠠᠯᠢ ᠬᠥᠮᠦᠨ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠎ᠳᠤ᠎ᠪᠠᠨ ᠂ ᠮᠡᠳᠡᠭᠳᠡᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠵᠢᠨ ᠬᠠᠮᠲᠤ ᠲᠡᠲᠡᠨ᠎ᠤ ᠵᠥᠪᠰᠢᠶᠡᠷᠡᠯ᠎ᠢ ᠤᠯᠬᠤ ᠬᠡᠷᠡᠭᠲᠡᠶ ᠭᠡᠵᠦ ᠲᠣᠭᠲᠠᠭ᠋ᠠᠵᠠᠶ᠃ ᠨᠢᠭᠣᠴᠠ ᠴᠢᠬᠤᠯᠠ ᠰᠢᠨᠵᠢ᠎ᠲᠤ ᠬᠤᠪᠢ ᠬᠦᠮᠦᠨ᠎ᠤ ᠮᠡᠳᠡᠭᠡ ᠵᠠᠩᠬᠢ ᠵᠢ ᠰᠢᠢ᠍ᠳᠪᠦᠷᠢᠯᠡᠬᠦ᠎ᠳᠤ ᠪᠠᠰᠠ ᠬᠤᠪᠢ ᠬᠦᠮᠦᠨ᠎ᠤ ᠲᠤᠰᠠᠭ᠋ᠠᠷ ᠵᠦᠪᠰᠢᠶᠡᠷᠡᠯ᠎ᠢ ᠣᠯᠬᠤ ᠬᠡᠷᠡᠭᠳᠡᠢ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠨᠢ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠤᠬᠠᠶ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ 《ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠬᠦᠴᠦᠲᠡᠶ ᠠᠷᠭ᠎ᠠ ᠬᠡᠮᠵᠢᠶ᠎ᠡ ᠠᠪᠴᠤ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠶ ᠭᠡᠵᠦ ᠱᠠᠭ᠋ᠠᠷᠳᠠᠪᠠ᠃
ᠨᠢᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ ᠬᠢᠭᠡᠳ ᠮᠡᠷᠭᠡᠵᠢᠯ᠎ᠤᠨ ᠰᠡᠷᠭᠡᠶ᠋ᠢᠯᠡᠨ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠪᠠᠶ᠋ᠢᠭᠤᠯᠬᠤ ᠵᠢᠨ ᠬᠠᠮᠲᠤ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠬᠤ ᠬᠡᠷᠡᠭᠲᠡᠶ᠃
ᠬᠤᠶᠠᠷ᠎ᠲᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠶ᠋ᠠᠷ ᠰᠢᠢ᠍ᠳᠪᠦᠷᠢᠯᠡᠭᠰᠡᠨ ᠴᠢᠬᠤᠯᠠ ᠲᠤᠭ᠎ᠠ ᠪᠠᠷᠢᠮᠲᠠ ᠪᠠ ᠬᠤᠪᠢ ᠬᠥᠮᠦᠨ᠎ᠤ ᠮᠡᠳᠡᠭᠡ ᠵᠠᠩᠭᠢ ᠵᠢ ᠬᠢᠯᠢ ᠵᠢᠨ ᠳᠣᠲᠣᠷ᠎ᠠ ᠬᠠᠳᠠᠭ᠋ᠠᠯᠠᠬᠤ ᠬᠡᠷᠡᠭᠲᠡᠶ ᠂ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ᠎ᠠᠴᠠ ᠪᠣᠯᠵᠤ ᠬᠢᠯᠢ ᠵᠢᠨ ᠭᠠᠳᠠᠨ᠎ᠠ ᠦᠨᠡᠨ ᠬᠦ᠌ ᠬᠠᠩᠭ᠋ᠠᠬᠤ ᠴᠢᠬᠤᠯᠠᠲᠠᠶ ᠪᠠᠶ᠋ᠢᠪᠠᠯ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠶᠣᠯᠭᠦᠢ ᠵᠢᠨ ᠦᠨᠡᠯᠡᠨ ᠵᠢᠱ᠌ᠢᠯᠲᠡ ᠬᠢᠬᠦ ᠬᠡᠷᠡᠭᠲᠡᠶ᠃
ᠭᠤᠷᠪᠠ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠡᠷᠡᠭ ᠭᠠᠷᠤᠭᠰᠠᠨ ᠪᠠᠶ᠋ᠢᠪᠠᠯ᠂ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠳᠠᠷᠤᠢ ᠲᠦᠷᠭᠡᠨ ᠡᠬᠢᠯᠡᠭᠦᠯᠵᠦ᠂ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠵᠤ᠂ ᠬᠡᠷᠡᠭᠯᠡᠭᠴᠢᠳ᠎ᠲᠤ ᠴᠠᠭ ᠲᠤᠬᠠᠶ᠎ᠳᠤᠨᠢ ᠮᠡᠳᠡᠭᠳᠡᠬᠦ ᠵᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠳᠥᠷᠪᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠠ ᠦᠢ᠍ᠯᠡᠴᠢᠯᠡᠭᠡᠨ᠎ᠢ ᠨᠢᠭᠤᠴᠠ ᠲᠡᠮᠳᠡᠭ᠎ᠲᠠᠢ ᠬᠣᠯᠪᠣᠭᠳᠠᠪᠠᠯ᠂ ᠤᠯᠤᠰ᠎ᠤᠨ ᠨᠢᠭᠤᠴᠠ ᠲᠡᠮᠳᠡᠭ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠰᠠᠨᠠᠯ ᠬᠤᠷᠢᠶᠠᠭᠰᠠᠨ ᠪᠠ ᠭᠥᠯᠢᠶᠡᠨ ᠠᠪᠴᠤ ᠰᠢᠩᠭᠡᠭᠡᠭᠰᠡᠨ ᠪᠠᠶ᠋ᠢᠳᠠᠯ ᠶᠠᠮᠠᠷ ᠰᠢᠦ ᠪᠠᠢ᠌ᠨ᠎ᠠ ?
ᠬᠠᠷᠢᠭᠤᠯᠲᠠ᠄ 2024 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 25᠎ᠤ ᠡᠳᠦᠷ ᠪᠣᠯᠲᠠᠯ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠨᠢ 《ᠬᠠᠮᠢᠶᠠᠷᠤᠯᠲᠠ ᠵᠢᠨ ᠠᠷᠭ᠎ᠠ》 ᠵᠢᠨ ᠲᠤᠬᠠᠶ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠪᠠ᠃ ᠡᠨᠡ ᠬᠤᠭᠤᠴᠠᠭ᠋ᠠᠨ᠎ᠳᠤ᠂ ᠨᠡᠶ᠋ᠢᠭᠡᠮ᠎ᠤᠨ ᠲᠣᠰᠬᠠᠯ ᠴᠢᠩᠭ᠎ᠠ ᠪᠠᠢ᠌ᠵᠦ᠂ ᠡᠯ᠎ᠡ ᠠᠷᠭ᠎ᠠ ᠵᠠᠮ ᠵᠶ᠋ᠠᠷ ᠬᠣᠷᠢᠶᠠᠭᠰᠠᠨ ᠰᠠᠨᠠᠯ ᠰᠠᠨᠠᠭᠤᠯᠭ᠎ᠠ 1.7 ᠲᠦᠮᠡ ᠭᠠᠷᠤᠶ ᠵᠤᠷᠪᠤᠰ ᠪᠠᠢ᠌ᠵᠦ ᠂ ᠵᠠᠭᠤᠴᠢᠯᠠᠭᠤᠷ ᠪᠣᠯᠤᠨ ᠰᠦᠯᠵᠢᠶᠡᠨ᠎ᠤ ᠠᠷᠠᠳ᠎ᠤᠨ ᠦᠵᠡᠬᠦ᠎ᠪᠠᠷ ᠲᠣᠰ ᠠᠵᠢᠯᠯᠠᠭ᠎ᠠ᠎ᠨᠢ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ᠂ ᠰᠦᠯᠵᠢᠶᠡᠨ᠎ᠤ ᠣᠷᠴᠢᠨ ᠲᠣᠭᠤᠷᠢᠨ᠎ᠢ ᠴᠡᠪᠡᠷᠰᠢᠭᠦᠯᠬᠦ᠎ᠳᠤ ᠠᠰᠢᠭᠲᠠᠶ ᠭᠡᠪᠡ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠤᠣᠯ ᠭᠦᠢ᠍ᠴᠡᠳᠬᠡᠯ ᠲᠤᠭ᠎ᠠ᠎ᠠᠴᠠ ᠠᠪᠴᠤ ᠦᠵᠡᠪᠡᠯ᠂ ᠰᠠᠨᠠᠯ ᠬᠤᠷᠢᠶᠠᠬᠤ ᠬᠤᠭᠤᠴᠠᠭ᠋ᠠᠨ᠎ᠳᠤ᠂ 《ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ》᠎ᠤᠨ APP ᠵᠢᠨ ᠪᠠᠭᠣᠯᠭ᠋ᠠᠭᠰᠠᠨ ᠬᠡᠮᠵᠢᠶ᠎ᠡ ᠨᠢ ᠠᠳᠠᠯᠢ ᠬᠤᠭᠤᠴᠠᠭ᠋ᠠᠨ᠎ᠤ᠎ᠬᠢ᠎ᠠᠴᠠ 90.9%᠎ᠪᠠᠷ ᠨᠡᠮᠡᠭᠳᠡᠵᠦ᠂ ᠰᠦᠯᠵᠢᠶᠡᠨ᠎ᠤ ᠳ᠋ᠤᠭ᠋ᠠᠷ ᠪᠠ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠣᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 129.9%᠎ᠪᠠᠷ ᠨᠡᠮᠡᠭᠳᠡᠵᠦ᠂ ᠬᠡᠷᠡᠭᠯᠡᠭᠴᠢᠳ᠎ᠤᠨ ᠦᠢ᠍ᠯᠡᠴᠢᠯᠡᠭᠡᠨ᠎ᠤ ᠵᠥᠪᠯᠡᠯᠭᠡ ᠠᠪᠬᠤ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 295%᠎ᠪᠠᠷ ᠨᠡᠮᠡᠭᠳᠡᠵᠡᠢ ᠂ ᠡᠨᠡ᠎ᠨᠢ ᠥᠷᠭᠡᠨ ᠤᠯᠠᠨ ᠰᠦᠯᠵᠢᠶᠡᠨ᠎ᠤ ᠬᠡᠷᠡᠭᠯᠡᠭᠴᠢᠳ᠎ᠤᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠡᠮᠵᠢᠵᠦ ᠮᠡᠳᠡᠷᠡᠨ ᠵᠦᠪᠰᠢᠶᠡᠷᠡᠵᠦ ᠪᠠᠢ᠌ᠬᠤ ᠵᠢ ᠭᠦᠢ᠍ᠴᠡᠳ ᠬᠠᠷᠠᠭᠣᠯᠣᠭᠰᠠᠨ ᠪᠠᠢ᠌ᠨ᠎ᠠ ᠃ ᠡᠭᠦᠨ᠎ᠠᠴᠠ ᠭᠠᠳᠠᠨ᠎ᠠ ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ ᠪᠣᠯ ᠤᠶᠤᠨᠴᠢᠯᠠᠭᠰᠠᠨ᠂ ᠰᠦᠯᠵᠢᠶᠡᠵᠢᠭᠰᠡᠨ᠂ ᠲᠣᠭ᠋ᠠᠴᠢᠯᠠᠭᠰᠠᠨ ᠴᠠᠭ ᠦᠶ᠎ᠡ᠎ᠳᠤ ᠬᠠᠨᠳᠤᠭᠤᠯᠤᠭᠰᠠᠨ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠮᠥᠨ᠂ ᠡᠨᠡ᠎ᠨᠢ ᠰᠢᠨ᠎ᠡ ᠬᠡᠷᠡᠭ ᠪᠣᠳᠠᠰ᠎ᠲᠤ ᠬᠠᠷᠢᠶᠠᠯᠠᠭᠳᠠᠨ᠎ᠠ ᠂ ᠨᠡᠶ᠋ᠢᠭᠡᠮ ᠳᠡᠭᠡᠷ᠎ᠡ ᠪᠠᠰᠠ ᠵᠠᠷᠢᠮ ᠠᠳᠠᠯᠢ ᠪᠤᠰᠤ ᠬᠡᠯᠡᠯᠴᠡᠭᠡ ᠭᠠᠷᠣᠭᠰᠠᠨ ᠴᠤ᠌ ᠂ ᠡᠨᠡ᠎ᠨᠢ ᠬᠡᠪ᠎ᠤᠨ ᠦᠵᠡᠭᠳᠡᠯ᠎ᠳᠤ ᠲᠣᠭ᠋ᠠᠴᠠᠭᠳᠠᠨ᠎ᠠ᠃
ᠬᠤᠷᠢᠶᠠᠨ ᠣᠯᠤᠭᠰᠠᠨ ᠰᠠᠨᠠᠯ᠎ᠳᠤ᠂ 《ᠬᠠᠮᠢᠶᠠᠷᠤᠯᠲᠠ ᠵᠢᠨ ᠠᠷᠭ᠎ᠠ》 ᠵᠢᠨ ᠵᠤᠷᠪᠤᠰ ᠪᠠᠳᠠᠭ᠎ᠤᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ᠎ᠳᠤ ᠴᠢᠭᠯᠡᠭᠦᠯᠦᠨ ᠭᠤᠤᠯᠳᠠᠭᠤ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ ᠬᠦ᠌ ᠪᠠᠲᠤᠯᠠᠬᠤ᠂ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠢ᠌ᠨ ᠳᠣᠷ᠎ᠠ ᠵᠢᠨ ᠴᠢᠨᠠᠷ᠎ᠢ ᠦᠨᠡᠨ ᠬᠦ᠌ ᠪᠠᠲᠤᠯᠠᠬᠤ᠂ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ ᠬᠡᠷᠡᠭᠯᠡᠭᠰᠡᠨ ᠦᠭᠡᠢ ᠬᠡᠷᠡᠭᠯᠡᠭᠴᠢ ᠵᠢᠨ ᠠᠳᠠᠯᠢ ᠲᠡᠭᠰᠢ ᠰᠦᠯᠵᠢᠶᠡᠨ᠎ᠤ ᠦᠢ᠍ᠯᠡᠴᠢᠯᠡᠭᠡ ᠬᠦᠷᠲᠡᠬᠦ ᠡᠷᠬᠡ ᠵᠢ ᠪᠠᠲᠣᠯᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠰ ᠪᠡᠶ᠎ᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠡᠷᠬᠡ ᠠᠰᠢᠭ᠎ᠢ ᠬᠠᠮᠠᠭ᠋ᠠᠯᠠᠬᠤ ᠵᠡᠷᠭᠡ ᠵᠢ ᠴᠢᠩᠭ᠋ᠠᠳᠬᠠᠨ᠎ᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠰᠠᠯᠠᠭ᠎ᠠ ᠮᠥᠴᠢᠷ᠎ᠤᠳ ᠳᠡᠭᠡᠷ᠎ᠡ ᠳᠤᠷᠠᠳᠤᠭᠰᠠᠨ ᠰᠠᠨᠠᠯ᠎ᠢ ᠪᠦᠬᠦ ᠲᠠᠯ᠎ᠠ᠎ᠪᠠᠷ ᠡᠮᠬᠢᠯᠡᠨ ᠲᠢᠭᠯᠡᠭᠰᠡᠨ ᠪᠦᠭᠡᠳ ᠤᠷᠢᠳ ᠬᠤᠵᠢᠳ 3 ᠲᠠᠯᠠᠪᠤᠷ ᠲᠤᠰᠬᠠᠶ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ ᠂ ᠰᠦᠯᠵᠢᠶᠡᠨ᠎ᠤ ᠮᠡᠷᠭᠡᠵᠢᠯ᠂ ᠬᠠᠤᠯᠢ ᠴᠠᠭ᠋ᠠᠵᠠ ᠵᠢᠨ ᠬᠦᠷᠢᠶᠡᠨ ᠳᠠᠬᠢ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠂ ᠠᠵᠢᠯ ᠲᠥᠷᠥᠯ᠎ᠤᠨ ᠬᠦᠷᠢᠶᠡᠨ ᠳᠠᠬᠢ ᠲᠥᠯᠥᠭᠡᠯᠡᠭᠴᠢ ᠵᠡᠷᠭᠡ ᠵᠢᠨ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠴᠤ᠂ ᠨᠡᠶ᠋ᠢᠭᠡᠮ᠎ᠤᠨ ᠬᠠᠷᠢᠭᠤ ᠲᠤᠰᠬᠠᠭᠰᠠᠨ ᠰᠠᠨᠠᠯ᠎ᠢ ᠭᠦᠢ᠍ᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠠᠯᠢ ᠴᠢᠳᠠᠬᠤ᠎ᠪᠠᠷ ᠰᠢᠩᠭᠡᠭᠡᠨ ᠠᠪᠬᠤ ᠵᠠᠷᠴᠢᠮ ᠶᠣᠰᠣᠭ᠋ᠠᠷ᠂ 《ᠬᠠᠮᠢᠶᠠᠷᠤᠯᠲᠠ ᠵᠢᠨ ᠠᠷᠭ᠎ᠠ》 ᠳᠤ ᠣᠯᠠᠨ ᠤᠳᠠᠭ᠎ᠠ ᠡᠭᠡᠯᠵᠢᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ ᠬᠦ᠌ ᠪᠠᠲᠤᠯᠠᠬᠤ᠂ ᠰᠦᠯᠵᠢᠶᠡᠨ᠎ᠤ ᠳ᠋ᠤᠭ᠋ᠠᠷ ᠰᠦᠯᠵᠢᠶᠡᠨ᠎ᠤ ᠦᠨᠡᠮᠯᠡᠯ᠎ᠢ ᠬᠡᠷᠡᠭᠯᠡᠭᠰᠡᠨ ᠦᠭᠡᠢ ᠬᠡᠷᠡᠭᠯᠡᠭᠴᠢᠳ᠎ᠲᠤ ᠠᠳᠠᠯᠢ ᠲᠡᠭᠰᠢ ᠦᠢ᠍ᠯᠡᠴᠢᠯᠡᠭᠡ ᠬᠠᠩᠭ᠋ᠠᠬᠤ ᠵᠢ ᠦᠨᠡᠨ ᠬᠦ᠌ ᠪᠠᠲᠣᠯᠠᠬᠤ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠣᠯᠲᠠ ᠵᠢ ᠴᠢᠩᠭ᠋ᠠᠳᠬᠠᠬᠤ᠂ ᠨᠠᠰᠣᠨ᠎ᠳᠤ ᠦᠯᠦ ᠬᠦᠷᠦᠭᠰᠡᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠠᠭᠣᠯᠭ᠎ᠠ ᠵᠢ ᠭᠣᠣᠯᠳᠠᠯᠭ᠎ᠠ᠎ᠲᠠᠢ ᠨᠡᠮᠡᠪᠡ᠃ ᠡᠭᠦᠨ᠎ᠠᠴᠠ ᠭᠠᠳᠠᠨ᠎ᠠ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠰᠠᠨᠠᠭᠤᠯᠭ᠎ᠠ ᠵᠢ ᠦᠨᠳᠦᠰᠦᠯᠡᠬᠦ ᠵᠢᠨ ᠬᠠᠮᠲᠤ ᠳᠡᠯᠡᠬᠡᠶ ᠵᠢᠨ ᠭᠤᠤᠯ ᠪᠣᠯᠬᠤ ᠤᠯᠤᠰ᠎ᠤᠨ ᠲᠣᠭ᠋ᠠᠴᠢᠯᠠᠭᠰᠠᠨ ᠪᠡᠶ᠎ᠡ ᠬᠡᠮ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠨᠡᠶ᠋ᠢᠳᠡᠮ ᠬᠡᠷᠡᠭᠯᠡᠵᠦ ᠪᠠᠢ᠌ᠭ᠎ᠠ ᠠᠷᠭ᠎ᠠ ᠬᠢᠳᠡᠯ ᠵᠶ᠋ᠠᠷ ᠲᠣᠯᠢ ᠪᠣᠯᠭ᠋ᠠᠵᠤ᠂ ᠲᠤᠷᠰᠢᠨ ᠬᠡᠷᠡᠭᠯᠡᠬᠦ ᠦᠶ᠎ᠡ ᠵᠢᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ APP ᠵᠢᠨ ᠵᠢᠷᠤᠭ ᠲᠡᠮᠳᠡᠭ᠎ᠲᠠᠬᠢ 《ᠪᠡᠶ᠎ᠡ ᠬᠡᠮ᠎ᠤᠨ ᠭᠡᠷᠡᠴᠢᠯᠡᠯ》᠎ᠢ 《 ᠲᠣᠭ᠋ᠠᠴᠢᠯᠠᠭᠰᠠᠨ ᠪᠡᠶ᠎ᠡ ᠬᠡᠮ 》 ᠭᠡᠵᠦ ᠵᠠᠰᠠᠪᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠣᠲᠣ ᠵᠢᠨ ᠪᠠᠶ᠋ᠢᠭ᠎ᠠ ᠭᠡᠷᠡᠴᠢᠯᠡᠯ᠎ᠤᠨ ᠠᠷᠭ᠎ᠠ ᠮᠠᠶᠢᠭᠲᠠᠢ ᠬᠠᠷᠢᠴᠠᠭᠤᠯᠪᠠᠯ᠂ ᠶᠠᠮᠠᠷ ᠳᠠᠪᠠᠭᠤᠯᠢᠭ ᠲᠠᠯ᠎ᠠ᠎ᠲᠠᠢ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠤᠪᠢ ᠬᠥᠮᠥᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠪᠠᠷ ᠲᠡᠷᠢᠭᠦᠨ ᠴᠢᠬᠤᠯᠠ ᠬᠠᠷᠠᠯᠲᠠ ᠪᠣᠯᠭ᠋ᠠᠵᠤ ᠂ ᠨᠡᠷ᠎ᠡ ᠪᠤᠷᠤᠭᠤᠯᠠᠬᠤ ᠠᠷᠭ᠎ᠠ ᠮᠠᠶᠢᠭ ᠵᠶ᠋ᠠᠷ ᠪᠡᠶ᠎ᠡ ᠬᠡᠮ᠎ᠤᠨ ᠭᠡᠷᠡᠴᠢᠯᠡᠯ ᠂ ᠪᠡᠶ᠎ᠡ ᠬᠡᠮ᠎ᠤᠨ ᠳᠠᠩᠰᠠᠯᠠᠯᠲᠠ ᠬᠢᠵᠦ᠂ ᠪᠤᠰᠤᠳ ᠪᠡᠶ᠎ᠡ ᠬᠡᠮ᠎ᠤᠨ ᠭᠡᠷᠡᠴᠢᠯᠡᠯ᠎ᠤᠨ ᠦᠢ᠍ᠯᠡᠴᠢᠯᠡᠭᠡ᠎ᠲᠠᠢ ᠬᠠᠷᠢᠴᠠᠭᠤᠯᠪᠠᠯ ᠳᠣᠣᠷᠠᠬᠢ ᠮᠡᠲᠦ ᠣᠨᠴᠠᠯᠢᠭ᠎ᠲᠠᠢ ᠪᠠᠢ᠌ᠳᠠᠭ ᠄
ᠨᠢᠭᠡ᠎ᠳᠤ ᠡᠷᠬᠡ ᠰᠦ᠍ᠷᠲᠦ ᠴᠢᠨᠠᠷ ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠪᠠ ᠤᠯᠤᠰ᠎ᠤᠨ ᠬᠥᠮᠦᠨ ᠠᠮᠠ ᠵᠢᠨ ᠦᠨᠳᠦᠰᠦᠨ ᠮᠡᠳᠡᠭᠡ ᠵᠠᠩᠭᠢ᠎ᠳᠤ ᠰᠠᠭᠤᠷᠢᠯᠠᠨ᠂ ᠪᠠᠶ᠋ᠢᠭ᠋ᠠᠯᠢ ᠬᠥᠮᠦᠨ᠎ᠳᠤ ᠰᠦᠯᠵᠢᠶᠡᠨ᠎ᠤ ᠳ᠋ᠤᠭ᠋ᠠᠷ ᠵᠶ᠋ᠠᠷ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠬᠤ᠂ ᠭᠡᠷᠡᠴᠢᠯᠡᠯ᠎ᠤᠨ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠠᠮᠢᠳᠤ ᠪᠣᠳᠠᠰ ᠤᠨ ᠣᠨᠴᠠᠯᠢᠭ ᠵᠡᠷᠭᠡ ᠣᠯᠠᠨ ᠹᠠᠺᠲ᠋ᠤᠷ᠎ᠤᠨ ᠭᠡᠷᠡᠴᠢᠯᠡᠯ᠎ᠲᠠᠢ ᠤᠶᠠᠯᠳᠤᠭᠤᠯᠵᠤ᠂ ᠭᠡᠷᠡᠴᠢᠯᠡᠯ᠎ᠤᠨ ᠦᠷ᠎ᠡ ᠳ᠋ᠦᠩ᠎ᠤᠨ ᠡᠷᠬᠡ ᠰᠦᠷ᠎ᠢ ᠦᠨᠡᠨ ᠬᠦ᠌ ᠪᠠᠲᠣᠯᠠᠨ᠎ᠠ ᠃
ᠬᠤᠶᠠᠷ᠎ᠲᠤ ᠠᠶᠤᠯᠭᠦᠶ ᠴᠢᠨᠠᠷ ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠨᠡᠷ᠎ᠡ ᠪᠤᠷᠤᠭᠤᠯᠠᠬᠤ ᠠᠷᠭ᠎ᠠ ᠮᠠᠶᠢᠭ ᠵᠶ᠋ᠠᠷ ᠪᠡᠶ᠎ᠡ ᠬᠡᠮ ᠵᠶ᠋ᠡᠨ ᠭᠡᠷᠡᠴᠢᠯᠡᠵᠦ᠂ ᠠᠷᠠᠳ ᠢᠷᠭᠡᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ᠂ ᠣᠪᠣᠭ ᠨᠡᠷ᠎ᠡ ᠵᠡᠷᠭᠡ ᠲᠣᠳᠣᠷᠬᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠰᠢᠭᠤᠳ ᠬᠡᠷᠡᠭᠯᠡᠬᠦ ᠵᠢ ᠪᠠᠭ᠋ᠠᠰᠬᠠᠵᠤ᠂ ᠬᠤᠯᠪᠣᠭᠳᠠᠯ ᠪᠦᠬᠦᠢ ᠲᠠᠯ᠎ᠠ ᠵᠢᠨ ᠬᠢᠨ᠎ᠤ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠵᠢ ᠬᠡᠲᠦᠷᠡᠲᠡᠯ᠎ᠡ ᠴᠤᠭᠯᠠᠭᠤᠯᠬᠤ ᠂ ᠦᠯᠡᠳᠡᠭᠡᠨ ᠬᠠᠳᠠᠭ᠋ᠠᠯᠠᠬᠤ᠎ᠠᠴᠠ ᠪᠦᠲᠦᠮᠵᠢᠲᠡᠶ᠎ᠪᠠᠷ ᠵᠠᠶ᠋ᠢᠯᠠᠰᠬᠢᠵᠦ᠂ ᠬᠤᠪᠢ ᠬᠥᠮᠦᠨ᠎ᠤ ᠮᠡᠳᠡᠭᠡ ᠵᠠᠩᠭᠢ ᠪᠠ ᠬᠤᠪᠢ ᠵᠢᠨ ᠨᠢᠭᠤᠴᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ ᠴᠢᠳᠠᠨ᠎ᠠ ᠃
ᠭᠤᠷᠪᠠ᠎ᠳᠤ ᠢᠲᠡᠭᠡᠮᠵᠢᠲᠡᠢ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠪᠠᠶ᠋ᠢᠭ᠋ᠠᠯᠢ ᠬᠥᠮᠦᠨ᠎ᠤ ᠦᠢ᠍ᠯᠡ ᠠᠵᠢᠯᠯᠠᠭ᠋ᠠᠨ᠎ᠤ ᠰᠢᠨᠵᠢ ᠴᠢᠨᠠᠷ᠎ᠢ ᠨᠡᠮᠡᠵᠦ᠂ ᠤᠳᠠᠭ᠎ᠠ ᠪᠦᠷᠢ ᠵᠢᠨ ᠭᠡᠷᠡᠴᠢᠯᠡᠯ᠎ᠳᠤ ᠬᠤᠪᠢ ᠬᠥᠮᠦᠨ ᠣᠷᠣᠯᠴᠠᠵᠦ ᠬᠤᠪᠢ ᠬᠦᠮᠦᠨ᠎ᠤ ᠡᠷᠬᠡ ᠣᠯᠭᠤᠯᠲᠠ ᠵᠢ ᠭᠥᠷᠳᠡᠬᠦ ᠴᠢᠬᠤᠯᠠᠲᠠᠶ᠂ ᠪᠠᠶ᠋ᠢᠭ᠋ᠠᠯᠢ ᠬᠥᠮᠦᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ APP ᠵᠢᠨ ᠲᠡᠤᠬᠡ ᠵᠢᠨ ᠭᠡᠷᠡᠴᠢᠯᠡᠯ᠎ᠤᠨ ᠲᠡᠮᠳᠡᠭᠯᠡᠯ᠎ᠠᠴᠠ ᠣᠶ᠋ᠢᠷ᠎ᠠ ᠵᠢᠨ ᠬᠤᠭᠤᠴᠠᠭ᠋ᠠᠨ᠎ᠳᠤ ᠡᠯ᠎ᠡ ᠢᠨᠲ᠋ᠧᠷ ᠰᠦᠯᠵᠢᠶᠡᠨ᠎ᠤ ᠲᠠᠪᠴᠠᠩ ᠳᠠᠬᠢ ᠭᠡᠷᠡᠴᠢᠯᠡᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠪᠣᠯᠬᠤ ᠤᠴᠢᠷ᠎ᠠᠴᠠ ᠨᠡᠬᠡᠮᠵᠢᠯᠡᠵᠦ ᠪᠣᠯᠬᠤ ᠴᠢᠨᠠᠷ ᠪᠠ ᠪᠣᠯᠢᠬᠠᠢ᠌ᠯᠠᠬᠤ ᠵᠢ ᠡᠰᠡᠷᠭᠦᠴᠡᠬᠦ ᠴᠢᠨᠠᠷ ᠵᠡᠷᠭᠡ ᠣᠨᠴᠠᠯᠢᠭ᠎ᠲᠠᠢ ᠪᠠᠢ᠌ᠳᠠᠭ ᠃
ᠳᠦᠷᠪᠡ᠎ᠳᠤ ᠳᠥᠭᠥᠮ ᠲᠦᠳᠡ ᠴᠢᠨᠠᠷ ᠃ ᠬᠡᠷᠡᠭᠯᠡᠭᠴᠢᠳ ᠣᠶᠤᠨᠯᠢᠭ ᠭᠠᠷ ᠤᠲᠠᠰᠤ᠎ᠪᠠᠷ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠶ᠎ᠡ ᠬᠡᠮ᠎ᠤᠨ ᠰᠢᠯᠭ᠋ᠠᠨ ᠪᠠᠢ᠌ᠴᠠᠭ᠋ᠠᠯᠲᠠ ᠵᠢ ᠰᠢᠯᠵᠢᠭᠦᠯᠦᠨ ᠬᠡᠷᠡᠭᠯᠡᠵᠦ ᠪᠣᠯᠣᠨ᠎ᠠ᠂ ᠢᠩᠬᠢᠪᠡᠯ ᠲᠠᠩᠰᠠᠨ ᠳ᠋ᠤᠭ᠋ᠠᠷ᠎ᠤᠨ ᠨᠢᠭᠤᠴᠠ ᠨᠣᠮᠧᠷ ᠵᠶ᠋ᠠᠨ ᠭᠡᠭᠡᠬᠦ ᠂ ᠮᠠᠷᠲᠠᠬᠤ ᠵᠡᠷᠭᠡ ᠠᠰᠠᠭᠤᠳᠠᠯ᠎ᠢ ᠶᠡᠭᠡ᠎ᠪᠠᠷ ᠪᠠᠭ᠋ᠠᠰᠬᠠᠵᠤ ᠂ ᠠᠷᠠᠳ ᠣᠯᠠᠨ᠎ᠤ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ ᠳᠣᠤᠷ᠎ᠠ᠂ ᠨᠢᠭᠡ ᠯᠠ ᠳᠠᠷᠤᠪᠴᠢ᠎ᠪᠠᠷ ᠡᠷᠬᠡ ᠣᠯᠭᠤᠵᠤ ᠬᠡᠷᠡᠭ ᠶᠠᠪᠣᠳᠠᠯ᠎ᠢ ᠭᠦᠢ᠍ᠴᠡᠳᠬᠡᠬᠦ᠎ᠳᠤ ᠲᠥᠬᠦᠮ ᠦᠵᠡᠭᠦᠯᠵᠦ ᠪᠣᠯᠤᠨ᠎ᠠ᠃
ᠲᠠᠪᠤ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷ ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠤᠳᠠᠯᠳᠤᠭ᠋ᠠᠴᠢᠯᠠᠭᠰᠠᠨ᠂ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡ᠎ᠠᠴᠠ ᠢᠯᠭ᠋ᠠᠭ᠎ᠠ᠎ᠲᠠᠢ ᠪᠠᠢ᠌ᠵᠦ ᠂ ᠬᠠᠤᠯᠢ ᠴᠠᠭ᠋ᠠᠵᠠ ᠵᠢᠨ ᠱᠠᠭ᠋ᠠᠷᠳᠠᠯᠭ᠎ᠠ᠎ᠪᠠᠷ ᠦᠨᠡᠨ ᠨᠡᠷ᠎ᠡ ᠵᠢᠨ ᠭᠡᠷᠡᠴᠢᠯᠡᠯ᠎ᠤᠨ ᠪᠠᠶ᠋ᠢᠳᠠᠯ᠎ᠢ ᠲᠣᠭᠲᠠᠭ᠋ᠠᠯ ᠶᠣᠰᠣᠭ᠋ᠠᠷ ᠠᠵᠤ ᠠᠬᠤᠶ᠋ᠢᠯᠠᠯ᠎ᠳᠤ ᠦᠨ᠎ᠡ ᠲᠦᠯᠦᠪᠦᠷᠢ ᠦᠭᠡᠢ᠎ᠪᠠᠷ ᠬᠠᠩᠭ᠋ᠠᠵᠤ᠂ ᠪᠡᠶ᠎ᠡ ᠬᠡᠮ᠎ᠤᠨ ᠭᠡᠷᠡᠴᠢᠯᠡᠯ᠎ᠤᠨ ᠥᠪᠡᠷ᠎ᠤᠨ ᠥᠷᠲᠡᠭ᠎ᠢ ᠶᠡᠭᠡ᠎ᠪᠠᠷ ᠪᠠᠭᠤᠷᠠᠭᠤᠯᠤᠨ᠎ᠠ᠃ ᠡᠭᠦᠨ᠎ᠠᠴᠠ ᠭᠠᠳᠠᠨ᠎ᠠ᠂ ᠠᠵᠤ ᠠᠬᠤᠶ᠋ᠢᠯᠠᠯ᠎ᠤᠨ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠵᠣᠬᠢᠴᠠᠬᠤ᠂ ᠲᠣᠭ᠋ᠠᠴᠢᠯᠠᠭᠰᠠᠨ ᠣᠷᠣᠨ ᠵᠠᠶ ᠵᠢᠨ ᠲᠤᠬᠠᠶ᠋ᠢᠯᠠᠭᠰᠠᠨ ᠠᠵᠢᠯ᠎ᠤᠨ ᠭᠦᠨᠴᠡ ᠵᠢ ᠥᠷᠭᠡᠳᠬᠡᠬᠦ᠂ ᠬᠡᠷᠡᠭᠯᠡᠭᠴᠢ ᠵᠢᠨ ᠣᠶ᠋ᠢᠯᠠᠭ᠋ᠠᠯᠲᠠ ᠪᠠ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠤᠯᠭ᠋ᠠᠭᠤᠷᠢᠯᠠᠯ ᠬᠠᠩᠭ᠋ᠠᠵᠤ ᠪᠣᠯᠤᠨ᠎ᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠣᠳᠣᠬᠠᠨ᠎ᠳᠤ ᠶᠠᠮᠠᠷ ᠠᠷᠭ᠎ᠠ ᠬᠡᠮᠵᠢᠶ᠎ᠡ ᠠᠪᠴᠤ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠣᠯᠠᠵᠦ ᠪᠠᠢ᠌ᠬᠤ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩᠲᠤ ᠨᠡᠯᠢᠶᠡᠳ ᠪᠦᠷᠢᠨ ᠲᠡᠭᠦᠯᠳᠡᠷ ᠠᠮᠤᠷ ᠲᠦᠪᠰᠢᠨ᠎ᠤ ᠰᠡᠷᠭᠡᠶ᠋ᠢᠯᠡᠨ ᠬᠠᠮᠠᠭ᠋ᠠᠯᠠᠬᠤ ᠲᠣᠭᠲᠠᠯᠴᠠᠭ᠎ᠠ ᠵᠢ ᠪᠠᠶ᠋ᠢᠭᠤᠯᠵᠤ᠂ ᠲᠤᠭ᠎ᠠ ᠪᠠᠷᠢᠮᠲᠠ ᠵᠢ ᠲᠠᠰ ᠬᠤᠪᠢᠶᠠᠨ ᠲᠥᠷᠥᠯ ᠬᠤᠪᠢᠶᠠᠵᠤ᠂ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠪᠠ ᠬᠢᠨᠠᠨ ᠬᠡᠮᠵᠢᠯᠲᠡ ᠬᠢᠨᠠᠨ ᠪᠣᠳᠣᠯᠲᠠ ᠵᠢ ᠥᠷᠨᠢᠭᠦᠯᠵᠦ᠂ ᠠᠮᠤᠷ ᠲᠦᠪᠰᠢᠨ᠎ᠤ ᠲᠦᠭᠰᠢᠭᠦᠷᠢ ᠪᠠ ᠳᠤᠲᠠᠭᠳᠠᠯ᠎ᠢ ᠴᠠᠭ ᠲᠤᠬᠠᠶ᠎ᠳᠤᠨᠢ ᠵᠠᠰᠠᠨ ᠰᠡᠷᠭᠦᠭᠡᠵᠦ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ ᠴᠢᠳᠠᠨ᠎ᠠ ᠃
ᠨᠢᠭᠡ᠎ᠳᠤ ᠨᠡᠷ᠎ᠡ ᠪᠤᠷᠤᠭᠤᠯᠠᠭᠰᠠᠨ ᠮᠡᠷᠭᠡᠵᠢᠯ ᠵᠶ᠋ᠠᠷ ᠳᠠᠮᠵᠢᠭᠣᠯᠣᠨ ᠠᠷᠠᠳ ᠢᠷᠭᠡᠳ᠎ᠤᠨ ᠪᠡᠶ᠎ᠡ ᠬᠡᠮ᠎ᠤᠨ ᠮᠡᠳᠡᠭᠡ ᠵᠠᠩᠭᠢ ᠂ ᠲᠤᠭ᠎ᠠ ᠪᠠᠷᠢᠮᠲᠠ ᠵᠢ ᠬᠠᠮᠠᠭ᠋ᠠᠯᠠᠵᠤ᠂ 《ᠲᠤᠭ᠎ᠠ ᠪᠠᠷᠢᠮᠲᠠ ᠵᠢ ᠬᠡᠷᠡᠭᠯᠡᠵᠦ ᠪᠣᠯᠬᠤ ᠦᠵᠡᠵᠦ ᠳᠡᠢ᠌ᠯᠬᠦ ᠥᠬᠡᠶ》 ᠪᠠᠶ᠋ᠢᠬᠤ ᠵᠢ ᠪᠡᠶᠡᠯᠡᠭᠦᠯᠦᠨ᠎ᠡ᠃ ᠲᠠᠪᠴᠠᠩ᠎ᠤᠨ ᠪᠡᠶ᠎ᠡ ᠬᠡᠮ᠎ᠤᠨ ᠲᠤᠭ᠎ᠠ ᠪᠠᠷᠢᠮᠲᠠ ᠵᠢ ᠤᠯᠤᠰ᠎ᠤᠨ ᠪᠠᠷᠢᠮᠵᠢᠶ᠎ᠠ ᠵᠢᠨ ᠨᠢᠭᠤᠴᠠ ᠨᠣᠮᠧᠷ᠎ᠤᠨ ᠪᠤᠳᠤᠬᠤ ᠠᠷᠭ᠎ᠠ ᠪᠠ ᠪᠤᠳᠤᠯᠢᠶᠠᠨᠲᠠᠶ ᠪᠣᠳᠣᠯᠭ᠎ᠠ ᠵᠢᠨ ᠶᠠᠪᠤᠴᠠ᠎ᠳᠤ ᠰᠠᠭᠤᠷᠢᠯᠠᠨ ᠨᠡᠷ᠎ᠡ ᠪᠤᠷᠤᠭᠤᠯᠠᠨ ᠬᠤᠪᠢᠷᠠᠭᠣᠯᠬᠤ ᠵᠢ ᠪᠡᠶᠡᠯᠡᠭᠦᠯᠵᠦ ᠂ ᠮᠡᠷᠭᠡᠵᠢᠯ᠎ᠤᠨ ᠲᠥᠰᠦᠯ᠎ᠨᠢ ᠬᠤᠯᠪᠣᠭᠳᠠᠯ ᠪᠥᠬᠦᠶ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠬᠤ ᠵᠦᠪᠰᠢᠶᠡᠷᠡᠯ᠎ᠢ ᠣᠯᠣᠭᠰᠠᠨ ᠪᠠᠢ᠌ᠨ᠎ᠠ ᠃ ᠬᠤᠶᠠᠷ᠎ᠲᠤ ᠲᠣᠭᠲᠠᠯᠴᠠᠭ᠋ᠠᠵᠢᠭᠰᠠᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠲᠥᠰᠦᠯ ᠵᠶ᠋ᠠᠷ ᠳᠠᠮᠵᠢᠭᠤᠯᠤᠨ ᠲᠤᠭ᠎ᠠ ᠪᠠᠷᠢᠮᠲᠠ ᠵᠢᠨ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢ ᠪᠡᠶᠡᠯᠡᠭᠦᠯᠦᠨ᠎ᠡ᠃ ᠲᠤᠬᠠᠶ᠋ᠢᠯᠠᠭᠰᠠᠨ ᠠᠵᠢᠯ᠎ᠤᠨ ᠰᠢᠨᠵᠢ ᠴᠢᠨᠠᠷ᠂ ᠬᠡᠷᠡᠭᠯᠡᠬᠦ ᠬᠡᠪᠴᠢᠶ᠎ᠡ᠂ ᠬᠤᠯᠪᠣᠭᠳᠠᠬᠤ ᠨᠥᠯᠥᠭᠡ᠂ ᠲᠣᠭᠲᠠᠭ᠋ᠠᠯ᠎ᠳᠤ ᠨᠡᠶ᠋ᠢᠴᠡᠬᠦ ᠱᠠᠭ᠋ᠠᠷᠳᠠᠯᠭ᠎ᠠ ᠵᠡᠷᠭᠡ ᠬᠡᠮᠵᠢᠶ᠎ᠡ᠎ᠠᠴᠠ ᠲᠤᠭ᠎ᠠ ᠪᠠᠷᠢᠮᠲᠠ ᠵᠢ ᠲᠡᠰ ᠬᠤᠪᠢᠶᠠᠨ ᠲᠥᠷᠥᠯ ᠬᠤᠪᠢᠶᠠᠵᠤ᠂ ᠪᠦᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠤ ᠰᠡᠷᠭᠡᠢ᠌ᠯᠡᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃
ᠭᠤᠷᠪᠠ᠎ᠳᠤ ᠪᠦᠷᠢᠨ ᠲᠡᠭᠦᠯᠳᠡᠷ ᠲᠤᠭ᠎ᠠ ᠪᠠᠷᠢᠮᠲᠠ ᠵᠢ ᠠᠵᠢᠯᠯᠠᠭᠤᠯᠵᠤ ᠪᠠᠲᠤᠯᠠᠬᠤ ᠠᠮᠤᠷ ᠲᠦᠪᠰᠢᠨ᠎ᠤ ᠴᠤᠪᠤᠷᠠᠯ᠎ᠢ ᠪᠠᠶ᠋ᠢᠭᠤᠯᠵᠤ᠂ ᠲᠤᠭ᠎ᠠ ᠪᠠᠷᠢᠮᠲᠠ ᠵᠢ ᠰᠣᠷᠪᠣᠯᠵᠢᠯᠠᠨ ᠡᠵᠡᠮᠳᠡᠬᠦ ᠪᠠ ᠬᠢᠨᠠᠨ ᠵᠦᠪᠰᠢᠶᠡᠷᠡᠬᠦ ᠬᠠᠮᠢᠶᠠᠷᠣᠯᠲᠠ ᠵᠢ ᠴᠢᠩᠳᠠᠯᠠᠨ᠎ᠠ᠃ ᠲᠤᠭ᠎ᠠ ᠪᠠᠷᠢᠮᠲᠠ ᠵᠢ ᠬᠡᠷᠡᠭᠯᠡᠬᠦ ᠪᠥᠬᠦ ᠶᠠᠪᠤᠴᠠ᠎ᠳᠤ ᠬᠢᠨᠠᠨ ᠪᠤᠳᠤᠯᠲᠠ ᠬᠢᠵᠦ ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠳᠤ ᠨᠡᠶ᠋ᠢᠴᠡᠬᠦ ᠵᠢ ᠦᠨᠡᠨ ᠬᠦ᠌ ᠪᠠᠲᠤᠯᠠᠨ᠎ᠠ᠃ ᠲᠣᠭ᠎ᠠ ᠪᠠᠷᠢᠮᠲᠠ ᠵᠢ ᠠᠵᠢᠯᠯᠠᠭᠣᠯᠵᠦ ᠪᠠᠲᠣᠯᠠᠬᠤ ᠠᠵᠢᠯᠲᠠᠨ᠎ᠤ ᠬᠠᠮᠢᠶᠠᠷᠤᠨ ᠡᠵᠡᠮᠳᠡᠬᠦ ᠵᠢ ᠴᠢᠩᠳᠠᠯᠠᠵᠤ᠂ ᠰᠤᠷᠪᠤᠯᠵᠢᠯᠠᠬᠤ ᠣᠷᠣᠴᠠ ᠵᠢ ᠨᠢᠭᠡᠳᠦᠯᠲᠡᠶ ᠪᠣᠯᠭ᠋ᠠᠨ ᠂ ᠳᠦᠷᠢᠯᠡᠭᠴᠢ ᠵᠢᠨ ᠲᠠᠰ ᠵᠢᠴᠢ ᠡᠷᠬᠡ ᠵᠢᠨ ᠬᠢᠵᠠᠭ᠋ᠠᠷ᠎ᠢ ᠦᠨᠳᠦᠰᠦᠯᠡᠨ ᠪᠡᠶ᠎ᠡ ᠬᠡᠮ᠎ᠤᠨ ᠢᠯᠭ᠋ᠠᠨ ᠲᠠᠨᠢᠬᠤ ᠠᠷᠭ᠎ᠠ ᠬᠡᠮᠵᠢᠶ᠎ᠡ ᠵᠢ ᠳᠣᠭᠢᠷᠠᠭᠤᠯᠵᠤ᠂ ᠲᠣᠭ᠎ᠠ ᠪᠠᠷᠢᠮᠲᠠ᠎ᠲᠠᠢ ᠣᠢ᠌ᠷᠠᠲᠣᠭᠣᠯᠬᠤ ᠵᠢ ᠬᠠᠮᠢᠶᠠᠷᠤᠨ ᠡᠵᠡᠮᠳᠡᠵᠦ ᠪᠣᠯᠬᠤ ᠵᠢ ᠪᠡᠶᠡᠯᠡᠭᠦᠯᠦᠨ᠂ ᠲᠣᠭ᠎ᠠ ᠪᠠᠷᠢᠮᠲᠠ ᠵᠢ ᠰᠤᠷᠪᠤᠯᠵᠢᠯᠠᠬᠤ ᠠᠵᠢᠯᠯᠠᠭ᠎ᠠ ᠵᠢᠨ ᠪᠥᠬᠦ ᠶᠠᠪᠤᠴᠠ ᠵᠢ ᠮᠥᠷᠳᠡᠵᠦ ᠪᠣᠯᠬᠤ ᠵᠢ ᠦᠨᠡᠨ ᠬᠦ᠌ ᠪᠠᠲᠤᠯᠠᠨ᠎ᠠ᠃
ᠲᠦᠷᠪᠡ᠎ᠳᠤ ᠵᠢᠩᠬᠢᠨᠢ ᠪᠠᠶ᠋ᠢᠯᠳᠤᠭ᠋ᠠᠨᠴᠢᠯᠠᠬᠰᠠᠨ ᠲᠠᠭ᠋ᠠᠷᠢᠯᠲᠠ ᠬᠤᠷᠢᠭᠯᠠᠯᠲᠠ ᠵᠢᠨ ᠰᠣᠷᠢᠯᠲᠠ ᠵᠢ ᠪᠠᠷᠢᠮᠲᠠᠯᠠᠵᠤ᠂ ᠰᠠᠨᠠᠭ᠋ᠠᠴᠢᠯᠠᠭ᠋ᠠᠲᠤ ᠬᠤᠷᠢᠭᠯᠠᠯᠲᠠ ᠵᠢᠨ ᠦᠷᠭᠦᠯᠵᠢᠯᠡᠭᠰᠡᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠪᠡᠶᠡᠯᠡᠭᠦᠯᠦᠨ᠎ᠡ ᠃ ᠦᠶᠡᠯᠡᠯ᠎ᠳᠦ ᠴᠢᠨᠠᠷᠲᠠᠶ᠎ᠪᠠᠷ ᠪᠣᠳᠠᠲᠤ ᠲᠣᠤᠷ᠎ᠤᠨ ᠳᠠᠭ᠋ᠠᠷᠢᠯᠲᠠ ᠰᠡᠷᠭᠡᠢ᠌ᠯᠡᠯᠲᠡ ᠵᠢᠨ ᠰᠣᠷᠢᠯᠲᠠ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ᠂ ᠵᠡᠷᠭᠡ ᠳᠡᠰ᠎ᠤᠨ ᠬᠠᠮᠠᠭ᠋ᠠᠯᠠᠯᠲᠠ ᠵᠢ ᠰᠢᠯᠭ᠋ᠠᠨ ᠦᠨᠡᠯᠡᠬᠦ᠂ ᠬᠤᠳᠠᠯᠳᠤᠭ᠋ᠠᠨ᠎ᠳᠤ ᠬᠡᠷᠡᠭᠯᠡᠬᠦ ᠨᠢᠭᠤᠴᠠ ᠲᠡᠮᠳᠡᠭ᠎ᠢ ᠦᠨᠡᠯᠡᠨ ᠵᠢᠱ᠌ᠢᠬᠦ ᠵᠡᠷᠭᠡ ᠠᠵᠢᠯ᠎ᠢ ᠥᠷᠨᠢᠭᠦᠯᠵᠦ᠂ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠬᠥᠳᠡᠯᠦᠯᠴᠡᠬᠦ ᠠᠮᠤᠷ ᠲᠦᠪᠰᠢᠨ᠎ᠤ ᠲᠣᠭᠲᠠᠴᠠ ᠵᠢ ᠪᠠᠲᠤᠯᠠᠨ᠂ ᠰᠦᠯᠵᠢᠶᠡᠨ᠎ᠤ ᠠᠮᠤᠷ ᠲᠦᠪᠰᠢᠨ᠎ᠤ ᠤᠬᠠᠮᠰᠠᠷ ᠪᠠ ᠮᠡᠳᠡᠯᠭᠡ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ᠎ᠤ ᠳᠤᠲᠠᠭᠳᠠᠯ᠎ᠢ ᠴᠠᠭ ᠲᠤᠬᠠᠶ᠎ᠳᠤᠨᠢ ᠢᠯᠡᠷᠡᠭᠦᠯᠬᠦ ᠪᠠ ᠨᠦᠬᠦᠪᠦᠷᠢᠯᠡᠵᠦ ᠂ ᠰᠢᠰᠲ᠋ᠧᠮ᠎ᠤᠨ ᠪᠦᠬᠦᠯᠢ ᠴᠣᠭᠴᠠ ᠵᠢᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃