ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠵᠠᠷᠯᠢᠭ12 ᠳ᠋ᠤᠭ᠋ᠠᠷ ᠲᠣᠭ᠋ᠠᠲᠤ
《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 ᠵᠢ 2022 ᠣᠨ᠎ᠤ 9 ᠳ᠋ᠦ᠍ᠭᠡᠷ ᠰᠠᠷ᠎ᠠ ᠵᠢᠨ 22᠎ᠤ ᠡᠳᠦᠷ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠶᠠᠪᠤᠳᠠᠯ᠎ᠤᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠪᠴᠢᠶᠠᠨ ᠳᠠᠷᠤᠭ᠎ᠠ᠄ ᠰᠢᠤᠢ ᠯᠢᠨ
2022 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ
ᠷᠠᠳᠢᠣ᠋ ᠲᠧᠯᠸᠢᠰ᠎ᠤᠨ ᠫᠷᠦᠭᠷᠡᠮᠢ ᠳᠠᠮᠵᠢᠭᠤᠯᠬᠤ ᠲᠤᠬᠠᠢ᠌ᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ᠂ ᠶᠡᠷᠦᠩᠬᠡᠢ ᠳᠦᠷᠢᠮ
ᠨᠢᠭᠡᠳᠦᠭᠡᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠷᠠᠳᠢᠣ᠋ ᠨᠡᠪᠲᠡᠷᠡᠭᠦᠯᠭᠡ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠡᠮᠬᠢ ᠳᠢᠭᠯᠢᠮ᠎ᠢ ᠵᠢᠷᠤᠮᠵᠢᠭᠤᠯᠬᠤ ᠵᠢᠨ ᠲᠤᠰᠠᠳᠠ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠣᠷᠪᠣᠰ᠂ ᠲᠤᠰ ᠠᠷᠭ᠎ᠠ᠎ᠳᠤ ᠬᠡᠯᠡᠵᠦ ᠪᠠᠶ᠋ᠢᠭ᠎ᠠ ᠷᠠᠳᠢᠤ᠋ ᠲᠧᠯᠸᠢᠰ᠎ᠤᠨ ᠫᠷᠤᠭ᠌ᠷᠠᠮ᠎ᠢ ᠲᠠᠮᠵᠢᠭᠤᠯᠬᠤ ᠲᠤᠬᠠᠶ᠋ᠢᠯᠬᠠᠰᠠᠨ ᠠᠵᠢᠯ ᠭᠡᠳᠡᠭ᠎ᠨᠢ ᠤᠳᠠᠰᠤᠳᠤ ᠲᠧᠯᠸᠢᠰ᠎ᠤᠨ ᠫᠷᠤᠭ᠌ᠷᠠᠮ᠎ᠢ ᠠᠰᠢᠨᠨᠯᠠᠨ ᠲᠠᠮᠵᠢᠭᠤᠯᠬᠤ ᠪᠠ ᠵᠠᠯᠭ᠋ᠠᠬᠤ ᠦᠢ᠍ᠯᠡᠴᠢᠯᠡᠬᠡᠨ᠎ᠤ ᠠᠵᠢᠯᠯᠠᠭ᠎ᠠ ᠵᠢ ᠵᠢᠭ᠋ᠠᠵᠦ ᠪᠤᠢ᠃
ᠭᠤᠷᠪᠠᠳᠤᠭ᠋ᠠᠷ ᠵᠣᠷᠪᠣᠰ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ (ᠳᠣᠷᠣᠭᠰᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠭᠡᠵᠦ ᠲᠣᠪᠴᠢᠯᠠᠨ᠎ᠠ)᠎ᠨᠢ ᠪᠥᠬᠦ ᠤᠯᠤᠰ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠬᠠᠷᠢᠭᠤᠴᠠᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠬᠠᠷᠢᠭᠤᠴᠠᠨ᠎ᠠ᠃
ᠳᠥᠷᠪᠡᠳᠦᠭᠡᠷ ᠵᠣᠷᠪᠣᠰ᠂ ᠤᠯᠤᠰ᠎ᠠᠴᠠ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠳᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠦᠨ᠎ᠡ᠃
ᠬᠤᠶᠠᠳᠤᠭ᠋ᠠᠷ ᠪᠦᠯᠦᠭ᠂ ᠲᠤᠬᠠᠶ᠋ᠢᠯᠠᠭᠰᠠᠨ ᠠᠵᠢᠯ᠎ᠤᠨ ᠵᠥᠪᠰᠢᠶᠡᠷᠡᠯ
ᠲᠠᠪᠤᠳᠤᠭ᠋ᠠᠷ ᠵᠣᠷᠪᠣᠰ᠂ ᠤᠲᠠᠰᠤᠲᠤ ᠠᠷᠭ᠎ᠠ ᠬᠡᠯᠪᠡᠷᠢ᠎ᠪᠠᠷ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠬᠦ᠎ᠳᠤ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠠᠪᠬᠤ ᠬᠡᠷᠡᠭᠲᠡᠶ᠃
ᠤᠲᠠᠰᠤ ᠦᠭᠡᠢ᠂ ᠪᠢᠴᠢᠯ ᠳᠣᠯᠭᠢᠶᠠᠨ᠂ ᠳᠠᠭ᠋ᠠᠭᠤᠯᠢ ᠣᠳᠣ ᠵᠡᠷᠭᠡ ᠪᠤᠰᠤᠳ ᠠᠷᠭ᠎ᠠ ᠬᠡᠯᠪᠡᠷᠢ ᠵᠢ ᠠᠰᠢᠭᠯᠠᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠬᠦ᠎ᠳᠤ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠬᠢᠨᠠᠨ ᠵᠥᠪᠰᠢᠶᠡᠷᠡᠬᠦ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠵᠢᠷᠭᠤᠳᠤᠭ᠋ᠠᠷ ᠵᠣᠷᠪᠣᠰ᠂ ᠳᠣᠤᠷᠠᠬᠢ ᠪᠠᠶ᠋ᠢᠭᠤᠯᠤᠮᠵᠢ᠎ᠨᠤᠭᠤᠳ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠭᠤᠶᠤᠴᠢᠯᠠᠵᠤ ᠪᠣᠯᠤᠨ᠎ᠠ᠄
(ᠨᠢᠭᠡ) ᠵᠥᠪᠰᠢᠶᠡᠷᠡᠯ ᠵᠶ᠋ᠠᠷ ᠳᠠᠮᠵᠢᠨ ᠪᠠᠢ᠌ᠭᠤᠯᠤᠭᠳᠠᠭᠰᠠᠨ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ;
(ᠬᠤᠶᠠᠷ) ᠤᠲᠠᠰᠤᠲᠤ ᠷᠠᠳᠢᠣ᠋ ᠲᠧᠯᠸᠢᠰ᠎ᠤᠨ ᠰᠦᠯᠵᠢᠶᠡᠨ᠎ᠤ ᠡᠵᠡᠩᠨᠡᠯᠲᠡ ᠵᠢᠨ ᠦᠢ᠍ᠯᠡᠴᠢᠯᠡᠭᠡᠨ᠎ᠤ ᠪᠠᠶ᠋ᠢᠭᠤᠯᠤᠮᠵᠢ᠃
ᠳᠣᠯᠣᠳᠤᠭ᠋ᠠᠷ ᠵᠣᠷᠪᠣᠰ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠪᠠᠶ᠋ᠢᠭᠤᠯᠤᠮᠵᠢ᠎ᠠᠴᠠ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠡᠷᠬᠢᠯᠡᠬᠦ ᠵᠢ ᠬᠣᠷᠢᠭᠯᠠᠨ᠎ᠠ᠃
ᠨᠠᠢ᠍ᠮᠠᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠭᠤᠶᠤᠴᠢᠯᠠᠬᠤ᠎ᠳᠤ ᠳᠣᠣᠷᠠᠬᠢ ᠨᠥᠬᠦᠴᠡᠯ᠎ᠤᠳ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠤᠯᠤᠰ᠎ᠤᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠲᠥᠯᠥᠪᠵᠢᠭᠦᠯᠭᠡ ᠪᠠ ᠲᠤᠬᠠᠶ᠋ᠢᠯᠠᠭᠰᠠᠨ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠢ᠌ᠬᠤ;
(ᠬᠤᠶᠠᠷ) ᠷᠠᠳᠢᠣ᠋ ᠲᠧᠯᠸᠢᠰ᠎ᠤᠨ ᠫᠷᠤᠭ᠌ᠷᠠᠮ᠎ᠢ ᠠᠮᠤᠷ ᠲᠦᠪᠰᠢᠨ ᠵᠶ᠋ᠠᠷ ᠳᠠᠮᠵᠢᠭᠤᠯᠬᠤ ᠵᠢ ᠦᠨᠡᠨ ᠬᠦ᠌ ᠪᠠᠳᠤᠯᠠᠬᠤ᠎ᠳᠤ ᠬᠡᠷᠡᠭᠰᠡᠬᠦ ᠲᠤᠨᠤᠭ ᠲᠦᠬᠦᠬᠡᠷᠦᠮᠵᠢ᠂ ᠮᠡᠷᠬᠡᠵᠢᠯ᠂ ᠠᠵᠢᠯᠳᠠᠨ ᠵᠢᠴᠢ ᠬᠣᠯᠪᠣᠭᠳᠠᠯ ᠪᠦᠬᠦᠢ ᠬᠠᠮᠢᠶᠠᠷᠤᠯᠳᠠ ᠵᠢᠨ ᠲᠦᠷᠢᠮ᠎ᠲᠠᠢ ᠪᠠᠢ᠌ᠬᠤ;
(ᠭᠤᠷᠪᠠ) ᠵᠠᠷᠤᠯᠭ᠎ᠠ ᠵᠢᠨ ᠪᠠᠷᠢᠮᠵᠢᠶ᠎ᠠ᠎ᠨᠢ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠭᠰᠡᠨ ᠪᠠᠢ᠌ᠬᠤ;
(ᠲᠦᠷᠪᠡ) ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠲᠠᠯᠠᠪᠤᠷ ᠵᠢᠴᠢ ᠬᠠᠷᠠᠭ᠋ᠠᠯᠵᠠᠭᠰᠠᠨ ᠰᠦᠯᠵᠢᠶᠡᠨ᠎ᠤ ᠡᠬᠢ ᠪᠠᠶᠠᠯᠢᠭ᠎ᠲᠠᠢ ᠪᠠᠢ᠌ᠬᠤ;
(ᠲᠠᠪᠤ) ᠤᠷᠲᠤ ᠬᠤᠭᠤᠴᠠᠭ᠋ᠠᠨ᠎ᠤ ᠳᠠᠮᠵᠢᠭᠤᠯᠬᠤ ᠦᠢ᠍ᠯᠡᠴᠢᠯᠡᠭᠡ ᠬᠠᠩᠭ᠋ᠠᠭᠰᠠᠨ ᠢᠲᠡᠭᠡᠯ ᠬᠦᠨᠳᠦ ᠪᠠ ᠴᠢᠳᠠᠪᠤᠷᠢ᠎ᠲᠠᠢ ᠪᠠᠢ᠌ᠬᠤ;
(ᠵᠢᠷᠭᠤᠭ᠎ᠠ) ᠬᠠᠤᠯᠢ ᠶᠣᠰᠣᠨ᠎ᠤ ᠷᠠᠳᠢᠣ᠋ ᠲᠧᠯᠸᠢᠰ᠎ᠤᠨ ᠫᠷᠦᠭᠷᠡᠮ᠎ᠤᠨ ᠳᠣᠬᠢᠶᠠᠨ᠎ᠤ ᠢᠷᠡᠯᠲᠡ᠎ᠲᠠᠢ ᠪᠠᠢ᠌ᠬᠤ;
(ᠳᠤᠯᠤᠭ᠎ᠠ) ᠪᠤᠰᠤᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠥᠬᠥᠴᠡᠯ᠎ᠲᠠᠢ ᠪᠠᠢ᠌ᠬᠤ᠃
ᠶᠢᠰᠦᠳᠦᠭᠡᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠭᠤᠶᠤᠴᠢᠯᠠᠬᠤ᠎ᠳᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
(ᠨᠢᠭᠡ) ᠤᠲᠠᠰᠤᠲᠤ ᠲᠧᠯᠸᠢᠰ᠎ᠤᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢᠴᠢ ᠪᠦᠷᠬᠦᠴᠡ ᠵᠢᠨ ᠪᠠᠶ᠋ᠢᠳᠠᠯ᠂ ᠳᠠᠮᠵᠢᠭᠤᠯᠬᠤ ᠠᠭᠤᠯᠭ᠎ᠠ (ᠪᠣᠳᠠᠲᠠᠶ ᠰᠤᠪᠠᠭ᠂ ᠫᠷᠤᠭ᠌ᠷᠠᠮ᠎ᠤᠨ ᠨᠡᠷᠡᠶ᠋ᠢᠳᠦᠯ᠎ᠢ ᠲᠣᠳᠣᠷᠬᠠᠶ ᠪᠢᠴᠢᠬᠦ ᠬᠡᠷᠡᠭᠲᠡᠶ)᠂ ᠳᠠᠮᠵᠢᠭᠤᠯᠬᠤ ᠬᠡᠪᠴᠢᠶ᠎ᠡ᠂ ᠮᠡᠷᠭᠡᠵᠢᠯ᠎ᠤᠨ ᠠᠷᠭ᠎ᠠ ᠪᠠᠷᠢᠯ᠂ ᠳᠠᠮᠵᠢᠭᠤᠯᠬᠤ ᠠᠷᠭ᠎ᠠ ᠬᠡᠯᠪᠡᠷᠢ ᠵᠡᠷᠭᠡ ᠠᠭᠤᠯᠭ᠎ᠠ ᠵᠢᠨ ᠲᠣᠳᠣᠷᠬᠠᠶ᠋ᠢᠯᠠᠯᠲᠠ;
(ᠬᠤᠶᠠᠷ) ᠭᠤᠶᠤᠴᠢᠯᠠᠨ ᠡᠷᠬᠢᠯᠡᠬᠦ ᠪᠠᠶ᠋ᠢᠭᠤᠯᠤᠮᠵᠢ ᠵᠢᠨ ᠦᠨᠳᠦᠰᠦᠨ ᠪᠠᠶ᠋ᠢᠳᠠᠯ᠃ ᠭᠤᠶᠤᠴᠢᠯᠠᠨ ᠡᠷᠬᠢᠯᠡᠬᠦ ᠪᠠᠶ᠋ᠢᠭᠤᠯᠥᠮᠵᠢ᠎ᠨᠢ ᠠᠵᠦ ᠠᠬᠤᠶ᠋ᠢᠯᠠᠯ᠎ᠤᠨ ᠨᠢᠭᠡᠴᠢ ᠪᠠᠶ᠋ᠢᠪᠠᠯ᠂ ᠬᠤᠪᠢ ᠣᠷᠣᠭᠤᠯᠥᠠᠠᠴᠢ ᠵᠢᠨ ᠠᠬᠤᠢ ᠪᠠᠶ᠋ᠢᠳᠡᠯ᠎ᠤᠨ ᠲᠣᠳᠣᠷᠬᠠᠶ᠋ᠢᠯᠠᠯᠳᠡ ᠵᠢ ᠬᠠᠩᠭ᠋ᠠᠬᠤ ᠭᠡᠷᠡᠭᠳᠡᠢ;
(ᠭᠤᠷᠪᠠ) 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠤᠨ ᠭᠤᠶᠤᠴᠢᠯᠠᠯ᠎ᠤᠨ ᠬᠦᠰᠦᠨᠦᠭᠲᠦ;
(ᠲᠦᠷᠪᠡ) ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠬᠢᠬᠦ ᠮᠡᠷᠭᠡᠵᠢᠯ᠎ᠤᠨ ᠲᠥᠰᠦᠯ᠂ ᠡᠵᠡᠩᠨᠡᠬᠦ ᠲᠥᠰᠦᠯ᠂ ᠬᠠᠮᠢᠶᠠᠷᠤᠯᠲᠠ ᠵᠢᠨ ᠲᠦᠷᠢᠮ;
(ᠲᠠᠪᠤ) ᠷᠠᠳᠢᠣ᠋ ᠲᠧᠯᠸᠢᠰ᠎ᠤᠨ ᠫᠷᠤᠭ᠌ᠷᠠᠮ᠎ᠢ ᠠᠮᠤᠷ ᠲᠦᠪᠰᠢᠨ ᠵᠶ᠋ᠠᠷ ᠲᠠᠮᠵᠢᠭᠤᠯᠬᠤ ᠲᠦᠰᠦᠯ;
(ᠵᠢᠷᠭᠤᠭ᠎ᠠ) ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠤᠬᠢᠶᠠᠨ᠎ᠤ ᠢᠷᠡᠯᠲᠡ ᠵᠢᠨ ᠬᠣᠯᠪᠣᠭᠳᠠᠯ ᠪᠦᠬᠦᠢ ᠮᠠᠲ᠋ᠧᠷᠢᠶᠠᠯ᠃
ᠠᠷᠪᠠᠳᠤᠭ᠋ᠠᠷ ᠵᠣᠷᠪᠣᠰ᠂ ᠤᠲᠠᠰᠤᠲᠤ ᠠᠷᠭ᠎ᠠ ᠬᠡᠯᠪᠡᠷᠢ ᠵᠢ ᠠᠰᠢᠭᠯᠠᠨ ᠮᠤᠵᠢ ᠠᠯᠤᠰᠯᠠᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠬᠢᠬᠦ᠎ᠪᠠᠷ ᠭᠤᠶᠤᠴᠢᠯᠠᠬᠤ᠎ᠳᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠭᠤᠶᠤᠴᠢᠯᠠᠯ ᠭᠠᠷᠭ᠋ᠠᠬᠤ ᠵᠢᠨ ᠬᠠᠮᠲᠤ ᠲᠤᠰ ᠠᠷᠭ᠎ᠠ ᠵᠢᠨ ᠶᠢᠰᠦᠳᠦᠭᠡᠷ ᠵᠣᠷᠪᠣᠰ᠎ᠲᠤ ᠲᠣᠭᠲᠠᠭ᠋ᠠᠭᠰᠠᠨ ᠮᠡᠳᠡᠭᠦᠯᠬᠦ ᠮᠠᠲ᠋ᠧᠷᠢᠶᠠᠯ ᠵᠶ᠋ᠠᠨ ᠳᠡᠪᠰᠢᠭᠦᠯᠦᠨ ᠲᠤᠰᠢᠶᠠᠵᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠬᠢᠨᠠᠨ ᠵᠥᠪᠢᠶᠡᠷᠡᠭᠦᠯᠬᠦ ᠬᠡᠷᠡᠭᠲᠡᠶ᠃
ᠤᠲᠠᠰᠤᠲᠤ ᠠᠷᠭ᠎ᠠ ᠬᠡᠯᠪᠡᠷᠢ ᠵᠢ ᠠᠰᠢᠭᠯᠠᠨ ᠮᠤᠵᠢ ᠵᠢᠨ ᠱᠠᠲᠤᠨ᠎ᠤ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠡᠷᠬᠢᠯᠡᠬᠦ᠎ᠪᠠᠷ ᠭᠤᠶᠤᠴᠢᠯᠠᠬᠤ᠎ᠳᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ ᠲᠤᠰ ᠠᠷᠭ᠎ᠠ ᠵᠢᠨ ᠶᠢᠰᠦᠳᠦᠭᠡᠷ ᠵᠣᠷᠪᠣᠰ᠎ᠤᠨ ᠲᠣᠭᠲᠠᠭ᠋ᠠᠯ᠎ᠳᠤ ᠨᠡᠶ᠋ᠢᠴᠡᠬᠦ ᠮᠡᠳᠡᠭᠦᠯᠬᠦ ᠮᠠᠲ᠋ᠧᠷᠢᠶᠠᠯ ᠵᠶ᠋ᠠᠨ ᠳᠡᠪᠰᠢᠭᠦᠯᠦᠨ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠭᠦᠯᠬᠦ ᠬᠡᠷᠡᠭᠲᠡᠶ᠃
ᠠᠷᠪᠠᠨ ᠨᠢᠭᠡᠳᠦᠭᠡᠷ ᠵᠣᠷᠪᠣᠰ᠂ ᠬᠠᠷᠢᠭᠤᠴᠠᠵᠤ ᠬᠦᠯᠢᠶᠡᠨ ᠠᠪᠴᠤ ᠰᠢᠢ᠍ᠳᠪᠦᠷᠢᠯᠡᠬᠦ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ᠎ᠳᠤ ᠲᠣᠭᠲᠠᠭ᠋ᠠᠭᠰᠠᠨ ᠴᠠᠭ᠎ᠤᠨ ᠬᠢᠵᠠᠭ᠋ᠠᠷ ᠪᠣᠯᠤᠨ ᠡᠷᠬᠡ ᠮᠡᠳᠡᠯ᠎ᠤᠨ ᠶᠣᠰᠣᠭ᠋ᠠᠷ᠂ ᠬᠦᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠬᠡᠷᠡᠭᠲᠡᠶ᠃ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ ᠬᠣᠷᠢᠨ ᠡᠳᠦᠷ᠎ᠤᠨ ᠳᠣᠲᠣᠷ᠎ᠠ ᠵᠥᠪᠰᠢᠶᠡᠷᠡᠬᠦ ᠪᠤᠶᠤ ᠵᠥᠪᠰᠢᠶᠡᠷᠡᠬᠦ ᠦᠭᠡᠶ ᠭᠡᠰᠡᠨ ᠲᠣᠭᠲᠠᠭ᠋ᠠᠯ᠎ᠢ ᠭᠠᠷᠭ᠋ᠠᠬᠤ ᠬᠡᠷᠡᠭᠲᠡᠶ᠃ ᠬᠣᠷᠢᠨ ᠡᠳᠦᠷ᠎ᠤᠨ ᠳᠣᠲᠣᠷ᠎ᠠ ᠲᠣᠭᠲᠠᠭ᠋ᠠᠯ ᠭᠠᠷᠭ᠋ᠠᠵᠤ ᠳᠡᠶ᠋ᠢᠯᠬᠦ ᠦᠭᠡᠶ ᠪᠣᠯ ᠲᠤᠰ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ ᠠᠷᠪᠠᠨ ᠡᠳᠦᠷ ᠤᠷᠲᠤᠳᠬᠠᠵᠤ ᠪᠣᠯᠬᠤ ᠪᠥᠭᠡᠳ ᠬᠤᠭᠤᠴᠠᠭ᠎ᠠ ᠵᠢ᠎ᠨᠢ ᠤᠷᠲᠤᠳᠬᠠᠭᠰᠠᠨ ᠰᠢᠯᠲᠠᠭ᠋ᠠᠨ ᠵᠶ᠋ᠠᠨ ᠭᠤᠶᠤᠴᠢᠯᠠᠯ᠎ᠤᠨ ᠪᠠᠶ᠋ᠢᠭᠤᠯᠤᠮᠵᠢ᠎ᠳᠤ ᠮᠡᠳᠡᠭᠳᠡᠬᠦ ᠬᠡᠷᠡᠭᠲᠡᠶ᠃ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠵᠤ ᠬᠢᠨᠠᠨ ᠲᠣᠭᠲᠠᠭ᠋ᠠᠯᠭ᠋ᠠᠬᠤ ᠴᠢᠬᠤᠯᠠᠲᠠᠶ ᠪᠠᠶ᠋ᠢᠪᠠᠯ᠂ ᠬᠢᠨᠠᠨ ᠲᠣᠭᠲᠠᠭ᠋ᠠᠬᠤ ᠬᠤᠭᠤᠴᠠᠭ᠎ᠠ᠎ᠨᠢ ᠭᠤᠴᠢᠨ ᠡᠳᠦᠷ ᠪᠣᠯᠤᠨ᠎ᠠ᠃
ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠤᠯᠢ᠎ᠪᠠᠷ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ᠎ᠳᠤᠨᠢ ᠵᠥᠪᠰᠢᠶᠡᠷᠡᠯ ᠣᠯᠭᠣᠵᠤ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠢ ᠣᠯᠭᠣᠨ᠎ᠠ᠂ ᠬᠠᠤᠯᠢ ᠶᠣᠰᠣᠭ᠋ᠠᠷ ᠵᠥᠪᠰᠢᠶᠡᠷᠡᠬᠦ ᠦᠭᠡᠶ ᠲᠣᠭᠲᠠᠭ᠋ᠠᠯ ᠭᠠᠷᠭ᠋ᠠᠭᠰᠠᠨ ᠪᠣᠯ ᠭᠤᠶᠤᠴᠢᠯᠠᠯ᠎ᠤᠨ ᠪᠠᠶ᠋ᠢᠭᠤᠯᠤᠮᠵᠢ᠎ᠳᠤ ᠪᠢᠴᠢᠭ ᠵᠶ᠋ᠠᠷ ᠮᠡᠳᠡᠭᠳᠡᠬᠦ ᠵᠢᠨ ᠬᠠᠮᠲᠤ ᠰᠢᠯᠲᠠᠭ᠋ᠠᠨ᠎ᠢ᠎ᠨᠢ ᠲᠣᠳᠣᠷᠬᠠᠶ᠋ᠢᠯᠠᠬᠤ ᠬᠡᠷᠡᠭᠲᠡᠶ᠃
ᠠᠷᠪᠠᠨ ᠬᠤᠶᠠᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ》᠎ᠳᠤ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠮᠡᠷᠭᠡᠵᠢᠯ᠎ᠤᠨ ᠠᠷᠭ᠎ᠠ ᠪᠠᠷᠢᠯ᠂ ᠳᠠᠮᠵᠢᠭᠤᠯᠬᠤ ᠠᠷᠭ᠎ᠠ ᠬᠡᠯᠪᠡᠷᠢ ᠵᠡᠷᠭᠡ ᠵᠦᠢ᠍ᠯᠡᠰ᠎ᠢ ᠪᠠᠭᠲᠠᠭ᠋ᠠᠵᠤ᠂ ᠬᠦᠴᠦᠨ ᠪᠦᠬᠦᠢ ᠬᠤᠭᠤᠴᠠᠭ᠎ᠠ᠎ᠨᠢ ᠭᠤᠷᠪᠠᠨ ᠵᠢᠯ ᠪᠣᠯᠤᠨ᠎ᠠ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠪᠣᠳᠣᠨ᠎ᠠ᠃ ᠬᠦᠴᠦᠨ ᠪᠦᠬᠦᠢ ᠬᠤᠭᠤᠴᠠᠭ᠎ᠠ᠎ᠨᠢ ᠲᠤᠯᠤᠭ᠋ᠠᠳ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠦᠷᠭᠦᠯᠵᠢᠯᠡᠭᠦᠯᠬᠦ ᠴᠢᠬᠤᠯᠠᠲᠠᠶ ᠪᠣᠯ᠂ ᠵᠥᠪᠰᠢᠶᠡᠷᠡᠯ᠎ᠤᠨ ᠦᠨᠡᠮᠯᠡᠯ᠎ᠤᠨ ᠬᠦᠴᠦᠨ ᠪᠦᠬᠦᠢ ᠬᠤᠭᠤᠴᠠᠭ᠎ᠠ᠎ᠨᠢ ᠲᠤᠯᠬᠤ᠎ᠠᠴᠠ ᠵᠢᠷᠠᠨ ᠡᠳᠦᠷ᠎ᠤᠨ ᠡᠮᠦᠨ᠎ᠡ᠂ ᠲᠤᠰ ᠠᠷᠭ᠎ᠠ ᠵᠢᠨ ᠵᠢᠷᠭᠤᠳᠤᠭ᠋ᠠᠷ ᠵᠣᠷᠪᠣᠰ᠂ ᠨᠠᠢ᠍ᠮᠠᠳᠤᠭ᠋ᠠᠷ ᠵᠣᠷᠪᠣᠰ᠂ ᠶᠢᠰᠦᠳᠦᠭᠡᠷ ᠵᠣᠷᠪᠣᠰ᠂ ᠠᠷᠪᠠᠳᠤᠭ᠋ᠠᠷ ᠵᠣᠷᠪᠣᠰ᠎ᠤᠨ ᠲᠣᠭᠲᠠᠭ᠋ᠠᠯ ᠶᠣᠰᠣᠭ᠋ᠠᠷ ᠦᠷᠭᠦᠯᠵᠢᠯᠡᠭᠦᠯᠬᠦ ᠭᠤᠶᠤᠴᠢᠯᠠᠯ ᠭᠠᠷᠭ᠋ᠠᠵᠤ᠂ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠵᠥᠪᠰᠢᠶᠡᠷᠡᠯ᠎ᠤᠨ ᠦᠨᠡᠮᠯᠡᠯ ᠵᠶ᠋ᠠᠨ ᠰᠣᠯᠢᠵᠤ ᠣᠯᠭᠣᠨ᠎ᠠ᠃ ᠬᠢᠨᠠᠨ ᠬᠠᠷᠭᠤᠭᠤᠯᠤᠭ᠋ᠠᠳ ᠦᠷᠭᠦᠯᠵᠢᠯᠡᠭᠦᠯᠬᠦ ᠨᠥᠬᠥᠴᠡᠯ᠎ᠳᠤ ᠨᠡᠶ᠋ᠢᠴᠡᠬᠦ ᠦᠭᠡᠶ ᠪᠣᠯ ᠦᠨᠡᠮᠯᠡᠯ ᠰᠣᠯᠢᠵᠤ ᠣᠯᠭᠣᠬᠣ ᠦᠭᠡᠶ᠃
ᠦᠨᠡᠮᠯᠡᠯ᠎ᠲᠠᠢ ᠪᠠᠶ᠋ᠢᠭᠤᠯᠤᠮᠵᠢ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ᠋ᠢᠯᠠᠭᠰᠠᠨ ᠵᠦᠢ᠍ᠯᠡᠰ᠎ᠤᠨ ᠶᠣᠰᠣᠭ᠋ᠠᠷ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠬᠢᠬᠦ ᠬᠡᠷᠡᠭᠲᠡᠶ᠃
ᠠᠷᠪᠠᠨ ᠭᠤᠷᠪᠠᠳᠤᠭ᠋ᠠᠷ ᠵᠣᠷᠪᠣᠰ᠂ ᠦᠨᠡᠮᠯᠡᠯ᠎ᠲᠠᠢ ᠪᠠᠶ᠋ᠢᠭᠤᠯᠤᠮᠵᠢ ᠬᠤᠪᠢ ᠣᠷᠣᠭᠤᠯᠤᠭᠴᠢ᠂ ᠰᠲ᠋ᠣᠺ ᠡᠵᠡᠮᠳᠡᠬᠦ ᠬᠠᠷᠢᠴᠠᠯ ᠵᠶ᠋ᠠᠨ ᠬᠤᠪᠢᠷᠠᠭᠤᠯᠵᠤ᠂ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ᠋ᠢᠯᠠᠭᠰᠠᠨ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠳᠠᠮᠵᠢᠭᠤᠯᠬᠤ ᠠᠴᠢᠶᠠᠯᠠᠪᠤᠷᠢ᠂ ᠮᠡᠷᠭᠡᠵᠢᠯ᠎ᠤᠨ ᠠᠷᠭ᠎ᠠ ᠪᠠᠷᠢᠯ ᠵᠢᠴᠢ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠡᠷᠬᠢᠯᠡᠬᠦ᠎ᠪᠠᠨ ᠵᠣᠭᠰᠣᠭ᠋ᠠᠬᠤ᠎ᠳᠤ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠤᠷᠢᠳᠴᠢᠯᠠᠨ ᠵᠢᠷᠠᠨ ᠡᠳᠦᠷ᠎ᠤᠨ ᠰᠣᠨᠢᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃ ᠤᠯᠤᠰ᠎ᠠᠴᠠ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠵᠣᠭᠰᠣᠭ᠋ᠠᠬᠤ ᠲᠤᠬᠠᠶ ᠪᠤᠰᠤᠳ ᠲᠣᠭᠲᠠᠭ᠋ᠠᠯ᠎ᠲᠠᠢ ᠪᠣᠯ ᠪᠠᠰᠠ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
ᠦᠨᠡᠮᠯᠡᠯ᠎ᠲᠠᠢ ᠪᠠᠶ᠋ᠢᠭᠤᠯᠤᠮᠵᠢ ᠵᠢᠨ ᠡᠵᠡᠩᠨᠡᠯᠲᠡ ᠵᠢᠨ ᠭᠠᠵᠠᠷ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ᠎ᠨᠢ ᠬᠤᠪᠢᠷᠠᠯᠲᠠ ᠭᠠᠷᠪᠠᠯ᠂ ᠬᠤᠪᠢᠷᠠᠭ᠋ᠠᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠤᠤᠯ᠎ᠤᠨ ᠦᠨᠡᠮᠯᠡᠯ ᠣᠯᠭᠣᠭᠰᠠᠨ ᠪᠠᠶ᠋ᠢᠭᠤᠯᠭ᠎ᠠ᠎ᠳᠤ ᠳᠠᠩᠰᠠᠯᠠᠭᠤᠯᠬᠤ ᠬᠡᠷᠡᠭᠲᠡᠶ᠃
ᠭᠤᠷᠪᠠᠳᠤᠭ᠋ᠠᠷ ᠪᠦᠯᠦᠭ᠂ ᠳᠠᠮᠵᠢᠭᠤᠯᠭ᠎ᠠ ᠵᠢᠨ ᠬᠠᠮᠢᠶᠠᠷᠣᠯᠳᠠ
ᠠᠷᠪᠠᠨ ᠳᠥᠷᠪᠡᠳᠦᠭᠡᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠬᠢᠵᠦ ᠪᠠᠶ᠋ᠢᠭ᠎ᠠ ᠪᠠᠶ᠋ᠢᠭᠤᠯᠤᠮᠵᠢ᠎ᠨᠢ 《ᠷᠠᠳᠢᠣ᠋ ᠲᠧᠯᠸᠢᠰ᠎ᠤᠨ ᠰᠤᠪᠠᠭ᠎ᠤᠨ ᠨᠡᠪᠲᠡᠷᠡᠭᠦᠯᠬᠦ ᠵᠥᠪᠰᠢᠶᠡᠷᠡᠯ᠎ᠤᠨ ᠦᠨᠡᠮᠯᠡᠯ》᠎ᠳᠤ ᠲᠣᠭᠲᠠᠭ᠋ᠠᠭᠰᠠᠨ ᠳᠠᠮᠵᠢᠭᠤᠯᠬᠤ ᠪᠦᠷᠬᠦᠴᠡ ᠵᠢᠨ ᠬᠡᠪᠴᠢᠶᠡᠨ ᠳᠣᠲᠣᠷ᠎ᠠ ᠰᠤᠪᠠᠭ᠎ᠤᠨ ᠫᠷᠦᠭᠷᠠᠮᠢ ᠳᠠᠮᠵᠢᠭᠤᠯᠬᠤ ᠬᠡᠷᠡᠭᠲᠡᠶ᠃
ᠠᠷᠪᠠᠨ ᠲᠠᠪᠤᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ᠎ᠨᠢ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠵᠥᠪᠰᠢᠶᠡᠷᠡᠯ ᠣᠯᠤᠭ᠋ᠠᠳᠤᠶ ᠪᠠᠶ᠋ᠢᠭᠤᠯᠤᠮᠵᠢ᠎ᠪᠠᠷ ᠳᠠᠮᠵᠢᠭᠤᠯᠤᠨ ᠫᠷᠤᠭ᠌ᠷᠠᠮ᠎ᠤᠨ ᠳᠣᠬᠢᠶ᠎ᠠ ᠵᠢ ᠳᠠᠮᠵᠢᠭᠤᠯᠵᠤ ᠪᠣᠯᠬᠤ ᠦᠭᠡᠶ᠃
ᠠᠷᠪᠠᠨ ᠵᠢᠷᠭᠤᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠠᠶ᠋ᠢᠭ᠎ᠠ ᠪᠠᠶ᠋ᠢᠭᠤᠯᠤᠮᠵᠢ᠎ᠨᠤᠭᠤᠳ ᠪᠠᠶ᠋ᠢᠭ᠎ᠠ ᠲᠣᠤᠷ ᠰᠦᠯᠵᠢᠶ᠎ᠡ ᠪᠤᠶᠤ ᠳᠠᠪᠲᠠᠮᠵᠢ ᠵᠢᠨ ᠡᠬᠢ ᠪᠠᠶᠠᠯᠢᠭ ᠵᠶ᠋ᠠᠨ ᠠᠰᠢᠭᠯᠠᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠤᠷ᠎ᠠ᠎ᠪᠠᠷ ᠵᠶ᠋ᠠᠨ ᠨᠡᠭᠡᠭᠡᠨ ᠡᠷᠬᠢᠯᠡᠵᠦ ᠪᠣᠯᠬᠤ ᠦᠭᠡᠶ᠂ ᠬᠠᠤᠯᠢ ᠪᠤᠰᠤ᠎ᠪᠠᠷ ᠡᠷᠬᠢᠯᠡᠭᠰᠡᠨ ᠫᠷᠤᠭ᠌ᠷᠠᠮ ᠵᠢᠴᠢ ᠢᠷᠡᠯᠲᠡ᠎ᠨᠢ ᠬᠠᠤᠯᠢ ᠪᠤᠰᠤ ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠣᠬᠢᠶ᠎ᠠ ᠵᠢ ᠳᠠᠮᠵᠢᠭᠤᠯᠬᠤ ᠦᠢ᠍ᠯᠡᠴᠢᠯᠡᠭᠡ ᠵᠢ ᠬᠠᠩᠭ᠋ᠠᠵᠤ ᠪᠣᠯᠬᠤ ᠦᠭᠡᠶ᠂ ᠬᠢᠯᠢ ᠵᠢᠨ ᠭᠠᠳᠠᠨᠠᠬᠢ ᠳᠠᠭ᠋ᠠᠭᠤᠯᠢ ᠣᠳᠣᠨ ᠲᠧᠯᠸᠢᠰ᠎ᠤᠨ ᠫᠷᠤᠭ᠌ᠷᠠᠮ᠎ᠢ ᠳᠤᠷ᠎ᠠ᠎ᠪᠠᠷ ᠵᠶ᠋ᠠᠨ ᠳᠠᠮᠵᠢᠭᠤᠯᠵᠤ ᠪᠣᠯᠬᠤ ᠦᠭᠡᠶ᠃
ᠠᠷᠪᠠᠨ ᠳᠣᠯᠣᠳᠤᠭ᠋ᠠᠷ ᠵᠣᠷᠪᠣᠰ᠂ ᠳᠣᠤᠷᠠᠬᠢ ᠠᠭᠤᠯᠭ᠎ᠠ ᠵᠢ ᠪᠠᠭᠲᠠᠭ᠋ᠠᠭᠰᠠᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠣᠬᠢᠶ᠎ᠠ ᠵᠢ ᠳᠠᠮᠵᠢᠭᠤᠯᠬᠤ ᠵᠢ ᠬᠣᠷᠢᠭᠯᠠᠨ᠎ᠠ᠄
(ᠨᠢᠭᠡ) ᠦᠨᠳᠦᠰᠦᠨ ᠬᠠᠤᠯᠢ᠎ᠳᠤ ᠲᠣᠭᠲᠠᠭ᠋ᠠᠭᠰᠠᠨ ᠦᠨᠳᠦᠰᠦᠨ ᠵᠠᠷᠴᠢᠮ᠎ᠢ ᠵᠥᠷᠢᠴᠡᠵᠦ᠂ ᠦᠨᠳᠦᠰᠦᠨ ᠬᠠᠤᠯᠢ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠬᠡᠷᠡᠭᠵᠢᠭᠦᠯᠦᠯᠲᠡ ᠵᠢ ᠥᠳᠥᠭᠡᠵᠦ ᠡᠰᠡᠷᠭᠦᠴᠡᠬᠦ ᠪᠤᠶᠤ ᠡᠪᠳᠡᠬᠦ;
(ᠬᠤᠶᠠᠷ) ᠤᠯᠤᠰ ᠣᠷᠣᠨ᠎ᠤ ᠨᠢᠭᠡᠳᠦᠯ᠂ ᠡᠷᠬᠡ ᠮᠡᠳᠡᠯ ᠪᠣᠯᠣᠨ ᠨᠤᠲᠤᠭ ᠳᠡᠪᠢᠰᠭᠡᠷ᠎ᠤᠨ ᠪᠦᠷᠢᠨ ᠪᠦᠲᠦᠨ᠎ᠳᠤ ᠬᠣᠣᠷ ᠬᠥᠨᠥᠭᠡᠯ ᠤᠴᠠᠷᠠᠭᠤᠯᠬᠤ;
(ᠭᠤᠷᠪᠠ) ᠤᠯᠤᠰ᠎ᠤᠨ ᠨᠢᠭᠤᠴᠠ ᠵᠢ ᠵᠠᠳᠠᠷᠠᠭᠤᠯᠵᠤ᠂ ᠤᠯᠤᠰ᠎ᠤᠨ ᠠᠮᠤᠷ ᠲᠦᠪᠰᠢᠨ᠎ᠳᠤ ᠬᠣᠣᠷ ᠬᠥᠨᠥᠭᠡᠯ ᠤᠴᠠᠷᠠᠭᠤᠯᠬᠤ ᠪᠤᠶᠤ ᠤᠯᠤᠰ᠎ᠤᠨ ᠨᠡᠷ᠎ᠡ ᠬᠦᠨᠳᠦ᠂ ᠠᠯᠳᠠᠷ ᠬᠦᠨᠳᠦ ᠪᠠ ᠠᠰᠢᠭ ᠲᠤᠰᠠ ᠵᠢ ᠬᠣᠬᠢᠷᠠᠭᠤᠯᠬᠤ;
(ᠲᠦᠷᠪᠡ) ᠦᠨᠳᠦᠰᠦᠲᠡᠨ᠎ᠤ ᠰᠢᠯᠢᠳᠡᠭ ᠰᠣᠶᠣᠯ᠎ᠤᠨ ᠤᠯᠠᠮᠵᠢᠯᠠᠯ᠎ᠢ ᠭᠦᠳᠬᠡᠨ᠂ ᠦᠨᠳᠦᠰᠦᠲᠡᠨ᠎ᠤ ᠥᠰᠢᠶ᠎ᠡ ᠬᠣᠷᠣᠰᠤᠯ᠂ ᠦᠨᠳᠦᠰᠦᠲᠡᠨ᠎ᠤ ᠭᠠᠳᠠᠭᠤᠷᠴᠢᠯᠠᠯ᠎ᠢ ᠥᠳᠥᠭᠡᠨ᠂ ᠦᠨᠳᠦᠰᠦᠲᠡᠨ᠎ᠤ ᠵᠠᠩ ᠵᠠᠩᠰᠢᠯ᠎ᠢ ᠬᠣᠬᠢᠷᠠᠭᠤᠯᠵᠤ᠂ ᠦᠨᠳᠦᠰᠦᠲᠡᠨ᠎ᠤ ᠲᠡᠦᠬᠡ ᠪᠤᠶᠤ ᠦᠨᠳᠦᠰᠦᠲᠡᠨ᠎ᠤ ᠲᠡᠦᠬᠡᠨ ᠬᠥᠮᠦᠰ᠎ᠢ ᠭᠠᠵᠢᠭᠤᠳᠠᠭᠤᠯᠤᠨ᠂ ᠦᠨᠳᠦᠰᠦᠲᠡᠨ᠎ᠤ ᠬᠠᠶ᠋ᠢᠷ᠎ᠠ ᠰᠡᠳᠬᠢᠯᠭᠡ ᠵᠢ ᠬᠣᠬᠢᠷᠠᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ;
(ᠲᠠᠪᠤ) ᠤᠯᠤᠰ᠎ᠤᠨ ᠱᠠᠰᠢᠨ ᠰᠤᠷᠲᠠᠬᠤᠨ᠎ᠤ ᠲᠥᠷᠥ ᠵᠢᠨ ᠪᠣᠳᠣᠯᠭ᠎ᠠ ᠵᠢ ᠵᠥᠷᠢᠴᠡᠵᠦ᠂ ᠭᠠᠵᠢᠭᠤ ᠨᠣᠮᠯᠠᠯ᠂ ᠮᠤᠬᠤᠷ ᠪᠢᠰᠢᠷᠡᠯ᠎ᠢ ᠰᠤᠷᠲᠠᠯᠴᠢᠯᠠᠬᠤ;
(ᠵᠢᠷᠭᠤᠭ᠎ᠠ) ᠨᠡᠢ᠌ᠭᠡᠮ᠎ᠤᠨ ᠶᠣᠰᠣ ᠰᠤᠷᠲᠠᠬᠤᠨ᠎ᠳᠤ ᠬᠣᠣᠷ ᠬᠥᠨᠥᠭᠡᠯ ᠤᠴᠠᠷᠠᠭᠤᠯᠵᠤ᠂ ᠨᠡᠢ᠌ᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠵᠤ᠂ ᠨᠡᠢ᠌ᠭᠡᠮ᠎ᠤᠨ ᠲᠣᠭᠲᠠᠭᠤᠨ᠎ᠢ ᠡᠪᠳᠡᠵᠦ᠂ ᠱᠠᠯᠢᠭ ᠵᠠᠪᠬᠠᠢ᠂ ᠵᠣᠭᠣᠰ ᠮᠦᠷᠦᠢ᠌ᠴᠡᠬᠦ᠂ ᠬᠣᠣᠷ ᠲᠠᠲᠠᠬᠤ ᠵᠢ ᠤᠬᠠᠭᠤᠯᠵᠤ᠂ ᠬᠦᠴᠦᠷᠬᠡᠭᠯᠡᠯ᠂ ᠰᠦᠷᠳᠡᠭᠦᠯᠦᠯ᠎ᠢ ᠡᠷᠬᠢᠮᠯᠡᠨ᠂ ᠶᠠᠯ᠎ᠠ ᠬᠢᠬᠦ ᠵᠢ ᠵᠢᠭ᠋ᠠᠨ ᠳᠣᠬᠢᠵᠤ ᠪᠠᠢ᠌ᠭ᠋ᠠᠳ ᠶᠠᠯ᠎ᠠ ᠬᠢᠯᠭᠡᠬᠦ ᠪᠤᠶᠤ ᠶᠠᠯ᠎ᠠ ᠬᠢᠬᠦ ᠠᠷᠭ᠎ᠠ ᠵᠢ ᠤᠯᠠᠮᠵᠢᠯᠠᠬᠤ;
(ᠳᠤᠯᠤᠭ᠎ᠠ) ᠨᠠᠰᠤᠨ᠎ᠳᠤ ᠦᠯᠦ ᠬᠥᠷᠥᠭᠰᠡᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠬᠤ ᠪᠤᠶᠤ ᠨᠠᠰᠤᠨ᠎ᠳᠤ ᠦᠯᠦ ᠬᠥᠷᠥᠭᠰᠡᠳ᠎ᠤᠨ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠬᠣᠬᠢᠷᠠᠭᠤᠯᠬᠤ;
(ᠨᠠᠢ᠍ᠮᠠ) ᠪᠤᠰᠤᠳ᠎ᠢ ᠭᠤᠲᠤᠭ᠋ᠠᠬᠤ᠂ ᠭᠦᠳᠬᠡᠬᠦ ᠪᠤᠶᠤ ᠪᠤᠰᠤᠳ᠎ᠤᠨ ᠨᠢᠭᠤᠴᠠ ᠵᠢ ᠲᠠᠷᠬᠠᠭ᠋ᠠᠵᠤ᠂ ᠪᠤᠰᠤᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠬᠤ;
(ᠶᠢᠰᠦ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠬᠣᠷᠢᠭ᠋ᠠᠲᠠᠢ ᠪᠤᠰᠤᠳ ᠠᠭᠤᠯᠭ᠎ᠠ᠃
ᠠᠷᠪᠠᠨ ᠨᠠᠢ᠍ᠮᠠᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠠᠶ᠋ᠢᠭ᠎ᠠ ᠪᠠᠶ᠋ᠢᠭᠤᠯᠤᠮᠵᠢ ᠳᠤᠷ᠎ᠠ᠎ᠪᠠᠷ ᠵᠶ᠋ᠠᠨ ᠳᠠᠮᠵᠢᠭᠤᠯᠬᠤ ᠫᠷᠤᠭ᠌ᠷᠠᠮ᠎ᠳᠤ ᠪᠤᠰᠤᠳ ᠫᠷᠤᠭ᠌ᠷᠠᠮ᠂ ᠮᠠᠲ᠋ᠧᠷᠢᠶᠠᠯ᠂ ᠵᠢᠷᠤᠭ ᠳᠦᠷᠰᠦ᠂ ᠦᠰᠦᠭ ᠪᠢᠴᠢᠭ ᠵᠢᠴᠢ ᠪᠤᠰᠤᠳ ᠮᠡᠳᠡᠭᠡ ᠵᠠᠩᠭᠢ ᠵᠢ ᠵᠢᠭᠢᠷᠢᠭᠯᠡᠨ ᠨᠡᠪᠲᠡᠷᠡᠭᠦᠯᠵᠦ ᠪᠣᠯᠬᠤ ᠦᠭᠡᠶ᠃
ᠠᠷᠪᠠ ᠶᠢᠰᠦᠳᠦᠭᠡᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠡᠷᠬᠢᠯᠡᠵᠦ ᠪᠠᠶ᠋ᠢᠭ᠎ᠠ ᠪᠠᠶ᠋ᠢᠭᠤᠯᠤᠮᠵᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠭᠲᠠᠭ᠋ᠠᠭᠰᠠᠨ ᠡᠷᠬᠡᠪᠰᠢ ᠳᠠᠮᠵᠢᠭᠤᠯᠬᠤ ᠷᠠᠳᠢᠣ᠋ ᠲᠧᠯᠸᠢᠰ᠎ᠤᠨ ᠫᠷᠤᠭ᠌ᠷᠠᠮ᠎ᠢ ᠪᠦᠷᠢᠨ ᠪᠦᠲᠦᠨ ᠵᠶ᠋ᠠᠷ᠎ᠨᠢ ᠳᠠᠮᠵᠢᠭᠤᠯᠬᠤ ᠬᠡᠷᠡᠭᠲᠡᠶ᠃
ᠬᠣᠷᠢᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠬᠢᠵᠦ ᠪᠠᠶ᠋ᠢᠭ᠎ᠠ ᠪᠠᠶ᠋ᠢᠭᠤᠯᠤᠮᠵᠢ᠎ᠨᠢ ᠤᠷᠲᠤ ᠬᠤᠭᠤᠴᠠᠭ᠋ᠠᠨ᠎ᠤ ᠲᠣᠭᠲᠠᠭᠤᠨ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠶ᠃
ᠬᠣᠷᠢᠨ ᠨᠢᠭᠡᠳᠦᠭᠡᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠵᠦ ᠪᠠᠢ᠌ᠭ᠎ᠠ ᠪᠠᠶ᠋ᠢᠭᠤᠯᠤᠮᠵᠢ᠎ᠨᠢ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠬᠢᠨᠠᠨ ᠬᠡᠮᠵᠢᠬᠦ ᠪᠠᠶ᠋ᠢᠭᠤᠯᠤᠮᠵᠢ᠎ᠳᠤ ᠳᠠᠮᠵᠢᠭᠤᠯᠬᠤ ᠫᠷᠤᠭ᠌ᠷᠠᠮ᠎ᠤᠨ ᠪᠦᠷᠢᠨ ᠪᠦᠲᠦᠨ ᠳᠣᠬᠢᠶ᠎ᠠ ᠵᠢ ᠬᠠᠩᠭ᠋ᠠᠬᠤ ᠬᠡᠷᠡᠭᠲᠡᠶ᠂ ᠬᠢᠨᠠᠨ ᠬᠡᠮᠵᠢᠬᠦ ᠠᠵᠢᠯᠯᠠᠭ᠎ᠠ ᠵᠢ ᠨᠦᠯᠦᠭᠡᠯᠡᠬᠦ ᠪᠠ ᠬᠠᠷᠰᠢᠯᠠᠵᠤ ᠪᠣᠯᠬᠤ ᠦᠭᠡᠶ᠃
ᠳᠥᠷᠪᠡᠳᠦᠭᠡᠷ ᠪᠦᠯᠦᠭ᠂ ᠲᠣᠷᠭ᠋ᠠᠬᠤ ᠳᠦᠷᠢᠮ
ᠬᠣᠷᠢᠨ ᠬᠣᠶᠠᠳᠤᠭ᠋ᠠᠷ ᠵᠣᠷᠪᠣᠰ᠂ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠵᠦ᠂ ᠳᠤᠷ᠎ᠠ᠎ᠪᠠᠷ ᠵᠶ᠋ᠠᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠬᠢᠭᠰᠡᠨ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠡᠭᠦᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠬᠢᠭᠰᠡᠨ ᠲᠥᠬᠥᠭᠡᠷᠦᠮᠵᠢ ᠵᠢ᠎ᠨᠢ ᠬᠤᠷᠢᠶᠠᠨ ᠠᠪᠴᠤ᠂ ᠪᠡᠯᠡ ᠣᠷᠣᠭᠤᠯᠤᠯᠲᠠ ᠵᠢᠨ ᠶᠡᠷᠦᠩᠬᠡᠶ ᠲᠣᠭ᠎ᠠ ᠵᠢᠨ 1 ᠳᠡᠭᠢᠨ᠎ᠠᠴᠠ ᠳᠡᠭᠡᠭᠰᠢ 2 ᠳᠡᠭᠢᠨ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠰᠢᠢ᠍ᠳᠭᠡᠨ᠎ᠡ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠨ ᠭᠤᠷᠪᠠᠳᠤᠭ᠋ᠠᠷ ᠵᠣᠷᠪᠣᠰ᠂ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠰᠡᠷᠡᠮᠵᠢ ᠥᠭᠴᠦ᠂ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢ᠎ᠨᠢ ᠬᠤᠷᠢᠶᠠᠨ ᠠᠪᠬᠤ ᠵᠢᠨ ᠬᠠᠮᠲᠤ ᠬᠣᠶᠠᠷ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠡᠷᠬᠡᠪᠰᠢ ᠳᠠᠮᠵᠢᠭᠤᠯᠬᠤ ᠬᠡᠷᠡᠭᠲᠡᠢ ᠭᠡᠵᠦ ᠲᠣᠭᠲᠠᠭ᠋ᠠᠭᠰᠠᠨ ᠷᠠᠳᠢᠣ᠋ ᠲᠧᠯᠸᠢᠰ᠎ᠤᠨ ᠫᠷᠤᠭ᠌ᠷᠠᠮ᠎ᠢ ᠪᠦᠷᠢᠨ ᠪᠦᠲᠦᠨ ᠵᠶ᠋ᠡᠷ᠎ᠨᠢ ᠳᠠᠮᠵᠢᠭᠤᠯᠤᠭᠰᠠᠨ ᠦᠭᠡᠢ;
(ᠬᠤᠶᠠᠷ) ᠳᠠᠮᠵᠢᠭᠤᠯᠬᠤ ᠫᠷᠤᠭ᠌ᠷᠠᠮ᠎ᠳᠤ ᠳᠤᠷ᠎ᠠ᠎ᠪᠠᠷ ᠵᠶ᠋ᠠᠨ ᠫᠷᠤᠭ᠌ᠷᠠᠮ᠂ ᠮᠠᠲᠸᠷᠢᠶᠠᠯ᠂ ᠵᠢᠷᠤᠭ ᠳᠦᠷᠰᠦ᠂ ᠦᠰᠦᠭ ᠪᠢᠴᠢᠭ ᠵᠢᠴᠢ ᠪᠤᠰᠤᠳ ᠮᠡᠳᠡᠭᠡ ᠵᠠᠩᠭᠢ ᠵᠢ ᠵᠢᠭᠢᠷᠢᠭᠯᠡᠭᠰᠡᠨ;
(ᠭᠤᠷᠪᠠ) ᠵᠥᠪᠰᠢᠶᠡᠷᠡᠯ᠎ᠤᠨ ᠦᠨᠡᠮᠯᠡᠯ᠎ᠳᠤ ᠲᠣᠳᠤᠷᠬᠠᠢ ᠲᠡᠮᠳᠡᠭᠯᠡᠭᠰᠡᠨ ᠵᠦᠢ᠍ᠯᠡᠰ ᠵᠶ᠋ᠠᠨ ᠦᠯᠦ ᠵᠢᠷᠤᠮᠯᠠᠨ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠡᠷᠬᠢᠯᠡᠭᠰᠡᠨ;
(ᠲᠦᠷᠪᠡ) ᠦᠨᠡᠮᠯᠡᠯ᠎ᠲᠠᠢ ᠪᠠᠶ᠋ᠢᠭᠤᠯᠤᠮᠵᠢ᠎ᠨᠢ ᠬᠤᠪᠢ ᠣᠷᠣᠭᠤᠯᠤᠭᠴᠢ᠂ ᠬᠤᠪᠢ ᠡᠵᠡᠮᠳᠡᠬᠦ ᠬᠠᠷᠢᠴᠠᠯ ᠵᠶ᠋ᠠᠨ ᠬᠤᠪᠢᠷᠠᠭᠤᠯᠵᠤ᠂ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭᠯᠡᠭᠰᠡᠨ ᠳᠠᠮᠵᠢᠭᠤᠯᠬᠤ ᠠᠭᠤᠯᠭ᠎ᠠ᠂ ᠳᠠᠮᠵᠢᠭᠤᠯᠬᠤ ᠬᠡᠪᠴᠢᠶ᠎ᠡ᠂ ᠳᠠᠮᠵᠢᠭᠤᠯᠬᠤ ᠠᠴᠢᠶᠠᠯᠠᠪᠤᠷᠢ᠂ ᠮᠡᠷᠭᠡᠵᠢᠯ᠎ᠤᠨ ᠠᠷᠭ᠎ᠠ ᠪᠠᠷᠢᠯ ᠵᠢᠴᠢ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ ᠡᠷᠬᠢᠯᠡᠬᠦ᠎ᠪᠠᠨ ᠵᠣᠭᠰᠣᠭ᠋ᠠᠵᠤ᠂ ᠬᠢᠨᠠᠨ ᠵᠥᠪᠰᠢᠶᠡᠷᠡᠭᠦᠯᠬᠦ ᠭᠠᠷᠳᠠᠮ ᠬᠢᠭᠰᠡᠨ ᠦᠭᠡᠢ;
(ᠲᠠᠪᠤ) ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠠᠶ᠋ᠢᠭᠤᠯᠤᠭᠰᠠᠨ ᠬᠢᠨᠠᠨ ᠬᠡᠮᠵᠢᠬᠦ ᠪᠠᠶ᠋ᠢᠭᠤᠯᠤᠮᠵᠢ ᠵᠢᠨ ᠳᠠᠮᠵᠢᠭᠤᠯᠬᠤ ᠫᠷᠤᠭ᠌ᠷᠠᠮ᠎ᠳᠤ ᠪᠦᠷᠢᠨ ᠪᠦᠲᠦᠨ ᠳᠣᠬᠢᠶ᠎ᠠ ᠬᠠᠩᠭ᠋ᠠᠭᠰᠠᠨ ᠦᠭᠡᠶ ᠪᠤᠶᠤ ᠬᠢᠨᠠᠨ ᠬᠡᠮᠵᠢᠬᠦ ᠠᠵᠢᠯᠯᠠᠭ᠎ᠠ ᠵᠢ ᠨᠦᠯᠦᠭᠡᠯᠡᠵᠦ ᠬᠠᠷᠰᠢᠯᠠᠭᠰᠠᠨ᠃
ᠬᠣᠷᠢᠨ ᠳᠥᠷᠪᠡᠳᠦᠭᠡᠷ ᠵᠣᠷᠪᠣᠰ᠂ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠳᠣᠤᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ᠎ᠨᠢ ᠵᠣᠭᠰᠣᠭ᠋ᠠᠵᠤ᠂ ᠰᠡᠷᠡᠮᠵᠢ ᠥᠭᠴᠦ᠂ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢ᠎ᠨᠢ ᠬᠤᠷᠢᠶᠠᠨ ᠠᠪᠬᠤ ᠵᠢᠨ ᠬᠠᠮᠲᠤ ᠬᠣᠶᠠᠷ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ᠂ ᠤᠤᠯ᠎ᠤᠨ ᠦᠨᠡᠮᠯᠡᠯ ᠣᠯᠭᠣᠭᠰᠠᠨ ᠪᠠᠶ᠋ᠢᠭᠤᠯᠭ᠎ᠠ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠶ ᠪᠣᠯᠭ᠋ᠠᠨ᠎ᠠ᠃ ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄
(ᠨᠢᠭᠡ) ᠳᠤᠷ᠎ᠠ᠎ᠪᠠᠷ ᠵᠶ᠋ᠠᠨ ᠷᠠᠳᠢᠣ᠋ ᠲᠧᠯᠸᠢᠰ᠎ᠤᠨ ᠫᠷᠤᠭ᠌ᠷᠠᠮ ᠡᠷᠬᠢᠯᠡᠭᠰᠡᠨ᠃
(ᠬᠤᠶᠠᠷ) ᠬᠠᠤᠯᠢ ᠪᠤᠰᠤ᠎ᠪᠠᠷ ᠡᠷᠬᠢᠯᠡᠭᠰᠡᠨ ᠫᠷᠤᠭ᠌ᠷᠠᠮ ᠵᠢᠴᠢ ᠬᠠᠤᠯᠢ ᠪᠤᠰᠤ ᠵᠢᠨ ᠢᠷᠡᠯᠲᠡ᠎ᠲᠠᠢ ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠣᠬᠢᠶ᠎ᠠ ᠵᠢ ᠳᠠᠮᠵᠢᠭᠤᠯᠬᠤ ᠦᠢ᠍ᠯᠡᠴᠢᠯᠡᠭᠡ ᠵᠢ ᠬᠠᠩᠭ᠋ᠠᠭᠰᠠᠨ;
(ᠭᠤᠷᠪᠠ) ᠬᠢᠯᠢ ᠵᠢᠨ ᠭᠠᠳᠠᠨᠠᠬᠢ ᠳᠠᠭ᠋ᠠᠭᠤᠯᠢ ᠣᠳᠣᠨ᠎ᠤ ᠲᠸᠯᠸᠢᠰ ᠫᠷᠤᠭ᠌ᠷᠠᠮ᠎ᠢ ᠳᠤᠷ᠎ᠠ᠎ᠪᠠᠷ ᠵᠶ᠋ᠠᠨ ᠳᠠᠮᠵᠢᠭᠤᠯᠤᠭᠰᠠᠨ᠃
ᠲᠠᠪᠤᠳᠤᠭ᠋ᠠᠷ ᠪᠦᠯᠦᠭ᠂ ᠳᠠᠭ᠋ᠠᠯᠳᠤᠭᠤᠯᠤᠯ ᠳᠦᠷᠢᠮ
ᠬᠣᠷᠢᠨ ᠲᠠᠪᠤᠳᠤᠭ᠋ᠠᠷ ᠵᠣᠷᠪᠣᠰ᠂ ᠲᠤᠰ ᠠᠷᠭ᠎ᠠ᠎ᠳᠤ ᠬᠡᠯᠡᠵᠦ ᠪᠠᠶ᠋ᠢᠭ᠎ᠠ 《ᠠᠷᠪᠠᠨ ᠡᠳᠦᠷ》 《ᠬᠣᠷᠢᠨ ᠡᠳᠦᠷ》 《ᠭᠤᠴᠢᠨ ᠡᠳᠦᠷ》 ᠭᠡᠳᠡᠭ᠎ᠨᠢ ᠠᠵᠢᠯᠯᠠᠬᠤ ᠡᠳᠦᠷ᠎ᠢ ᠵᠢᠭ᠋ᠠᠵᠤ ᠪᠤᠶ᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠶ᠃
ᠬᠣᠷᠢᠨ ᠵᠢᠷᠭᠤᠳᠤᠭ᠋ᠠᠷ ᠵᠣᠷᠪᠣᠰ᠂ ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠳᠠ ᠵᠢᠨ ᠠᠷᠭ᠎ᠠ》 (ᠤᠯᠤᠰ᠎ᠤᠨ ᠷᠠᠳᠢᠤ᠋ ᠺᠢᠨᠤ᠋ ᠲᠧᠯᠸᠢᠰ᠎ᠤᠨ ᠶᠡᠷᠦᠩᠬᠡᠢ ᠲᠤᠪᠴᠢᠶ᠎ᠠ ᠵᠢᠨ ᠵᠠᠷᠯᠢᠭ 33 ᠳ᠋ᠤᠭ᠋ᠠᠷ ᠲᠤᠭ᠋ᠠᠳᠤ) ᠵᠢ ᠬᠠᠮᠳᠤ᠎ᠳᠤᠨᠢ ᠬᠦᠴᠦᠨ ᠦᠬᠡᠢ ᠪᠣᠯᠭ᠋ᠠᠨ᠎ᠠ᠃