ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠵᠠᠷᠯᠢᠭ13 ᠳ᠋ᠤᠭ᠋ᠠᠷ ᠲᠣᠭ᠋ᠠᠲᠤ
《ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠰᠦᠯᠵᠢᠶᠡᠨ᠎ᠤ ᠬᠠᠮᠢᠶᠠᠷᠤᠯᠲᠠ ᠵᠢᠨ ᠠᠷᠭ᠎ᠠ》 ᠵᠢ 2022 ᠣᠨ᠎ᠤ 9 ᠳ᠋ᠦ᠍ᠭᠡᠷ ᠰᠠᠷ᠎ᠠ ᠵᠢᠨ 22᠎ᠤ ᠡᠳᠦᠷ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠪᠴᠢᠶ᠎ᠠ ᠵᠢᠨ ᠶᠠᠪᠤᠳᠠᠯ᠎ᠤᠨ ᠬᠤᠷᠠᠯ᠎ᠠᠴᠠ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠪᠡ᠂ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠣᠪᠴᠢᠶᠠᠨ ᠳᠠᠷᠤᠭ᠎ᠠ᠄ ᠰᠢᠤᠢ ᠯᠢᠨ
2022 ᠣᠨ᠎ᠤ 9 ᠳ᠋ᠦ᠍ᠭᠡᠷ ᠰᠠᠷ᠎ᠠ ᠵᠢᠨ 26᠎ᠤ ᠡᠳᠦᠷ
ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠰᠦᠯᠵᠢᠶᠡᠨ᠎ᠤ ᠬᠠᠮᠢᠶᠠᠷᠤᠯᠲᠠ ᠵᠢᠨ ᠠᠷᠭ᠎ᠠ
ᠨᠢᠭᠡᠳᠦᠭᠡᠷ ᠪᠦᠯᠦᠭ᠂ ᠶᠡᠷᠦᠩᠬᠡᠢ ᠳᠦᠷᠢᠮ
ᠨᠢᠭᠡᠳᠦᠭᠡᠷ ᠵᠣᠷᠪᠤᠰ ᠂ ᠷᠠᠳᠢᠣ᠋ ᠲᠧᠯᠸᠢᠰ᠎ᠤᠨ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠎ᠤᠨ ᠬᠡᠪ᠎ᠤᠨ ᠶᠣᠰᠣᠭ᠋ᠠᠷ ᠶᠠᠪᠤᠭᠳᠠᠬᠤ ᠵᠢ ᠪᠠᠲᠤᠯᠠᠵᠤ᠂ ᠷᠠᠳᠢᠣ᠋ ᠲᠧᠯᠸᠢᠰ᠎ᠤᠨ ᠨᠡᠪᠲᠡᠷᠡᠭᠦᠯᠭᠡ ᠵᠢᠨ ᠡᠮᠬᠢ ᠳᠢᠭᠯᠢᠮ᠎ᠢ ᠬᠠᠮᠠᠭ᠋ᠠᠯᠠᠨ᠂ ᠷᠠᠳᠢᠣ᠋ ᠲᠧᠯᠸᠢᠰ᠎ᠤᠨ ᠤᠲᠠᠰᠤ ᠦᠭᠡᠶ᠎ᠪᠠᠷ ᠨᠡᠪᠲᠡᠷᠡᠭᠦᠯᠬᠦ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠬᠤ ᠵᠢᠨ ᠲᠤᠰᠠᠳᠠ᠂ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 ᠪᠣᠯᠤᠨ 《ᠷᠠᠳᠢᠣ᠋ ᠲᠧᠯᠸᠢᠰ᠎ᠤᠨ ᠲᠥᠬᠦᠭᠡᠷᠦᠮᠵᠢ ᠵᠢᠨ ᠬᠠᠮᠠᠭ᠋ᠠᠯᠠᠯᠲᠠ ᠵᠢᠨ ᠳᠦᠷᠢᠮ》᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠣᠷᠪᠤᠰ᠂ ᠲᠤᠰ ᠠᠷᠭ᠎ᠠ᠎ᠨᠢ ᠷᠠᠳᠢᠤ᠋ ᠲᠧᠯᠸᠢᠰ᠎ᠤᠨ ᠤᠲᠠᠰᠤ ᠦᠭᠡᠢ᠎ᠪᠠᠷ ᠳᠠᠮᠵᠢᠭᠤᠯᠬᠣ ᠪᠦᠷᠬᠦᠴᠡ ᠵᠢᠨ ᠲᠤᠤᠷ (ᠲᠤᠷᠤᠨᠨᠰᠢ ᠤᠲᠠᠰᠤ ᠦᠭᠡᠢ᠎ᠪᠠᠷ ᠳᠠᠮᠵᠢᠭᠤᠯᠬᠣ ᠪᠦᠷᠬᠦᠴᠡ ᠵᠢᠨ ᠲᠤᠤᠷ ᠬᠡᠵᠦ ᠲᠤᠪᠴᠢᠯᠠᠨ᠎ᠠ)᠎ᠢ ᠲᠦᠯᠦᠪᠵᠢᠭᠦᠯᠬᠦ᠂ ᠪᠦᠳᠦᠬᠡᠨ ᠪᠠᠶ᠋ᠢᠭᠤᠯᠬᠤ᠂ ᠬᠡᠷᠡᠭᠯᠡᠬᠦ ᠪᠠ ᠬᠠᠮᠢᠶᠠᠷᠬᠤ ᠵᠡᠷᠬᠡ ᠠᠵᠢᠯᠯᠠᠭ᠎ᠠ᠎ᠳᠤ ᠬᠡᠷᠡᠭᠯᠡᠬᠦ᠎ᠳᠤ ᠲᠣᠬᠢᠷᠠᠮᠵᠢᠲᠠᠢ᠃
ᠤᠲᠠᠰᠤ ᠦᠭᠡᠢ᠎ᠪᠠᠷ ᠳᠠᠮᠵᠢᠭᠤᠯᠬᠣ ᠪᠦᠷᠬᠦᠴᠡ ᠵᠢᠨ ᠲᠤᠤᠷ᠎ᠨᠢ ᠷᠠᠳᠢᠣ᠋ ᠲᠧᠯᠸᠢᠰ᠎ᠤᠨ ᠰᠠᠴᠤᠷᠠᠭᠤᠯᠬᠤ ᠥᠷᠲᠡᠭᠡ᠂ ᠳᠠᠮᠵᠢᠭᠤᠯᠤᠨ ᠨᠡᠪᠲᠡᠷᠡᠭᠦᠯᠬᠦ ᠥᠷᠲᠡᠭᠡ᠂ ᠪᠤᠤᠭᠢᠶ᠎ᠠ ᠥᠷᠲᠡᠭᠡ᠂ ᠬᠤᠷᠢᠶᠠᠵᠤ ᠳᠠᠮᠵᠢᠭᠤᠯᠬᠤ ᠥᠷᠲᠡᠭᠡ (ᠥᠷᠲᠡᠭᠡ)᠂ ᠪᠢᠴᠢᠯ ᠳᠣᠯᠭᠢᠶᠠᠨ᠎ᠤ ᠥᠷᠲᠡᠭᠡ᠂ ᠫᠷᠤᠭ᠌ᠷᠠᠮ ᠳᠠᠮᠵᠢᠭᠤᠯᠬᠤ ᠥᠷᠲᠡᠭᠡ (ᠥᠷᠲᠡᠭᠡ)᠂ ᠷᠠᠳᠢᠣ᠋ ᠲᠧᠯᠸᠢᠰ᠎ᠤᠨ ᠳᠠᠭ᠋ᠠᠭᠤᠯᠢ ᠣᠳᠣ᠂ ᠳᠠᠭ᠋ᠠᠭᠤᠯᠢ ᠣᠳᠣᠨ᠎ᠤ ᠳᠡᠯᠡᠬᠡᠶ ᠵᠢᠨ ᠪᠥᠮᠪᠥᠷᠴᠡᠭ᠎ᠤᠨ ᠥᠷᠲᠡᠭᠡ᠂ ᠬᠢᠨᠠᠨ ᠬᠡᠮᠵᠢᠬᠦ ᠥᠷᠲᠡᠭᠡ (ᠥᠷᠲᠡᠭᠡ) ᠵᠡᠷᠭᠡ ᠬᠡᠰᠡᠭ᠎ᠢ ᠪᠠᠭᠲᠠᠭ᠋ᠠᠨ᠎ᠠ᠃ ᠷᠠᠳᠢᠤ᠋ ᠲᠧᠯᠸᠢᠰ᠎ᠤᠨ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠬᠠᠰᠠᠨ ᠠᠵᠢᠯ ᠬᠡᠳᠡᠭ᠎ᠨᠢ ᠤᠲᠠᠰᠤ ᠦᠭᠡᠢ᠎ᠪᠠᠷ ᠳᠠᠮᠵᠢᠭᠤᠯᠬᠣ ᠪᠦᠷᠬᠦᠴᠡ ᠵᠢᠨ ᠲᠤᠤᠷ᠎ᠢ ᠠᠰᠢᠬᠯᠠᠨ ᠷᠠᠳᠢᠤ᠋ ᠲᠧᠯᠸᠢᠰ᠎ᠤᠨ ᠫᠷᠤᠭ᠌ᠷᠠᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠤ᠋ ᠨᠡᠪᠳᠡᠷᠡᠬᠦᠯᠬᠡ ᠵᠢᠨ ᠮᠡᠳᠡᠭᠡ ᠵᠠᠩᠬᠢ ᠵᠢ ᠲᠠᠮᠵᠢᠭᠤᠯᠬᠤ ᠠᠵᠢᠯᠯᠠᠭ᠎ᠠ ᠵᠢ ᠵᠢᠭ᠋ᠠᠨ᠎ᠠ᠃
ᠭᠤᠷᠪᠠᠳᠤᠭ᠋ᠠᠷ ᠵᠣᠷᠪᠤᠰ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ (ᠳᠣᠷᠣᠭᠰᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠭᠡᠵᠦ ᠲᠣᠪᠴᠢᠯᠠᠨ᠎ᠠ)᠎ᠨᠢ ᠪᠥᠬᠦ ᠤᠯᠤᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠷᠠᠳᠢᠣ᠋ ᠲᠧᠯᠸᠢᠰ᠎ᠤᠨ ᠬᠥᠭᠵᠢᠯᠲᠡ ᠵᠢᠨ ᠬᠡᠷᠡᠭᠴᠡᠭᠡ ᠵᠢ ᠦᠨᠳᠦᠰᠦᠯᠡᠨ᠂ ᠪᠥᠬᠦ ᠤᠯᠤᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠤᠨ ᠲᠥᠯᠥᠪᠵᠢᠭᠦᠯᠭᠡ ᠵᠢ ᠬᠠᠷᠢᠭᠤᠴᠠᠨ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠎ᠢ ᠬᠢᠨᠠᠨ ᠵᠥᠪᠰᠢᠶᠡᠷᠡᠵᠦ᠂ ᠷᠠᠳᠢᠣ᠋ ᠲᠧᠯᠸᠢᠰ᠎ᠤᠨ ᠲᠤᠰᠬᠠᠶ ᠳᠠᠪᠲᠠᠮᠵᠢ ᠵᠢᠨ ᠬᠡᠰᠡᠭ᠎ᠤᠨ ᠳᠠᠪᠲᠠᠮᠵᠢ (ᠳᠣᠷᠣᠭᠰᠢ ᠷᠠᠳᠢᠣ᠋ ᠲᠧᠯᠸᠢᠰ᠎ᠤᠨ ᠳᠠᠪᠲᠠᠮᠵᠢ ᠭᠡᠵᠦ ᠲᠣᠪᠴᠢᠯᠠᠨ᠎ᠠ) ᠵᠢ ᠵᠢᠭ᠋ᠠᠨ ᠲᠣᠬᠢᠷᠠᠭᠤᠯᠬᠤ ᠵᠢᠨ ᠬᠠᠮᠲᠤ ᠪᠥᠬᠦ ᠤᠯᠤᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠲᠤ ᠬᠠᠮᠢᠶᠠᠷᠤᠯᠲᠠ ᠬᠢᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠳᠥᠷᠪᠡᠳᠦᠭᠡᠷ ᠵᠣᠷᠪᠤᠰ᠂ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠵᠣᠬᠢᠶᠠᠨ ᠪᠠᠶ᠋ᠢᠭᠤᠯᠬᠤ ᠵᠢᠨ ᠬᠠᠮᠲᠤ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠷᠠᠳᠢᠣ᠋ ᠲᠧᠯᠸᠢᠰ᠎ᠤᠨ ᠳᠠᠮᠵᠢᠭᠤᠯᠬᠤ ᠪᠦᠷᠬᠦᠴᠡ ᠵᠢᠨ ᠠᠶᠤᠯᠭᠦᠢ ᠪᠠ ᠶᠠᠰᠤ ᠴᠢᠨᠠᠷ᠎ᠢ ᠦᠨᠡᠨ ᠬᠦ᠌ ᠪᠠᠲᠤᠯᠠᠨ᠎ᠠ᠃
ᠲᠠᠪᠤᠳᠤᠭ᠋ᠠᠷ ᠵᠣᠷᠪᠤᠰ᠂ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠤᠨ ᠢᠨᠵᠸᠨ᠋ᠸᠷᠢᠩ᠎ᠤᠨ ᠭᠠᠵᠠᠷ ᠰᠣᠩᠭᠣᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠤᠭᠰᠠᠷᠠᠬᠤ᠎ᠳᠤ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠭᠦᠢ᠍ᠴᠡᠳᠬᠡᠬᠦ ᠵᠢᠨ ᠬᠠᠮᠲᠤ ᠬᠠᠤᠯᠢ ᠶᠣᠰᠣᠭ᠋ᠠᠷ ᠵᠣᠬᠢᠬᠤ ᠬᠢᠷᠢ ᠴᠢᠳᠠᠮᠵᠢ ᠵᠢ ᠣᠯᠤᠭᠰᠠᠨ ᠨᠢᠭᠡᠴᠢ᠎ᠠᠴᠠ ᠡᠭᠦᠷᠭᠡᠯᠡᠬᠦ ᠬᠡᠷᠡᠭᠲᠡᠶ᠃ ᠢᠨᠵᠸᠨ᠋ᠸᠷᠢᠩ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠡᠷᠡᠭᠯᠡᠵᠦ ᠪᠠᠶ᠋ᠢᠭ᠎ᠠ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠥᠭᠡᠷᠦᠮᠵᠢ᠎ᠨᠢ ᠤᠯᠤᠰ᠎ᠤᠨ ᠪᠠᠷᠢᠮᠵᠢᠶ᠎ᠠ᠂ ᠠᠵᠢᠯ ᠲᠥᠷᠥᠯ᠎ᠤᠨ ᠪᠠᠷᠢᠮᠵᠢᠶ᠎ᠠ ᠪᠣᠯᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠵᠢᠷᠭᠤᠳᠤᠭ᠋ᠠᠷ ᠵᠣᠷᠪᠤᠰ᠂ ᠤᠯᠤᠰ᠎ᠠᠴᠠ ᠷᠠᠳᠢᠣ᠋ ᠲᠧᠯᠸᠢᠰ᠎ᠤᠨ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠂ ᠳᠠᠭ᠋ᠠᠭᠤᠯᠢ ᠣᠳᠣᠨ᠎ᠤ ᠠᠷᠭ᠎ᠠ ᠬᠡᠯᠪᠡᠷᠢ᠎ᠪᠠᠷ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ᠂ ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ᠂ ᠷᠠᠳᠢᠣ᠋ ᠲᠧᠯᠸᠢᠰ ᠰᠠᠴᠤᠷᠠᠭᠤᠯᠬᠤ ᠲᠥᠬᠥᠭᠡᠷᠦᠮᠵᠢ ᠵᠢ ᠬᠤᠳᠠᠯᠳᠤᠨ ᠠᠪᠬᠤ ᠵᠢᠴᠢ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠥᠭᠡᠷᠦᠮᠵᠢ ᠵᠢ ᠨᠡᠭᠦᠯᠭᠡᠨ ᠪᠠᠶ᠋ᠢᠭᠤᠯᠬᠤ᠎ᠳᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠦᠨ᠎ᠡ᠃
ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ᠎ᠳᠤ ᠲᠣᠭᠲᠠᠭ᠋ᠠᠭᠰᠠᠨ ᠬᠤᠭᠤᠴᠠᠭ᠎ᠠ ᠬᠢᠵᠠᠭ᠋ᠠᠷ᠎ᠤᠨ ᠶᠣᠰᠣᠭ᠋ᠠᠷ ᠬᠠᠮᠢᠶ᠎ᠠ ᠪᠦᠬᠦᠢ ᠵᠥᠪᠰᠢᠶᠡᠷᠡᠯ᠎ᠤᠨ ᠵᠦᠢ᠍ᠯᠡᠰ᠎ᠢ ᠭᠦᠢ᠍ᠴᠡᠳᠬᠡᠬᠦ ᠬᠡᠷᠡᠭᠲᠡᠶ᠂ ᠬᠡᠷᠡᠭᠴᠡᠭᠡ᠎ᠪᠠᠨ ᠦᠨᠳᠦᠰᠦᠯᠡᠨ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠴᠢᠬᠤᠯᠠ ᠮᠡᠷᠭᠡᠵᠢᠯ᠎ᠤᠨ ᠲᠥᠰᠦᠯ᠎ᠳᠤ ᠨᠤᠲᠠᠯᠠᠯᠲᠠ ᠬᠢᠯᠭᠡᠵᠦ ᠪᠣᠯᠤᠨ᠎ᠠ᠂ ᠲᠤᠰᠬᠠᠶ ᠮᠡᠷᠭᠡᠵᠢᠯᠲᠡᠨ᠎ᠤ ᠨᠤᠲᠠᠯᠠᠯᠲᠠ ᠵᠢᠨ ᠬᠤᠭᠤᠴᠠᠭ᠎ᠠ᠎ᠨᠢ ᠭᠤᠴᠢᠨ ᠡᠳᠦᠷ ᠪᠣᠯᠤᠨ᠎ᠠ᠃
ᠵᠥᠪᠰᠢᠶᠡᠷᠡᠯ᠎ᠤᠨ ᠦᠨᠡᠮᠯᠡᠯ᠎ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠨᠢᠭᠡᠳᠦᠯᠲᠡᠶ ᠳᠠᠷᠤᠮᠠᠯᠯᠠᠨ ᠵᠣᠬᠢᠶᠠᠵᠤ᠂ ᠬᠠᠭᠤᠷᠮᠠᠭᠯᠠᠨ ᠵᠣᠬᠢᠶᠠᠬᠤ᠂ ᠳᠠᠬᠢᠨ ᠳᠠᠷᠤᠮᠠᠯᠯᠠᠬᠤ᠂ ᠪᠠᠯᠠᠯᠤᠨ ᠥᠭᠡᠷᠡᠴᠢᠯᠡᠬᠦ᠂ ᠲᠦᠷᠢᠶᠡᠰᠦᠯᠡᠭᠦᠯᠬᠦ᠂ ᠰᠢᠯᠵᠢᠭᠦᠯᠦᠨ ᠥᠭᠬᠦ ᠵᠢ ᠴᠢᠩᠭ᠎ᠠ ᠬᠣᠷᠢᠭᠯᠠᠨ᠎ᠠ᠃
ᠳᠣᠯᠣᠳᠤᠭ᠋ᠠᠷ ᠵᠣᠷᠪᠤᠰ᠂ ᠤᠲᠠᠰᠤ ᠦᠭᠡᠶ᠎ᠪᠠᠷ ᠳᠠᠮᠵᠢᠭᠤᠯᠬᠤ ᠲᠣᠣᠷ᠎ᠤᠨ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠬᠣᠷᠢᠭ᠋ᠠᠲᠤ ᠠᠭᠤᠯᠭ᠎ᠠ ᠵᠢ ᠳᠠᠮᠵᠢᠭᠤᠯᠬᠤ ᠵᠢ ᠴᠢᠩᠭ᠎ᠠ ᠬᠣᠷᠢᠭᠯᠠᠨ᠎ᠠ᠃ ᠶᠠᠮᠠᠷᠪᠠ ᠨᠢᠭᠡᠴᠢ ᠪᠤᠶᠤ ᠬᠤᠪᠢ ᠬᠥᠮᠦᠨ ᠴᠤ᠌ ᠷᠠᠳᠢᠣ᠋ ᠲᠧᠯᠸᠢᠰ᠎ᠤᠨ ᠳᠠᠪᠲᠠᠮᠵᠢ ᠵᠢ ᠳᠤᠷ᠎ᠠ᠎ᠪᠠᠷ ᠵᠶ᠋ᠠᠨ ᠬᠡᠷᠡᠭᠯᠡᠵᠦ ᠪᠣᠯᠬᠤ ᠦᠭᠡᠶ᠂ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠢ ᠠᠰᠢᠭᠯᠠᠨ ᠬᠠᠤᠯᠢ᠎ᠠᠴᠠ ᠵᠦᠷᠢᠴᠡᠬᠦ ᠶᠠᠯᠠᠲᠤ ᠠᠵᠢᠯᠯᠠᠭ᠎ᠠ ᠬᠢᠵᠦ ᠪᠣᠯᠬᠤ ᠦᠭᠡᠶ᠃
ᠬᠤᠶᠠᠳᠤᠭ᠋ᠠᠷ ᠪᠦᠯᠦᠭ᠂ ᠷᠠᠳᠢᠤ᠋ ᠲᠧᠯᠸᠢᠰ᠎ᠤᠨ ᠤᠲᠠᠰᠤ ᠦᠭᠡᠢ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ
ᠨᠠᠢ᠍ᠮᠠᠳᠤᠭ᠋ᠠᠷ ᠵᠣᠷᠪᠤᠰ᠂ ᠭᠠᠵᠠᠷ ᠳᠡᠭᠡᠷᠡᠬᠢ ᠤᠲᠠᠰᠤ ᠦᠭᠡᠢ᠂ ᠪᠢᠴᠢᠯ ᠳᠣᠯᠭᠢᠶᠠᠨ᠂ ᠳᠠᠭ᠋ᠠᠭᠤᠯᠢ ᠣᠳᠣ ᠵᠡᠷᠭᠡ ᠠᠷᠭ᠎ᠠ ᠬᠡᠯᠪᠡᠷᠢ ᠵᠢ ᠠᠰᠢᠭᠯᠠᠨ ᠷᠠᠳᠢᠣ᠋ ᠲᠧᠯᠸᠢᠰ᠎ᠤᠨ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ ᠡᠷᠬᠢᠯᠡᠬᠦ᠎ᠳᠤ᠂ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ 《ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠠᠮᠵᠢᠭᠤᠯᠤᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠢ)》᠎ᠢ ᠠᠪᠬᠤ ᠬᠡᠷᠡᠭᠲᠡᠶ᠃
ᠵᠥᠪᠰᠢᠶᠡᠷᠡᠯ᠎ᠤᠨ ᠦᠨᠡᠮᠯᠡᠯ᠎ᠤᠨ ᠬᠦᠴᠦᠨ ᠪᠦᠬᠦᠢ ᠬᠤᠭᠤᠴᠠᠭ᠎ᠠ ᠵᠢ 10 ᠵᠢᠯ᠎ᠠᠴᠠ ᠬᠡᠲᠦᠷᠡᠭᠦᠯᠵᠦ ᠪᠣᠯᠬᠤ ᠦᠭᠡᠢ᠃ ᠬᠦᠴᠦᠨ ᠪᠦᠬᠦᠢ ᠬᠤᠭᠤᠴᠠᠭ᠎ᠠ᠎ᠨᠢ ᠲᠤᠯᠤᠭ᠋ᠠᠳ ᠦᠷᠭᠦᠯᠵᠢᠯᠡᠨ ᠲᠤᠬᠠᠢ᠌ᠯᠠᠭᠰᠠᠨ ᠠᠵᠢᠯ ᠭᠦᠢ᠍ᠴᠡᠳᠭᠡᠬᠦ ᠴᠢᠬᠤᠯᠠᠲᠠᠢ ᠪᠣᠯ ᠬᠤᠭᠤᠴᠠᠭ᠎ᠠ ᠲᠤᠯᠬᠤ᠎ᠠᠴᠠ ᠵᠢᠷᠭᠤᠭ᠋ᠠᠨ ᠰᠠᠷ᠎ᠠ ᠵᠢᠨ ᠡᠮᠦᠨ᠎ᠡ ᠲᠤᠰ ᠠᠷᠭ᠎ᠠ᠎ᠳᠤ ᠲᠣᠭᠲᠠᠭ᠋ᠠᠭᠰᠠᠨ ᠬᠢᠨᠠᠨ ᠵᠥᠪᠰᠢᠶᠡᠷᠡᠭᠦᠯᠬᠦ ᠶᠠᠪᠤᠴᠠ ᠵᠢᠨ ᠶᠣᠰᠣᠭ᠋ᠠᠷ ᠭᠠᠷᠳᠠᠮ ᠬᠢᠬᠦ ᠬᠡᠷᠡᠭᠲᠡᠢ᠃
ᠶᠢᠰᠦᠳᠦᠭᠡᠷ ᠵᠣᠷᠪᠤᠰ᠂ ᠳᠣᠤᠷᠠᠬᠢ ᠪᠠᠶ᠋ᠢᠭᠤᠯᠤᠮᠵᠢ᠎ᠨᠤᠭᠤᠳ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠭᠤᠶᠤᠴᠢᠯᠠᠵᠤ ᠪᠣᠯᠤᠨ᠎ᠠ᠄
(ᠨᠢᠭᠡ) ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠪᠠᠷ ᠵᠥᠪᠰᠢᠶᠡᠷᠡᠭᠦᠯᠦᠭᠡᠳ ᠪᠠᠢ᠌ᠭᠤᠯᠤᠭᠳᠠᠭᠰᠠᠨ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ;
(ᠬᠤᠶᠠᠷ) ᠮᠤᠵᠢ ᠵᠢᠨ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠦᠭᠡᠳ ᠪᠠᠢ᠌ᠭᠤᠯᠤᠭᠳᠠᠭᠰᠠᠨ ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠪᠠᠶ᠋ᠢᠭᠤᠯᠤᠮᠵᠢ᠎ᠨᠤᠭᠤᠳ (ᠳᠣᠷᠣᠭᠰᠢ ᠳᠠᠮᠵᠢᠭᠤᠯᠬᠤ ᠪᠦᠷᠬᠦᠴᠡ ᠵᠢᠨ ᠪᠠᠶ᠋ᠢᠭᠤᠯᠤᠮᠵᠢ ᠭᠡᠵᠦ ᠲᠣᠪᠴᠢᠯᠠᠨ᠎ᠠ);
(ᠭᠤᠷᠪᠠ) ᠷᠠᠳᠢᠣ᠋ ᠲᠧᠯᠸᠢᠰ᠎ᠤᠨ ᠳᠠᠮᠵᠢᠭᠤᠯᠬᠤ ᠪᠦᠷᠬᠦᠴᠡ ᠵᠢᠨ ᠴᠢᠳᠠᠪᠤᠷᠢ᠎ᠲᠠᠢ ᠤᠯᠤᠰ᠎ᠤᠨ ᠥᠮᠴᠢᠯᠡᠯ᠎ᠤᠨ ᠪᠤᠶᠤ ᠤᠯᠤᠰ᠎ᠤᠨ ᠥᠮᠴᠢᠯᠡᠯ᠎ᠤᠨ ᠬᠤᠪᠢ ᠣᠷᠣᠭᠤᠯᠤᠯᠲᠠ ᠵᠢ ᠡᠷᠬᠡᠰᠢᠶᠡᠬᠦ ᠰᠲ᠋ᠤᠺ᠎ᠲᠠᠢ ᠪᠠᠶ᠋ᠢᠭᠤᠯᠤᠮᠵᠢ᠎ᠨᠤᠭᠤᠳ᠃
ᠠᠷᠪᠠᠳᠤᠭ᠋ᠠᠷ ᠵᠣᠷᠪᠤᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠢ)》᠎ᠢ ᠭᠤᠶᠤᠴᠢᠯᠠᠪᠠᠯ᠂ ᠳᠣᠤᠷᠠᠬᠢ ᠨᠥᠬᠦᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠦᠨ᠎ᠤ ᠬᠢᠷᠢ ᠬᠡᠮ᠎ᠲᠠᠢ᠂ ᠡᠰᠡᠬᠦᠯ᠎ᠡ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠬᠥᠮᠦᠨ᠎ᠤ ᠬᠢᠷᠢ ᠬᠡᠮ ᠦᠭᠡᠢ ᠪᠣᠯᠪᠠᠴᠤ ᠰᠢᠭᠤᠳ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠳᠠᠮᠵᠢᠭᠤᠯᠤᠨ ᠬᠠᠮᠤᠷᠬᠤ ᠪᠠᠶ᠋ᠢᠭᠤᠯᠤᠮᠵᠢ᠎ᠳᠤ ᠬᠠᠷᠢᠶᠠᠯᠠᠭᠳᠠᠬᠤ;
(ᠬᠤᠶᠠᠷ) ᠤᠲᠠᠰᠤ ᠦᠭᠡᠢ᠎ᠪᠠᠷ ᠳᠠᠮᠵᠢᠭᠤᠯᠬᠤ ᠲᠣᠣᠷ᠎ᠤᠨ ᠶᠡᠷᠦᠩᠬᠡᠶ ᠲᠥᠯᠥᠪᠵᠢᠭᠦᠯᠭᠡ ᠪᠠ ᠲᠤᠬᠠᠶ᠋ᠢᠯᠠᠭᠰᠠᠨ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠬᠦ;
(ᠭᠤᠷᠪᠠ) ᠷᠠᠳᠢᠤ᠋ ᠲᠧᠯᠸᠢᠰ᠎ᠤᠨ ᠠᠮᠤᠷ ᠲᠦᠪᠰᠢᠨ ᠵᠶ᠋ᠠᠷ ᠲᠠᠮᠵᠢᠭᠤᠯᠬᠤ᠎ᠳᠤ ᠬᠡᠷᠡᠭᠰᠡᠬᠦ ᠲᠠᠯᠠᠪᠤᠷ᠂ ᠲᠤᠨᠤᠭ ᠲᠦᠬᠦᠭᠡᠷᠦᠮᠵᠢ᠂ ᠮᠡᠷᠭᠡᠵᠢᠯ᠂ ᠠᠵᠢᠯᠳᠠᠨ ᠵᠢᠴᠢ ᠵᠠᠷᠤᠳᠠᠯ᠎ᠤᠨ ᠪᠠᠲᠤᠯᠠᠭ᠎ᠠ᠎ᠲᠠᠢ;
(ᠲᠦᠷᠪᠡ) ᠬᠠᠤᠯᠢ ᠶᠣᠰᠣᠨ᠎ᠤ ᠨᠡᠪᠲᠡᠷᠡᠭᠦᠯᠬᠦ ᠷᠠᠳᠢᠣ᠋ ᠲᠧᠯᠸᠢᠰ᠎ᠤᠨ ᠫᠷᠤᠭ᠌ᠷᠠᠮ᠎ᠤᠨ ᠡᠬᠢ ᠰᠣᠷᠪᠤᠯᠵᠢ᠎ᠲᠠᠢ᠃
ᠠᠷᠪᠠᠨ ᠨᠢᠭᠡᠳᠦᠭᠡᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠢ)》᠎ᠢ ᠭᠤᠶᠤᠴᠢᠯᠠᠪᠠᠯ᠂ ᠳᠣᠤᠷᠠᠬᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
(ᠨᠢᠭᠡ) ᠭᠤᠶᠤᠴᠢᠯᠠᠬᠤ ᠪᠠᠢ᠌ᠭᠤᠯᠤᠮᠵᠢ ᠵᠢᠨ ᠦᠨᠳᠦᠰᠦᠨ ᠪᠠᠢ᠌ᠳᠠᠯ;
(ᠬᠤᠶᠠᠷ) ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ᠎ᠤᠨ ᠬᠦᠰᠦᠨᠦᠭᠲᠦ;
(ᠭᠤᠷᠪᠠ) ᠬᠡᠷᠡᠭᠯᠡᠬᠦ᠎ᠪᠠᠷ ᠲᠥᠯᠥᠪᠯᠡᠵᠦ ᠪᠠᠶ᠋ᠢᠭ᠎ᠠ ᠳᠠᠮᠵᠢᠭᠤᠯᠬᠤ ᠪᠦᠷᠬᠦᠴᠡ ᠵᠢᠨ ᠠᠷᠭ᠎ᠠ ᠬᠡᠯᠪᠡᠷᠢ᠂ ᠬᠡᠪᠴᠢᠶ᠎ᠡ᠂ ᠦᠢ᠍ᠯᠡᠴᠢᠯᠡᠭᠡᠨ᠎ᠤ ᠣᠷᠣᠨ ᠬᠡᠪᠴᠢᠶ᠎ᠡ ᠪᠠ ᠫᠷᠤᠭ᠌ᠷᠠᠮ᠎ᠤᠨ ᠠᠭᠤᠯᠭ᠎ᠠ;
(ᠲᠦᠷᠪᠡ) ᠮᠡᠷᠭᠡᠵᠢᠯ᠎ᠤᠨ ᠲᠥᠰᠦᠯ ᠪᠠ ᠪᠠᠲᠤᠯᠠᠭ᠎ᠠ ᠵᠢᠨ ᠵᠣᠬᠢᠴᠠᠮᠵᠢ;
(ᠲᠠᠪᠤ) ᠬᠠᠤᠯᠢ ᠶᠣᠰᠣᠨ᠎ᠤ ᠷᠠᠳᠢᠣ᠋ ᠲᠧᠯᠸᠢᠰ᠎ᠤᠨ ᠫᠷᠦᠭᠷᠡᠮ᠎ᠤᠨ ᠳᠤᠬᠢᠶᠠᠨ᠎ᠤ ᠢᠷᠡᠯᠳᠡ᠂ ᠳᠠᠮᠵᠢᠭᠤᠯᠬᠤ ᠠᠷᠭ᠎ᠠ ᠬᠡᠯᠪᠡᠷᠢ᠂ ᠳᠠᠮᠵᠢᠭᠤᠯᠬᠤ ᠬᠡᠪᠴᠢᠶ᠎ᠡ ᠵᠢᠨ ᠲᠣᠳᠣᠷᠬᠠᠶ᠋ᠢᠯᠠᠯᠲᠠ᠃
ᠠᠷᠪᠠᠨ ᠬᠤᠶᠠᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠮᠤᠵᠢ ᠠᠯᠤᠰᠯᠠᠭᠰᠠᠨ ᠵᠠᠰᠠᠭ ᠵᠠᠬᠢᠷᠭ᠋ᠠᠨ᠎ᠤ ᠣᠷᠣᠨ ᠠᠯᠤᠰᠯᠠᠭᠰᠠᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠤᠲᠠᠰᠤ ᠥᠬᠡᠶ᠎ᠪᠠᠷ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠬᠢᠨᠠᠨ ᠵᠥᠪᠰᠢᠶᠡᠷᠡᠬᠦ ᠵᠢ ᠬᠠᠷᠢᠭᠤᠴᠠᠨ᠎ᠠ᠃ ᠭᠤᠶᠤᠴᠢᠯᠠᠬᠤ ᠨᠢᠭᠡᠴᠢ᠎ᠨᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠭᠤᠶᠤᠴᠢᠯᠠᠯ ᠵᠶ᠋ᠠᠨ ᠳᠤᠷᠠᠳᠴᠤ᠂ ᠵᠥᠪᠰᠢᠶᠡᠷᠡᠭᠦᠯᠦᠭᠡᠳ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠠᠪᠬᠤ ᠬᠡᠷᠡᠭᠲᠡᠶ᠃
ᠠᠷᠪᠠᠨ ᠭᠤᠷᠪᠠᠳᠤᠭ᠋ᠠᠷ ᠵᠣᠷᠪᠣᠰ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠷᠠᠳᠢᠣ᠋ ᠲᠧᠯᠸᠢᠰ᠎ᠤᠨ ᠫᠷᠤᠭ᠌ᠷᠠᠮ᠎ᠤᠨ ᠤᠲᠠᠰᠤ ᠦᠭᠡᠶ᠎ᠪᠠᠷ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠬᠠᠷᠢᠭᠤᠴᠠᠨ ᠬᠢᠨᠠᠨ ᠵᠥᠪᠰᠢᠶᠡᠷᠡᠨ᠎ᠡ᠃ ᠭᠤᠶᠤᠴᠢᠯᠠᠬᠤ ᠨᠢᠭᠡᠴᠢ᠎ᠨᠢ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠵᠶ᠋ᠠᠨ ᠳᠤᠷᠠᠳᠴᠤ᠂ ᠵᠥᠪᠰᠢᠶᠡᠷᠡᠭᠦᠯᠦᠭᠡᠳ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠠᠪᠬᠤ ᠬᠡᠷᠡᠭᠲᠡᠶ᠃
ᠠᠷᠪᠠᠨ ᠳᠥᠷᠪᠡᠳᠦᠭᠡᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠠᠭ᠋ᠠᠭᠤᠯᠢ ᠣᠳᠣᠨ᠎ᠤ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠢ ᠦᠷᠨᠢᠭᠦᠯᠬᠦ᠎ᠳᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠠᠪᠬᠤ ᠬᠡᠷᠡᠭᠲᠡᠶ᠃
ᠠᠷᠪᠠᠨ ᠲᠠᠪᠤᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠥᠯᠥᠭᠡ᠂ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠎ᠠᠴᠠ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ᠎ᠳᠤ ᠬᠡᠷᠡᠭᠯᠡᠬᠦ ᠳᠠᠭ᠋ᠠᠭᠤᠯᠢ ᠣᠳᠣᠨ᠎ᠤ ᠳᠠᠮᠵᠢᠭᠤᠯᠬᠤ ᠳᠠᠮᠵᠢᠭᠤᠯᠤᠭᠴᠢ ᠵᠢᠨ ᠫᠠᠷᠠᠮᠧᠲᠷ᠎ᠢ ᠲᠣᠭᠲᠠᠭ᠋ᠠᠬᠤ ᠵᠢ ᠬᠠᠷᠢᠭᠤᠴᠠᠨ᠎ᠠ᠃ ᠶᠠᠮᠠᠷᠪᠠ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠣᠯᠤᠭᠰᠠᠨ ᠦᠭᠡᠶ ᠨᠢᠭᠡᠴᠢ ᠴᠥᠮ ᠳᠠᠭ᠋ᠠᠭᠤᠯᠢ ᠣᠳᠣᠨ᠎ᠤ ᠳᠠᠮᠵᠢᠭᠤᠯᠬᠤ ᠳᠠᠮᠵᠢᠭᠤᠯᠤᠭᠴᠢ ᠵᠢᠨ ᠷᠠᠳᠢᠣ᠋ ᠲᠧᠯᠸᠢᠰ᠎ᠤᠨ ᠫᠷᠤᠭ᠌ᠷᠠᠮ᠎ᠢ ᠳᠤᠷ᠎ᠠ᠎ᠪᠠᠷ ᠵᠶ᠋ᠠᠨ ᠲᠦᠷᠢᠶᠡᠰᠦᠯᠡᠬᠦ ᠪᠤᠶᠤ ᠬᠡᠷᠡᠭᠯᠡᠵᠦ ᠪᠣᠯᠬᠤ ᠦᠭᠡᠶ᠃
ᠠᠷᠪᠠᠨ ᠵᠢᠷᠭᠤᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠷᠠᠳᠢᠣ᠋ ᠲᠧᠯᠸᠢᠰ᠎ᠤᠨ ᠫᠷᠤᠭ᠌ᠷᠠᠮ᠎ᠤᠨ ᠳᠠᠭ᠋ᠠᠭᠤᠯᠢ ᠣᠳᠣᠨ᠎ᠤ ᠳᠠᠮᠵᠢᠭᠤᠯᠤᠭᠴᠢ ᠵᠢ ᠰᠣᠯᠢᠬᠤ ᠪᠤᠶᠤ ᠬᠠᠭ᠋ᠠᠬᠤ᠎ᠪᠠᠷ ᠱᠠᠭ᠋ᠠᠷᠳᠠᠵᠤ ᠪᠣᠯᠤᠨ᠎ᠠ᠃
ᠠᠷᠪᠠᠨ ᠳᠣᠯᠣᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠵᠥᠪᠰᠢᠶᠡᠷᠡᠯ᠎ᠤᠨ ᠦᠨᠡᠮᠯᠡᠯ᠎ᠤᠨ ᠬᠡᠯᠪᠡᠷᠢ ᠵᠢ ᠨᠢᠭᠡᠳᠦᠯᠲᠡᠶ ᠲᠣᠭᠲᠠᠭ᠋ᠠᠨ᠎ᠠ᠃ ᠵᠥᠪᠰᠢᠶᠡᠷᠡᠭᠰᠡᠨ ᠦᠨᠡᠮᠯᠡᠯ᠎ᠳᠤ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠎ᠢ ᠬᠡᠷᠡᠭᠵᠢᠭᠦᠯᠬᠦ ᠠᠷᠭ᠎ᠠ ᠬᠡᠯᠪᠡᠷᠢ᠂ ᠭᠣᠤᠯ ᠴᠣᠭᠴᠠ᠂ ᠳᠠᠮᠵᠢᠭᠤᠯᠬᠤ ᠪᠦᠷᠬᠦᠴᠡ ᠵᠢᠨ ᠫᠷᠤᠭ᠌ᠷᠠᠮ᠎ᠤᠨ ᠠᠭᠤᠯᠭ᠎ᠠ᠂ ᠳᠠᠮᠵᠢᠭᠤᠯᠬᠤ ᠪᠦᠷᠬᠦᠴᠡ ᠵᠢᠨ ᠬᠡᠪᠴᠢᠶ᠎ᠡ᠂ ᠮᠡᠷᠭᠡᠵᠢᠯ᠎ᠤᠨ ᠠᠷᠭ᠎ᠠ ᠪᠠᠷᠢᠯ᠂ ᠠᠵᠢᠯᠯᠠᠬᠤ ᠳᠠᠪᠲᠠᠮᠵᠢ ᠵᠢᠨ ᠬᠡᠰᠡᠭ ᠵᠡᠷᠭᠡ ᠠᠭᠤᠯᠭ᠎ᠠ ᠵᠢ ᠪᠠᠭᠲᠠᠭ᠋ᠠᠨ᠎ᠠ᠃
ᠦᠨᠡᠮᠯᠡᠯ᠎ᠲᠠᠢ ᠨᠢᠭᠡᠴᠢ ᠵᠥᠪᠰᠢᠶᠡᠷᠡᠯ᠎ᠤᠨ ᠦᠨᠡᠮᠯᠡᠯ᠎ᠳᠤ ᠲᠣᠳᠣᠷᠬᠠᠶ᠋ᠢᠯᠠᠭᠰᠠᠨ ᠵᠦᠢ᠍ᠯᠡᠰ᠎ᠤᠨ ᠶᠣᠰᠣᠭ᠋ᠠᠷ ᠷᠠᠳᠢᠣ᠋ ᠲᠧᠯᠸᠢᠰ᠎ᠤᠨ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠤᠬᠠᠶ᠋ᠢᠯᠠᠭᠰᠠᠨ ᠠᠵᠢᠯ᠎ᠢ ᠬᠢᠬᠦ ᠬᠡᠷᠡᠭᠲᠡᠶ᠃
ᠭᠤᠷᠪᠠᠳᠤᠭ᠋ᠠᠷ ᠪᠦᠯᠦᠭ᠂ ᠳᠠᠭ᠋ᠠᠭᠤᠯᠢ ᠣᠳᠣᠨ᠎ᠤ ᠠᠷᠭ᠎ᠠ ᠬᠡᠯᠪᠡᠷᠢ᠎ᠪᠠᠷ ᠷᠠᠳᠢᠣ᠋ ᠲᠧᠯᠸᠢᠰ᠎ᠤᠨ ᠫᠷᠤᠭ᠌ᠷᠠᠮ᠎ᠤᠨ ᠲᠤᠬᠠᠶ᠋ᠢᠯᠠᠭᠰᠠᠨ ᠠᠵᠢᠯ᠎ᠢ ᠳᠠᠮᠵᠢᠭᠤᠯᠬᠤ
ᠠᠷᠪᠠᠨ ᠨᠠᠢ᠍ᠮᠠᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠳᠠᠭ᠋ᠠᠭᠤᠯᠢ ᠣᠳᠣᠨ᠎ᠤ ᠠᠷᠭ᠎ᠠ ᠬᠡᠯᠪᠡᠷᠢ᠎ᠪᠠᠷ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ᠎ᠳᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠭᠤᠶᠤᠴᠢᠯᠠᠯ ᠵᠶ᠋ᠠᠨ ᠳᠤᠷᠠᠳᠬᠤ ᠵᠢᠨ ᠬᠠᠮᠲᠤ ᠵᠥᠪᠰᠢᠶᠡᠷᠡᠭᠦᠯᠦᠭᠰᠡᠨ ᠪᠦᠷᠬᠦᠴᠡ ᠵᠢᠨ ᠬᠡᠪᠴᠢᠶᠡᠨ ᠳᠣᠲᠣᠷ᠎ᠠ ᠬᠠᠮᠤᠷᠬᠤ ᠬᠡᠷᠡᠭᠲᠡᠶ᠃
ᠠᠷᠪᠠ ᠶᠢᠰᠦᠳᠦᠭᠡᠷ ᠵᠣᠷᠪᠣᠰ᠂ ᠳᠠᠭ᠋ᠠᠭᠤᠯᠢ ᠣᠳᠣᠨ᠎ᠤ ᠠᠷᠭ᠎ᠠ ᠬᠡᠯᠪᠡᠷᠢ᠎ᠪᠠᠷ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ᠎ᠳᠤ ᠳᠣᠤᠷᠠᠬᠢ ᠮᠡᠲᠦ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠭᠤᠶᠤᠴᠢᠯᠠᠭᠴᠢ᠎ᠨᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠪᠠᠷ ᠵᠥᠪᠰᠢᠶᠡᠷᠡᠭᠦᠯᠦᠭᠡᠳ ᠪᠠᠢ᠌ᠭᠤᠯᠤᠭᠳᠠᠭᠰᠠᠨ ᠷᠠᠳᠢᠣ᠋ ᠲᠧᠯᠸᠢᠰ ᠨᠡᠪᠲᠡᠷᠡᠭᠦᠯᠬᠦ ᠪᠠᠶ᠋ᠢᠭᠤᠯᠤᠮᠵᠢ᠎ᠳᠤ ᠪᠠᠶ᠋ᠢᠬᠤ ᠬᠡᠷᠡᠭᠲᠡᠶ;
(ᠬᠤᠶᠠᠷ) ᠤᠯᠤᠰ᠎ᠤᠨ ᠷᠠᠳᠢᠣ᠋ ᠲᠧᠯᠸᠢᠰ᠎ᠤᠨ ᠦᠢ᠍ᠯᠡᠰ ᠪᠠ ᠠᠵᠤ ᠦᠢ᠍ᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠨᠡᠶ᠋ᠢᠴᠡᠨ᠎ᠡ;
(ᠭᠤᠷᠪᠠ) ᠷᠠᠳᠢᠣ᠋ ᠲᠧᠯᠸᠢᠰ᠎ᠤᠨ ᠳᠠᠮᠵᠢᠭᠤᠯᠬᠤ ᠪᠦᠷᠬᠦᠴᠡ ᠵᠢᠨ ᠰᠦᠯᠵᠢᠶᠡᠨ᠎ᠤ ᠬᠣᠯᠪᠣᠭᠳᠠᠯ ᠪᠥᠬᠦᠶ ᠲᠥᠯᠥᠪᠵᠢᠭᠦᠯᠭᠡ ᠪᠠ ᠮᠡᠷᠭᠡᠵᠢᠯ᠎ᠤᠨ ᠱᠠᠭ᠋ᠠᠷᠳᠠᠯᠭ᠎ᠠ᠎ᠳᠤ ᠨᠡᠶ᠋ᠢᠴᠡᠨ᠎ᠡ;
(ᠲᠦᠷᠪᠡ) ᠴᠢᠬᠤᠯᠠ ᠪᠦᠬᠦᠢ ᠪᠡᠯᠡ ᠮᠥᠩᠭᠦ᠂ ᠲᠣᠭᠲᠠᠭᠤᠨ ᠵᠠᠷᠤᠳᠠᠯ ᠪᠠ ᠠᠵᠢᠯᠲᠠᠨ᠎ᠤ ᠪᠠᠲᠤᠯᠠᠪᠤᠷᠢ᠎ᠲᠠᠢ ᠪᠠᠢ᠌ᠬᠤ ᠬᠡᠷᠡᠭᠲᠡᠢ;
(ᠲᠠᠪᠤ) ᠳᠠᠭ᠋ᠠᠭᠤᠯᠢ ᠣᠳᠣᠨ᠎ᠤ ᠠᠷᠭ᠎ᠠ ᠬᠡᠯᠪᠡᠷᠢ ᠵᠢ ᠠᠰᠢᠭᠯᠠᠨ ᠬᠠᠮᠤᠷᠬᠤ ᠬᠡᠪᠴᠢᠶ᠎ᠡ᠎ᠨᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠥᠪᠰᠢᠶᠡᠷᠡᠭᠰᠡᠨ ᠫᠷᠤᠭ᠌ᠷᠠᠮ᠎ᠤᠨ ᠬᠠᠮᠤᠷᠬᠤ ᠬᠡᠪᠴᠢᠶ᠎ᠡ᠎ᠲᠠᠢ ᠨᠢᠭᠡᠳᠦᠯᠲᠡᠶ ᠪᠠᠶ᠋ᠢᠬᠤ ᠬᠡᠷᠡᠭᠲᠡᠢ;
(ᠵᠢᠷᠭᠤᠭ᠎ᠠ) ᠴᠢᠬᠤᠯᠠ ᠪᠦᠬᠦᠢ ᠬᠢᠨᠠᠨ ᠬᠡᠮᠵᠢᠵᠦ ᠬᠢᠨᠠᠨ ᠬᠠᠮᠢᠶᠠᠷᠬᠤ ᠨᠥᠬᠥᠴᠡᠯ᠎ᠢ ᠪᠦᠷᠢᠯᠳᠦᠭᠦᠯᠬᠦ ᠬᠡᠷᠡᠭᠲᠡᠢ᠃
ᠬᠤᠷᠢᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ᠎ᠨᠢ ᠳᠠᠭ᠋ᠠᠭᠤᠯᠢ ᠣᠳᠣᠨ᠎ᠤ ᠠᠷᠭ᠎ᠠ ᠬᠡᠯᠪᠡᠷᠢ ᠵᠢ ᠠᠰᠢᠭᠯᠠᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠲᠤᠬᠠᠶ᠋ᠢᠯᠠᠭᠰᠠᠨ ᠠᠵᠢᠯ᠎ᠢ ᠳᠠᠮᠵᠢᠭᠤᠯᠬᠤ᠎ᠪᠠᠷ ᠭᠤᠶᠤᠴᠢᠯᠠᠬᠤ᠎ᠳᠤ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠲᠡᠶ᠄
(ᠨᠢᠭᠡ) ᠭᠤᠶᠤᠴᠢᠯᠠᠬᠤ ᠪᠠᠢ᠌ᠭᠤᠯᠤᠮᠵᠢ ᠵᠢᠨ ᠦᠨᠳᠦᠰᠦᠨ ᠪᠠᠢ᠌ᠳᠠᠯ;
(ᠬᠤᠶᠠᠷ) ᠳᠠᠭ᠋ᠠᠭᠤᠯᠢ ᠣᠳᠣᠨ᠎ᠤ ᠠᠷᠭ᠎ᠠ ᠬᠡᠯᠪᠡᠷᠢ ᠵᠢ ᠠᠰᠢᠭᠯᠠᠨ ᠷᠠᠳᠢᠣ᠋ ᠲᠧᠯᠸᠢᠰ᠎ᠤᠨ ᠫᠷᠤᠭ᠌ᠷᠠᠮ᠎ᠤᠨ ᠲᠤᠬᠠᠶ᠋ᠢᠯᠠᠭᠰᠠᠨ ᠠᠵᠢᠯ᠎ᠤᠨ ᠭᠤᠶᠤᠴᠢᠯᠠᠯ᠎ᠤᠨ ᠬᠦᠰᠦᠨᠦᠭᠲᠦ ᠵᠢ ᠳᠠᠮᠵᠢᠭᠤᠯᠤᠨ᠎ᠠ;
(ᠭᠤᠷᠪᠠ) ᠬᠡᠷᠡᠭᠯᠡᠬᠦ᠎ᠪᠠᠷ ᠪᠠᠶ᠋ᠢᠭ᠎ᠠ ᠳᠠᠮᠵᠢᠭᠤᠯᠬᠤ ᠠᠷᠭ᠎ᠠ ᠬᠡᠯᠪᠡᠷᠢ᠂ ᠬᠠᠮᠤᠷᠬᠤ ᠬᠡᠪᠴᠢᠶ᠎ᠡ᠂ ᠦᠢ᠍ᠯᠡᠴᠢᠯᠡᠭᠡᠨ᠎ᠤ ᠣᠷᠣᠨ ᠪᠦᠰᠡ᠂ ᠫᠷᠤᠭ᠌ᠷᠠᠮ᠎ᠤᠨ ᠠᠭᠤᠯᠭ᠎ᠠ᠂ ᠬᠤᠷᠠᠮᠳᠤᠭᠤᠯᠤᠨ ᠨᠢᠭᠤᠴᠠᠯᠠᠬᠤ ᠲᠠᠪᠴᠠᠩ ᠪᠠ ᠮᠡᠷᠭᠡᠵᠢᠯ᠎ᠤᠨ ᠪᠣᠯᠵᠣᠯᠲᠤ ᠲᠣᠭ᠎ᠠ;
(ᠲᠦᠷᠪᠡ) ᠳᠠᠭ᠋ᠠᠭᠤᠯᠢ ᠣᠳᠣᠨ᠎ᠤ ᠵᠢᠮᠲᠦ ᠪᠠᠶ᠋ᠢᠷᠢ᠂ ᠳᠠᠮᠵᠢᠭᠤᠯᠤᠭᠴᠢ ᠵᠢᠨ ᠳ᠋ᠤᠭ᠋ᠠᠷᠯᠠᠯ᠂ ᠲᠤᠶ᠋ᠢᠯᠰᠢᠷᠠᠬᠤ ᠠᠷᠭ᠎ᠠ ᠬᠡᠯᠪᠡᠷᠢ᠂ ᠲᠡᠮᠳᠡᠭ᠎ᠤᠨ ᠨᠤᠷᠮ᠎ᠠ᠂ ᠳᠠᠪᠲᠠᠮᠵᠢ ᠵᠢᠴᠢ ᠰᠦᠯᠵᠢᠶᠡᠨ᠎ᠳᠤ ᠣᠷᠣᠬᠤ ᠵᠢ ᠬᠡᠮᠵᠢᠨ ᠲᠤᠷᠰᠢᠬᠤ ᠪᠠᠶ᠋ᠢᠳᠠᠯ;
(ᠲᠠᠪᠤ) ᠮᠡᠷᠭᠡᠵᠢᠯ᠎ᠤᠨ ᠲᠥᠰᠦᠯ᠂ ᠮᠡᠷᠭᠡᠵᠢᠯ᠎ᠤᠨ ᠠᠮᠤᠷ ᠲᠦᠪᠰᠢᠨ᠎ᠤ ᠪᠠᠲᠤᠯᠠᠭ᠎ᠠ ᠵᠢᠨ ᠵᠣᠬᠢᠴᠠᠮᠵᠢ ᠵᠢᠴᠢ ᠦᠨᠡᠯᠡᠨ ᠵᠢᠱ᠌ᠢᠭᠰᠡᠨ ᠮᠡᠳᠡᠭᠦᠯᠦᠯᠲᠡ;
(ᠵᠢᠷᠭᠤᠭ᠎ᠠ) ᠰᠠᠭᠤᠭ᠎ᠠ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ;
(ᠳᠤᠯᠤᠭ᠎ᠠ) ᠬᠠᠤᠯᠢ ᠶᠣᠰᠣᠨ᠎ᠳᠤ ᠨᠡᠢ᠌ᠴᠡᠬᠦ ᠷᠠᠳᠢᠣ᠋ ᠲᠧᠯᠸᠢᠰ᠎ᠤᠨ ᠫᠷᠦᠭᠷᠡᠮ᠎ᠤᠨ ᠳᠤᠬᠢᠶᠠᠨ᠎ᠤ ᠢᠷᠡᠯᠳᠡ᠂ ᠳᠠᠮᠵᠢᠭᠤᠯᠬᠤ ᠠᠷᠭ᠎ᠠ ᠬᠡᠯᠪᠡᠷᠢ᠂ ᠬᠠᠮᠤᠷᠬᠤ ᠬᠡᠪᠴᠢᠶ᠎ᠡ ᠵᠢᠨ ᠲᠣᠳᠣᠷᠬᠠᠶ᠋ᠢᠯᠠᠯᠲᠠ᠃
ᠳᠥᠷᠪᠡᠳᠦᠭᠡᠷ ᠪᠦᠯᠦᠭ᠂ ᠷᠠᠳᠢᠣ᠋ ᠲᠧᠯᠸᠢᠰ᠎ᠤᠨ ᠤᠲᠠᠰᠤ ᠦᠭᠡᠶ᠎ᠪᠠᠷ ᠳᠠᠮᠵᠢᠭᠤᠯᠬᠤ ᠲᠣᠤᠷ᠎ᠤᠨ ᠳᠠᠪᠲᠠᠮᠵᠢ ᠵᠢᠨ ᠬᠡᠷᠡᠭᠯᠡᠯᠲᠡ
ᠬᠣᠷᠢᠨ ᠨᠢᠭᠡᠳᠦᠭᠡᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠲᠠᠢ ᠨᠢᠭᠡᠴᠢ᠂ ᠪᠢᠴᠢᠯ ᠳᠣᠯᠭᠢᠶᠠᠨ᠂ ᠳᠠᠭ᠋ᠠᠭᠤᠯᠢ ᠣᠳᠣᠨ᠎ᠤ ᠷᠠᠳᠢᠣ᠋ ᠲᠧᠯᠸᠢᠰ᠎ᠤᠨ ᠳᠠᠪᠲᠠᠮᠵᠢ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠬᠡᠷᠡᠭᠯᠡᠬᠦ᠎ᠪᠠᠷ ᠭᠤᠶᠤᠴᠢᠯᠠᠬᠤ᠎ᠳᠤ᠂ ᠤᠯᠤᠰ᠎ᠤᠨ ᠷᠠᠳᠢᠣ᠋ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠷᠠᠳᠢᠣ᠋ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠷᠠᠳᠢᠣ᠋ ᠵᠢᠨ ᠳᠠᠪᠲᠠᠮᠵᠢ ᠬᠡᠷᠡᠭᠯᠡᠬᠦ ᠵᠥᠪᠰᠢᠶᠡᠷᠡᠯ᠎ᠢ ᠭᠦᠢ᠍ᠴᠡᠳᠬᠡᠬᠦ ᠬᠡᠷᠡᠭᠲᠡᠶ᠃
ᠬᠤᠷᠢᠨ ᠬᠤᠶᠠᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠢ)》᠎ᠲᠠᠢ ᠪᠠᠶ᠋ᠢᠬᠤ ᠨᠢᠭᠡᠴᠢ ᠳᠣᠣᠷᠠᠬᠢ ᠲᠤᠬᠠᠶ᠋ᠢᠯᠠᠭᠰᠠᠨ ᠠᠵᠢᠯ᠎ᠤᠨ ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ᠎ᠪᠠᠷ ᠭᠤᠶᠤᠴᠢᠯᠠᠬᠤ᠎ᠳᠤ᠂ ᠪᠠᠶ᠋ᠢᠭ᠎ᠠ ᠭᠠᠵᠠᠷ᠎ᠤᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠱᠠᠲᠤ ᠳᠠᠷᠠᠭ᠋ᠠᠯᠠᠨ ᠮᠡᠳᠡᠭᠦᠯᠵᠦ ᠬᠢᠨᠠᠨ ᠵᠥᠪᠰᠢᠶᠡᠷᠡᠭᠦᠯᠵᠦ᠂ 《ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ (ᠬᠥᠬᠡ ᠲᠥᠷᠥᠯ)》᠎ᠢ ᠠᠪᠬᠤ ᠬᠡᠷᠡᠭᠲᠡᠶ᠄
(ᠨᠢᠭᠡ) ᠳᠤᠮᠳᠠ᠂ ᠣᠬᠤᠷ ᠳᠣᠯᠭᠢᠶᠠᠨᠲᠤ ᠨᠡᠪᠲᠡᠷᠡᠭᠦᠯᠭᠡ;
(ᠬᠤᠶᠠᠷ) ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ (ᠰᠠᠴᠤᠷᠠᠭᠤᠯᠬᠤ ᠮᠠᠰᠢᠨ᠎ᠤ ᠢᠯᠡᠳᠭᠡᠭᠰᠡᠨ ᠴᠢᠳᠠᠯ᠎ᠤᠨ 50 ᠸᠠᠲ (ᠪᠠᠭᠲᠠᠬᠤ ᠦᠭᠡᠢ)᠎ᠠᠴᠠ ᠳᠡᠭᠡᠭᠰᠢᠬᠢ ᠰᠠᠴᠤᠷᠠᠭᠤᠯᠬᠤ ᠲᠥᠬᠦᠭᠡᠷᠦᠮᠵᠢ);
(ᠭᠤᠷᠪᠠ) ᠳᠠᠪᠲᠠᠮᠵᠢ ᠲᠣᠬᠢᠷᠠᠭᠤᠯᠬᠤ ᠵᠢᠨ ᠵᠡᠷᠭᠡᠳᠡ ᠨᠡᠪᠲᠡᠷᠡᠭᠦᠯᠬᠦ;
(ᠲᠦᠷᠪᠡ) ᠭᠠᠵᠠᠷ᠎ᠤᠨ ᠭᠠᠳᠠᠷᠭᠤ ᠵᠢᠨ ᠲᠣᠭ᠋ᠠᠨ᠎ᠤ ᠳᠠᠭᠤᠲᠤ ᠷᠠᠳᠢᠣ᠋;
(ᠲᠠᠪᠤ) ᠭᠠᠵᠠᠷ ᠳᠡᠭᠡᠷᠡᠬᠢ ᠲᠣᠭ᠋ᠠᠴᠢᠯᠠᠭᠰᠠᠨ ᠲᠧᠯᠸᠢᠰ ᠨᠡᠪᠲᠡᠷᠡᠭᠦᠯᠭᠡ᠃
ᠵᠥᠪᠰᠢᠶᠡᠷᠡᠯ᠎ᠤᠨ ᠦᠨᠡᠮᠯᠡᠯ᠎ᠤᠨ ᠬᠦᠴᠦᠨ ᠪᠦᠬᠦᠢ ᠬᠤᠭᠤᠴᠠᠭ᠎ᠠ ᠵᠢ 10 ᠵᠢᠯ᠎ᠠᠴᠠ ᠬᠡᠲᠦᠷᠡᠭᠦᠯᠵᠦ ᠪᠣᠯᠬᠤ ᠦᠭᠡᠢ᠃ ᠬᠦᠴᠦᠨ ᠪᠦᠬᠦᠢ ᠬᠤᠭᠤᠴᠠᠭ᠎ᠠ᠎ᠨᠢ ᠲᠤᠯᠤᠭ᠋ᠠᠳ ᠦᠷᠭᠦᠯᠵᠢᠯᠡᠨ ᠲᠤᠬᠠᠢ᠌ᠯᠠᠭᠰᠠᠨ ᠠᠵᠢᠯ᠎ᠢ ᠭᠦᠢ᠍ᠴᠡᠳᠭᠡᠬᠦ ᠴᠢᠬᠤᠯᠠᠲᠠᠢ ᠪᠣᠯ ᠬᠤᠭᠤᠴᠠᠭ᠎ᠠ ᠲᠤᠯᠬᠤ᠎ᠠᠴᠠ ᠡᠮᠦᠨ᠎ᠡ ᠵᠢᠷᠭᠤᠭ᠋ᠠᠨ ᠰᠠᠷ᠎ᠠ᠎ᠳᠤ ᠲᠤᠰ ᠠᠷᠭ᠎ᠠ᠎ᠳᠤ ᠲᠣᠭᠲᠠᠭ᠋ᠠᠭᠰᠠᠨ ᠬᠢᠨᠠᠨ ᠵᠥᠪᠰᠢᠶᠡᠷᠡᠬᠦ ᠳᠠᠷᠠᠭ᠋ᠠᠯᠠᠯ᠎ᠤᠨ ᠶᠣᠰᠣᠭ᠋ᠠᠷ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠬᠣᠷᠢᠨ ᠭᠤᠷᠪᠠᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠶ)》᠎ᠲᠠᠢ ᠨᠢᠭᠡᠴᠢ᠂ ᠰᠠᠴᠤᠷᠠᠭᠤᠯᠬᠤ ᠮᠠᠰᠢᠨ᠎ᠤ ᠢᠯᠡᠳᠬᠡᠭᠰᠡᠨ ᠴᠢᠳᠠᠯ᠎ᠤᠨ 50 ᠸᠠᠲ (ᠪᠠᠭᠲᠠᠨ᠎ᠠ)᠎ᠠᠴᠠ ᠳᠣᠷᠣᠭᠰᠢ ᠨᠢᠭᠡᠨᠲᠡ ᠵᠥᠪᠰᠢᠶᠡᠷᠡᠭᠦᠯᠦᠭᠡᠳ ᠨᠡᠭᠡᠭᠡᠨ ᠡᠷᠬᠢᠯᠡᠬᠦ᠎ᠪᠠᠷ ᠵᠥᠪᠰᠢᠶᠡᠷᠡᠭᠰᠡᠨ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠮᠡᠳᠡᠭᠡ ᠵᠠᠩᠭᠢ ᠵᠢ ᠳᠠᠮᠵᠢᠭᠤᠯᠤᠨ ᠨᠡᠪᠲᠡᠷᠡᠭᠦᠯᠬᠦ ᠪᠠᠭ᠎ᠠ ᠴᠢᠳᠠᠮᠵᠢ᠎ᠲᠠᠢ ᠷᠠᠳᠢᠣ᠋ ᠨᠡᠪᠲᠡᠷᠡᠭᠦᠯᠭᠡ ᠵᠢᠨ ᠳᠠᠪᠲᠠᠮᠵᠢ᠂ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠨᠠᠶ᠋ᠢᠳᠠᠨ ᠬᠢᠨᠠᠨ ᠵᠥᠪᠰᠢᠶᠡᠷᠡᠭᠦᠯᠬᠦ ᠬᠡᠷᠡᠭᠲᠡᠶ᠃
ᠭᠤᠶᠤᠴᠢᠯᠠᠭᠰᠠᠨ ᠨᠢᠭᠡᠴᠢ᠎ᠨᠢ ᠪᠠᠶ᠋ᠢᠭ᠎ᠠ ᠭᠠᠵᠠᠷ᠎ᠤᠨ ᠵᠶ᠋ᠠᠨ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠭᠤᠶᠤᠴᠢᠯᠠᠯ ᠭᠠᠷᠭ᠋ᠠᠵᠤ᠂ ᠱᠠᠲᠤ ᠳᠠᠷᠠᠭ᠋ᠠᠯᠠᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ 《ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ (ᠬᠥᠬᠡᠭᠴᠢᠨ ᠲᠥᠷᠥᠯ)》᠎ᠢ ᠠᠪᠬᠤ ᠬᠡᠷᠡᠭᠲᠡᠶ᠃
ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠥᠨᠳᠥᠷ ᠦᠷ᠎ᠡ ᠪᠦᠲᠦᠮᠵᠢᠲᠡᠶ᠂ ᠠᠷᠠᠳ᠎ᠲᠤ ᠳᠥᠭᠥᠮ ᠪᠠᠶ᠋ᠢᠯᠭ᠋ᠠᠬᠤ ᠵᠠᠷᠴᠢᠮ᠎ᠢ ᠵᠢᠷᠤᠮᠯᠠᠨ᠂ ᠠᠵᠢᠯ ᠶᠠᠪᠤᠳᠠᠯ ᠡᠷᠬᠢᠯᠡᠬᠦ ᠦᠷ᠎ᠡ ᠪᠦᠲᠦᠮᠵᠢ᠎ᠪᠠᠨ ᠳᠡᠭᠡᠭᠰᠢᠯᠡᠭᠦᠯᠵᠦ᠂ ᠨᠠᠶ᠋ᠢᠳᠠᠭᠰᠠᠨ ᠡᠷᠬᠡ ᠮᠡᠳᠡᠯ᠎ᠤᠨ ᠬᠡᠪᠴᠢᠶᠡᠨ ᠳᠣᠲᠣᠷ᠎ᠠ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠨᠢᠭᠡᠳᠦᠯᠲᠡᠶ ᠲᠣᠭᠲᠠᠭ᠋ᠠᠭᠰᠠᠨ ᠵᠥᠪᠰᠢᠶᠡᠷᠡᠯ᠎ᠤᠨ ᠦᠨᠡᠮᠯᠡᠯ᠎ᠤᠨ ᠶᠣᠰᠣᠭ᠋ᠠᠷ ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ᠎ᠢ ᠬᠠᠤᠯᠢ ᠶᠣᠰᠣᠭ᠋ᠠᠷ ᠭᠦᠢ᠍ᠴᠡᠳᠬᠡᠬᠦ ᠵᠢᠨ ᠬᠠᠮᠲᠤ ᠲᠤᠰ ᠰᠠᠷ᠎ᠠ᠎ᠳᠤ ᠭᠠᠷᠭ᠋ᠠᠭᠰᠠᠨ ᠬᠦᠯᠢᠶᠡᠨ ᠠᠪᠴᠤ ᠰᠢᠢ᠍ᠳᠪᠦᠷᠢᠯᠡᠬᠦ ᠦᠭᠡᠶ᠂ ᠵᠥᠪᠰᠢᠶᠡᠷᠡᠬᠦ ᠪᠣᠶᠣ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠣᠭᠲᠠᠭ᠋ᠠᠯ ᠵᠡᠷᠭᠡ ᠪᠠᠶ᠋ᠢᠳᠠᠯ᠎ᠢ ᠬᠤᠷᠢᠶᠠᠩᠭᠤᠶ᠋ᠢᠯᠠᠵᠤ᠂ ᠳᠠᠷᠠᠭ᠎ᠠ ᠰᠠᠷ᠎ᠠ ᠵᠢᠨ 15᠎ᠤ ᠡᠳᠦᠷ᠎ᠠᠴᠠ ᠡᠮᠦᠨ᠎ᠡ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃
ᠬᠤᠷᠢᠨ ᠳᠥᠷᠪᠡᠳᠦᠭᠡᠷ ᠵᠣᠷᠪᠣᠰ᠂ 《ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ ᠲᠤᠬᠠᠶ᠋ᠢᠯᠠᠭᠰᠠᠨ ᠠᠵᠢᠯ᠎ᠤᠨ ᠡᠵᠡᠩᠨᠡᠯᠲᠡ ᠵᠢᠨ ᠵᠥᠪᠰᠢᠶᠡᠷᠡᠯ᠎ᠤᠨ ᠦᠨᠡᠮᠯᠡᠯ (ᠤᠲᠠᠰᠤ ᠦᠭᠡᠢ)》᠎ᠲᠠᠢ ᠨᠢᠭᠡᠴᠢ ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠵᠦ ᠷᠠᠳᠢᠣ᠋ ᠲᠧᠯᠸᠢᠰ᠎ᠤᠨ ᠫᠷᠤᠭ᠌ᠷᠠᠮ᠎ᠢ ᠳᠠᠮᠵᠢᠭᠤᠯᠬᠤ᠎ᠪᠠᠷ ᠭᠤᠶᠤᠴᠢᠯᠠᠬᠤ᠎ᠳᠤ ᠳᠣᠣᠷᠠᠬᠢ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠄
(ᠨᠢᠭᠡ) ᠷᠠᠳᠢᠣ᠋ ᠲᠧᠯᠸᠢᠰ᠎ᠤᠨ ᠳᠠᠪᠲᠠᠮᠵᠢ ᠭᠤᠶᠤᠴᠢᠯᠠᠬᠤ ᠬᠦᠰᠦᠨᠦᠭᠲᠦ;
(ᠬᠤᠶᠠᠷ) ᠬᠡᠷᠡᠭᠯᠡᠬᠦ᠎ᠪᠠᠷ ᠭᠤᠶᠤᠴᠢᠯᠠᠭᠰᠠᠨ ᠷᠠᠳᠢᠣ᠋ ᠲᠧᠯᠸᠢᠰ᠎ᠤᠨ ᠳᠠᠪᠲᠠᠮᠵᠢ᠎ᠨᠢ ᠷᠠᠳᠢᠣ᠋ ᠲᠧᠯᠸᠢᠰ᠎ᠢ ᠪᠦᠷᠬᠦᠬᠦᠯᠬᠦ ᠲᠣᠣᠷ᠎ᠤᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠬᠤ ᠪᠠ ᠲᠣᠬᠢᠷᠠᠭᠤᠯᠤᠯᠲᠠ ᠬᠢᠬᠦ᠎ᠳᠤ ᠬᠤᠯᠪᠣᠭᠳᠠᠭᠰᠠᠨ ᠪᠠᠶ᠋ᠢᠪᠠᠯ᠂ ᠮᠡᠷᠭᠡᠵᠢᠯ᠎ᠤᠨ ᠦᠨᠡᠯᠡᠨ ᠵᠢᠱ᠌ᠢᠯᠲᠡ ᠵᠢᠨ ᠮᠡᠳᠡᠭᠦᠯᠦᠯᠲᠡ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ᠎ᠲᠠᠢ ᠵᠣᠬᠢᠴᠠᠭᠤᠯᠬᠤ ᠪᠢᠴᠢᠭ ᠮᠠᠲ᠋ᠧᠷᠢᠶᠠᠯ᠎ᠢ ᠬᠠᠩᠭ᠋ᠠᠨ᠎ᠠ;
(ᠭᠤᠷᠪᠠ) ᠥᠷᠨᠢᠭᠦᠯᠬᠦ᠎ᠪᠠᠷ ᠪᠠᠶ᠋ᠢᠭ᠎ᠠ ᠷᠠᠳᠢᠣ᠋ ᠲᠧᠯᠸᠢᠰ᠎ᠤᠨ ᠲᠤᠬᠠᠶ᠋ᠢᠯᠠᠭᠰᠠᠨ ᠠᠵᠢᠯ᠎ᠤᠨ ᠪᠠᠶ᠋ᠢᠳᠠᠯ᠎ᠤᠨ ᠲᠣᠳᠣᠷᠬᠠᠶ᠋ᠢᠯᠠᠯᠲᠠ᠎ᠨᠢ ᠴᠢᠳᠠᠮᠵᠢ᠂ ᠬᠡᠷᠡᠭᠴᠡᠭᠡ᠂ ᠦᠢ᠍ᠯᠡᠴᠢᠯᠡᠬᠦ ᠡᠲᠡᠭᠡᠳ ᠪᠠ ᠵᠢᠱ᠌ᠢᠭᠰᠡᠨ ᠬᠡᠪᠴᠢᠶ᠎ᠡ ᠵᠢᠴᠢ ᠪᠦᠲᠦᠭᠡᠨ ᠪᠠᠶ᠋ᠢᠭᠤᠯᠬᠤ ᠲᠥᠯᠥᠪᠯᠡᠭᠡ ᠵᠡᠷᠭᠡ ᠵᠢ ᠪᠠᠭᠲᠠᠭ᠋ᠠᠨ᠎ᠠ;
(ᠲᠦᠷᠪᠡ) ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠢᠴᠢᠭ᠎ᠤᠨ ᠰᠠᠨᠠᠯ᠃
ᠬᠣᠷᠢᠨ ᠲᠠᠪᠤᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ》᠎ᠲᠠᠢ ᠨᠢᠭᠡᠴᠢ᠂ ᠬᠡᠷᠪᠡ ᠷᠠᠳᠢᠣ᠋ ᠬᠣᠷᠢᠶ᠎ᠠ (ᠥᠷᠲᠡᠭᠡ) ᠪᠠᠶ᠋ᠢᠭᠤᠯᠬᠤ᠂ ᠬᠡᠷᠡᠭᠯᠡᠬᠦ ᠴᠢᠬᠤᠯᠠᠲᠠᠢ ᠪᠣᠯ ᠤᠯᠤᠰ᠎ᠤᠨ ᠷᠠᠳᠢᠣ᠋ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠤᠶᠤ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠷᠠᠳᠢᠣ᠋ ᠵᠢᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠳᠤ ᠭᠤᠶᠤᠴᠢᠯᠠᠨ ᠷᠠᠳᠢᠣ᠋ ᠬᠣᠷᠢᠶ᠎ᠠ ᠵᠢᠨ ᠦᠨᠡᠮᠯᠡᠯ ᠬᠢᠯᠭᠡᠬᠦ ᠬᠡᠷᠡᠭᠲᠡᠶ᠃
ᠲᠠᠪᠤᠳᠤᠭ᠋ᠠᠷ ᠪᠦᠯᠦᠭ᠂ ᠤᠲᠠᠰᠤ ᠦᠭᠡᠢ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠥᠭᠡᠷᠦᠮᠵᠢ ᠵᠢ ᠵᠠᠬᠢᠶᠠᠯᠠᠨ ᠬᠤᠳᠠᠯᠳᠤᠵᠤ ᠠᠪᠬᠤ
ᠬᠤᠷᠢᠨ ᠵᠢᠷᠭᠤᠳᠤᠭ᠋ᠠᠷ ᠵᠣᠷᠪᠣᠰ᠂ 《ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ》᠎ᠲᠠᠢ ᠨᠢᠭᠡᠴᠢ᠂ ᠬᠡᠷᠪᠡ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠦᠭᠡᠷᠦᠮᠵᠢ ᠬᠤᠳᠠᠯᠳᠤᠨ ᠠᠪᠬᠤ ᠴᠢᠬᠤᠯᠠᠲᠠᠢ ᠪᠣᠯ᠂ ᠲᠡᠭᠦᠨ᠎ᠤ 《ᠷᠠᠳᠢᠣ᠋ ᠲᠧᠯᠸᠢᠰ᠎ᠤᠨ ᠳᠠᠪᠲᠠᠮᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ》᠎ᠤᠨ ᠷᠠᠳᠢᠣ᠋ ᠲᠧᠯᠸᠢᠰ᠎ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ 《ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠦᠭᠡᠷᠦᠮᠵᠢ ᠵᠢ ᠵᠠᠬᠢᠶᠠᠯᠠᠨ ᠠᠪᠬᠤ ᠭᠡᠷᠡᠴᠢ》 (ᠳᠣᠷᠣᠭᠰᠢ 《ᠵᠠᠬᠢᠶᠠᠯᠠᠨ ᠠᠪᠬᠤ ᠭᠡᠷᠡᠴᠢ》 ᠭᠡᠵᠦ ᠲᠣᠪᠴᠢᠯᠠᠨ᠎ᠠ) ᠵᠢ ᠭᠤᠶᠤᠴᠢᠯᠠᠨ ᠠᠪᠬᠤ ᠵᠢᠨ ᠬᠠᠮᠲᠤ ᠳᠣᠣᠷᠠᠬᠢ ᠮᠠᠲ᠋ᠧᠷᠢᠶᠠᠯ᠎ᠢ ᠲᠤᠰᠢᠶᠠᠬᠤ ᠬᠡᠷᠡᠭᠲᠡᠢ᠄
(ᠨᠢᠭᠡ) 《ᠵᠠᠬᠢᠶᠠᠯᠠᠨ ᠠᠪᠬᠤ ᠭᠡᠷᠡᠴᠢ》 ᠵᠢᠨ ᠭᠤᠶᠤᠴᠢᠯᠠᠯ᠎ᠤᠨ ᠬᠦᠰᠦᠨᠦᠭᠲᠦ;
(ᠬᠤᠶᠠᠷ) 《ᠷᠠᠳᠢᠣ᠋ ᠲᠧᠯᠸᠢᠰ᠎ᠤᠨ ᠳᠠᠪᠲᠠᠮᠵᠢ ᠵᠢ ᠬᠡᠷᠡᠭᠯᠡᠬᠦ ᠵᠥᠪᠰᠢᠶᠡᠷᠡᠯ᠎ᠤᠨ ᠦᠨᠡᠮᠯᠡᠯ》᠎ᠤᠨ ᠬᠠᠭᠤᠯᠪᠤᠷᠢ;
(ᠭᠤᠷᠪᠠ) ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠪᠢᠴᠢᠭ᠎ᠤᠨ ᠰᠠᠨᠠᠯ᠃
ᠬᠣᠷᠢᠨ ᠳᠣᠯᠣᠳᠤᠭ᠋ᠠᠷ ᠵᠣᠷᠪᠣᠰ᠂ ᠤᠲᠠᠰᠤ ᠦᠭᠡᠶ᠎ᠪᠠᠷ ᠳᠠᠮᠵᠢᠭᠤᠯᠬᠤ ᠪᠦᠷᠬᠦᠴᠡ ᠵᠢᠨ ᠲᠣᠤᠷ᠎ᠲᠤ ᠬᠡᠷᠡᠭᠯᠡᠬᠦ ᠰᠠᠴᠤᠷᠠᠭᠤᠯᠬᠤ ᠲᠥᠬᠥᠭᠡᠷᠦᠮᠵᠢ᠎ᠳᠤ ᠤᠯᠤᠰ᠎ᠤᠨ ᠤᠲᠠᠰᠤ ᠦᠭᠡᠢ ᠷᠠᠳᠢᠣ᠋ ᠰᠠᠴᠤᠷᠠᠭᠤᠯᠬᠤ ᠲᠥᠬᠥᠭᠡᠷᠦᠮᠵᠢ ᠵᠢᠨ ᠬᠡᠯᠪᠡᠷᠢ ᠮᠠᠶᠢᠭ᠎ᠤᠨ ᠬᠢᠨᠠᠨ ᠵᠥᠪᠰᠢᠶᠡᠷᠡᠭᠰᠡᠨ ᠦᠨᠡᠮᠯᠡᠯ ᠪᠠ ᠷᠠᠳᠢᠣ᠋ ᠲᠧᠯᠸᠢᠰ᠎ᠤᠨ ᠲᠥᠬᠥᠭᠡᠷᠦᠮᠵᠢ ᠵᠢᠨ ᠪᠠᠭ᠋ᠠᠵᠢ ᠬᠡᠷᠡᠭᠰᠡᠯ᠎ᠢ ᠲᠣᠤᠷ᠎ᠲᠤ ᠣᠷᠤᠭᠤᠯᠬᠤ ᠵᠢ ᠦᠨᠡᠮᠰᠢᠭᠰᠡᠨ ᠦᠨᠡᠮᠯᠡᠯ ᠪᠠᠶ᠋ᠢᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠣᠷᠪᠣᠰ᠂ ᠷᠠᠳᠢᠣ᠋ ᠲᠧᠯᠸᠢᠰ᠎ᠤᠨ ᠰᠠᠴᠤᠷᠠᠭᠤᠯᠬᠤ ᠲᠥᠬᠥᠭᠡᠷᠦᠮᠵᠢ ᠵᠢ ᠤᠭᠰᠠᠷᠠᠵᠤ ᠳᠠᠭᠤᠰᠤᠭᠰᠠᠨ᠎ᠤ ᠳᠠᠷᠠᠭ᠎ᠠ᠂ ᠲᠤᠰ ᠰᠠᠴᠤᠷᠠᠭᠤᠯᠬᠤ ᠲᠥᠬᠥᠭᠡᠷᠦᠮᠵᠢ ᠵᠢ ᠪᠠᠶ᠋ᠢᠭᠤᠯᠤᠭᠰᠠᠨ ᠨᠢᠭᠡᠴᠢ᠎ᠨᠢ ᠬᠣᠷᠢᠨ ᠡᠳᠦᠷ᠎ᠤᠨ ᠳᠣᠲᠣᠷ᠎ᠠ 《ᠵᠠᠬᠢᠶᠠᠯᠠᠨ ᠠᠪᠬᠤ ᠭᠡᠷᠡᠴᠢ》 ᠭᠡᠰᠡᠨ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠰᠢᠯᠭ᠋ᠠᠨ ᠠᠪᠤᠭᠤᠯᠬᠤ ᠭᠤᠶᠤᠴᠢᠯᠠᠯ ᠭᠠᠷᠭ᠋ᠠᠵᠤ᠂ ᠵᠣᠬᠢᠴᠠᠩᠭᠤᠶ ᠪᠦᠬᠦᠢ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠤ ᠨᠠᠶ᠋ᠢᠳᠠᠭᠰᠠᠨ ᠪᠠᠶ᠋ᠢᠭᠤᠯᠤᠮᠵᠢ᠎ᠠᠴᠠ ᠬᠠᠷᠢᠭᠤᠴᠠᠨ ᠵᠣᠬᠢᠶᠠᠨ ᠪᠠᠶ᠋ᠢᠭᠤᠯᠵᠤ ᠰᠢᠯᠭ᠋ᠠᠨ ᠠᠪᠬᠤ ᠬᠡᠷᠡᠭᠲᠡᠶ᠃ ᠰᠢᠯᠭ᠋ᠠᠨ ᠠᠪᠤᠯᠲᠠ᠎ᠳᠤ ᠬᠢᠷᠢ ᠲᠡᠩᠴᠡᠭᠰᠡᠨ᠎ᠤ ᠳᠠᠷᠠᠭ᠎ᠠ᠂ ᠰᠠᠴᠤᠷᠠᠭᠤᠯᠬᠤ ᠲᠥᠬᠥᠭᠡᠷᠦᠮᠵᠢ ᠵᠢ ᠵᠢᠩᠬᠢᠨᠢ᠎ᠪᠠᠷ ᠬᠡᠷᠡᠭᠵᠢᠭᠦᠯᠵᠦ ᠪᠣᠯᠤᠨ᠎ᠠ᠃
ᠵᠢᠷᠭᠤᠳᠤᠭ᠋ᠠᠷ ᠪᠦᠯᠦᠭ᠂ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠨᠡᠭᠦᠯᠭᠡᠨ ᠪᠠᠶ᠋ᠢᠭᠤᠯᠬᠤ ᠪᠠ ᠬᠠᠮᠠᠭ᠋ᠠᠯᠠᠬᠤ
ᠬᠣᠷᠢ ᠶᠢᠰᠦᠳᠦᠭᠡᠷ ᠵᠣᠷᠪᠣᠰ᠂ ᠶᠠᠮᠠᠷᠪᠠ ᠨᠢᠭᠡᠴᠢ ᠪᠠ ᠬᠤᠪᠢ ᠬᠥᠮᠦᠨ ᠴᠤ᠌ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠬᠠᠮᠠᠭ᠋ᠠᠯᠠᠬᠤ ᠡᠭᠦᠷᠭᠡ᠎ᠲᠠᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠷᠠᠳᠢᠣ᠋ ᠲᠧᠯᠸᠢᠰ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠪᠦᠬᠦᠢ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠬᠠᠮᠠᠭ᠋ᠠᠯᠠᠬᠤ ᠠᠵᠢᠯ᠎ᠢ ᠬᠠᠷᠢᠭᠤᠴᠠᠬᠤ ᠵᠢᠨ ᠬᠠᠮᠲᠤ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠷᠠᠳᠢᠣ᠋ ᠲᠧᠯᠸᠢᠰ᠎ᠤᠨ ᠲᠥᠬᠦᠭᠡᠷᠦᠮᠵᠢ ᠵᠢᠨ ᠠᠶᠤᠯᠭᠦᠢ ᠵᠢ ᠦᠨᠡᠨ ᠬᠦ᠌ ᠪᠠᠲᠤᠯᠠᠬᠤ ᠬᠡᠷᠡᠭᠲᠡᠶ᠃
ᠭᠤᠴᠢᠳᠤᠭ᠋ᠠᠷ ᠵᠣᠷᠪᠣᠰ᠂ ᠴᠢᠬᠤᠯᠠ ᠶᠡᠬᠡ ᠪᠠᠷᠢᠯᠭ᠎ᠠ ᠵᠢᠨ ᠲᠥᠷᠥᠯ ᠵᠦᠢ᠍ᠯ ᠪᠤᠶᠤ ᠲᠤᠬᠠᠶ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠠᠴᠠ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠨᠡᠭᠦᠯᠭᠡᠬᠦ ᠴᠢᠬᠤᠯᠠᠲᠠᠢ ᠭᠡᠵᠦ ᠦᠵᠡᠪᠡᠯ᠂ ᠬᠣᠲᠠ ᠵᠢᠨ ᠲᠥᠯᠥᠪᠵᠢᠭᠦᠯᠭᠡ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠬᠣᠲᠠ ᠵᠢᠨ ᠲᠥᠯᠥᠪᠵᠢᠭᠦᠯᠭᠡ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠬᠦ᠎ᠠᠴᠠ ᠡᠮᠦᠨ᠎ᠡ᠂ ᠤᠷᠢᠳ ᠵᠶ᠋ᠠᠷ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠵᠥᠪᠰᠢᠶᠡᠷᠡᠯ᠎ᠢ ᠣᠯᠬᠤ ᠬᠡᠷᠡᠭᠲᠡᠶ᠃
ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠨᠡᠭᠦᠯᠭᠡᠨ ᠪᠠᠶ᠋ᠢᠭᠤᠯᠬᠤ᠎ᠳᠤ᠂ ᠭᠤᠶᠤᠴᠢᠯᠠᠭᠰᠠᠨ ᠨᠢᠭᠡᠴᠢ᠎ᠨᠢ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠳᠤ ᠭᠤᠶᠤᠴᠢᠯᠠᠬᠤ ᠵᠢᠨ ᠬᠠᠮᠲᠤ ᠳᠣᠤᠷᠠᠬᠢ ᠮᠡᠲᠦ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠶᠡᠷᠦᠩᠬᠡᠢ ᠲᠥᠯᠥᠪᠵᠢᠭᠦᠯᠭᠡ ᠪᠠ ᠤᠯᠤᠰ᠎ᠤᠨ ᠬᠠᠮᠢᠶ᠎ᠠ ᠪᠦᠬᠦᠢ ᠲᠣᠭᠲᠠᠭ᠋ᠠᠯ᠎ᠳᠤ ᠨᠡᠢ᠌ᠴᠡᠬᠦᠯᠬᠦ ᠬᠡᠷᠡᠭᠲᠡᠢ;
(ᠬᠤᠶᠠᠷ) ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ ᠵᠢᠨ ᠮᠡᠷᠭᠡᠵᠢᠯ᠎ᠤᠨ ᠨᠥᠬᠦᠴᠡᠯ ᠪᠠ ᠰᠠᠭᠤᠷᠢ ᠲᠥᠬᠦᠭᠡᠷᠦᠮᠵᠢ ᠵᠢ ᠬᠠᠩᠭ᠋ᠠᠬᠤ ᠬᠡᠷᠡᠭᠲᠡᠢ;
(ᠭᠤᠷᠪᠠ) ᠷᠠᠳᠢᠣ᠋ ᠲᠧᠯᠸᠢᠰ᠎ᠤᠨ ᠳᠠᠮᠵᠢᠭᠤᠯᠤᠨ ᠪᠦᠷᠬᠦᠭᠦᠯᠬᠦ ᠲᠤᠬᠠᠶ᠋ᠢᠯᠠᠭᠰᠠᠨ ᠠᠵᠢᠯ᠎ᠤᠨ ᠱᠠᠭ᠋ᠠᠷᠳᠠᠯᠭ᠎ᠠ ᠵᠢ ᠬᠠᠩᠭ᠋ᠠᠵᠤ᠂ ᠡᠯ᠎ᠡ ᠵᠦᠢ᠍ᠯ᠎ᠤᠨ ᠬᠠᠷᠰᠢ ᠰᠠᠭ᠋ᠠᠳ᠎ᠠᠴᠠ ᠵᠠᠢ᠌ᠯᠠᠰᠬᠢᠬᠤ ᠬᠡᠷᠡᠭᠲᠡᠢ;
(ᠲᠦᠷᠪᠡ) ᠡᠷᠭᠢᠨ ᠲᠣᠭᠤᠷᠢᠨ᠎ᠤ ᠣᠷᠴᠢᠨ ᠲᠣᠭᠤᠷᠢᠨ᠎ᠨᠢ ᠤᠯᠤᠰ᠎ᠤᠨ ᠬᠠᠮᠢᠶ᠎ᠠ ᠪᠦᠬᠦᠢ ᠣᠷᠴᠢᠨ ᠲᠣᠭᠤᠷᠢᠨ᠎ᠤ ᠴᠠᠬᠢᠯᠭ᠋ᠠᠨ ᠰᠣᠷᠢᠨᠵᠢᠨ ᠳᠣᠯᠭᠢᠶᠠᠨ᠎ᠤ ᠬᠠᠮᠠᠭ᠋ᠠᠯᠠᠯᠲᠠ ᠵᠢᠨ ᠪᠠᠷᠢᠮᠵᠢᠶ᠎ᠠ᠎ᠳᠤ ᠨᠡᠢ᠌ᠴᠡᠬᠦ ᠬᠡᠷᠡᠭᠲᠡᠢ;
(ᠲᠠᠪᠤ) ᠷᠠᠳᠢᠣ᠋ ᠲᠧᠯᠸᠢᠰ᠎ᠤᠨ ᠲᠥᠬᠥᠭᠡᠷᠦᠮᠵᠢ ᠵᠢᠨ ᠡᠯ᠎ᠡ ᠵᠦᠢ᠍ᠯ᠎ᠤᠨ ᠰᠢᠨᠵᠢ ᠴᠢᠨᠠᠷ᠎ᠤᠨ ᠱᠠᠭ᠋ᠠᠷᠳᠠᠯᠭ᠎ᠠ ᠵᠢ ᠦᠨᠡᠨ ᠬᠦ᠌ ᠪᠠᠲᠤᠯᠠᠬᠤ ᠬᠡᠷᠡᠭᠲᠡᠢ᠃
ᠭᠤᠴᠢᠨ ᠨᠢᠭᠡᠳᠦᠭᠡᠷ ᠵᠣᠷᠪᠣᠰ᠂ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠨᠡᠭᠦᠯᠭᠡᠨ ᠪᠠᠶ᠋ᠢᠭᠤᠯᠬᠤ᠎ᠪᠠᠷ ᠭᠤᠶᠤᠴᠢᠯᠠᠬᠤ᠎ᠳᠤ ᠳᠣᠤᠷᠠᠬᠢ ᠮᠡᠲᠦ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠄
(ᠨᠢᠭᠡ) ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠣᠯᠤᠨ ᠨᠡᠭᠦᠯᠭᠡᠨ ᠪᠠᠶ᠋ᠢᠭᠤᠯᠬᠤ᠎ᠪᠠᠷ ᠭᠤᠶᠤᠴᠢᠯᠠᠭᠰᠠᠨ ᠰᠢᠯᠲᠠᠭ᠋ᠠᠨ;
(ᠬᠤᠶᠠᠷ) ᠬᠣᠲᠠ ᠵᠢᠨ ᠲᠥᠯᠥᠪᠵᠢᠭᠦᠯᠭᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠰᠠᠨᠠᠯ;
(ᠭᠤᠷᠪᠠ) ᠲᠤᠬᠠᠢ ᠵᠢᠨ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠵᠥᠪᠰᠢᠶᠡᠷᠡᠯ᠎ᠤᠨ ᠪᠢᠴᠢᠭ ᠮᠠᠲᠸᠷᠢᠶᠠᠯ;
(ᠲᠦᠷᠪᠡ) ᠷᠠᠳᠢᠣ᠋ ᠲᠧᠯᠸᠢᠰ᠎ᠤᠨ ᠳᠠᠮᠵᠢᠭᠤᠯᠬᠤ ᠪᠦᠷᠬᠦᠴᠡ ᠵᠢᠨ ᠮᠡᠷᠭᠡᠵᠢᠯ᠎ᠤᠨ ᠦᠨᠡᠯᠡᠯᠲᠡ ᠵᠢᠨ ᠮᠡᠳᠡᠭᠦᠯᠦᠯᠲᠡ᠃
ᠭᠤᠴᠢᠨ ᠬᠣᠶᠠᠳᠤᠭ᠋ᠠᠷ ᠵᠣᠷᠪᠣᠰ᠂ ᠨᠡᠭᠦᠯᠭᠡᠨ ᠪᠠᠶ᠋ᠢᠭᠤᠯᠬᠤ ᠠᠵᠢᠯ᠎ᠳᠤ ᠡᠷᠬᠡᠪᠰᠢ ᠤᠷᠢᠳ ᠵᠶ᠋ᠠᠷ ᠪᠦᠲᠦᠭᠡᠨ ᠪᠠᠶ᠋ᠢᠭᠤᠯᠵᠤ ᠳᠠᠷᠠᠭ᠎ᠠ᠎ᠨᠢ ᠨᠤᠷᠠᠭ᠋ᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃ ᠨᠡᠭᠦᠯᠭᠡᠨ ᠪᠠᠶ᠋ᠢᠭᠤᠯᠬᠤ᠎ᠳᠤ ᠬᠡᠷᠡᠭᠰᠡᠬᠦ ᠵᠠᠷᠤᠳᠠᠯ᠎ᠢ ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠨᠡᠭᠦᠯᠭᠡᠨ ᠪᠠᠢ᠌ᠭᠤᠯᠬᠤ ᠨᠢᠭᠡᠴᠢ᠎ᠠᠴᠠ ᠡᠭᠦᠷᠭᠡᠯᠡᠨ᠎ᠡ᠃
ᠳᠣᠯᠣᠳᠤᠭ᠋ᠠᠷ ᠪᠦᠯᠦᠭ᠂ ᠲᠣᠷᠭ᠋ᠠᠬᠤ ᠳᠦᠷᠢᠮ
ᠭᠤᠴᠢᠨ ᠭᠤᠷᠪᠠᠳᠤᠭ᠋ᠠᠷ ᠵᠣᠷᠪᠣᠰ᠂ ᠲᠤᠰ ᠠᠷᠭ᠎ᠠ ᠵᠢ ᠵᠥᠷᠢᠴᠡᠭᠰᠡᠨ ᠪᠣᠯ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》᠂ 《ᠷᠠᠳᠢᠣ᠋ ᠲᠧᠯᠸᠢᠰ᠎ᠤᠨ ᠲᠥᠬᠦᠭᠡᠷᠦᠮᠵᠢ ᠵᠢ ᠬᠠᠮᠠᠭ᠋ᠠᠯᠠᠬᠤ ᠳᠦᠷᠢᠮ》᠎ᠢ ᠦᠨᠳᠦᠰᠦᠯᠡᠨ ᠰᠢᠢ᠍ᠳᠭᠡᠨ ᠲᠣᠷᠭ᠋ᠠᠨ᠎ᠠ᠃
ᠨᠠᠢ᠍ᠮᠠᠳᠤᠭ᠋ᠠᠷ ᠪᠦᠯᠦᠭ᠂ ᠳᠠᠭ᠋ᠠᠯᠳᠤᠭᠤᠯᠤᠯ ᠳᠦᠷᠢᠮ
ᠭᠤᠴᠢᠨ ᠳᠥᠷᠪᠡᠳᠦᠭᠡᠷ ᠵᠣᠷᠪᠣᠰ᠂ ᠲᠤᠰ ᠠᠷᠭ᠎ᠠ᠎ᠳᠤ ᠬᠡᠯᠡᠵᠦ ᠪᠠᠶ᠋ᠢᠭ᠎ᠠ 《ᠬᠣᠷᠢᠨ ᠡᠳᠦᠷ》 《ᠭᠤᠴᠢᠨ ᠡᠳᠦᠷ》 ᠭᠡᠳᠡᠭ᠎ᠨᠢ ᠠᠵᠢᠯᠯᠠᠬᠤ ᠡᠳᠦᠷ᠎ᠢ ᠵᠢᠭ᠋ᠠᠵᠤ ᠪᠤᠶ᠂ ᠪᠠᠶᠠᠷ ᠳᠤᠷᠠᠰᠬᠠᠯ ᠠᠮᠠᠷᠠᠯᠲᠠ ᠵᠢᠨ ᠡᠳᠦᠷ᠎ᠢ ᠪᠠᠭᠲᠠᠭ᠋ᠠᠬᠤ ᠦᠭᠡᠶ᠃
ᠭᠤᠴᠢᠨ ᠲᠠᠪᠤᠳᠤᠭ᠋ᠠᠷ ᠵᠣᠷᠪᠣᠰ᠂ ᠲᠤᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠷᠠᠳᠢᠣ᠋ ᠲᠧᠯᠸᠢᠰ᠎ᠤᠨ ᠤᠲᠠᠰᠤ ᠥᠬᠡᠶ᠎ᠪᠠᠷ ᠳᠠᠮᠵᠢᠭᠤᠯᠬᠤ ᠪᠦᠷᠬᠦᠴᠡ ᠵᠢᠨ ᠰᠦᠯᠵᠢᠶᠡᠨ᠎ᠤ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠵᠠᠷᠯᠢᠭ 45 ᠳ᠋ᠤᠭ᠋ᠠᠷ ᠲᠣᠭ᠋ᠠᠲᠤ) ᠵᠢ ᠬᠠᠮᠲᠤᠳᠤᠨᠢ ᠬᠦᠴᠦᠨ ᠥᠬᠡᠶ ᠪᠣᠯᠭ᠋ᠠᠨ᠎ᠠ᠃