ᠨᠢᠭᠡ᠂ ᠷᠠᠳᠢᠣ᠋ ᠲᠧᠯᠸᠢᠰ ᠪᠠ ᠰᠦᠯᠵᠢᠶ᠎ᠡ ᠵᠢᠨ ᠦᠵᠡᠵᠦ ᠰᠤᠨᠤᠰᠬᠤ ᠵᠢᠨ ᠣᠷᠣᠯᠭ᠎ᠠ ᠵᠢᠨ ᠪᠠᠢ᠌ᠳᠠᠯ
(ᠨᠢᠭᠡ) ᠷᠠᠳᠢᠣ᠋ ᠲᠧᠯᠸᠢᠰ ᠪᠠ ᠰᠦᠯᠵᠢᠶ᠎ᠡ ᠵᠢᠨ ᠦᠵᠡᠵᠦ ᠰᠣᠨᠣᠰᠬᠤ ᠵᠢᠨ ᠶᠡᠷᠦᠩᠬᠡᠶ ᠣᠷᠣᠯᠭ᠎ᠠ
2022 ᠣᠨ᠎ᠤ ᠳᠥᠷᠪᠡᠳᠦᠭᠡᠷ ᠤᠯᠠᠷᠢᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠶᠡᠷᠦᠩᠬᠡᠶ ᠣᠷᠣᠯᠭ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠦᠨᠳᠦᠰᠦᠨ᠎ᠳᠤ᠎ᠪᠠᠨ ᠲᠣᠭᠲᠠᠭᠤᠨ ᠪᠠᠶ᠋ᠢᠵᠤ᠂ ᠶᠡᠷᠦᠩᠬᠡᠶ ᠣᠷᠣᠯᠭ᠎ᠠ 420325.60 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.5%᠎ᠪᠠᠷ ᠪᠠᠭᠤᠷᠠᠪᠠ᠃ ᠡᠭᠦᠨ᠎ᠳᠤ᠂ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠶᠡᠷᠦᠩᠬᠡᠢ ᠣᠷᠣᠯᠭ᠎ᠠ 320835.29 ᠲᠦᠮᠡᠨ ᠲᠥᠭᠦᠷᠢᠭ ᠪᠠᠢ᠌ᠵᠤ᠂ ᠠᠵᠤ ᠠᠬᠤᠶ᠋ᠢᠯᠠᠯ᠎ᠤᠨ ᠨᠢᠭᠡᠴᠢ ᠵᠢᠨ ᠶᠡᠷᠦᠩᠬᠡᠢ ᠣᠷᠣᠯᠭ᠎ᠠ 99490.31 ᠲᠦᠮᠡᠨ ᠲᠥᠭᠦᠷᠢᠭ ᠪᠤᠯᠤᠨ᠎ᠠ᠃
(ᠬᠤᠶᠠᠷ) ᠷᠠᠳᠢᠣ᠋ ᠲᠧᠯᠸᠢᠰ ᠪᠠ ᠰᠦᠯᠵᠢᠶ᠎ᠡ ᠵᠢᠨ ᠦᠵᠡᠵᠦ ᠰᠣᠨᠣᠰᠬᠤ ᠵᠢᠨ ᠪᠣᠳᠠᠲᠠᠶ ᠡᠭᠦᠳᠦᠭᠰᠡᠨ ᠣᠷᠣᠯᠭ᠎ᠠ
2022 ᠣᠨ᠎ᠤ ᠳᠥᠷᠪᠡᠳᠦᠭᠡᠷ ᠤᠯᠠᠷᠢᠯ᠎ᠳᠤ ᠮᠠᠨ᠎ᠤ ᠣᠷᠣᠨ ᠬᠢᠵᠢᠭ᠎ᠤᠨ ᠨᠥᠯᠥᠭᠡ᠎ᠠᠴᠠ ᠪᠣᠯᠵᠣ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠪᠣᠳᠠᠲᠠᠶ ᠡᠭᠦᠳᠦᠭᠰᠡᠨ ᠣᠷᠣᠯᠭ᠎ᠠ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠣᠬᠢᠬᠤ ᠬᠡᠮᠵᠢᠶ᠎ᠡ᠎ᠪᠠᠷ ᠪᠠᠭᠤᠷᠠᠵᠤ᠂ ᠪᠣᠳᠠᠲᠠᠶ ᠡᠭᠦᠳᠦᠭᠰᠡᠨ ᠣᠷᠣᠯᠭ᠎ᠠ 127124.17 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.87%᠎ᠪᠠᠷ ᠪᠠᠭᠤᠷᠠᠪᠠ᠃
ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠨᠡᠪᠳᠡᠷᠡᠭᠦᠯᠭᠡ ᠵᠢᠨ ᠪᠠᠶ᠋ᠢᠳᠠᠯ
(ᠨᠢᠭᠡ) ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠬᠠᠭᠤᠯᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠪᠦᠬᠦ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠶ᠋ᠢᠲᠡ ᠤᠬᠠᠭᠤᠯᠤᠨ ᠨᠡᠪᠲᠡᠷᠡᠭᠦᠯᠬᠦ ᠴᠠᠭ᠎ᠨᠢ ᠨᠡᠯᠢᠶᠡᠳ ᠲᠣᠭᠲᠠᠭᠤᠨ ᠪᠠᠶ᠋ᠢᠨ᠎ᠠ᠃ ᠪᠥᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 18866.42 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.39%᠎ᠪᠠᠷ ᠪᠠᠭᠤᠷᠠᠪᠠ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 30037.72 ᠴᠠᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.84%᠎ᠪᠠᠷ ᠨᠡᠮᠡᠭᠳᠡᠪᠡ᠃
(ᠬᠤᠶᠠᠷ) ᠪᠠᠭ᠋ᠠᠴᠤᠳ ᠬᠡᠦᠬᠡᠳ᠎ᠤᠨ ᠫᠷᠦᠭᠷᠠᠮ᠎ᠤᠨ ᠨᠡᠪᠲᠡᠷᠡᠭᠦᠯᠦᠭᠰᠡᠨ ᠴᠠᠭ
ᠪᠦᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠪᠠᠭ᠋ᠠᠴᠤᠳ ᠬᠡᠦᠬᠡᠳ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 13774.67 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.62% ᠵᠶ᠋ᠡᠷ ᠨᠡᠮᠡᠭᠳᠡᠪᠡ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠪᠠᠭ᠋ᠠᠴᠤᠳ ᠬᠡᠦᠬᠡᠳ᠎ᠤᠨ ᠫᠷᠣᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 26608.02 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.63%᠎ᠪᠠᠷ ᠪᠠᠭᠤᠷᠠᠪᠠ᠃
(ᠭᠤᠷᠪᠠ) ᠲᠠᠷᠢᠶᠠᠯᠠᠩ᠎ᠤᠨ ᠫᠷᠣᠭ᠌ᠷᠠᠮ᠎ᠤᠨ ᠨᠡᠪᠲᠡᠷᠡᠭᠦᠯᠦᠭᠰᠡᠨ ᠴᠠᠭ
ᠪᠥᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 227425.08 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.45%᠎ᠪᠠᠷ ᠪᠠᠭᠤᠷᠠᠪᠠ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 218396.13 ᠴᠠᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.95%᠎ᠪᠠᠷ ᠪᠠᠭᠤᠷᠠᠪᠠ᠃
(ᠲᠦᠷᠪᠡ) ᠪᠠᠷᠢᠮᠲᠠᠲᠤ ᠺᠢᠨᠣ᠋ ᠵᠢᠨ ᠨᠡᠪᠲᠡᠷᠡᠭᠦᠯᠦᠭᠰᠡᠨ ᠴᠠᠭ
ᠴᠠᠭ ᠦᠶ᠎ᠡ ᠵᠢᠨ ᠰᠠᠭᠤᠭᠳᠠᠯ᠎ᠨᠢ ᠢᠯᠡ ᠲᠣᠳᠣ᠂ ᠦᠨᠳᠦᠰᠦᠲᠡᠨ᠎ᠤ ᠵᠣᠷᠢᠭ ᠰᠠᠨᠠᠭ᠎ᠠ ᠵᠢ ᠢᠯᠡᠷᠡᠭᠦᠯᠦᠭᠰᠡᠨ ᠰᠢᠯᠢᠳᠡᠭ ᠪᠠᠷᠢᠮᠲᠠᠲᠤ ᠺᠢᠨᠣ᠋ ᠵᠢ ᠭᠠᠷᠭ᠋ᠠᠪᠠ᠃ ᠪᠦᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠪᠠᠷᠢᠮᠲᠠᠲᠤ ᠺᠢᠨᠤ᠋ ᠵᠢᠨ ᠨᠡᠪᠲᠡᠷᠡᠭᠦᠯᠦᠭᠰᠡᠨ ᠴᠠᠭ᠎ᠨᠢ 20173.48 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.83%᠎ᠪᠠᠷ ᠨᠡᠮᠡᠭᠳᠡᠪᠡ᠃
(ᠲᠠᠪᠤ) ᠲᠧᠯᠸᠢᠰ᠎ᠤᠨ ᠺᠠᠷᠲ᠋ᠣᠨ ᠵᠢᠷᠤᠭ᠎ᠤᠨ ᠨᠡᠪᠲᠡᠷᠡᠭᠦᠯᠦᠭᠰᠡᠨ ᠴᠠᠭ
ᠳᠤᠮᠳᠠᠳᠤ ᠤᠯᠤᠰ᠎ᠤᠨ ᠰᠣᠩᠭᠤᠳᠠᠭ ᠠᠷᠠᠳ᠎ᠤᠨ ᠦᠯᠢᠭᠡᠷ᠂ ᠺᠠᠷᠲ᠋ᠣᠨ ᠵᠢᠷᠤᠭ ᠵᠡᠷᠭᠡ ᠤᠯᠤᠰ᠎ᠲᠤ᠎ᠪᠠᠨ ᠦᠢ᠍ᠯᠡᠳᠪᠦᠷᠢᠯᠡᠭᠰᠡᠨ ᠺᠠᠷᠲ᠋ᠣᠨ ᠵᠢᠷᠤᠭ᠎ᠤᠨ ᠴᠡᠴᠡᠭᠯᠡᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠪᠠ᠃ ᠪᠦᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠺᠠᠷᠲ᠋ᠣᠨ ᠺᠢᠨᠣ᠋ ᠵᠢᠨ ᠨᠡᠪᠲᠡᠷᠡᠭᠦᠯᠦᠭᠰᠡᠨ ᠴᠠᠭ᠎ᠨᠢ 19126.00 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.69%᠎ᠪᠠᠷ ᠪᠠᠭᠤᠷᠠᠪᠠ᠃
ᠭᠤᠷᠪᠠ᠂ ᠤᠲᠠᠰᠤᠲᠤ ᠲᠧᠯᠸᠢᠰ᠎ᠤᠨ ᠬᠡᠷᠡᠭᠯᠡᠭᠴᠢ ᠵᠢᠨ ᠪᠠᠶ᠋ᠢᠳᠠᠯ
2022 ᠣᠨ᠎ᠤ ᠳᠥᠷᠪᠡᠳᠦᠭᠡᠷ ᠤᠯᠠᠷᠢᠯ᠎ᠳᠤ ᠪᠥᠬᠦ ᠣᠷᠣᠨ᠎ᠤ ᠤᠲᠠᠰᠤᠲᠤ ᠲᠧᠯᠸᠢᠰ᠎ᠤᠨ ᠪᠦᠷᠬᠦᠭᠰᠡᠨ ᠬᠡᠷᠡᠭᠯᠡᠭᠴᠢ ᠵᠢᠨ ᠲᠤᠭ᠎ᠠ 364.26 ᠲᠦᠮᠡᠨ ᠡᠷᠦᠬᠡ ᠪᠠᠢ᠌ᠵᠤ᠂ ᠤᠲᠠᠰᠤᠲᠤ ᠲᠧᠯᠸᠢᠰ᠎ᠤᠨ ᠪᠣᠳᠠᠲᠠᠶ ᠬᠡᠷᠡᠭᠯᠡᠭᠴᠢ ᠵᠢᠨ ᠲᠤᠭ᠎ᠠ 265.27 ᠲᠦᠮᠡᠨ ᠡᠷᠦᠬᠡ ᠪᠠᠢ᠌ᠵᠤ᠂ ᠤᠲᠠᠰᠤᠲᠤ ᠲᠧᠯᠸᠢᠰ᠎ᠤᠨ ᠰᠦᠢ᠍ᠳᠬᠡᠯ ᠲᠤᠰᠢᠶᠠᠭᠰᠠᠨ ᠬᠡᠷᠡᠭᠯᠡᠭᠴᠢ ᠵᠢᠨ ᠲᠤᠭ᠎ᠠ 187.31 ᠲᠦᠮᠡᠨ ᠡᠷᠦᠬᠡ ᠪᠠᠢ᠌ᠪᠠ᠃