2023 ᠣᠨ᠎ᠤ ᠪᠥᠬᠦ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠣᠯᠪᠣᠭᠳᠠᠯ ᠪᠦᠬᠦᠢ ᠤᠴᠢᠷ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2023-08-18

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠢᠴᠢᠭ ᠮᠠᠲᠸᠷᠢᠶᠠᠯ

                          

                         ᠥᠪᠥᠷ ᠵᠠᠰᠠᠭ ᠦᠰᠦᠭ [ 2023 ] 52 ᠳ᠋ᠤᠭ᠋ᠠᠷ ᠲᠣᠭ᠋ᠠᠲᠤ

 

            2023 ᠣᠨ᠎ᠤ ᠪᠥᠬᠦ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠣᠯᠪᠣᠭᠳᠠᠯ ᠪᠦᠬᠦᠢ ᠤᠴᠢᠷ᠎ᠤᠨ

             ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ

 

ᠡᠯ᠎ᠡ ᠠᠢ᠌ᠮᠠᠭ᠎ᠤᠨ ᠵᠠᠬᠢᠷᠭ᠎ᠠ ᠂  ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠂  ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠂  ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ ᠂  ᠠᠯᠪᠠᠨ ᠭᠡᠷ ᠂  ᠲᠢᠩᠬᠢᠮ ᠂  ᠲᠣᠪᠴᠢᠶ᠎ᠠ ᠂  ᠡᠯ᠎ᠡ ᠲᠣᠮᠣ ᠠᠵᠤ ᠠᠬᠤᠢ᠌ᠯᠠᠯ ᠂  ᠠᠵᠢᠯ ᠦᠢ᠍ᠯᠡᠰ᠎ᠤᠨ ᠨᠢᠭᠡᠴᠢ᠎ᠳᠤ ᠄

       ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠳᠡᠰ ᠳᠠᠪᠬᠤᠷᠭ᠎ᠠ ᠪᠠ ᠲᠥᠷᠥᠯ ᠠᠩᠭᠢᠯᠠᠭᠰᠠᠨ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠵᠢ ᠲᠦᠷᠭᠡᠳᠬᠡᠨ ᠪᠦᠷᠢᠨᠰᠢᠭᠦᠯᠵᠦ ᠂  ᠪᠥᠬᠦ ᠣᠷᠣᠨ᠎ᠤ ᠬᠦᠴᠢᠷᠳᠡᠯᠲᠡᠢ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠲᠡᠩᠬᠡᠷᠡᠭᠦᠯᠦᠨ ᠲᠤᠰᠠᠯᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ ᠂  ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ ᠂  ᠬᠦᠴᠢᠷᠳᠡᠯᠲᠡᠢ ᠣᠯᠠᠨ ᠲᠦᠮᠡᠨ᠎ᠤ ᠭᠦᠷᠳᠡᠬᠡᠮᠵᠢᠲᠦ ᠰᠡᠳᠬᠢᠯᠭᠡ ᠂  ᠵᠣᠯ ᠵᠢᠷᠭ᠋ᠠᠯᠲᠤ ᠰᠡᠳᠬᠢᠯᠭᠡ ᠂  ᠠᠮᠤᠷ ᠲᠦᠪᠰᠢᠨ ᠰᠡᠳᠬᠢᠯᠭᠡ ᠵᠢ᠎ᠨᠢ ᠲᠠᠰᠤᠷᠠᠯᠲᠠ ᠦᠭᠡᠢ ᠨᠡᠮᠡᠭᠳᠡᠭᠦᠯᠬᠦ ᠵᠢᠨ ᠲᠤᠰᠠᠳᠠ ᠂  ᠡᠳᠦᠭᠡ 2023 ᠣᠨ᠎ᠤ ᠪᠥᠬᠦ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶᠠᠨ᠎ᠤ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ ᠃

       ᠨᠢᠭᠡ ᠂  ᠬᠢᠨᠠᠨ ᠬᠠᠷᠭᠤᠭᠤᠯᠵᠤ ᠲᠣᠭᠲᠠᠭ᠋ᠠᠭᠰᠠᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠬᠦ ᠬᠡᠷᠡᠭᠲᠡᠢ

       ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠭᠰᠠᠨ 2023 ᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ 2023 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ ᠂  ᠡᠯ᠎ᠡ ᠭᠠᠵᠠᠷ ᠣᠷᠣᠨ᠎ᠨᠢ ᠴᠠᠭ ᠲᠤᠬᠠᠢ᠎ᠳᠤ᠎ᠨᠢ ᠨᠡᠢ᠌ᠭᠡᠮ ᠨᠡᠢ᠌ᠳᠡ᠎ᠳᠤ ᠨᠡᠢ᠌ᠲᠡᠯᠡᠬᠦ ᠬᠡᠷᠡᠭᠲᠡᠢ ᠃  ᠲᠣᠰ ᠣᠨ᠎ᠤ ᠳᠣᠲᠣᠷ᠎ᠠ ᠂  ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠵᠢ ᠳᠠᠬᠢᠨᠲᠠ ᠲᠣᠬᠢᠷᠠᠭᠤᠯᠬᠤ ᠴᠢᠬᠤᠯᠠ᠎ᠲᠠᠢ ᠪᠣᠯ ᠡᠷᠬᠡᠪᠰᠢ ᠬᠣᠯᠪᠣᠭᠳᠠᠯ ᠪᠦᠬᠦᠢ ᠲᠠᠰ ᠳᠠᠷᠠᠭ᠋ᠠᠯᠠᠯ ᠶᠣᠰᠣᠭ᠋ᠠᠷ ᠳᠡᠭᠡᠭᠰᠢ ᠮᠡᠳᠡᠭᠦᠯᠵᠦ ᠂  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ ᠃  ᠡᠯ᠎ᠡ ᠭᠠᠵᠠᠷ ᠣᠷᠣᠨ᠎ᠨᠢ ᠪᠠᠲᠤᠯᠠᠭ᠎ᠠ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ᠎ᠤ ᠳᠠᠷᠠᠭ᠋ᠠᠬᠢ ᠰᠢᠨ᠎ᠡ᠎ᠪᠠᠷ ᠬᠤᠲᠠ ᠬᠥᠳᠡᠭᠡ ᠵᠢᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠬᠦᠷᠲᠡᠭᠡᠬᠦ᠎ᠪᠠᠷ ᠭᠤᠶᠤᠴᠢᠯᠠᠭᠰᠠᠨ ᠂  ᠣᠨᠴᠠ ᠬᠦᠴᠢᠷᠳᠡᠯᠲᠡᠢ ᠬᠥᠮᠥᠰ ᠵᠶ᠋ᠠᠷ ᠭᠤᠶᠤᠴᠢᠯᠠᠭᠰᠠᠨ ᠭᠡᠷ ᠪᠦᠯᠢ ᠵᠢᠨ᠎ᠬᠢᠨ᠎ᠤ ᠣᠷᠣᠯᠭ᠎ᠠ ᠵᠢ ᠲᠥᠰᠥᠭᠡᠯᠡᠨ ᠪᠣᠳᠣᠬᠤ ᠪᠠ ᠤᠤᠯ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠂  ᠣᠨᠴᠠ ᠬᠦᠴᠢᠷᠳᠡᠯᠲᠡᠢ ᠬᠥᠮᠥᠰ᠎ᠤᠨ ᠨᠥᠬᠥᠪᠦᠷᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠠᠵᠢᠯ᠎ᠢ ᠰᠠᠢ᠌ᠲᠤᠷ ᠬᠢᠵᠦ ᠂  ᠪᠠᠲᠤᠯᠠᠪᠠᠰᠤ ᠵᠣᠬᠢᠬᠤ ᠵᠢ᠎ᠨᠢ ᠴᠢᠳᠠᠬᠤ ᠵᠢᠨ ᠳᠣᠲᠣᠷ᠎ᠠ ᠪᠠᠲᠤᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃

       ᠬᠣᠶᠠᠷ ᠂  ᠪᠦᠬᠦ ᠣᠷᠣᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠤ ᠬᠤᠳᠡ ᠬᠥᠳᠡᠭᠡ ᠵᠢ ᠨᠢᠭᠡᠳᠦᠯᠲᠡᠢ ᠲᠥᠯᠥᠪᠯᠡᠬᠦ᠎ᠪᠠᠨ ᠲᠦᠷᠭᠡᠳᠬᠡᠬᠦ ᠬᠡᠷᠡᠭᠲᠡᠢ

       ᠡᠯ᠎ᠡ ᠭᠠᠵᠠᠷ ᠣᠷᠣᠨ᠎ᠨᠢ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈  ᠠᠷᠪᠠᠨ ᠳᠥᠷᠪᠡᠳᠦᠭᠡᠷ ᠲᠠᠪᠤᠨ ᠵᠢᠯ 〉᠎ᠤᠨ ᠠᠷᠠᠳ᠎ᠤᠨ ᠶᠠᠪᠤᠳᠠᠯ᠎ᠤᠨ ᠦᠢ᠍ᠯᠡᠰ᠎ᠤᠨ ᠬᠥᠭᠵᠢᠯᠲᠡ ᠵᠢᠨ ᠲᠥᠯᠦᠪᠵᠢᠭᠦᠯᠭᠡ 》 ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠬᠤᠲᠠ ᠬᠥᠳᠡᠭᠡ ᠪᠠ ᠣᠷᠣᠨ ᠪᠦᠰᠡ ᠵᠢᠨ ᠵᠥᠷᠢᠶ᠎ᠡ ᠵᠢ ᠤᠯᠠᠮ ᠨᠢᠭᠡ ᠠᠯᠬᠤᠮ ᠪᠠᠭ᠋ᠠᠰᠬᠠᠨ ᠂  ᠦᠨᠳᠦᠰᠦᠨ ᠠᠮᠢᠳᠤᠷᠠᠯ᠎ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠎ᠳᠤ ᠬᠥᠳᠡᠯᠦᠩᠭᠦᠢ᠎ᠪᠠᠷ ᠲᠣᠬᠢᠷᠠᠭᠤᠯᠤᠯᠲᠠ ᠬᠢᠬᠦ ᠲᠣᠭᠲᠠᠴᠠ ᠵᠢ ᠲᠡᠭᠦᠯᠳᠡᠷᠵᠢᠭᠦᠯᠵᠦ ᠂  ᠬᠦᠴᠢᠷᠳᠡᠯᠲᠡᠢ ᠣᠯᠠᠨ ᠲᠦᠮᠡᠨ᠎ᠳᠤ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠴᠠᠭ ᠲᠤᠬᠠᠢ᠎ᠳᠤ᠎ᠨᠢ ᠭᠦᠢ᠍ᠴᠡᠳ ᠬᠦᠷᠲᠡᠭᠡᠬᠦ᠎ᠪᠠᠷ ᠴᠢᠷᠮᠠᠢ᠌ᠬᠤ ᠬᠡᠷᠡᠭᠲᠡᠢ ᠃ 2023 ᠣᠨ᠎ᠳᠤ ᠂  ᠠᠯᠠᠱ᠌ᠠ ᠠᠢ᠌ᠮᠠᠭ᠎ᠢ ᠪᠥᠬᠦ ᠣᠷᠣᠨ᠎ᠤ ᠠᠢ᠌ᠮᠠᠭ ᠬᠤᠲᠠ ᠵᠢᠨ ᠱᠠᠲᠤᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠠᠬᠢ ᠬᠤᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠲᠤᠷᠰᠢᠯᠲᠠ ᠵᠢᠨ ᠴᠡᠭ ᠵᠶ᠋ᠠᠷ ᠲᠣᠭᠲᠠᠭ᠋ᠠᠵᠤ ᠂  ᠬᠥᠬᠡᠬᠤᠲᠠ ᠵᠢᠨ ᠬᠣᠲᠣᠩ ᠠᠷᠠᠳ᠎ᠤᠨ ᠲᠣᠭᠣᠷᠢᠭ ᠂  ᠬᠥᠯᠥᠨ ᠪᠤᠶ᠋ᠢᠷ ᠬᠤᠲᠠ ᠵᠢᠨ ᠣᠷᠴᠣᠨ ᠬᠣᠰᠢᠭᠤ ᠪᠠ ᠣᠷᠳᠣᠰ ᠬᠤᠲᠠ ᠵᠢᠨ ᠳ᠋ᠦᠩᠱ᠌ᠧᠩ ᠲᠣᠭᠣᠷᠢᠭ ᠂  ᠣᠲᠤᠭ ᠬᠣᠰᠢᠭᠤ ᠵᠢ ᠪᠥᠬᠦ ᠣᠷᠣᠨ᠎ᠤ ᠬᠣᠰᠢᠭᠤ ᠰᠢᠶᠠᠨ᠎ᠤ ᠱᠠᠲᠤᠨ᠎ᠤ ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠠᠵᠢᠯ᠎ᠳᠠᠬᠢ ᠬᠤᠲᠠ ᠬᠥᠳᠡᠭᠡ ᠵᠢ ᠨᠢᠭᠡᠳᠦᠯᠲᠡᠢ ᠲᠥᠯᠥᠪᠯᠡᠬᠦ ᠲᠤᠷᠰᠢᠯᠲᠠ ᠵᠢᠨ ᠴᠡᠭ ᠵᠶ᠋ᠠᠷ ᠲᠣᠭᠲᠠᠭ᠋ᠠᠪᠠ ᠃  ᠡᠯ᠎ᠡ ᠲᠤᠷᠰᠢᠯᠲᠠ ᠵᠢᠨ ᠴᠡᠭ᠎ᠤᠨ ᠭᠠᠵᠠᠷ ᠣᠷᠣᠨ᠎ᠨᠢ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠂  ᠠᠵᠢᠯ ᠵᠶ᠋ᠠᠨ ᠯᠠᠪᠳᠠᠭᠤᠨ ᠪᠠᠲᠤᠲᠠᠢ ᠥᠷᠨᠢᠭᠦᠯᠵᠦ ᠂  ᠠᠵᠢᠯ ᠵᠶ᠋ᠡᠨ ᠡᠮᠬᠢ ᠵᠢᠷᠤᠮ᠎ᠲᠠᠢ᠎ᠪᠠᠷ ᠠᠬᠢᠭᠤᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃

       ᠭᠤᠷᠪᠠ ᠂  ᠬᠦᠴᠢᠷᠳᠡᠯᠲᠡᠢ ᠣᠯᠠᠨ ᠲᠦᠮᠡᠨ᠎ᠳᠤ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥ ᠣᠯᠭᠣᠬᠤ ᠵᠢ ᠵᠢᠷᠤᠮᠵᠢᠭᠤᠯᠬᠤ ᠬᠡᠷᠡᠭᠲᠡᠢ

       ᠡᠯ᠎ᠡ ᠭᠠᠵᠠᠷ ᠣᠷᠣᠨ᠎ᠨᠢ 《  ᠨᠡᠢ᠌ᠭᠡᠮ᠎ᠤᠨ ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠰᠠᠨᠠᠯ᠎ᠤᠨ ᠲᠤᠬᠠᠢ ᠠᠷᠠᠳ᠎ᠤᠨ ᠶᠠᠪᠤᠳᠠᠯ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠮᠡᠳᠡᠭᠳᠡᠯ 》 (ᠠᠷᠠᠳ ᠲᠠᠷᠬᠠᠭ᠋ᠠᠭᠰᠠᠨ [ 2019 ] 139 ᠳ᠋ᠦ᠍ᠭᠡᠷ ᠲᠣᠭ᠋ᠠᠲᠤ ) ᠂ 《ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠪᠡᠯᠡ ᠮᠥᠩᠭᠥᠨ᠎ᠤ ᠬᠢᠨᠠᠯᠲᠠ ᠬᠠᠮᠢᠶᠠᠷᠤᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠠᠷᠠᠳ᠎ᠤᠨ ᠶᠠᠪᠤᠳᠠᠯ᠎ᠤᠨ ᠶᠠᠮᠤᠨ ᠡᠳ᠋᠎ᠤᠨ ᠵᠠᠰᠠᠭ᠎ᠤᠨ ᠶᠠᠮᠤᠨ᠎ᠤ ᠰᠠᠨᠠᠯ 》 (ᠠᠷᠠᠳ ᠲᠠᠷᠬᠠᠭ᠋ᠠᠭᠰᠠᠨ [ 2022 ] 95 ᠳ᠋ᠤᠭ᠋ᠠᠷ ᠲᠣᠭ᠋ᠠᠲᠤ ) ᠪᠠ 《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥᠨ᠎ᠤ ᠬᠠᠮᠢᠶᠠᠷᠤᠯᠲᠠ ᠵᠢᠨ ᠠᠷᠭ᠎ᠠ 》 (ᠥᠪᠥᠷ ᠡᠳ᠋ ᠨᠡᠢ᠌ᠭᠡᠮ  [ 2022 ] 1109 ᠳ᠋ᠦ᠍ᠭᠡᠷ ᠲᠣᠭ᠋ᠠᠲᠤ )  ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠬᠢᠨᠠᠮᠠᠭ᠋ᠠᠢ ᠬᠡᠷᠡᠭᠵᠢᠭᠦᠯᠵᠦ ᠂  ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥᠨ᠎ᠤ ᠲᠥᠰᠥᠪ᠎ᠤᠨ ᠬᠡᠷᠡᠭᠵᠢᠭᠦᠯᠦᠯᠲᠡ ᠪᠠ ᠠᠵᠢᠯ᠎ᠤᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠡᠢ ᠃  ᠡᠯ᠎ᠡ ᠠᠢ᠌ᠮᠠᠭ ᠬᠤᠲᠠ ᠵᠢᠴᠢ ᠬᠠᠷᠢᠶ᠎ᠠ ᠬᠣᠰᠢᠭᠤ ᠰᠢᠶᠠᠨ (  ᠬᠤᠲᠠ ᠂  ᠲᠣᠭᠣᠷᠢᠭ )᠎ᠨᠢ ᠬᠦᠴᠢᠷᠳᠡᠯᠲᠡᠢ ᠣᠯᠠᠨ ᠲᠦᠮᠡᠨ᠎ᠢ ᠲᠡᠩᠬᠡᠷᠡᠭᠦᠯᠦᠨ ᠲᠤᠰᠠᠯᠠᠬᠤ ᠨᠥᠬᠥᠪᠦᠷᠢ ᠵᠢᠨ ᠪᠡᠯᠡ ᠮᠥᠩᠭᠥ ᠵᠢ ᠠᠳᠠᠯᠢ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠲᠤ᠎ᠪᠠᠨ ᠣᠷᠣᠭᠤᠯᠵᠤ ᠂  ᠪᠡᠯᠡ ᠮᠥᠩᠭᠥ ᠵᠢ ᠳᠠᠭ᠋ᠠᠭ᠋ᠠᠨ ᠪᠠᠲᠤᠯᠠᠬᠤ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ ᠃  ᠡᠳ᠋᠎ᠤᠨ ᠵᠠᠰᠠᠭ᠎ᠤᠨ ᠦᠯᠡᠳᠡᠭᠡᠯ ᠪᠡᠯᠡ ᠮᠥᠩᠭᠥ ᠵᠢ ᠢᠳᠡᠪᠬᠢᠲᠡᠢ᠎ᠪᠠᠷ ᠴᠢᠯᠦᠭᠡᠲᠡᠢ ᠭᠦᠢ᠍ᠯᠬᠡᠬᠡᠵᠦ ᠂  ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠥ ᠵᠢ ᠰᠢᠩᠭᠡᠭᠡᠬᠦ ᠡᠷᠴᠢᠮ ᠵᠶ᠋ᠠᠨ ᠴᠢᠩᠭ᠋ᠠᠷᠠᠭᠤᠯᠤᠨ ᠂ 2023 ᠣᠨ᠎ᠤ 6 ᠳ᠋ᠤᠭ᠋ᠠᠷ ᠰᠠᠷ᠎ᠠ ᠵᠢᠨ 10᠎ᠤ ᠡᠳᠦᠷ᠎ᠠᠴᠠ ᠡᠮᠦᠨ᠎ᠡ ᠰᠢᠨ᠎ᠡ ᠪᠠᠷᠢᠮᠵᠢᠶ᠎ᠠ ᠶᠣᠰᠣᠭ᠋ᠠᠷ ᠳᠡᠭᠡᠷ᠎ᠡ ᠬᠠᠭ᠋ᠠᠰ ᠵᠢᠯ᠎ᠤᠨ ᠪᠡᠯᠡ ᠮᠥᠩᠭᠥ᠎ᠪᠠᠨ ᠨᠥᠬᠥᠨ ᠣᠯᠭᠣᠵᠤ ᠳᠠᠭᠤᠰᠬᠠᠬᠤ ᠵᠢ ᠦᠨᠡᠨ ᠬᠦ᠌ ᠪᠠᠲᠤᠯᠠᠵᠤ ᠂ 7 ᠳ᠋ᠤᠭ᠋ᠠᠷ ᠰᠠᠷ᠎ᠠ᠎ᠠᠴᠠ ᠬᠣᠢ᠌ᠰᠢ ᠰᠢᠨ᠎ᠡ ᠪᠠᠷᠢᠮᠵᠢᠶ᠎ᠠ᠎ᠪᠠᠷ ᠣᠯᠭᠣᠬᠤ ᠬᠡᠷᠡᠭᠲᠡᠢ ᠃

 

 

ᠳᠠᠭ᠋ᠠᠯᠳᠤᠭᠤᠯᠤᠯ ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶᠠᠨ᠎ᠤ ᠲᠣᠳᠣᠷᠬᠠᠢ᠌ᠯᠠᠯ᠎ᠤᠨ ᠬᠦᠰᠦᠨᠦᠭᠲᠦ

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠣᠨᠴᠠ ᠬᠦᠴᠢᠷᠳᠡᠯᠲᠡᠢ ᠬᠥᠮᠥᠰ᠎ᠤᠨ ᠦᠨᠳᠦᠰᠦᠨ ᠠᠮᠢᠳᠤᠷᠠᠯ᠎ᠤᠨ ᠪᠠᠷᠢᠮᠵᠢᠶᠠᠨ᠎ᠤ ᠲᠣᠳᠣᠷᠬᠠᠢ᠌ᠯᠠᠯ᠎ᠤᠨ ᠬᠦᠰᠦᠨᠦᠭᠲᠦ

      3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠣᠨᠴᠠ ᠬᠦᠴᠢᠷᠳᠡᠯᠲᠡᠢ ᠬᠥᠮᠥᠰ᠎ᠢ ᠠᠰᠠᠷᠠᠵᠤ ᠰᠤᠪᠢᠯᠠᠬᠤ ᠪᠠᠷᠢᠮᠵᠢᠶᠠᠨ᠎ᠤ ᠲᠣᠳᠣᠷᠬᠠᠢ᠌ᠯᠠᠯ᠎ᠤᠨ ᠬᠦᠰᠦᠨᠦᠭᠲᠦ

 

 

 

                                                                         2023 ᠣᠨ᠎ᠤ 4 ᠳ᠋ᠦ᠍ᠭᠡᠷ ᠰᠠᠷ᠎ᠠ ᠵᠢᠨ 29 ᠎ᠤ ᠡᠳᠦᠷ

      (ᠲᠤᠰ ᠪᠢᠴᠢᠭ ᠮᠠᠲᠸ ᠷᠢᠶᠠᠯ᠎ᠢ ᠢᠯᠡ ᠨᠡᠢ᠌ᠲᠡᠯᠡᠨ᠎ᠡ )

 

 

  


 

 

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ