ᠣᠶ᠋ᠢᠷ᠎ᠠ᠎ᠳᠤ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠷᠠᠳ᠎ᠤᠨ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠡᠷᠭᠡ ᠵᠢᠷᠭᠤᠭ᠋ᠠᠨ ᠰᠠᠯᠠᠭ᠎ᠠ ᠮᠥᠴᠢᠷ ᠬᠠᠮᠲᠤᠷᠠᠨ 《ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠬᠠᠮᠢᠶᠠᠷᠤᠯᠲᠠ ᠵᠢᠨ ᠠᠷᠭ᠎ᠠ》 ᠭᠡᠵᠦ ᠲᠣᠪᠴᠢᠯᠠᠨ᠎ᠠ) ᠵᠢ ᠨᠡᠶ᠋ᠢᠲᠡᠯᠡᠵᠦ᠂ 2025 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ 《ᠬᠠᠮᠢᠶᠠᠷᠤᠯᠲᠠ ᠵᠢᠨ ᠠᠷᠭ᠎ᠠ》 ᠵᠢᠨ ᠬᠤᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢ ᠨᠡᠶ᠋ᠢᠲᠡᠯᠡᠭᠰᠡᠨ ᠠᠬᠤᠶ ᠪᠠᠶ᠋ᠢᠳᠠᠯ᠎ᠢ ᠲᠥᠬᠦᠮ ᠲᠠᠨᠢᠯᠴᠠᠭᠤᠯᠤᠭ᠋ᠠᠳ ᠥᠭᠭᠦᠨ᠎ᠡ ᠦᠦ?
ᠬᠠᠷᠢᠭᠤᠯᠲᠠ᠄ ᠢᠨᠲ᠋ᠧᠷ ᠰᠦᠯᠵᠢᠶᠡᠨ᠎ᠤ ᠲᠦᠭᠡᠮᠡᠯᠵᠢᠯᠲᠡ ᠪᠠ ᠲᠣᠭ᠋ᠠᠴᠢᠯᠠᠭᠰᠠᠨ ᠠᠵᠤ ᠠᠬᠤᠢ ᠵᠢᠨ ᠥᠷᠨᠢᠩᠭᠦᠢ ᠬᠥᠭᠵᠢᠯᠲᠡ ᠵᠢ ᠳᠠᠭ᠋ᠠᠯᠳᠤᠨ᠂ ᠢᠨᠲ᠋ᠧᠷ ᠰᠦᠯᠵᠢᠶ᠎ᠡ᠎ᠨᠢ ᠨᠡᠶ᠋ᠢᠭᠡᠮ᠎ᠤᠨ ᠡᠯ᠎ᠡ ᠲᠠᠯ᠎ᠠ᠎ᠳᠤ ᠪᠦᠬᠦ ᠲᠠᠯ᠎ᠠ᠎ᠪᠠᠷ ᠠᠭᠤᠰᠤᠯᠴᠠᠵᠤ᠂ ᠮᠠᠨ᠎ᠤ ᠦᠢ᠍ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ ᠪᠠ ᠨᠡᠶ᠋ᠢᠭᠡᠮ᠎ᠤᠨ ᠵᠠᠰᠠᠯᠲᠠ ᠵᠢᠨ ᠠᠷᠭ᠎ᠠ ᠮᠠᠶᠢᠭ᠎ᠲᠤ ᠭᠦᠨᠵᠡᠭᠡᠢ ᠬᠤᠪᠢᠰᠤᠯᠲᠠ ᠭᠠᠷᠭ᠋ᠠᠪᠠ᠃ ᠡᠭᠦᠨ᠎ᠤ ᠬᠠᠮᠲᠤ᠂ ᠰᠦᠯᠵᠢᠶᠡᠨ᠎ᠤ ᠣᠷᠣᠨ ᠵᠠᠶ᠎ᠳᠤ ᠬᠤᠪᠢ ᠬᠥᠮᠦᠨ᠎ᠤ ᠪᠡᠶ᠎ᠡ ᠬᠡᠮ᠎ᠢ ᠪᠦᠲᠦᠮᠵᠢᠲᠡᠶ ᠢᠯᠭ᠋ᠠᠨ ᠲᠠᠨᠢᠬᠤ ᠵᠢᠨ ᠲᠥᠯᠥᠭᠡ᠂ ᠬᠤᠪᠢ ᠬᠥᠮᠦᠨ᠎ᠤ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢᠨ ᠭᠡᠷᠡᠴᠢᠯᠡᠯ᠎ᠤᠨ ᠦᠢ᠍ᠯᠡᠴᠢᠯᠡᠭᠡᠨ᠎ᠤ ᠬᠡᠷᠡᠭᠴᠡᠭᠡ᠎ᠳᠤ ᠰᠠᠭᠤᠷᠢᠯᠠᠨ ᠳᠡᠯᠪᠡᠷᠡᠯᠲᠡ ᠵᠢᠨ ᠮᠠᠶᠢᠭ᠎ᠤᠨ ᠨᠡᠮᠡᠭᠳᠡᠯ ᠭᠠᠷᠴᠤ᠂ ᠬᠡᠰᠡᠭ ᠪᠦᠯᠦᠭ ᠰᠦᠯᠵᠢᠶᠡᠨ᠎ᠤ ᠣᠷᠣᠨ ᠵᠠᠶ ᠵᠢᠨ ᠲᠤᠬᠠᠶ᠋ᠢᠯᠠᠭᠰᠠᠨ ᠠᠵᠢᠯ ᠭᠦᠢ᠍ᠴᠡᠳᠬᠡᠬᠦ ᠢᠲᠡᠭᠡᠮᠵᠢ ᠵᠢᠨ ᠰᠠᠭᠤᠷᠢ ᠵᠢ ᠬᠠᠩᠭ᠋ᠠᠭᠰᠠᠨ ᠪᠣᠯᠪᠠᠴᠤ ᠪᠠᠰᠠ ᠰᠢᠨ᠎ᠡ ᠠᠰᠠᠭᠤᠳᠠᠯ᠎ᠢ ᠡᠭᠦᠰᠴᠡᠶ᠂ ᠵᠢᠱ᠌ᠢᠶᠡᠯᠡᠪᠡᠯ ᠢᠨᠲ᠋ᠧᠷ ᠰᠦᠯᠵᠢᠶᠡᠨ᠎ᠤ ᠲᠠᠪᠴᠠᠩ᠎ᠨᠢ ᠡᠷᠬᠡ ᠰᠦᠷ᠎ᠲᠠᠢ᠂ ᠨᠠᠶ᠋ᠢᠳᠠᠪᠤᠷᠢᠲᠠᠶ᠂ ᠳᠥᠭᠦᠮ ᠳᠥᠲᠡ ᠠᠷᠠᠳ ᠢᠷᠭᠡᠳ᠎ᠤᠨ ᠪᠡᠶ᠎ᠡ ᠬᠡᠮ᠎ᠤᠨ ᠭᠡᠷᠡᠴᠢᠯᠡᠯ᠎ᠤᠨ ᠠᠷᠭ᠎ᠠ ᠮᠠᠶᠢᠭ᠎ᠢ ᠡᠷᠢᠵᠦ ᠤᠯᠬᠤ᠎ᠳᠤ ᠪᠡᠷᠬᠡ᠂ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ᠎ᠨᠢ ᠬᠠᠤᠯᠢ ᠪᠤᠰᠤ᠎ᠪᠠᠷ ᠴᠣᠭᠯᠠᠭᠣᠯᠣᠭᠳᠠᠭᠰᠠᠨ᠂ ᠲᠣᠭ᠋ᠠᠴᠢᠯᠠᠭᠰᠠᠨ ᠠᠵᠤ ᠠᠬᠤᠶ᠎ᠨᠢ ᠢᠲᠡᠭᠡᠮᠵᠢᠲᠡᠶ ᠲᠤᠭ᠋ᠠᠴᠢᠯᠠᠭᠰᠠᠨ ᠪᠡᠶ᠎ᠡ ᠬᠡᠮ ᠵᠶ᠋ᠡᠷ ᠲᠤᠯᠭ᠋ᠠᠭᠤᠷᠢᠯᠠᠯ ᠪᠣᠯᠭ᠋ᠠᠭᠰᠠᠨ ᠵᠡᠷᠭᠡ ᠪᠣᠯᠤᠨ᠎ᠠ᠃ ᠡᠳᠡᠭᠡᠷ ᠠᠰᠠᠭᠤᠳᠠᠯ᠎ᠳᠤ ᠴᠢᠭᠯᠡᠭᠦᠯᠦᠨ᠂ ᠣᠯᠠᠨ ᠤᠯᠤᠰ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠲᠣᠭᠲᠠᠯᠴᠠᠭ᠎ᠠ ᠵᠢ ᠪᠠᠶ᠋ᠢᠭᠤᠯᠬᠤ᠎ᠪᠠᠷ ᠳᠠᠮᠵᠢᠭᠤᠯᠤᠨ ᠢᠲᠡᠭᠡᠮᠵᠢᠲᠦ ᠲᠣᠭ᠋ᠠᠴᠢᠯᠠᠭᠰᠠᠨ ᠪᠡᠶ᠎ᠡ ᠬᠡᠮ᠎ᠤᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠠᠷᠠᠳ ᠢᠷᠭᠡᠳ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠭᠰᠠᠨ ᠪᠠᠢ᠌ᠨ᠎ᠠ᠃
ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠨᠢ ᠲᠣᠭ᠋ᠠᠴᠢᠯᠠᠭᠰᠠᠨ ᠪᠡᠶ᠎ᠡ ᠬᠡᠮ ᠪᠣᠯᠤᠨ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠭᠰᠠᠨ ᠪᠠᠢ᠌ᠨ᠎ᠠ᠃ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠢᠯᠡᠳᠬᠡᠯ᠎ᠳᠤ᠂ 《ᠣᠯᠠᠨ ᠨᠡᠶ᠋ᠢᠲᠡ ᠵᠢᠨ ᠠᠮᠤᠷ ᠲᠦᠪᠰᠢᠨ᠎ᠤ ᠵᠠᠰᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠨ᠎ᠠ》 ᠭᠡᠵᠦ ᠵᠢᠭ᠋ᠠᠵᠤ ᠭᠠᠷᠭ᠋ᠠᠪᠠ᠃ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠤᠯᠤᠰ᠎ᠤᠨ ᠮᠡᠳᠡᠭᠡ ᠵᠠᠩᠭᠢᠵᠢᠯᠲᠠ ᠵᠢᠨ ᠲᠥᠯᠥᠪᠵᠢᠭᠦᠯᠭᠡ》᠎ᠳᠤ 《ᠨᠡᠶ᠋ᠢᠭᠡᠮ᠎ᠤᠨ ᠲᠣᠭ᠋ᠠᠴᠢᠯᠠᠭᠰᠠᠨ ᠪᠡᠶ᠎ᠡ ᠬᠡᠮ᠎ᠤᠨ ᠬᠠᠮᠢᠶᠠᠷᠤᠯᠲᠠ ᠵᠢᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠲᠣᠭ᠋ᠠᠴᠢᠯᠠᠭᠰᠠᠨ ᠪᠡᠶ᠎ᠡ ᠬᠡᠮ᠎ᠤᠨ ᠬᠠᠮᠢᠶᠠᠷᠤᠯᠲᠠ ᠵᠢᠨ ᠲᠣᠭᠲᠠᠯᠴᠠᠭ᠎ᠠ ᠪᠠᠷᠢᠮᠵᠢᠶᠠᠵᠢᠯᠲᠠ ᠵᠢ ᠡᠮᠬᠢᠯᠡᠨ ᠨᠡᠶ᠋ᠢᠯᠡᠭᠦᠯᠵᠦ ᠵᠣᠯᠭ᠋ᠠᠭᠤᠯᠬᠤ ᠵᠢ ᠴᠢᠩᠭ᠋ᠠᠳᠬᠠᠨ᠎ᠠ》 ᠭᠡᠵᠦ ᠲᠣᠳᠣᠷᠬᠠᠶ ᠲᠣᠭᠲᠠᠭ᠋ᠠᠵᠠᠶ᠃ 《ᠲᠣᠭ᠎ᠠ ᠪᠠᠷᠢᠮᠲᠠ ᠵᠢᠨ ᠰᠠᠭᠤᠷᠢ ᠲᠦᠷᠢᠮ᠎ᠢ ᠪᠠᠶ᠋ᠢᠭᠤᠯᠵᠤ ᠲᠣᠭ᠎ᠠ ᠪᠠᠷᠢᠮᠲᠠ ᠵᠢᠨ ᠡᠯᠧᠮᠧᠨ᠋ᠲ᠎ᠤᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠨᠢ 《ᠬᠤᠪᠢ ᠬᠥᠮᠦᠨ᠎ᠤ ᠮᠡᠳᠡᠭᠡ ᠵᠠᠩᠭᠢ ᠵᠢ ᠨᠢᠭᠤᠨ ᠳᠠᠯᠳᠠᠯᠠᠵᠤ ᠰᠢᠢ᠍ᠳᠪᠦᠷᠢᠯᠡᠬᠦ ᠵᠢ ᠲᠦᠯᠬᠢᠨ ᠠᠬᠢᠭᠤᠯᠵᠤ᠂ ᠬᠤᠪᠢ ᠬᠥᠮᠦᠨ᠎ᠤ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠬᠡᠷᠡᠭᠯᠡᠬᠦ ᠦᠶ᠎ᠡ ᠵᠢᠨ ᠮᠡᠳᠡᠭᠡ ᠵᠠᠩᠭᠢ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠨᠢᠭᠤᠴᠠ ᠵᠢ ᠪᠠᠲᠤᠯᠠᠬᠤ ᠬᠡᠷᠡᠭᠲᠡᠶ》 ᠭᠡᠵᠦ ᠱᠠᠭ᠋ᠠᠷᠳᠠᠪᠠ᠃
ᠡᠭᠦᠨ᠎ᠤ ᠲᠤᠯᠠᠳᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠯᠤᠰ᠎ᠤᠨ ᠰᠦᠯᠵᠢᠶᠡᠨ ᠳᠡᠭᠡᠷᠡᠬᠢ ᠪᠡᠶ᠎ᠡ ᠬᠡᠮ᠎ᠤᠨ ᠭᠡᠷᠡᠴᠢᠯᠡᠯ᠎ᠤᠨ ᠰᠠᠭᠤᠷᠢ ᠲᠥᠬᠦᠭᠡᠷᠦᠮᠵᠢ ᠵᠢ ᠪᠠᠶ᠋ᠢᠭᠤᠯᠵᠤ᠂ ᠨᠡᠶ᠋ᠢᠭᠡᠮ᠎ᠳᠤ ᠤᠯᠤᠰ᠎ᠤᠨ ᠰᠦᠯᠵᠢᠶᠡᠨ ᠳᠡᠭᠡᠷᠡᠬᠢ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠠᠩᠭ᠋ᠠᠵᠤ᠂ ᠠᠷᠠᠳ ᠤᠯᠠᠨ᠎ᠤ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ ᠳᠣᠣᠷᠠᠬᠢ ᠬᠤᠪᠢ ᠬᠦᠮᠦᠨ᠎ᠤ ᠪᠡᠶ᠎ᠡ ᠬᠡᠮ᠎ᠤᠨ ᠠᠮᠤᠷ ᠲᠦᠪᠰᠢᠨ᠂ ᠳᠦᠭᠦᠮ ᠲᠦᠳᠡ ᠭᠡᠷᠡᠴᠢᠯᠡᠬᠦ ᠬᠡᠷᠡᠭᠴᠡᠭᠡ ᠵᠢ ᠬᠠᠩᠭ᠋ᠠᠵᠦ᠂ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠢ ᠬᠠᠮᠠᠭ᠋ᠠᠯᠠᠨ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠲᠦᠯᠬᠢᠨ ᠠᠬᠢᠭᠣᠯᠣᠭᠰᠠᠨ ᠪᠠᠢ᠌ᠨ᠎ᠠ᠃
ᠣᠳᠣᠬᠠᠨ᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠨᠢᠭᠡᠨᠲᠡ ᠬᠡᠰᠡᠭ ᠢᠨᠲ᠋ᠧᠷ ᠰᠦᠯᠵᠢᠶᠡᠨ᠎ᠤ ᠲᠠᠪᠴᠠᠩ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠰᠤᠷᠭ᠋ᠠᠨ ᠬᠥᠮᠦᠵᠢᠯ᠎ᠤᠨ ᠰᠢᠯᠭ᠋ᠠᠯᠲᠠ᠂ ᠰᠣᠶᠣᠯ ᠵᠢᠭᠤᠯᠴᠢᠯᠠᠯ᠂ ᠡᠮᠴᠢᠯᠡᠭᠡ ᠡᠷᠡᠭᠦᠯ ᠬᠠᠮᠠᠭ᠋ᠠᠯᠠᠯ᠂ ᠰᠢᠤᠳᠠᠨ ᠵᠶ᠋ᠠᠷ ᠢᠯᠡᠭᠡᠬᠦ᠂ ᠵᠠᠮ ᠬᠠᠷᠢᠯᠴᠠᠭ᠎ᠠ ᠶᠠᠪᠣᠵᠦ ᠰᠠᠭᠣᠬᠤ ᠵᠡᠷᠭᠡ ᠠᠵᠢᠯ ᠲᠥᠷᠥᠯ᠎ᠤᠨ ᠬᠦᠷᠢᠶᠡᠨ᠎ᠳᠤ ᠲᠤᠷᠰᠢᠯᠲᠠ ᠵᠢᠨ ᠴᠡᠭ᠎ᠤᠨ ᠬᠡᠷᠡᠭᠯᠡᠯᠲᠡ ᠥᠷᠨᠢᠭᠦᠯᠪᠡ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠯᠡᠬᠦ ᠬᠡᠪᠴᠢᠶ᠎ᠡ᠂ ᠬᠡᠷᠡᠭᠯᠡᠬᠦ ᠠᠷᠭ᠎ᠠ ᠮᠠᠶᠢᠭ᠂ ᠬᠡᠷᠡᠭᠯᠡᠬᠦ ᠦᠵᠡᠭᠳᠡᠯ᠂ ᠬᠡᠷᠡᠭᠯᠡᠬᠦ ᠵᠠᠷᠴᠢᠮ᠎ᠢ ᠤᠯᠠᠮ ᠨᠢᠭᠡ ᠠᠯᠬᠣᠮ ᠵᠢᠷᠣᠮᠵᠢᠭᠣᠯᠵᠦ᠂ ᠬᠠᠮᠢᠶ᠎ᠠ ᠪᠥᠬᠦᠶ ᠲᠠᠯ᠎ᠠ ᠵᠢᠨ ᠡᠷᠬᠡ ᠡᠭᠦᠷᠭᠡ᠂ ᠡᠭᠦᠷᠭᠡ ᠬᠠᠷᠢᠭᠤᠴᠠᠯᠭ᠎ᠠ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢ ᠲᠣᠳᠣᠷᠬᠠᠶ᠋ᠢᠯᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠲᠣᠭᠲᠠᠭ᠋ᠠᠪᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠡᠷᠡᠭᠵᠢᠭᠦᠯᠬᠦ᠎ᠳᠤ ᠶᠠᠮᠠᠷ ᠶᠠᠮᠠᠷ ᠬᠠᠤᠯᠢ ᠴᠠᠭ᠋ᠠᠵᠠ ᠵᠢᠨ ᠦᠨᠳᠦᠰᠦᠯᠡᠯ ᠪᠠᠶ᠋ᠢᠬᠤ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠭᠦᠢ᠍ᠴᠡᠳ ᠬᠠᠤᠯᠢ ᠴᠠᠭ᠋ᠠᠵᠠ ᠵᠢᠨ ᠦᠨᠳᠦᠰᠦᠯᠡᠯ᠎ᠲᠠᠢ ᠶᠤᠮ᠃ 《ᠰᠦᠯᠵᠢᠶᠡᠨ᠎ᠤ ᠠᠮᠤᠷ ᠲᠦᠪᠰᠢᠨ᠎ᠤ ᠬᠠᠤᠯᠢ》 ᠵᠢᠨ 24 ᠳ᠋ᠦ᠍ᠭᠡᠷ ᠵᠣᠷᠪᠣᠰ᠎ᠲᠤ 《ᠤᠯᠤᠰ᠎ᠠᠴᠠ ᠰᠦᠯᠵᠢᠶᠡᠨ᠎ᠤ ᠢᠲᠡᠭᠡᠮᠵᠢᠲᠦ ᠪᠡᠶ᠎ᠡ ᠬᠡᠮ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠠᠮᠤᠷ ᠲᠦᠪᠰᠢᠨ᠂ ᠲᠥᠬᠦᠮ ᠲᠥᠳᠡ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ ᠰᠤᠳᠤᠯᠤᠨ ᠨᠡᠭᠡᠭᠡᠬᠦ ᠵᠢ ᠳᠡᠮᠵᠢᠵᠦ᠂ ᠠᠳᠠᠯᠢ ᠪᠤᠰᠤ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠬᠤᠭᠤᠷᠣᠨᠳᠣᠬᠢ ᠬᠠᠷᠢᠯᠴᠠᠨ ᠮᠡᠳᠡᠷᠡᠬᠦ ᠵᠢ ᠠᠬᠢᠭᠤᠯᠤᠨ᠎ᠠ》 ᠭᠡᠵᠦ ᠲᠣᠭᠲᠠᠭ᠋ᠠᠵᠠᠢ᠂ 《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠢᠨ 62 ᠳ᠋ᠤᠭ᠋ᠠᠷ ᠵᠣᠷᠪᠣᠰ᠎ᠲᠤ 《ᠠᠮᠤᠷ ᠲᠦᠪᠰᠢᠨ᠂ ᠲᠥᠬᠦᠮ ᠲᠥᠳᠡ ᠡᠯᠸᠺᠲᠷᠣᠨ ᠪᠡᠶ᠎ᠡ ᠬᠡᠮ᠎ᠤᠨ ᠭᠡᠷᠡᠴᠢᠯᠡᠯ᠎ᠤᠨ ᠮᠡᠷᠭᠡᠵᠢᠯ᠎ᠢ ᠰᠣᠳᠣᠯᠣᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠵᠢ ᠳᠡᠮᠵᠢᠵᠦ᠂ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢ ᠠᠬᠢᠭᠤᠯᠤᠨ᠎ᠠ》 ᠭᠡᠵᠦ ᠲᠣᠭᠲᠠᠭ᠋ᠠᠵᠠᠢ᠂ 《ᠴᠠᠬᠢᠯᠭ᠋ᠠᠨ ᠬᠤᠯᠪᠣᠭ᠋ᠠᠨ᠎ᠤ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠣᠯᠢ》 ᠵᠢᠨ 33 ᠳ᠋ᠤᠭ᠋ᠠᠷ ᠵᠣᠷᠪᠣᠰ᠎ᠲᠤ᠂ 《ᠤᠯᠤᠰ᠎ᠠᠴᠠ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠯᠲᠠ ᠵᠢ ᠠᠬᠢᠭᠤᠯᠵᠤ᠂ ᠬᠤᠪᠢ ᠬᠥᠮᠦᠨ᠂ ᠠᠵᠤ ᠠᠬᠤᠶ᠋ᠢᠯᠠᠯ᠎ᠤᠨ ᠰᠠᠶ᠋ᠢᠨ ᠳᠤᠷ᠎ᠠ᠎ᠠᠴᠠ᠎ᠪᠠᠨ ᠬᠡᠷᠡᠭᠯᠡᠬᠦ ᠵᠢ ᠳᠡᠮᠵᠢᠵᠦ᠂ ᠴᠠᠬᠢᠯᠭ᠋ᠠᠨ ᠬᠤᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠡᠵᠡᠩᠨᠡᠭᠴᠢ᠂ ᠪᠠᠩᠬᠢ ᠵᠢᠨ ᠦᠢ᠍ᠯᠡᠰ᠎ᠤᠨ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠂ ᠪᠠᠩᠬᠢ ᠵᠢᠨ ᠪᠤᠰᠤ ᠲᠣᠭ᠋ᠠᠴᠠᠭ᠎ᠠ ᠬᠢᠬᠦ ᠪᠠᠶ᠋ᠢᠭᠤᠯᠤᠮᠵᠢ᠂ ᠢᠨᠲ᠋ᠧᠷ ᠰᠦᠯᠵᠢᠶᠡᠨ᠎ᠤ ᠦᠢ᠍ᠯᠡᠴᠢᠯᠡᠭᠡ ᠬᠠᠩᠭ᠋ᠠᠭᠴᠢ ᠮᠡᠬᠡᠯᠡᠯ᠎ᠳᠤ ᠬᠤᠯᠪᠣᠭᠳᠠᠭᠰᠠᠨ ᠬᠡᠪ᠎ᠤᠨ ᠪᠣᠰᠣ ᠪᠠᠢ᠌ᠳᠠᠯ᠎ᠲᠠᠢ ᠳ᠋ᠢᠶᠠᠩᠬᠤᠸᠠ ᠵᠢᠨ ᠺᠠᠷᠲ᠂ ᠪᠠᠩᠬᠢ ᠵᠢᠨ ᠳᠠᠩᠰᠠᠨ ᠡᠷᠦᠬᠡ᠂ ᠢᠨᠲ᠋ᠧᠷ ᠰᠦᠯᠵᠢᠶᠡᠨ᠎ᠤ ᠳᠠᠩᠰᠠᠨ ᠨᠤᠮᠸᠷ᠎ᠢ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠪᠠᠷ ᠳᠠᠮᠵᠢᠭᠤᠯᠤᠨ ᠬᠡᠷᠡᠭᠯᠡᠭᠴᠢ ᠵᠢᠨ ᠪᠡᠶ᠎ᠡ ᠬᠡᠮ᠎ᠢ ᠳᠠᠬᠢᠨ ᠬᠠᠷᠭᠣᠭᠣᠯᠣᠨ ᠪᠠᠢ᠌ᠴᠠᠭ᠋ᠠᠵᠦ ᠪᠣᠯᠤᠨ᠎ᠠ》 ᠭᠡᠵᠦ ᠲᠣᠭᠲᠠᠭ᠋ᠠᠵᠠᠶ᠃
ᠳᠡᠭᠡᠷ᠎ᠡ ᠳᠤᠷᠠᠳᠤᠭᠰᠠᠨ ᠬᠠᠤᠯᠢ ᠴᠠᠭ᠋ᠠᠵᠠ ᠵᠢ ᠦᠨᠳᠦᠰᠦᠯᠡᠪᠡᠯ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠠᠵᠢᠯᠯᠠᠭ᠋ᠠᠨ᠎ᠤ ᠬᠠᠮᠢᠶᠠᠷᠤᠯᠲᠠ ᠵᠢ ᠵᠢᠷᠤᠮᠵᠢᠭᠤᠯᠵᠤ᠂ ᠬᠡᠷᠡᠭᠯᠡᠭᠴᠢ ᠵᠢᠨ ᠬᠤᠪᠢ ᠬᠥᠮᠥᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠬᠠᠮᠠᠭ᠋ᠠᠯᠠᠬᠤ ᠵᠢᠨ ᠲᠥᠯᠥᠭᠡ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠵᠢᠷᠭᠤᠭ᠋ᠠᠨ ᠰᠠᠯᠠᠭ᠎ᠠ ᠮᠥᠴᠢᠷ᠎ᠠᠴᠠ 《ᠬᠠᠮᠢᠶᠠᠷᠤᠯᠲᠠ ᠵᠢᠨ ᠠᠷᠭ᠎ᠠ》 ᠵᠢ ᠰᠤᠳᠤᠯᠤᠨ ᠲᠣᠭᠲᠠᠭ᠋ᠠᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠭᠤᠤᠯ ᠠᠭᠤᠯᠭ᠎ᠠ᠎ᠨᠢ ᠶᠠᠭᠤ ᠶᠠᠭᠤ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ ᠨᠡᠶ᠋ᠢᠲᠡ 16 ᠵᠤᠷᠪᠣᠰ ᠪᠣᠶ᠂ ᠭᠤᠤᠯᠳᠠᠭᠤ ᠳᠥᠷᠪᠡᠨ ᠲᠠᠯ᠎ᠠ ᠵᠢᠨ ᠠᠭᠤᠯᠭ᠎ᠠ ᠵᠢ ᠪᠠᠭᠲᠠᠭ᠋ᠠᠨ᠎ᠠ᠄ ᠨᠢᠭᠡ᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢᠴᠢ ᠰᠦᠯᠵᠢᠶᠡᠨ᠎ᠤ ᠨᠣᠮᠧᠷ᠂ ᠰᠦᠯᠵᠢᠶᠡᠨ᠎ᠤ ᠦᠨᠡᠮᠯᠡᠯ᠎ᠤᠨ ᠤᠬᠠᠭᠳᠠᠬᠤᠨ᠂ ᠭᠤᠶᠤᠴᠢᠯᠠᠨ ᠠᠪᠬᠤ ᠠᠷᠭ᠎ᠠ ᠮᠠᠶᠢᠭ᠎ᠢ ᠲᠣᠳᠣᠷᠬᠠᠶ᠋ᠢᠯᠠᠪᠠ᠂ ᠬᠤᠶᠠᠷ᠎ᠲᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠬᠡᠷᠡᠭᠯᠡᠬᠦ ᠬᠦᠴᠦᠨ᠂ ᠬᠡᠷᠡᠭᠯᠡᠭᠡᠨ᠎ᠤ ᠠᠬᠤᠶ ᠪᠠᠶ᠋ᠢᠳᠠᠯ᠎ᠢ ᠲᠣᠳᠣᠷᠬᠠᠶ᠋ᠢᠯᠠᠪᠠ᠂ ᠭᠤᠷᠪᠠ᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠂ ᠢᠨᠲ᠋ᠧᠷ ᠰᠦᠯᠵᠢᠶᠡᠨ᠎ᠤ ᠲᠠᠪᠴᠠᠩ ᠵᠡᠷᠭᠡ ᠵᠢᠨ ᠲᠤᠭ᠎ᠠ ᠪᠠᠷᠢᠮᠲᠠ ᠵᠢᠨ ᠠᠮᠤᠷ ᠲᠦᠪᠰᠢᠨ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠷᠢᠭᠤᠴᠠᠯᠭ᠎ᠠ ᠵᠢ ᠴᠢᠬᠤᠯᠠᠴᠢᠯᠠᠪᠠ᠂ ᠳᠥᠷᠪᠡ᠎ᠳᠤ ᠨᠠᠰᠤᠨ᠎ᠳᠤ ᠥᠯᠥ ᠭᠦᠷᠦᠭᠰᠡᠳ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠭᠣᠶᠣᠴᠢᠯᠠᠨ ᠠᠪᠬᠤ᠂ ᠬᠡᠷᠡᠭᠯᠡᠬᠦ ᠲᠤᠬᠠᠶ ᠣᠨᠴᠠᠭ᠋ᠠᠶ ᠲᠣᠭᠲᠠᠭ᠋ᠠᠯ ᠭᠠᠷᠭ᠋ᠠᠪᠠ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠵᠡᠷᠭᠡ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠪᠠ ᠰᠢᠢ᠍ᠳᠪᠦᠷᠢᠯᠡᠬᠦ ᠲᠤᠬᠠᠶ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ 《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠭᠦᠢ᠍ᠴᠡᠳ ᠪᠠᠲᠤᠯᠠᠵᠠᠢ᠃
ᠨᠢᠭᠡ᠎ᠳᠤ᠂ ᠮᠡᠳᠡᠭᠡ ᠵᠠᠩᠭᠢ ᠴᠤᠭᠯᠠᠭᠤᠯᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ》᠎ᠳᠤ᠂ ᠬᠡᠷᠡᠭᠯᠡᠭᠴᠢ ᠵᠢᠨ ᠰᠦᠯᠵᠢᠶᠡᠨ᠎ᠤ ᠨᠣᠮᠧᠷ᠂ ᠰᠦᠯᠵᠢᠶᠡᠨ᠎ᠤ ᠦᠨᠡᠮᠯᠡᠯ᠎ᠤᠨ ᠳᠠᠩᠰᠠᠯᠠᠯᠲᠠ ᠵᠢ ᠰᠣᠩᠭᠤᠨ ᠬᠡᠷᠡᠭᠯᠡᠵᠦ᠂ ᠦᠨᠡᠨ ᠪᠣᠳᠠᠲᠠᠶ ᠪᠡᠶ᠎ᠡ ᠬᠡᠮ᠎ᠢ ᠬᠠᠷᠭᠤᠭᠤᠯᠤᠨ ᠪᠠᠢ᠌ᠴᠠᠭ᠋ᠠᠬᠤ᠎ᠳᠤ᠂ ᠬᠠᠥᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠠᠴᠠ ᠭᠠᠳᠠᠨ᠎ᠠ ᠠᠰᠲᠠᠭ᠋ᠠᠨ ᠲᠣᠭᠲᠠᠭ᠋ᠠᠯ᠎ᠲᠠᠢ ᠪᠤᠶᠤ ᠬᠡᠷᠡᠭᠯᠡᠭᠴᠢ ᠵᠢᠨ ᠵᠦᠪᠰᠢᠶᠡᠷᠡᠯ᠎ᠢ ᠣᠯᠣᠭᠰᠠᠨ᠎ᠢ ᠭᠠᠷᠭ᠋ᠠᠪᠠᠯ᠂ ᠢᠨᠲ᠋ᠧᠷ ᠰᠦᠯᠵᠢᠶᠡᠨ᠎ᠤ ᠲᠠᠪᠴᠠᠩ᠎ᠨᠢ ᠬᠡᠷᠡᠭᠯᠡᠭᠴᠢᠢ ᠠᠰᠲᠠᠭ᠋ᠠᠨ ᠢᠯᠡ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠩᠭ᠋ᠠᠬᠤ ᠵᠢ ᠱᠠᠭ᠋ᠠᠷᠳᠠᠵᠦ ᠪᠣᠯᠬᠤ ᠦᠭᠡᠢ᠂ ᠡᠭᠦᠨ᠎ᠤ ᠤᠯᠠᠮ᠎ᠠᠴᠠ ᠢᠨᠲᠸᠷ ᠰᠦᠯᠵᠢᠶᠡᠨ᠎ᠤ ᠲᠠᠪᠴᠠᠩ᠎ᠤᠨ ᠬᠤᠪᠢ ᠬᠦᠮᠦᠨ᠎ᠤ ᠪᠡᠶ᠎ᠡ ᠬᠡᠮ᠎ᠤᠨ ᠮᠡᠳᠡᠭᠡ ᠵᠠᠩᠬᠢ ᠵᠢ ᠴᠣᠭᠯᠠᠭᠣᠯᠬᠤᠠᠴᠠ ᠪᠣᠯᠬᠤ ᠠᠮᠤᠷ ᠲᠦᠪᠰᠢᠨ᠎ᠤ ᠲᠦᠭᠰᠢᠭᠦᠷᠢ ᠵᠢ ᠪᠠᠭ᠋ᠠᠰᠬᠠᠨ᠎ᠠ ᠭᠡᠵᠦ ᠲᠣᠭᠲᠠᠭ᠋ᠠᠵᠠᠢ᠃ ᠡᠭᠦᠨ᠎ᠤ ᠬᠠᠮᠲᠤ᠂ 《ᠬᠠᠮᠢᠶᠠᠷᠤᠯᠲᠠ ᠵᠢᠨ ᠠᠷᠭ᠎ᠠ》᠎ᠳᠤ ᠪᠠᠰᠠ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ 《ᠬᠠᠮᠤᠭ᠎ᠤᠨ ᠪᠠᠭ᠎ᠠ ᠴᠢᠬᠤᠯᠠ ᠪᠦᠬᠦᠢ》 ᠵᠠᠷᠴᠢᠮ ᠶᠣᠰᠣᠭ᠋ᠠᠷ ᠮᠡᠳᠡᠭᠡ ᠵᠠᠩᠭᠢ ᠴᠤᠭᠯᠠᠭᠣᠯᠬᠤ ᠬᠡᠷᠡᠭᠲᠡᠢ᠂ ᠴᠤᠭᠯᠠᠭᠤᠯᠤᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠴᠢᠬᠤᠯᠠ ᠪᠦᠬᠦᠢ ᠮᠡᠳᠡᠭᠡ ᠵᠠᠩᠭᠢ᠎ᠪᠠᠷ ᠬᠢᠵᠠᠭ᠋ᠠᠷᠯᠠᠭᠳᠠᠵᠤ᠂ ᠪᠤᠰᠤᠳ ᠮᠡᠳᠡᠭᠡ ᠵᠠᠩᠭᠢ ᠴᠤᠭᠯᠠᠭᠤᠯᠵᠤ ᠪᠣᠯᠬᠤ ᠦᠭᠡᠢ ᠭᠡᠵᠦ ᠲᠣᠳᠣᠷᠬᠠᠶ ᠲᠣᠭᠲᠠᠭ᠋ᠠᠵᠠᠶ᠃
ᠬᠤᠶᠠᠷ᠎ᠲᠤ ᠮᠡᠳᠡᠭᠡ ᠵᠠᠩᠭᠢ ᠬᠠᠩᠭ᠋ᠠᠬᠤ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ》᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ 《ᠬᠠᠮᠤᠭ᠎ᠤᠨ ᠪᠠᠭ᠋ᠠᠴᠢᠯᠠᠭᠰᠠᠨ ᠬᠠᠩᠭ᠋ᠠᠯᠭ᠎ᠠ》 ᠵᠢᠨ ᠵᠠᠷᠴᠢᠮ᠎ᠢ ᠪᠠᠷᠢᠮᠲᠠᠯᠠᠵᠤ᠂ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠢ ᠬᠠᠤᠯᠢ ᠶᠣᠰᠣᠭ᠋ᠠᠷ ᠬᠠᠷᠭᠣᠭᠣᠯᠣᠨ ᠪᠠᠢ᠌ᠴᠠᠭ᠋ᠠᠬᠤ ᠴᠢᠬᠤᠯᠠᠲᠠᠢ ᠪᠣᠯᠪᠠᠴᠤ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠯᠡᠳᠡᠭᠡᠨ ᠬᠠᠳᠠᠭ᠋ᠠᠯᠠᠬᠤ ᠴᠢᠬᠤᠯᠠ ᠦᠭᠡᠢ ᠪᠠᠶ᠋ᠢᠪᠠᠯ᠂ ᠵᠥᠪᠬᠡᠨ ᠢᠨᠲ᠋ᠧᠷ ᠰᠦᠯᠵᠢᠶᠡᠨ᠎ᠤ ᠲᠠᠪᠴᠠᠩ᠎ᠳᠤ ᠬᠠᠷᠭᠣᠭᠣᠯᠣᠨ ᠪᠠᠢ᠌ᠴᠠᠭ᠋ᠠᠭᠰᠠᠨ ᠦᠷ᠎ᠡ ᠳ᠋ᠦᠩ᠎ᠢ ᠬᠠᠩᠭ᠋ᠠᠵᠤ᠂ ᠪᠤᠰᠤᠳ ᠮᠡᠳᠡᠭᠡ ᠵᠠᠩᠭᠢ ᠵᠢ ᠬᠠᠩᠭ᠋ᠠᠬᠤ ᠦᠭᠡᠢ᠂ ᠬᠡᠷᠡᠭᠯᠡᠭᠴᠢ ᠵᠢᠨ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠦᠨᠡᠨ ᠬᠦ᠌ ᠣᠯᠵᠤ᠂ ᠦᠯᠡᠳᠡᠭᠡᠨ ᠬᠠᠳᠠᠭ᠋ᠠᠯᠠᠬᠤ ᠴᠢᠬᠣᠯᠠᠲᠠᠢ ᠪᠠᠶ᠋ᠢᠪᠠᠯ᠂ ᠬᠡᠷᠡᠭᠯᠡᠭᠴᠢ᠎ᠪᠠᠷ ᠲᠤᠰᠠᠭ᠋ᠠᠷ ᠵᠦᠪᠰᠢᠶᠡᠷᠡᠭᠦᠯᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠢᠨᠲ᠋ᠧᠷ ᠰᠦᠯᠵᠢᠶᠡᠨ᠎ᠤ ᠲᠠᠪᠴᠠᠩ᠎ᠳᠤ ᠴᠢᠬᠤᠯᠠ ᠪᠦᠬᠦᠢ ᠢᠯᠡ ᠪᠢᠴᠢᠭ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠩᠭ᠋ᠠᠵᠤ ᠪᠣᠯᠤᠨ᠎ᠠ ᠭᠡᠵᠦ ᠲᠣᠭᠲᠠᠭ᠋ᠠᠵᠠᠶ᠃ ᠡᠭᠦᠨ᠎ᠠᠴᠠ ᠭᠠᠳᠠᠨ᠎ᠠ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠬᠠᠮᠵᠢᠯᠴᠠᠬᠤ ᠡᠭᠦᠷᠭᠡ᠎ᠪᠠᠨ ᠭᠦᠢ᠍ᠴᠡᠳᠬᠡᠬᠦ ᠬᠡᠷᠡᠭᠲᠡᠶ ᠭᠡᠵᠦ ᠲᠣᠭᠲᠠᠭ᠋ᠠᠭᠰᠠᠨ ᠪᠠᠶ᠋ᠢᠪᠠᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠠᠤᠯᠢ ᠶᠣᠰᠣᠭ᠋ᠠᠷ ᠬᠠᠮᠢᠶ᠎ᠠ ᠪᠥᠬᠦᠶ ᠮᠡᠳᠡᠭᠡ ᠵᠠᠩᠭᠢ ᠵᠢ ᠬᠠᠩᠭ᠋ᠠᠬᠤ ᠬᠡᠷᠡᠭᠲᠡᠶ᠂ ᠭᠡᠪᠡᠴᠦ ᠬᠠᠩᠭ᠋ᠠᠭᠰᠠᠨ ᠮᠡᠳᠡᠭᠡ ᠵᠠᠩᠭᠢ᠎ᠨᠢ ᠵᠥᠪᠬᠡᠨ ᠰᠦᠯᠵᠢᠶᠡᠨ ᠨᠣᠮᠧᠷ᠂ ᠰᠦᠯᠵᠢᠶᠡᠨ᠎ᠤ ᠦᠨᠡᠮᠯᠡᠯ᠎ᠲᠠᠢ ᠬᠠᠷᠠᠭ᠋ᠠᠯᠵᠠᠭᠰᠠᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠪᠠ ᠭᠡᠷᠡᠴᠢᠯᠡᠯ᠎ᠤᠨ ᠡᠳᠦᠷ᠎ᠤᠨ ᠲᠡᠮᠳᠡᠭᠯᠡᠯ᠎ᠤᠨ ᠮᠡᠳᠡᠭᠡ ᠵᠠᠩᠭᠢ᠎ᠪᠠᠷ ᠬᠢᠵᠠᠭ᠋ᠠᠷᠯᠠᠭᠳᠠᠨ᠎ᠠ᠃
ᠭᠤᠷᠪᠠ᠎ᠳᠤ ᠪᠤᠰᠤᠳ ᠮᠡᠳᠡᠭᠡ ᠵᠠᠩᠭᠢ ᠵᠢ ᠰᠢᠢ᠍ᠳᠪᠦᠷᠢᠯᠡᠬᠦ ᠲᠠᠯ᠎ᠠ᠎ᠪᠠᠷ᠂ 《ᠬᠠᠮᠢᠶᠠᠷᠤᠯᠲᠠ ᠵᠢᠨ ᠠᠷᠭ᠎ᠠ》᠎ᠳᠤ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠪᠤᠶᠤ ᠪᠠᠶ᠋ᠢᠭ᠋ᠠᠯᠢ ᠬᠥᠮᠦᠨ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠎ᠳᠤ᠎ᠪᠠᠨ ᠮᠡᠳᠡᠭᠳᠡᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠵᠢᠨ ᠬᠠᠮᠲᠤ ᠲᠡᠳᠡᠨ᠎ᠤ ᠵᠥᠪᠰᠢᠶᠡᠷᠡᠯ᠎ᠢ ᠤᠯᠬᠤ ᠬᠡᠷᠡᠭᠲᠡᠶ ᠭᠡᠵᠦ ᠲᠣᠭᠲᠠᠭ᠋ᠠᠵᠠᠶ᠃ ᠰᠡᠷᠬᠡᠭ ᠬᠤᠪᠢ ᠬᠦᠮᠦᠨ᠎ᠤ ᠮᠡᠳᠡᠭᠡ ᠵᠠᠩᠬᠢ ᠵᠢ ᠰᠢᠢ᠍ᠳᠪᠦᠷᠢᠯᠡᠬᠦ᠎ᠳᠤ ᠪᠠᠰᠠ ᠬᠤᠪᠢ ᠬᠦᠮᠦᠨ᠎ᠤ ᠲᠤᠰᠠᠭ᠋ᠠᠷ ᠵᠦᠪᠰᠢᠶᠡᠷᠡᠯ᠎ᠢ ᠣᠯᠬᠤ ᠬᠡᠷᠡᠭᠳᠡᠢ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》᠎ᠳᠤ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠲᠤᠬᠠᠶ ᠬᠡᠷᠬᠢᠨ ᠲᠣᠭᠲᠠᠭ᠋ᠠᠭᠰᠠᠨ ᠪᠣᠶ?
ᠬᠠᠷᠢᠭᠤᠯᠲᠠ᠄ 《ᠬᠠᠮᠢᠶᠠᠷᠤᠯᠲᠠ ᠵᠢᠨ ᠠᠷᠭ᠎ᠠ》᠎ᠨᠢ 《ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》 ᠵᠡᠷᠭᠡ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠬᠦᠴᠦᠲᠡᠶ ᠠᠷᠭ᠎ᠠ ᠬᠡᠮᠵᠢᠶ᠎ᠡ ᠠᠪᠴᠤ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠬᠠᠮᠠᠭ᠋ᠠᠯᠠᠬᠤ ᠬᠡᠷᠡᠭᠲᠡᠶ ᠭᠡᠵᠦ ᠱᠠᠭ᠋ᠠᠷᠳᠠᠪᠠ᠃
ᠨᠢᠭᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ ᠬᠢᠭᠡᠳ ᠮᠡᠷᠭᠡᠵᠢᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠪᠠᠢ᠌ᠭᠣᠯᠣᠨ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠲᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠬᠤ ᠬᠡᠷᠡᠭᠲᠡᠶ᠃
ᠬᠤᠶᠠᠷ᠎ᠲᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠰᠢᠢ᠍ᠳᠪᠦᠷᠢᠯᠡᠭᠰᠡᠨ ᠴᠢᠬᠤᠯᠠ ᠲᠤᠭ᠎ᠠ ᠪᠠᠷᠢᠮᠲᠠ ᠪᠠ ᠬᠤᠪᠢ ᠬᠥᠮᠦᠨ᠎ᠤ ᠮᠡᠳᠡᠭᠡ ᠵᠠᠩᠭᠢ ᠵᠢ ᠬᠢᠯᠢ ᠵᠢᠨ ᠳᠣᠲᠣᠷ᠎ᠠ ᠬᠠᠳᠠᠭ᠋ᠠᠯᠠᠬᠤ ᠬᠡᠷᠡᠭᠲᠡᠶ᠂ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ᠎ᠠᠴᠠ ᠪᠣᠯᠵᠤ ᠬᠢᠯᠢ ᠵᠢᠨ ᠭᠠᠳᠠᠨ᠎ᠠ ᠦᠨᠡᠨ ᠬᠦ᠌ ᠬᠠᠩᠭ᠋ᠠᠬᠤ ᠴᠢᠬᠣᠯᠠᠲᠠᠢ ᠪᠠᠶ᠋ᠢᠪᠠᠯ᠂ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠮᠤᠷ ᠲᠦᠪᠰᠢᠨ᠎ᠤ ᠦᠨᠡᠯᠡᠨ ᠵᠢᠱ᠌ᠢᠯᠲᠡ ᠬᠢᠬᠦ ᠬᠡᠷᠡᠭᠲᠡᠶ᠃
ᠭᠤᠷᠪᠠ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠡᠷᠡᠭ ᠭᠠᠷᠪᠠᠯ᠂ ᠤᠯᠤᠰ᠎ᠤᠨ ᠬᠤᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠳᠠᠷᠦ᠋ᠢ᠍ᠬᠠᠨ ᠡᠬᠢᠯᠡᠭᠦᠯᠵᠦ᠂ ᠴᠢᠬᠤᠯᠠ ᠪᠥᠬᠦᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠤᠷ ᠲᠦᠪᠰᠢᠨ᠎ᠤ ᠳᠠᠯᠳᠠ ᠬᠡᠮ᠎ᠢ ᠠᠷᠢᠯᠭ᠋ᠠᠵᠤ᠂ ᠬᠡᠷᠡᠭᠯᠡᠭᠴᠢᠳ᠎ᠲᠤ ᠴᠠᠭ ᠲᠤᠬᠠᠶ᠎ᠳᠤᠨᠢ ᠮᠡᠳᠡᠭᠳᠡᠬᠦ ᠵᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃
ᠳᠥᠷᠪᠡ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠠ ᠦᠢ᠍ᠯᠡᠴᠢᠯᠡᠭᠡᠨ᠎ᠢ ᠨᠢᠭᠤᠴᠠ ᠳ᠋ᠤᠭ᠋ᠠᠷ᠎ᠲᠠᠢ ᠬᠣᠯᠪᠣᠭᠳᠠᠪᠠᠯ᠂ ᠤᠯᠤᠰ᠎ᠤᠨ ᠨᠢᠭᠤᠴᠠ ᠳ᠋ᠤᠭ᠋ᠠᠷ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃
ᠠᠰᠠᠭᠤᠯᠲᠠ᠄ 《ᠬᠠᠮᠢᠶᠠᠷᠤᠯᠲᠠ ᠵᠢᠨ ᠠᠷᠭ᠎ᠠ》 ᠵᠢᠨ ᠰᠠᠨᠠᠯ ᠬᠤᠷᠢᠶᠠᠭᠰᠠᠨ ᠪᠠ ᠭᠥᠯᠢᠶᠡᠨ ᠠᠪᠴᠤ ᠬᠡᠷᠡᠭᠯᠡᠭᠰᠡᠨ ᠪᠠᠶ᠋ᠢᠳᠠᠯ ᠶᠠᠮᠠᠷ ᠪᠠᠢ᠌ᠨ᠎ᠠ?
ᠬᠠᠷᠢᠭᠤᠯᠲᠠ᠄ 2024 ᠣᠨ᠎ᠤ 7 ᠳ᠋ᠤᠭ᠋ᠠᠷ ᠰᠠᠷ᠎ᠠ ᠵᠢᠨ 26᠎ᠤ ᠡᠳᠦᠷ᠎ᠠᠴᠠ 8 ᠳ᠋ᠤᠭ᠋ᠠᠷ ᠰᠠᠷ᠎ᠠ ᠵᠢᠨ 25᠎ᠤ ᠡᠳᠦᠷ ᠪᠣᠯᠲᠠᠯ᠎ᠠ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠎ᠠᠴᠠ 《ᠬᠠᠮᠢᠶᠠᠷᠤᠯᠲᠠ ᠵᠢᠨ ᠠᠷᠭ᠎ᠠ》 ᠵᠢᠨ ᠲᠤᠬᠠᠶ ᠨᠡᠶ᠋ᠢᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠪᠠ᠃ ᠡᠨᠡ ᠬᠤᠭᠤᠴᠠᠭ᠋ᠠᠨ᠎ᠳᠤ᠂ ᠨᠡᠢ᠌ᠭᠡᠮ ᠨᠡᠢ᠌ᠲᠡ ᠵᠢᠨ ᠲᠣᠰᠬᠠᠯ ᠴᠢᠩᠭ᠎ᠠ ᠪᠠᠢ᠌ᠵᠦ᠂ ᠡᠯ᠎ᠡ ᠠᠷᠭ᠎ᠠ ᠵᠠᠮ ᠵᠶ᠋ᠠᠷ 1.7 ᠲᠦᠮᠡ ᠭᠠᠷᠤᠶ ᠵᠤᠷᠪᠤᠰ ᠰᠠᠨᠠᠯ ᠰᠠᠨᠠᠭᠣᠯᠭ᠎ᠠ ᠵᠢ ᠬᠤᠷᠢᠶᠠᠨ ᠣᠯᠵᠤ᠂ ᠵᠠᠭᠤᠴᠢᠯᠠᠭᠤᠷ᠎ᠤᠨ᠎ᠬᠢᠨ ᠪᠠ ᠰᠦᠯᠵᠢᠶᠡᠨ᠎ᠤ ᠠᠨᠳᠠ ᠨᠠᠷ ᠡᠨᠡ ᠬᠦ᠌ ᠠᠵᠢᠯᠯᠠᠭ᠎ᠠ᠎ᠨᠢ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ᠂ ᠰᠦᠯᠵᠢᠶᠡᠨ᠎ᠤ ᠣᠷᠴᠢᠨ ᠲᠣᠭᠤᠷᠢᠨ᠎ᠢ ᠴᠡᠪᠡᠷᠰᠢᠭᠦᠯᠬᠦ᠎ᠳᠤ ᠠᠰᠢᠭᠲᠠᠶ ᠭᠡᠵᠦ ᠦᠵᠡᠪᠡ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠤᠣᠯ ᠭᠦᠢ᠍ᠴᠡᠳᠬᠡᠯ ᠲᠤᠭ᠎ᠠ᠎ᠠᠴᠠ ᠠᠪᠴᠤ ᠦᠵᠡᠪᠡᠯ᠂ ᠰᠠᠨᠠᠯ ᠬᠤᠷᠢᠶᠠᠬᠤ ᠬᠤᠭᠤᠴᠠᠭ᠋ᠠᠨ᠎ᠳᠤ᠂ 《ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ》᠎ᠤᠨ APP ᠵᠢᠨ ᠪᠠᠭᠣᠯᠭ᠋ᠠᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 90.9%᠎ᠪᠠᠷ ᠨᠡᠮᠡᠭᠳᠡᠵᠦ᠂ ᠰᠦᠯᠵᠢᠶᠡᠨ᠎ᠤ ᠨᠣᠮᠸᠷ ᠪᠠ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠣᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 129.9%᠎ᠪᠠᠷ ᠨᠡᠮᠡᠭᠳᠡᠵᠦ᠂ ᠬᠡᠷᠡᠭᠯᠡᠭᠴᠢᠳ᠎ᠤᠨ ᠦᠢ᠍ᠯᠡᠴᠢᠯᠡᠭᠡᠨ᠎ᠤ ᠵᠥᠪᠯᠡᠯᠭᠡ ᠥᠭᠬᠦ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 295%᠎ᠪᠠᠷ ᠨᠡᠮᠡᠭᠳᠡᠵᠦ᠂ ᠥᠷᠭᠡᠨ ᠤᠯᠠᠨ ᠰᠦᠯᠵᠢᠶᠡᠨ᠎ᠤ ᠬᠡᠷᠡᠭᠯᠡᠭᠴᠢᠳ᠎ᠤᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠳᠡᠮᠵᠢᠵᠦ ᠮᠡᠳᠡᠷᠡᠭᠰᠡᠨᠢ ᠭᠦᠢ᠍ᠴᠡᠳ ᠬᠠᠷᠠᠭᠣᠯᠵᠦ ᠪᠠᠢ᠌ᠨ᠎ᠠ᠃ ᠡᠭᠦᠨ᠎ᠠᠴᠠ ᠭᠠᠳᠠᠨ᠎ᠠ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠪᠠ ᠰᠦᠯᠵᠢᠶᠡᠨ ᠨᠣᠮᠸᠷ ᠰᠦᠯᠵᠢᠶᠡᠨ᠎ᠤ ᠦᠨᠡᠮᠯᠡᠯ ᠪᠣᠯ ᠤᠶᠤᠨᠴᠢᠯᠠᠭᠰᠠᠨ᠂ ᠰᠦᠯᠵᠢᠶᠡᠵᠢᠭᠰᠡᠨ᠂ ᠲᠣᠭ᠋ᠠᠴᠢᠯᠠᠭᠰᠠᠨ ᠴᠠᠭ ᠦᠶ᠎ᠡ᠎ᠳᠤ ᠬᠠᠨᠳᠤᠭᠤᠯᠤᠭᠰᠠᠨ ᠬᠤᠪᠢ ᠬᠥᠮᠦᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠮᠥᠨ᠂ ᠡᠨᠡ᠎ᠨᠢ ᠰᠢᠨ᠎ᠡ ᠬᠡᠷᠡᠭ ᠪᠣᠳᠠᠰ᠎ᠲᠤ ᠬᠠᠷᠢᠶᠠᠯᠠᠭᠳᠠᠵᠤ᠂ ᠨᠡᠶ᠋ᠢᠭᠡᠮ ᠳᠡᠭᠡᠷ᠎ᠡ ᠪᠠᠰᠠ ᠵᠠᠷᠢᠮ ᠠᠳᠠᠯᠢ ᠪᠤᠰᠤ ᠳᠠᠭᠤ ᠴᠢᠮᠡᠭᠡ ᠭᠠᠷᠴᠤ᠂ ᠬᠡᠪ᠎ᠤᠨ ᠦᠵᠡᠭᠳᠡᠯ᠎ᠳᠤ ᠲᠣᠭ᠋ᠠᠴᠠᠭᠳᠠᠨ᠎ᠠ᠃
ᠬᠤᠷᠢᠶᠠᠨ ᠣᠯᠤᠭᠰᠠᠨ ᠰᠠᠨᠠᠯ᠎ᠳᠤ᠂ 《ᠬᠠᠮᠢᠶᠠᠷᠤᠯᠲᠠ ᠵᠢᠨ ᠠᠷᠭ᠎ᠠ》 ᠵᠢᠨ ᠵᠤᠷᠪᠤᠰ ᠪᠠᠳᠠᠭ᠎ᠲᠤ ᠴᠢᠭᠯᠡᠭᠦᠯᠦᠭᠰᠡᠨ ᠪᠦᠲᠦᠭᠡᠯᠴᠢ ᠴᠢᠨᠠᠷᠲᠠᠶ ᠰᠠᠨᠠᠯ ᠰᠠᠨᠠᠭᠤᠯᠭ᠎ᠠ᠎ᠨᠢ ᠭᠤᠤᠯᠳᠠᠭᠤ ᠰᠦᠯᠵᠢᠶᠡᠨ ᠨᠣᠮᠸᠷ ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ ᠬᠦ᠌ ᠪᠠᠲᠤᠯᠠᠬᠤ᠂ ᠰᠦᠯᠵᠢᠶᠡᠨ ᠨᠣᠮᠸᠷ ᠰᠦᠯᠵᠢᠶᠡᠨ᠎ᠤ ᠦᠨᠡᠮᠯᠡᠯ᠎ᠢ ᠬᠡᠷᠡᠭᠯᠡᠭᠡᠳᠦᠶ ᠬᠡᠷᠡᠭᠯᠡᠭᠴᠢ ᠵᠢᠨ ᠠᠳᠠᠯᠢ ᠲᠡᠭᠰᠢ ᠰᠦᠯᠵᠢᠶᠡᠨ᠎ᠤ ᠦᠢ᠍ᠯᠡᠴᠢᠯᠡᠭᠡ ᠭᠥᠷᠳᠡᠬᠦ ᠵᠢ ᠪᠠᠲᠤᠯᠠᠬᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠰ ᠪᠡᠶ᠎ᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠨᠠᠰᠤᠨ᠎ᠳᠤ ᠥᠯᠥ ᠭᠦᠷᠦᠭᠰᠡᠳ᠎ᠤᠨ ᠰᠦᠯᠵᠢᠶᠡᠨ᠎ᠤ ᠡᠷᠬᠡ ᠠᠰᠢᠭ᠎ᠤᠨ ᠬᠠᠮᠠᠭ᠋ᠠᠯᠠᠯᠲᠠ ᠵᠡᠷᠭᠡ᠎ᠳᠤ ᠲᠦᠪᠯᠡᠷᠡᠵᠦ ᠪᠠᠢ᠌ᠨ᠎ᠠ᠃ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠵᠡᠷᠭᠡ ᠰᠠᠯᠠᠭ᠎ᠠ ᠮᠥᠴᠢᠷ᠎ᠤᠳ ᠳᠡᠭᠡᠷ᠎ᠡ ᠳᠤᠷᠠᠳᠤᠭᠰᠠᠨ ᠰᠠᠨᠠᠯ᠎ᠢ ᠪᠦᠬᠦ ᠲᠠᠯ᠎ᠠ᠎ᠪᠠᠷ ᠡᠮᠬᠢᠯᠡᠬᠦ ᠵᠢᠨ ᠬᠠᠮᠲᠤ ᠤᠷᠢᠳ ᠬᠤᠵᠢᠳ 3 ᠲᠠᠯᠠᠪᠤᠷ ᠲᠤᠰᠬᠠᠶ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠬᠤᠷᠠᠯ᠎ᠢ ᠵᠣᠬᠢᠶᠠᠨ ᠪᠠᠶ᠋ᠢᠭᠤᠯᠵᠤ᠂ ᠰᠦᠯᠵᠢᠶᠡᠨ᠎ᠤ ᠮᠡᠷᠭᠡᠵᠢᠯ᠂ ᠬᠠᠤᠯᠢ ᠴᠠᠭ᠋ᠠᠵᠠ ᠵᠢᠨ ᠬᠦᠷᠢᠶᠡᠨ᠎ᠤ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠢᠨᠲ᠋ᠧᠷ ᠰᠦᠯᠵᠢᠶᠡᠨ᠎ᠤ ᠠᠵᠤ ᠠᠬᠤᠶ᠋ᠢᠯᠠᠯ᠂ ᠠᠵᠢᠯ ᠲᠥᠷᠥᠯ᠎ᠤᠨ ᠬᠦᠷᠢᠶᠡᠨ᠎ᠤ ᠲᠥᠯᠥᠭᠡᠯᠡᠭᠴᠢ ᠵᠡᠷᠭᠡ ᠵᠢᠨ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠴᠤ᠂ ᠨᠡᠶ᠋ᠢᠭᠡᠮ᠎ᠤᠨ ᠬᠠᠷᠢᠭᠤ ᠲᠤᠰᠬᠠᠭᠰᠠᠨ ᠰᠠᠨᠠᠯ᠎ᠢ ᠭᠦᠢ᠍ᠴᠡᠳ ᠬᠦᠨᠳᠦᠳᠬᠡᠭᠰᠡᠨ ᠰᠠᠭᠤᠷᠢᠨ ᠳᠡᠭᠡᠷ᠎ᠡ᠂ ᠠᠯᠢ ᠴᠢᠳᠠᠬᠤ᠎ᠪᠠᠷ ᠰᠢᠩᠭᠡᠭᠡᠨ ᠠᠪᠬᠤ ᠵᠠᠷᠴᠢᠮ ᠶᠣᠰᠣᠭ᠋ᠠᠷ᠂ 《ᠬᠠᠮᠢᠶᠠᠷᠤᠯᠲᠠ ᠵᠢᠨ ᠠᠷᠭ᠎ᠠ》᠎ᠳᠤ ᠣᠯᠠᠨ ᠤᠳᠠᠭ᠎ᠠ ᠡᠭᠡᠯᠵᠢᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠨᠣᠮᠧᠷ ᠰᠦᠯᠵᠢᠶᠡᠨ᠎ᠤ ᠦᠨᠡᠮᠯᠡᠯ᠎ᠤᠨ ᠬᠡᠷᠡᠭᠯᠡᠯᠲᠡ ᠵᠢᠨ ᠰᠠᠶ᠋ᠢᠨ ᠳᠤᠷ᠎ᠠ ᠵᠢᠨ ᠴᠢᠨᠠᠷ᠎ᠢ ᠦᠨᠡᠨ ᠬᠦ᠌ ᠪᠠᠲᠤᠯᠠᠬᠤ᠂ ᠰᠦᠯᠵᠢᠶᠡᠨ ᠨᠣᠮᠧᠷ ᠰᠦᠯᠵᠢᠶᠡᠨ᠎ᠤ ᠦᠨᠡᠮᠯᠡᠯ᠎ᠢ ᠬᠡᠷᠡᠭᠯᠡᠭᠡᠳᠦᠶ ᠬᠡᠷᠡᠭᠯᠡᠭᠴᠢ᠎ᠳᠤ ᠠᠳᠠᠯᠢ ᠲᠡᠭᠰᠢ ᠦᠢ᠍ᠯᠡᠴᠢᠯᠡᠭᠡ ᠬᠦᠷᠲᠡᠭᠡᠬᠦ ᠵᠢ ᠦᠨᠡᠨ ᠬᠦ᠌ ᠪᠠᠲᠣᠯᠠᠬᠤ᠂ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠲᠣᠭ᠎ᠠ ᠪᠠᠷᠢᠮᠲᠠ ᠵᠢᠨ ᠠᠮᠣᠷ ᠲᠦᠪᠰᠢᠨ᠎ᠤ ᠬᠢᠨᠠᠯᠲᠠ ᠬᠠᠮᠢᠶᠠᠷᠣᠯᠲᠠ ᠵᠢ ᠴᠢᠩᠭ᠋ᠠᠳᠬᠠᠬᠤ᠂ ᠨᠠᠰᠣᠨ᠎ᠳᠤ ᠦᠯᠦ ᠬᠦᠷᠦᠭᠰᠡᠳ᠎ᠤᠨ ᠡᠷᠬᠡ ᠠᠰᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠬᠤ ᠵᠡᠷᠭᠡ ᠠᠭᠤᠯᠭ᠎ᠠ ᠵᠢ ᠭᠤᠤᠯᠳᠠᠯᠭ᠎ᠠ᠎ᠲᠠᠢ᠎ᠪᠠᠷ ᠨᠡᠮᠡᠪᠡ᠃ ᠡᠭᠦᠨ᠎ᠠᠴᠠ ᠭᠠᠳᠠᠨ᠎ᠠ᠂ ᠬᠤᠯᠪᠣᠭᠳᠠᠯ ᠪᠥᠬᠦᠶ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠤ ᠰᠠᠨᠠᠭᠤᠯᠭ᠎ᠠ ᠵᠢ ᠦᠨᠳᠦᠰᠦᠯᠡᠬᠦ ᠵᠢᠨ ᠬᠠᠮᠲᠤ ᠳᠡᠯᠡᠬᠡᠶ ᠵᠢᠨ ᠭᠤᠤᠯ ᠪᠣᠯᠬᠤ ᠤᠯᠤᠰ᠎ᠤᠨ ᠲᠣᠭ᠋ᠠᠴᠢᠯᠠᠭᠰᠠᠨ ᠪᠡᠶ᠎ᠡ ᠬᠡᠮ᠎ᠤᠨ ᠲᠣᠭᠲᠠᠯᠴᠠᠭ᠎ᠠ ᠵᠢᠨ ᠪᠠᠶ᠋ᠢᠭᠤᠯᠤᠯᠲᠠ ᠵᠢᠨ ᠨᠡᠶ᠋ᠢᠳᠡᠮ ᠬᠡᠷᠡᠭᠯᠡᠵᠦ ᠪᠠᠢ᠌ᠭ᠎ᠠ ᠠᠷᠭ᠎ᠠ ᠬᠢᠳᠡᠯ ᠵᠶ᠋ᠠᠷ ᠲᠣᠯᠢ ᠪᠣᠯᠭ᠋ᠠᠵᠤ᠂ ᠲᠤᠷᠰᠢᠨ ᠬᠡᠷᠡᠭᠯᠡᠬᠦ ᠦᠶ᠎ᠡ ᠵᠢᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ APP ᠵᠢᠨ ᠵᠢᠷᠤᠭ ᠲᠡᠮᠳᠡᠭ᠎ᠲᠠᠬᠢ 《ᠪᠡᠶ᠎ᠡ ᠬᠡᠮ᠎ᠤᠨ ᠭᠡᠷᠡᠴᠢᠯᠡᠯ》᠎ᠢ 《ᠲᠣᠭ᠋ᠠᠴᠢᠯᠠᠭᠰᠠᠨ ᠪᠡᠶ᠎ᠡ ᠬᠡᠮ》 ᠭᠡᠵᠦ ᠵᠠᠰᠠᠪᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠣᠲᠣ ᠵᠢᠨ ᠪᠠᠶ᠋ᠢᠭ᠎ᠠ ᠭᠡᠷᠡᠴᠢᠯᠡᠯ᠎ᠤᠨ ᠠᠷᠭ᠎ᠠ ᠮᠠᠶᠢᠭᠲᠠᠢ ᠬᠠᠷᠢᠴᠠᠭᠤᠯᠪᠠᠯ᠂ ᠶᠠᠮᠠᠷ ᠳᠠᠪᠠᠭᠤᠯᠢᠭ ᠲᠠᠯ᠎ᠠ᠎ᠲᠠᠢ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠤᠪᠢ ᠬᠥᠮᠥᠨ᠎ᠤ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠬᠤ᠎ᠪᠠᠷ ᠲᠡᠷᠢᠭᠦᠨ ᠴᠢᠬᠤᠯᠠ ᠬᠠᠷᠠᠯᠲᠠ ᠪᠣᠯᠭ᠋ᠠᠵᠤ᠂ ᠨᠡᠷ᠎ᠡ᠎ᠪᠠᠨ ᠪᠤᠷᠤᠭᠤᠯᠠᠬᠤ ᠬᠡᠯᠪᠡᠷᠢ᠎ᠪᠠᠷ ᠪᠡᠶ᠎ᠡ ᠬᠡᠮ᠎ᠤᠨ ᠭᠡᠷᠡᠴᠢᠯᠡᠯ᠂ ᠪᠡᠶ᠎ᠡ ᠬᠡᠮ᠎ᠤᠨ ᠳᠠᠩᠰᠠᠯᠠᠯᠲᠠ ᠵᠢ ᠬᠢᠨ᠎ᠡ᠂ ᠪᠤᠰᠤᠳ ᠪᠡᠶ᠎ᠡ ᠬᠡᠮ᠎ᠤᠨ ᠭᠡᠷᠡᠴᠢᠯᠡᠯ᠎ᠤᠨ ᠦᠢ᠍ᠯᠡᠴᠢᠯᠡᠭᠡ᠎ᠲᠠᠢ ᠬᠠᠷᠢᠴᠠᠭᠤᠯᠪᠠᠯ ᠳᠣᠣᠷᠠᠬᠢ ᠮᠡᠲᠦ ᠣᠨᠴᠠᠯᠢᠭ᠎ᠲᠠᠢ᠄
ᠨᠢᠭᠡ᠎ᠳᠤ ᠡᠷᠬᠡ ᠰᠦᠷᠲᠦ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠪᠠ ᠤᠯᠤᠰ᠎ᠤᠨ ᠬᠥᠮᠦᠨ ᠠᠮᠠ ᠵᠢᠨ ᠰᠠᠭᠣᠷᠢ ᠮᠡᠳᠡᠭᠡ ᠵᠠᠩᠭᠢ᠎ᠳᠤ ᠰᠠᠭᠤᠷᠢᠯᠠᠨ᠂ ᠪᠠᠶ᠋ᠢᠭ᠋ᠠᠯᠢ ᠬᠥᠮᠦᠨ᠎ᠳᠤ ᠰᠦᠯᠵᠢᠶᠡᠨ ᠨᠤᠮᠸᠷ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠬᠤ᠂ ᠭᠡᠷᠡᠴᠢᠯᠡᠯ᠎ᠤᠨ ᠦᠢ᠍ᠯᠡᠴᠢᠯᠡᠭᠡ ᠬᠠᠩᠭ᠋ᠠᠬᠤ ᠵᠢᠨ ᠬᠠᠮᠲᠤ᠂ ᠠᠮᠢᠳᠤ ᠪᠣᠳᠠᠰ᠎ᠤᠨ ᠣᠨᠴᠠᠯᠢᠭ ᠵᠡᠷᠭᠡ ᠣᠯᠠᠨ ᠪᠠᠺᠲ᠋ᠧᠷᠢ᠎ᠤᠨ ᠭᠡᠷᠡᠴᠢᠯᠡᠯ᠎ᠲᠠᠢ ᠤᠶᠠᠯᠳᠤᠭᠤᠯᠵᠤ᠂ ᠭᠡᠷᠡᠴᠢᠯᠡᠯ᠎ᠤᠨ ᠦᠷ᠎ᠡ ᠳ᠋ᠦᠩ᠎ᠤᠨ ᠡᠷᠬᠡ ᠰᠦᠷ᠎ᠢ ᠦᠨᠡᠨ ᠬᠦ᠌ ᠪᠠᠲᠤᠯᠠᠪᠠ᠃
ᠬᠤᠶᠠᠷ᠎ᠲᠤ ᠠᠶᠤᠯᠭᠦᠶ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠨᠡᠷ᠎ᠡ ᠪᠤᠷᠤᠭᠤᠯᠠᠬᠤ ᠬᠡᠯᠪᠡᠷᠢ᠎ᠪᠠᠷ ᠪᠡᠶ᠎ᠡ ᠬᠡᠮ᠎ᠤᠨ ᠭᠡᠷᠡᠴᠢᠯᠡᠯ᠎ᠢ ᠭᠡᠷᠡᠴᠢᠯᠡᠪᠡᠯ᠂ ᠠᠷᠠᠳ ᠢᠷᠭᠡᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ᠂ ᠣᠪᠣᠭ ᠨᠡᠷ᠎ᠡ ᠵᠡᠷᠭᠡ ᠢᠯᠡ ᠲᠣᠳᠣᠷᠬᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠰᠢᠭᠤᠳ ᠬᠡᠷᠡᠭᠯᠡᠬᠦ ᠵᠢ ᠪᠠᠭ᠋ᠠᠰᠬᠠᠵᠤ᠂ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠤ ᠬᠤᠪᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ ᠵᠢ ᠬᠡᠲᠤ ᠴᠤᠭᠯᠠᠭᠤᠯᠬᠤ ᠪᠠ ᠦᠯᠡᠳᠡᠭᠡᠨ ᠬᠠᠳᠠᠭ᠋ᠠᠯᠠᠬᠤ᠎ᠠᠴᠠ ᠪᠦᠲᠦᠮᠵᠢᠲᠡᠶ ᠵᠠᠶ᠋ᠢᠯᠠᠰᠬᠢᠵᠦ᠂ ᠬᠤᠪᠢ ᠬᠥᠮᠦᠨ᠎ᠤ ᠮᠡᠳᠡᠭᠡ ᠵᠠᠩᠭᠢ ᠪᠠ ᠬᠤᠪᠢ ᠵᠢᠨ ᠨᠢᠭᠤᠴᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ ᠴᠢᠳᠠᠪᠠ᠃
ᠭᠤᠷᠪᠠ᠎ᠳᠤ ᠢᠲᠡᠭᠡᠮᠵᠢᠲᠤ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠪᠠᠶ᠋ᠢᠭ᠋ᠠᠯᠢ ᠬᠥᠮᠦᠨ᠎ᠤ ᠦᠢ᠍ᠯᠡ ᠠᠵᠢᠯᠯᠠᠭ᠋ᠠᠨ᠎ᠤ ᠰᠢᠨᠵᠢ ᠴᠢᠨᠠᠷ᠎ᠢ ᠨᠡᠮᠡᠵᠦ᠂ ᠤᠳᠠᠭ᠎ᠠ ᠪᠦᠷᠢ ᠵᠢᠨ ᠭᠡᠷᠡᠴᠢᠯᠡᠯ᠎ᠳᠤ ᠬᠤᠪᠢ ᠬᠦᠮᠦᠨ ᠣᠷᠣᠯᠴᠠᠵᠦ ᠬᠤᠪᠢ ᠬᠥᠮᠦᠨ᠎ᠤ ᠡᠷᠬᠡ ᠣᠯᠭᠤᠯᠲᠠ ᠵᠢ ᠭᠥᠷᠳᠡᠬᠦ ᠬᠡᠷᠡᠭᠲᠡᠢ᠂ ᠪᠠᠶ᠋ᠢᠭ᠋ᠠᠯᠢ ᠬᠥᠮᠦᠨ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ APP ᠵᠢᠨ ᠲᠡᠤᠬᠡ ᠵᠢᠨ ᠭᠡᠷᠡᠴᠢᠯᠡᠯ᠎ᠤᠨ ᠲᠡᠮᠳᠡᠭᠯᠡᠯ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠡᠯ᠎ᠡ ᠢᠨᠲ᠋ᠧᠷ ᠰᠦᠯᠵᠢᠶᠡᠨ᠎ᠤ ᠲᠠᠪᠴᠠᠩ᠎ᠳᠠᠬᠢ ᠭᠡᠷᠡᠴᠢᠯᠡᠯ᠎ᠤᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ ᠪᠣᠯᠬᠤ ᠣᠴᠢᠷ᠎ᠠᠴᠠ ᠨᠡᠬᠡᠮᠵᠢᠯᠡᠵᠦ ᠪᠣᠯᠬᠤ ᠴᠢᠨᠠᠷ ᠪᠠ ᠡᠰᠡᠷᠭᠦᠴᠡᠬᠦ ᠴᠢᠨᠠᠷ ᠵᠡᠷᠭᠡ ᠣᠨᠴᠠᠯᠢᠭ᠎ᠲᠠᠢ ᠶᠤᠮ᠃
ᠳᠦᠷᠪᠡ᠎ᠳᠤ ᠳᠥᠭᠥᠮ ᠲᠦᠳᠡ ᠴᠢᠨᠠᠷ᠃ ᠬᠡᠷᠡᠭᠯᠡᠭᠴᠢ ᠣᠶᠤᠨᠯᠢᠭ ᠭᠠᠷ ᠤᠲᠠᠰᠤ᠎ᠪᠠᠷ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠡᠶ᠎ᠡ ᠬᠡᠮ᠎ᠤᠨ ᠰᠢᠯᠭ᠋ᠠᠨ ᠪᠠᠢ᠌ᠴᠠᠭ᠋ᠠᠯᠲᠠ ᠵᠢ ᠰᠢᠯᠵᠢᠭᠦᠯᠦᠨ ᠬᠡᠷᠡᠭᠯᠡᠵᠦ ᠪᠣᠯᠣᠨ᠎ᠠ᠂ ᠲᠠᠩᠰᠠᠨ ᠨᠣᠮᠧᠷ᠎ᠤᠨ ᠨᠢᠭᠤᠴᠠ ᠳ᠋ᠤᠭ᠋ᠠᠷ ᠵᠶ᠋ᠠᠨ ᠭᠡᠭᠡᠬᠦ᠂ ᠮᠠᠷᠲᠠᠬᠤ ᠵᠡᠷᠭᠡ ᠠᠰᠠᠭᠤᠳᠠᠯ᠎ᠢ ᠶᠡᠭᠡ᠎ᠪᠠᠷ ᠪᠠᠭ᠋ᠠᠰᠬᠠᠵᠤ᠂ ᠠᠷᠠᠳ ᠣᠯᠠᠨ᠎ᠳᠤ ᠳᠦᠭᠦᠮ ᠦᠵᠡᠭᠦᠯᠵᠦ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠨᠥᠬᠦᠴᠡᠯ ᠳᠣᠤᠷ᠎ᠠ᠂ ᠨᠢᠭᠡ ᠯᠠ ᠳᠠᠷᠤᠪᠴᠢ᠎ᠪᠠᠷ ᠡᠷᠬᠡ ᠣᠯᠭᠤᠵᠤ ᠣᠴᠢᠷ ᠶᠠᠪᠣᠳᠠᠯ᠎ᠢ ᠭᠦᠢ᠍ᠴᠡᠳᠬᠡᠬᠦ᠎ᠳᠤ ᠲᠥᠬᠦᠮ ᠪᠣᠯᠣᠭᠰᠠᠨ ᠪᠠᠢ᠌ᠨ᠎ᠠ᠃
ᠲᠠᠪᠤ᠎ᠳᠤ ᠨᠡᠶ᠋ᠢᠲᠡ ᠵᠢᠨ ᠠᠰᠠᠷᠠᠮᠵᠢ ᠵᠢᠨ ᠴᠢᠨᠠᠷ᠃ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠬᠤᠳᠠᠯᠳᠤᠭ᠋ᠠᠴᠢᠯᠠᠭᠰᠠᠨ᠂ ᠵᠠᠬ᠎ᠠ ᠳᠡᠯᠭᠡᠭᠦᠷᠴᠢᠯᠡᠭᠰᠡᠨ ᠦᠢ᠍ᠯᠡᠴᠢᠯᠡᠭᠡ᠎ᠠᠴᠠ ᠢᠯᠭ᠋ᠠᠭ᠎ᠠ᠎ᠲᠠᠢ ᠪᠠᠢ᠌ᠵᠦ᠂ ᠬᠠᠤᠯᠢ ᠴᠠᠭ᠋ᠠᠵᠠ᠎ᠳᠤ ᠱᠠᠭ᠋ᠠᠷᠳᠠᠭᠰᠠᠨ ᠦᠨᠡᠨ ᠨᠡᠷ᠎ᠡ ᠵᠢᠨ ᠭᠡᠷᠡᠴᠢᠯᠡᠯ᠎ᠤᠨ ᠦᠵᠡᠭᠳᠡᠯ᠎ᠢ ᠲᠣᠭᠲᠠᠭ᠋ᠠᠯ ᠶᠣᠰᠣᠭ᠋ᠠᠷ ᠠᠵᠤ ᠠᠬᠤᠶ᠋ᠢᠯᠠᠯ᠎ᠳᠤ ᠦᠨ᠎ᠡ ᠲᠦᠯᠦᠪᠦᠷᠢ ᠦᠭᠡᠢ᠎ᠪᠠᠷ ᠬᠠᠩᠭ᠋ᠠᠵᠤ᠂ ᠪᠡᠶ᠎ᠡ ᠬᠡᠮ᠎ᠤᠨ ᠭᠡᠷᠡᠴᠢᠯᠡᠯ᠎ᠤᠨ ᠥᠪᠡᠷ᠎ᠤᠨ ᠥᠷᠲᠡᠭ᠎ᠢ ᠶᠡᠭᠡ᠎ᠪᠠᠷ ᠪᠠᠭᠣᠷᠠᠭᠣᠯᠪᠠ᠃ ᠡᠭᠦᠨ᠎ᠠᠴᠠ ᠭᠠᠳᠠᠨ᠎ᠠ ᠪᠠᠰᠠ ᠠᠵᠤ ᠠᠬᠤᠶ᠋ᠢᠯᠠᠯ᠎ᠤᠨ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠵᠣᠬᠢᠴᠠᠬᠤ᠂ ᠲᠣᠭ᠋ᠠᠴᠢᠯᠠᠭᠰᠠᠨ ᠣᠷᠣᠨ ᠵᠠᠶ ᠵᠢᠨ ᠲᠤᠬᠠᠶ᠋ᠢᠯᠠᠭᠰᠠᠨ ᠠᠵᠢᠯ᠎ᠤᠨ ᠭᠦᠨᠴᠡ ᠵᠢ ᠥᠷᠭᠡᠳᠬᠡᠬᠦ᠂ ᠬᠡᠷᠡᠭᠯᠡᠭᠴᠢ ᠵᠢᠨ ᠣᠶ᠋ᠢᠯᠠᠭ᠋ᠠᠯᠲᠠ ᠪᠠ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ᠎ᠳᠤ ᠲᠤᠯᠭ᠋ᠠᠭᠤᠷᠢᠯᠠᠯ ᠬᠠᠩᠭ᠋ᠠᠪᠠ᠃
ᠠᠰᠠᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠣᠳᠣᠬᠠᠨ᠎ᠳᠤ ᠶᠠᠮᠠᠷ ᠠᠷᠭ᠎ᠠ ᠬᠡᠮᠵᠢᠶ᠎ᠡ ᠠᠪᠴᠤ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠦ ᠪᠠᠢ᠌ᠬᠤ ᠪᠣᠶ?
ᠬᠠᠷᠢᠭᠤᠯᠲᠠ᠄ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠨᠡᠯᠢᠶᠡᠳ ᠪᠦᠷᠢᠨ ᠲᠡᠭᠦᠯᠳᠡᠷ ᠠᠮᠤᠷ ᠲᠦᠪᠰᠢᠨ ᠬᠠᠮᠠᠭ᠋ᠠᠯᠠᠯᠲᠠ ᠵᠢᠨ ᠲᠣᠭᠲᠠᠯᠴᠠᠭ᠎ᠠ ᠵᠢ ᠪᠠᠶ᠋ᠢᠭᠤᠯᠵᠤ᠂ ᠲᠤᠭ᠎ᠠ ᠪᠠᠷᠢᠮᠲᠠ ᠵᠢ ᠲᠠᠰ ᠬᠤᠪᠢᠶᠠᠨ ᠲᠥᠷᠥᠯ ᠬᠤᠪᠢᠶᠠᠵᠤ᠂ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠢ ᠬᠠᠮᠠᠭ᠋ᠠᠯᠠᠯᠲᠠ ᠪᠠ ᠬᠢᠨᠠᠨ ᠬᠡᠮᠵᠢᠯᠲᠡ ᠬᠢᠨᠠᠨ ᠪᠣᠳᠣᠯᠲᠠ ᠵᠢ ᠥᠷᠨᠢᠭᠦᠯᠵᠦ᠂ ᠠᠮᠤᠷ ᠲᠦᠪᠰᠢᠨ᠎ᠤ ᠲᠦᠭᠰᠢᠭᠦᠷᠢ ᠪᠠ ᠳᠤᠲᠠᠭᠳᠠᠯ᠎ᠢ ᠴᠠᠭ ᠲᠤᠬᠠᠶ᠎ᠳᠤᠨᠢ ᠵᠠᠰᠠᠨ ᠰᠡᠷᠭᠦᠭᠡᠵᠦ᠂ ᠲᠤᠭ᠎ᠠ ᠪᠠᠷᠢᠮᠲᠠ ᠵᠢᠨ ᠠᠮᠤᠷ ᠲᠦᠪᠰᠢᠨ᠎ᠢ ᠪᠦᠲᠦᠮᠵᠢᠲᠡᠶ ᠬᠠᠮᠠᠭ᠋ᠠᠯᠠᠵᠤ ᠲᠡᠢ᠌ᠯᠦᠪᠡ᠃
ᠨᠢᠭᠡ᠎ᠳᠤ ᠨᠡᠷ᠎ᠡ ᠪᠤᠷᠤᠭᠤᠯᠠᠭᠰᠠᠨ ᠮᠡᠷᠭᠡᠵᠢᠯ ᠵᠶ᠋ᠠᠷ ᠳᠠᠮᠵᠢᠭᠣᠯᠣᠨ ᠠᠷᠠᠳ ᠢᠷᠭᠡᠳ᠎ᠤᠨ ᠪᠡᠶ᠎ᠡ ᠬᠡᠮ᠎ᠤᠨ ᠮᠡᠳᠡᠭᠡ ᠵᠠᠩᠭᠢ᠂ ᠲᠤᠭ᠎ᠠ ᠪᠠᠷᠢᠮᠲᠠ ᠵᠢ ᠬᠠᠮᠠᠭ᠋ᠠᠯᠠᠵᠤ᠂ 《ᠲᠤᠭ᠎ᠠ ᠪᠠᠷᠢᠮᠲᠠ ᠵᠢ ᠬᠡᠷᠡᠭᠯᠡᠵᠦ ᠪᠣᠯᠣᠨ᠎ᠠ ᠦᠵᠡᠵᠦ ᠪᠣᠯᠬᠤ ᠥᠬᠡᠶ》 ᠪᠠᠶ᠋ᠢᠬᠤ ᠵᠢ ᠪᠡᠶᠡᠯᠡᠭᠦᠯᠪᠡ᠃ ᠲᠠᠪᠴᠠᠩ᠎ᠤᠨ ᠪᠡᠶ᠎ᠡ ᠬᠡᠮ᠎ᠤᠨ ᠲᠤᠭ᠎ᠠ ᠪᠠᠷᠢᠮᠲᠠ ᠵᠢ ᠤᠯᠤᠰ᠎ᠤᠨ ᠪᠠᠷᠢᠮᠵᠢᠶ᠎ᠠ ᠵᠢᠨ ᠨᠢᠭᠤᠴᠠ ᠳ᠋ᠤᠭ᠋ᠠᠷ ᠪᠤᠳᠤᠬᠤ ᠠᠷᠭ᠎ᠠ ᠪᠠ ᠪᠤᠳᠤᠯᠢᠶᠠᠨᠲᠠᠶ ᠪᠣᠳᠣᠯᠭ᠎ᠠ ᠵᠢᠨ ᠶᠠᠪᠤᠴᠠ᠎ᠳᠤ ᠰᠠᠭᠤᠷᠢᠯᠠᠨ ᠨᠡᠷ᠎ᠡ ᠪᠤᠷᠤᠭᠤᠯᠠᠨ ᠰᠣᠯᠢᠬᠤ ᠵᠢ ᠪᠡᠶᠡᠯᠡᠭᠦᠯᠵᠦ᠂ ᠮᠡᠷᠭᠡᠵᠢᠯ᠎ᠤᠨ ᠲᠥᠰᠦᠯ᠎ᠨᠢ ᠬᠤᠯᠪᠣᠭᠳᠠᠯ ᠪᠥᠬᠦᠶ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠬᠢᠨᠠᠨ ᠲᠣᠭᠲᠠᠭ᠋ᠠᠵᠤ ᠵᠥᠪᠰᠢᠶᠡᠷᠡᠬᠦ ᠵᠢ ᠣᠯᠣᠭᠰᠠᠨ ᠪᠠᠢ᠌ᠨ᠎ᠠ᠃