2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠲᠤᠭ᠎ᠠ ᠪᠦᠷᠢᠳᠬᠡᠯ᠎ᠤᠨ ᠣᠨ᠎ᠤ ᠮᠡᠳᠡᠭᠦᠯᠦᠯᠲᠡ
2024-05-15




   ᠨᠢᠭᠡ᠂ ᠷᠠᠳᠢᠣ᠋ ᠲᠧᠯᠸᠢᠰ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠣᠷᠣᠯᠭ᠎ᠠ ᠵᠢᠨ ᠪᠠᠶ᠋ᠢᠳᠠᠯ

  (ᠨᠢᠭᠡ) ᠷᠠᠳᠢᠣ᠋ ᠲᠧᠯᠸᠢᠰ᠎ᠤᠨ ᠶᠡᠷᠦᠩᠬᠡᠢ ᠤᠷᠤᠯᠭ᠎ᠠ ᠵᠢᠨ ᠪᠠᠶ᠋ᠢᠳᠠᠯ

  2023 ᠣᠨ᠎ᠤ ᠪᠥᠬᠦ ᠣᠷᠣᠨ᠎ᠤ ᠷᠠᠳᠢᠣ᠋ ᠲᠧᠯᠸᠢᠰ ᠬᠢᠭᠡᠳ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠶᠡᠷᠦᠩᠬᠡᠶ ᠣᠷᠣᠯᠭ᠎ᠠ 567594.68 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 16.88%᠎ᠪᠠᠷ ᠳᠡᠭᠡᠭᠰᠢᠯᠡᠪᠡ᠃ ᠡᠭᠦᠨ᠎ᠳᠤ ᠵᠠᠰᠠᠭ ᠵᠠᠬᠢᠷᠭ᠎ᠠ ᠠᠵᠢᠯ ᠦᠢ᠍ᠯᠡᠰ᠎ᠤᠨ ᠨᠢᠭᠡᠴᠢ ᠵᠢᠨ ᠶᠡᠷᠦᠩᠬᠡᠢ ᠣᠷᠣᠯᠭ᠎ᠠ 393605.70 ᠲᠦᠮᠡᠨ ᠲᠥᠭᠦᠷᠢᠭ ᠪᠠᠢ᠌ᠵᠤ᠂ ᠠᠵᠤ ᠠᠬᠤᠶ᠋ᠢᠯᠠᠯ᠎ᠤᠨ ᠨᠢᠭᠡᠴᠢ ᠵᠢᠨ ᠶᠡᠷᠦᠩᠬᠡᠢ ᠣᠷᠣᠯᠭ᠎ᠠ 17 3988.98 ᠲᠦᠮᠡᠨ ᠲᠥᠭᠦᠷᠢᠭ ᠪᠠᠶ᠋ᠢᠪᠠ᠃

  (ᠬᠤᠶᠠᠷ) ᠷᠠᠳᠢᠣ᠋ ᠲᠧᠯᠸᠢᠰ᠎ᠤᠨ ᠪᠣᠳᠠᠲᠠᠢ ᠡᠭᠦᠳᠦᠭᠰᠡᠨ ᠣᠷᠣᠯᠭ᠎ᠠ ᠵᠢᠨ ᠪᠠᠶ᠋ᠢᠳᠠᠯ

  2023 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠪᠣᠳᠠᠲᠠᠶ ᠡᠭᠦᠳᠦᠭᠰᠡᠨ ᠣᠷᠣᠯᠭ᠎ᠠ 193319.00 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 22.78 %᠎ᠪᠠᠷ ᠳᠡᠭᠡᠭᠰᠢᠯᠡᠪᠡ᠃

   ᠨᠢᠭᠡ᠎ᠳᠤ᠂ ᠤᠲᠠᠰᠤᠲᠤ ᠲᠧᠯᠸᠢᠰ᠎ᠤᠨ ᠰᠦ᠍ᠯᠵᠢᠶᠡᠨ᠎ᠤ ᠣᠷᠤᠯᠭ᠎ᠠ ᠡᠳᠦᠶ ᠲᠡᠳᠦᠶ ᠳᠡᠭᠡᠭᠰᠢᠯᠡᠪᠡ᠃ 2023 ᠣᠨ᠎ᠳᠤ ᠤᠲᠠᠰᠤᠲᠤ ᠲᠧᠯᠸᠢᠰ᠎ᠤᠨ ᠰᠦᠯᠵᠢᠶᠡᠨ᠎ᠤ ᠣᠷᠣᠯᠭ᠎ᠠ 123480.47 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 32.81%᠎ᠪᠠᠷ ᠳᠡᠭᠡᠭᠰᠢᠯᠡᠪᠡ᠃ ᠡᠭᠦᠨ᠎ᠳᠤ ᠤᠲᠠᠰᠤᠲᠤ ᠲᠧᠯᠸᠢᠰ᠎ᠤᠨ ᠬᠦᠯᠢᠶᠡᠨ ᠠᠪᠴᠤ ᠦᠵᠡᠭᠰᠡᠨ ᠰᠦᠢ᠍ᠳᠬᠡᠯ᠎ᠤᠨ ᠣᠷᠣᠯᠭ᠎ᠠ 49535.11 ᠲᠦᠮᠡᠨ ᠲᠥᠭᠦᠷᠢᠭ ᠪᠠᠢ᠌ᠵᠤ᠂ ᠰᠦᠢ᠍ᠳᠬᠡᠯ ᠲᠤᠰᠢᠶᠠᠬᠤ ᠲᠣᠭ᠋ᠠᠴᠢᠯᠠᠭᠰᠠᠨ ᠲᠧᠯᠸᠢᠰ᠎ᠤᠨ ᠰᠤᠪᠠᠭ᠎ᠤᠨ ᠣᠷᠣᠯᠭ᠎ᠠ 2474.86 ᠲᠦᠮᠡᠨ ᠲᠥᠭᠦᠷᠢᠭ ᠪᠠᠢ᠌ᠵᠤ᠂ ᠦᠷᠳᠡᠭ ᠨᠡᠮᠡᠭᠳᠡᠭᠦᠯᠬᠦ ᠲᠤᠬᠠᠶ᠋ᠢᠯᠠᠭᠰᠠᠨ ᠠᠵᠢᠯ᠎ᠤᠨ ᠣᠷᠣᠯᠭ᠎ᠠ 11837.63 ᠲᠦᠮᠡᠨ ᠲᠥᠭᠦᠷᠢᠭ ᠪᠠᠢ᠌ᠪᠠ᠃

   ᠬᠤᠶᠠᠷ᠎ᠲᠤ᠂ ᠰᠢᠨ᠎ᠡ ᠵᠠᠭᠤᠴᠢᠯᠠᠭᠤᠷ᠎ᠤᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ ᠡᠳᠦᠶ ᠲᠡᠳᠦᠶ ᠳᠡᠭᠡᠭᠰᠢᠯᠡᠪᠡ᠃ 2023 ᠣᠨ᠎ᠳᠤ ᠰᠢᠨ᠎ᠡ ᠵᠠᠭᠤᠴᠢᠯᠠᠭᠤᠷ᠎ᠤᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 14589.00 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 72.61%᠎ᠪᠠᠷ ᠳᠡᠭᠡᠭᠰᠢᠯᠡᠪᠡ᠃ ᠡᠭᠦᠨ᠎ᠳᠤ᠂ ᠬᠠᠷᠢᠯᠴᠠᠬᠤ ᠬᠡᠯᠪᠡᠷᠢ ᠵᠢᠨ ᠰᠦᠯᠵᠢᠶᠡᠨ᠎ᠤ ᠲᠧᠯᠸᠢᠰ (IPTV)᠎ᠤᠨ ᠣᠷᠣᠯᠭ᠎ᠠ 13288.50 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 60.33%᠎ᠪᠠᠷ ᠳᠡᠭᠡᠭᠰᠢᠯᠡᠪᠡ; ᠪᠤᠰᠤᠳ ᠰᠢᠨ᠎ᠡ ᠵᠠᠭᠤᠴᠢᠯᠠᠭᠤᠷ᠎ᠤᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 1291.50 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 688.08%᠎ᠪᠠᠷ ᠳᠡᠭᠡᠭᠰᠢᠯᠡᠪᠡ᠃

   ᠭᠤᠷᠪᠠ᠎ᠳᠤ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠪᠣᠷᠣᠯᠠᠭᠤᠯᠤᠯᠲᠠ ᠵᠢᠨ ᠣᠷᠣᠯᠭ᠎ᠠ ᠡᠳᠦᠶ ᠲᠡᠳᠦᠶ ᠨᠡᠮᠡᠭᠳᠡᠪᠡ᠃ 2023 ᠣᠨ᠎ᠤ ᠪᠥᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠤᠨ ᠪᠣᠷᠣᠯᠠᠭᠤᠯᠤᠯᠲᠠ ᠵᠢᠨ ᠣᠷᠣᠯᠭ᠎ᠠ 5122.21 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 349.74%᠎ᠪᠠᠷ ᠳᠡᠭᠡᠭᠰᠢᠯᠡᠪᠡ᠃

   ᠳᠥᠷᠪᠡ᠎ᠳᠤ᠂ ᠵᠠᠷ ᠮᠡᠳᠡᠭᠡ ᠵᠢᠨ ᠣᠷᠣᠯᠭ᠎ᠠ ᠡᠳᠦᠶ ᠲᠡᠳᠦᠶ ᠪᠠᠭᠤᠷᠠᠪᠠ᠃ 2023 ᠣᠨ᠎ᠳᠤ ᠪᠥᠬᠦ ᠣᠷᠣᠨ᠎ᠤ ᠵᠠᠷ ᠮᠡᠳᠡᠭᠡᠨ᠎ᠤ ᠣᠷᠣᠯᠭ᠎ᠠ 27688.05 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.61%᠎ᠪᠠᠷ ᠪᠠᠭᠤᠷᠠᠪᠠ᠃ ᠡᠭᠦᠨ᠎ᠳᠤ᠂ ᠷᠠᠳᠢᠣ᠋ ᠲᠧᠯᠸᠢᠰ᠎ᠤᠨ ᠵᠠᠷ ᠮᠡᠳᠡᠭᠡᠨ᠎ᠤ ᠣᠷᠣᠯᠭ᠎ᠠ 7051.37 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20.9%᠎ᠪᠠᠷ ᠳᠡᠭᠡᠭᠰᠢᠯᠡᠪᠡ; ᠲᠧᠯᠸᠢᠰ᠎ᠤᠨ ᠵᠠᠷ ᠮᠡᠳᠡᠭᠡᠨ᠎ᠤ ᠣᠷᠣᠯᠭ᠎ᠠ 19556.67 ᠲᠦᠮᠡᠨ ᠲᠥᠭᠦᠷᠢᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 10.53%᠎ᠪᠠᠷ ᠪᠠᠭᠤᠷᠠᠪᠠ; ᠰᠦᠯᠵᠢᠶᠡᠨ᠎ᠤ ᠵᠠᠭᠤᠴᠢᠯᠠᠭᠤᠷ᠎ᠤᠨ ᠵᠠᠷ ᠮᠡᠳᠡᠭᠡᠨ᠎ᠤ ᠣᠷᠣᠯᠭ᠎ᠠ ᠪᠠ ᠪᠤᠰᠤᠳ ᠵᠠᠷ ᠮᠡᠳᠡᠭᠡᠨ᠎ᠤ ᠣᠷᠣᠯᠭ᠎ᠠ ᠨᠡᠶ᠋ᠢᠲᠡ 1080.01 ᠲᠦᠮᠡᠨ ᠲᠥᠭᠦᠷᠢᠭ ᠪᠠᠢ᠌ᠪᠠ᠃

   ᠬᠤᠶᠠᠷ᠂ ᠷᠠᠳᠢᠣ᠋ ᠲᠧᠯᠸᠢᠰ᠎ᠤᠨ ᠫᠷᠦᠭᠷᠡᠮ᠎ᠤᠨ ᠦᠢ᠍ᠯᠡᠳᠴᠤ ᠨᠡᠪᠲᠡᠷᠡᠭᠦᠯᠦᠭᠰᠡᠨ ᠪᠠᠶ᠋ᠢᠳᠠᠯ

  (ᠨᠢᠭᠡ) ᠷᠠᠳᠢᠣ᠋ ᠲᠧᠯᠸᠢᠰ᠎ᠤᠨ ᠫᠷᠦᠭᠷᠡᠮ᠎ᠤᠨ ᠨᠡᠪᠲᠡᠷᠡᠭᠦᠯᠦᠭᠰᠡᠨ   ᠪᠠᠶ᠋ᠢᠳᠠᠯ

   ᠨᠢᠭᠡ᠎ᠳᠤ᠂ ᠮᠠᠨ᠎ᠤ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ ᠨᠡᠯᠢᠶᠡᠳ ᠲᠣᠭᠲᠠᠭᠤᠨ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ ᠬᠤᠪᠢᠷᠠᠯᠲᠠ ᠨᠡᠯᠢᠶᠡᠳ ᠪᠠᠭ᠎ᠠ ᠪᠠᠶ᠋ᠢᠨ᠎ᠠ᠃ 2023 ᠣᠨ᠎ᠳᠤ ᠮᠠᠨ᠎ᠤ ᠣᠷᠣᠨ᠎ᠤ ᠣᠯᠠᠨ ᠨᠡᠶ᠋ᠢᠲᠡ ᠵᠢᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 681252.70 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 0.98%᠎ᠪᠠᠷ ᠪᠠᠭᠤᠷᠠᠪᠠ᠃ ᠡᠭᠦᠨ᠎ᠳᠤ᠂ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 245192.32 ᠴᠠᠭ ᠪᠠᠶ᠋ᠢᠵᠤ᠂ ᠣᠯᠠᠨ ᠨᠡᠶ᠋ᠢᠲᠡ ᠵᠢᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠭᠡ ᠵᠢᠨ ᠶᠡᠷᠦᠩᠬᠡᠶ ᠴᠠᠭ᠎ᠤᠨ ᠣᠷᠳᠣ ᠵᠢᠨ ᠬᠠᠷᠢᠴᠠᠯ᠎ᠤᠨ 35.99% ᠵᠢ ᠡᠵᠡᠯᠡᠪᠡ᠃ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠲᠥᠷᠥᠯ ᠵᠦᠢ᠍ᠯ ᠵᠶ᠋ᠡᠷ ᠬᠤᠪᠢᠶᠠᠷᠢᠯᠠᠪᠠᠯ᠄ 2023 ᠣᠨ᠎ᠤ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 115298.33 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 8.01%᠎ᠪᠠᠷ ᠪᠠᠭᠤᠷᠠᠪᠠ; ᠲᠤᠰᠬᠠᠶ ᠰᠡᠳᠦᠪᠲᠦ ᠦᠢ᠍ᠯᠡᠴᠢᠯᠡᠭᠡᠨ᠎ᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 139230.17 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 3.31%᠎ᠪᠠᠷ ᠪᠠᠭᠤᠷᠠᠪᠠ; ᠶᠡᠷᠦᠩᠬᠡᠶ᠋ᠢᠯᠡᠭᠰᠡᠨ ᠤᠷᠠᠯᠢᠭ᠎ᠤᠨ ᠣᠶᠣᠨ᠎ᠢ ᠲᠤᠰᠠᠯᠠᠬᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 181517.80 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 8.9%᠎ᠪᠠᠷ ᠪᠠᠭᠤᠷᠠᠪᠠ; ᠷᠠᠳᠢᠣ᠋ ᠨᠡᠪᠲᠡᠷᠡᠭᠦᠯᠭᠡ ᠵᠢᠨ ᠵᠦᠴᠦᠭᠡ ᠵᠢᠨ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 48137.55 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.65%᠎ᠪᠠᠷ ᠳᠡᠭᠡᠭᠰᠢᠯᠡᠪᠡ; ᠵᠠᠷ ᠮᠡᠳᠡᠭᠡᠨ᠎ᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 25945.83 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.04%᠎ᠪᠠᠷ ᠪᠠᠭᠤᠷᠠᠪᠠ; ᠪᠤᠰᠤᠳ ᠲᠥᠷᠥᠯ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 171123.02 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 18.10%᠎ᠪᠠᠷ ᠳᠡᠭᠡᠭᠰᠢᠯᠡᠪᠡ᠃

   ᠬᠤᠶᠠᠷ᠎ᠲᠤ᠂ ᠮᠠᠨ᠎ᠤ ᠤᠷᠤᠨ᠎ᠤ ᠲᠧᠯᠸᠢᠰ ᠫᠷᠦᠭᠷᠡᠮ᠎ᠤᠨ ᠨᠡᠪᠲᠡᠷᠡᠭᠦᠯᠦᠭᠰᠡᠨ ᠴᠠᠭ ᠵᠢᠭ᠋ᠠᠬᠠᠨ ᠪᠠᠭᠤᠷᠠᠪᠠ᠃ 2023 ᠣᠨ᠎ᠳᠤ ᠮᠠᠨ᠎ᠤ ᠣᠷᠣᠨ᠎ᠤ ᠣᠯᠠᠨ ᠨᠡᠶ᠋ᠢᠲᠡ ᠵᠢᠨ ᠲᠧᠯᠸᠢᠰ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ 678413.70 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.40%᠎ᠪᠠᠷ ᠪᠠᠭᠤᠷᠠᠪᠠ᠂ ᠡᠭᠦᠨ᠎ᠳᠤ᠂ ᠲᠠᠷᠢᠶᠠᠯᠠᠩ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 253636.57 ᠴᠠᠭ ᠪᠠᠶ᠋ᠢᠵᠤ᠂ ᠣᠯᠠᠨ ᠨᠡᠶ᠋ᠢᠲᠡ ᠵᠢᠨ ᠲᠧᠯᠸᠢᠰ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠶᠡᠷᠦᠩᠬᠡᠶ ᠴᠠᠭ᠎ᠤᠨ ᠣᠷᠳᠣ ᠵᠢᠨ 37.39% ᠵᠢ ᠡᠵᠡᠯᠡᠵᠡᠢ᠃ ᠲᠧᠯᠸᠢᠰ ᠫᠷᠤᠭ᠌ᠷᠠᠮ᠎ᠤᠨ ᠲᠥᠷᠥᠯ ᠵᠦᠢ᠍ᠯ ᠵᠶ᠋ᠠᠷ ᠬᠤᠪᠢᠶᠠᠷᠢᠯᠠᠪᠠᠯ᠄ 2023 ᠣᠨ᠎ᠤ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠲᠥᠷᠥᠯ᠎ᠤᠨ ᠲᠧᠯᠸᠢᠰ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 83445.60 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.25%᠎ᠪᠠᠷ ᠪᠠᠭᠤᠷᠠᠪᠠ; ᠲᠤᠰᠬᠠᠶ ᠰᠡᠳᠦᠪᠲᠦ ᠦᠢ᠍ᠯᠡᠴᠢᠯᠡᠭᠡᠨ᠎ᠤ ᠲᠥᠷᠥᠯ᠎ᠤᠨ ᠲᠧᠯᠸᠢᠰ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 78444.62 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.94%᠎ᠪᠠᠷ ᠪᠠᠭᠤᠷᠠᠪᠠ; ᠶᠡᠷᠦᠩᠬᠡᠶ᠋ᠢᠯᠡᠭᠰᠡᠨ ᠤᠷᠠᠯᠢᠭ᠎ᠤᠨ ᠣᠶᠣᠨ᠎ᠢ ᠲᠤᠰᠠᠯᠠᠬᠤ ᠲᠥᠷᠥᠯ᠎ᠤᠨ ᠲᠧᠯᠸᠢᠰ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 42768.15 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.19%᠎ᠪᠠᠷ ᠪᠠᠭᠤᠷᠠᠪᠠ; ᠺᠢᠨᠣ᠋ ᠲᠧᠯᠸᠢᠰ ᠵᠦᠴᠦᠭᠡ ᠵᠢᠨ ᠲᠥᠷᠥᠯ᠎ᠤᠨ ᠲᠧᠯᠸᠢᠰ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 302432.62 ᠴᠠᠭ ᠪᠠᠢ᠌ᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 4.66%᠎ᠪᠠᠷ ᠪᠠᠭᠤᠷᠠᠪᠠ; ᠵᠠᠷ ᠮᠡᠳᠡᠭᠡ ᠵᠢᠨ ᠲᠥᠷᠥᠯ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 46322.37 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 9.27%᠎ᠪᠠᠷ ᠪᠠᠭᠤᠷᠠᠪᠠ; ᠪᠤᠰᠤᠳ ᠲᠥᠷᠥᠯ᠎ᠤᠨ ᠫᠷᠤᠭ᠌ᠷᠠᠮ᠎ᠤᠨ ᠨᠡᠪᠲᠡᠷᠡᠭᠦᠯᠦᠭᠰᠡᠨ ᠴᠠᠭ᠎ᠨᠢ 125000.35 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 29.43%᠎ᠪᠠᠷ ᠳᠡᠭᠡᠭᠰᠢᠯᠡᠪᠡ᠃

  (ᠬᠤᠶᠠᠷ) ᠷᠠᠳᠢᠣ᠋ ᠲᠧᠯᠸᠢᠰ᠎ᠤᠨ ᠫᠷᠦᠭᠷᠡᠮ᠎ᠤᠨ ᠦᠢ᠍ᠯᠡᠳᠦᠭᠰᠡᠨ ᠪᠠᠶ᠋ᠢᠳᠠᠯ

   ᠨᠢᠭᠡ᠎ᠳᠤ᠂ ᠮᠠᠨ᠎ᠤ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠬᠡᠮᠵᠢᠶ᠎ᠡ ᠵᠢᠭ᠋ᠠᠬᠠᠨ ᠪᠠᠭᠤᠷᠠᠪᠠ᠃ 2023 ᠣᠨ᠎ᠤ ᠮᠠᠨ᠎ᠤ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 287042.80 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 2.72% ᠵᠶ᠋ᠠᠷ ᠪᠠᠭᠤᠷᠠᠪᠠ᠃ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠲᠥᠷᠥᠯ ᠵᠦᠢ᠍ᠯ ᠵᠶ᠋ᠡᠷ ᠬᠤᠪᠢᠶᠠᠷᠢᠯᠠᠪᠠᠯ᠄ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 42917.90 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.12%᠎ᠪᠠᠷ ᠪᠠᠭᠤᠷᠠᠪᠠ; ᠲᠤᠰᠬᠠᠶ ᠰᠡᠳᠦᠪᠲᠦ ᠤᠶ᠋ᠢᠯᠡᠴᠢᠯᠡᠭᠡᠨ᠎ᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 92558.95 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 1.44%᠎ᠪᠠᠷ ᠪᠠᠭᠤᠷᠠᠪᠠ; ᠶᠡᠷᠦᠩᠬᠡᠶ᠋ᠢᠯᠡᠭᠰᠡᠨ ᠤᠷᠠᠯᠢᠭ᠎ᠤᠨ ᠣᠶᠣᠨ᠎ᠢ ᠲᠤᠰᠠᠯᠠᠬᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 93058.70 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.95%᠎ᠪᠠᠷ ᠪᠠᠭᠤᠷᠠᠪᠠ; ᠷᠠᠳᠢᠣ᠋ ᠨᠡᠪᠲᠡᠷᠡᠭᠦᠯᠭᠡ ᠵᠢᠨ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 13948.13 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 61.07%᠎ᠪᠠᠷ ᠳᠡᠭᠡᠭᠰᠢᠯᠡᠪᠡ; ᠵᠠᠷ ᠮᠡᠳᠡᠭᠡᠨ᠎ᠤ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 16917.77 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 6.20%᠎ᠪᠠᠷ ᠪᠠᠭᠤᠷᠠᠪᠠ; ᠪᠤᠰᠤᠳ ᠲᠥᠷᠥᠯ᠎ᠤᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 27641.35 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 7.21%᠎ᠪᠠᠷ ᠪᠠᠭᠤᠷᠠᠪᠠ᠃

   ᠬᠤᠶᠠᠷ᠎ᠲᠤ᠂ ᠲᠧᠯᠸᠢᠰ ᠫᠷᠣᠭ᠌ᠷᠠᠮ᠎ᠤᠨ ᠦᠢ᠍ᠯᠡᠳᠦᠭᠰᠡᠨ ᠬᠡᠮᠵᠢᠶ᠎ᠡ᠎ᠨᠢ ᠪᠠᠭ᠎ᠠ ᠬᠡᠮᠵᠢᠶ᠎ᠡ᠎ᠪᠠᠷ ᠪᠠᠭ᠋ᠠᠰᠪᠠ᠃ 2023 ᠣᠨ᠎ᠳᠤ ᠮᠠᠨ᠎ᠤ ᠣᠷᠣᠨ᠎ᠤ ᠲᠧᠯᠸᠢᠰ᠎ᠤᠨ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 62709.30 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 20.01%᠎ᠪᠠᠷ ᠪᠠᠭᠤᠷᠠᠪᠠ᠃ ᠲᠧᠯᠸᠢᠰ ᠫᠷᠤᠭ᠌ᠷᠠᠮ᠎ᠤᠨ ᠲᠥᠷᠥᠯ ᠵᠦᠢ᠍ᠯ ᠵᠶ᠋ᠠᠷ ᠬᠤᠪᠢᠶᠠᠷᠢᠯᠠᠪᠠᠯ᠄ ᠰᠣᠨᠢᠨ ᠮᠡᠳᠡᠭᠡᠨ᠎ᠤ ᠮᠡᠳᠡᠭᠡ ᠵᠠᠩᠭᠢ ᠵᠢᠨ ᠲᠥᠷᠥᠯ᠎ᠤᠨ ᠲᠧᠯᠸᠢᠰ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 28134.70 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.00% ᠪᠠᠭᠤᠷᠠᠪᠠ; ᠲᠤᠰᠬᠠᠶ ᠰᠡᠳᠦᠪᠲᠦ ᠦᠢ᠍ᠯᠡᠴᠢᠯᠡᠭᠡᠨ᠎ᠤ ᠲᠥᠷᠥᠯ᠎ᠤᠨ ᠲᠧᠯᠸᠢᠰ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 16097.95 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 5.51%᠎ᠪᠠᠷ ᠪᠠᠭᠤᠷᠠᠪᠠ; ᠶᠡᠷᠦᠩᠬᠡᠶ᠋ᠢᠯᠡᠭᠰᠡᠨ ᠤᠷᠠᠯᠢᠭ᠎ᠤᠨ ᠣᠶᠣᠨ᠎ᠢ ᠲᠤᠰᠠᠯᠠᠬᠤ ᠲᠥᠷᠥᠯ᠎ᠤᠨ ᠲᠧᠯᠸᠢᠰ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 6376.45 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 30.40%᠎ᠪᠠᠷ ᠪᠠᠭᠤᠷᠠᠪᠠ; ᠵᠠᠷ ᠮᠡᠳᠡᠭᠡᠨ᠎ᠤ ᠲᠥᠷᠥᠯ᠎ᠤᠨ ᠲᠧᠯᠸᠢᠰ ᠫᠷᠤᠭ᠌ᠷᠠᠮ᠎ᠤᠨ ᠦᠢ᠍ᠯᠡᠳᠦᠭᠰᠡᠨ ᠴᠠᠭ᠎ᠨᠢ 5944.13 ᠴᠠᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 42.82% ᠵᠶ᠋ᠠᠷ ᠪᠠᠭᠤᠷᠠᠪᠠ᠃

  (ᠭᠤᠷᠪᠠ) ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠦᠢ᠍ᠯᠡᠳᠴᠦ ᠨᠡᠪᠲᠡᠷᠡᠭᠦᠯᠦᠭᠰᠡᠨ ᠪᠠᠶ᠋ᠢᠳᠠᠯ

   ᠨᠢᠭᠡ᠎ᠳᠤ᠂ 2023 ᠣᠨ᠎ᠤ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠦᠢ᠍ᠯᠡᠳᠦᠭᠰᠡᠨ ᠶᠡᠷᠦᠩᠬᠡᠢ ᠴᠠᠭ᠎ᠨᠢ 6418.43 ᠴᠠᠭ᠎ᠲᠤ ᠬᠦᠷᠪᠡ᠃ ᠡᠭᠦᠨ᠎ᠳᠤ᠄ ᠷᠠᠳᠢᠣ᠋ ᠨᠡᠪᠲᠡᠷᠡᠭᠦᠯᠭᠡ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠦᠢ᠍ᠯᠡᠳᠦᠭᠰᠡᠨ ᠴᠠᠭ᠎ᠨᠢ 4818.90 ᠴᠠᠭ ᠪᠠᠶ᠋ᠢᠵᠤ᠂ 0.40%᠎ᠪᠠᠷ ᠳᠡᠭᠡᠭᠰᠢᠯᠡᠪᠡ; ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠦᠢ᠍ᠯᠡᠳᠦᠭᠰᠡᠨ ᠴᠠᠭ᠎ᠨᠢ 1599.53 ᠴᠠᠭ ᠪᠠᠶ᠋ᠢᠵᠤ᠂ 27.28%᠎ᠪᠠᠷ ᠪᠠᠭᠤᠷᠠᠪᠠ᠃

   ᠬᠤᠶᠠᠷ᠎ᠲᠤ᠂ 2023 ᠣᠨ᠎ᠤ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠶᠡᠷᠦᠩᠬᠡᠶ ᠴᠠᠭ᠎ᠨᠢ 48061.96 ᠴᠠᠭ᠎ᠲᠤ ᠬᠥᠷᠪᠡ᠃ ᠡᠭᠦᠨ᠎ᠳᠤ᠄ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 15257.88 ᠴᠠᠭ ᠪᠠᠶ᠋ᠢᠵᠤ᠂ 2.65%᠎ᠪᠠᠷ ᠪᠠᠭᠤᠷᠠᠪᠠ; ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠨᠡᠪᠲᠡᠷᠡᠭᠦᠯᠦᠭᠰᠡᠨ ᠴᠠᠭ᠎ᠨᠢ 32804.08 ᠴᠠᠭ ᠪᠠᠶ᠋ᠢᠵᠤ᠂ 4.6%᠎ᠪᠠᠷ ᠨᠡᠮᠡᠭᠳᠡᠪᠡ᠃

   ᠭᠤᠷᠪᠠ᠂ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠪᠦᠷᠬᠦᠴᠡ ᠵᠢᠨ ᠪᠠᠶ᠋ᠢᠳᠠᠯ

   ᠨᠢᠭᠡ᠎ᠳᠤ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠤᠷᠮ᠎ᠠ ᠲᠣᠭᠲᠠᠭᠤᠨ ᠵᠶ᠋ᠠᠷ ᠳᠡᠭᠡᠭᠰᠢᠯᠡᠪᠡ᠃ 2023 ᠣᠨ᠎ᠤ ᠡᠴᠦᠰ ᠪᠣᠯᠲᠠᠯ᠎ᠠ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.76% ᠪᠠᠶ᠋ᠢᠵᠤ᠂ ᠲᠧᠯᠸᠢᠰ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.76% ᠪᠠᠶ᠋ᠢᠵᠤ᠂ 2022 ᠣᠨ᠎ᠤ᠎ᠬᠢ᠎ᠠᠴᠠ ᠲᠣᠰ ᠲᠣᠰ 0.01%᠎ᠪᠠᠷ ᠨᠡᠮᠡᠭᠳᠡᠪᠡ᠃

   ᠬᠤᠶᠠᠷ᠎ᠲᠤ᠂ 2022 ᠣᠨ᠎ᠳᠤ ᠪᠥᠬᠦ ᠣᠷᠣᠨ᠎ᠤ ᠤᠲᠠᠰᠤᠲᠤ ᠲᠧᠯᠸᠢᠰ᠎ᠤᠨ ᠪᠦᠷᠬᠦᠴᠡ ᠵᠢᠨ ᠬᠡᠷᠡᠭᠯᠡᠭᠴᠢ ᠵᠢᠨ ᠲᠤᠭ᠎ᠠ 3761597 ᠡᠷᠦᠬᠡ᠎ᠳᠤ ᠬᠦᠷᠪᠡ᠃ ᠤᠲᠠᠰᠤᠲᠤ ᠲᠧᠯᠸᠢᠰ᠎ᠤᠨ ᠪᠣᠳᠠᠲᠠᠶ ᠬᠡᠷᠡᠭᠯᠡᠭᠴᠢ ᠵᠢᠨ ᠲᠤᠭ᠎ᠠ 2454803 ᠡᠷᠦᠬᠡ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 8.93%᠎ᠪᠠᠷ ᠪᠠᠭᠤᠷᠠᠪᠠ᠃

   ᠳᠥᠷᠪᠡ᠂ ᠠᠵᠢᠯᠯᠠᠭᠰᠠᠳ᠎ᠤᠨ ᠪᠠᠶ᠋ᠢᠳᠠᠯ

  2023 ᠣᠨ᠎ᠤ ᠡᠴᠦᠰ ᠪᠣᠯᠲᠠᠯ᠎ᠠ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠠᠵᠢᠯᠲᠠᠨ 20068 ᠪᠠᠢ᠌ᠪᠠ᠃ ᠠᠵᠢᠯ᠎ᠤᠨ ᠪᠠᠶ᠋ᠢᠷᠢ᠎ᠪᠠᠷ᠎ᠨᠢ ᠬᠤᠪᠢᠶᠠᠪᠠᠯ᠂ ᠪᠦᠬᠦ ᠤᠷᠤᠨ᠎ᠤ ᠷᠠᠳᠢᠤ᠋ ᠲᠧᠯᠸᠢᠰ᠎ᠤᠨ ᠬᠠᠮᠢᠶᠠᠷᠤᠯᠳᠠ ᠵᠢᠨ ᠠᠵᠢᠯᠳᠠᠨ 1986 ᠪᠠᠢ᠌ᠵᠤ᠂ ᠨᠠᠶ᠋ᠢᠷᠠᠭᠤᠯᠤᠭᠴᠢ᠂ ᠰᠤᠷᠪᠤᠯᠵᠢᠯᠠᠭᠴᠢ᠂ ᠨᠡᠪᠳᠡᠷᠡᠬᠦᠯᠦᠭᠴᠢ᠂ ᠬᠦᠲᠦᠯᠦᠭᠴᠢ᠂ ᠤᠷᠠᠯᠢᠭ᠎ᠤᠨ ᠠᠵᠢᠯᠳᠠᠨ᠂ ᠡᠵᠡᠩᠨᠡᠯᠳᠡ ᠵᠢᠨ ᠠᠵᠢᠯᠳᠠᠨ ᠵᠡᠷᠬᠡ ᠲᠤᠰᠬᠠᠢ ᠮᠡᠷᠬᠡᠵᠢᠯ᠎ᠤᠨ ᠠᠵᠢᠯᠳᠠᠨ 13139 ᠪᠠᠢ᠌ᠵᠤ᠂ ᠪᠤᠰᠤᠳ ᠠᠵᠢᠯᠳᠠᠨ 4095 ᠪᠠᠶ᠋ᠢᠪᠠ᠃ ᠰᠤᠷᠤᠯᠭ᠎ᠠ ᠵᠢᠨ ᠨᠠᠮᠲᠠᠷ ᠵᠶ᠋ᠠᠷ᠎ᠨᠢ ᠬᠤᠪᠢᠶᠠᠪᠠᠯ᠂ ᠠᠰᠫᠢᠷᠠᠨᠲ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠬᠦᠮᠦᠨ1019 ᠪᠠᠢ᠌ᠵᠤ᠂ ᠵᠢᠩᠬᠢᠨᠢ ᠠᠩᠭᠢ ᠵᠢᠴᠢ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠲᠠᠢ ᠬᠦᠮᠦᠨ17443 ᠪᠠᠢ᠌ᠵᠤ᠂ ᠳᠡᠭᠡᠳᠦ ᠳᠤᠮᠳᠠᠳᠤ ᠵᠢᠴᠢ ᠲᠡᠭᠦᠨ᠎ᠠᠴᠠ ᠳᠣᠷᠣᠭᠰᠢᠬᠢ ᠰᠤᠷᠤᠯᠭ᠎ᠠ ᠵᠢᠨ ᠨᠠᠮᠲᠠᠷ᠎ᠲᠠᠢ ᠬᠦᠮᠦᠨ 1606 ᠪᠠᠢ᠌ᠨ᠎ᠠ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ