ᠨᠢᠭᠡᠳᠦᠭᠡᠷ ᠵᠤᠷᠪᠤᠰ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠵᠥᠪᠰᠢᠶᠡᠷᠡᠭᠰᠡᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠲᠥᠰᠦᠯ》 ᠪᠣᠯᠤᠨ ᠥᠪᠡᠷᠲᠡᠭᠡᠨ ᠵᠠᠰᠠᠬᠤ ᠣᠷᠣᠨ᠎ᠠᠴᠠ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ》᠎ᠢ ᠦᠨᠳᠦᠰᠦᠯᠡᠨ᠂ ᠲᠣᠰ ᠲᠣᠭᠲᠠᠭ᠋ᠠᠯ᠎ᠢ ᠲᠣᠭᠲᠠᠭ᠋ᠠᠪᠠ᠃
ᠬᠤᠶᠠᠳᠤᠭ᠋ᠠᠷ ᠵᠤᠷᠪᠤᠰ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠢᠭᠤᠳ ᠬᠠᠷᠢᠶ᠎ᠠ ᠪᠠᠶ᠋ᠢᠭᠤᠯᠤᠮᠵᠢ ᠪᠠᠶ᠋ᠢᠵᠤ᠂ ᠲᠢᠩᠬᠢᠮ᠎ᠤᠨ ᠲᠠᠰ᠎ᠤᠨ ᠨᠢᠭᠡᠴᠢ ᠪᠣᠯᠤᠨ᠎ᠠ᠃
ᠭᠤᠷᠪᠠᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠭᠣᠣᠯ ᠡᠭᠦᠷᠭᠡ ᠬᠠᠷᠢᠭᠤᠴᠠᠯᠭ᠎ᠠ᠄
(ᠨᠢᠭᠡ) ᠨᠠᠮ᠎ᠤᠨ ᠤᠬᠠᠭᠤᠯᠬᠤ ᠴᠢᠭᠯᠡᠯᠲᠡ ᠲᠥᠷᠥ ᠵᠢᠨ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠦᠬᠦ ᠣᠷᠣᠨ᠎ᠤ ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡ ᠬᠠᠮᠢᠶᠠᠷᠤᠯᠲᠠ ᠵᠢᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠤᠭᠤᠷᠪᠢᠨ ᠲᠣᠭᠲᠠᠭ᠋ᠠᠵᠤ᠂ ᠷᠠᠳᠢᠣ᠋ ᠲᠧᠯᠸᠢᠰ᠎ᠤᠨ ᠵᠢᠭᠰᠠᠭ᠋ᠠᠯ᠎ᠤᠨ ᠭᠠᠵᠠᠷ᠂ ᠷᠠᠳᠢᠣ᠋ ᠲᠧᠯᠸᠢᠰ᠎ᠤᠨ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠵᠥᠪ ᠤᠳᠤᠷᠢᠳᠤᠮᠵᠢ ᠪᠠ ᠵᠣᠬᠢᠶᠠᠨ ᠪᠦᠲᠦᠭᠡᠬᠦ ᠤᠳᠤᠷᠢᠳᠤᠮᠵᠢ ᠵᠢ ᠡᠵᠡᠮᠳᠡᠨ᠎ᠡ᠃
(ᠬᠤᠶᠠᠷ) ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡ ᠬᠠᠮᠢᠶᠠᠷᠤᠯᠲᠠ ᠵᠢᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ᠎ᠤᠨ ᠲᠥᠰᠦᠯ᠎ᠢ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠨ᠎ᠠ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠬᠦᠷᠢᠶᠡᠨ᠎ᠳᠠᠬᠢ ᠪᠠᠶ᠋ᠢᠭᠤᠯᠤᠯ᠎ᠤᠨ ᠵᠣᠬᠢᠴᠠᠮᠵᠢ ᠵᠢᠨ ᠥᠭᠡᠷᠡᠴᠢᠯᠡᠯᠲᠡ ᠵᠢ ᠵᠢᠯᠣᠭᠤᠳᠤᠨ ᠠᠬᠢᠭᠤᠯᠤᠨ᠎ᠠ᠃
(ᠭᠤᠷᠪᠠ) ᠷᠠᠳᠢᠣ᠋ ᠲᠧᠯᠸᠢᠰ᠎ᠤᠨ ᠬᠦᠷᠢᠶᠡᠨ᠎ᠤ ᠠᠵᠢᠯ ᠦᠢ᠍ᠯᠡᠰ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠪᠣᠯᠤᠨ ᠲᠥᠯᠥᠪᠵᠢᠭᠦᠯᠭᠡ ᠵᠢ ᠬᠠᠷᠢᠭᠤᠴᠠᠨ ᠲᠣᠭᠲᠠᠭ᠋ᠠᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠬᠤᠯᠠ ᠶᠡᠬᠡ ᠨᠡᠶ᠋ᠢᠲᠡ ᠵᠢᠨ ᠠᠰᠠᠷᠠᠮᠵᠢ ᠵᠢᠨ ᠢᠨᠵᠧᠨᠧᠷᠢᠩ ᠪᠣᠯᠤᠨ ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠢᠯᠢ ᠬᠢᠵᠠᠭ᠋ᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠣᠰᠢᠭᠤ ᠰᠢᠶᠠᠨ᠎ᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠲᠦᠯᠬᠢᠨ ᠠᠬᠢᠭᠤᠯᠵᠤ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠭᠣᠤᠯᠳᠠᠯᠭ᠎ᠠ᠎ᠲᠠᠢ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠵᠢᠯᠣᠭᠣᠳᠬᠤ ᠪᠠ ᠬᠢᠨᠠᠯᠲᠠ ᠲᠠᠯᠪᠢᠵᠤ᠂ ᠬᠢᠯᠢ ᠬᠢᠵᠠᠭ᠋ᠠᠷ ᠣᠷᠣᠨ᠂ ᠦᠨᠳᠦᠰᠦᠲᠡᠨ᠎ᠤ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ᠎ᠤ ᠷᠠᠳᠢᠣ᠋ ᠲᠧᠯᠸᠢᠰ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠥᠭᠵᠢᠯᠲᠡ ᠵᠢ ᠴᠢᠩᠭ᠋ᠠᠳᠬᠠᠨ ᠳᠡᠮᠵᠢᠨ᠎ᠡ᠃
(ᠲᠦᠷᠪᠡ) ᠪᠥᠬᠦ ᠣᠷᠣᠨ᠎ᠤ ᠷᠠᠳᠢᠣ᠋ ᠲᠧᠯᠸᠢᠰ᠎ᠤᠨ ᠬᠦᠷᠢᠶᠡᠨ᠎ᠳᠠᠬᠢ ᠠᠵᠤ ᠦᠢ᠍ᠯᠡᠰ᠎ᠤᠨ ᠬᠥᠭᠵᠢᠯᠲᠡ ᠵᠢ ᠵᠢᠯᠤᠭᠤᠳᠬᠤ᠂ ᠵᠣᠬᠢᠴᠠᠭᠤᠯᠬᠤ᠂ ᠠᠬᠢᠭᠤᠯᠵᠤ᠂ ᠬᠥᠭᠵᠢᠯᠲᠡ ᠵᠢᠨ ᠲᠥᠯᠥᠪᠵᠢᠭᠦᠯᠭᠡ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
(ᠲᠠᠪᠤ) ᠪᠦᠬᠦ ᠣᠷᠣᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠪᠠᠶ᠋ᠢᠭᠤᠯᠤᠮᠵᠢ᠎ᠳᠤ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ ᠪᠠ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠬᠢᠬᠦ ᠵᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠤᠷ ᠰᠦᠯᠵᠢᠶ᠎ᠡ ᠵᠢᠨ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠬᠠᠮᠢᠶᠠᠷᠤᠯᠲᠠ ᠬᠢᠨ᠎ᠡ᠃ ᠬᠠᠤᠯᠢ ᠶᠣᠰᠣᠭ᠋ᠠᠷ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠢ ᠬᠡᠷᠡᠭᠵᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠤᠨ᠎ᠠ᠃
(ᠵᠢᠷᠭᠤᠭ᠎ᠠ) ᠪᠦᠬᠦ ᠣᠷᠣᠨ᠎ᠤ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠬᠥᠭᠵᠢᠯᠲᠡ ᠪᠠ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠵᠢᠯᠣᠭᠤᠳᠤᠨ᠎ᠠ᠃ ᠷᠠᠳᠢᠣ᠋ ᠲᠧᠯᠸᠢᠰ᠎ᠤᠨ ᠫᠷᠤᠭ᠌ᠷᠠᠮ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠠᠭᠤᠯᠭ᠎ᠠ ᠪᠠ ᠶᠠᠰᠤ ᠴᠢᠨᠠᠷ᠎ᠢ ᠬᠢᠨᠠᠨ ᠬᠠᠮᠢᠶᠠᠷᠴᠤ ᠬᠢᠨᠠᠨ ᠪᠠᠶ᠋ᠢᠴᠠᠭ᠋ᠠᠨ᠎ᠠ᠃ ᠷᠠᠳᠢᠣ᠋ ᠲᠧᠯᠸᠢᠰ᠎ᠤᠨ ᠵᠠᠷ ᠮᠡᠳᠡᠭᠡᠨ᠎ᠤ ᠨᠡᠪᠲᠡᠷᠡᠭᠦᠯᠭᠡ ᠵᠢ ᠵᠢᠯᠣᠭᠤᠳᠤᠨ ᠬᠢᠨᠠᠨ ᠬᠠᠮᠢᠶᠠᠷᠤᠨ᠎ᠠ᠃
(ᠳᠤᠯᠤᠭ᠎ᠠ) ᠪᠥᠬᠦ ᠣᠷᠣᠨ᠎ᠤ ᠴᠢᠨᠠᠷᠲᠠᠶ ᠷᠠᠳᠢᠣ᠋ ᠲᠧᠯᠸᠢᠰ᠎ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠵᠢᠨ ᠠᠵᠢᠯᠯᠠᠭ᠎ᠠ ᠵᠢ ᠵᠢᠯᠣᠭᠤᠳᠤᠨ ᠵᠣᠬᠢᠴᠠᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠢ ᠬᠢᠨᠠᠨ ᠰᠣᠨᠣᠰᠴᠤ ᠬᠢᠨᠠᠨ ᠦᠵᠡᠵᠦ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠦᠨᠡᠯᠡᠬᠦ ᠠᠵᠢᠯ᠎ᠢ ᠵᠢᠯᠣᠭᠤᠳᠤᠨ ᠬᠡᠷᠡᠭᠵᠢᠭᠦᠯᠦᠨ᠎ᠡ᠃
(ᠨᠠᠢ᠍ᠮᠠ) ᠪᠥᠬᠦ ᠣᠷᠣᠨ᠎ᠤ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠵᠢ ᠬᠠᠷᠢᠭᠤᠴᠠᠵᠤ᠂ ᠷᠠᠳᠢᠣ᠋ ᠲᠧᠯᠸᠢᠰ᠎ᠤᠨ ᠰᠦᠯᠵᠢᠶ᠎ᠡ ᠬᠢᠭᠡᠳ ᠴᠠᠬᠢᠯᠭ᠋ᠠᠨ ᠬᠤᠯᠪᠣᠭ᠋ᠠᠨ᠎ᠤ ᠰᠦᠯᠵᠢᠶ᠎ᠡ᠂ ᠢᠨᠲ᠋ᠧᠷ ᠰᠦᠯᠵᠢᠶ᠎ᠡ ᠵᠢᠨ ᠭᠤᠷᠪᠠᠨ ᠰᠦᠯᠵᠢᠶᠡᠨ᠎ᠤ ᠠᠭᠤᠰᠤᠯᠴᠠᠯ᠎ᠢ ᠠᠬᠢᠭᠤᠯᠤᠨ᠎ᠠ᠃
(ᠶᠢᠰᠦ) ᠪᠦᠬᠦ ᠣᠷᠣᠨ᠎ᠤ ᠷᠠᠳᠢᠣ᠋ ᠲᠧᠯᠸᠢᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢᠨ ᠬᠠᠮᠲᠤ ᠬᠢᠨᠠᠯᠲᠠ ᠲᠠᠯᠪᠢᠨ ᠪᠠᠶ᠋ᠢᠴᠠᠭ᠋ᠠᠨ᠎ᠠ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠵᠤ ᠪᠦᠷᠬᠦᠭᠦᠯᠬᠦ᠂ ᠬᠢᠨᠠᠨ ᠰᠢᠨᠵᠢᠬᠦ ᠪᠠ ᠠᠮᠤᠷ ᠲᠦᠪᠰᠢᠨ ᠵᠶ᠋ᠠᠷ ᠨᠡᠪᠲᠡᠷᠡᠭᠦᠯᠬᠦ ᠵᠢ ᠬᠢᠨᠠᠨ ᠬᠠᠮᠢᠶᠠᠷᠬᠤ ᠵᠢ ᠬᠠᠷᠢᠭᠤᠴᠠᠵᠤ᠂ ᠪᠥᠬᠦ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃
(ᠠᠷᠪᠠ) ᠪᠥᠬᠦ ᠣᠷᠣᠨ᠎ᠤ ᠷᠠᠳᠢᠣ᠋ ᠲᠧᠯᠸᠢᠰ᠎ᠤᠨ ᠰᠢᠰᠲ᠋ᠧᠮ᠎ᠤᠨ ᠴᠢᠬᠤᠯᠠ ᠶᠡᠭᠡ ᠢᠨᠵᠧᠨᠧᠷᠢᠩ᠂ ᠭᠤᠤᠯᠳᠠᠯᠭ᠎ᠠ᠎ᠲᠠᠢ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢ ᠬᠠᠷᠢᠭᠤᠴᠠᠨ᠎ᠠ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠰᠢᠰᠲ᠋ᠧᠮ᠎ᠤᠨ ᠠᠮᠤᠷ ᠲᠦᠪᠰᠢᠨ ᠨᠡᠪᠲᠡᠷᠡᠭᠦᠯᠬᠦ᠂ ᠭᠡᠨᠡᠳᠲᠡ ᠵᠢᠨ ᠬᠡᠷᠡᠭ᠎ᠢ ᠰᠡᠷᠭᠡᠶ᠋ᠢᠯᠡᠨ ᠰᠢᠢ᠍ᠳᠪᠦᠷᠢᠯᠡᠬᠦ ᠪᠠ ᠬᠠᠮᠠᠭ᠋ᠠᠯᠠᠬᠤ ᠠᠵᠢᠯ᠎ᠢ ᠵᠢᠯᠣᠭᠤᠳᠤᠨ ᠵᠣᠬᠢᠴᠠᠭᠤᠯᠤᠨ᠎ᠠ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠪᠠᠶ᠋ᠢᠭᠤᠯᠤᠮᠵᠢ ᠵᠢᠨ ᠠᠶᠤᠯᠭᠦᠢ ᠦᠢ᠍ᠯᠡᠳᠪᠦᠷᠢᠯᠡᠯ᠎ᠤᠨ ᠤᠬᠠᠭᠤᠯᠭ᠎ᠠ ᠬᠥᠮᠦᠵᠢᠯ ᠥᠷᠨᠢᠭᠦᠯᠬᠦ ᠵᠢ ᠵᠣᠬᠢᠶᠠᠨ ᠪᠠᠶ᠋ᠢᠭᠤᠯᠤᠨ ᠵᠢᠯᠣᠭᠤᠳᠴᠤ᠂ ᠬᠠᠮᠢᠶ᠎ᠠ ᠪᠥᠬᠦᠶ ᠰᠠᠯᠠᠭ᠎ᠠ ᠮᠥᠴᠢᠷ᠎ᠲᠠᠢ ᠬᠠᠮᠵᠢᠯᠴᠠᠨ ᠠᠶᠤᠯᠭᠦᠢ ᠦᠢ᠍ᠯᠡᠳᠪᠦᠷᠢᠯᠡᠯ᠎ᠤᠨ ᠴᠢᠬᠤᠯᠠ ᠶᠡᠭᠡ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠨ᠎ᠠ᠃
(ᠠᠷᠪᠠᠨ ᠨᠢᠭᠡ) ᠷᠠᠳᠢᠣ᠋ ᠲᠧᠯᠸᠢᠰ᠎ᠤᠨ ᠭᠠᠳᠠᠭᠰᠢ ᠳᠠᠮᠵᠢᠭᠤᠯᠬᠤ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠷᠠᠳᠢᠣ᠋ ᠲᠧᠯᠸᠢᠰ᠎ᠤᠨ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠭᠠᠳᠠᠭ᠋ᠠᠳᠤ ᠢᠯᠠᠩᠭᠤᠶ᠎ᠠ ᠣᠷᠣᠰ᠂ ᠮᠣᠩᠭᠣᠯ ᠤᠯᠤᠰ᠎ᠲᠠᠢ ᠰᠣᠯᠢᠯᠴᠠᠭ᠎ᠠ ᠪᠠ ᠬᠠᠮᠵᠢᠯᠴᠠᠭ᠎ᠠ ᠵᠢ ᠥᠷᠨᠢᠭᠦᠯᠵᠦ᠂ ᠷᠠᠳᠢᠣ᠋ ᠲᠧᠯᠸᠢᠰ᠎ᠤᠨ ᠬᠦᠷᠢᠶᠡᠨ᠎ᠤ ᠭᠠᠳᠠᠭᠰᠢ ᠭᠠᠷᠭ᠋ᠠᠬᠤ ᠠᠵᠢᠯ᠎ᠢ ᠵᠣᠬᠢᠴᠠᠭᠤᠯᠤᠨ ᠠᠬᠢᠭᠤᠯᠵᠤ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠢ ᠭᠠᠳᠠᠭ᠋ᠠᠳᠤ᠎ᠠᠴᠠ ᠣᠷᠣᠭᠤᠯᠬᠤ᠂ ᠰᠢᠩᠭᠡᠭᠡᠨ ᠠᠪᠬᠤ ᠪᠠ ᠬᠠᠮᠢᠶᠠᠷᠬᠤ ᠵᠢ ᠬᠠᠷᠢᠭᠤᠴᠠᠨ᠎ᠠ᠃
(ᠠᠷᠪᠠᠨ ᠬᠣᠶᠠᠷ) ᠪᠦᠬᠦ ᠣᠷᠣᠨ᠎ᠤ ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠵᠢᠯᠣᠭᠤᠳᠤᠨ᠎ᠠ᠃
(ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠳᠦᠷᠪᠡᠳᠦᠭᠡᠷ ᠵᠣᠷᠪᠤᠰ᠂ ᠥᠪᠡᠷᠳᠡᠭᠡᠨ ᠵᠠᠰᠠᠬᠤ ᠣᠷᠣᠨ᠎ᠤ ᠷᠠᠳᠢᠤ᠋ ᠲᠸᠯᠸᠢᠰ᠎ᠤᠨ ᠲᠣᠪᠴᠢᠶ᠎ᠠ ᠵᠢᠨ ᠳᠣᠣᠷ᠎ᠠ᠎ᠪᠠᠨ ᠲᠣᠬᠢᠷᠠᠭᠤᠯᠤᠭᠰᠠᠨ ᠳᠣᠲᠣᠭ᠋ᠠᠳᠤ ᠵᠢᠨ ᠪᠠᠢ᠌ᠭᠣᠯᠣᠮᠵᠢ
(ᠨᠢᠭᠡ) ᠠᠯᠪᠠᠨ ᠭᠡᠷ᠃ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠠᠵᠢᠯ᠎ᠢ ᠬᠠᠷᠢᠭᠤᠴᠠᠵᠤ᠂ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂ ᠵᠥᠭᠡᠯᠡᠨ ᠲᠣᠨᠤᠭ᠎ᠢ ᠵᠢᠩᠬᠢᠨᠢ ᠬᠡᠪᠯᠡᠯ ᠪᠣᠯᠭ᠋ᠠᠬᠤ᠂ ᠰᠣᠨᠢᠨ ᠮᠡᠳᠡᠭᠡ ᠨᠡᠶ᠋ᠢᠲᠡᠯᠡᠬᠦ᠂ ᠨᠢᠭᠤᠴᠠ ᠵᠢ ᠬᠠᠮᠠᠭ᠋ᠠᠯᠠᠬᠤ᠂ ᠵᠠᠬᠢᠳᠠᠯ ᠰᠤᠷᠪᠤᠯᠵᠢᠯᠠᠭ᠎ᠠ᠂ ᠪᠠᠶ᠋ᠢᠭᠤᠯᠭ᠎ᠠ ᠵᠢᠨ ᠠᠮᠤᠷ ᠲᠦᠪᠰᠢᠨ᠎ᠢ ᠬᠠᠮᠠᠭ᠋ᠠᠯᠠᠬᠤ᠂ ᠰᠠᠨᠠᠭᠤᠯᠭ᠎ᠠ ᠳᠤᠷᠠᠳᠤᠯᠭ᠎ᠠ ᠵᠢ ᠭᠦᠢ᠍ᠴᠡᠳᠬᠡᠬᠦ ᠪᠠ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠠᠵᠢᠯ᠎ᠢ ᠡᠭᠦᠷᠭᠡᠯᠡᠵᠦ᠂ ᠭᠠᠳᠠᠭ᠋ᠠᠳᠤ᠎ᠲᠠᠢ ᠰᠣᠯᠢᠯᠴᠠᠭ᠎ᠠ ᠬᠠᠮᠲᠤᠷᠠᠯᠴᠠᠭ᠎ᠠ ᠬᠢᠬᠦ ᠵᠡᠷᠭᠡ ᠠᠵᠢᠯ᠎ᠢ ᠬᠠᠷᠢᠭᠤᠴᠠᠨ᠎ᠠ᠃
(ᠬᠤᠶᠠᠷ) ᠠᠵᠢᠯᠲᠠᠨ᠎ᠤ ᠶᠠᠪᠤᠳᠠᠯ᠎ᠤᠨ ᠭᠠᠵᠠᠷ᠃ ᠪᠠᠶ᠋ᠢᠭᠤᠯᠭ᠎ᠠ ᠵᠢᠴᠢ ᠬᠠᠷᠢᠶ᠎ᠠ ᠨᠢᠭᠡᠴᠢ ᠵᠢᠨ ᠺᠠᠳ᠋ᠷ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠨᠠᠶ᠋ᠢᠷᠠᠭᠤᠯᠤᠭᠴᠢ ᠰᠤᠷᠪᠤᠯᠵᠢᠯᠠᠭᠴᠢ᠂ ᠨᠡᠪᠲᠡᠷᠡᠭᠦᠯᠦᠭᠴᠢ ᠬᠥᠲᠥᠯᠥᠭᠴᠢ ᠵᠢᠨ ᠡᠷᠬᠢᠯᠡᠭᠰᠡᠨ ᠠᠵᠢᠯ᠎ᠤᠨ ᠬᠢᠷᠢ ᠬᠡᠮ ᠪᠣᠯᠤᠨ ᠰᠦᠯᠵᠢᠶᠡᠨ᠎ᠤ ᠦᠵᠡᠵᠦ ᠰᠣᠨᠣᠰᠬᠤ ᠠᠵᠢᠯ ᠡᠷᠬᠢᠯᠡᠭᠰᠡᠳ᠎ᠤᠨ ᠬᠠᠮᠢᠶᠠᠷᠤᠯᠲᠠ ᠵᠢᠨ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠭᠤᠷᠪᠠ) ᠲᠦᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠦᠢ᠍ᠯᠡᠰ᠂ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠲᠥᠰᠦᠪ ᠪᠠ ᠲᠥᠰᠦᠪ᠎ᠤᠨ ᠭᠦᠢ᠍ᠴᠡᠳᠭᠡᠯ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠵᠢᠴᠢ ᠳᠣᠲᠣᠭ᠋ᠠᠳᠤ ᠵᠢᠨ ᠬᠢᠨᠠᠨ ᠪᠤᠳᠤᠬᠤ ᠠᠵᠢᠯ᠎ᠢ ᠬᠠᠷᠢᠭᠤᠴᠠᠨ᠎ᠠ᠃ ᠷᠠᠳᠢᠣ᠋ ᠲᠧᠯᠸᠢᠰ᠎ᠤᠨ ᠲᠤᠭ᠎ᠠ ᠪᠦᠷᠢᠳᠬᠡᠯ᠎ᠤᠨ ᠠᠵᠢᠯ᠎ᠢ ᠡᠭᠦᠷᠭᠡᠯᠡᠨ᠎ᠡ᠃
(ᠲᠦᠷᠪᠡ) ᠤᠬᠠᠭᠤᠯᠭ᠎ᠠ ᠵᠢᠨ ᠭᠠᠵᠠᠷ᠃ ᠪᠥᠬᠦ ᠣᠷᠣᠨ᠎ᠤ ᠴᠢᠨᠠᠷᠲᠠᠶ ᠷᠠᠳᠢᠣ᠋ ᠲᠧᠯᠸᠢᠰ᠎ᠤᠨ ᠭᠤᠤᠯ ᠰᠡᠳᠦᠪᠲᠦ ᠤᠬᠠᠭᠤᠯᠭ᠎ᠠ᠂ ᠲᠤᠰᠬᠠᠶ ᠰᠡᠳᠦᠪᠲᠦ ᠤᠬᠠᠭᠤᠯᠭ᠎ᠠ ᠪᠠ ᠴᠢᠬᠤᠯᠠ ᠶᠡᠭᠡ ᠤᠬᠠᠭᠤᠯᠭ᠎ᠠ ᠵᠢᠨ ᠠᠵᠢᠯᠯᠠᠭ᠎ᠠ ᠵᠢᠴᠢ ᠴᠢᠬᠤᠯᠠ ᠶᠡᠭᠡ ᠭᠡᠨᠡᠳᠲᠡ ᠵᠢᠨ ᠬᠡᠷᠡᠭ᠎ᠤᠨ ᠮᠡᠳᠡᠭᠡᠯᠡᠯ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠨᠡᠪᠲᠡᠷᠡᠭᠦᠯᠭᠡ ᠵᠢ ᠵᠢᠯᠣᠭᠤᠳᠤᠨ ᠵᠣᠬᠢᠴᠠᠭᠤᠯᠤᠨ᠎ᠠ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠤᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠵᠢᠯᠣᠭᠤᠳᠴᠤ᠂ ᠪᠦᠬᠦ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠤᠨ ᠠᠭᠤᠯᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠪᠦᠬᠦ ᠣᠷᠣᠨ᠎ᠤ ᠴᠢᠬᠤᠯᠠ ᠶᠡᠭᠡ ᠣᠨᠣᠯ᠎ᠤᠨ ᠰᠤᠷᠪᠤᠯᠵᠢ ᠪᠢᠴᠢᠭ᠎ᠤᠨ ᠹᠢᠯᠢᠮ᠂ ᠪᠠᠷᠢᠮᠲᠠᠲᠤ ᠹᠢᠯᠢᠮ᠂ ᠲᠧᠯᠸᠢᠰ᠎ᠤᠨ ᠺᠠᠷᠲ᠋ᠣᠨ ᠹᠢᠯᠢᠮ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠠ ᠨᠡᠪᠲᠡᠷᠡᠭᠦᠯᠬᠦ ᠵᠢ ᠵᠢᠯᠣᠭᠤᠳᠤᠨ ᠬᠢᠨᠠᠨ ᠬᠠᠮᠢᠶᠠᠷᠤᠨ᠎ᠠ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠠᠭᠤᠯᠭ᠎ᠠ ᠵᠢᠨ ᠵᠥᠪ ᠤᠳᠤᠷᠢᠳᠤᠮᠵᠢ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠬᠢᠨᠠᠨ ᠬᠠᠮᠢᠶᠠᠷᠤᠨ᠎ᠠ᠃
(ᠲᠠᠪᠤ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠭᠠᠵᠠᠷ᠃ ᠪᠦᠬᠦ ᠣᠷᠣᠨ᠎ᠤ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ᠂ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠢᠨᠵᠧᠨᠧᠷᠢᠩ᠎ᠤᠨ ᠲᠥᠷᠥᠯ ᠵᠦᠢ᠍ᠯ᠎ᠤᠨ ᠪᠣᠭᠤᠮᠲᠠ ᠰᠢᠪᠲᠤᠯᠬᠤ ᠵᠢ ᠵᠣᠬᠢᠴᠠᠭᠤᠯᠤᠨ ᠠᠬᠢᠭᠤᠯᠤᠨ᠎ᠠ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠮᠡᠷᠭᠡᠵᠢᠯ᠎ᠤᠨ ᠶᠠᠰᠤ ᠴᠢᠨᠠᠷ᠎ᠲᠤ ᠬᠢᠨᠠᠯᠲᠠ ᠲᠠᠯᠪᠢᠬᠤ ᠵᠢ ᠬᠠᠷᠢᠭᠤᠴᠠᠵᠤ᠂ ᠷᠠᠳᠢᠣ᠋ ᠲᠧᠯᠸᠢᠰ᠎ᠤᠨ ᠮᠡᠷᠭᠡᠵᠢᠯ᠎ᠤᠨ ᠬᠡᠮᠵᠢᠯᠲᠡ ᠵᠢ ᠪᠠᠶ᠋ᠢᠴᠠᠭ᠋ᠠᠨ ᠬᠡᠮᠵᠢᠬᠦ ᠪᠠ ᠮᠡᠷᠭᠡᠵᠢᠯ᠎ᠤᠨ ᠦᠷ᠎ᠡ ᠪᠦᠲᠦᠭᠡᠯ᠎ᠢ ᠬᠡᠷᠡᠭᠯᠡᠵᠦ ᠤᠯᠠᠷᠢᠭᠤᠯᠬᠤ ᠠᠵᠢᠯ᠎ᠢ ᠵᠢᠯᠣᠭᠤᠳᠤᠨ᠎ᠠ᠃
(ᠵᠢᠷᠭᠤᠭ᠎ᠠ) ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ᠃ ᠪᠦᠬᠦ ᠣᠷᠣᠨ᠎ᠤ ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡ ᠬᠠᠮᠢᠶᠠᠷᠤᠯᠲᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ᠂ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠤᠨ ᠲᠥᠰᠦᠯ᠎ᠢ ᠰᠤᠳᠤᠯᠤᠨ ᠲᠤᠭᠤᠷᠪᠢᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠴᠢᠬᠤᠯᠠ ᠶᠡᠭᠡ ᠪᠠᠶ᠋ᠢᠴᠠᠭ᠋ᠠᠨ ᠰᠤᠳᠤᠯᠤᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠵᠤ ᠵᠢᠯᠣᠭᠤᠳᠤᠨ᠎ᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠬᠠᠤᠯᠢ ᠶᠣᠰᠣᠴᠢ ᠴᠢᠨᠠᠷ᠎ᠢ ᠬᠢᠨᠠᠨ ᠪᠠᠶ᠋ᠢᠴᠠᠭ᠋ᠠᠬᠤ ᠠᠵᠢᠯ᠎ᠢ ᠡᠭᠦᠷᠭᠡᠯᠡᠨ᠎ᠡ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠰᠢᠰᠲ᠋ᠧᠮ᠎ᠤᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠵᠢᠯ᠎ᠢ ᠠᠬᠢᠭᠤᠯᠤᠨ᠎ᠠ᠃ ᠬᠣᠯᠪᠤᠭᠳᠠᠯ ᠪᠦᠬᠦᠢ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ᠂ ᠭᠠᠳᠠᠭ᠋ᠠᠳᠤ᠎ᠳᠤ ᠬᠤᠯᠪᠣᠭᠳᠠᠬᠤ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠠᠵᠢᠯ᠎ᠢ ᠡᠭᠦᠷᠭᠡᠯᠡᠨ᠎ᠡ᠃ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠣᠯᠪᠤᠭᠳᠠᠯ ᠪᠦᠬᠦᠢ ᠠᠵᠢᠯ᠎ᠢ ᠵᠣᠬᠢᠶᠠᠨ ᠪᠠᠶ᠋ᠢᠭᠤᠯᠤᠨ ᠵᠣᠬᠢᠴᠠᠭᠤᠯᠤᠨ᠎ᠠ᠃ ᠲᠥᠷᠥ ᠵᠢᠨ ᠪᠣᠳᠣᠯᠭ᠎ᠠ ᠵᠢ ᠰᠤᠳᠤᠯᠬᠤ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠳᠣᠯᠤᠭ᠎ᠠ) ᠵᠠᠭᠤᠴᠢᠯᠠᠭᠤᠷ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠭᠠᠵᠠᠷ (ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠭᠠᠵᠠᠷ)᠃ ᠪᠦᠬᠦ ᠣᠷᠣᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠪᠣᠯᠤᠨ ᠲᠤᠬᠠᠶ᠋ᠢᠯᠠᠭᠰᠠᠨ ᠠᠵᠢᠯ᠂ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠬᠦ ᠪᠠᠶ᠋ᠢᠭᠤᠯᠤᠮᠵᠢ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠤᠨ ᠬᠦᠷᠭᠡᠬᠦ᠂ ᠤᠲᠠᠰᠤᠲᠤ ᠲᠧᠯᠸᠢᠰ᠎ᠤᠨ ᠰᠦᠶᠳᠬᠡᠯ ᠲᠤᠰᠢᠶᠠᠬᠤ ᠰᠤᠪᠠᠭ᠂ ᠰᠢᠯᠵᠢᠮᠡᠯ ᠲᠣᠭ᠋ᠠᠴᠢᠯᠠᠭᠰᠠᠨ ᠲᠧᠯᠸᠢᠰ᠎ᠤᠨ ᠲᠤᠬᠠᠶ᠋ᠢᠯᠠᠭᠰᠠᠨ ᠠᠵᠢᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠨ᠎ᠡ᠃ ᠷᠠᠳᠢᠣ᠋ ᠲᠧᠯᠸᠢᠰ᠎ᠤᠨ ᠫᠷᠤᠭ᠌ᠷᠠᠮ᠎ᠢ ᠦᠨᠡᠯᠡᠬᠦ ᠲᠥᠷᠥ ᠵᠢᠨ ᠪᠣᠳᠣᠯᠭ᠎ᠠ ᠵᠢ ᠵᠣᠬᠢᠶᠠᠨ ᠪᠠᠶ᠋ᠢᠭᠤᠯᠤᠨ ᠨᠠᠶ᠋ᠢᠳᠠᠪᠤᠷᠢᠵᠢᠭᠤᠯᠵᠤ᠂ ᠷᠠᠳᠢᠣ᠋ ᠲᠧᠯᠸᠢᠰ᠎ᠤᠨ ᠵᠠᠷ ᠮᠡᠳᠡᠭᠡᠨ᠎ᠤ ᠨᠡᠪᠲᠡᠷᠡᠭᠦᠯᠭᠡ ᠵᠢ ᠵᠢᠯᠣᠭᠤᠳᠤᠨ ᠬᠢᠨᠠᠨ ᠬᠠᠮᠢᠶᠠᠷᠤᠨ᠎ᠠ᠃ ᠷᠠᠳᠢᠣ᠋ ᠲᠧᠯᠸᠢᠰ᠎ᠤᠨ ᠫᠷᠤᠭ᠌ᠷᠠᠮ᠎ᠢ ᠭᠠᠳᠠᠭ᠋ᠠᠳᠤ᠎ᠠᠴᠠ ᠣᠷᠣᠭᠤᠯᠬᠤ᠂ ᠬᠤᠷᠢᠶᠠᠨ ᠰᠢᠩᠭᠡᠭᠡᠬᠦ ᠪᠠ ᠬᠠᠮᠢᠶᠠᠷᠬᠤ ᠠᠵᠢᠯ᠎ᠢ ᠡᠭᠦᠷᠭᠡᠯᠡᠨ᠎ᠡ᠃ ᠬᠢᠯᠢ ᠵᠢᠨ ᠭᠠᠳᠠᠨᠠᠬᠢ ᠳᠠᠭ᠋ᠠᠭᠤᠯᠢ ᠣᠳᠣᠨ᠎ᠤ ᠲᠧᠯᠸᠢᠰ᠎ᠤᠨ ᠭᠥᠯᠢᠶᠡᠨ ᠠᠪᠬᠤ ᠲᠥᠬᠦᠭᠡᠷᠦᠮᠵᠢ ᠪᠠ ᠬᠢᠯᠢ ᠵᠢᠨ ᠭᠠᠳᠠᠨᠠᠬᠢ ᠳᠠᠭ᠋ᠠᠭᠤᠯᠢ ᠣᠳᠣᠨ᠎ᠤ ᠲᠧᠯᠸᠢᠰ᠎ᠤᠨ ᠫᠷᠤᠭ᠌ᠷᠠᠮ᠎ᠢ ᠨᠠᠶ᠋ᠢᠳᠠᠪᠤᠷᠢᠵᠢᠭᠤᠯᠬᠤ ᠪᠠ ᠭᠥᠯᠢᠶᠡᠨ ᠠᠪᠬᠤ ᠵᠢ ᠬᠢᠨᠠᠨ ᠬᠠᠮᠢᠶᠠᠷᠤᠨ᠎ᠠ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠪᠠᠶ᠋ᠢᠭᠤᠯᠤᠮᠵᠢ ᠵᠢ ᠵᠢᠯᠣᠭᠤᠳᠤᠨ ᠬᠠᠮ ᠵᠠᠭᠤᠴᠢᠯᠠᠭᠤᠷ᠎ᠤᠨ ᠪᠠᠶ᠋ᠢᠭᠤᠯᠤᠯᠲᠠ ᠵᠢ ᠥᠷᠨᠢᠭᠦᠯᠵᠦ᠂ ᠷᠠᠳᠢᠣ᠋ ᠲᠧᠯᠸᠢᠰ ᠬᠢᠭᠡᠳ ᠰᠢᠨ᠎ᠡ ᠵᠠᠭᠤᠴᠢᠯᠠᠭᠤᠷ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠰᠢᠨ᠎ᠡ ᠵᠢ ᠡᠭᠦᠳᠦᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃ ᠭᠤᠷᠪᠠᠨ ᠰᠦᠯᠵᠢᠶᠡᠨ᠎ᠤ ᠠᠭᠤᠰᠤᠯᠴᠠᠯ᠎ᠢ ᠵᠣᠬᠢᠴᠠᠭᠤᠯᠤᠨ ᠠᠬᠢᠭᠤᠯᠤᠨ᠎ᠠ᠃
(ᠨᠠᠢ᠍ᠮᠠ) ᠰᠦᠯᠵᠢᠶᠡᠨ᠎ᠤ ᠦᠵᠡᠵᠦ ᠰᠤᠨᠤᠰᠬᠤ ᠨᠡᠪᠲᠡᠷᠡᠭᠦᠯᠭᠡ ᠵᠢᠨ ᠬᠠᠮᠢᠶᠠᠷᠤᠯᠲᠠ ᠵᠢᠨ ᠭᠠᠵᠠᠷ (ᠲᠧᠯᠸᠢᠰ ᠵᠦᠴᠦᠭᠡ ᠵᠢᠨ ᠭᠠᠵᠠᠷ)᠃ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠬᠥᠭᠵᠢᠯᠲᠡ ᠪᠠ ᠤᠬᠠᠭᠤᠯᠭ᠎ᠠ ᠵᠢ ᠵᠢᠯᠣᠭᠤᠳᠤᠨ᠎ᠠ᠃ ᠮᠡᠳᠡᠭᠡ ᠵᠠᠩᠭᠢ ᠵᠢᠨ ᠲᠣᠤᠷ ᠰᠦᠯᠵᠢᠶ᠎ᠡ᠂ IPTV ᠪᠣᠯᠤᠨ ᠣᠯᠠᠨ ᠨᠡᠶ᠋ᠢᠲᠡ ᠵᠢᠨ ᠠᠴᠢᠶᠠᠯᠠᠪᠤᠷᠢ ᠵᠢᠨ ᠳᠠᠮᠵᠢᠭᠤᠯᠤᠨ ᠲᠠᠷᠬᠠᠭ᠋ᠠᠬᠤ ᠦᠵᠡᠵᠦ ᠰᠣᠨᠣᠰᠬᠤ ᠫᠷᠤᠭ᠌ᠷᠠᠮ᠎ᠢ ᠬᠢᠨᠠᠨ ᠬᠠᠮᠢᠶᠠᠷᠴᠤ᠂ ᠠᠭᠤᠯᠭ᠎ᠠ ᠪᠣᠯᠤᠨ ᠶᠠᠰᠤ ᠴᠢᠨᠠᠷ᠎ᠢ᠎ᠨᠢ ᠬᠢᠨᠠᠨ ᠪᠠᠶ᠋ᠢᠴᠠᠭ᠋ᠠᠵᠤ᠂ ᠫᠷᠤᠭ᠌ᠷᠠᠮ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠠᠵᠢᠯ᠎ᠢ ᠡᠭᠦᠷᠭᠡᠯᠡᠨ᠎ᠡ᠃ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠵᠢᠯᠣᠭᠤᠳᠴᠤ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡ ᠵᠢ ᠬᠠᠤᠯᠢ ᠪᠤᠰᠤ᠎ᠪᠠᠷ ᠥᠷᠨᠢᠭᠦᠯᠦᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠵᠢ ᠵᠣᠬᠢᠶᠠᠨ ᠪᠠᠶ᠋ᠢᠭᠤᠯᠤᠨ᠎ᠠ᠃ ᠪᠦᠬᠦ ᠣᠷᠣᠨ᠎ᠤ ᠲᠧᠯᠸᠢᠰ ᠵᠦᠴᠦᠭᠡ ᠦᠢ᠍ᠯᠡᠳᠬᠦ᠂ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠬᠥᠭᠵᠢᠯᠲᠡ ᠵᠢ ᠵᠢᠯᠣᠭᠤᠳᠬᠤ ᠪᠠ ᠬᠢᠨᠠᠨ ᠬᠠᠮᠢᠶᠠᠷᠬᠤ ᠠᠵᠢᠯ᠎ᠢ ᠡᠭᠦᠷᠭᠡᠯᠡᠨ᠎ᠡ᠃ ᠪᠦᠬᠦ ᠣᠷᠣᠨ᠎ᠤ ᠤᠯᠤᠰ᠎ᠲᠤ᠎ᠪᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ᠂ ᠣᠷᠣᠭᠤᠯᠵᠤ ᠠᠪᠴᠢᠷᠠᠭᠰᠠᠨ ᠲᠧᠯᠸᠢᠰ ᠵᠦᠴᠦᠭᠡ ᠪᠠ ᠭᠠᠳᠠᠭ᠋ᠠᠳᠤ᠎ᠲᠠᠢ ᠬᠠᠮᠲᠤᠷᠠᠨ ᠰᠡᠭᠦᠳᠡᠷᠯᠡᠭᠰᠡᠨ ᠲᠧᠯᠸᠢᠰ ᠵᠦᠴᠦᠭᠡ (ᠺᠠᠷᠲ᠋ᠣᠨ ᠺᠢᠨᠣ᠋ ᠵᠢ ᠪᠠᠭᠲᠠᠭ᠋ᠠᠨ᠎ᠠ ) ᠵᠢᠨ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠵᠢ ᠵᠣᠬᠢᠶᠠᠨ ᠪᠠᠶ᠋ᠢᠭᠤᠯᠤᠨ᠎ᠠ᠃ ᠪᠦᠬᠦ ᠣᠷᠣᠨ᠎ᠤ ᠲᠧᠯᠸᠢᠰ ᠵᠦᠴᠦᠭᠡ ᠵᠢᠨ ᠨᠡᠪᠲᠡᠷᠡᠭᠦᠯᠭᠡ ᠵᠢ ᠵᠢᠯᠣᠭᠤᠳᠤᠨ ᠡᠵᠡᠮᠳᠡᠨ᠎ᠡ᠃
(ᠶᠢᠰᠦ) ᠠᠮᠤᠷ ᠲᠦᠪᠰᠢᠨ ᠵᠶ᠋ᠠᠷ ᠳᠠᠮᠵᠢᠭᠤᠯᠬᠤ ᠵᠢ ᠪᠠᠲᠤᠯᠠᠬᠤ ᠭᠠᠵᠠᠷ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠪᠦᠷᠬᠦᠭᠦᠯᠬᠦ ᠲᠣᠣᠷ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠲᠣᠣᠷ᠎ᠤᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠵᠤ᠂ ᠷᠠᠳᠢᠣ᠋ ᠲᠧᠯᠸᠢᠰ᠎ᠤᠨ ᠤᠲᠠᠰᠤᠲᠤ᠂ ᠤᠲᠠᠰᠤ ᠦᠭᠡᠢ᠂ ᠳᠠᠭ᠋ᠠᠭᠤᠯᠢ ᠣᠳᠣᠨ᠎ᠤ ᠳᠠᠮᠵᠢᠭᠤᠯᠤᠨ ᠪᠦᠷᠬᠦᠭᠦᠯᠬᠦ ᠰᠢᠰᠲ᠋ᠧᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ᠂ ᠠᠶᠤᠯᠭᠦᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠪᠠ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠨᠡᠪᠲᠡᠷᠡᠭᠦᠯᠭᠡ ᠵᠢᠨ ᠮᠡᠷᠭᠡᠵᠢᠯ᠎ᠤᠨ ᠪᠠᠲᠤᠯᠠᠭ᠎ᠠ ᠵᠢᠨ ᠠᠵᠢᠯ᠎ᠢ ᠬᠠᠷᠢᠭᠤᠴᠠᠵᠤ᠂ ᠷᠠᠳᠢᠣ᠋ ᠲᠧᠯᠸᠢᠰ᠎ᠤᠨ ᠰᠦᠯᠵᠢᠶᠡᠨ᠎ᠤ ᠳᠠᠮᠵᠢᠭᠤᠯᠬᠤ ᠮᠡᠳᠡᠭᠡ ᠵᠠᠩᠭᠢ ᠵᠢᠨ ᠠᠮᠤᠷ ᠲᠦᠪᠰᠢᠨ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠲᠣᠪᠴᠢᠶ᠎ᠠ ᠵᠢᠨ ᠬᠠᠷᠢᠶ᠎ᠠ ᠬᠤᠷᠢᠶ᠎ᠠ ᠥᠷᠲᠡᠭᠡ ᠵᠢᠨ ᠠᠮᠤᠷ ᠲᠦᠪᠰᠢᠨ᠎ᠤ ᠨᠡᠪᠲᠡᠷᠡᠭᠦᠯᠭᠡ᠂ ᠮᠡᠷᠭᠡᠵᠢᠯ᠎ᠤᠨ ᠬᠠᠮᠠᠭ᠋ᠠᠯᠠᠯᠲᠠ ᠬᠠᠮᠢᠶᠠᠷᠤᠯᠲᠠ ᠵᠢ ᠬᠠᠷᠢᠭᠤᠴᠠᠵᠤ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠨᠡᠪᠲᠡᠷᠡᠭᠦᠯᠭᠡ ᠵᠢᠨ ᠰᠦᠯᠵᠢᠶᠡᠨ᠎ᠤ ᠠᠮᠤᠷ ᠲᠦᠪᠰᠢᠨ᠎ᠢ ᠵᠢᠯᠣᠭᠤᠳᠤᠨ ᠬᠠᠮᠢᠶᠠᠷᠤᠨ᠎ᠠ᠃ ᠷᠠᠳᠢᠣ᠋ ᠲᠧᠯᠸᠢᠰ᠎ᠤᠨ ᠬᠠᠮᠢᠶ᠎ᠠ ᠪᠥᠬᠦᠶ ᠠᠮᠤᠷ ᠲᠦᠪᠰᠢᠨ᠎ᠤ ᠲᠦᠷᠢᠮ ᠪᠠ ᠬᠦᠨᠳᠦ ᠶᠡᠭᠡ ᠭᠡᠨᠡᠳᠲᠡ ᠵᠢᠨ ᠬᠡᠷᠡᠭ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠪᠦᠬᠦ ᠣᠷᠣᠨ᠎ᠤ ᠷᠠᠳᠢᠣ᠋ ᠲᠧᠯᠸᠢᠰ᠎ᠤᠨ ᠤᠲᠠᠰᠤᠲᠤ᠂ ᠤᠲᠠᠰᠤ ᠥᠬᠡᠶ ᠳᠠᠮᠵᠢᠭᠤᠯᠬᠤ ᠲᠥᠬᠦᠭᠡᠷᠦᠮᠵᠢ ᠪᠠ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ ᠭᠤᠤᠯᠳᠠᠯᠭ᠎ᠠ᠎ᠲᠠᠢ ᠨᠢᠭᠡᠴᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠠᠵᠢᠯ᠎ᠢ ᠵᠢᠯᠣᠭᠤᠳᠤᠨ᠎ᠠ᠃ ᠪᠦᠬᠦ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠬᠠᠷᠢᠭᠤᠴᠠᠨ᠎ᠠ᠃
(ᠠᠷᠪᠠ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠭᠠᠵᠠᠷ᠃ ᠪᠥᠬᠦ ᠣᠷᠣᠨ᠎ᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠲᠡᠩᠴᠡᠭᠦᠷᠢᠰᠢᠭᠦᠯᠬᠦ ᠵᠢ ᠵᠢᠯᠣᠭᠤᠳᠤᠨ ᠠᠬᠢᠭᠤᠯᠬᠤ ᠵᠢᠨ ᠬᠠᠮᠲᠤ ᠬᠢᠨᠠᠯᠲᠠ ᠲᠠᠯᠪᠢᠬᠤ ᠵᠢ ᠬᠡᠷᠡᠭᠵᠢᠭᠦᠯᠦᠨ᠎ᠡ᠃ ᠪᠥᠬᠦ ᠣᠷᠣᠨ᠎ᠤ ᠷᠠᠳᠢᠣ᠋ ᠲᠧᠯᠸᠢᠰ᠎ᠢ 《ᠡᠷᠦᠬᠡ ᠪᠣᠯᠭ᠋ᠠᠨ᠎ᠳᠤ ᠨᠡᠪᠲᠡᠷᠡᠭᠦᠯᠬᠦ》᠂ ᠬᠢᠯᠢ ᠬᠢᠵᠠᠭ᠋ᠠᠷ ᠣᠷᠣᠨ ᠪᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ᠎ᠤ ᠷᠠᠳᠢᠣ᠋ ᠲᠧᠯᠸᠢᠰ᠎ᠤᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠴᠥᠭᠡᠨ ᠲᠣᠭ᠋ᠠᠲᠤ ᠦᠨᠳᠦᠰᠦᠲᠡᠨ᠎ᠤ ᠦᠭᠡ ᠬᠡᠯᠡ ᠥᠰᠥᠭ ᠪᠢᠴᠢᠭ᠎ᠤᠨ ᠫᠷᠤᠭ᠌ᠷᠠᠮ᠎ᠢ ᠣᠷᠴᠢᠭᠤᠯᠤᠨ ᠦᠢ᠍ᠯᠡᠳᠬᠦ ᠵᠡᠷᠭᠡ ᠴᠢᠬᠤᠯᠠ ᠶᠡᠭᠡ ᠢᠨᠵᠧᠨᠧᠷᠢᠩ᠎ᠢ ᠵᠣᠬᠢᠴᠠᠭᠤᠯᠤᠨ ᠠᠬᠢᠭᠤᠯᠤᠨ᠎ᠠ᠃
ᠪᠠᠢ᠌ᠭᠤᠯᠭ᠎ᠠ ᠵᠢᠨ ᠨᠠᠮ᠎ᠤᠨ ᠬᠤᠷᠢᠶ᠎ᠠ᠃ ᠪᠠᠶ᠋ᠢᠭᠤᠯᠭ᠎ᠠ ᠪᠣᠯᠤᠨ ᠬᠠᠷᠢᠶ᠎ᠠ ᠨᠢᠭᠡᠴᠢ ᠵᠢᠨ ᠵᠶ᠋ᠠᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠃ ᠪᠠᠶ᠋ᠢᠭᠤᠯᠭ᠎ᠠ ᠵᠢᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠢ ᠬᠠᠷᠢᠭᠤᠴᠠᠵᠤ᠂ ᠰᠢᠭᠤᠳ ᠬᠠᠷᠢᠶ᠎ᠠ ᠨᠢᠭᠡᠴᠢ ᠵᠢᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠢ ᠵᠢᠯᠣᠭᠤᠳᠤᠨ᠎ᠠ᠃
ᠲᠠᠪᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠠᠶ᠋ᠢᠭᠤᠯᠭ᠎ᠠ ᠵᠢᠨ ᠵᠠᠰᠠᠭ ᠵᠠᠬᠢᠷᠭ᠋ᠠᠨ᠎ᠤ ᠣᠷᠣᠨ ᠲᠤᠭ᠎ᠠ 52 ᠨᠡᠷ᠎ᠡ ᠪᠣᠯᠤᠨ᠎ᠠ᠃ ᠲᠣᠪᠴᠢᠶᠠᠨ ᠳᠠᠷᠤᠭ᠎ᠠ 1 ᠨᠡᠷ᠎ᠡ᠂ ᠲᠣᠪᠴᠢᠶᠠᠨ ᠳᠡᠳ᠋ ᠳᠠᠷᠤᠭ᠎ᠠ 3 ᠨᠡᠷ᠎ᠡ᠂ ᠭᠠᠵᠠᠷ᠎ᠤᠨ ᠲᠠᠰ᠎ᠤᠨ ᠤᠳᠤᠷᠢᠳᠤᠯᠭ᠎ᠠ ᠵᠢᠨ ᠲᠤᠰᠢᠶᠠᠯ᠎ᠤᠨ ᠲᠣᠭ᠎ᠠ 25 ᠨᠡᠷ᠎ᠡ [13 ᠵᠢᠩᠬᠢᠨᠢ (ᠶᠡᠷᠦᠩᠬᠡᠶ ᠢᠨᠵᠧᠨᠧᠷ 1 ᠨᠡᠷ᠎ᠡ᠂ ᠪᠠᠶ᠋ᠢᠭᠤᠯᠭ᠎ᠠ ᠵᠢᠨ ᠨᠠᠮ᠎ᠤᠨ ᠬᠣᠷᠢᠶᠠᠨ᠎ᠤ ᠲᠤᠰᠬᠠᠶ ᠲᠤᠰᠢᠶᠠᠯ᠎ᠤᠨ ᠳᠡᠳ᠋ ᠱᠦᠵᠢ 1 ᠨᠡᠷ᠎ᠡ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠳᠠᠷᠤᠭ᠎ᠠ 1 ᠨᠡᠷ᠎ᠡ ᠵᠢ ᠪᠠᠭᠲᠠᠭ᠋ᠠᠨ᠎ᠠ) 12 ᠳᠡᠳ᠋ (ᠪᠠᠶ᠋ᠢᠭᠤᠯᠭ᠎ᠠ ᠵᠢᠨ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶᠠᠨ᠎ᠤ ᠱᠦᠵᠢ 1 ᠨᠡᠷ᠎ᠡ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭᠰᠠᠳ᠎ᠤᠨ ᠠᠵᠢᠯ᠎ᠤᠨ ᠭᠠᠵᠠᠷ᠎ᠤᠨ ᠳᠡᠳ᠋ ᠳᠠᠷᠤᠭ᠎ᠠ 1 ᠨᠡᠷ᠎ᠡ ᠵᠢ ᠪᠠᠭᠲᠠᠭ᠋ᠠᠨ᠎ᠠ)] ᠵᠢ ᠲᠣᠬᠢᠷᠠᠭᠤᠯᠪᠠ᠃
ᠵᠢᠷᠭᠤᠳᠤᠭ᠋ᠠᠷ ᠵᠣᠷᠪᠤᠰ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢ ᠪᠠᠶ᠋ᠢᠷᠢᠯᠠᠭᠤᠯᠬᠤ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠣᠭ᠎ᠠ ᠵᠢᠨ ᠵᠦᠢ᠍ᠯᠡᠰ᠎ᠢ ᠠᠰᠲᠠᠭ᠋ᠠᠨ ᠲᠣᠭᠲᠠᠭ᠋ᠠᠨ᠎ᠠ᠃
ᠳᠣᠯᠣᠳᠤᠭ᠋ᠠᠷ ᠵᠣᠷᠪᠤᠰ᠂ ᠲᠤᠰ ᠲᠣᠭᠲᠠᠭ᠋ᠠᠯ᠎ᠤᠨ ᠲᠠᠶ᠋ᠢᠯᠪᠤᠷᠢᠯᠠᠯᠲᠠ ᠵᠢ ᠭᠦᠢ᠍ᠴᠡᠳᠬᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠬᠣᠷᠢᠶᠠᠨ᠎ᠤ ᠠᠯᠪᠠᠨ ᠭᠡᠷ᠎ᠠᠴᠠ ᠬᠠᠷᠢᠭᠤᠴᠠᠵᠤ᠂ ᠲᠣᠬᠢᠷᠠᠭᠤᠯᠤᠯᠲᠠ ᠬᠢᠬᠦ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠭᠤᠯᠤᠮᠵᠢ ᠵᠢᠨ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠲᠣᠭᠲᠠᠭ᠋ᠠᠭᠰᠠᠨ ᠳᠡᠰ ᠳᠠᠷᠠᠭ᠋ᠠᠯᠠᠯ᠎ᠤᠨ ᠶᠣᠰᠣᠭ᠋ᠠᠷ ᠭᠦᠢ᠍ᠴᠡᠳᠬᠡᠨ᠎ᠡ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠣ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 —17᠄ 00 (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471-4590012
ᠬᠠᠷᠢᠭᠤᠴᠠᠯᠭ᠋ᠠᠲᠠᠨ᠄ ᠸᠠᠩ ᠰᠢᠶᠤᠤ ᠲᠢᠶᠧ
ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠪᠠᠢ᠌ᠭᠤᠯᠤᠮᠵᠢ ᠵᠢᠨ ᠲᠣᠪᠴᠢ ᠲᠠᠨᠢᠯᠴᠠᠭᠤᠯᠭ᠎ᠠ᠄
ᠨᠢᠭᠡ ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠷᠠᠳᠢᠤ᠋ ᠲᠸᠯᠸᠢᠰᠢ ᠲᠣᠪᠴᠢᠶ᠎ᠠ ᠵᠢᠨ ᠶᠡᠷᠦᠩᠬᠡᠢ ᠪᠠᠲᠤᠯᠠᠭ᠎ᠠ ᠵᠢᠨ ᠲᠥᠪ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠶᠡᠷᠦᠩᠬᠡᠢ ᠪᠠᠲᠤᠯᠠᠭ᠎ᠠ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠨᠢᠭᠡ) ᠭᠤᠣᠯ ᠡᠭᠦᠷᠭᠡ ᠬᠠᠷᠢᠭᠤᠴᠠᠯᠭ᠎ᠠ
1. ᠪᠠᠶ᠋ᠢᠭᠤᠯᠭ᠎ᠠ᠎ᠳᠤ ᠠᠷᠤ ᠲᠠᠯ᠎ᠠ ᠵᠢᠨ ᠪᠠᠲᠤᠯᠠᠭ᠎ᠠ ᠵᠢᠨ ᠦᠢ᠍ᠯᠡᠴᠢᠯᠡᠭᠡ ᠬᠠᠩᠭ᠋ᠠᠬᠤ ᠬᠣᠯᠪᠤᠭᠳᠠᠯ ᠪᠦᠬᠦᠢ ᠡᠭᠦᠷᠭᠡ ᠵᠢ ᠡᠭᠦᠷᠭᠡᠯᠡᠨ᠎ᠡ᠃
2. ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢ ᠬᠠᠮᠢᠶᠠᠷᠬᠤ᠂ ᠬᠠᠮᠠᠭ᠋ᠠᠯᠠᠬᠤ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃
3. ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠲᠥᠪ᠎ᠤᠨ ᠠᠳᠠᠯ ᠠᠬᠤᠶ ᠵᠢᠨ ᠬᠠᠮᠢᠶᠠᠷᠤᠯᠲᠠ᠂ ᠴᠠᠬᠢᠯᠭ᠋ᠠᠨ ᠲᠦᠭᠡᠭᠡᠬᠦ ᠵᠢ ᠬᠠᠮᠠᠭ᠋ᠠᠯᠠᠬᠤ᠂ ᠠᠮᠤᠷ ᠲᠦᠪᠰᠢᠨ᠎ᠢ ᠬᠠᠮᠠᠭ᠋ᠠᠯᠠᠬᠤ᠂ ᠶᠡᠷᠦᠩᠬᠡᠶ᠋ᠢᠯᠡᠨ ᠵᠠᠰᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠬᠣᠯᠪᠣᠭᠳᠠᠯ ᠪᠥᠬᠦᠶ ᠡᠭᠦᠷᠭᠡ ᠵᠢ ᠡᠭᠦᠷᠭᠡᠯᠡᠨ᠎ᠡ᠃
4. ᠪᠠᠶ᠋ᠢᠭᠤᠯᠭ᠎ᠠ ᠪᠠ ᠭᠤᠣᠯ ᠨᠢᠭᠲᠠᠯᠠᠨ ᠪᠣᠳᠣᠬᠤ ᠲᠣᠭ᠋ᠠᠴᠠᠭ᠎ᠠ᠂ ᠪᠡᠯᠡ ᠮᠥᠩᠭᠦ ᠵᠢᠨ ᠣᠷᠣᠯᠭ᠎ᠠ ᠵᠠᠷᠤᠯᠭ᠎ᠠ ᠪᠠ ᠡᠯ᠎ᠡ ᠵᠦᠢ᠍ᠯ᠎ᠤᠨ ᠳᠠᠭ᠋ᠠᠳᠬᠠᠯ᠎ᠤᠨ ᠪᠡᠯᠡ ᠮᠥᠩᠭᠦ ᠲᠤᠰᠢᠶᠠᠬᠤ ᠵᠡᠷᠭᠡ ᠠᠵᠢᠯ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠬᠤᠶᠠᠷ) ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ᠎ᠪᠠᠨ12 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠵᠢ ᠲᠣᠬᠢᠷᠠᠭᠤᠯᠤᠨ᠎ᠠ ᠄ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠰᠠᠯᠠᠭ᠎ᠠ᠂ ᠠᠮᠤᠷ᠎ᠢ ᠬᠠᠮᠠᠭ᠋ᠠᠯᠠᠬᠤ ᠰᠠᠯᠠᠭ᠎ᠠ᠂ ᠠᠳᠠᠯ ᠠᠬᠤᠢ ᠵᠢᠨ ᠰᠠᠯᠠᠭ᠎ᠠ᠂ ᠭᠠᠯ ᠤᠨᠲᠠᠷᠠᠭ᠋ᠠᠯᠲᠠ ᠵᠢᠨ ᠰᠠᠯᠠᠭ᠎ᠠ᠂ ᠮᠡᠳᠡᠭᠡ ᠵᠠᠩᠭᠢ ᠵᠢᠨ ᠰᠠᠯᠠᠭ᠎ᠠ᠂ ᠳ᠋ᠦᠩᠨᠡᠨ ᠪᠤᠳᠤᠬᠤ ᠰᠠᠯᠠᠭ᠎ᠠ᠂ ᠴᠠᠬᠢᠯᠭ᠋ᠠᠨ ᠲᠦᠭᠡᠭᠡᠬᠦ ᠰᠠᠯᠠᠭ᠎ᠠ᠂ ᠰᠡᠯᠪᠢᠨ ᠵᠠᠰᠠᠬᠤ ᠰᠠᠯᠠᠭ᠎ᠠ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠣ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 — 17᠄ 00 ᠪᠣᠯᠲᠠᠯ᠎ᠠ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471—4590867᠂ 3288112 (ᠹᠠᠺᠰ)
ᠬᠠᠷᠢᠭᠤᠴᠠᠯᠭ᠋ᠠᠲᠠᠨ᠄ ᠺᠧᠦ ᠸᠧᠨ ᠬᠤᠸᠠ
ᠬᠣᠶᠠᠷ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠮᠵᠢᠭᠤᠯᠤᠨ ᠰᠠᠴᠤᠷᠠᠭᠤᠯᠬᠤ ᠲᠥᠪ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠨᠢᠭᠡ) ᠭᠤᠣᠯ ᠡᠭᠦᠷᠭᠡ ᠬᠠᠷᠢᠭᠤᠴᠠᠯᠭ᠎ᠠ
1. ᠨᠠᠮ᠎ᠤᠨ ᠤᠬᠠᠭᠤᠯᠬᠤ ᠴᠢᠭᠯᠡᠯᠲᠡ ᠲᠦᠷᠦ ᠵᠢᠨ ᠪᠤᠳᠤᠯᠭ᠎ᠠ ᠵᠢ ᠲᠤᠭᠤᠰᠢᠯᠠᠭᠤᠯᠵᠤ᠂ ᠷᠠᠳᠢᠣ᠋ ᠲᠧᠯᠸᠢᠰ᠎ᠤᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠶᠠᠷᠢᠶ᠎ᠠ ᠬᠡᠯᠡᠯᠴᠡᠭᠡᠨ᠎ᠤ ᠵᠥᠪ ᠤᠳᠤᠷᠢᠳᠤᠮᠵᠢ ᠵᠢ ᠡᠵᠡᠮᠳᠡᠨ᠎ᠡ᠃
2. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠷᠠᠳᠢᠣ᠋ ᠲᠧᠯᠸᠢᠰ᠎ᠤᠨ ᠳᠠᠮᠵᠢᠭᠤᠯᠤᠨ ᠰᠠᠴᠤᠷᠠᠭᠤᠯᠬᠤ ᠥᠷᠲᠡᠭᠡ ᠵᠢᠨ ᠪᠦᠲᠦᠭᠡᠨ ᠪᠠᠶ᠋ᠢᠭᠤᠯᠤᠯᠲᠠ ᠬᠢᠭᠡᠳ ᠬᠠᠮᠢᠶᠠᠷᠤᠯᠲᠠ ᠵᠢ ᠬᠠᠷᠢᠭᠤᠴᠠᠵᠤ᠂ ᠷᠠᠳᠢᠣ᠋ ᠲᠧᠯᠸᠢᠰ ᠪᠠ ᠬᠠᠮ ᠵᠠᠭᠤᠴᠢᠯᠠᠭᠤᠷ᠎ᠤᠨ ᠫᠷᠤᠭ᠌ᠷᠠᠮ᠎ᠢ ᠳᠠᠮᠵᠢᠭᠤᠯᠤᠨ ᠪᠦᠷᠬᠦᠭᠦᠯᠬᠦ ᠵᠡᠷᠭᠡ ᠡᠭᠦᠷᠭᠡ ᠵᠢ ᠡᠭᠦᠷᠭᠡᠯᠡᠨ᠎ᠡ᠃
3. ᠲᠥᠪ᠂ ᠥᠪᠡᠷᠲᠡᠭᠡᠨ ᠵᠠᠰᠠᠬᠤ ᠣᠷᠣᠨ ᠪᠣᠯᠤᠨ ᠣᠷᠣᠨ ᠨᠤᠲᠤᠭ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠰᠠᠴᠤᠷᠠᠭᠤᠯᠬᠤ ᠪᠦᠷᠬᠦᠴᠡ ᠵᠢᠨ ᠡᠭᠦᠷᠭᠡ ᠵᠢ ᠡᠭᠦᠷᠭᠡᠯᠡᠨ᠎ᠡ᠃
4. ᠷᠠᠳᠢᠣ᠋ ᠲᠧᠯᠸᠢᠰ᠎ᠤᠨ ᠳᠠᠮᠵᠢᠭᠤᠯᠬᠤ ᠰᠠᠴᠤᠷᠠᠭᠤᠯᠬᠤ ᠮᠡᠷᠭᠡᠵᠢᠯ᠎ᠤᠨ ᠰᠢᠨ᠎ᠡ ᠡᠭᠦᠳᠦᠯᠲᠡ᠂ ᠬᠡᠷᠡᠭᠯᠡᠯᠲᠡ ᠪᠠ ᠦᠷ᠎ᠡ ᠪᠦᠲᠦᠭᠡᠯ᠎ᠢ ᠬᠤᠪᠢᠷᠠᠭᠤᠯᠬᠤ ᠵᠡᠷᠭᠡ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠬᠤᠶᠠᠷ) ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ᠎ᠪᠠᠨ 6 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠵᠢ ᠲᠣᠬᠢᠷᠠᠭᠤᠯᠤᠨ᠎ᠠ᠄ ᠶᠡᠷᠦᠩᠬᠡᠶ ᠵᠢᠵᠢᠭᠦᠷ᠎ᠤᠨ ᠲᠠᠰᠤᠭ᠂ ᠠᠯᠪᠠᠨ ᠬᠡᠷ᠂ ᠡᠳ᠋᠎ᠤᠨ ᠶᠠᠪᠤᠳᠠᠯ᠎ᠤᠨ ᠰᠠᠯᠠᠭ᠎ᠠ᠂ ᠠᠮᠤᠷ ᠲᠦᠪᠰᠢᠨ᠎ᠤ ᠪᠠᠲᠤᠯᠠᠭ᠎ᠠ ᠵᠢᠨ ᠰᠠᠯᠠᠭ᠎ᠠ᠂ ᠮᠡᠷᠭᠡᠵᠢᠯ᠎ᠤᠨ ᠢᠨᠵᠧᠨᠧᠷᠢᠩ᠎ᠤᠨ ᠰᠠᠯᠠᠭ᠎ᠠ᠂ ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ᠃
ᠵᠢᠩᠬᠢᠨᠢ ᠭᠠᠵᠠᠷ᠎ᠤᠨ ᠳᠡᠰ᠎ᠲᠠᠢ ᠲᠡᠩᠴᠡᠬᠦ 13 ᠰᠠᠯᠪᠤᠷᠢ ᠪᠠᠶ᠋ᠢᠭᠤᠯᠤᠮᠵᠢ ᠵᠢ ᠲᠣᠬᠢᠷᠠᠭᠤᠯᠪᠠ ᠂ ᠲᠤᠰ ᠲᠤᠰ᠄
501 ᠰᠤᠪᠠᠭ᠂ 610 ᠰᠤᠪᠠᠭ᠂ 706 ᠰᠤᠪᠠᠭ᠂ 731 ᠰᠤᠪᠠᠭ᠂ 781 ᠰᠤᠪᠠᠭ᠂ 839 ᠰᠤᠪᠠᠭ᠂ 841 ᠰᠤᠪᠠᠭ᠂ ᠪᠤᠭᠤᠲᠤ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠂ ᠬᠥᠯᠥᠨ ᠪᠤᠶ᠋ᠢᠷ᠎ᠤᠨ ᠷᠠᠳᠢᠣ᠋ ᠰᠠᠴᠤᠷᠠᠭᠤᠯᠭ᠎ᠠ ᠵᠢᠨ ᠲᠥᠪ᠂ ᠲᠦᠩᠯᠢᠶᠣᠤ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠂ ᠤᠯᠠᠭ᠋ᠠᠨᠬᠠᠳᠠ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠂ ᠰᠢᠯᠢ ᠵᠢᠨ ᠬᠤᠲᠠ ᠵᠢᠨ ᠷᠠᠳᠢᠣ᠋ ᠰᠠᠴᠤᠷᠠᠭᠤᠯᠭ᠎ᠠ ᠵᠢᠨ ᠲᠥᠪ᠂ ᠦᠬᠠᠶ ᠵᠢᠨ ᠷᠠᠳᠢᠣ᠋ ᠰᠠᠴᠤᠷᠠᠭᠤᠯᠭ᠎ᠠ ᠵᠢᠨ ᠲᠥᠪ ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠣ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 — 17᠄ 00 ᠪᠣᠯᠲᠠᠯ᠎ᠠ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471-4590951
ᠬᠠᠷᠢᠭᠤᠴᠠᠯᠭ᠋ᠠᠲᠠᠨ᠄ ᠪᠠᠢ ᠶᠥᠩ ᠵᠢᠶᠦ᠋ᠨ
ᠭᠤᠷᠪᠠ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠢᠨᠠᠨ ᠬᠡᠮᠵᠢᠯᠲᠡ ᠪᠠ ᠬᠥᠭᠵᠢᠭᠦᠯᠦᠯᠲᠡ ᠵᠢᠨ ᠲᠥᠪ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠬᠢᠨᠠᠨ ᠬᠡᠮᠵᠢᠯᠲᠡ ᠪᠠ ᠬᠥᠭᠵᠢᠭᠦᠯᠦᠯᠲᠡ ᠵᠢᠨ ᠲᠥᠪ ᠪᠣᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠨᠢᠭᠡ) ᠭᠤᠣᠯ ᠡᠭᠦᠷᠭᠡ ᠬᠠᠷᠢᠭᠤᠴᠠᠯᠭ᠎ᠠ
1. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠨᠡᠪᠲᠡᠷᠡᠭᠦᠯᠭᠡ ᠵᠢᠨ ᠶᠠᠰᠤ ᠴᠢᠨᠠᠷ᠂ ᠨᠡᠪᠲᠡᠷᠡᠭᠦᠯᠬᠦ ᠠᠭᠤᠯᠭ᠎ᠠ᠂ ᠰᠦᠯᠵᠢᠶᠡᠨ᠎ᠤ ᠠᠮᠤᠷ ᠲᠦᠪᠰᠢᠨ᠎ᠢ ᠬᠢᠨᠠᠨ ᠬᠡᠮᠵᠢᠬᠦ ᠪᠠ ᠦᠨᠡᠯᠡᠨ ᠵᠢᠱ᠌ᠢᠬᠦ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃
2. ᠷᠠᠳᠢᠣ᠋ ᠲᠧᠯᠸᠢᠰ᠂ ᠰᠦᠯᠵᠢᠶᠡᠨ᠎ᠤ ᠦᠵᠡᠵᠦ ᠰᠣᠨᠣᠰᠬᠤ ᠦᠢ᠍ᠯᠡᠰ᠎ᠤᠨ ᠬᠥᠭᠵᠢᠯᠲᠡ ᠵᠢᠨ ᠰᠤᠳᠤᠯᠭ᠋ᠠᠨ᠎ᠤ ᠡᠭᠦᠷᠭᠡ ᠵᠢ ᠡᠭᠦᠷᠭᠡᠯᠡᠵᠦ᠂ 《ᠲᠣᠭ᠋ᠠᠴᠠᠯᠠᠭᠰᠠᠨ ᠵᠠᠭᠤᠴᠢᠯᠠᠭᠤᠷ᠎ᠤᠨ ᠰᠤᠳᠤᠯᠤᠯ》᠂ 《ᠥᠪᠥᠷ ᠮᠣᠩᠭᠤᠯ᠎ᠤᠨ ᠷᠠᠳᠢᠣ᠋ ᠲᠧᠯᠸᠢᠰ》᠎ᠢ ᠨᠠᠶ᠋ᠢᠷᠠᠭᠤᠯᠤᠨ ᠬᠡᠪᠯᠡᠭᠦᠯᠦᠨ᠎ᠡ᠃
3. ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠪᠠᠭᠤᠯᠭ᠋ᠠᠭᠰᠠᠨ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠨᠡᠪᠲᠡᠷᠡᠭᠦᠯᠭᠡ ᠵᠢ ᠬᠢᠨᠠᠨ ᠬᠡᠮᠵᠢᠬᠦ᠂ ᠳᠣᠭᠢᠷᠠᠭᠤᠯᠬᠤ ᠡᠭᠦᠷᠭᠡ ᠵᠢ ᠡᠭᠦᠷᠭᠡᠯᠡᠨ᠎ᠡ᠃
4. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠥᠬᠦᠶ ᠠᠵᠢᠯ᠎ᠢ ᠡᠭᠦᠷᠭᠡᠯᠡᠨ᠎ᠡ᠃
(ᠬᠤᠶᠠᠷ) ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ᠎ᠪᠠᠨ 10 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠵᠢ ᠲᠣᠬᠢᠷᠠᠭᠤᠯᠤᠨ᠎ᠠ ᠄ ᠶᠡᠷᠦᠩᠬᠡᠶ᠋ᠢᠯᠡᠭᠰᠡᠨ ᠰᠠᠯᠠᠭ᠎ᠠ᠂ ᠨᠠᠮ ᠪᠠ ᠣᠯᠠᠨ ᠲᠦᠮᠡᠨ᠎ᠤ ᠠᠵᠢᠯ᠎ᠤᠨ ᠰᠠᠯᠠᠭ᠎ᠠ᠂ ᠶᠠᠰᠤ ᠴᠢᠨᠠᠷ᠎ᠤᠨ ᠬᠢᠨᠠᠨ ᠬᠡᠮᠵᠢᠬᠦ ᠰᠠᠯᠠᠭ᠎ᠠ᠂ ᠠᠭᠤᠯᠭ᠎ᠠ ᠵᠢᠨ ᠬᠢᠨᠠᠨ ᠬᠡᠮᠵᠢᠬᠦ ᠰᠠᠯᠠᠭ᠎ᠠ᠂ ᠰᠢᠨ᠎ᠡ ᠵᠠᠭᠤᠴᠢᠯᠠᠭᠤᠷ᠎ᠤᠨ ᠬᠢᠨᠠᠨ ᠬᠡᠮᠵᠢᠬᠦ ᠰᠠᠯᠠᠭ᠎ᠠ᠂ ᠰᠦᠯᠵᠢᠶᠡᠨ᠎ᠤ ᠠᠮᠤᠷ ᠲᠦᠪᠰᠢᠨ᠎ᠤ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠬᠠᠮᠠᠭ᠋ᠠᠯᠠᠬᠤ ᠰᠠᠯᠠᠭ᠎ᠠ᠂ ᠨᠠᠶ᠋ᠢᠷᠠᠭᠤᠯᠬᠤ ᠰᠠᠯᠠᠭ᠎ᠠ᠂ ᠰᠤᠳᠤᠯᠬᠤ ᠰᠠᠯᠠᠭ᠎ᠠ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠤ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 — 17᠄ 00 ᠪᠣᠯᠲᠠᠯ᠎ᠠ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471-4590595᠂ 4590595 (ᠹᠠᠺᠰ)
ᠬᠠᠷᠢᠭᠤᠴᠠᠯᠭ᠋ᠠᠲᠠᠨ᠄ ᠪᠠᠭ᠋ᠠᠨ᠎ᠠ
ᠳᠥᠷᠪᠡ᠂ ᠥᠪᠥᠷ ᠮᠣᠩᠭᠣᠯ᠎ᠤᠨ ᠥᠪᠡᠷᠳᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠪᠢᠴᠢᠯ ᠳᠣᠯᠭᠢᠶᠠᠨ ᠵᠶ᠋ᠠᠷ ᠳᠠᠮᠵᠢᠭᠤᠯᠬᠤ ᠶᠡᠷᠦᠩᠬᠡᠢ ᠥᠷᠲᠡᠭᠡ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠪᠢᠴᠢᠯ ᠳᠣᠯᠭᠢᠶᠠᠨ ᠵᠶ᠋ᠠᠷ ᠳᠠᠮᠵᠢᠭᠤᠯᠬᠤ ᠶᠡᠷᠦᠩᠬᠡᠶ ᠥᠷᠲᠡᠭᠡ ᠪᠣᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠠᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ᠎ᠲᠠᠢ ᠲᠡᠩᠴᠡᠨ᠎ᠡ᠃
(ᠨᠢᠭᠡ) ᠭᠤᠣᠯ ᠡᠭᠦᠷᠭᠡ ᠬᠠᠷᠢᠭᠤᠴᠠᠯᠭ᠎ᠠ
1. ᠥᠪᠡᠷᠲᠡᠭᠡᠨ ᠵᠠᠰᠠᠬᠤ ᠣᠷᠣᠨ᠎ᠤ ᠪᠢᠴᠢᠯ ᠳᠣᠯᠭᠢᠶᠠᠨ᠎ᠤ ᠳᠠᠮᠵᠢᠭᠤᠯᠬᠤ ᠱᠤᠭᠤᠮ ᠵᠢᠴᠢ ᠲᠤᠬᠠᠶ᠋ᠢᠯᠠᠭᠰᠠᠨ ᠠᠵᠢᠯ᠎ᠢ ᠵᠢᠭ᠋ᠠᠨ ᠵᠢᠯᠣᠭᠤᠳᠬᠤ᠂ ᠲᠣᠬᠢᠷᠠᠭᠤᠯᠬᠤ ᠠᠵᠢᠯ᠎ᠢ ᠡᠭᠦᠷᠭᠡᠯᠡᠨ᠎ᠡ᠃
2. ᠥᠪᠡᠷᠲᠡᠭᠡᠨ ᠵᠠᠰᠠᠬᠤ ᠣᠷᠣᠨ᠎ᠤ ᠪᠢᠴᠢᠯ ᠳᠣᠯᠭᠢᠶᠠᠨ᠎ᠤ ᠰᠦᠯᠵᠢᠶᠡᠨ᠎ᠤ ᠲᠥᠯᠥᠪᠵᠢᠭᠦᠯᠭᠡ ᠪᠠ ᠡᠵᠡᠩᠨᠡᠯᠲᠡ ᠵᠢ ᠡᠭᠦᠷᠭᠡᠯᠡᠨ᠎ᠡ᠃
3. ᠪᠡᠭᠡᠵᠢᠩ᠂ ᠾᠸᠪᠸᠢ᠂ ᠱᠠᠨ ᠰᠢ ᠪᠣᠯᠤᠨ ᠥᠪᠥᠷ ᠮᠣᠩᠭᠣᠯ᠎ᠤᠨ ᠪᠢᠴᠢᠯ ᠳᠣᠯᠭᠢᠶᠠᠨ᠎ᠤ ᠱᠤᠭᠤᠮ᠎ᠤᠨ ᠳᠠᠮᠵᠢᠭᠤᠯᠭ᠎ᠠ ᠵᠢᠨ ᠡᠭᠦᠷᠭᠡ ᠵᠢ ᠡᠭᠦᠷᠭᠡᠯᠡᠨ᠎ᠡ᠃
4. ᠷᠠᠳᠢᠣ᠋ ᠲᠧᠯᠸᠢᠰ᠎ᠤᠨ ᠳᠣᠬᠢᠶ᠎ᠠ ᠵᠢᠨ ᠬᠤᠪᠢᠶᠠᠷᠢᠯᠠᠯᠲᠠ ᠵᠢᠨ ᠠᠵᠢᠯ᠎ᠢ ᠡᠭᠦᠷᠭᠡᠯᠡᠨ᠎ᠡ᠃
5. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠬᠤᠶᠠᠷ) ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ᠎ᠪᠠᠨ 9 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠵᠢ ᠲᠣᠬᠢᠷᠠᠭᠤᠯᠤᠨ᠎ᠠ᠄ ᠠᠯᠪᠠᠨ ᠭᠡᠷ᠂ ᠠᠵᠢᠯᠲᠠᠨ᠎ᠤ ᠶᠠᠪᠤᠳᠠᠯ᠎ᠤᠨ ᠰᠠᠯᠠᠭ᠎ᠠ᠂ ᠠᠮᠤᠷ ᠲᠦᠪᠰᠢᠨ᠎ᠤ ᠪᠠᠲᠤᠯᠠᠭ᠎ᠠ ᠵᠢᠨ ᠰᠠᠯᠠᠭ᠎ᠠ᠂ ᠮᠡᠷᠭᠡᠵᠢᠯ᠎ᠤᠨ ᠰᠠᠯᠠᠭ᠎ᠠ᠂ ᠳᠠᠮᠵᠢᠭᠤᠯᠬᠤ ᠲᠥᠪ᠂ ᠳᠠᠯᠠᠨ ᠬᠠᠷ᠎ᠠ ᠠᠭᠤᠯᠠ ᠵᠢᠨ ᠪᠢᠴᠢᠯ ᠳᠣᠯᠭᠢᠶᠠᠨ᠎ᠤ ᠥᠷᠲᠡᠭᠡ᠂ ᠵᠢᠨᠢᠩ᠎ᠤᠨ ᠪᠢᠴᠢᠯ ᠳᠣᠯᠭᠢᠶᠠᠨ᠎ᠤ ᠥᠷᠲᠡᠭᠡ᠂ ᠵᠦᠸᠧᠽᠢ ᠱᠠᠨ᠎ᠤ ᠪᠢᠴᠢᠯ ᠳᠣᠯᠭᠢᠶᠠᠨ᠎ᠤ ᠥᠷᠲᠡᠭᠡ᠂ ᠮᠠᠩᠬᠠᠨ ᠠᠭᠤᠯᠠ ᠵᠢᠨ ᠪᠢᠴᠢᠯ ᠳᠣᠯᠭᠢᠶᠠᠨ᠎ᠤ ᠥᠷᠲᠡᠭᠡ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠣ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 — 17᠄ 00 ᠪᠣᠯᠲᠠᠯ᠎ᠠ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471-4590623 ᠂ 4590616 (ᠹᠠᠺᠰ)
ᠬᠠᠷᠢᠭᠤᠴᠠᠯᠭ᠋ᠠᠲᠠᠨ᠄ ᠺᠦᠩ ᠵᠢᠶᠧ
ᠲᠠᠪᠤ᠂ ᠤᠯᠠᠭ᠋ᠠᠨᠬᠦᠦ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠠᠯᠪᠠᠨ ᠭᠡᠷ
ᠤᠯᠠᠭ᠋ᠠᠨᠬᠦᠦ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠠᠯᠪᠠᠨ ᠭᠡᠷ ᠪᠣᠯ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠷᠢᠶ᠎ᠠ ᠵᠢᠩᠬᠢᠨᠢ ᠭᠠᠵᠠᠷ᠎ᠤᠨ ᠲᠡᠰ᠎ᠤᠨ ᠨᠡᠶ᠋ᠢᠲᠡ ᠵᠢᠨ ᠠᠰᠠᠷᠠᠮᠵᠢ ᠵᠢᠨ ᠨᠢᠭᠡᠳᠦᠭᠡᠷ ᠲᠥᠷᠥᠯ᠎ᠤᠨ ᠠᠵᠢᠯ ᠦᠢ᠍ᠯᠡᠰ᠎ᠤᠨ ᠨᠢᠭᠡᠴᠢ ᠲᠠᠢ ᠲᠡᠩᠴᠡᠨ᠎ᠡ᠃
(ᠨᠢᠭᠡ) ᠭᠤᠣᠯ ᠡᠭᠦᠷᠭᠡ ᠬᠠᠷᠢᠭᠤᠴᠠᠯᠭ᠎ᠠ
1. ᠤᠯᠠᠭ᠋ᠠᠨᠬᠦᠦ ᠰᠠᠭᠤᠷᠢ ᠮᠥᠩᠭᠦᠨ᠎ᠤ ᠨᠡᠶ᠋ᠢᠭᠡᠮᠯᠢᠭ᠎ᠤᠨ ᠡᠳᠦᠷ ᠲᠤᠲᠤᠮ᠎ᠤᠨ ᠠᠵᠢᠯᠯᠠᠭ᠋ᠠᠨ᠎ᠢ ᠪᠠᠲᠤᠯᠠᠬᠤ ᠠᠵᠢᠯ᠎ᠢ ᠡᠭᠦᠷᠭᠡᠯᠡᠨ᠎ᠡ᠃
2. ᠨᠡᠶ᠋ᠢᠭᠡᠮ᠎ᠤᠨ ᠪᠦᠯᠬᠦᠮ᠂ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ᠎ᠤ ᠰᠠᠭᠤᠷᠢ ᠮᠥᠩᠭᠦᠨ᠎ᠤ ᠨᠡᠶ᠋ᠢᠭᠡᠮᠯᠢᠭ᠎ᠲᠤ ᠲᠤᠰᠠᠯᠠᠨ ᠬᠦᠷᠭᠡᠭᠰᠡᠨ ᠡᠳ᠋ ᠬᠥᠷᠥᠩᠭᠡ ᠵᠢ ᠬᠠᠮᠢᠶᠠᠷᠴᠤ ᠬᠡᠷᠡᠭᠯᠡᠬᠦ ᠬᠡᠷᠡᠭ ᠶᠠᠪᠤᠳᠠᠯ᠎ᠤᠨ ᠴᠢᠨᠠᠷᠲᠠᠶ ᠠᠵᠢᠯ᠎ᠢ ᠡᠭᠦᠷᠭᠡᠯᠡᠨ᠎ᠡ᠃
3. ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠲᠤᠰᠢᠶᠠᠭᠰᠠᠨ ᠪᠤᠰᠤᠳ ᠬᠣᠯᠪᠤᠭᠳᠠᠯ ᠪᠦᠬᠦᠢ ᠠᠵᠢᠯ᠎ᠢ ᠡᠭᠦᠷᠭᠡᠯᠡᠨ᠎ᠡ᠃
(ᠬᠤᠶᠠᠷ) ᠳᠤᠳᠤᠭ᠋ᠠᠳᠤ ᠪᠠᠶ᠋ᠢᠭᠤᠯᠤᠮᠵᠢ
ᠳᠣᠲᠣᠭ᠋ᠠᠳᠤ᠎ᠳᠤ᠎ᠪᠠᠨ 3 ᠵᠢᠩᠬᠢᠨᠢ ᠰᠠᠯᠠᠭ᠋ᠠᠨ ᠳᠡᠰ᠎ᠤᠨ ᠪᠠᠶ᠋ᠢᠭᠤᠯᠤᠮᠵᠢ ᠵᠢ ᠲᠣᠬᠢᠷᠠᠭᠤᠯᠤᠨ᠎ᠠ ᠄ ᠶᠡᠷᠦᠩᠬᠡᠶ᠋ᠢᠯᠡᠭᠰᠡᠨ ᠰᠠᠯᠠᠭ᠎ᠠ᠂ ᠠᠵᠢᠯ ᠦᠢ᠍ᠯᠡᠰ᠎ᠤᠨ ᠰᠠᠯᠠᠭ᠎ᠠ᠂ ᠰᠠᠭᠤᠷᠢ ᠮᠥᠩᠭᠦᠨ᠎ᠤ ᠰᠠᠯᠠᠭ᠎ᠠ᠃
ᠬᠠᠶᠢᠭ᠄ ᠬᠥᠬᠡᠬᠤᠲᠠ ᠵᠢᠨ ᠬᠤᠲᠣᠩ ᠠᠷᠠᠳ᠎ᠤᠨ ᠲᠣᠭᠤᠷᠢᠭ᠎ᠤᠨ ᠴᠢᠩᠭᠢᠰ ᠬᠠᠭ᠋ᠠᠨ ᠪᠠᠷᠠᠭᠤᠨ ᠵᠡᠭᠡᠯᠢ ᠵᠢᠨ 1 ᠳ᠋ᠦ᠍ᠭᠡᠷ ᠨᠣᠮᠸᠷᠲᠤ
ᠠᠵᠢᠯᠯᠠᠬᠤ ᠴᠠᠭ᠄ ᠠᠵᠢᠯᠯᠠᠬᠤ ᠡᠳᠦᠷ᠎ᠤᠨ 9᠄ 00 —12᠄ 00᠂ 13᠄ 30 — 17᠄ 00 ᠪᠣᠯᠲᠠᠯ᠎ᠠ (ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠢ)
ᠬᠠᠷᠢᠯᠴᠠᠬᠤ ᠤᠲᠠᠰᠤ᠄ 0471-4590803᠂ 3288005 (ᠹᠠᠺᠰ)
ᠬᠠᠷᠢᠭᠤᠴᠠᠯᠭ᠋ᠠᠲᠠᠨ᠄ ᠶᠤᠸᠠᠢ ᠬᠤᠩ ᠶᠠᠨ