ᠨᠢᠭᠡ᠂ ᠷᠠᠳᠢᠣ᠋ ᠲᠧᠯᠸᠢᠰ ᠪᠠ ᠰᠦᠯᠵᠢᠶ᠎ᠡ ᠵᠢᠨ ᠦᠵᠡᠵᠦ ᠰᠣᠨᠣᠰᠬᠤ ᠵᠢᠨ ᠣᠷᠣᠯᠭ᠎ᠠ ᠵᠢᠨ ᠪᠠᠢ᠌ᠳᠠᠯ
(ᠨᠢᠭᠡ) ᠷᠠᠳᠢᠣ᠋ ᠲᠧᠯᠸᠢᠰ ᠪᠠ ᠰᠦᠯᠵᠢᠶ᠎ᠡ ᠵᠢᠨ ᠦᠵᠡᠵᠦ ᠰᠤᠨᠤᠰᠬᠤ ᠵᠢᠨ ᠶᠡᠷᠦᠩᠬᠡᠶ ᠣᠷᠣᠯᠭ᠎ᠠ ᠵᠢᠨ ᠪᠠᠶ᠋ᠢᠳᠠᠯ
2023 ᠣᠨ᠎ᠤ ᠨᠢᠭᠡᠳᠦᠭᠡᠷ ᠤᠯᠠᠷᠢᠯ᠎ᠤᠨ ᠪᠥᠬᠦ ᠣᠷᠣᠨ᠎ᠤ ᠷᠠᠳᠢᠣ᠋ ᠲᠧᠯᠸᠢᠰ᠎ᠤᠨ ᠶᠡᠷᠦᠩᠬᠡᠶ ᠣᠷᠣᠯᠭ᠎ᠠ 150368.98 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.95%᠎ᠪᠠᠷ ᠨᠡᠮᠡᠭᠳᠡᠪᠡ᠃ ᠡᠭᠦᠨ᠎ᠳᠤ᠂ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠶᠡᠷᠦᠩᠬᠡᠢ ᠣᠷᠣᠯᠭ᠎ᠠ 125283.59 ᠲᠦᠮᠡᠨ ᠲᠥᠭᠦᠷᠢᠭ ᠪᠠᠢ᠌ᠵᠤ᠂ ᠠᠵᠤ ᠠᠬᠤᠶ᠋ᠢᠯᠠᠯ᠎ᠤᠨ ᠨᠢᠭᠡᠴᠢ ᠵᠢᠨ ᠶᠡᠷᠦᠩᠬᠡᠢ ᠣᠷᠣᠯᠭ᠎ᠠ 25085.39 ᠲᠦᠮᠡᠨ ᠲᠥᠭᠦᠷᠢᠭ ᠪᠠᠶ᠋ᠢᠪᠠ᠃
(ᠬᠤᠶᠠᠷ) ᠷᠠᠳᠢᠤ᠋ ᠲᠸᠯᠸᠢᠰ ᠪᠠ ᠲᠣᠣᠷ ᠰᠦᠯᠵᠢᠶ᠎ᠡ ᠵᠢᠨ ᠦᠵᠡᠵᠦ ᠰᠤᠨᠣᠰᠬᠤ ᠵᠢᠨ ᠪᠤᠲᠠᠲᠠᠢ ᠡᠭᠦᠳᠦᠭᠰᠡᠨ ᠣᠷᠤᠯᠭ᠎ᠠ ᠵᠢᠨ ᠪᠠᠶ᠋ᠢᠳᠠᠯ
2022 ᠣᠨ᠎ᠤ ᠨᠢᠭᠡᠳᠦᠭᠡᠷ ᠤᠯᠠᠷᠢᠯ᠎ᠤᠨ ᠪᠣᠳᠠᠲᠠᠶ ᠡᠭᠦᠳᠦᠭᠰᠡᠨ ᠣᠷᠣᠯᠭ᠎ᠠ 29848.55 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 14.85%᠎ᠪᠠᠷ ᠨᠡᠮᠡᠭᠳᠡᠪᠡ᠃ ᠨᠢᠭᠡ᠎ᠳᠤ᠂ ᠵᠠᠷ ᠮᠡᠳᠡᠭᠡ ᠵᠢᠨ ᠣᠷᠤᠯᠭ᠎ᠠ ᠡᠳᠦᠶ ᠲᠡᠳᠦᠶ ᠳᠡᠭᠡᠭᠰᠢᠯᠡᠪᠡ᠃ ᠵᠠᠷ ᠮᠡᠳᠡᠭᠡᠨ᠎ᠤ ᠣᠷᠣᠯᠭ᠎ᠠ 4327.48 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.17 %᠎ᠪᠠᠷ ᠨᠡᠮᠡᠭᠳᠡᠪᠡ᠃ ᠡᠭᠦᠨ᠎ᠳᠤ᠂ ᠷᠠᠳᠢᠣ᠋ ᠨᠡᠪᠲᠡᠷᠡᠭᠦᠯᠭᠡ ᠵᠢᠨ ᠵᠠᠷ ᠮᠡᠳᠡᠭᠡᠨ᠎ᠤ ᠣᠷᠣᠯᠭ᠎ᠠ 1461.83 ᠲᠦᠮᠡᠨ ᠲᠥᠭᠦᠷᠢᠭ ᠪᠠᠢ᠌ᠵᠤ᠂ ᠲᠧᠯᠸᠢᠰ᠎ᠤᠨ ᠵᠠᠷ ᠮᠡᠳᠡᠭᠡᠨ᠎ᠤ ᠣᠷᠣᠯᠭ᠎ᠠ 2687.07 ᠲᠦᠮᠡᠨ ᠲᠥᠭᠦᠷᠢᠭ ᠪᠠᠢ᠌ᠵᠤ᠂ ᠰᠦᠯᠵᠢᠶᠡᠨ᠎ᠤ ᠵᠠᠭᠤᠴᠢᠯᠠᠭᠤᠷ᠎ᠤᠨ ᠵᠠᠷ ᠮᠡᠳᠡᠭᠡᠨ᠎ᠤ ᠣᠷᠣᠯᠭ᠎ᠠ ᠪᠠ ᠪᠤᠰᠤᠳ ᠵᠠᠷ ᠮᠡᠳᠡᠭᠡᠨ᠎ᠤ ᠣᠷᠣᠯᠭ᠎ᠠ ᠨᠡᠶ᠋ᠢᠲᠡ 178.58 ᠲᠦᠮᠡᠨ ᠲᠥᠭᠦᠷᠢᠭ ᠪᠤᠯᠤᠨ᠎ᠠ᠃ ᠬᠤᠶᠠᠷ᠎ᠲᠤ᠂ ᠤᠲᠠᠰᠤᠲᠤ ᠲᠧᠯᠸᠢᠰ᠎ᠤᠨ ᠰᠦᠯᠵᠢᠶᠡᠨ᠎ᠤ ᠣᠷᠣᠯᠭ᠎ᠠ ᠵᠢᠭ᠋ᠠᠬᠠᠨ ᠨᠡᠮᠡᠭᠳᠡᠪᠡ᠃ ᠤᠲᠠᠰᠤᠲᠤ ᠲᠧᠯᠸᠢᠰ᠎ᠤᠨ ᠰᠦᠯᠵᠢᠶᠡᠨ᠎ᠤ ᠣᠷᠣᠯᠭ᠎ᠠ 21408.02 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.45%᠎ᠪᠠᠷ ᠨᠡᠮᠡᠭᠳᠡᠪᠡ᠃ ᠡᠭᠦᠨ᠎ᠳᠤ᠂ ᠤᠲᠠᠰᠤᠲᠤ ᠲᠧᠯᠸᠢᠰ᠎ᠤᠨ ᠬᠣᠷᠢᠶᠠᠭᠰᠠᠨ ᠬᠠᠮᠠᠭ᠋ᠠᠯᠠᠯᠲᠠ ᠵᠢᠨ ᠰᠦᠢ᠍ᠳᠬᠡᠯ 12164.57 ᠲᠦᠮᠡᠨ ᠲᠥᠭᠦᠷᠢᠭ ᠪᠠᠢ᠌ᠵᠤ᠂ ᠨᠡᠮᠡᠭᠳᠡᠯ ᠥᠷᠲᠡᠭ᠎ᠤᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 2568.37 ᠲᠦᠮᠡᠨ ᠲᠥᠭᠦᠷᠢᠭ ᠪᠠᠶ᠋ᠢᠪᠠ᠃ ᠭᠤᠷᠪᠠ᠎ᠳᠤ᠂ ᠰᠢᠨ᠎ᠡ ᠵᠠᠭᠤᠴᠢᠯᠠᠭᠤᠷ᠎ᠤᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 1262.35 ᠲᠦᠮᠡᠨ ᠲᠥᠭᠦᠷᠢᠭ ᠪᠣᠯᠣᠨ᠎ᠠ᠃
ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠨᠡᠪᠳᠡᠷᠡᠭᠦᠯᠭᠡ ᠵᠢᠨ ᠪᠠᠶ᠋ᠢᠳᠠᠯ
(ᠨᠢᠭᠡ) ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠬᠠᠭᠤᠯᠭ᠎ᠠ ᠵᠢ ᠯᠠᠪᠳᠠᠭᠤᠨ ᠪᠠᠲᠤᠲᠠᠢ ᠠᠬᠢᠭᠤᠯᠪᠠ
ᠲᠤᠰ ᠵᠢᠯ᠎ᠤᠨ ᠨᠢᠭᠡᠳᠦᠭᠡᠷ ᠤᠯᠠᠷᠢᠯ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠬᠠᠭᠤᠯᠭ᠎ᠠ ᠵᠢᠨ ᠨᠡᠪᠲᠡᠷᠡᠭᠦᠯᠦᠭᠰᠡᠨ ᠴᠠᠭ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠣᠬᠢᠬᠤ ᠬᠡᠮᠵᠢᠶ᠎ᠡ᠎ᠪᠠᠷ ᠨᠡᠮᠡᠭᠳᠡᠵᠡᠢ᠃ ᠪᠥᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 5076.30 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ8.66%᠎ᠪᠠᠷ ᠨᠡᠮᠡᠭᠳᠡᠪᠡ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 7359.95 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.16%᠎ᠪᠠᠷ ᠨᠡᠮᠡᠭᠳᠡᠪᠡ᠃
(ᠬᠤᠶᠠᠷ) ᠪᠠᠭ᠋ᠠᠴᠤᠳ ᠬᠡᠦᠬᠡᠳ᠎ᠤᠨ ᠫᠷᠦᠭᠷᠠᠮ᠎ᠤᠨ ᠨᠡᠪᠲᠡᠷᠡᠭᠦᠯᠦᠭᠰᠡᠨ ᠴᠠᠭ
ᠪᠥᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠪᠠᠭ᠋ᠠᠴᠤᠳ ᠬᠡᠤᠬᠡᠳ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 3052.88 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.19 %᠎ᠪᠠᠷ ᠪᠠᠭᠤᠷᠠᠪᠠ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠪᠠᠭ᠋ᠠᠴᠤᠳ ᠬᠡᠦᠬᠡᠳ᠎ᠤᠨ ᠫᠷᠣᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 6064.63 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.09%᠎ᠪᠠᠷ ᠨᠡᠮᠡᠭᠳᠡᠪᠡ᠃
(ᠭᠤᠷᠪᠠ) ᠲᠠᠷᠢᠶᠠᠯᠠᠩ᠎ᠤᠨ ᠫᠷᠣᠭ᠌ᠷᠠᠮ᠎ᠤᠨ ᠨᠡᠪᠲᠡᠷᠡᠭᠦᠯᠦᠭᠰᠡᠨ ᠴᠠᠭ
ᠪᠥᠬᠦ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 60041.83 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.09%᠎ᠪᠠᠷ ᠨᠡᠮᠡᠭᠳᠡᠪᠡ᠃ ᠪᠦᠬᠦ ᠣᠷᠣᠨ᠎ᠤ ᠲᠧᠯᠸᠢᠰ ᠨᠡᠪᠲᠡᠷᠡᠭᠦᠯᠭᠡ ᠵᠢᠨ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 59082 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ ᠨᠡᠮᠡᠭᠳᠡᠪᠡ᠃
(ᠲᠦᠷᠪᠡ) ᠪᠠᠷᠢᠮᠲᠠᠲᠤ ᠺᠢᠨᠣ᠋ ᠵᠢᠨ ᠨᠡᠪᠲᠡᠷᠡᠭᠦᠯᠦᠭᠰᠡᠨ ᠴᠠᠭ
ᠴᠠᠭ ᠦᠶ᠎ᠡ ᠵᠢᠨ ᠰᠠᠭᠤᠭᠳᠠᠯ᠎ᠨᠢ ᠢᠯᠡ ᠲᠣᠳᠣ᠂ ᠦᠨᠳᠦᠰᠦᠲᠡᠨ᠎ᠤ ᠵᠣᠷᠢᠭ ᠰᠠᠨᠠᠭ᠎ᠠ ᠵᠢ ᠢᠯᠡᠷᠡᠭᠦᠯᠦᠭᠰᠡᠨ ᠰᠢᠯᠢᠳᠡᠭ ᠪᠠᠷᠢᠮᠲᠠᠲᠤ ᠺᠢᠨᠣ᠋ ᠵᠢ ᠭᠠᠷᠭ᠋ᠠᠪᠠ᠃ ᠪᠦᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠪᠠᠷᠢᠮᠲᠠᠲᠤ ᠺᠢᠨᠣ᠋ ᠵᠢᠨ ᠨᠡᠪᠲᠡᠷᠡᠭᠦᠯᠦᠭᠰᠡᠨ ᠴᠠᠭ᠎ᠨᠢ 5985.18 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.05%᠎ᠪᠠᠷ ᠨᠡᠮᠡᠭᠳᠡᠪᠡ᠃
(ᠲᠠᠪᠤ) ᠲᠧᠯᠸᠢᠰ᠎ᠤᠨ ᠺᠠᠷᠲ᠋ᠣᠨ ᠵᠢᠷᠤᠭ᠎ᠤᠨ ᠨᠡᠪᠲᠡᠷᠡᠭᠦᠯᠦᠭᠰᠡᠨ ᠴᠠᠭ
ᠪᠦᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠺᠠᠷᠲ᠋ᠣᠨ ᠵᠢᠷᠤᠭ᠎ᠤᠨ ᠨᠡᠪᠲᠡᠷᠡᠭᠦᠯᠦᠭᠰᠡᠨ ᠴᠠᠭ᠎ᠨᠢ 4496.45 ᠴᠠᠭ ᠪᠠᠶ᠋ᠢᠵᠤ᠂ 5.22% ᠵᠶ᠋ᠠᠷ ᠪᠠᠭᠤᠷᠠᠪᠠ᠃
ᠭᠤᠷᠪᠠ᠂ ᠤᠲᠠᠰᠤᠲᠤ ᠲᠧᠯᠸᠢᠰ᠎ᠤᠨ ᠬᠡᠷᠡᠭᠯᠡᠭᠴᠢ ᠵᠢᠨ ᠪᠠᠶ᠋ᠢᠳᠠᠯ
2023 ᠣᠨ᠎ᠤ ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠤᠲᠠᠰᠤᠲᠤ ᠲᠧᠯᠸᠢᠰ᠎ᠤᠨ ᠪᠦᠷᠬᠦᠭᠰᠡᠨ ᠬᠡᠷᠡᠭᠯᠡᠭᠴᠢ ᠵᠢᠨ ᠲᠤᠭ᠎ᠠ 358.53 ᠲᠦᠮᠡᠨ ᠡᠷᠦᠬᠡ ᠪᠠᠢ᠌ᠵᠤ᠂ ᠤᠲᠠᠰᠤᠲᠤ ᠲᠧᠯᠸᠢᠰ᠎ᠤᠨ ᠪᠣᠳᠠᠲᠠᠶ ᠬᠡᠷᠡᠭᠯᠡᠭᠴᠢ ᠵᠢᠨ ᠲᠤᠭ᠎ᠠ 248.12 ᠲᠦᠮᠡᠨ ᠡᠷᠦᠬᠡ ᠪᠠᠢ᠌ᠵᠤ᠂ ᠤᠲᠠᠰᠤᠲᠤ ᠲᠧᠯᠸᠢᠰ᠎ᠤᠨ ᠰᠦᠢ᠍ᠳᠬᠡᠯ ᠲᠤᠰᠢᠶᠠᠭᠰᠠᠨ ᠬᠡᠷᠡᠭᠯᠡᠭᠴᠢ ᠵᠢᠨ ᠲᠤᠭ᠎ᠠ 179.86 ᠲᠦᠮᠡᠨ ᠡᠷᠦᠬᠡ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.48%᠎ᠪᠠᠷ ᠪᠠᠭᠤᠷᠠᠪᠠ᠃