《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠬᠥᠭᠵᠢᠯᠲᠡ ᠵᠢᠨ ᠲᠥᠯᠥᠪᠵᠢᠭᠦᠯᠭᠡ
2024-05-22




   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠲᠧᠯᠸᠢᠰ ᠵᠦᠴᠦᠭᠡ ᠵᠢᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠣᠯᠤᠨ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠂ 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠰᠣᠶᠣᠯ᠎ᠤᠨ ᠬᠥᠭᠵᠢᠯᠲᠡ ᠵᠢᠨ ᠲᠥᠯᠥᠪᠵᠢᠭᠦᠯᠭᠡ》᠂ 《ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠯᠲᠡ ᠵᠢᠨ ᠲᠥᠯᠥᠪᠵᠢᠭᠦᠯᠭᠡ》 ᠪᠣᠯᠤᠨ 《ᠺᠢᠨᠣ᠋ ᠲᠧᠯᠸᠢᠰ᠎ᠤᠨ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ ᠮᠠᠨ᠎ᠤ ᠤᠯᠤᠰ᠎ᠤᠨ ᠺᠢᠨᠣ᠋ ᠲᠧᠯᠸᠢᠰ᠎ᠤᠨ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠰᠠᠨᠠᠯ》᠎ᠢ ᠦᠨᠳᠦᠰᠦᠯᠡᠨ᠂ ᠲᠣᠰ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠪᠠ᠃

   ᠤᠷᠦᠰᠢᠯ

   ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠳᠡᠮᠵᠢᠯᠭᠡ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠰᠢᠨ᠎ᠡ ᠠᠮᠢᠵᠢᠷᠠᠯ᠎ᠤᠨ ᠬᠦᠴᠦᠨ ᠵᠶ᠋ᠠᠨ ᠪᠠᠳᠠᠷᠠᠭᠤᠯᠵᠤ᠂ ᠲᠡᠦᠬᠡᠲᠦ ᠴᠢᠨᠠᠷᠲᠠᠢ ᠬᠥᠭᠵᠢᠯᠲᠡ ᠵᠢᠨ ᠠᠮᠵᠢᠯᠲᠠ ᠪᠦᠲᠦᠮᠵᠢ ᠤᠯᠪᠠ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠰᠢᠨ᠎ᠡ ᠬᠡᠪ ᠰᠤᠷᠲᠠᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠴᠢᠳᠠᠪᠤᠷᠢ ᠵᠢ ᠢᠯᠡᠳᠲᠡ ᠴᠢᠩᠭ᠋ᠠᠷᠠᠭᠤᠯᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠤᠳᠤᠷᠢᠳᠤᠮᠵᠢ ᠵᠢ ᠨᠠᠩ ᠢᠯᠡ ᠲᠣᠳᠣ ᠪᠣᠯᠭ᠋ᠠᠵᠤ᠂ ᠪᠦᠲᠦᠭᠡᠯ᠎ᠤᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ᠎ᠤ ᠬᠦᠷᠢᠶᠡᠯᠡᠯ᠎ᠢ ᠣᠯᠤᠭᠰᠠᠨ ᠨᠢᠭᠡ ᠪᠦᠯᠦᠭ ᠰᠣᠳᠣᠨ ᠪᠦᠲᠦᠭᠡᠯ ᠴᠣᠯᠭᠤᠷᠠᠨ ᠭᠠᠷᠴᠤ᠂ ᠭᠤᠤᠯ ᠬᠥᠭ ᠠᠶᠠᠰ᠎ᠢ ᠬᠦᠴᠦᠲᠡᠶ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠳᠠᠮᠵᠢᠭᠤᠯᠪᠠ᠃ ᠲᠧᠯᠸᠢᠰ ᠵᠦᠴᠦᠭᠡ ᠵᠢᠨ ᠳᠠᠮᠵᠢᠭᠤᠯᠬᠤ ᠠᠷᠭ᠎ᠠ ᠵᠠᠮ ᠡᠳᠦᠷ ᠢᠷᠡᠬᠦᠶ᠎ᠡ ᠥᠷᠭᠡᠳᠴᠦ᠂ ᠬᠦᠯᠢᠶᠡᠨ ᠠᠪᠴᠤ ᠦᠵᠡᠬᠦ ᠬᠡᠪᠴᠢᠶ᠎ᠡ ᠦᠷᠭᠦᠯᠵᠢᠯᠡᠨ ᠥᠷᠭᠡᠳᠴᠦ᠂ 《ᠭᠠᠳᠠᠭᠰᠢ ᠭᠠᠷᠬᠤ》 ᠠᠵᠢᠯ ᠴᠢᠬᠤᠯᠠ ᠰᠢᠪᠲᠤᠯᠤᠯᠲᠠ᠎ᠲᠠᠢ ᠪᠣᠯᠵᠤ᠂ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠥᠷᠭᠡᠳᠬᠡᠬᠦ ᠦᠢ᠍ᠯᠡᠳᠦᠯ ᠤᠯᠠᠮ᠎ᠠᠴᠠ ᠤᠯᠠᠮ ᠲᠤᠪᠤᠶ᠋ᠢᠮ᠎ᠠ ᠪᠣᠯᠪᠠ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠥᠭᠡᠷᠡᠴᠢᠯᠡᠯᠲᠡ ᠦᠷᠭᠦᠯᠵᠢᠯᠡᠨ ᠭᠦᠨᠵᠡᠭᠡᠶ᠋ᠢᠷᠡᠵᠦ᠂ ᠠᠵᠢᠯ ᠲᠥᠷᠥᠯ᠎ᠤᠨ ᠠᠮᠢ ᠠᠬᠤᠶ ᠢᠯᠡᠳᠲᠡ ᠰᠠᠶ᠋ᠢᠵᠢᠷᠠᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠬᠥᠭᠵᠢᠶᠡᠨ᠎ᠲᠠᠢ ᠪᠣᠯᠵᠣ᠂ ᠠᠵᠤ ᠦᠢ᠍ᠯᠡᠰ᠎ᠤᠨ ᠵᠠᠭᠪᠤᠷ ᠪᠠᠶᠠᠯᠢᠭᠵᠢᠵᠤ᠂ ᠠᠵᠤ ᠦᠢ᠍ᠯᠡᠰ᠎ᠤᠨ ᠵᠠᠭᠪᠤᠷ ᠲᠠᠰᠤᠷᠠᠯᠲᠠ ᠥᠬᠡᠶ ᠰᠢᠨ᠎ᠡ ᠵᠢ ᠡᠭᠦᠳᠴᠦ᠂ ᠴᠢᠳᠠᠪᠤᠷᠢᠲᠠᠨ᠎ᠤ ᠡᠩᠨᠡᠭᠡ ᠤᠯᠠᠮ ᠨᠢᠭᠡ ᠠᠯᠬᠤᠮ ᠪᠤᠵᠠᠭ᠋ᠠᠶ᠋ᠢᠷᠠᠵᠤ᠂ ᠰᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ ᠪᠠᠳᠠᠷᠠᠪᠠ᠃ ᠲᠧᠯᠸᠢᠰ ᠵᠦᠴᠦᠭᠡ ᠵᠢᠨ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠵᠦ᠂ ᠵᠠᠰᠠᠬᠤ ᠴᠢᠳᠠᠪᠤᠷᠢ᠎ᠨᠢ ᠬᠦᠴᠦᠲᠡᠢ ᠳᠡᠭᠡᠭᠰᠢᠯᠡᠪᠡ᠃ ᠣᠳᠣᠬᠠᠨ᠎ᠳᠤ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠨᠢᠭᠡᠨᠲᠡ ᠴᠢᠨᠠᠷ ᠰᠠᠶ᠋ᠢᠲᠠᠶ ᠬᠥᠭᠵᠢᠯᠲᠡ ᠵᠢᠨ ᠱᠠᠲᠤᠨ᠎ᠳᠤ ᠣᠷᠣᠵᠤ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠡᠶ᠋ᠢᠭᠡᠮ᠎ᠤᠨ ᠦᠷ᠎ᠡ ᠠᠰᠢᠭ ᠪᠠ ᠠᠵᠤ ᠠᠬᠤᠶ ᠵᠢᠨ ᠦᠷ᠎ᠡ ᠠᠰᠢᠭ᠎ᠢ ᠨᠢᠭᠡᠳᠬᠡᠭᠰᠡᠨ ᠰᠢᠯᠢᠳᠡᠭ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠠᠶ᠋ᠢᠭᠤᠯᠤᠯ ᠵᠣᠬᠢᠴᠠᠮᠵᠢ ᠪᠠ ᠣᠳᠣ ᠦᠶ᠎ᠡ ᠵᠢᠨ ᠠᠵᠤ ᠦᠢ᠍ᠯᠡᠰ᠎ᠤᠨ ᠲᠣᠭᠲᠠᠯᠴᠠᠭ᠎ᠠ ᠨᠢᠭᠡᠨᠲᠡ ᠪᠠᠲᠤ ᠪᠠᠬᠢ ᠰᠠᠭᠤᠷᠢ ᠵᠢ ᠪᠦᠷᠢᠯᠳᠦᠭᠦᠯᠦᠭᠰᠡᠨ ᠪᠣᠯᠪᠠᠴᠤ ᠬᠥᠭᠵᠢᠯᠲᠡ ᠲᠡᠩᠴᠡᠭᠦᠷᠢ ᠥᠬᠡᠶ ᠭᠦᠢ᠍ᠴᠡᠳ ᠥᠬᠡᠶ ᠪᠠᠶ᠋ᠢᠬᠤ ᠦᠵᠡᠭᠳᠡᠯ ᠮᠥᠨ ᠬᠦ᠌ ᠣᠷᠣᠰᠢᠭᠰᠠᠭ᠋ᠠᠷ ᠪᠠᠶ᠋ᠢᠨ᠎ᠠ᠂ ᠰᠢᠯᠢᠳᠡᠭ ᠬᠠᠩᠭ᠋ᠠᠯᠭ᠎ᠠ ᠪᠠ ᠬᠡᠷᠡᠭᠴᠡᠭᠡ ᠱᠠᠭ᠋ᠠᠷᠳᠠᠯᠭ᠎ᠠ᠎ᠨᠢ ᠪᠦᠷᠢᠮᠦᠰᠦᠨ ᠵᠣᠬᠢᠴᠠᠯᠳᠤᠬᠤ ᠥᠬᠡᠶ᠂ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠥᠷᠢᠰᠥᠯᠳᠦᠬᠦ ᠬᠦᠴᠦᠨ᠎ᠨᠢ ᠴᠢᠩᠭ᠎ᠠ ᠪᠢᠰᠢ ᠪᠠᠶ᠋ᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠳᠤᠮᠳᠠᠳᠤ ᠤᠯᠤᠰ᠎ᠤᠨ ᠲᠧᠯᠸᠢᠰ ᠵᠦᠴᠦᠭᠡ ᠰᠢᠨ᠎ᠡ ᠬᠥᠭᠵᠢᠯᠲᠡ ᠵᠢᠨ ᠱᠠᠲᠤ ᠦᠶ᠎ᠡ ᠵᠢ ᠡᠵᠡᠮᠳᠡᠵᠦ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠲᠦᠷᠭᠡᠳᠬᠡᠨ ᠪᠠᠶ᠋ᠢᠭᠤᠯᠵᠤ᠂ ᠴᠢᠨᠠᠷ ᠰᠠᠶ᠋ᠢᠲᠠᠶ ᠵᠣᠬᠢᠶᠠᠨ ᠪᠦᠲᠦᠭᠡᠵᠦ᠂ ᠰᠣᠳᠣᠨ ᠪᠦᠲᠦᠭᠡᠯ᠎ᠤᠨ ᠬᠠᠩᠭ᠋ᠠᠯᠭ᠎ᠠ ᠵᠢ ᠥᠷᠭᠡᠳᠬᠡᠵᠦ᠂ ᠪᠥᠬᠦ ᠲᠠᠯ᠎ᠠ᠎ᠪᠠᠷ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ᠂ ᠨᠠᠩ ᠣᠯᠠᠨ ᠦᠵᠡᠯ ᠰᠠᠨᠠᠭ᠎ᠠ ᠭᠦᠨᠵᠡᠭᠡᠶ᠂ ᠤᠷᠠᠯᠢᠭ ᠨᠠᠷᠢᠨ ᠨᠢᠭᠲᠠ᠂ ᠰᠢᠯᠢᠳᠡᠭ ᠲᠧᠯᠸᠢᠰ ᠵᠦᠴᠦᠭᠡ ᠵᠢ ᠵᠣᠬᠢᠶᠠᠵᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠪᠦᠯᠬᠦᠮᠳᠡᠨ ᠲᠡᠮᠡᠴᠡᠬᠦ ᠣᠶᠤᠨ ᠰᠠᠨᠠᠭ᠋ᠠᠨ᠎ᠤ ᠬᠦᠴᠦᠨ᠎ᠢ ᠴᠢᠩᠭ᠋ᠠᠳᠬᠠᠵᠤ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠂ ᠠᠷᠠᠳ ᠲᠦᠮᠡᠨ᠎ᠤ ᠣᠶᠤᠨ᠎ᠤ ᠠᠮᠢᠳᠤᠷᠠᠯ᠎ᠤᠨ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ᠎ᠳᠤ ᠰᠢᠯᠢᠳᠡᠭ ᠣᠶᠤᠨ᠎ᠤ ᠰᠣᠶᠣᠯ᠎ᠤᠨ ᠪᠦᠲᠦᠭᠡᠭᠳᠡᠬᠦᠨ ᠬᠠᠩᠭ᠋ᠠᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠬᠥᠭᠵᠢᠭᠦᠯᠬᠦ᠂ ᠨᠡᠶ᠋ᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ᠃

   ᠨᠢᠭᠡ᠂ ᠶᠡᠷᠦᠩᠬᠡᠢ ᠱᠠᠭ᠋ᠠᠷᠳᠠᠯᠭ᠎ᠠ

  (ᠨᠢᠭᠡ) ᠵᠢᠯᠤᠭᠤᠳᠬᠤ ᠦᠵᠡᠯ ᠰᠠᠨᠠᠭ᠎ᠠ

   ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠤᠷᠢᠶᠠᠨ᠎ᠤ ᠤᠳᠠᠭ᠎ᠠ ᠪᠦᠷᠢ ᠵᠢᠨ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠋ᠠᠨ᠎ᠤ ᠠᠵᠢᠯ᠂ ᠤᠳᠬ᠎ᠠ ᠤᠷᠠᠯᠢᠭ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠲᠧᠯᠸᠢᠰ ᠵᠦᠴᠦᠭᠡ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠤᠭ᠎ᠢ ᠮᠠᠨᠳᠤᠭᠤᠯᠬᠤ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ ᠵᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ 《ᠰᠡᠳᠦᠪ᠎ᠢ ᠣᠨᠣᠪᠴᠢᠲᠠᠶ ᠣᠯᠵᠤ᠂ ᠥᠯᠢᠭᠡᠷ᠎ᠢ ᠰᠠᠶ᠋ᠢᠲᠤᠷ ᠶᠠᠷᠢᠵᠤ᠂ ᠰᠣᠳᠣᠨ ᠪᠦᠲᠦᠭᠡᠯ᠎ᠢ ᠰᠡᠭᠦᠳᠡᠷᠯᠡᠬᠦ》 ᠴᠢᠬᠤᠯᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠲᠧᠯᠸᠢᠰ ᠵᠦᠴᠦᠭᠡ ᠵᠢᠨ ᠠᠵᠢᠯ᠎ᠤᠨ ᠪᠥᠬᠦ ᠶᠠᠪᠤᠴᠠ᠎ᠳᠤ ᠲᠤᠭᠤᠰᠢᠯᠠᠭᠤᠯᠬᠤ ᠵᠢ ᠠᠬᠢᠭᠤᠯᠵᠤ᠂ ᠠᠷᠠᠳ ᠲᠦᠮᠡᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠪᠠ ᠠᠷᠠᠳ ᠲᠦᠮᠡᠨ᠎ᠤ ᠣᠶᠤᠨ ᠰᠠᠨᠠᠭ᠋ᠠᠨ᠎ᠤ ᠬᠦᠴᠦᠨ᠎ᠢ ᠴᠢᠩᠭ᠋ᠠᠳᠬᠠᠬᠤ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠲᠧᠯᠸᠢᠰ ᠵᠦᠴᠦᠭᠡ ᠵᠢᠨ ᠠᠵᠢᠯ᠎ᠤᠨ ᠤᠯᠤᠰ ᠲᠥᠷᠥ ᠵᠢᠨ ᠬᠠᠷᠢᠭᠤᠴᠠᠯᠭ᠎ᠠ ᠪᠠ ᠰᠣᠶᠣᠯ᠎ᠤᠨ ᠡᠭᠦᠷᠭᠡ ᠵᠢ ᠦᠨᠡᠨ ᠬᠦ᠌ ᠡᠭᠦᠷᠭᠡᠯᠡᠨ᠎ᠡ᠃

  (ᠬᠤᠶᠠᠷ) ᠦᠨᠳᠦᠰᠦᠨ ᠵᠠᠷᠴᠢᠮ

  1. ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠎ᠠ᠃  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠱᠤᠭᠤᠮ᠎ᠤᠨ ᠴᠢᠭᠯᠡᠯ᠎ᠤᠨ ᠲᠥᠷᠥ ᠵᠢᠨ ᠪᠣᠳᠣᠯᠭ᠎ᠠ ᠪᠣᠯᠤᠨ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠲᠧᠯᠸᠢᠰ ᠵᠦᠴᠦᠭᠡ ᠵᠢᠨ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠣᠯᠤᠨ ᠬᠠᠮᠢᠶᠠᠷᠤᠯᠲᠠ ᠵᠢ ᠦᠨᠡᠨ ᠬᠦ᠌ ᠴᠢᠩᠭ᠋ᠠᠳᠬᠠᠬᠤ ᠬᠡᠷᠡᠭᠲᠡᠶ᠃

  2. ᠵᠥᠪ ᠴᠢᠭᠯᠡᠯ᠎ᠢ ᠪᠠᠷᠢᠮᠲᠠᠯᠠᠨ᠎ᠠ᠃  ᠮᠠᠷᠺᠰ᠎ᠤᠨ ᠦᠵᠡᠯ᠎ᠤᠨ ᠵᠢᠯᠣᠭᠤᠳᠬᠤ ᠪᠠᠶ᠋ᠢᠷᠢ ᠰᠠᠭᠤᠷᠢ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠠᠷᠠᠳ ᠲᠦᠮᠡᠨ᠎ᠳᠤ ᠦᠢ᠍ᠯᠡᠴᠢᠯᠡᠬᠦ᠂ ᠨᠡᠶ᠋ᠢᠭᠡᠮ ᠵᠢᠷᠤᠮ᠎ᠳᠤ ᠦᠢ᠍ᠯᠡᠴᠢᠯᠡᠬᠦ ᠴᠢᠭᠯᠡᠯ᠎ᠢ ᠪᠠᠷᠢᠮᠲᠠᠯᠠᠵᠤ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠬᠤ᠂ ᠨᠡᠶ᠋ᠢᠭᠡᠮ᠎ᠤᠨ ᠦᠷ᠎ᠡ ᠠᠰᠢᠭ ᠪᠣᠯᠤᠨ ᠠᠵᠤ ᠠᠬᠤᠢ ᠵᠢᠨ ᠦᠷ᠎ᠡ ᠠᠰᠢᠭ᠎ᠢ ᠨᠢᠭᠡᠳᠬᠡᠬᠦ ᠵᠢ ᠪᠠᠷᠢᠮᠲᠠᠯᠠᠵᠤ᠂ ᠵᠥᠪ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠤᠯᠤᠰ᠎ᠤᠨ ᠦᠵᠡᠯᠲᠡ᠂ ᠰᠣᠶᠣᠯ᠎ᠤᠨ ᠦᠵᠡᠯᠲᠡ ᠵᠢ ᠪᠠᠷᠢᠮᠲᠠᠯᠠᠵᠤ᠂ ᠴᠢᠨᠠᠷ ᠴᠢᠨᠰᠠᠭ᠎ᠠ ᠵᠢ ᠡᠷᠬᠢᠮᠯᠡᠬᠦ᠂ ᠬᠡᠪ ᠠᠶᠠᠰ᠎ᠢ ᠡᠷᠬᠢᠮᠯᠡᠬᠦ᠂ ᠬᠠᠷᠢᠭᠤᠴᠠᠯᠭ᠎ᠠ ᠵᠢ ᠡᠷᠬᠢᠮᠯᠡᠬᠦ ᠵᠢ ᠪᠠᠷᠢᠮᠲᠠᠯᠠᠬᠤ ᠬᠡᠷᠡᠭᠲᠡᠢ᠃

  3. ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠨ᠎ᠠ᠃  ᠠᠷᠠᠳ ᠲᠦᠮᠡᠨ ᠵᠶ᠋ᠠᠷ ᠭᠤᠣᠯ ᠪᠣᠯᠭ᠋ᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠪᠠ ᠠᠵᠢᠯ᠎ᠤᠨ ᠤᠳᠤᠷᠢᠳᠤᠮᠵᠢ ᠵᠢ ᠪᠠᠷᠢᠮᠲᠠᠯᠠᠵᠤ᠂ ᠠᠷᠠᠳ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠵᠢ ᠲᠧᠯᠸᠢᠰ ᠵᠦᠴᠦᠭᠡ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠵᠣᠷᠢᠯᠲᠠ ᠪᠠ ᠲᠤᠰᠤᠯᠲᠠ ᠪᠣᠯᠭ᠋ᠠᠵᠤ᠂ ᠠᠷᠠᠳ ᠲᠦᠮᠡᠨ᠎ᠤ ᠵᠣᠭᠰᠣᠯᠲᠠ ᠵᠢ ᠪᠠᠲᠤ ᠰᠠᠬᠢᠵᠤ᠂ ᠠᠷᠠᠳ ᠲᠦᠮᠡᠨ᠎ᠢ ᠲᠧᠯᠸᠢᠰ ᠵᠦᠴᠦᠭᠡ ᠵᠢᠨ ᠭᠤᠣᠯ ᠳᠦᠷᠢ ᠪᠣᠯᠭ᠋ᠠᠵᠤ᠂ ᠦᠵᠡᠯ ᠰᠠᠨᠠᠭ᠋ᠠᠨ᠎ᠤ ᠬᠡᠯᠪᠡᠷᠢᠯ ᠪᠠ ᠬᠠᠶ᠋ᠢᠷ᠎ᠠ ᠰᠡᠳᠬᠢᠯᠭᠡ ᠵᠢ ᠠᠷᠠᠳ ᠲᠦᠮᠡᠨ᠎ᠲᠠᠢ ᠨᠢᠭᠡᠳᠦᠭᠦᠯᠵᠦ᠂ ᠠᠷᠠᠳ ᠲᠦᠮᠡᠨ᠎ᠳᠤ ᠤᠶᠠᠩᠭ᠋ᠠᠯᠠᠨ ᠪᠢᠴᠢᠵᠦ᠂ ᠠᠷᠠᠳ ᠲᠦᠮᠡᠨ᠎ᠳᠤ ᠤᠶᠠᠩᠭ᠋ᠠᠯᠠᠵᠤ᠂ ᠠᠷᠠᠳ ᠲᠦᠮᠡᠨ᠎ᠳᠤ ᠰᠡᠳᠭᠢᠯᠭᠡ᠎ᠪᠠᠨ ᠢᠯᠡᠳᠭᠡᠨ᠎ᠡ᠃

  4. ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠨ᠎ᠠ᠃ ᠰᠢᠨ᠎ᠡ ᠬᠥᠭᠵᠢᠯᠲᠡ ᠵᠢᠨ ᠱᠠᠲᠤ ᠵᠢ ᠡᠵᠡᠮᠳᠡᠵᠦ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠵᠤ᠂ ᠭᠠᠷᠳᠠᠬᠤ ᠴᠡᠭ᠎ᠢ ᠣᠨᠣᠪᠴᠢᠲᠠᠶ ᠡᠷᠢᠨ ᠣᠯᠵᠤ᠂ ᠲᠧᠯᠸᠢᠰ ᠵᠦᠴᠦᠭᠡ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠠᠬᠢᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠨᠠᠩ ᠰᠠᠶ᠋ᠢᠲᠤᠷ ᠦᠢ᠍ᠯᠡᠴᠢᠯᠡᠬᠦ ᠪᠠ ᠠᠭᠤᠰᠤᠯᠴᠠᠵᠤ᠂ ᠣᠲᠣ ᠦᠶ᠎ᠡ ᠵᠢᠨ ᠲᠧᠯᠸᠢᠰ ᠵᠦᠴᠦᠭᠡ ᠵᠢᠨ ᠬᠠᠮᠢᠶᠠᠷᠤᠯᠲᠠ ᠵᠢᠨ ᠪᠠᠶ᠋ᠢᠭᠤᠯᠤᠯ ᠪᠠ ᠦᠢ᠍ᠯᠡᠳᠪᠦᠷᠢᠯᠡᠯ ᠡᠵᠡᠩᠨᠡᠯᠲᠡ ᠵᠢᠨ ᠵᠣᠬᠢᠴᠠᠮᠵᠢ ᠵᠢ ᠲᠦᠷᠭᠡᠳᠬᠡᠨ ᠲᠡᠭᠦᠯᠳᠡᠷᠵᠢᠭᠦᠯᠵᠦ᠂ ᠰᠢᠨ᠎ᠡ ᠨᠡᠮᠡᠭᠳᠡᠯ᠎ᠤᠨ ᠲᠦᠢ᠍ᠯ᠎ᠢ ᠪᠣᠶ ᠪᠣᠯᠭ᠋ᠠᠵᠤ᠂ ᠬᠥᠭᠵᠢᠯᠲᠡ ᠵᠢᠨ ᠰᠢᠨ᠎ᠡ ᠳᠠᠪᠠᠭᠤᠯᠢᠭ᠎ᠢ ᠪᠣᠶ ᠪᠣᠯᠭ᠋ᠠᠨ᠎ᠠ᠃

  5. ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠎ᠠ᠃ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠰᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠳᠥᠷᠪᠡᠨ ᠪᠥᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠵᠢᠨ ᠲᠣᠭᠤᠷᠢᠨ᠎ᠳᠤ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠪᠥᠬᠦ ᠤᠯᠤᠰ᠎ᠢ ᠨᠢᠭᠡᠲᠦᠯᠲᠡᠢ ᠪᠣᠳᠤᠯᠬᠢᠯᠠᠬᠤ ᠵᠢ ᠪᠠᠷᠢᠮᠲᠠᠯᠠᠨ᠂ ᠲᠧᠯᠸᠢᠰ ᠵᠦᠴᠦᠭᠡ ᠵᠢᠨ ᠠᠵᠢᠯ ᠦᠢ᠍ᠯᠡᠰ ᠬᠢᠭᠡᠳ ᠠᠵᠤ ᠦᠢ᠍ᠯᠡᠰ᠂ ᠵᠠᠰᠠᠭ᠎ᠤᠨ ᠣᠷᠳᠣᠨ ᠬᠢᠭᠡᠳ ᠵᠠᠬ᠎ᠠ ᠳᠡᠯᠭᠡᠭᠦᠷ᠂ ᠬᠥᠭᠵᠢᠯᠲᠡ ᠬᠢᠭᠡᠳ ᠠᠮᠤᠷ ᠲᠦᠪᠰᠢᠨ᠂ ᠤᠯᠤᠰ᠎ᠤᠨ ᠳᠣᠲᠣᠭ᠋ᠠᠳᠤ ᠬᠢᠭᠡᠳ ᠣᠯᠠᠨ ᠤᠯᠤᠰ᠎ᠢ ᠨᠢᠭᠡᠳᠦᠯᠲᠡᠶ ᠲᠥᠯᠥᠪᠵᠢᠭᠦᠯᠵᠦ᠂ ᠬᠥᠭᠵᠢᠯᠲᠡ ᠵᠢᠨ ᠶᠠᠰᠤ ᠴᠢᠨᠠᠷ᠂ ᠪᠦᠲᠦᠴᠡ᠂ ᠬᠡᠪᠴᠢᠶ᠎ᠡ᠂ ᠦᠷ᠎ᠡ ᠠᠰᠢᠭ᠂ ᠠᠮᠤᠷ ᠲᠦᠪᠰᠢᠨ᠎ᠤ ᠨᠢᠭᠡᠳᠦᠯ᠎ᠢ ᠪᠡᠶᠡᠯᠡᠭᠦᠯᠦᠨ᠎ᠡ᠃

  (ᠭᠤᠷᠪᠠ) ᠬᠦᠭᠵᠢᠯᠲᠡ ᠵᠢᠨ ᠬᠠᠷᠠᠯᠲᠠ

  2035 ᠣᠨ᠎ᠳᠤ ᠮᠠᠨ᠎ᠤ ᠤᠯᠤᠰ ᠰᠣᠶᠣᠯ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠠᠯᠤᠰ᠎ᠤᠨ ᠬᠠᠷᠠᠯᠲᠠ ᠵᠢ ᠲᠣᠭᠲᠠᠭ᠋ᠠᠵᠤ᠂ ᠲᠧᠯᠸᠢᠰ ᠵᠦᠴᠦᠭᠡ ᠵᠢᠨ ᠬᠥᠭᠵᠢᠯᠲᠡ ᠵᠢᠨ ᠪᠠᠶ᠋ᠢᠳᠠᠯ ᠪᠠ ᠨᠥᠬᠦᠴᠡᠯ᠎ᠢ ᠶᠡᠷᠦᠩᠬᠡᠶ᠋ᠢᠯᠡᠨ ᠪᠣᠳᠣᠯᠬᠢᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠬᠥᠭᠵᠢᠯᠲᠡ ᠵᠢᠨ ᠬᠠᠷᠠᠯᠲᠠ ᠪᠣᠯ᠄

   ᠭᠣᠣᠯ ᠰᠡᠳᠦᠪᠲᠦ ᠵᠣᠬᠢᠶᠠᠨ ᠪᠦᠲᠦᠭᠡᠯᠭᠡ ᠵᠢ ᠬᠥᠲᠥᠯᠦᠨ ᠵᠢᠯᠣᠭᠣᠳᠬᠤ ᠵᠣᠬᠢᠴᠠᠮᠵᠢ ᠵᠢ ᠨᠡᠩ ᠲᠡᠭᠦᠯᠳᠡᠷᠵᠢᠭᠦᠯᠦᠨ᠎ᠡ᠃ ᠴᠢᠬᠤᠯᠠ ᠵᠠᠩᠭᠢᠯᠠᠭ᠎ᠠ ᠵᠢᠨ ᠴᠡᠭ᠎ᠢ ᠡᠵᠡᠮᠳᠡᠵᠦ᠂ ᠨᠠᠮ ᠪᠠ ᠲᠥᠷᠥ ᠵᠢᠨ ᠶᠡᠭᠡ ᠶᠠᠪᠤᠳᠠᠯ ᠴᠢᠬᠤᠯᠠ ᠶᠠᠪᠤᠳᠠᠯ ᠵᠶ᠋ᠠᠷ ᠭᠤᠣᠯᠯᠠᠭᠤᠯᠤᠨ᠂ ᠴᠢᠬᠤᠯᠠ ᠶᠡᠭᠡ ᠠᠬᠤᠢ ᠪᠠᠶ᠋ᠢᠳᠠᠯ᠂ ᠴᠢᠬᠤᠯᠠ ᠶᠡᠭᠡ ᠬᠤᠪᠢᠰᠬᠠᠯ᠂ ᠴᠢᠬᠤᠯᠠ ᠶᠡᠭᠡ ᠲᠡᠦᠬᠡ ᠵᠢᠨ ᠰᠡᠳᠦᠪ ᠵᠶ᠋ᠠᠷ ᠭᠤᠣᠯᠳᠠᠯᠭ᠎ᠠ ᠪᠣᠯᠭ᠋ᠠᠵᠤ᠂ ᠲᠧᠯᠸᠢᠰ ᠵᠦᠴᠦᠭᠡ᠎ᠪᠠᠷ ᠰᠡᠳᠦᠪ ᠰᠤᠩᠭᠤᠵᠤ ᠲᠥᠯᠥᠪᠵᠢᠭᠦᠯᠬᠦ᠂ ᠵᠣᠬᠢᠶᠠᠨ ᠪᠦᠲᠦᠭᠡᠵᠦ ᠵᠢᠯᠣᠭᠤᠳᠬᠤ᠂ ᠨᠡᠪᠲᠡᠷᠡᠭᠦᠯᠬᠦ ᠵᠢ ᠲᠣᠬᠢᠷᠠᠭᠤᠯᠤᠨ ᠡᠵᠡᠮᠳᠡᠬᠦ᠂ ᠵᠣᠬᠢᠶᠠᠨ ᠪᠠᠶ᠋ᠢᠭᠤᠯᠵᠤ ᠪᠠᠲᠤᠯᠠᠬᠤ ᠵᠣᠬᠢᠴᠠᠮᠵᠢ ᠵᠢ ᠨᠡᠩ ᠪᠦᠷᠢᠨᠰᠢᠭᠦᠯᠦᠨ᠎ᠡ᠃ ᠭᠤᠣᠯ ᠰᠡᠳᠦᠪᠲᠦ ᠲᠧᠯᠸᠢᠰ ᠵᠦᠴᠦᠭᠡ ᠵᠢᠨ ᠦᠵᠡᠯ ᠰᠠᠨᠠᠭ᠎ᠠ ᠤᠷᠠᠯᠢᠭ᠎ᠤᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠬᠦᠯᠵᠦ᠂ ᠴᠠᠭ ᠦᠶ᠎ᠡ ᠵᠢᠨ ᠬᠦᠰᠡᠯ ᠱᠠᠭ᠋ᠠᠷᠳᠠᠯᠭ᠎ᠠ ᠵᠢ ᠲᠤᠰᠬᠠᠬᠤ᠂ ᠠᠷᠠᠳ ᠲᠦᠮᠡᠨ᠎ᠤ ᠲᠡᠮᠡᠴᠡᠯ᠎ᠢ ᠢᠯᠡᠷᠡᠭᠦᠯᠬᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠬᠥᠭᠵᠢᠭᠡᠬᠦ᠂ ᠡᠷᠬᠢᠮ ᠳᠡᠭᠡᠳᠦ ᠵᠠᠩ ᠰᠤᠷᠲᠠᠯ᠎ᠢ ᠪᠣᠯᠪᠠᠰᠤᠷᠠᠭᠤᠯᠬᠤ 《ᠣᠷᠭᠢᠯ》 ᠪᠦᠲᠦᠭᠡᠯ᠎ᠢ ᠦᠷᠭᠦᠯᠵᠢᠯᠡᠨ ᠴᠤᠯᠭᠤᠷᠠᠭᠤᠯᠵᠤ᠂ ᠵᠣᠬᠢᠶᠠᠨ ᠪᠦᠲᠦᠭᠡᠬᠦ ᠪᠠ ᠬᠦᠯᠢᠶᠡᠨ ᠠᠪᠬᠤ᠂ ᠪᠡᠯᠡ ᠣᠷᠣᠭᠤᠯᠬᠤ ᠪᠠ ᠬᠡᠷᠡᠭᠯᠡᠭᠡᠨ᠎ᠤ ᠰᠠᠶ᠋ᠢᠨ ᠣᠷᠴᠢᠯ᠎ᠢ ᠪᠤᠢ ᠪᠣᠯᠭ᠋ᠠᠨ᠎ᠠ᠃

   ᠣᠬᠢ ᠰᠠᠶ᠋ᠢᠨ ᠬᠠᠩᠭ᠋ᠠᠯᠭ᠎ᠠ ᠵᠢᠨ ᠴᠢᠳᠠᠪᠤᠷᠢ ᠵᠢ ᠮᠡᠳᠡᠭᠳᠡᠮ᠎ᠡ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ ᠵᠢᠨ ᠦᠢ᠍ᠯᠡᠳᠪᠦᠷᠢᠯᠡᠯ ᠬᠦᠭᠵᠢᠶᠡᠨᠲᠡᠢ ᠪᠠᠶ᠋ᠢᠵᠤ᠂ ᠰᠡᠳᠦᠪ᠎ᠤᠨ ᠲᠦᠷᠦᠯ ᠵᠦᠢ᠍ᠯ᠎ᠨᠢ ᠡᠯᠪᠡᠭ ᠪᠠᠶᠠᠯᠢᠭ᠂ ᠰᠢᠨ᠎ᠡ ᠵᠢ ᠡᠭᠦᠳᠬᠦ᠎ᠨᠢ ᠬᠦᠭᠵᠢᠶᠡᠨ᠎ᠲᠠᠢ᠂ ᠶᠡᠷᠦᠩᠬᠡᠢ ᠶᠠᠰᠤ ᠴᠢᠨᠠᠷ᠎ᠤᠨ ᠬᠡᠮᠵᠢᠶ᠎ᠡ ᠵᠢ ᠶᠡᠭᠡ᠎ᠪᠠᠷ ᠳᠡᠭᠡᠭᠰᠢᠯᠡᠭᠦᠯᠵᠦ᠂ ᠰᠣᠳᠣᠨ ᠪᠦᠲᠦᠭᠡᠯ ᠵᠣᠬᠢᠶᠠᠨ ᠪᠦᠲᠦᠭᠡᠬᠦ ᠬᠡᠮᠵᠢᠶ᠎ᠡ ᠶᠠᠰᠤ ᠴᠢᠨᠠᠷ᠎ᠢ ᠵᠡᠷᠭᠡ᠎ᠪᠠᠷ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠵᠢᠨ ᠬᠠᠩᠭ᠋ᠠᠯᠭ᠎ᠠ ᠵᠢᠨ ᠪᠦᠲᠦᠴᠡ ᠵᠢ ᠰᠢᠯᠢᠳᠡᠭᠵᠢᠭᠦᠯᠵᠦ᠂ ᠬᠠᠩᠭ᠋ᠠᠯᠭ᠎ᠠ ᠬᠡᠷᠡᠭᠴᠡᠭᠡ ᠵᠢ ᠵᠣᠬᠢᠴᠠᠭᠤᠯᠵᠤ᠂ ᠬᠡᠷᠡᠭᠴᠡᠭᠡ᠎ᠪᠠᠷ ᠬᠠᠩᠭ᠋ᠠᠯᠭ᠎ᠠ ᠵᠢ ᠳᠠᠶ᠋ᠢᠴᠢᠯᠠᠬᠤ᠂ ᠬᠠᠩᠭ᠋ᠠᠯᠭ᠎ᠠ᠎ᠪᠠᠷ ᠬᠡᠷᠡᠭᠴᠡᠭᠡ ᠵᠢ ᠡᠭᠦᠳᠬᠦ ᠥᠨᠳᠥᠷ ᠲᠦᠪᠰᠢᠨ ᠪᠦᠬᠦᠢ ᠬᠥᠳᠡᠯᠦᠩᠭᠦᠶ ᠲᠡᠩᠴᠡᠭᠦᠷᠢ ᠵᠢ ᠪᠦᠷᠢᠯᠳᠦᠭᠦᠯᠵᠦ᠂ ᠠᠷᠠᠳ ᠣᠯᠠᠨ᠎ᠤ ᠥᠪᠡᠷᠮᠢᠴᠡ᠂ ᠣᠯᠠᠨ ᠶᠠᠩᠵᠤᠴᠢᠯᠠᠭᠰᠠᠨ᠂ ᠲᠠᠰᠤᠷᠠᠯᠲᠠ ᠤᠢ᠍ᠭᠡᠢ ᠳᠡᠰ ᠳᠡᠪᠰᠢᠬᠦ ᠣᠶᠤᠨ᠎ᠤ ᠰᠣᠶᠣᠯ᠎ᠤᠨ ᠬᠡᠷᠡᠭᠴᠡᠭᠡ ᠵᠢ ᠨᠠᠩ ᠭᠦᠢ᠍ᠴᠡᠳ ᠪᠦᠲᠦᠮᠵᠢᠲᠡᠶ ᠬᠠᠩᠭ᠋ᠠᠨ᠎ᠠ᠃

   ᠣᠳᠣ ᠦᠶ᠎ᠡ ᠵᠢᠨ ᠠᠵᠤ ᠦᠢ᠍ᠯᠡᠰ᠎ᠤᠨ ᠲᠣᠭᠲᠠᠯᠴᠠᠭ᠎ᠠ ᠪᠣᠯᠤᠨ ᠵᠠᠬ᠎ᠠ ᠵᠡᠭᠡᠯᠢ ᠵᠢᠨ ᠲᠣᠭᠲᠠᠯᠴᠠᠭ᠎ᠠ ᠵᠢ ᠴᠢᠨᠠᠭᠰᠢᠳᠠ ᠲᠡᠭᠦᠯᠳᠡᠷᠵᠢᠭᠦᠯᠦᠨ᠎ᠡ᠃ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠨᠠᠩ ᠵᠦᠶ ᠵᠣᠬᠢᠰᠲᠠᠶ ᠪᠣᠯᠭ᠋ᠠᠵᠤ᠂ ᠪᠥᠬᠦ ᠬᠡᠯᠬᠢᠶ᠎ᠡ ᠵᠢᠨ ᠠᠵᠢᠯ᠎ᠢ ᠬᠤᠪᠢᠶᠠᠷᠢᠯᠠᠨ ᠬᠠᠮᠵᠢᠯᠴᠠᠬᠤ ᠲᠤᠭᠲᠠᠯᠴᠠᠭ᠎ᠠ ᠵᠢ ᠨᠠᠩ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠪᠠᠷᠢᠮᠵᠢᠶᠠᠵᠢᠭᠤᠯᠬᠤ ᠲᠦᠪᠰᠢᠨ᠎ᠢ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠬᠦᠴᠦᠨ ᠵᠦᠢ᠍ᠯ᠎ᠢ ᠡᠮᠬᠢ ᠵᠢᠷᠤᠮ᠎ᠲᠠᠢ᠎ᠪᠠᠷ ᠰᠢᠯᠵᠢᠭᠦᠯᠵᠦ᠂ ᠥᠨᠳᠥᠷ ᠪᠦᠲᠦᠮᠵᠢᠲᠡᠶ᠎ᠪᠠᠷ ᠲᠣᠬᠢᠷᠠᠭᠤᠯᠵᠤ᠂ ᠲᠣᠮᠣ ᠳᠤᠮᠳᠠ ᠵᠢᠵᠢᠭ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠰᠠᠶ᠋ᠢᠨ ᠦᠢ᠍ᠯᠡᠳᠦᠯᠴᠡᠭᠦᠯᠵᠦ᠂ ᠬᠠᠮᠵᠢᠯᠴᠠᠨ ᠬᠥᠭᠵᠢᠭᠦᠯᠵᠦ᠂ ᠠᠮᠢᠵᠢᠷᠠᠯ᠎ᠤᠨ ᠬᠦᠴᠦᠨ ᠪᠠ ᠥᠷᠢᠰᠥᠯᠳᠦᠬᠦ ᠬᠦᠴᠦᠨ᠎ᠢ ᠢᠯᠡᠳᠲᠡ ᠳᠡᠭᠡᠭᠰᠢᠯᠡᠭᠦᠯᠵᠦ᠂ ᠨᠢᠭᠡ ᠪᠦᠯᠦᠭ ᠢᠯᠡᠳᠲᠡ ᠵᠢᠱ᠌ᠢᠶ᠎ᠡ ᠦᠵᠡᠭᠦᠯᠬᠦ ᠦᠢ᠍ᠯᠡᠳᠦᠯ ᠪᠠ ᠳᠠᠶ᠋ᠢᠴᠢᠯᠠᠬᠤ ᠦᠢ᠍ᠯᠡᠳᠦᠯ ᠪᠦᠬᠦᠢ ᠬᠥᠲᠥᠴᠢ ᠠᠵᠤ ᠠᠬᠤᠶ᠋ᠢᠯᠠᠯ᠎ᠢ ᠴᠤᠯᠭᠤᠷᠠᠭᠤᠯᠤᠨ᠎ᠠ᠃

   ᠬᠥᠭᠵᠢᠯᠲᠡ ᠵᠢᠨ ᠣᠷᠴᠢᠨ ᠨᠥᠬᠦᠴᠡᠯ᠎ᠢ ᠡᠳᠦᠷ ᠢᠷᠡᠬᠦᠶ᠎ᠡ ᠰᠢᠯᠢᠳᠡᠭᠵᠢᠭᠦᠯᠦᠨ᠎ᠡ᠃ ᠴᠢᠨᠠᠷ ᠰᠠᠶ᠋ᠢᠲᠠᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠲᠧᠯᠸᠢᠰ ᠵᠦᠴᠦᠭᠡ ᠵᠢᠨ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠪᠠ ᠪᠠᠶ᠋ᠢᠭᠤᠯᠤᠯ ᠵᠣᠬᠢᠴᠠᠮᠵᠢ ᠵᠢ ᠨᠠᠩ ᠲᠡᠭᠦᠯᠳᠡᠷᠵᠢᠭᠦᠯᠵᠦ᠂ ᠤᠯᠤᠰ ᠲᠥᠷᠥᠴᠢ ᠴᠢᠨᠠᠷ᠂ ᠤᠷᠠᠯᠢᠭᠴᠢ ᠴᠢᠨᠠᠷ᠂ ᠨᠡᠶ᠋ᠢᠭᠡᠮ᠎ᠤᠨ ᠲᠤᠰᠬᠠᠯ᠂ ᠵᠠᠬ᠎ᠠ ᠳᠡᠯᠭᠡᠭᠦᠷ᠎ᠤᠨ ᠮᠡᠳᠡᠷᠡᠮᠵᠢ ᠵᠢ ᠨᠢᠭᠡᠳᠬᠡᠭᠰᠡᠨ ᠲᠧᠯᠸᠢᠰ ᠵᠦᠴᠦᠭᠡ ᠵᠢ ᠦᠨᠡᠯᠡᠬᠦ ᠲᠣᠭᠲᠠᠯᠴᠠᠭ᠎ᠠ ᠵᠢ ᠦᠨᠳᠦᠰᠦᠨ᠎ᠳᠤ᠎ᠪᠠᠨ ᠪᠦᠷᠢᠯᠳᠦᠭᠦᠯᠵᠦ᠂ ᠲᠧᠯᠸᠢᠰ ᠵᠦᠴᠦᠭᠡ ᠵᠢᠨ ᠴᠢᠳᠠᠪᠤᠷᠢᠲᠠᠨ᠎ᠢ ᠬᠥᠮᠦᠵᠢᠭᠦᠯᠦᠨ ᠬᠡᠷᠡᠭᠯᠡᠬᠦ ᠤᠷᠮᠠᠰᠢᠭᠤᠯᠤᠯ᠎ᠤᠨ ᠵᠣᠬᠢᠴᠠᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠲᠧᠯᠸᠢᠰ ᠵᠦᠴᠦᠭᠡ ᠵᠢᠨ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠬᠠᠮᠠᠭ᠋ᠠᠯᠠᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠡᠷᠬᠡ ᠲᠡᠭᠰᠢ᠎ᠪᠠᠷ ᠥᠷᠢᠰᠦᠯᠳᠦᠬᠦ ᠲᠦᠷᠢᠮ᠎ᠢ ᠪᠦᠲᠦᠮᠵᠢᠲᠡᠶ ᠨᠠᠶ᠋ᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠤᠨ ᠵᠠᠰᠠᠯᠲᠠ ᠵᠢ ᠬᠠᠤᠯᠢᠵᠢᠭᠤᠯᠬᠤ᠂ ᠵᠢᠷᠤᠮᠵᠢᠭᠤᠯᠬᠤ ᠲᠦᠪᠰᠢᠨ᠎ᠢ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠨᠠᠩ ᠶᠡᠭᠡ᠎ᠪᠠᠷ ᠬᠥᠭᠵᠢᠭᠡᠨ᠎ᠡ᠃

   ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ ᠥᠷᠭᠡᠳᠭᠡᠨ᠎ᠡ᠃ ᠭᠠᠳᠠᠭ᠋ᠠᠳᠤ ᠬᠠᠷᠢᠯᠴᠠᠭ᠎ᠠ ᠭᠠᠳᠠᠭ᠋ᠠᠳᠤ ᠤᠬᠠᠭᠤᠯᠭ᠎ᠠ ᠵᠢᠨ ᠠᠵᠢᠯ᠎ᠤᠨ ᠶᠡᠬᠡ ᠲᠠᠯ᠎ᠠ᠎ᠳᠤ ᠦᠢ᠍ᠯᠡᠴᠢᠯᠡᠬᠦ᠂ ᠲᠧᠯᠸᠢᠰ ᠵᠦᠴᠦᠭᠡ ᠵᠢᠨ 《ᠭᠠᠳᠠᠭᠰᠢ ᠭᠠᠷᠬᠤ》 ᠠᠯᠬᠤᠴᠠ ᠵᠢ ᠲᠦᠷᠭᠡᠳᠭᠡᠵᠦ᠂ ᠣᠯᠠᠨ ᠤᠯᠤᠰ᠎ᠤᠨ ᠰᠣᠯᠢᠯᠴᠠᠭ᠎ᠠ ᠬᠠᠮᠵᠢᠯᠴᠠᠭ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠳᠠᠭ᠋ᠠᠳᠤ ᠪᠠ ᠰᠢᠶᠠᠩᠭ᠋ᠠᠩ ᠣᠤᠮᠧᠨ ᠲᠠᠶ᠋ᠢᠸᠠᠨ᠎ᠤ ᠰᠣᠶᠣᠯ᠎ᠤᠨ ᠰᠣᠯᠢᠯᠴᠠᠭ᠋ᠠᠨ᠎ᠤ ᠵᠣᠬᠢᠴᠠᠮᠵᠢ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠲᠣᠭᠲᠠᠯᠴᠠᠭ᠎ᠠ ᠵᠢ ᠨᠡᠩ ᠪᠣᠯᠪᠠᠰᠤᠷᠠᠩᠭᠤᠶ ᠪᠣᠯᠭ᠋ᠠᠵᠤ᠂ ᠭᠠᠳᠠᠭ᠋ᠠᠳᠤ᠎ᠳᠤ ᠳᠠᠮᠵᠢᠭᠤᠯᠬᠤ ᠬᠦᠷᠢᠶ᠎ᠡ ᠵᠢ ᠦᠷᠭᠦᠯᠵᠢᠯᠡᠨ ᠥᠷᠭᠡᠵᠢᠭᠦᠯᠦᠨ᠂ ᠵᠠᠬ᠎ᠠ ᠳᠡᠯᠭᠡᠭᠦᠷ᠎ᠤᠨ ᠬᠤᠪᠢ ᠵᠢᠨ ᠲᠣᠭ᠎ᠠ ᠵᠢ ᠤᠯᠠᠮ ᠨᠢᠭᠡ ᠠᠯᠬᠤᠮ ᠥᠷᠭᠡᠳᠭᠡᠵᠦ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠣᠯᠠᠨ ᠤᠯᠤᠰ᠎ᠤᠨ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ᠎ᠢ ᠢᠯᠡᠳᠲᠡ ᠴᠢᠩᠭ᠋ᠠᠷᠠᠭᠤᠯᠤᠨ᠎ᠠ᠃

   ᠰᠠᠢ᠌ᠨ ᠰᠠᠢ᠌ᠬᠠᠨ ᠠᠵᠢᠯ ᠮᠡᠷᠭᠡᠵᠢᠯ᠎ᠤᠨ ᠶᠣᠰᠣ ᠮᠣᠷᠠᠯ ᠪᠠ ᠠᠵᠢᠯ ᠲᠥᠷᠥᠯ᠎ᠤᠨ ᠬᠡᠪ ᠰᠤᠷᠲᠠᠯ᠎ᠢ ᠨᠡᠩ ᠪᠠᠲᠤᠵᠢᠭᠤᠯᠤᠨ᠎ᠠ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ᠎ᠨᠢ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠠᠵᠢᠯᠯᠠᠵᠤ ᠪᠠᠶ᠋ᠢᠭ᠎ᠠ ᠬᠥᠮᠥᠰ ᠰᠣᠶᠣᠯ ᠵᠶ᠋ᠠᠷ ᠬᠥᠮᠥᠨ᠎ᠢ ᠬᠥᠮᠥᠵᠢᠭᠦᠯᠬᠦ᠂ ᠰᠣᠶᠣᠯ ᠵᠶ᠋ᠠᠷ ᠬᠥᠮᠥᠨ᠎ᠢ ᠪᠣᠢ᠌ᠵᠢᠭᠤᠯᠬᠤ᠂ ᠰᠣᠶᠣᠯ ᠵᠶ᠋ᠠᠷ ᠦᠨᠳᠦᠰᠦ ᠵᠢ ᠬᠥᠮᠥᠵᠢᠭᠦᠯᠬᠦ ᠡᠭᠦᠷᠭᠡ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠵᠦ᠂ ᠳᠡᠭᠡᠳᠦ ᠵᠡᠷᠭᠡ ᠵᠢᠨ ᠠᠵᠢᠯ ᠮᠡᠷᠭᠡᠵᠢᠯ᠎ᠤᠨ ᠶᠣᠰᠣ ᠮᠣᠷᠠᠯ᠎ᠢ ᠪᠠᠲᠤ ᠰᠠᠬᠢᠵᠤ᠂ ᠠᠵᠢᠯᠴᠢ ᠬᠢᠴᠢᠶᠡᠩᠭᠦᠢ᠎ᠪᠠᠷ ᠠᠵᠢᠯ ᠦᠢ᠍ᠯᠡᠰ᠎ᠲᠤ᠎ᠪᠠᠨ ᠴᠠᠭ᠋ᠠᠷᠠᠵᠤ᠂ ᠠᠵᠢᠯ ᠲᠥᠷᠥᠯ᠎ᠤᠨ ᠬᠡᠪ ᠰᠤᠷᠲᠠᠯ᠎ᠢ ᠦᠷᠭᠦᠯᠵᠢᠯᠡᠨ ᠴᠡᠪᠡᠷᠰᠢᠭᠦᠯᠵᠦ᠂ ᠠᠵᠢᠯ ᠲᠥᠷᠥᠯ᠎ᠤᠨ ᠲᠥᠪ ᠰᠤᠷᠲᠠᠯ᠎ᠢ ᠬᠦᠴᠦᠲᠡᠢ ᠪᠠᠳᠠᠷᠠᠭᠤᠯᠵᠤ᠂ ᠠᠵᠢᠯ ᠲᠥᠷᠥᠯ᠎ᠤᠨ ᠠᠮᠢ ᠠᠬᠤᠢ ᠵᠢᠨ ᠡᠷᠡᠭᠦᠯ ᠰᠠᠷᠠᠭᠤᠯ ᠰᠠᠶ᠋ᠢᠨ ᠰᠠᠶ᠋ᠢᠬᠠᠨ ᠨᠡᠶ᠋ᠢᠭᠡᠮ᠎ᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃

   ᠬᠤᠶᠠᠷ᠂ ᠰᠢᠨ᠎ᠡ ᠴᠠᠭ ᠦᠶ᠎ᠡ ᠵᠢᠨ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠠᠬᠢᠭᠤᠯᠤᠨ᠎ᠠ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ 《ᠰᠡᠳᠦᠪ᠎ᠢ ᠣᠨᠣᠪᠴᠢᠲᠠᠢ ᠰᠣᠩᠭᠤᠵᠤ᠂ ᠦᠯᠢᠭᠡᠷ᠎ᠢ ᠰᠠᠶ᠋ᠢᠲᠤᠷ ᠶᠠᠷᠢᠵᠤ᠂ ᠰᠣᠳᠣᠨ ᠪᠦᠲᠦᠭᠡᠯ᠎ᠢ ᠢᠯᠡᠷᠡᠭᠦᠯᠬᠦ》 ᠴᠢᠬᠤᠯᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠨᠠᠮ ᠪᠣᠯᠤᠨ ᠤᠯᠤᠰ᠎ᠤᠨ ᠠᠵᠢᠯ ᠦᠢ᠍ᠯᠡᠰ᠎ᠤᠨ ᠣᠯᠤᠭᠰᠠᠨ ᠲᠡᠦᠬᠡᠲᠦ ᠴᠢᠨᠠᠷᠲᠠᠢ ᠠᠮᠵᠢᠯᠲᠠ᠂ ᠡᠭᠦᠰᠦᠭᠰᠡᠨ ᠲᠡᠦᠬᠡᠲᠦ ᠴᠢᠨᠠᠷᠲᠠᠢ ᠬᠤᠪᠢᠰᠤᠯᠲᠠ ᠵᠢᠨ ᠲᠣᠭᠤᠷᠢᠨ᠎ᠳᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ᠎ᠲᠠᠢ ᠤᠶᠠᠯᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ 5000 ᠭᠠᠷᠤᠢ ᠵᠢᠯ᠎ᠤᠨ ᠪᠣᠯᠪᠠᠰᠤᠨ᠎ᠤ ᠲᠡᠦᠬᠡ᠎ᠲᠠᠢ ᠤᠶᠠᠯᠳᠤᠭᠤᠯᠵᠤ᠂ ᠬᠤᠶᠠᠳᠤᠭ᠋ᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠢ᠌ᠰᠢ ᠤᠷᠤᠭᠰᠢᠯᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠤ ᠬᠠᠨᠳᠤᠵᠤ᠂ ᠳᠤᠮᠳᠠᠳᠤ ᠵᠢᠨ ᠰᠣᠶᠣᠯ᠎ᠤᠨ ᠤᠬᠢ ᠰᠣᠳᠣ ᠵᠢ ᠢᠯᠡᠷᠡᠭᠦᠯᠦᠭᠰᠡᠨ᠂ ᠳᠤᠮᠳᠠᠳᠤ ᠤᠯᠤᠰ᠎ᠤᠨ ᠬᠥᠮᠦᠨ᠎ᠤ ᠭᠤᠸ᠎ᠠ ᠰᠠᠶ᠋ᠢᠬᠠᠨ᠎ᠤ ᠬᠥᠭᠡᠭᠡᠴᠡᠯᠳᠦᠯ᠎ᠢ ᠲᠤᠰᠬᠠᠭᠰᠠᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠨ᠎ᠡ ᠬᠠᠩᠰᠢ ᠵᠢᠨ ᠦᠵᠡᠯᠲᠡ ᠵᠢ ᠳᠠᠮᠵᠢᠭᠤᠯᠤᠭᠰᠠᠨ᠂ ᠳᠡᠯᠡᠬᠡᠢ ᠵᠢᠨ ᠲᠠᠪᠰᠢᠯᠳᠠ ᠵᠢᠨ ᠤᠷᠤᠰᠬᠠᠯ᠎ᠳᠤ ᠨᠡᠶ᠋ᠢᠴᠡᠭᠰᠡᠨ ᠰᠢᠯᠢᠳᠡᠭ ᠲᠧᠯᠸᠢᠰ ᠵᠦᠴᠦᠭᠡ ᠵᠢ ᠵᠣᠬᠢᠶᠠᠨ ᠪᠦᠲᠦᠭᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠴᠠᠭ ᠦᠶ᠎ᠡ ᠵᠢᠨ ᠤᠳᠬ᠎ᠠ ᠤᠷᠠᠯᠢᠭ᠎ᠤᠨ ᠨᠣᠶᠠᠨ ᠤᠷᠬᠢᠯ᠎ᠢ ᠴᠢᠷᠮᠠᠶ᠋ᠢᠨ ᠴᠣᠭᠴᠠᠯᠠᠨ᠎ᠠ᠃

  (ᠨᠢᠭᠡ) ᠵᠣᠬᠢᠶᠠᠨ ᠪᠦᠲᠦᠭᠡᠬᠦ ᠲᠥᠯᠦᠪᠵᠢᠭᠦᠯᠭᠡ ᠵᠢᠨ ᠪᠠᠢ᠌ᠷᠢᠰᠢᠯ᠎ᠢ ᠴᠢᠩᠭ᠋ᠠᠳᠬᠠᠨ᠎ᠠ᠃ 《ᠬᠤᠶᠠᠷ ᠶᠡᠭᠡ ᠲᠠᠯ᠎ᠠ》᠎ᠳᠤ ᠰᠠᠭᠤᠷᠢᠯᠠᠨ᠂ 《ᠤᠯᠤᠰ᠎ᠤᠨ ᠶᠡᠭᠡ ᠶᠠᠪᠤᠳᠠᠯ》᠎ᠤᠨ ᠲᠣᠭᠤᠷᠢᠨ᠎ᠳᠤ᠂ ᠴᠢᠬᠤᠯᠠ ᠵᠠᠩᠭᠢᠯᠠᠭ᠎ᠠ ᠵᠢᠨ ᠴᠡᠭ᠎ᠢ ᠡᠵᠡᠮᠳᠡᠨ᠂ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ ᠵᠢᠨ ᠦᠢ᠍ᠯᠡᠳᠪᠦᠷᠢᠯᠡᠯ᠎ᠳᠤ ᠪᠠᠶ᠋ᠢᠷᠢᠯᠠᠭᠤᠯᠤᠯᠲᠠ ᠬᠢᠨ᠎ᠡ᠃ ᠨᠠᠮ ᠪᠠ ᠲᠥᠷᠥ ᠵᠢᠨ ᠶᠡᠭᠡ ᠶᠠᠪᠤᠳᠠᠯ ᠴᠢᠬᠤᠯᠠ ᠶᠠᠪᠤᠳᠠᠯ᠂ ᠴᠢᠬᠤᠯᠠ ᠶᠡᠭᠡ ᠤᠯᠤᠰ᠎ᠤᠨ ᠪᠠᠶ᠋ᠢᠯᠳᠤᠬᠤ ᠪᠣᠳᠣᠯᠭ᠎ᠠ᠂ ᠨᠠᠮ᠎ᠤᠨ ᠬᠡᠷᠡᠯ ᠰᠠᠴᠤᠷᠠᠩᠭᠤᠶ ᠲᠡᠦᠬᠡ ᠪᠠ ᠣᠶᠤᠨ ᠰᠠᠨᠠᠭ᠋ᠠᠨ᠎ᠤ ᠴᠠᠳᠢᠭ᠂ ᠠᠷᠠᠳ ᠣᠯᠠᠨ᠎ᠤ ᠠᠭᠤᠤ ᠶᠡᠭᠡ ᠦᠢ᠍ᠯᠡᠳᠦᠯᠭᠡ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠡᠷᠭᠡ ᠵᠢ ᠭᠤᠤᠯᠳᠠᠯᠭ᠎ᠠ᠎ᠲᠠᠢ ᠰᠡᠳᠦᠪ ᠰᠣᠩᠭᠤᠬᠤ ᠬᠦᠷᠢᠶ᠎ᠡ ᠴᠠᠷᠠᠭ᠎ᠠ ᠪᠣᠯᠭ᠋ᠠᠵᠤ᠂ ᠡᠮᠬᠢ ᠵᠢᠷᠤᠮ᠎ᠲᠠᠢ ᠵᠣᠯᠭ᠋ᠠᠭᠤᠯᠬᠤ᠂ ᠦᠷᠭᠦᠯᠵᠢᠯᠡᠨ ᠬᠡᠷᠡᠭᠵᠢᠭᠦᠯᠬᠦ᠂ ᠠᠯᠬᠤᠮ ᠳᠠᠷᠠᠭ᠎ᠠ᠎ᠲᠠᠢ᠎ᠪᠠᠷ ᠠᠬᠢᠭᠤᠯᠬᠤ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠤᠨ ᠪᠠᠶ᠋ᠢᠷᠢᠰᠢᠯ᠎ᠢ ᠪᠠᠶ᠋ᠢᠭᠤᠯᠵᠤ᠂ ᠨᠠᠮ ᠵᠶ᠋ᠠᠨ ᠮᠠᠭᠲᠠᠨ ᠳᠠᠭᠤᠯᠠᠭᠰᠠᠨ᠂ ᠡᠬᠡ ᠤᠯᠤᠰ ᠵᠶ᠋ᠠᠨ ᠮᠠᠭᠲᠠᠨ ᠳᠠᠭᠤᠯᠠᠭᠰᠠᠨ᠂ ᠠᠷᠠᠳ ᠲᠦᠮᠡᠨ ᠵᠶ᠋ᠠᠨ ᠮᠠᠭᠲᠠᠨ ᠳᠠᠭᠤᠯᠠᠭᠰᠠᠨ᠂ ᠪᠠᠭ᠋ᠠᠲᠤᠷᠴᠤᠳ ᠵᠶ᠋ᠠᠨ ᠮᠠᠭᠲᠠᠨ ᠳᠠᠭᠤᠯᠠᠭᠰᠠᠨ᠂ ᠰᠢᠨ᠎ᠡ ᠴᠠᠭ ᠦᠶ᠎ᠡ ᠵᠢ ᠮᠠᠭᠲᠠᠨ ᠳᠠᠭᠤᠯᠠᠭᠰᠠᠨ ᠰᠣᠳᠣᠨ ᠪᠦᠲᠦᠭᠡᠯ᠎ᠢ ᠲᠠᠰᠤᠷᠠᠯᠲᠠ ᠥᠬᠡᠶ ᠵᠣᠬᠢᠶᠠᠨ ᠪᠦᠲᠦᠭᠡᠨ᠎ᠡ᠃ ᠡᠯ᠎ᠡ ᠭᠠᠵᠠᠷ᠎ᠤᠨ᠎ᠬᠢᠨ᠎ᠤ ᠣᠷᠣᠨ ᠨᠤᠲᠤᠭ᠎ᠤᠨ ᠡᠬᠢ ᠪᠠᠶᠠᠯᠢᠭ ᠵᠶ᠋ᠠᠨ ᠠᠭᠤᠳᠠᠯᠠᠬᠤ᠂ ᠭᠠᠵᠠᠷ ᠣᠷᠣᠨ᠎ᠤ ᠳᠠᠪᠠᠭᠤᠯᠢᠭ ᠵᠶ᠋ᠠᠨ ᠪᠠᠳᠠᠷᠠᠭᠤᠯᠬᠤ᠂ ᠣᠷᠣᠨ ᠨᠤᠲᠤᠭ᠎ᠤᠨ ᠣᠨᠴᠠᠯᠢᠭ ᠵᠶ᠋ᠠᠨ ᠪᠠᠳᠠᠷᠠᠭᠤᠯᠤᠨ ᠰᠡᠳᠦᠪ ᠡᠷᠢᠬᠦ᠂ ᠵᠣᠬᠢᠶᠠᠨ ᠪᠦᠲᠦᠭᠡᠬᠦ ᠶᠠᠪᠤᠳᠠᠯ᠎ᠢ ᠠᠳᠬᠤᠬᠤ ᠵᠢ ᠵᠣᠷᠢᠭᠵᠢᠭᠤᠯᠵᠤ᠂ ᠬᠥᠳᠡᠭᠡ ᠲᠣᠰᠬᠣᠨ᠂ ᠵᠠᠯᠠᠭᠤᠴᠤᠳ᠂ ᠲᠡᠦᠬᠡ᠂ ᠬᠢᠯᠢ ᠬᠢᠵᠠᠭ᠋ᠠᠷ᠂ ᠰᠢᠨᠵᠢᠯᠡᠬᠦ ᠤᠬᠠᠭ᠋ᠠᠨ᠎ᠤ ᠬᠡᠢ ᠪᠣᠳᠣᠯ ᠵᠡᠷᠭᠡ ᠡᠯ᠎ᠡ ᠲᠥᠷᠥᠯ᠎ᠤᠨ ᠰᠡᠳᠦᠪ᠂ ᠴᠠᠭ ᠦᠶ᠎ᠡ ᠵᠢᠨ ᠮᠡᠳᠡᠭᠦᠯᠦᠯᠳᠡ ᠵᠢᠨ ᠵᠦᠴᠦᠭᠡ᠂ ᠭᠡᠷ ᠳᠣᠲᠣᠷᠠᠬᠢ ᠵᠦᠴᠦᠭᠡ᠂ ᠰᠢᠷᠢᠰ ᠵᠦᠴᠦᠭᠡ᠂ ᠨᠢᠭᠡᠴᠢ ᠵᠢᠨ ᠵᠦᠴᠦᠭᠡ ᠵᠡᠷᠭᠡ ᠡᠯ᠎ᠡ ᠲᠥᠷᠥᠯ᠎ᠤᠨ ᠴᠤᠭᠴᠠ᠂ ᠬᠡᠪ ᠨᠠᠮᠪᠠ᠂ ᠬᠡᠯᠪᠡᠷᠢ ᠵᠢᠨ ᠲᠧᠯᠸᠢᠰ ᠵᠦᠴᠦᠭᠡ ᠵᠢ ᠵᠣᠬᠢᠶᠠᠨ ᠪᠦᠲᠦᠭᠡᠵᠦ ᠦᠢ᠍ᠯᠡᠳᠪᠦᠷᠢᠯᠡᠨ᠂ ᠥᠩᠭᠡ ᠪᠦᠷᠢ ᠵᠢᠨ ᠴᠡᠴᠡᠭ ᠵᠡᠷᠭᠡ᠎ᠪᠠᠷ ᠳᠡᠯᠭᠡᠷᠡᠬᠦ ᠠᠮᠢᠳᠤᠯᠢᠭ ᠪᠠᠶ᠋ᠢᠳᠠᠯ᠎ᠢ ᠪᠣᠢ ᠪᠣᠯᠭ᠋ᠠᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠤᠤᠯᠳᠠᠯᠭ᠎ᠠ᠎ᠲᠠᠢ ᠲᠧᠯᠸᠢᠰ ᠵᠦᠴᠦᠭᠡ ᠵᠢᠨ ᠰᠡᠳᠦᠪ ᠰᠣᠩᠭᠤᠬᠤ ᠲᠥᠯᠥᠪᠵᠢᠭᠦᠯᠭᠡ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠵᠣᠬᠢᠶᠠᠨ ᠪᠠᠶ᠋ᠢᠭᠤᠯᠤᠯᠴᠠᠭᠰᠠᠨ ᠬᠡᠮᠵᠢᠶ᠎ᠡ᠎ᠪᠠᠨ ᠳᠡᠭᠡᠭᠰᠢᠯᠡᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ ᠵᠢᠯ ᠪᠦᠷᠢ 10 ᠭᠠᠷᠤᠶ ᠦᠵᠡᠯ ᠰᠠᠨᠠᠭ᠎ᠠ᠎ᠨᠢ ᠭᠦᠨᠵᠡᠭᠡᠶ᠂ ᠤᠷᠠᠯᠢᠭ᠎ᠨᠢ ᠨᠠᠷᠢᠯᠢᠭ᠂ ᠭᠤᠤᠯ ᠰᠡᠳᠦᠪᠲᠦ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠨ᠎ᠡ᠃

  (ᠬᠤᠶᠠᠷ) ᠤᠤᠭ᠋ᠠᠯ ᠡᠭᠦᠳᠦᠯᠲᠡ ᠵᠢᠨ ᠬᠦᠴᠦᠨ ᠪᠠ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃  ᠰᠣᠶᠣᠯ᠎ᠤᠨ ᠢᠲᠡᠭᠡᠯ᠎ᠢ ᠪᠠᠲᠤᠳᠬᠠᠵᠤ᠂ ᠳᠤᠮᠳᠠᠳᠤ ᠵᠢᠨ ᠰᠣᠶᠣᠯ᠎ᠤᠨ ᠭᠧᠨ᠎ᠢ ᠤᠯᠠᠮᠵᠢᠯᠠᠨ ᠵᠠᠯᠭ᠋ᠠᠮᠵᠢᠯᠠᠵᠤ᠂ ᠪᠦᠲᠦᠭᠡᠯᠴᠢ ᠴᠢᠨᠠᠷᠲᠠᠶ᠎ᠪᠠᠷ ᠤᠯᠠᠷᠢᠭᠤᠯᠬᠤ᠂ ᠰᠢᠨ᠎ᠡ ᠵᠢ ᠡᠭᠦᠳᠬᠦ ᠴᠢᠨᠠᠷᠲᠠᠶ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠰᠢᠨ᠎ᠡ ᠵᠢ ᠡᠭᠦᠳᠬᠦ ᠵᠢᠨ ᠴᠢᠬᠤᠯᠠ ᠡᠬᠢ ᠪᠤᠯᠠᠭ ᠪᠣᠯᠭ᠋ᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠳᠤᠮᠳᠠᠳᠤ ᠤᠯᠤᠰ᠎ᠤᠨ ᠬᠡᠪ ᠨᠠᠮᠪᠠ᠎ᠲᠠᠢ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠲᠧᠯᠸᠢᠰ ᠵᠦᠴᠦᠭᠡ ᠵᠢᠨ ᠳᠤᠮᠳᠠᠳᠤ ᠤᠯᠤᠰ᠎ᠤᠨ ᠨᠡᠷᠡᠲᠦ ᠲᠥᠷᠥᠯ ᠲᠡᠮᠳᠡᠭᠲᠦ ᠵᠢ ᠡᠭᠦᠳᠦᠨ᠎ᠡ᠃ ᠭᠤᠣᠯ ᠡᠭᠦᠳᠦᠭᠴᠢ ᠵᠢᠨ 《ᠠᠮᠢᠳᠤᠷᠠᠯ᠎ᠳᠤ ᠭᠦᠨᠵᠡᠭᠡᠶ᠋ᠢᠷᠡᠵᠦ᠂ ᠠᠷᠠᠳ ᠲᠦᠮᠡᠨ᠎ᠤ ᠳᠤᠮᠳᠠ ᠦᠨᠳᠦᠰᠦᠯᠡᠬᠦ》 ᠵᠢ ᠭᠦᠨᠵᠡᠭᠡᠢ ᠠᠬᠢᠭᠤᠯᠵᠤ᠂ ᠠᠵᠢᠭᠯᠠᠬᠤ᠂ ᠢᠯᠡᠷᠡᠭᠦᠯᠬᠦ᠂ ᠪᠣᠯᠪᠠᠰᠤᠷᠠᠭᠤᠯᠬᠤ ᠴᠢᠳᠠᠪᠤᠷᠢ᠎ᠪᠠᠨ ᠳᠡᠭᠡᠭᠰᠢᠯᠡᠭᠦᠯᠬᠦ ᠬᠡᠷᠡᠭᠲᠡᠢ᠃ ᠵᠦᠴᠦᠭᠡ ᠵᠢᠨ ᠳᠡᠪᠲᠡᠷ᠎ᠤᠨ ᠵᠠᠩᠭᠢᠯᠠᠭ᠎ᠠ ᠵᠢᠨ ᠭᠣᠭᠴᠣᠭ᠎ᠠ ᠵᠢ ᠠᠳᠬᠤᠵᠤ᠂ ᠪᠦᠬᠦ ᠠᠵᠢᠯ ᠲᠥᠷᠥᠯ᠎ᠢ ᠬᠥᠲᠥᠯᠦᠨ ᠵᠢᠯᠣᠭᠣᠳᠴᠤ ᠵᠦᠴᠦᠭᠡ ᠵᠢᠨ ᠳᠡᠪᠲᠡᠷ ᠵᠣᠬᠢᠶᠠᠨ ᠪᠦᠲᠦᠭᠡᠬᠦ ᠵᠢ ᠴᠢᠬᠤᠯᠠᠴᠢᠯᠠᠨ᠂ ᠲᠧᠯᠸᠢᠰ ᠵᠦᠴᠦᠭᠡ ᠵᠢᠨ ᠠᠩᠬᠠᠨ᠎ᠤ ᠡᠭᠦᠳᠦᠯᠲᠡ ᠵᠢᠨ ᠬᠢᠷᠢ ᠬᠡᠮᠵᠢᠶ᠎ᠡ ᠵᠢ ᠡᠬᠢ ᠡᠭᠦᠰᠦᠯ᠎ᠠᠴᠠ᠎ᠨᠢ ᠳᠡᠭᠡᠭᠰᠢᠯᠡᠭᠦᠯᠦᠨ᠎ᠡ᠃ ᠤᠷᠠᠯᠢᠭ᠎ᠤᠨ ᠠᠷᠠᠳᠴᠢᠯᠠᠯ᠎ᠢ ᠪᠠᠳᠠᠷᠠᠭᠤᠯᠤᠨ᠂ ᠢᠳᠡᠪᠬᠢᠲᠡᠶ ᠡᠷᠡᠭᠦᠯ᠂ ᠠᠭᠤᠵᠢᠭᠤ ᠲᠠᠯᠪᠢᠭᠤ ᠡᠶ᠎ᠡ ᠵᠣᠬᠢᠴᠠᠯ᠎ᠲᠠᠢ ᠰᠢᠨ᠎ᠡ ᠵᠢ ᠡᠭᠦᠳᠬᠦ ᠠᠭᠤᠷ ᠠᠮᠢᠰᠬᠤᠯ᠎ᠢ ᠪᠣᠶ ᠪᠣᠯᠭ᠋ᠠᠵᠤ᠂ ᠪᠦᠬᠦ ᠠᠵᠢᠯ ᠲᠥᠷᠥᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠰᠢᠨ᠎ᠡ ᠵᠢ ᠡᠭᠦᠳᠬᠦ ᠦᠵᠡᠯ ᠤᠬᠠᠮᠰᠠᠷ᠎ᠢ᠎ᠨᠢ ᠨᠡᠮᠡᠭᠳᠡᠭᠦᠯᠦᠨ᠂ ᠰᠢᠨ᠎ᠡ ᠵᠢ ᠡᠭᠦᠳᠬᠦ ᠳᠠᠯᠳᠠ ᠴᠢᠳᠠᠪᠤᠷᠢ ᠵᠢ᠎ᠨᠢ ᠪᠠᠳᠠᠷᠠᠭᠤᠯᠵᠤ᠂ ᠰᠢᠨ᠎ᠡ ᠵᠢ ᠡᠭᠦᠳᠬᠦ ᠵᠣᠷᠢᠭ ᠰᠠᠨᠠᠭ᠎ᠠ ᠵᠢ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠦᠬᠦ ᠶᠠᠪᠤᠴᠠ᠎ᠳᠤ ᠲᠤᠭᠤᠰᠢᠯᠠᠭᠤᠯᠤᠨ᠎ᠠ᠃

  (ᠭᠤᠷᠪᠠ) ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃  ᠶᠠᠰᠤ ᠴᠢᠨᠠᠷ᠎ᠢ ᠳᠡᠭᠡᠭᠰᠢᠯᠡᠭᠦᠯᠬᠦ ᠵᠢ ᠲᠧᠯᠸᠢᠰ ᠵᠦᠴᠦᠭᠡ ᠵᠢᠨ ᠠᠮᠢᠨ ᠰᠤᠳᠠᠰᠤ ᠪᠣᠯᠭ᠋ᠠᠵᠤ᠂ ᠪᠦᠬᠦ ᠠᠵᠢᠯ ᠲᠥᠷᠥᠯ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠶᠠᠰᠤ ᠴᠢᠨᠠᠷ᠎ᠤᠨ ᠦᠵᠡᠯ ᠤᠬᠠᠮᠰᠠᠷ᠂ ᠰᠣᠳᠣᠨ ᠪᠦᠲᠦᠭᠡᠯ᠎ᠤᠨ ᠦᠵᠡᠯ ᠤᠬᠠᠮᠰᠠᠷ᠎ᠢ ᠪᠠᠲᠤ ᠪᠡᠬᠢ ᠪᠤᠶ ᠪᠣᠯᠭ᠋ᠠᠨ᠎ᠠ᠃ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠤᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠦᠢ᠍ᠯᠡᠳᠬᠦ ᠮᠠᠰᠢᠨ᠎ᠤ ᠪᠦᠲᠦᠴᠡ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠷᠠᠭᠤᠯᠵᠤ᠂ ᠠᠵᠢᠯ ᠲᠥᠷᠥᠯ᠎ᠤᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠵᠢ ᠠᠬᠢᠭᠤᠯᠤᠨ᠎ᠠ᠃ ᠲᠧᠯᠸᠢᠰ ᠵᠦᠴᠦᠭᠡ ᠵᠢᠨ ᠰᠢᠯᠢᠳᠡᠭ ᠵᠦᠢ᠍ᠯᠡᠰ᠎ᠢ ᠲᠡᠳᠬᠦᠨ ᠪᠣᠶ᠋ᠢᠵᠢᠭᠤᠯᠬᠤ ᠵᠣᠬᠢᠴᠠᠮᠵᠢ ᠵᠢ ᠰᠢᠯᠢᠳᠡᠭᠵᠢᠭᠦᠯᠵᠦ᠂ ᠵᠦᠴᠦᠭᠡ ᠵᠢᠨ ᠳᠡᠪᠲᠡᠷ ᠵᠶ᠋ᠠᠷ ᠳᠡᠮᠵᠢᠬᠦ ᠲᠥᠷᠥᠯ ᠵᠦᠢ᠍ᠯ᠎ᠢ ᠲᠡᠳᠬᠦᠨ ᠠᠬᠢᠭᠤᠯᠬᠤ ᠪᠠ ᠠᠵᠢᠯ᠎ᠤᠨ ᠠᠮᠵᠢᠯᠲᠠ ᠪᠦᠲᠦᠮᠵᠢ ᠵᠢ ᠰᠢᠯᠭ᠋ᠠᠨ ᠬᠢᠨᠠᠬᠤ ᠵᠢ ᠴᠢᠩᠭ᠋ᠠᠳᠬᠠᠵᠤ᠂ ᠵᠦᠴᠦᠭᠡ ᠵᠢᠨ ᠳᠡᠪᠲᠡᠷ ᠵᠶ᠋ᠠᠷ ᠳᠡᠮᠵᠢᠬᠦ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠵᠠᠰᠠᠭ᠎ᠤᠨ ᠣᠷᠳᠣᠨ᠎ᠤ ᠬᠥᠲᠥᠯᠥᠨ ᠵᠢᠯᠣᠭᠤᠳᠬᠤ ᠪᠡᠯᠡ ᠮᠥᠩᠭᠦ ᠵᠢᠨ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠵᠤ᠂ ᠡᠯ᠎ᠡ ᠲᠥᠷᠥᠯ᠎ᠤᠨ ᠰᠢᠯᠢᠳᠡᠭ ᠡᠬᠢ ᠪᠠᠶᠠᠯᠢᠭ᠎ᠢ ᠰᠣᠳᠣᠨ ᠲᠥᠷᠥᠯ ᠵᠦᠢ᠍ᠯ ᠲᠡᠢ᠌ᠰᠢ ᠲᠥᠪᠯᠡᠷᠡᠭᠦᠯᠬᠦ ᠵᠢ ᠠᠬᠢᠭᠤᠯᠤᠨ᠎ᠠ᠃

  (ᠲᠦᠷᠪᠡ) ᠲᠧᠯᠸᠢᠰ ᠵᠦᠴᠦᠭᠡ ᠦᠢ᠍ᠯᠡᠳᠬᠦ ᠶᠠᠰᠤ ᠴᠢᠨᠠᠷ᠎ᠢ ᠳᠡᠭᠡᠭᠰᠢᠯᠡᠭᠦᠯᠦᠨ ᠳᠡᠰ ᠳᠡᠪᠰᠢᠬᠦ ᠵᠢ ᠠᠬᠢᠭᠤᠯᠤᠨ᠎ᠠ᠃  ᠲᠧᠯᠸᠢᠰ ᠵᠦᠴᠦᠭᠡ ᠦᠢ᠍ᠯᠡᠳᠬᠦ ᠪᠠᠷᠢᠮᠵᠢᠶᠠᠵᠢᠭᠤᠯᠬᠤ ᠠᠵᠢᠯ᠎ᠢ ᠲᠦᠷᠭᠡᠳᠬᠡᠨ ᠠᠬᠢᠭᠤᠯᠵᠤ᠂ ᠪᠠᠷᠢᠮᠵᠢᠶ᠎ᠠ ᠵᠢ ᠰᠤᠳᠤᠯᠤᠨ ᠦᠢ᠍ᠯᠡᠳᠬᠦ᠂ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠵᠢᠯ ᠲᠥᠷᠥᠯ᠎ᠲᠠᠢ ᠳᠡᠯᠭᠡᠷᠡᠭᠦᠯᠬᠦ ᠵᠢ ᠵᠡᠷᠭᠡ᠎ᠪᠠᠷ ᠪᠠᠶ᠋ᠢᠷᠢᠯᠠᠭᠤᠯᠤᠨ᠂ ᠲᠧᠯᠸᠢᠰ ᠵᠦᠴᠦᠭᠡ ᠵᠢᠨ ᠪᠥᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠷᠢᠮᠵᠢᠶᠠᠵᠢᠭᠤᠯᠤᠯᠲᠠ ᠵᠢ ᠠᠬᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠣᠤᠷᠠᠳᠤ ᠤᠷᠤᠰᠬᠠᠯ᠎ᠤᠨ ᠪᠠᠷᠢᠮᠵᠢᠶ᠎ᠠ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠤᠨ᠎ᠠ᠃ ᠲᠧᠯᠸᠢᠰ ᠵᠦᠴᠦᠭᠡ ᠦᠢ᠍ᠯᠡᠳᠬᠦ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠨᠠᠷᠢᠨ ᠨᠢᠭᠲᠠ ᠠᠵᠢᠯ᠎ᠤᠨ ᠬᠤᠪᠢᠶᠠᠷᠢᠯᠠᠯ᠂ ᠨᠢᠭᠲᠠ ᠬᠠᠮᠵᠢᠯᠴᠠᠬᠤ ᠵᠢ ᠠᠬᠢᠭᠤᠯᠵᠤ᠂ ᠶᠠᠪᠤᠴᠠ ᠵᠢ ᠵᠢᠷᠤᠮᠵᠢᠭᠤᠯᠬᠤ᠂ ᠬᠡᠷᠡᠭᠵᠢᠭᠦᠯᠬᠦ ᠵᠢ ᠪᠠᠷᠢᠮᠵᠢᠶᠠᠵᠢᠭᠤᠯᠬᠤ ᠵᠢ ᠠᠬᠢᠭᠤᠯᠵᠤ᠂ ᠡᠷᠴᠢᠮᠵᠢᠭᠦᠯᠬᠦ᠂ ᠲᠤᠰᠬᠠᠶ᠋ᠢᠵᠢᠭᠤᠯᠬᠤ ᠵᠢ ᠠᠬᠢᠭᠤᠯᠵᠤ᠂ ᠤᠷᠠᠨ ᠳᠠᠷᠬᠠᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠲᠧᠯᠸᠢᠰ ᠵᠦᠴᠦᠭᠡ ᠦᠢ᠍ᠯᠡᠳᠬᠦ ᠠᠵᠤ ᠦᠢ᠍ᠯᠡᠳᠪᠦᠷᠢᠵᠢᠯᠲᠡ ᠵᠢᠨ ᠲᠦᠪᠰᠢᠨ᠎ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠵᠢᠨ ᠮᠡᠷᠭᠡᠵᠢᠯ᠎ᠤᠨ ᠬᠤᠰᠢᠭᠤᠷᠠᠯ᠎ᠢ ᠴᠢᠩᠭ᠎ᠠ ᠠᠩᠬᠠᠷᠴᠤ᠂ ᠵᠠᠭᠤᠴᠢᠯᠠᠭᠤᠷ᠎ᠤᠨ ᠠᠭᠤᠰᠤᠯᠴᠠᠯ᠎ᠤᠨ ᠭᠦᠨᠵᠡᠭᠡᠶ᠋ᠢᠷᠡᠨ ᠬᠥᠭᠵᠢᠬᠦ ᠬᠠᠨᠳᠤᠰᠢ᠎ᠳᠤ ᠵᠣᠬᠢᠴᠠᠭᠤᠯᠤᠨ᠂ ᠲᠧᠯᠸᠢᠰ ᠵᠦᠴᠦᠭᠡ ᠰᠡᠭᠦᠳᠡᠷᠯᠡᠬᠦ᠂ ᠦᠢ᠍ᠯᠡᠳᠬᠦ᠂ ᠬᠠᠳᠠᠭ᠋ᠠᠯᠠᠬᠤ᠂ ᠳᠠᠮᠵᠢᠭᠤᠯᠬᠤ᠂ ᠦᠨᠡᠯᠡᠬᠦ᠂ ᠬᠢᠨᠠᠨ ᠬᠠᠮᠢᠶᠠᠷᠬᠤ ᠪᠥᠬᠦ ᠬᠡᠯᠬᠢᠶ᠎ᠡ ᠵᠢᠨ ᠮᠡᠷᠭᠡᠵᠢᠯ᠎ᠤᠨ ᠰᠢᠨ᠎ᠡ ᠵᠢ ᠡᠭᠦᠳᠦᠨ ᠲᠠᠰ ᠳᠡᠪᠰᠢᠭᠦᠯᠬᠦ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠤ ᠲᠧᠯᠸᠢᠰ ᠵᠦᠴᠦᠭᠡ ᠦᠢ᠍ᠯᠡᠳᠬᠦ ᠶᠠᠪᠤᠴᠠ ᠵᠢ ᠪᠥᠬᠦ ᠲᠠᠯ᠎ᠠ᠎ᠪᠠᠷ 4K ᠬᠡᠲᠦ ᠥᠨᠳᠥᠷ ᠲᠤᠳᠤᠷᠠᠴᠠᠲᠤ  ᠪᠣᠯᠭ᠋ᠠᠬᠤ ᠵᠢ ᠦᠨᠳᠦᠰᠦᠨ᠎ᠳᠤ᠎ᠪᠠᠨ ᠪᠡᠶᠡᠯᠡᠭᠦᠯᠦᠨ᠎ᠡ᠃ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠨᠡᠶ᠋ᠢᠲᠡᠯᠢᠭ ᠴᠢᠨᠠᠷᠲᠠᠢ ᠰᠠᠭᠤᠷᠢ ᠮᠡᠷᠭᠡᠵᠢᠯ᠎ᠢ ᠰᠤᠳᠤᠯᠤᠨ ᠨᠡᠭᠡᠭᠡᠬᠦ ᠵᠢ ᠳᠡᠮᠵᠢᠵᠦ᠂ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠲᠧᠯᠸᠢᠰ ᠵᠦᠴᠦᠭᠡ ᠦᠢ᠍ᠯᠡᠳᠬᠦ ᠲᠤᠷᠰᠢᠯᠲᠠ ᠵᠢᠨ ᠲᠠᠰᠤᠭ᠎ᠢ ᠪᠡᠯᠡᠳᠭᠡᠨ ᠪᠠᠶ᠋ᠢᠭᠤᠯᠬᠤ ᠵᠢ ᠠᠬᠢᠭᠤᠯᠵᠤ᠂ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠢᠳᠡᠪᠬᠢᠲᠡᠢ ᠥᠷᠨᠢᠭᠦᠯᠬᠦ ᠵᠢ ᠵᠣᠷᠢᠭᠵᠢᠭᠤᠯᠵᠤ᠂ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠬᠤᠪᠢᠷᠠᠭᠤᠯᠬᠤ ᠪᠠ ᠬᠡᠷᠡᠭᠯᠡᠵᠦ ᠳᠡᠯᠭᠡᠷᠡᠭᠦᠯᠬᠦ ᠵᠣᠬᠢᠴᠠᠮᠵᠢ ᠵᠢ ᠲᠡᠭᠦᠯᠳᠡᠷᠵᠢᠭᠦᠯᠦᠨ᠎ᠡ᠃

  (ᠲᠠᠪᠤ) ᠰᠢᠯᠢᠳᠡᠭ ᠵᠣᠬᠢᠶᠠᠯ ᠪᠦᠲᠦᠭᠡᠯ᠎ᠢ ᠳᠠᠮᠵᠢᠭᠤᠯᠬᠤ ᠵᠣᠬᠢᠴᠠᠮᠵᠢ ᠵᠢ ᠲᠡᠭᠦᠯᠳᠡᠷᠵᠢᠭᠦᠯᠦᠨ᠎ᠡ᠃ ᠲᠧᠯᠸᠢᠰ ᠵᠠᠭᠤᠴᠢᠯᠠᠭᠤᠷ ᠬᠢᠭᠡᠳ ᠢᠨᠲ᠋ᠧᠷ ᠰᠦᠯᠵᠢᠶᠡᠨ᠎ᠤ ᠲᠠᠪᠴᠠᠩ᠎ᠢ ᠨᠢᠭᠡᠳᠦᠯᠲᠡᠶ ᠲᠥᠯᠥᠪᠯᠡᠨ᠂ ᠲᠧᠯᠸᠢᠰ ᠵᠦᠴᠦᠭᠡ ᠵᠢᠨ ᠪᠦᠷᠢᠨ ᠵᠠᠭᠤᠴᠢᠯᠠᠭᠤᠷ᠎ᠤᠨ ᠨᠡᠪᠲᠡᠷᠡᠭᠦᠯᠦᠨ ᠲᠠᠷᠬᠠᠭ᠋ᠠᠬᠤ ᠪᠠ ᠤᠬᠠᠭᠤᠯᠤᠨ ᠳᠡᠯᠭᠡᠷᠡᠭᠦᠯᠬᠦ ᠪᠠᠶ᠋ᠢᠷᠢᠰᠢᠯ᠎ᠢ ᠪᠦᠷᠢᠨᠰᠢᠭᠦᠯᠦᠨ᠎ᠡ᠃ ᠠᠷᠠᠳ ᠲᠦᠮᠡᠨ ᠵᠶ᠋ᠠᠷ ᠭᠣᠤᠯ ᠪᠣᠯᠭ᠋ᠠᠵᠤ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠪᠦᠲᠦᠭᠡᠯ᠎ᠤᠨ ᠶᠠᠰᠤ ᠴᠢᠨᠠᠷ᠎ᠢ ᠴᠢᠬᠤᠯᠠ ᠪᠠᠷᠢᠮᠵᠢᠶ᠎ᠠ ᠪᠣᠯᠭ᠋ᠠᠵᠤ ᠵᠦᠴᠦᠭᠡ ᠬᠤᠳᠠᠯᠳᠤᠨ ᠠᠪᠬᠤ ᠵᠢ ᠦᠨᠡᠯᠡᠬᠦ ᠵᠣᠬᠢᠴᠠᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠩ ᠣᠯᠠᠨ ᠰᠢᠯᠢᠳᠡᠭ ᠲᠧᠯᠸᠢᠰ ᠵᠦᠴᠦᠭᠡ ᠵᠢ ᠨᠥᠯᠥᠭᠡᠯᠡᠬᠦ ᠬᠦᠴᠦᠨ᠎ᠲᠠᠢ ᠰᠤᠪᠠᠭ ᠪᠠ ᠲᠠᠪᠴᠠᠩ᠎ᠳᠤ ᠣᠷᠣᠭᠤᠯᠬᠤ ᠬᠡᠷᠡᠭᠲᠡᠶ᠃ ᠴᠢᠬᠤᠯᠠ ᠵᠠᠩᠭᠢᠯᠠᠭ᠎ᠠ ᠵᠢᠨ ᠴᠡᠭ᠎ᠤᠨ ᠲᠣᠭᠤᠷᠢᠨ᠎ᠳᠤ ᠭᠤᠣᠯ ᠰᠡᠳᠦᠪᠲᠦ ᠲᠧᠯᠸᠢᠰ ᠵᠦᠴᠦᠭᠡ ᠵᠢ ᠨᠡᠪᠲᠡᠷᠡᠭᠦᠯᠵᠦ᠂ ᠴᠢᠬᠤᠯᠠ ᠤᠬᠠᠭᠤᠯᠭ᠎ᠠ ᠵᠢᠨ ᠬᠤᠭᠤᠴᠠᠭ᠋ᠠᠨ᠎ᠳᠤ ᠰᠦᠯᠵᠢᠶᠡᠨ᠎ᠳᠤ ᠭᠠᠷᠤᠭᠰᠠᠨ ᠶᠡᠷᠦᠩᠬᠡᠶ᠋ᠢᠯᠡᠭᠰᠡᠨ ᠰᠤᠪᠠᠭ᠎ᠤᠨ ᠰᠢᠵᠢᠷ ᠠᠯᠲᠠᠨ ᠴᠠᠭ᠎ᠤᠨ ᠲᠧᠯᠸᠢᠰ ᠵᠦᠴᠦᠭᠡ ᠨᠡᠪᠲᠡᠷᠡᠭᠦᠯᠬᠦ ᠵᠢ ᠲᠣᠬᠢᠷᠠᠭᠤᠯᠤᠨ ᠡᠵᠡᠮᠳᠡᠬᠦ᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠤᠨ ᠲᠡᠷᠢᠭᠦᠨ ᠨᠢᠭᠤᠷ᠎ᠤᠨ ᠠᠩᠬᠠᠨ᠎ᠤ ᠳᠡᠯᠭᠡᠴᠡ ᠵᠢᠨ ᠲᠧᠯᠸᠢᠰ ᠵᠦᠴᠦᠭᠡ ᠨᠡᠪᠲᠡᠷᠡᠭᠦᠯᠬᠦ ᠵᠢ ᠵᠢᠭ᠋ᠠᠨ ᠵᠢᠯᠣᠭᠤᠳᠬᠤ ᠵᠢ ᠴᠢᠩᠭ᠋ᠠᠳᠬᠠᠨ᠎ᠠ᠃ ᠬᠣᠷᠸ᠎ᠠ ᠲᠣᠬᠢᠷᠠᠭᠤᠯᠭ᠎ᠠ ᠡᠵᠡᠮᠰᠢᠯ᠎ᠢ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠵᠦ᠂ ᠨᠡᠪᠲᠡᠷᠡᠭᠦᠯᠬᠦ ᠪᠦᠲᠦᠴᠡ ᠵᠢ ᠰᠢᠯᠢᠳᠡᠭᠵᠢᠭᠦᠯᠦᠨ᠂ ᠲᠧᠯᠸᠢᠰ ᠵᠦᠴᠦᠭᠡ ᠨᠡᠪᠲᠡᠷᠡᠭᠦᠯᠬᠦ ᠰᠡᠳᠦᠪ᠂ ᠬᠡᠪ ᠨᠠᠮᠪᠠ᠂ ᠬᠡᠯᠪᠡᠷᠢ᠂ ᠤᠷᠲᠤ ᠵᠢᠨ ᠬᠡᠮᠵᠢᠶ᠎ᠡ ᠵᠢᠴᠢ ᠤᠯᠠᠷᠢᠯ᠎ᠤᠨ ᠨᠡᠪᠲᠡᠷᠡᠭᠦᠯᠭᠡ᠂ ᠭᠠᠷᠠᠭ᠎ᠤᠨ ᠨᠡᠪᠲᠡᠷᠡᠭᠦᠯᠭᠡ ᠵᠡᠷᠭᠡ ᠨᠡᠪᠲᠡᠷᠡᠭᠦᠯᠬᠦ ᠵᠠᠭᠪᠤᠷ᠎ᠤᠨ ᠡᠯᠪᠡᠭ ᠪᠠᠶᠠᠯᠢᠭ ᠴᠢᠨᠠᠷ᠎ᠢ ᠪᠡᠶᠡᠯᠡᠭᠦᠯᠦᠨ᠎ᠡ᠃ ᠤᠯᠤᠰ᠎ᠤᠨ ᠲᠧᠯᠸᠢᠰ ᠵᠦᠴᠦᠭᠡ ᠵᠢᠨ ᠬᠡᠪᠯᠡᠯ ᠬᠠᠳᠠᠭ᠋ᠠᠯᠠᠬᠤ ᠲᠣᠭᠲᠠᠯᠴᠠᠭ᠎ᠠ ᠵᠢ ᠪᠡᠯᠡᠳᠬᠡᠨ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠲᠧᠯᠸᠢᠰ ᠵᠦᠴᠦᠭᠡ ᠵᠢᠨ ᠳᠠᠩᠰᠠ ᠡᠪᠬᠡᠮᠡᠯ᠎ᠢ ᠬᠠᠮᠠᠭ᠋ᠠᠯᠠᠬᠤ ᠪᠠ ᠳᠠᠩᠰᠠ ᠡᠪᠬᠡᠮᠡᠯ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠨ᠎ᠠ᠃

  (ᠵᠢᠷᠭᠤᠭ᠎ᠠ) ᠲᠧᠯᠸᠢᠰ ᠵᠦᠴᠦᠭᠡ ᠵᠢᠨ ᠶᠡᠷᠦᠩᠬᠡᠢ᠌ᠯᠡᠭᠰᠡᠨ ᠦᠨᠡᠯᠡᠯᠲᠡ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃  ᠤᠯᠤᠰ ᠲᠦᠷᠦᠴᠢ ᠴᠢᠨᠠᠷ᠂ ᠤᠷᠠᠯᠢᠭᠴᠢ ᠴᠢᠨᠠᠷ᠂ ᠨᠡᠶ᠋ᠢᠭᠡᠮ᠎ᠤᠨ ᠲᠤᠰᠬᠠᠯ᠂ ᠵᠠᠬ᠎ᠠ ᠳᠡᠯᠭᠡᠭᠦᠷ᠎ᠤᠨ ᠮᠡᠳᠡᠷᠡᠮᠵᠢ ᠵᠢ ᠨᠢᠭᠡᠳᠬᠡᠬᠦ ᠵᠢ ᠪᠠᠷᠢᠮᠲᠠᠯᠠᠵᠤ᠂ ᠲᠧᠯᠸᠢᠰ ᠵᠦᠴᠦᠭᠡ ᠵᠢ ᠶᠡᠷᠦᠩᠬᠡᠶ᠋ᠢᠯᠡᠨ ᠦᠨᠡᠯᠡᠬᠦ ᠰᠢᠨᠵᠢᠯᠡᠬᠦ ᠤᠬᠠᠭ᠋ᠠᠨᠴᠢ ᠵᠣᠬᠢᠴᠠᠮᠵᠢ ᠵᠢ ᠲᠡᠭᠦᠯᠳᠡᠷᠵᠢᠭᠦᠯᠦᠨ᠎ᠡ᠃ ᠤᠳᠬ᠎ᠠ ᠤᠷᠠᠯᠢᠭ᠎ᠤᠨ ᠰᠢᠭᠦᠮᠵᠢ ᠵᠢᠨ ᠪᠠᠬᠢᠯᠡᠯᠲᠡ ᠵᠢ ᠪᠠᠶ᠋ᠢᠭᠤᠯᠤᠨ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠤᠨ ᠵᠠᠳᠠᠯᠤᠯᠲᠠ ᠵᠢ ᠴᠢᠩᠭ᠋ᠠᠳᠬᠠᠵᠤ᠂ ᠢᠨᠲ᠋ᠧᠷ ᠰᠦᠯᠵᠢᠶᠡᠨ᠎ᠤ ᠬᠥᠭᠵᠢᠯᠲᠡ ᠵᠢᠨ ᠬᠠᠨᠳᠤᠰᠢ᠎ᠳᠤ ᠵᠣᠬᠢᠴᠠᠵᠤ᠂ ᠰᠦᠯᠵᠢᠶᠡᠨ᠎ᠤ ᠶᠠᠷᠢᠶ᠎ᠠ ᠬᠡᠯᠡᠯᠴᠡᠭᠡᠨ᠎ᠤ ᠵᠢᠮ᠎ᠡ ᠶᠣᠰᠣᠨ᠎ᠤ ᠣᠨᠴᠠᠯᠢᠭ᠎ᠢ ᠡᠵᠡᠮᠳᠡᠵᠦ᠂ ᠬᠡᠯᠪᠡᠷᠢ᠂ ᠠᠷᠭ᠎ᠠ ᠬᠡᠯᠪᠡᠷᠢ᠂ ᠬᠡᠪ ᠨᠠᠮᠪᠠ᠂ ᠬᠡᠪ᠂ ᠠᠷᠭ᠎ᠠ ᠵᠠᠮ᠂ ᠠᠴᠢᠶᠠᠯᠠᠪᠤᠷᠢ ᠵᠢ ᠢᠳᠡᠪᠬᠢᠲᠡᠶ᠎ᠪᠠᠷ ᠰᠢᠨ᠎ᠡ ᠵᠢ ᠡᠭᠦᠳᠴᠦ᠂ ᠲᠧᠯᠸᠢᠰ ᠵᠦᠴᠦᠭᠡ ᠵᠢᠨ ᠰᠢᠭᠦᠮᠵᠢ ᠵᠢᠨ ᠲᠤᠰᠬᠠᠶ ᠮᠡᠷᠭᠡᠵᠢᠯ᠎ᠤᠨ ᠴᠢᠨᠠᠷ᠂ ᠡᠷᠬᠡ ᠰᠦᠷᠲᠦ ᠴᠢᠨᠠᠷ᠂ ᠬᠠᠨᠳᠤᠯᠭ᠋ᠠᠲᠤ ᠴᠢᠨᠠᠷ᠎ᠢ ᠳᠡᠭᠡᠭᠰᠢᠯᠡᠭᠦᠯᠵᠦ᠂ ᠲᠧᠯᠸᠢᠰ ᠵᠦᠴᠦᠭᠡ ᠵᠢᠨ ᠰᠢᠭᠦᠮᠵᠢ ᠵᠢᠨ ᠣᠯᠠᠨ ᠲᠦᠮᠡᠨ᠎ᠲᠠᠢ ᠣᠶ᠋ᠢᠷᠠᠳᠴᠤ᠂ ᠶᠠᠷᠢᠶ᠎ᠠ ᠬᠡᠯᠡᠯᠴᠡᠭᠡ ᠵᠢ ᠬᠥᠲᠥᠯᠥᠨ ᠳᠠᠭ᠋ᠠᠭᠤᠯᠬᠤ ᠵᠢ ᠠᠬᠢᠭᠤᠯᠵᠤ᠂ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ ᠪᠠ ᠰᠢᠭᠦᠮᠵᠢ ᠵᠢᠨ ᠪᠦᠲᠦᠮᠵᠢᠲᠡᠶ ᠦᠢ᠍ᠯᠡᠳᠦᠯᠴᠡᠯ᠎ᠢ ᠠᠬᠢᠭᠤᠯᠤᠨ᠎ᠠ᠃ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ ᠵᠢᠨ ᠲᠣᠭᠤᠷᠢᠨ᠎ᠳᠤ᠂ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠳᠤᠮᠳᠠᠳᠤ ᠤᠯᠤᠰ᠎ᠤᠨ ᠲᠧᠯᠸᠢᠰ ᠵᠦᠴᠦᠭᠡ 《ᠹᠸᠢ ᠲᠢᠶᠠᠨ ᠱᠠᠩᠨᠠᠯ》᠎ᠢ ᠤᠯᠠᠮ ᠨᠢᠭᠡ ᠠᠯᠬᠤᠮ ᠰᠠᠶ᠋ᠢᠲᠤᠷ ᠡᠷᠬᠢᠯᠡᠵᠦ᠂ ᠳᠤᠮᠳᠠᠳᠤ ᠤᠯᠤᠰ᠎ᠤᠨ ᠲᠧᠯᠸᠢᠰ᠎ᠤᠨ 《ᠠᠯᠲᠠᠨ ᠪᠦᠷᠭᠦᠳ ᠱᠠᠩᠨᠠᠯ》᠂ ᠱᠠᠩᠬᠠᠶ ᠵᠢᠨ ᠲᠧᠯᠸᠢᠰ᠎ᠤᠨ ᠨᠠᠶ᠋ᠢᠷ᠎ᠤᠨ 《ᠪᠠᠶ ᠢᠦᠶ ᠯᠠᠨ ᠱᠠᠩᠨᠠᠯ》 ᠵᠡᠷᠭᠡ ᠭᠤᠤᠯᠳᠠᠯᠭ᠎ᠠ᠎ᠲᠠᠢ ᠲᠧᠯᠸᠢᠰ ᠵᠦᠴᠦᠭᠡ ᠵᠢᠨ ᠱᠠᠩᠨᠠᠯ᠎ᠤᠨ ᠵᠢᠯᠣᠭᠤᠳᠣᠯᠭ᠎ᠠ᠎ᠪᠠᠨ ᠴᠢᠩᠭ᠋ᠠᠳᠬᠠᠨ᠂ ᠱᠠᠩᠨᠠᠯ᠎ᠤᠨ ᠵᠦᠢ᠍ᠯ᠎ᠤᠨ ᠲᠣᠬᠢᠷᠠᠭᠤᠯᠤᠯᠲᠠ᠂ ᠰᠢᠯᠭ᠋ᠠᠷᠠᠭᠤᠯᠬᠤ ᠠᠷᠭ᠎ᠠ ᠬᠡᠯᠪᠡᠷᠢ ᠵᠢ ᠬᠠᠶ᠋ᠢᠨ ᠰᠦᠪᠡᠭᠴᠢᠯᠡᠵᠦ᠂ ᠰᠢᠯᠭ᠋ᠠᠷᠠᠭᠤᠯᠬᠤ ᠺᠣᠮᠢᠰ᠎ᠤᠨ ᠪᠦᠲᠦᠴᠡ ᠵᠢ ᠰᠢᠯᠢᠳᠡᠭᠵᠢᠭᠦᠯᠦᠨ᠂ ᠪᠥᠬᠦ ᠤᠯᠤᠰ᠎ᠤᠨ ᠴᠢᠨᠠᠷᠲᠠᠶ ᠲᠧᠯᠸᠢᠰ ᠵᠦᠴᠦᠭᠡ ᠦᠨᠡᠯᠡᠬᠦ ᠠᠵᠢᠯᠯᠠᠭ᠎ᠠ ᠵᠢᠨ ᠡᠷᠬᠡ ᠰᠦᠷᠲᠦ ᠴᠢᠨᠠᠷ᠂ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠵᠢᠱ᠌ᠢᠶ᠎ᠡ ᠦᠵᠡᠭᠦᠯᠦᠨ ᠬᠥᠲᠥᠯᠥᠨ ᠵᠢᠯᠣᠭᠤᠳᠬᠤ᠂ ᠪᠦᠯᠬᠦᠮᠳᠡᠨ ᠵᠣᠷᠢᠭᠵᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃

   ᠲᠤᠰᠬᠠᠢ ᠪᠤᠯᠤᠩ 1᠂ ᠲᠧᠯᠸᠢᠰ ᠵᠦᠴᠦᠭᠡ ᠵᠢᠨ ᠰᠢᠨ᠎ᠡ ᠴᠠᠭ ᠦᠶ᠎ᠡ ᠵᠢᠨ ᠰᠣᠳᠣᠨ ᠪᠦᠲᠦᠭᠡᠯ᠎ᠤᠨ ᠢᠨᠵᠧᠨᠧᠷᠢᠩ

  《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠭᠤᠤᠯᠳᠠᠯᠭ᠎ᠠ᠎ᠲᠠᠢ ᠲᠧᠯᠸᠢᠰ ᠵᠦᠴᠦᠭᠡ ᠵᠢᠨ ᠰᠡᠳᠦᠪ ᠰᠣᠩᠭᠤᠬᠤ ᠲᠥᠯᠥᠪᠵᠢᠭᠦᠯᠭᠡ᠄ ᠴᠢᠬᠤᠯᠠ ᠶᠡᠭᠡ ᠪᠣᠳᠠᠲᠤ ᠪᠠᠶ᠋ᠢᠳᠠᠯ᠂ ᠴᠢᠬᠤᠯᠠ ᠶᠡᠭᠡ ᠬᠤᠪᠢᠰᠬᠠᠯ᠂ ᠴᠢᠬᠤᠯᠠ ᠶᠡᠭᠡ ᠲᠡᠦᠬᠡᠨ ᠰᠡᠳᠦᠪ ᠵᠶ᠋ᠠᠷ ᠭᠤᠤᠯ ᠰᠡᠳᠦᠪ ᠲᠣᠭᠲᠠᠭ᠋ᠠᠵᠤ᠂ 《ᠬᠦᠨᠳᠡᠯᠡᠨ ᠭᠤᠯᠳᠤ ᠪᠠᠢ᠌ᠷᠢᠰᠢᠯ᠎ᠤᠨ ᠠᠷᠭ᠎ᠠ》 ᠵᠢ ᠬᠡᠷᠡᠭᠵᠢᠭᠦᠯᠦᠨ ᠪᠣᠲᠠᠲᠠᠢ ᠰᠡᠳᠦᠪ ᠰᠣᠩᠭᠣᠵᠣ᠂ ᠬᠥᠨᠳᠡᠯᠡᠨ ᠴᠢᠭᠯᠡᠯ ᠵᠶ᠋ᠡᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠨᠠᠮ ᠪᠣᠯᠤᠨ ᠲᠥᠷᠥ ᠵᠢᠨ ᠶᠡᠭᠡ ᠶᠠᠪᠤᠳᠠᠯ ᠴᠢᠬᠤᠯᠠ ᠶᠠᠪᠤᠳᠠᠯ ᠵᠶ᠋ᠠᠷ ᠭᠤᠤᠯᠯᠠᠭᠤᠯᠤᠨ ᠭᠤᠤᠯ ᠰᠡᠳᠦᠪ᠎ᠢ ᠲᠣᠭᠲᠠᠭ᠋ᠠᠵᠤ᠂ ᠭᠤᠯᠳᠤ ᠴᠢᠭᠯᠡᠯ ᠵᠶ᠋ᠡᠷ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠣᠶ᠂ ᠪᠡᠭᠡᠵᠢᠩ᠎ᠤᠨ ᠡᠪᠦᠯ᠎ᠤᠨ ᠣᠯᠢᠮᠫᠢᠺ᠎ᠤᠨ ᠴᠤᠭᠯᠠᠭ᠋ᠠᠨ᠂ ᠡᠪᠦᠯ᠎ᠤᠨ ᠵᠡᠮᠳᠡᠭᠴᠦᠳ᠎ᠤᠨ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ ᠠᠮᠵᠢᠯᠲᠠ᠎ᠲᠠᠢ ᠬᠤᠷᠠᠯᠳᠤᠵᠤ᠂ ᠠᠮᠧᠷᠢᠺᠠ ᠵᠢ ᠡᠰᠡᠷᠭᠦᠴᠡᠨ ᠰᠣᠯᠣᠩᠭᠤᠰ᠎ᠢ ᠲᠤᠰᠠᠯᠠᠭᠰᠠᠨ ᠢᠯᠠᠯᠲᠠ ᠣᠯᠤᠭᠰᠠᠨ 70 ᠵᠢᠯ᠎ᠤᠨ ᠣᠶ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠣᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠶ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠤᠭᠰᠠᠨ 80 ᠵᠢᠯ᠎ᠤᠨ ᠣᠶ᠂ ᠤᠯᠠᠭ᠋ᠠᠨ ᠴᠡᠷᠢᠭ᠎ᠤᠨ ᠤᠷᠲᠤ ᠵᠠᠮ᠎ᠤᠨ ᠠᠶᠠᠨ ᠲᠠᠶ᠋ᠢᠨ᠎ᠤ ᠢᠯᠠᠯᠲᠠ ᠣᠯᠤᠭᠰᠠᠨ 90 ᠵᠢᠯ᠎ᠤᠨ ᠣᠶ ᠵᠡᠷᠭᠡ ᠴᠢᠬᠤᠯᠠ ᠵᠠᠩᠭᠢᠯᠠᠭ᠎ᠠ ᠵᠢᠨ ᠴᠡᠭ᠎ᠢ ᠭᠠᠷᠭ᠋ᠠᠵᠤ᠂ ᠴᠠᠭ ᠦᠶ᠎ᠡ ᠵᠢᠨ ᠰᠢᠨ᠎ᠡ ᠳᠦᠷᠰᠦ ᠪᠠᠶ᠋ᠢᠳᠠᠯ᠎ᠢ ᠲᠤᠪᠤᠶ᠋ᠢᠮ᠎ᠠ ᠲᠤᠰᠬᠠᠵᠤ᠂ ᠠᠷᠠᠳ ᠲᠦᠮᠡᠨ᠎ᠤ ᠰᠢᠨ᠎ᠡ ᠡᠭᠦᠳᠦᠨ ᠪᠦᠲᠦᠭᠡᠯᠲᠡ ᠵᠢ ᠮᠠᠭᠲᠠᠨ ᠳᠠᠭᠤᠯᠠᠵᠤ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠵᠢᠨ ᠲᠡᠦᠬᠡ᠂ ᠨᠡᠶ᠋ᠢᠭᠡᠮ ᠵᠢᠷᠤᠮ᠎ᠤᠨ ᠬᠥᠭᠵᠢᠯᠲᠡ ᠵᠢᠨ ᠲᠡᠦᠬᠡ ᠵᠢ ᠲᠤᠪᠤᠶ᠋ᠢᠯᠭ᠋ᠠᠪᠠ᠃ ᠨᠢᠭᠡᠨᠲᠡ 100 ᠭᠠᠷᠤᠶ ᠭᠤᠤᠯᠳᠠᠯᠭ᠎ᠠ᠎ᠲᠠᠢ ᠲᠧᠯᠸᠢᠰ ᠵᠦᠴᠦᠭᠡ ᠵᠢᠨ ᠰᠡᠳᠦᠪ ᠰᠣᠩᠭᠤᠬᠤ ᠲᠥᠷᠥᠯ ᠵᠦᠢ᠍ᠯ᠎ᠢ ᠲᠥᠯᠥᠪᠵᠢᠭᠦᠯᠵᠦ᠂ ᠪᠠᠶ᠋ᠢᠩᠭᠤ ᠵᠢᠨ ᠴᠢᠨᠠᠷᠲᠠᠶ ᠵᠣᠬᠢᠶᠠᠨ ᠪᠦᠲᠦᠭᠡᠬᠦ ᠵᠢᠭ᠋ᠠᠨ ᠵᠢᠯᠤᠭᠤᠳᠤᠯᠭ᠎ᠠ ᠵᠢ ᠥᠷᠨᠢᠭᠦᠯᠵᠦ᠂ ᠪᠥᠬᠦ ᠶᠠᠪᠤᠴᠠ ᠵᠢ ᠵᠣᠬᠢᠴᠠᠭᠤᠯᠤᠨ ᠪᠠᠲᠤᠯᠠᠬᠤ ᠵᠢᠨ ᠬᠠᠮᠲᠤ ᠪᠠᠶ᠋ᠢᠳᠠᠯ ᠡᠭᠦᠷᠭᠡ ᠵᠢᠨ ᠬᠤᠪᠢᠷᠠᠯᠲᠠ ᠪᠣᠯᠤᠨ ᠲᠥᠷᠥᠯ ᠵᠦᠢ᠍ᠯ᠎ᠢ ᠠᠬᠢᠭᠤᠯᠤᠭᠰᠠᠨ ᠪᠠᠶ᠋ᠢᠳᠠᠯ᠎ᠢ ᠦᠨᠳᠦᠰᠦᠯᠡᠨ ᠬᠥᠳᠡᠯᠦᠩᠭᠦᠶ᠎ᠪᠠᠷ ᠲᠣᠬᠢᠷᠠᠭᠤᠯᠤᠯᠲᠠ ᠬᠢᠵᠦ ᠲᠥᠯᠥᠪᠵᠢᠭᠦᠯᠪᠡ᠃ ᠭᠤᠣᠯ ᠰᠡᠳᠦᠪᠲᠦ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ ᠵᠢᠨ ᠳᠡᠯᠭᠡᠨ ᠦᠵᠡᠭᠦᠯᠬᠦ ᠠᠵᠢᠯᠯᠠᠭ᠎ᠠ᠄ ᠦᠵᠦ ᠲᠥᠯᠥᠪᠯᠡᠭᠡ ᠵᠢ ᠴᠢᠩᠭ᠋ᠠᠳᠬᠠᠵᠤ᠂ ᠤᠷᠢᠳᠴᠢᠯᠠᠨ ᠲᠥᠰᠦᠪᠯᠡᠵᠦ᠂ ᠤᠳᠠᠯ ᠦᠭᠡᠢ ᠬᠦᠷᠴᠦ ᠢᠷᠡᠬᠦ ᠭᠡᠵᠦ ᠪᠠᠶ᠋ᠢᠭ᠎ᠠ ᠴᠢᠬᠤᠯᠠ ᠵᠠᠩᠭᠢᠯᠠᠭ᠎ᠠ ᠵᠢᠨ ᠴᠡᠭ᠎ᠤᠨ ᠲᠣᠭᠤᠷᠢᠨ᠎ᠳᠤ ᠭᠤᠣᠯ ᠰᠡᠳᠦᠪᠲᠦ ᠲᠧᠯᠸᠢᠰ ᠵᠦᠴᠦᠭᠡ ᠵᠢᠨ ᠲᠦᠷᠦᠯ ᠵᠦᠢ᠍ᠯ᠎ᠢ ᠤᠷᠢᠳᠴᠢᠯᠠᠨ ᠲᠥᠯᠥᠪᠵᠢᠭᠦᠯᠦᠨ ᠨᠥᠭᠡᠴᠡᠯᠡᠵᠦ᠂ ᠠᠵᠢᠯ᠎ᠤᠨ ᠡᠬᠡ ᠳᠠᠩᠰᠠ ᠵᠢ ᠪᠠᠶ᠋ᠢᠭᠤᠯᠵᠤ᠂ ᠪᠠᠶ᠋ᠢᠩᠭᠤᠵᠢᠭᠤᠯᠤᠨ ᠲᠣᠬᠢᠷᠠᠭᠤᠯᠵᠤ ᠬᠢᠨᠠᠨ ᠵᠢᠯᠣᠭᠤᠳᠬᠤ ᠵᠢ ᠥᠷᠨᠢᠭᠦᠯᠵᠦ᠂ ᠤᠯᠤᠰ ᠲᠦᠷᠦ ᠵᠢᠨ ᠴᠢᠭᠯᠡᠯ᠂ ᠰᠡᠳᠦᠪ ᠰᠣᠩᠭᠤᠵᠤ ᠮᠠᠲ᠋ᠧᠷᠢᠶᠠᠯ ᠰᠣᠩᠭᠤᠬᠤ᠂ ᠤᠷᠠᠯᠢᠭ᠎ᠤᠨ ᠲᠦᠪᠰᠢᠨ᠂ ᠭᠤᠣᠯ ᠡᠭᠦᠳᠦᠯᠲᠡ ᠵᠢᠨ ᠪᠦᠯᠬᠦᠮ ᠨᠡᠶ᠋ᠢᠲᠡ ᠵᠡᠷᠭᠡ ᠲᠠᠯ᠎ᠠ᠎ᠪᠠᠷ ᠪᠣᠭᠤᠮᠲᠠ ᠵᠢ ᠴᠢᠩᠭ᠎ᠠ ᠠᠳᠬᠤᠵᠤ᠂ ᠨᠠᠷᠢᠯᠢᠬ᠍ᠵᠢᠭᠤᠯᠤᠨ ᠬᠠᠮᠢᠶᠠᠷᠴᠤ᠂ ᠥᠨᠳᠥᠷ ᠪᠠᠷᠢᠮᠵᠢᠶ᠎ᠠ᠎ᠪᠠᠷ ᠠᠬᠢᠭᠤᠯᠵᠤ᠂ ᠴᠢᠨᠠᠷ ᠰᠠᠶ᠋ᠢᠲᠠᠢ ᠪᠡᠶᠡᠯᠡᠭᠦᠯᠦᠨ᠎ᠡ᠃ ᠪᠠᠶ᠋ᠢᠭᠤᠯᠤᠮᠵᠢ ᠪᠣᠯᠤᠨ ᠲᠧᠯᠸᠢᠰ ᠵᠦᠴᠦᠭᠡ ᠵᠢᠨ ᠠᠵᠢᠯᠲᠠᠨ᠎ᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠤᠨ ᠭᠤᠤᠯ ᠰᠡᠳᠦᠪᠲᠦ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ᠎ᠳᠤ ᠣᠷᠣᠯᠴᠠᠭᠤᠯᠵᠤ᠂ ᠠᠵᠢᠯ ᠲᠥᠷᠥᠯ᠎ᠤᠨ ᠰᠢᠨ᠎ᠡ ᠵᠢ ᠡᠭᠦᠳᠦᠨ ᠵᠣᠬᠢᠶᠠᠨ ᠪᠦᠲᠦᠭᠡᠬᠦ ᠠᠮᠢᠵᠢᠷᠠᠯ᠎ᠤᠨ ᠬᠦᠴᠦᠨ᠎ᠢ ᠳᠠᠶ᠋ᠢᠴᠢᠯᠠᠨ᠂ ᠴᠢᠨᠠᠷ ᠰᠠᠶ᠋ᠢᠲᠠᠶ ᠡᠬᠢ ᠪᠠᠶᠠᠯᠢᠭ᠎ᠢ ᠭᠤᠤᠯ ᠰᠡᠳᠦᠪᠲᠦ ᠲᠧᠯᠸᠢᠰ ᠵᠦᠴᠦᠭᠡ ᠲᠡᠢ᠌ᠰᠢ ᠲᠥᠪᠯᠡᠷᠡᠭᠦᠯᠬᠦ ᠵᠢ ᠠᠬᠢᠭᠤᠯᠤᠨ᠎ᠠ᠃ ᠡᠯ᠎ᠡ ᠲᠧᠯᠸᠢᠰ ᠬᠤᠷᠢᠶ᠎ᠠ᠂ ᠭᠤᠤᠯᠳᠠᠯᠭ᠎ᠠ᠎ᠲᠠᠢ ᠰᠦᠯᠵᠢᠶᠡᠨ᠎ᠤ ᠦᠵᠡᠵᠦ ᠰᠣᠨᠣᠰᠬᠤ ᠲᠠᠪᠴᠠᠩ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠭᠤᠤᠯ ᠰᠡᠳᠦᠪᠲᠦ ᠲᠧᠯᠸᠢᠰ ᠵᠦᠴᠦᠭᠡ ᠵᠢ ᠢᠳᠡᠪᠬᠢᠲᠡᠶ᠎ᠪᠠᠷ ᠵᠣᠬᠢᠶᠠᠨ ᠪᠦᠲᠦᠭᠡᠵᠦ᠂ ᠵᠠᠬᠢᠶᠠᠯᠠᠨ ᠵᠤᠬᠢᠶᠠᠵᠤ᠂ ᠳᠡᠯᠭᠡᠨ ᠦᠵᠡᠭᠦᠯᠵᠦ ᠨᠡᠪᠲᠡᠷᠡᠭᠦᠯᠬᠦ ᠵᠢ ᠨᠠᠷᠢᠨ ᠨᠢᠮᠪᠠᠶ ᠰᠠᠶ᠋ᠢᠲᠤᠷ ᠬᠢᠵᠦ᠂ ᠲᠣᠬᠢᠷᠠᠭᠤᠯᠤᠨ ᠡᠵᠡᠮᠳᠡᠬᠦ᠎ᠪᠠᠷ ᠳᠠᠮᠵᠢᠭᠤᠯᠤᠨ ᠭᠤᠤᠯ ᠰᠡᠳᠦᠪᠲᠦ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠳᠠᠢ᠌ᠴᠢᠯᠠᠨ᠎ᠠ᠃ ᠤᠬᠠᠭᠤᠯᠤᠨ ᠲᠠᠨᠢᠯᠴᠠᠭᠤᠯᠬᠤ᠎ᠪᠠᠨ ᠴᠢᠩᠭ᠋ᠠᠳᠬᠠᠵᠤ᠂ ᠭᠣᠤᠯ ᠰᠡᠳᠦᠪᠲᠦ ᠲᠧᠯᠸᠢᠰ ᠵᠦᠴᠦᠭᠡ ᠵᠢᠨ ᠨᠥᠯᠥᠭᠡᠯᠡᠬᠦ ᠬᠦᠴᠦᠨ᠎ᠢ ᠥᠷᠭᠡᠳᠬᠡᠵᠦ᠂ ᠰᠠᠶ᠋ᠢᠨ ᠰᠠᠶ᠋ᠢᠬᠠᠨ ᠰᠣᠶᠣᠯ᠎ᠤᠨ ᠣᠷᠴᠢᠨ ᠲᠣᠭᠣᠷᠢᠨ ᠪᠠ ᠶᠠᠷᠢᠶ᠎ᠠ ᠬᠡᠯᠡᠯᠴᠡᠭᠡᠨ᠎ᠤ ᠣᠷᠴᠢᠨ ᠠᠬᠤᠶ ᠵᠢ ᠪᠣᠶ ᠪᠣᠯᠭ᠋ᠠᠨ᠎ᠠ᠃ ᠲᠧᠯᠸᠢᠰ ᠵᠦᠴᠦᠭᠡ ᠵᠢ ᠵᠣᠬᠢᠶᠠᠨ ᠪᠠᠶ᠋ᠢᠭᠤᠯᠵᠤ ᠦᠢ᠍ᠯᠡᠳᠪᠦᠷᠢᠯᠡᠬᠦ ᠪᠥᠬᠦ ᠶᠠᠪᠤᠴᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢᠨ ᠲᠣᠭᠲᠠᠯᠴᠠᠭ᠎ᠠ᠄ ᠤᠳᠬ᠎ᠠ ᠤᠷᠠᠯᠢᠭ᠎ᠤᠨ ᠪᠦᠲᠦᠭᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠱᠠᠭ᠋ᠠᠷᠳᠠᠯᠭ᠎ᠠ ᠶᠣᠰᠣᠭ᠋ᠠᠷ᠂ ᠲᠧᠯᠸᠢᠰ ᠵᠦᠴᠦᠭᠡ ᠵᠢᠨ ᠪᠥᠬᠦ ᠶᠠᠪᠤᠴᠠ ᠵᠢᠨ ᠪᠥᠬᠦ ᠦᠷ᠎ᠡ ᠪᠦᠲᠦᠮᠵᠢᠲᠡᠶ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ 《ᠰᠡᠳᠦᠪ᠎ᠢ ᠣᠨᠣᠪᠴᠢᠲᠠᠶ ᠰᠣᠩᠭᠤᠬᠤ᠂ ᠥᠯᠢᠭᠡᠷ᠎ᠢ ᠰᠠᠶ᠋ᠢᠲᠤᠷ ᠶᠠᠷᠢᠬᠤ᠂ ᠰᠣᠳᠣᠨ ᠪᠦᠲᠦᠭᠡᠯ ᠰᠡᠭᠦᠳᠡᠷᠯᠡᠬᠦ》᠎ᠪᠠᠷ ᠭᠤᠤᠯ ᠰᠢᠵᠢᠮ ᠪᠣᠯᠭ᠋ᠠᠵᠤ᠂ ᠰᠢᠰᠲ᠋ᠧᠮ᠎ᠨᠢ ᠪᠦᠷᠢᠨ ᠲᠡᠭᠦᠯᠳᠡᠷ᠂ ᠰᠢᠨᠵᠢᠯᠡᠬᠦ ᠤᠬᠠᠭ᠋ᠠᠨᠴᠢ ᠪᠥᠭᠡᠳ ᠵᠢᠷᠤᠮᠵᠢᠭᠤᠨ᠂ ᠠᠵᠢᠯᠯᠠᠭ᠋ᠠᠨ᠎ᠨᠢ ᠥᠨᠳᠥᠷ ᠪᠦᠲᠦᠮᠵᠢᠲᠡᠶ ᠪᠠᠶ᠋ᠢᠬᠤ ᠵᠢ ᠠᠬᠢᠭᠤᠯᠵᠤ᠂ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠲᠧᠯᠸᠢᠰ ᠵᠦᠴᠦᠭᠡ ᠵᠢᠨ ᠤᠷᠠᠯᠢᠭ᠎ᠤᠨ ᠵᠢᠮ᠎ᠡ ᠶᠣᠰᠣ ᠵᠢ ᠵᠢᠷᠤᠮᠯᠠᠬᠤ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠤᠨ ᠬᠠᠷᠢᠯᠴᠠᠨ ᠨᠢᠭᠡᠳᠦᠯᠲᠡᠶ ᠪᠠᠶ᠋ᠢᠬᠤ ᠶᠠᠰᠤ ᠴᠢᠨᠠᠷ᠎ᠤᠨ ᠬᠠᠮᠢᠶᠠᠷᠤᠯᠲᠠ ᠵᠢᠨ ᠳᠦᠷᠢᠮ᠎ᠤᠨ ᠲᠣᠭᠲᠠᠯᠴᠠᠭ᠎ᠠ ᠵᠢ ᠨᠠᠶ᠋ᠢᠳᠠᠪᠤᠷᠢᠵᠢᠭᠤᠯᠵᠤ᠂ ᠲᠧᠯᠸᠢᠰ ᠵᠦᠴᠦᠭᠡ ᠵᠢᠨ ᠠᠵᠢᠯ ᠲᠥᠷᠥᠯ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠶᠠᠰᠤ ᠴᠢᠨᠠᠷ᠎ᠤᠨ ᠤᠬᠠᠮᠰᠠᠷ᠎ᠢ᠎ᠨᠢ ᠴᠢᠩᠭ᠋ᠠᠳᠬᠠᠵᠤ᠂ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠲᠧᠯᠸᠢᠰ ᠵᠦᠴᠦᠭᠡ ᠵᠢᠨ ᠶᠠᠰᠤ ᠴᠢᠨᠠᠷ᠎ᠤᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠲᠧᠯᠸᠢᠰ ᠵᠦᠴᠦᠭᠡ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠪᠠᠲᠤ ᠪᠠᠬᠢ ᠶᠠᠰᠤ ᠴᠢᠨᠠᠷ᠎ᠤᠨ ᠰᠠᠭᠤᠷᠢ ᠵᠢ ᠲᠠᠯᠪᠢᠬᠤ ᠬᠡᠷᠡᠭᠲᠡᠢ᠃ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠢ ᠦᠢ᠍ᠯᠡᠳᠪᠦᠷᠢᠯᠡᠵᠦ ᠠᠬᠢᠭᠤᠯᠬᠤ ᠵᠣᠬᠢᠴᠠᠮᠵᠢ᠄ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠤᠨ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠵᠤ᠂ ᠰᠢᠯᠢᠨ ᠰᠣᠩᠭᠤᠬᠤ ᠵᠣᠬᠢᠴᠠᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠡᠳᠦᠪ ᠰᠣᠩᠭᠤᠬᠤ ᠵᠣᠷᠢᠯᠭ᠎ᠠ᠂ ᠤᠷᠠᠯᠢᠭ᠎ᠤᠨ ᠢᠯᠡᠷᠡᠯ᠂ ᠦᠢ᠍ᠯᠡᠳᠴᠦ ᠨᠡᠪᠲᠡᠷᠡᠭᠦᠯᠬᠦ ᠵᠠᠭᠪᠤᠷ᠂ ᠬᠡᠪᠯᠡᠯ᠎ᠤᠨ ᠡᠷᠬᠡ ᠵᠢ ᠨᠡᠭᠡᠭᠡᠨ ᠬᠥᠭᠵᠢᠭᠦᠯᠬᠦ ᠵᠡᠷᠭᠡ ᠲᠠᠯ᠎ᠠ᠎ᠪᠠᠷ ᠨᠡᠯᠢᠶᠡᠳ ᠴᠢᠩᠭ᠎ᠠ ᠬᠥᠲᠥᠯᠥᠨ ᠳᠠᠭ᠋ᠠᠭᠤᠯᠬᠤ ᠴᠢᠨᠠᠷᠲᠠᠶ ᠪᠠ ᠰᠢᠨ᠎ᠡ ᠵᠢ ᠡᠭᠦᠳᠬᠦ ᠴᠢᠨᠠᠷᠲᠠᠶ ᠲᠧᠯᠸᠢᠰ ᠵᠦᠴᠦᠭᠡ ᠵᠢᠨ ᠲᠥᠷᠥᠯ ᠵᠦᠢ᠍ᠯ᠎ᠢ ᠰᠣᠳᠣᠨ ᠪᠦᠲᠦᠭᠡᠯ᠎ᠤᠨ ᠬᠥᠮᠥᠷᠭᠡ᠎ᠳᠤ ᠣᠷᠣᠭᠤᠯᠵᠤ᠂ ᠭᠠᠷᠠᠭ᠎ᠤᠨ ᠮᠡᠳᠡᠭᠦᠯᠦᠯᠲᠡ᠂ ᠰᠠᠷ᠎ᠠ ᠵᠢᠨ ᠲᠣᠬᠢᠷᠠᠭᠤᠯᠤᠯᠲᠠ ᠵᠢᠴᠢ ᠲᠥᠰᠦᠪᠯᠡᠯ᠎ᠤᠨ ᠬᠤᠷᠠᠯ᠂ ᠲᠣᠬᠢᠷᠠᠭᠤᠯᠬᠤ ᠬᠤᠷᠠᠯ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ ᠵᠣᠬᠢᠶᠠᠨ ᠪᠦᠲᠦᠭᠡᠬᠦ ᠵᠢᠯᠣᠭᠤᠳᠣᠯᠭ᠎ᠠ ᠪᠠ ᠵᠣᠬᠢᠴᠠᠭᠤᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠰᠣᠳᠣᠨ ᠲᠥᠷᠥᠯ ᠵᠦᠢ᠍ᠯ᠎ᠳᠤ ᠳᠡᠪᠰᠢᠵᠦ ᠪᠠᠭᠤᠵᠤ ᠪᠣᠯᠬᠤ ᠬᠥᠳᠡᠯᠦᠩᠭᠦᠶ ᠳᠣᠭᠢᠷᠠᠭᠤᠯᠬᠤ ᠵᠣᠬᠢᠴᠠᠮᠵᠢ ᠵᠢ ᠬᠡᠷᠡᠭᠵᠢᠭᠦᠯᠦᠨ᠎ᠡ᠃ ᠲᠧᠯᠸᠢᠰ ᠵᠦᠴᠦᠭᠡ ᠵᠢᠨ ᠵᠣᠬᠢᠶᠠᠯ ᠪᠦᠲᠦᠭᠡᠯ᠎ᠢ ᠬᠥᠲᠥᠯᠥᠨ ᠵᠢᠯᠣᠭᠤᠳᠴᠤ ᠳᠡᠮᠵᠢᠬᠦ ᠪᠠ ᠰᠣᠳᠣᠨ ᠪᠦᠲᠦᠭᠡᠯ ᠵᠣᠬᠢᠶᠠᠨ ᠪᠦᠲᠦᠭᠡᠬᠦ ᠵᠢ ᠣᠷᠭ᠋ᠠᠨᠢᠭ ᠵᠶ᠋ᠠᠷ ᠵᠣᠯᠭ᠋ᠠᠭᠤᠯᠬᠤ ᠵᠢ ᠠᠬᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠦ ᠵᠢᠨ ᠬᠥᠲᠥᠯᠥᠨ ᠵᠢᠯᠣᠭᠤᠳᠴᠤ ᠨᠡᠪᠴᠢᠭᠦᠯᠬᠦ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ᠃

   ᠭᠤᠷᠪᠠ᠂ ᠲᠧᠯᠸᠢᠰ ᠵᠦᠴᠦᠭᠡ ᠵᠢᠨ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠪᠦᠲᠦᠭᠡᠨ ᠪᠠᠶ᠋ᠢᠭᠤᠯᠤᠨ᠎ᠠ

   ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠪᠠ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠲᠠᠰ ᠳᠡᠪᠰᠢᠭᠦᠯᠬᠦ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠭᠤᠴᠢᠯᠠᠭᠤᠷ᠎ᠤᠨ ᠠᠭᠤᠰᠤᠯᠴᠠᠯ᠎ᠤᠨ ᠭᠦᠨᠵᠡᠭᠡᠶ᠋ᠢᠷᠡᠨ ᠬᠥᠭᠵᠢᠬᠦ ᠬᠠᠨᠳᠤᠰᠢ᠎ᠳᠤ ᠵᠣᠬᠢᠴᠠᠭᠤᠯᠤᠨ᠂ ᠪᠤᠶ᠋ᠢᠵᠢᠭᠤᠯᠬᠤ ᠪᠠ ᠬᠢᠨᠠᠨ ᠬᠠᠮᠢᠶᠠᠷᠬᠤ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠲᠧᠯᠸᠢᠰ ᠵᠦᠴᠦᠭᠡ ᠵᠢᠨ ᠭᠠᠷᠤᠯᠲᠠ ᠵᠢ ᠲᠣᠭᠲᠠᠪᠤᠷᠢᠵᠢᠭᠤᠯᠤᠨ᠂ ᠬᠠᠩᠭ᠋ᠠᠯᠭ᠎ᠠ ᠵᠢᠨ ᠪᠦᠲᠦᠴᠡ ᠪᠠ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠵᠦ᠂ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ ᠥᠷᠭᠡᠳᠬᠡᠨ᠎ᠡ᠃ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠵᠤ᠂ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠰᠢᠯᠢᠳᠡᠭᠵᠢᠭᠦᠯᠦᠨ᠂ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠵᠦ᠂ ᠨᠢᠭᠡᠳᠦᠯᠲᠡᠶ ᠪᠥᠭᠡᠳ ᠨᠡᠭᠡᠭᠡᠯᠲᠡᠲᠡᠶ ᠪᠠᠢ᠌ᠯᠭ᠋ᠠᠨ᠂ ᠥᠷᠢᠰᠥᠯᠳᠦᠭᠡᠨ᠎ᠨᠢ ᠡᠮᠬᠢ ᠵᠢᠷᠤᠮ᠎ᠲᠠᠢ ᠣᠳᠣ ᠦᠶ᠎ᠡ ᠵᠢᠨ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠢ ᠪᠤᠶ ᠪᠣᠯᠭ᠋ᠠᠨ᠎ᠠ᠃

  (ᠨᠢᠭᠡ) ᠬᠦᠴᠦᠨ ᠵᠦᠢ᠍ᠯ᠎ᠤᠨ ᠡᠬᠢ ᠪᠠᠶᠠᠯᠢᠭ᠎ᠢ ᠲᠣᠬᠢᠷᠠᠭᠤᠯᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃  ᠵᠠᠬ᠎ᠠ ᠳᠡᠯᠭᠡᠬᠦᠷ᠎ᠤᠨ ᠡᠬᠢ ᠪᠠᠶᠠᠯᠢᠭ᠎ᠢ ᠲᠣᠬᠢᠷᠡᠭᠤᠯᠬᠤ ᠰᠢᠢ᠍ᠳᠪᠦᠷᠢᠯᠡᠬᠦ ᠴᠢᠨᠡᠷᠳᠡᠢ ᠦᠢ᠍ᠯᠡᠳᠣᠯ᠎ᠢ ᠬᠦᠢ᠍ᠴᠡᠳ ᠪᠠᠳᠡᠷᠡᠭᠤᠯᠵᠦ᠂ ᠵᠠᠰᠠᠭ᠎ᠤᠨ ᠣᠷᠳᠣᠨ᠎ᠤ ᠲᠣᠬᠢᠷᠡᠭᠤᠯᠥᠨ ᠬᠠᠮᠢᠶᠡᠷᠬᠤ ᠵᠢ ᠳᠡᠬᠦᠯᠳᠡᠷᠵᠢᠬᠦᠯᠥᠨ᠂ ᠴᠢᠳᠡᠪᠦᠷᠢᠳᠡᠨ᠂ ᠬᠡᠪᠯᠡᠯ᠎ᠤᠨ ᠡᠷᠬᠡ᠂ ᠮᠡᠷᠭᠡᠵᠢᠯ᠂ ᠬᠦᠷᠦᠩᠭᠡ ᠵᠡᠷᠭᠡ ᠬᠦᠴᠣᠨ ᠵᠦᠢ᠍ᠯ᠎ᠤᠨ ᠰᠢᠯᠵᠢᠬᠦᠯᠬᠦ ᠵᠠᠮ ᠮᠦᠷ᠎ᠢ ᠰᠢᠯᠥᠭᠤᠳᠬᠠᠵᠦ᠂ ᠴᠢᠨᠡᠷ ᠰᠠᠶ᠋ᠢᠳᠡᠢ ᠡᠬᠢ ᠪᠠᠶᠠᠯᠢᠭ᠎ᠢ ᠭᠤᠤᠯ ᠰᠡᠳᠣᠪᠳᠣ ᠲᠧᠯᠸᠢᠰ ᠵᠦᠴᠦᠭᠡ ᠪᠠ ᠭᠤᠤᠯ ᠣᠷᠣᠰᠬᠠᠯ᠎ᠤᠨ ᠰᠡᠳᠣᠪ᠎ᠤᠨ ᠠᠭᠤᠯᠭ᠎ᠠ ᠵᠢ ᠲᠣᠰᠬᠠᠬᠤ ᠲᠧᠯᠸᠢᠰ ᠵᠦᠴᠦᠭᠡ᠎ᠳᠤ ᠴᠣᠠᠠᠯᠠᠭᠤᠯᠬᠤ ᠵᠢ ᠠᠬᠢᠭᠤᠯᠥᠨ᠎ᠠ᠃ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ (ᠬᠦᠷᠢᠶᠡᠯᠡᠩ ᠲᠣᠭᠤᠷᠢᠭ)᠎ᠢ ᠵᠢᠷᠤᠮᠵᠢᠭᠤᠯᠤᠨ ᠬᠥᠭᠵᠢᠭᠦᠯᠵᠦ᠂ ᠰᠠᠭᠤᠷᠢᠨ ᠭᠠᠵᠠᠷ (ᠬᠦᠷᠢᠶᠡᠯᠡᠩ ᠲᠣᠭᠤᠷᠢᠭ)᠎ᠤᠨ ᠪᠦᠲᠦᠭᠡᠨ ᠪᠠᠶ᠋ᠢᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠦᠯᠦᠪᠵᠢᠭᠦᠯᠬᠦ ᠵᠢ ᠴᠢᠩᠭ᠋ᠠᠳᠬᠠᠨ᠂ ᠰᠠᠭᠤᠷᠢᠨ ᠭᠠᠵᠠᠷ (ᠬᠦᠷᠢᠶᠡᠯᠡᠩ ᠲᠣᠭᠤᠷᠢᠭ)᠎ᠤᠨ ᠬᠠᠮᠢᠶᠠᠷᠤᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠵᠦ᠂ ᠬᠠᠲᠠᠭᠤ ᠬᠡᠷᠡᠭᠰᠡᠯ᠎ᠤᠨ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠡᠭᠦᠳᠡᠷᠯᠡᠨ ᠦᠢ᠍ᠯᠡᠳᠬᠦ ᠦᠢ᠍ᠯᠡᠴᠢᠯᠡᠭᠡᠨ᠎ᠤ ᠲᠣᠭᠲᠠᠯᠴᠠᠭ᠎ᠠ ᠪᠣᠯᠤᠨ ᠠᠵᠤ ᠠᠬᠤᠶ᠋ᠢᠯᠠᠯ᠎ᠤᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠮᠡᠳᠡᠭᠡ ᠵᠠᠩᠭᠢ᠂ ᠮᠥᠩᠭᠦᠨ ᠭᠦᠢ᠍ᠯᠭᠡᠭᠡ᠂ ᠵᠢᠭᠤᠯᠴᠢᠯᠠᠯ ᠵᠡᠷᠭᠡ ᠠᠵᠤ ᠦᠢ᠍ᠯᠡᠰ᠎ᠲᠠᠢ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠤᠤᠷᠠᠳᠤ ᠤᠷᠤᠰᠬᠠᠯ᠎ᠤᠨ ᠴᠤᠭᠯᠠᠷᠠᠯ᠎ᠤᠨ ᠦᠢ᠍ᠯᠡᠳᠦᠯ᠎ᠢ ᠴᠢᠩᠭ᠋ᠠᠷᠠᠭᠤᠯᠵᠤ᠂ ᠬᠡᠪᠴᠢᠶᠡᠵᠢᠭᠰᠡᠨ ᠦᠢ᠍ᠯᠡᠳᠦᠯ᠎ᠢ ᠪᠠᠳᠠᠷᠠᠭᠤᠯᠵᠤ᠂ ᠬᠦᠴᠦᠨ ᠵᠦᠢ᠍ᠯ᠎ᠤᠨ ᠲᠤᠬᠢᠷᠠᠭᠤᠯᠭ᠎ᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠲᠧᠯᠸᠢᠰ ᠵᠦᠴᠦᠭᠡ ᠵᠢᠨ ᠲᠦᠷᠦᠯ᠎ᠤᠨ ᠦᠵᠡᠭᠦᠯᠭᠡ᠂ ᠶᠠᠷᠢᠶᠠᠨ᠎ᠤ ᠲᠠᠪᠴᠠᠩ᠎ᠢ ᠨᠠᠷᠢᠯᠢᠭ ᠡᠷᠬᠢᠯᠡᠵᠦ᠂ ᠰᠣᠯᠢᠯᠴᠠᠭ᠋ᠠᠨ᠎ᠤ ᠴᠢᠳᠠᠮᠵᠢ ᠵᠢ ᠭᠦᠢ᠍ᠴᠡᠳ ᠪᠠᠳᠠᠷᠠᠭᠤᠯᠤᠨ᠂ ᠡᠬᠢ ᠪᠠᠶᠠᠯᠢᠭ᠎ᠤᠨ ᠬᠦᠴᠦᠨ ᠵᠦᠢ᠍ᠯ᠎ᠤᠨ ᠰᠢᠯᠵᠢᠯᠲᠡ ᠵᠢ ᠠᠬᠢᠭᠤᠯᠵᠤ᠂ ᠠᠵᠤ ᠦᠢ᠍ᠯᠡᠰ᠎ᠤᠨ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ᠎ᠢ ᠳᠡᠭᠡᠭᠰᠢᠯᠡᠭᠦᠯᠦᠨ᠎ᠡ᠃

  (ᠬᠤᠶᠠᠷ) ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ᠃  ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠂ ᠪᠦᠲᠦᠭᠡᠯᠴᠢ ᠬᠦᠴᠦᠨ ᠪᠠ ᠥᠷᠢᠰᠦᠯᠳᠦᠬᠦ ᠬᠦᠴᠦᠨ᠎ᠢ ᠳᠡᠭᠡᠭᠰᠢᠯᠡᠭᠦᠯᠵᠦ᠂ ᠤᠯᠤᠰ᠎ᠤᠨ ᠥᠮᠴᠢᠯᠡᠯᠲᠦ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠠᠷᠠᠳ᠎ᠠᠴᠠ ᠡᠷᠬᠢᠯᠡᠭᠰᠡᠨ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠬᠠᠯᠠᠮᠵᠢᠯᠠᠨ ᠳᠡᠮᠵᠢᠵᠦ᠂ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠣᠤᠷᠠᠳᠤ ᠤᠷᠤᠰᠬᠠᠯ᠎ᠤᠨ ᠳᠤᠮᠳᠠ ᠵᠢᠵᠢᠭ ᠠᠵᠤ ᠠᠬᠤᠶ᠋ᠢᠯᠠᠯ᠎ᠢ ᠨᠠᠷᠢᠨ ᠨᠢᠮᠪᠠᠶ ᠪᠤᠶ᠋ᠢᠵᠢᠭᠤᠯᠤᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠤ 10 — 15 ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠴᠢᠳᠠᠪᠤᠷᠢ᠎ᠲᠠᠢ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠪᠣᠶ ᠪᠣᠯᠭ᠋ᠠᠨ᠎ᠠ᠃ ᠲᠧᠯᠸᠢᠰ ᠵᠠᠭᠤᠴᠢᠯᠠᠭᠤᠷ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠵᠢ ᠡᠵᠡᠮᠳᠡᠬᠦ ᠵᠢ ᠬᠥᠲᠥᠯᠦᠨ ᠵᠢᠯᠣᠭᠤᠳᠴᠤ ᠳᠡᠮᠵᠢᠵᠦ᠂ ᠰᠢᠨ᠎ᠡ᠎ᠪᠠᠷ ᠡᠭᠦᠳᠦᠨ ᠨᠡᠪᠲᠡᠷᠡᠭᠦᠯᠬᠦ ᠵᠠᠭᠪᠤᠷ᠎ᠢ ᠡᠭᠦᠳᠴᠦ᠂ ᠲᠧᠯᠸᠢᠰ ᠵᠦᠴᠦᠭᠡ ᠵᠢᠨ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠦᠨ᠎ᠡ᠃ ᠢᠨᠲᠸᠷᠨ᠋ᠸᠲ ᠰᠦᠯᠵᠢᠶ᠎ᠡ ᠵᠢᠨ ᠲᠠᠪᠴᠠᠩ᠎ᠢ ᠬᠥᠲᠥᠯᠦᠨ ᠵᠢᠯᠣᠭᠣᠳᠴᠤ ᠪᠠᠢ᠌ᠭ᠋ᠠᠳ ᠬᠡᠪᠴᠢᠶ᠎ᠡ᠂ ᠲᠣᠭ᠎ᠠ ᠪᠠᠷᠢᠮᠲᠠ᠂ ᠮᠡᠷᠭᠡᠵᠢᠯ ᠵᠡᠷᠭᠡ ᠳᠠᠪᠠᠭᠤᠯᠢᠭ ᠵᠶ᠋ᠠᠨ ᠪᠠᠳᠠᠷᠠᠭᠤᠯᠵᠤ᠂ ᠲᠧᠯᠸᠢᠰ ᠵᠦᠴᠦᠭᠡ ᠵᠢᠨ ᠡᠭᠦᠳᠦᠨ ᠪᠦᠲᠦᠭᠡᠬᠦ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠡᠮᠬᠢ ᠵᠢᠷᠤᠮ᠎ᠲᠠᠢ᠎ᠪᠠᠷ ᠣᠷᠣᠯᠴᠠᠭᠤᠯᠵᠤ᠂ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠴᠢᠭᠢᠷᠠᠭ᠎ᠢ ᠢᠳᠡᠪᠬᠢᠲᠡᠢ ᠠᠬᠢᠭᠤᠯᠤᠨ᠎ᠠ᠃

  (ᠭᠤᠷᠪᠠ) ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠵᠢᠷᠤᠮᠵᠢᠭᠤᠯᠤᠨ᠎ᠠ᠃  ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠡᠷᠬᠡ ᠲᠡᠭᠰᠢ ᠥᠷᠢᠰᠥᠯᠳᠦᠭᠡᠨ᠎ᠢ ᠠᠬᠢᠭᠤᠯᠵᠤ᠂ ᠮᠠᠭᠤ ᠥᠷᠢᠰᠥᠯᠳᠦᠭᠡᠨ᠂ ᠵᠦᠶ ᠪᠤᠰᠤ ᠥᠷᠢᠰᠥᠯᠳᠦᠭᠡᠨ ᠪᠠ ᠵᠠᠬ᠎ᠠ ᠳᠡᠯᠭᠡᠭᠦᠷ᠎ᠤᠨ ᠭᠠᠭᠴᠠᠭ᠋ᠠᠷ ᠡᠵᠡᠮᠰᠢᠬᠦ ᠠᠵᠢᠯᠯᠠᠭ᠎ᠠ ᠵᠢ ᠡᠷᠡᠰ ᠡᠰᠡᠷᠭᠦᠴᠡᠵᠦ᠂ ᠬᠥᠷᠥᠩᠭᠡ ᠵᠢᠨ ᠡᠮᠬᠢ ᠵᠢᠷᠤᠮ ᠥᠬᠡᠶ ᠥᠷᠭᠡᠳᠬᠦ ᠵᠢ ᠰᠡᠷᠭᠡᠶ᠋ᠢᠯᠡᠨ᠂ ᠬᠥᠷᠥᠩᠭᠡ ᠪᠠ ᠠᠵᠤ ᠦᠢ᠍ᠯᠡᠰ᠎ᠤᠨ ᠰᠠᠶ᠋ᠢᠨ ᠰᠠᠶ᠋ᠢᠬᠠᠨ ᠬᠤᠷᠰᠢᠯᠴᠠᠭ᠎ᠠ ᠵᠢ ᠵᠣᠷᠢᠭᠵᠢᠭᠤᠯᠵᠤ᠂ ᠬᠥᠷᠥᠩᠭᠡ ᠵᠢ ᠬᠥᠲᠥᠯᠥᠨ ᠵᠢᠯᠣᠭᠤᠳᠴᠤ ᠪᠠᠶ᠋ᠢᠭ᠋ᠠᠳ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠭᠦᠯᠦᠨ᠎ᠡ᠃ ᠲᠧᠯᠸᠢᠰ ᠵᠦᠴᠦᠭᠡ ᠵᠢᠨ ᠬᠦᠷᠢᠶᠡᠨ᠎ᠳᠠᠬᠢ ᠮᠡᠳᠡᠯᠭᠡ ᠵᠢᠨ ᠥᠮᠴᠢᠯᠡᠯ᠎ᠤᠨ ᠡᠷᠬᠡ ᠵᠢᠨ ᠪᠥᠬᠦ ᠬᠡᠯᠬᠢᠶ᠎ᠡ ᠵᠢᠨ ᠬᠠᠮᠠᠭ᠋ᠠᠯᠠᠯᠲᠠ ᠵᠢ ᠴᠢᠩᠭ᠋ᠠᠷᠠᠭᠤᠯᠵᠤ᠂ ᠪᠥᠬᠦ ᠠᠵᠢᠯ ᠲᠥᠷᠥᠯ᠎ᠤᠨ ᠮᠡᠳᠡᠯᠭᠡ ᠵᠢᠨ ᠥᠮᠴᠢᠯᠡᠯ᠎ᠤᠨ ᠡᠷᠬᠡ ᠵᠢ ᠬᠦᠨᠳᠦᠳᠬᠡᠬᠦ ᠪᠠ ᠬᠠᠮᠠᠭ᠋ᠠᠯᠠᠬᠤ ᠦᠵᠡᠯ ᠤᠬᠠᠮᠰᠠᠷ᠎ᠢ ᠴᠢᠩᠭ᠋ᠠᠳᠬᠠᠨ᠎ᠠ᠃ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠠᠵᠢᠯ ᠲᠥᠷᠥᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠢᠲᠡᠭᠡᠮᠵᠢ ᠵᠢᠨ ᠬᠤᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠣᠬᠢᠴᠠᠮᠵᠢ ᠵᠢ ᠬᠠᠤᠯᠢ ᠲᠣᠭᠲᠠᠭ᠋ᠠᠯ ᠶᠣᠰᠣᠭ᠋ᠠᠷ ᠪᠦᠷᠢᠨᠰᠢᠭᠦᠯᠦᠨ᠎ᠡ᠃ ᠲᠧᠯᠸᠢᠰ ᠵᠦᠴᠦᠭᠡ ᠦᠢ᠍ᠯᠡᠳᠬᠦ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠦᠢ᠍ᠯᠡᠳᠬᠦ ᠥᠪᠡᠷ᠎ᠤᠨ ᠥᠷᠲᠡᠭ᠎ᠤᠨ ᠪᠦᠲᠦᠴᠡ ᠵᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠶ ᠲᠣᠬᠢᠷᠠᠭᠤᠯᠤᠨ᠂ ᠥᠪᠡᠷ᠎ᠤᠨ ᠥᠷᠲᠡᠭ᠎ᠤᠨ ᠬᠠᠮᠢᠶᠠᠷᠤᠯᠲᠠ ᠪᠠ ᠣᠷᠣᠯᠭ᠎ᠠ᠎ᠳᠤ ᠲᠣᠭ᠋ᠠᠴᠠᠭ᠎ᠠ ᠬᠢᠬᠦ ᠵᠢ ᠴᠢᠩᠭ᠋ᠠᠳᠬᠠᠨ᠎ᠠ᠃ ᠲᠣᠭᠯᠠᠭᠴᠢᠳ᠎ᠤᠨ ᠬᠥᠯᠥᠰᠥ ᠣᠯᠭᠤᠮᠵᠢ ᠵᠢ ᠪᠠᠭᠲᠠᠭ᠋ᠠᠭᠰᠠᠨ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠵᠢᠷᠤᠮ᠎ᠢ ᠵᠢᠷᠤᠮᠵᠢᠭᠤᠯᠵᠤ᠂ ᠪᠠᠷᠢᠮᠵᠢᠶᠠᠵᠢᠭᠤᠯᠬᠤ᠂ ᠳᠦᠷᠢᠮᠵᠢᠭᠦᠯᠬᠦ᠂ ᠳᠦᠷᠢᠮᠲᠦ ᠨᠢᠭᠡᠳᠦᠯᠲᠡᠢ ᠬᠠᠷᠠᠮᠵᠢ ᠵᠡᠷᠭᠡ ᠬᠥᠳᠡᠯᠮᠦᠷᠢ ᠦᠢ᠍ᠯᠡᠴᠢᠯᠡᠭᠡᠨ᠎ᠤ ᠭᠡᠷ᠎ᠡ ᠵᠢ ᠳᠡᠯᠭᠡᠷᠡᠭᠦᠯᠦᠨ ᠬᠡᠷᠡᠭᠯᠡᠨ᠎ᠡ᠃ ᠳᠤᠮᠳᠠᠳᠤ ᠤᠯᠤᠰ᠎ᠤᠨ ᠦᠵᠡᠵᠦ ᠰᠣᠨᠣᠰᠬᠤ ᠲᠣᠮᠣ ᠲᠣᠭ᠎ᠠ ᠪᠠᠷᠢᠮᠲᠠ (CVB) ᠵᠢᠨ ᠬᠡᠷᠡᠭᠯᠡᠯᠲᠡ ᠳᠡᠯᠭᠡᠷᠡᠭᠦᠯᠦᠯᠲᠡ ᠵᠢ ᠴᠢᠩᠭ᠋ᠠᠳᠬᠠᠵᠤ᠂ ᠲᠧᠯᠸᠢᠰ ᠵᠦᠴᠦᠭᠡ ᠵᠢᠨ ᠬᠦᠯᠢᠶᠡᠨ ᠠᠪᠴᠤ ᠦᠵᠡᠬᠦ ᠲᠣᠭ᠎ᠠ ᠪᠠᠷᠢᠮᠲᠠ ᠵᠢᠨ ᠪᠠᠶ᠋ᠢᠴᠠᠭ᠋ᠠᠯᠲᠠ ᠪᠠ ᠨᠡᠶ᠋ᠢᠲᠡᠯᠡᠬᠦ ᠡᠮᠬᠢ ᠵᠢᠷᠤᠮ᠎ᠢ ᠵᠢᠷᠤᠮᠵᠢᠭᠤᠯᠤᠨ᠂ ᠲᠧᠯᠸᠢᠰ ᠵᠦᠴᠦᠭᠡ ᠵᠢᠨ ᠬᠦᠯᠢᠶᠡᠨ ᠠᠪᠴᠤ ᠦᠵᠡᠬᠦ ᠪᠠᠶ᠋ᠢᠴᠠᠭ᠋ᠠᠯᠲᠠ ᠵᠢᠨ ᠳᠣᠪᠣᠶ᠋ᠢᠮ᠎ᠠ ᠠᠰᠠᠭᠤᠳᠠᠯ᠎ᠢ ᠰᠢᠢ᠍ᠳᠪᠦᠷᠢᠯᠡᠵᠦ᠂ ᠲᠣᠭ᠎ᠠ ᠪᠠᠷᠢᠮᠲᠠ ᠵᠢ ᠪᠦᠷᠢᠳᠬᠡᠨ ᠪᠠᠶ᠋ᠢᠴᠠᠭ᠋ᠠᠵᠤ ᠵᠠᠳᠠᠯᠬᠤ ᠪᠠ ᠲᠧᠯᠸᠢᠰ ᠵᠦᠴᠦᠭᠡ ᠵᠢᠨ ᠶᠡᠷᠦᠩᠬᠡᠶ᠋ᠢᠯᠡᠨ ᠦᠨᠡᠯᠡᠬᠦ ᠵᠣᠬᠢᠴᠠᠮᠵᠢ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠤᠨ᠎ᠠ᠃

  (ᠲᠦᠷᠪᠡ) ᠵᠠᠬ᠎ᠠ ᠳᠡᠯᠭᠡᠭᠦᠷ᠎ᠤᠨ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠦᠨ᠎ᠡ᠃  ᠬᠡᠷᠡᠭ᠎ᠤᠨ ᠡᠮᠦᠨ᠎ᠡ ᠠᠵᠢᠯ ᠬᠡᠷᠡᠭ᠎ᠤᠨ ᠳᠤᠮᠳᠠ ᠪᠠ ᠠᠵᠢᠯ ᠬᠡᠷᠡᠭ᠎ᠤᠨ ᠳᠠᠷᠠᠭ᠋ᠠᠬᠢ ᠪᠥᠬᠦ ᠬᠡᠯᠬᠢᠶᠡᠨ᠎ᠤ ᠪᠥᠬᠦ ᠶᠠᠪᠤᠴᠠ ᠵᠢᠨ ᠬᠢᠨᠠᠨ ᠬᠠᠮᠢᠶᠠᠷᠬᠤ ᠵᠣᠬᠢᠴᠠᠮᠵᠢ ᠵᠢ ᠪᠦᠷᠢᠨᠰᠢᠬᠦᠯᠵᠦ᠂ ᠭᠠᠶ᠋ᠢᠯᠢ ᠬᠤᠯᠠᠭ᠋ᠠᠢ᠌ᠯᠠᠬᠤ ᠭᠠᠶ᠋ᠢᠯᠢ᠎ᠠᠴᠠ ᠵᠠᠶ᠋ᠢᠯᠬᠤ᠂ ᠢᠯᠡ ᠳᠠᠯᠳᠠ ᠭᠡᠷ᠎ᠡ᠂ 《ᠲᠩᠷᠢ ᠵᠢᠨ ᠦᠨ᠎ᠡ᠎ᠲᠠᠢ ᠬᠠᠷᠠᠮᠵᠢ》 ᠵᠡᠷᠭᠡ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠲᠣᠭᠯᠠᠭᠴᠢ ᠪᠠ ᠬᠤᠯᠪᠣᠭᠳᠠᠯ ᠪᠦᠬᠦᠢ ᠪᠠᠶ᠋ᠢᠭᠤᠯᠤᠮᠵᠢ ᠵᠢ ᠴᠢᠩᠭ᠎ᠠ ᠰᠢᠢ᠍ᠳᠪᠦᠷᠢᠯᠡᠵᠦ᠂ ᠬᠠᠤᠯᠢ ᠵᠢ ᠵᠥᠷᠢᠴᠡᠨ ᠮᠣᠷᠠᠯ ᠠᠯᠳᠠᠭᠰᠠᠨ ᠤᠷᠠᠯᠢᠬ᠍ᠴᠢᠳ᠎ᠤᠨ ᠲᠧᠯᠸᠢᠰ ᠵᠦᠴᠦᠭᠡ᠎ᠪᠠᠷ ᠳᠠᠮᠵᠢᠭᠤᠯᠤᠨ ᠦᠵᠡᠭᠳᠡᠯ᠎ᠳᠤ ᠭᠠᠷᠬᠤ ᠵᠢ ᠬᠣᠷᠢᠭᠯᠠᠨ᠎ᠠ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠵᠠᠭᠤᠴᠢᠯᠠᠭᠴᠢ᠂ ᠡᠵᠡᠩᠨᠡᠨ ᠵᠠᠭᠤᠴᠢᠯᠠᠬᠤ ᠺᠣᠮᠫᠠᠨᠢ ᠵᠡᠷᠭᠡ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠬᠠᠮᠢᠶᠠᠷᠤᠯᠲᠠ ᠵᠢ ᠵᠢᠷᠤᠮᠵᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠪᠣᠯᠤᠨ ᠵᠣᠬᠢᠴᠠᠮᠵᠢ ᠵᠢᠨ ᠰᠢᠨ᠎ᠡ ᠵᠢ ᠡᠭᠦᠳᠴᠦ᠂ ᠬᠢᠨᠠᠨ ᠬᠠᠮᠢᠶᠠᠷᠬᠤ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠵᠤ᠂ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠢ ᠰᠢᠯᠢᠳᠡᠭᠵᠢᠭᠦᠯᠦᠨ᠂ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠬᠠᠩᠭ᠋ᠠᠬᠤ ᠪᠠ ᠵᠣᠬᠢᠶᠠᠨ ᠪᠦᠲᠦᠭᠡᠵᠦ ᠡᠵᠡᠩᠨᠡᠬᠦ ᠠᠵᠢᠯᠯᠠᠭ᠎ᠠ ᠵᠢᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ᠎ᠳᠤ ᠠᠮᠠᠯᠳᠠᠬᠤ ᠠᠵᠢᠯ᠎ᠢ ᠥᠷᠨᠢᠭᠦᠯᠦᠨ᠎ᠡ᠃ ᠵᠠᠬ᠎ᠠ ᠳᠡᠯᠭᠡᠭᠦᠷ᠎ᠤᠨ ᠰᠣᠶᠣᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠠᠵᠤ ᠠᠬᠤᠶ᠋ᠢᠯᠠᠯᠲᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠵᠢ ᠠᠬᠢᠭᠤᠯᠵᠤ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠢᠳᠡᠪᠬᠢᠲᠡᠶ ᠭᠦᠢ᠍ᠴᠡᠳᠬᠡᠨ᠎ᠡ᠃

   ᠲᠤᠰᠬᠠᠢ ᠪᠣᠯᠤᠩ 2᠂ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ

   ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠄ ᠤᠯᠤᠰ᠎ᠤᠨ ᠥᠮᠴᠢᠯᠡᠯᠲᠦ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠤᠯᠤᠰ᠎ᠤᠨ ᠥᠮᠴᠢᠯᠡᠯᠲᠦ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠳᠡᠮᠵᠢᠵᠦ᠂ ᠭᠤᠣᠯ ᠠᠵᠢᠯ ᠵᠶ᠋ᠠᠨ ᠬᠦᠴᠦᠷᠬᠡᠭᠵᠢᠭᠦᠯᠦᠨ᠂ ᠰᠣᠳᠣᠨ ᠪᠦᠲᠦᠭᠡᠯ᠎ᠤᠨ ᠵᠣᠬᠢᠶᠠᠨ ᠪᠦᠲᠦᠭᠡᠯᠭᠡ᠂ ᠢᠯᠠᠩᠭᠤᠶ᠎ᠠ ᠭᠤᠣᠯ ᠰᠡᠳᠦᠪᠲᠦ ᠪᠦᠲᠦᠭᠡᠯ᠎ᠤᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠴᠢᠩᠭ᠋ᠠᠳᠬᠠᠵᠤ᠂ ᠨᠢᠭᠡ ᠪᠦᠯᠦᠭ ᠨᠡᠯᠢᠶᠡᠳ ᠴᠢᠩᠭ᠎ᠠ ᠰᠢᠨ᠎ᠡ ᠵᠢ ᠡᠭᠦᠳᠬᠦ ᠬᠥᠲᠥᠯᠥᠨ ᠳᠠᠭ᠋ᠠᠭᠤᠯᠬᠤ ᠬᠦᠴᠦᠨ᠂ ᠤᠯᠠᠨ ᠤᠯᠤᠰ᠎ᠤᠨ ᠥᠷᠢᠰᠦᠯᠳᠦᠬᠦ ᠬᠦᠴᠦᠨ᠎ᠲᠠᠢ ᠨᠢᠭᠡ ᠪᠦᠯᠦᠭ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠢ ᠪᠠᠳᠠᠷᠠᠭᠤᠯᠤᠭᠰᠠᠨ ᠤᠯᠤᠰ᠎ᠤᠨ ᠥᠮᠴᠢᠯᠡᠯᠲᠦ ᠪᠤᠶᠤ ᠤᠯᠤᠰ᠎ᠠᠴᠠ ᠬᠤᠪᠢ ᠡᠵᠡᠮᠳᠡᠭᠰᠡᠨ ᠭᠤᠣᠯ ᠪᠣᠯᠬᠤ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠪᠠᠶ᠋ᠢᠭᠤᠯᠤᠨ᠎ᠠ᠃

   ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠄ ᠠᠷᠠᠳ᠎ᠠᠴᠠ ᠡᠷᠬᠢᠯᠡᠭᠰᠡᠨ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠬᠠᠯᠠᠮᠵᠢᠯᠠᠨ ᠳᠡᠮᠵᠢᠵᠦ᠂ ᠠᠷᠠᠳ᠎ᠠᠴᠠ ᠡᠷᠬᠢᠯᠡᠭᠰᠡᠨ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠬᠥᠭᠵᠢᠯᠲᠡ᠎ᠳᠤ ᠰᠠᠶ᠋ᠢᠨ ᠰᠠᠶ᠋ᠢᠬᠠᠨ ᠨᠥᠬᠦᠴᠡᠯ ᠡᠭᠦᠳᠴᠦ ᠥᠭᠬᠦ ᠪᠠ ᠡᠷᠬᠡ ᠲᠡᠭᠰᠢ᠎ᠪᠠᠷ ᠥᠷᠢᠰᠦᠯᠳᠦᠬᠦ ᠲᠣᠬᠢᠶᠠᠯ ᠣᠯᠭᠤᠨ᠂ ᠠᠷᠠᠳ᠎ᠠᠴᠠ ᠡᠷᠬᠢᠯᠡᠭᠰᠡᠨ ᠲᠧᠯᠸᠢᠰ ᠵᠦᠴᠦᠭᠡ ᠵᠢᠨ ᠬᠠᠩᠭ᠋ᠠᠯᠭ᠎ᠠ ᠵᠢ ᠥᠷᠭᠡᠳᠬᠡᠬᠦ ᠪᠠ ᠭᠤᠣᠯ ᠰᠡᠳᠦᠪᠲᠦ ᠵᠣᠬᠢᠶᠠᠯ ᠪᠦᠲᠦᠭᠡᠯ᠎ᠢ ᠵᠣᠬᠢᠶᠠᠨ ᠪᠦᠲᠦᠭᠡᠬᠦ ᠳᠤᠮᠳᠠᠬᠢ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠴᠢᠬᠤᠯᠠ ᠦᠢ᠍ᠯᠡᠳᠦᠯ᠎ᠢ ᠪᠠᠳᠠᠷᠠᠭᠤᠯᠵᠤ᠂ ᠨᠢᠭᠡ ᠪᠦᠯᠦᠭ ᠰᠢᠯᠢᠳᠡᠭ ᠲᠧᠯᠸᠢᠰ ᠵᠦᠴᠦᠭᠡ ᠵᠢᠨ ᠬᠠᠩᠭ᠋ᠠᠯᠭ᠎ᠠ ᠵᠢ ᠥᠷᠭᠡᠳᠬᠡᠬᠦ ᠪᠠ ᠭᠤᠣᠯ ᠰᠡᠳᠦᠪᠲᠦ ᠪᠦᠲᠦᠭᠡᠯ᠎ᠢ ᠵᠣᠬᠢᠶᠠᠨ ᠪᠦᠲᠦᠭᠡᠬᠦ ᠳᠤᠮᠳᠠᠬᠢ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠪᠤᠶ᠋ᠢᠵᠢᠭᠤᠯᠤᠨ᠎ᠠ᠃

   ᠳᠤᠮᠳᠠ ᠪᠠᠭ᠎ᠠ ᠠᠵᠤ ᠠᠬᠤᠶ᠋ᠢᠯᠠᠯ᠄ ᠳᠤᠮᠳᠠ ᠪᠠᠭ᠎ᠠ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠢ ᠨᠠᠷᠢᠨ ᠨᠢᠮᠪᠠᠶ ᠪᠣᠶ᠋ᠢᠵᠢᠭᠤᠯᠵᠤ᠂ ᠲᠧᠯᠸᠢᠰ ᠵᠦᠴᠦᠭᠡ ᠵᠢᠨ ᠵᠠᠬ᠎ᠠ ᠳᠡᠯᠭᠡᠭᠦᠷ᠎ᠤᠨ ᠭᠤᠣᠯ ᠴᠣᠭᠴᠠ ᠪᠣᠯᠣᠨ ᠰᠢᠨ᠎ᠡ᠎ᠪᠠᠷ ᠨᠡᠮᠡᠭᠳᠡᠭᠰᠡᠨ ᠵᠠᠬ᠎ᠠ ᠳᠡᠯᠭᠡᠭᠦᠷ᠎ᠤᠨ ᠭᠤᠣᠯ ᠴᠣᠭᠴᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ᠂ ᠬᠥᠭᠵᠢᠯᠲᠡ ᠵᠢᠨ ᠬᠥᠳᠡᠯᠭᠡᠭᠦ ᠬᠦᠴᠦᠨ᠎ᠢ ᠬᠤᠷᠠᠮᠳᠤᠭᠤᠯᠤᠨ᠎ᠠ᠃ ᠲᠧᠯᠸᠢᠰ ᠵᠦᠴᠦᠭᠡ ᠵᠢᠨ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠤᠷᠢᠨ᠎ᠳᠤ ᠲᠤᠰᠬᠠᠶ᠂ ᠨᠠᠷᠢᠯᠢᠭ᠂ ᠣᠨᠴᠠᠭ᠋ᠠᠢ᠂ ᠰᠢᠨ᠎ᠡ ᠳᠤᠮᠳᠠ ᠵᠢᠵᠢᠭ ᠠᠵᠤ ᠠᠬᠤᠶ᠋ᠢᠯᠠᠯ᠎ᠢ ᠬᠥᠭᠵᠢᠭᠦᠯᠬᠦ ᠵᠢ ᠵᠣᠷᠢᠭᠵᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠬᠢᠭᠡᠳ ᠰᠢᠨ᠎ᠡ ᠵᠢ ᠡᠭᠦᠳᠬᠦ ᠬᠡᠯᠬᠢᠶ᠎ᠡ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠲᠧᠯᠸᠢᠰ ᠵᠦᠴᠦᠭᠡ ᠦᠢ᠍ᠯᠡᠳᠬᠦ ᠡᠵᠡᠩᠨᠡᠯᠲᠡ ᠵᠢᠨ ᠨᠠᠷᠢᠨ ᠬᠦᠷᠢᠶ᠎ᠡ ᠴᠠᠷᠠᠭ᠎ᠠ ᠬᠤᠪᠢᠶᠠᠨ ᠲᠤᠰᠬᠠᠶ᠋ᠢᠵᠢᠭᠤᠯᠬᠤ᠂ ᠣᠳᠣᠬᠢᠴᠢᠯᠠᠬᠤ᠂ ᠵᠠᠬ᠎ᠠ ᠳᠡᠯᠭᠡᠭᠦᠷᠴᠢᠯᠡᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃

    ᠬᠠᠷᠠᠮᠵᠢ ᠣᠯᠭᠣᠬᠤ ᠬᠠᠮᠢᠶᠠᠷᠤᠯᠲᠠ ᠵᠢ ᠴᠢᠩᠭ᠋ᠠᠳᠬᠠᠨ᠎ᠠ᠄ 《ᠲᠩᠷᠢ ᠵᠢᠨ ᠦᠨ᠎ᠡ᠎ᠲᠠᠢ ᠬᠠᠷᠠᠮᠵᠢ》 ᠵᠢ ᠡᠷᠡᠰ ᠡᠰᠡᠷᠭᠦᠴᠡᠵᠦ᠂ ᠲᠧᠯᠸᠢᠰ ᠵᠦᠴᠦᠭᠡ ᠵᠢᠨ ᠪᠦᠬᠦ ᠲᠣᠭᠯᠠᠭᠴᠢᠳ᠎ᠤᠨ ᠶᠡᠷᠦᠩᠬᠡᠶ ᠬᠠᠷᠠᠮᠵᠢ᠎ᠨᠢ ᠦᠢ᠍ᠯᠡᠳᠬᠦ ᠵᠢᠨ ᠶᠡᠷᠦᠩᠬᠡᠶ ᠥᠪᠡᠷ᠎ᠤᠨ ᠥᠷᠲᠡᠭ᠎ᠤᠨ 40%᠎ᠠᠴᠠ ᠬᠡᠲᠦᠷᠡᠵᠦ ᠪᠣᠯᠬᠤ ᠦᠭᠡᠶ᠂ ᠭᠣᠤᠯ ᠲᠣᠭᠯᠠᠭᠴᠢᠳ᠎ᠤᠨ ᠬᠠᠷᠠᠮᠵᠢ᠎ᠨᠢ ᠲᠣᠭᠯᠠᠭᠴᠢᠳ᠎ᠤᠨ ᠶᠡᠷᠦᠩᠬᠡᠶ ᠬᠠᠷᠠᠮᠵᠢ ᠵᠢᠨ 70%᠎ᠠᠴᠠ ᠬᠡᠲᠦᠷᠡᠵᠦ ᠪᠣᠯᠬᠤ ᠦᠭᠡᠶ᠂ ᠬᠠᠷᠠᠮᠵᠢ ᠣᠯᠭᠣᠬᠤ ᠭᠡᠷ᠎ᠡ ᠵᠢᠨ ᠳᠠᠩᠰᠠᠯᠠᠭᠤᠯᠬᠤ ᠪᠠ ᠬᠢᠨᠠᠨ ᠪᠠᠶ᠋ᠢᠴᠠᠭ᠋ᠠᠬᠤ ᠵᠢ ᠴᠢᠩᠭ᠋ᠠᠳᠬᠠᠨ᠎ᠠ᠃ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ᠎ᠠᠴᠠ ᠪᠠᠷᠢᠮᠵᠢᠶᠠᠵᠢᠭᠤᠯᠤᠭᠰᠠᠨ᠂ ᠵᠢᠷᠤᠮᠵᠢᠭᠤᠯᠤᠭᠰᠠᠨ᠂ ᠦᠢ᠍ᠯᠡᠳᠦᠭᠰᠡᠨ ᠨᠢᠭᠡᠳᠦᠯᠲᠡᠶ ᠬᠠᠷᠠᠮᠵᠢ ᠣᠯᠭᠤᠬᠤ ᠭᠡᠷ᠎ᠡ ᠵᠢᠨ ᠵᠢᠱ᠌ᠢᠶ᠎ᠡ ᠦᠵᠡᠭᠦᠯᠬᠦ ᠲᠣᠪᠬᠢᠮᠠᠯ᠎ᠢ ᠲᠣᠭᠲᠠᠭ᠋ᠠᠵᠤ᠂ ᠲᠧᠯᠸᠢᠰ ᠵᠦᠴᠦᠭᠡ ᠵᠢᠨ ᠠᠵᠢᠯ ᠲᠥᠷᠥᠯ᠎ᠳᠤ ᠳᠡᠯᠭᠡᠷᠡᠭᠦᠯᠦᠨ ᠬᠡᠷᠡᠭᠯᠡᠨ᠎ᠡ᠃

   ᠲᠧᠯᠸᠢᠰ ᠵᠦᠴᠦᠭᠡ ᠵᠢᠨ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠮᠡᠳᠡᠭᠳᠡᠬᠦ ᠠᠮᠠᠯᠠᠯᠲᠠ ᠵᠢᠨ ᠳᠦᠷᠢᠮ᠄ ᠲᠧᠯᠸᠢᠰ ᠵᠦᠴᠦᠭᠡ ᠰᠡᠭᠦᠳᠡᠷᠯᠡᠵᠦ ᠦᠢ᠍ᠯᠡᠳᠴᠦ ᠳᠠᠩᠰᠠᠯᠠᠭᠤᠯᠬᠤ ᠵᠢ ᠨᠡᠶ᠋ᠢᠲᠡᠯᠡᠭᠰᠡᠨ᠎ᠤ ᠳᠠᠷᠠᠭ᠎ᠠ ᠪᠠ ᠡᠬᠢᠯᠡᠨ ᠰᠡᠭᠦᠳᠡᠷᠯᠡᠬᠦ᠎ᠠᠴᠠ ᠡᠮᠦᠨ᠎ᠡ ᠬᠤᠶᠠᠷ ᠱᠠᠲᠤ ᠦᠶ᠎ᠡ᠎ᠳᠤ ᠲᠤᠰ ᠲᠤᠰ ᠨᠢᠭᠡ ᠤᠳᠠᠭ᠎ᠠ ᠠᠮᠠᠯᠠᠯᠲᠠ ᠵᠢᠨ ᠠᠵᠢᠯ᠎ᠢ ᠥᠷᠨᠢᠭᠦᠯᠵᠦ᠂ ᠷᠠᠳᠢᠣ᠋ ᠲᠧᠯᠸᠢᠰ᠎ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠠᠭᠤᠯᠭ᠎ᠠ ᠵᠢᠨ ᠬᠠᠮᠢᠶᠠᠷᠤᠯᠲᠠ᠂ ᠲᠣᠭᠯᠠᠭᠴᠢᠳ᠎ᠤᠨ ᠬᠠᠮᠢᠶᠠᠷᠤᠯᠲᠠ᠂ ᠬᠠᠷᠠᠮᠵᠢ ᠵᠢᠨ ᠬᠠᠮᠢᠶᠠᠷᠤᠯᠲᠠ ᠵᠡᠷᠭᠡ ᠲᠣᠭᠲᠠᠭ᠋ᠠᠯ᠎ᠢ ᠦᠢ᠍ᠯᠡᠳᠬᠦ ᠪᠠᠶ᠋ᠢᠭᠤᠯᠤᠮᠵᠢ᠎ᠳᠤ ᠮᠡᠳᠡᠭᠳᠡᠵᠦ᠂ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠠᠮᠠᠯᠠᠯᠲᠠ ᠵᠢ ᠬᠢᠨ᠎ᠡ᠃

   ᠲᠧᠯᠸᠢᠰ ᠵᠦᠴᠦᠭᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠄ ᠲᠧᠯᠸᠢᠰ ᠵᠦᠴᠦᠭᠡ ᠵᠢ ᠳᠠᠩᠰᠠᠯᠠᠭᠤᠯᠬᠤ ᠵᠢ ᠨᠡᠶ᠋ᠢᠲᠡᠯᠡᠬᠦ᠂ ᠰᠡᠭᠦᠳᠡᠷᠯᠡᠨ ᠦᠢ᠍ᠯᠡᠳᠬᠦ᠂ ᠠᠭᠤᠯᠭ᠎ᠠ ᠵᠢ ᠬᠢᠨᠠᠨ ᠪᠠᠶ᠋ᠢᠴᠠᠭ᠋ᠠᠬᠤ᠂ ᠲᠠᠷᠬᠠᠭ᠋ᠠᠨ ᠨᠡᠪᠲᠡᠷᠡᠭᠦᠯᠬᠦ ᠵᠡᠷᠭᠡ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠦᠬᠦ ᠶᠠᠪᠤᠴᠠ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠠᠯᠠᠯᠲᠠ᠎ᠪᠠᠨ ᠮᠡᠳᠡᠭᠳᠡᠬᠦ᠂ ᠥᠪᠡᠷ᠎ᠤᠨ ᠥᠷᠲᠡᠭ᠎ᠤᠨ ᠲᠥᠰᠦᠪ᠎ᠤᠨ ᠭᠦᠢ᠍ᠴᠡᠳᠬᠡᠯ᠎ᠢ ᠲᠣᠬᠢᠷᠠᠭᠤᠯᠬᠤ ᠬᠠᠷᠢᠴᠠᠯ᠎ᠤᠨ ᠪᠠᠶ᠋ᠢᠳᠠᠯ᠎ᠤᠨ ᠮᠡᠳᠡᠭᠦᠯᠦᠯᠲᠡ᠂ ᠲᠣᠭᠯᠠᠭᠴᠢᠳ᠎ᠤᠨ ᠬᠠᠷᠠᠮᠵᠢ ᠵᠢᠨ ᠭᠡᠷ᠎ᠡ ᠵᠢ ᠲᠤᠰᠢᠶᠠᠵᠤ ᠳᠠᠩᠰᠠᠯᠠᠭᠤᠯᠬᠤ ᠵᠡᠷᠭᠡ ᠴᠢᠳᠠᠮᠵᠢ ᠵᠢ ᠲᠥᠪᠯᠡᠷᠡᠭᠦᠯᠦᠨ ᠮᠡᠳᠡᠭᠳᠡᠵᠦ᠂ ᠮᠡᠳᠡᠭᠡ ᠵᠠᠩᠭᠢ ᠵᠢᠨ ᠮᠡᠷᠭᠡᠵᠢᠯ᠎ᠢ ᠬᠡᠷᠡᠭᠯᠡᠨ ᠡᠳᠦᠷ ᠲᠤᠲᠤᠮ᠎ᠤᠨ ᠬᠢᠨᠠᠨ ᠬᠠᠮᠢᠶᠠᠷᠴᠤ ᠬᠢᠨᠠᠨ ᠡᠵᠡᠮᠳᠡᠬᠦ ᠵᠢ ᠴᠢᠩᠭ᠋ᠠᠳᠬᠠᠨ᠎ᠠ᠃

   ᠳᠥᠷᠪᠡ᠂ ᠣᠯᠠᠨ ᠤᠯᠤᠰ᠎ᠤᠨ ᠳᠠᠮᠵᠢᠭᠤᠯᠭ᠎ᠠ ᠬᠢᠭᠡᠳ ᠣᠯᠠᠨ ᠤᠯᠤᠰ᠎ᠤᠨ ᠬᠠᠮᠲᠤᠷᠠᠯᠴᠠᠭ᠎ᠠ ᠵᠢᠨ ᠰᠢᠨ᠎ᠡ ᠵᠢ ᠡᠭᠦᠳᠦᠨ ᠠᠬᠢᠭᠤᠯᠤᠨ᠎ᠠ

   ᠪᠦᠬᠦ ᠪᠥᠮᠪᠥᠷᠴᠡᠭ᠎ᠤᠨ ᠬᠠᠷᠠᠭ᠋ᠠᠰᠤ᠎ᠠᠴᠠ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠲᠧᠯᠸᠢᠰ ᠵᠦᠴᠦᠭᠡ ᠵᠢᠨ ᠤᠯᠠᠨ ᠤᠯᠤᠰ᠎ᠤᠨ ᠳᠠᠮᠵᠢᠭᠤᠯᠭ᠎ᠠ ᠪᠠ ᠤᠯᠠᠨ ᠤᠯᠤᠰ᠎ᠤᠨ ᠬᠠᠮᠲᠤᠷᠠᠯᠴᠠᠭ᠎ᠠ ᠵᠢᠨ ᠰᠢᠨ᠎ᠡ ᠵᠢ ᠡᠭᠦᠳᠬᠦ ᠬᠥᠭᠵᠢᠯᠲᠡ ᠵᠢ ᠠᠬᠢᠭᠤᠯᠵᠤ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠳᠡᠯᠡᠬᠡᠢ ᠳ᠋ᠠᠬᠢᠨ᠎ᠳᠤ ᠤᠷᠤᠭᠰᠢᠯᠠᠬᠤ ᠵᠢ ᠲᠦᠷᠭᠡᠳᠬᠡᠨ ᠠᠬᠢᠭᠤᠯᠵᠤ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠤᠯᠠᠨ ᠤᠯᠤᠰ᠎ᠤᠨ ᠳᠠᠮᠵᠢᠭᠤᠯᠭ᠎ᠠ ᠵᠢᠨ ᠬᠦᠴᠦᠨ ᠪᠠ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂ ᠰᠣᠶᠣᠯ ᠢᠷᠭᠡᠨᠰᠢᠯ᠎ᠤᠨ ᠰᠣᠯᠢᠯᠴᠠᠭ᠎ᠠ ᠪᠠ ᠠᠷᠠᠳ᠎ᠤᠨ ᠰᠡᠳᠬᠢᠯ᠎ᠤᠨ ᠨᠡᠪᠲᠡᠷᠡᠯᠴᠡᠭᠡ ᠵᠢ ᠠᠬᠢᠭᠤᠯᠬᠤ ᠳᠤᠮᠳᠠ ᠢᠳᠡᠪᠬᠢᠲᠡᠢ ᠦᠢ᠍ᠯᠡᠳᠦᠯ ᠦᠵᠡᠭᠦᠯᠦᠨ᠎ᠡ᠃

  (ᠨᠢᠭᠡ) ᠳᠤᠮᠳᠠᠳᠤ ᠤᠯᠤᠰ᠎ᠤᠨ ᠦᠯᠢᠭᠡᠷ᠎ᠢ ᠲᠧᠯᠸᠢᠰ ᠵᠦᠴᠦᠭᠡ᠎ᠪᠠᠷ ᠳᠠᠮᠵᠢᠭᠤᠯᠵᠤ ᠰᠠᠢ᠌ᠲᠤᠷ ᠶᠠᠷᠢᠨ᠎ᠠ᠃  ᠳᠤᠮᠳᠠᠳᠤ ᠭᠠᠳᠠᠭ᠋ᠠᠳᠤ ᠵᠢ ᠨᠡᠪᠲᠡᠷᠡᠭᠦᠯᠦᠭᠰᠡᠨ ᠬᠦᠦᠷᠨᠢᠯ᠎ᠤᠨ ᠬᠡᠪ ᠵᠠᠭᠪᠤᠷ᠎ᠢ ᠬᠠᠶ᠋ᠢᠨ ᠰᠦᠪᠡᠭᠴᠢᠯᠡᠵᠦ᠂ ᠵᠢᠵᠢᠭ ᠵᠦᠢ᠍ᠯ ᠵᠶ᠋ᠡᠷ ᠶᠡᠬᠡ ᠭᠣᠣᠯ ᠰᠡᠳᠦᠪ᠎ᠢ ᠲᠤᠰᠬᠠᠵᠤ᠂ ᠵᠢᠵᠢᠭ ᠳᠦᠷᠢ᠎ᠪᠠᠷ ᠶᠡᠬᠡ ᠴᠠᠭ ᠦᠶ᠎ᠡ ᠵᠢ ᠲᠤᠰᠬᠠᠵᠤ᠂ ᠵᠢᠵᠢᠭ ᠦᠯᠢᠭᠡᠷ ᠵᠶ᠋ᠡᠷ ᠶᠡᠭᠡ ᠶᠣᠰᠣ ᠤᠴᠢᠷ᠎ᠢ ᠲᠤᠰᠬᠠᠬᠤ᠎ᠳᠤ᠎ᠪᠠᠨ ᠴᠢᠳᠠᠮᠠᠭ᠋ᠠᠶ ᠪᠠᠶ᠋ᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠷᠥ ᠵᠢ ᠵᠠᠰᠠᠵᠤ ᠵᠠᠰᠠᠭ ᠡᠷᠭᠢᠯᠡᠭᠰᠡᠨ ᠥᠯᠢᠭᠡᠷ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠥᠯᠢᠭᠡᠷ᠂ ᠳᠤᠮᠳᠠᠳᠤ ᠤᠯᠤᠰ᠎ᠤᠨ ᠠᠷᠠᠳ ᠲᠦᠮᠡᠨ᠎ᠤ ᠲᠡᠮᠡᠴᠡᠵᠦ ᠵᠡᠭᠦᠳᠦ᠎ᠪᠠᠨ ᠲᠡᠷᠭᠡᠯᠰᠢᠭᠦᠯᠦᠭᠰᠡᠨ ᠥᠯᠢᠭᠡᠷ᠂ ᠳᠤᠮᠳᠠᠳᠤ ᠤᠯᠤᠰ᠎ᠤᠨ ᠡᠩᠬᠡ ᠲᠠᠶ᠋ᠢᠪᠤᠩ ᠬᠥᠭᠵᠢᠯᠲᠡ ᠵᠢ ᠪᠠᠷᠢᠮᠲᠠᠯᠠᠵᠤ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ ᠭᠥᠷᠳᠡᠭᠰᠡᠨ ᠥᠯᠢᠭᠡᠷ᠎ᠢ ᠲᠧᠯᠸᠢᠰ ᠵᠦᠴᠦᠭᠡ᠎ᠪᠠᠷ ᠰᠠᠶ᠋ᠢᠲᠤᠷ ᠶᠠᠷᠢᠵᠤ᠂ ᠬᠠᠷᠠᠴᠠ᠎ᠪᠠᠨ ᠳᠡᠯᠡᠬᠡᠢ ᠳ᠋ᠠᠬᠢᠨ᠎ᠳᠤ ᠬᠠᠨᠳᠤᠭᠤᠯᠵᠤ᠂ ᠬᠥᠮᠦᠨ ᠲᠥᠷᠥᠯᠬᠢᠲᠡᠨ᠎ᠳᠤ ᠬᠠᠨᠳᠤᠭᠤᠯᠵᠤ᠂ ᠳᠤᠮᠳᠠᠳᠤ ᠤᠯᠤᠰ᠎ᠤᠨ ᠭᠤᠸ᠎ᠠ ᠰᠠᠶ᠋ᠢᠬᠠᠨ᠎ᠤ ᠵᠣᠷᠢᠯᠲᠠ ᠳᠤᠷ᠎ᠠ ᠰᠣᠨᠢᠷᠬᠠᠯ᠎ᠢ ᠢᠯᠡᠷᠡᠭᠦᠯᠦᠭᠰᠡᠨ᠂ ᠤᠳᠤ ᠦᠶ᠎ᠡ ᠵᠢᠨ ᠳᠤᠮᠳᠠᠳᠤ ᠤᠯᠤᠰ᠎ᠤᠨ ᠦᠷᠳᠡᠭ᠎ᠤᠨ ᠦᠵᠡᠯᠲᠡ ᠵᠢ ᠳᠠᠮᠵᠢᠭᠤᠯᠤᠭᠰᠠᠨ᠂ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠦᠷᠳᠡᠭ᠎ᠤᠨ ᠬᠥᠭᠡᠭᠡᠴᠡᠯᠳᠦᠯ᠎ᠢ ᠲᠤᠰᠬᠠᠭᠰᠠᠨ ᠨᠡᠩ ᠤᠯᠠᠨ ᠰᠢᠯᠢᠳᠡᠭ ᠪᠦᠲᠦᠭᠡᠯ᠎ᠢ ᠵᠣᠬᠢᠶᠠᠨ ᠪᠦᠲᠦᠭᠡᠵᠦ᠂ ᠳᠡᠯᠡᠬᠡᠢ ᠳ᠋ᠠᠬᠢᠨ᠎ᠳᠤ ᠢᠲᠡᠭᠡᠯᠲᠡᠢ᠂ ᠬᠠᠶ᠋ᠢᠷᠠᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ᠎ᠤᠨ ᠲᠦᠷᠢ ᠲᠥᠷᠬᠦ ᠵᠢ ᠢᠯᠡᠷᠡᠭᠦᠯᠦᠨ᠎ᠡ᠃

  (ᠬᠤᠶᠠᠷ) ᠲᠧᠯᠸᠢᠰ ᠵᠦᠴᠦᠭᠡ ᠵᠢᠨ ᠭᠠᠳᠠᠭ᠋ᠠᠳᠤ ᠵᠢᠨ ᠵᠠᠬ᠎ᠠ ᠳᠡᠯᠭᠡᠭᠦᠷ᠎ᠢ ᠢᠳᠡᠪᠬᠢᠲᠡᠶ᠎ᠪᠠᠷ ᠥᠷᠭᠡᠳᠭᠡᠨ᠎ᠡ᠃  ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠭᠠᠳᠠᠭ᠋ᠠᠳᠤ ᠵᠢᠨ ᠵᠠᠬ᠎ᠠ ᠳᠡᠯᠭᠡᠭᠦᠷ ᠵᠶ᠋ᠠᠨ ᠥᠷᠭᠡᠳᠬᠡᠬᠦ ᠵᠢ ᠲᠡᠮᠵᠢᠵᠦ᠂ ᠠᠵᠤ ᠦᠢ᠍ᠯᠡᠰ᠎ᠤᠨ ᠡᠮᠦᠨ᠎ᠡ ᠵᠠᠬ᠎ᠠ ᠵᠢ ᠬᠠᠷᠠᠭ᠋ᠠᠯᠠᠨ᠂ ᠪᠡᠶ᠎ᠡ᠎ᠪᠠᠨ ᠳᠠᠭ᠋ᠠᠭ᠋ᠠᠭᠰᠠᠨ ᠮᠡᠳᠡᠯᠭᠡ ᠵᠢᠨ ᠥᠮᠴᠢᠯᠡᠯ᠎ᠤᠨ ᠡᠷᠬᠡ᠎ᠲᠠᠢ ᠲᠧᠯᠸᠢᠰ ᠵᠦᠴᠦᠭᠡ ᠵᠢᠨ ᠮᠡᠷᠭᠡᠵᠢᠯ᠎ᠤᠨ ᠰᠢᠨ᠎ᠡ ᠵᠢ ᠡᠭᠦᠳᠴᠦ ᠰᠤᠳᠤᠯᠤᠨ ᠨᠡᠭᠡᠭᠡᠬᠦ ᠪᠠ ᠬᠡᠷᠡᠭᠯᠡᠵᠦ ᠳᠡᠯᠭᠡᠷᠡᠭᠦᠯᠬᠦ ᠵᠢ ᠴᠢᠩᠭ᠋ᠠᠳᠬᠠᠵᠤ᠂ ᠳᠤᠮᠳᠠᠳᠤ ᠭᠠᠳᠠᠭ᠋ᠠᠳᠤ ᠵᠢᠨ ᠲᠧᠯᠸᠢᠰ ᠵᠦᠴᠦᠭᠡ ᠵᠢᠨ ᠬᠠᠮᠲᠤᠷᠠᠯᠴᠠᠭ᠎ᠠ ᠬᠢᠵᠦ ᠰᠡᠭᠦᠳᠡᠷᠯᠡᠬᠦ ᠵᠢ ᠵᠣᠷᠢᠭᠵᠢᠭᠤᠯᠤᠨ᠎ᠠ᠃ ᠭᠠᠳᠠᠭ᠋ᠠᠳᠤ᠎ᠳᠤ ᠭᠠᠷᠭ᠋ᠠᠬᠤ ᠵᠢ ᠤᠷᠮᠠᠰᠢᠭᠤᠯᠬᠤ ᠵᠣᠬᠢᠴᠠᠮᠵᠢ ᠵᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠣᠯᠠᠨ ᠤᠯᠤᠰ᠎ᠤᠨ ᠡᠵᠡᠩᠨᠡᠨ ᠪᠣᠷᠣᠯᠠᠭᠤᠯᠬᠤ ᠠᠷᠭ᠎ᠠ ᠵᠠᠮ᠂ ᠵᠢᠭᠰᠠᠭ᠋ᠠᠯ᠎ᠤᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠬᠡᠯᠪᠡᠷᠢ ᠮᠠᠶᠢᠭ᠂ ᠠᠴᠢᠶᠠᠯᠠᠪᠤᠷᠢ ᠵᠢ ᠢᠳᠡᠪᠬᠢᠲᠡᠶ᠎ᠪᠠᠷ ᠰᠢᠨ᠎ᠡ᠎ᠪᠠᠷ ᠡᠭᠦᠳᠴᠦ᠂ ᠲᠧᠯᠸᠢᠰ ᠵᠦᠴᠦᠭᠡ ᠵᠢᠨ ᠭᠠᠳᠠᠭ᠋ᠠᠳᠤ᠎ᠳᠤ ᠡᠵᠡᠩᠨᠡᠨ ᠪᠣᠷᠣᠯᠠᠭᠤᠯᠵᠤ ᠲᠠᠷᠬᠠᠭ᠋ᠠᠬᠤ ᠲᠣᠭᠲᠠᠯᠴᠠᠭ᠎ᠠ ᠵᠢ ᠲᠠᠰᠤᠷᠠᠯᠲᠠ ᠤᠢ᠍ᠭᠡᠢ ᠳᠡᠰ ᠳᠡᠪᠰᠢᠭᠦᠯᠦᠨ ᠥᠷᠭᠡᠳᠬᠡᠨ᠎ᠡ᠃

  (ᠭᠤᠷᠪᠠ) ᠤᠯᠠᠨ ᠤᠯᠤᠰ᠎ᠤᠨ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠤᠯᠠᠨ ᠠᠷᠭ᠎ᠠ ᠵᠠᠮ ᠤᠯᠠᠨ ᠲᠡᠰ ᠳᠠᠪᠬᠤᠷᠭ᠎ᠠ᠎ᠪᠠᠷ 《ᠭᠠᠳᠠᠭᠰᠢ ᠭᠠᠷᠬᠤ》 ᠵᠢ ᠠᠬᠢᠭᠤᠯᠤᠨ᠎ᠠ᠃  ᠲᠧᠯᠸᠢᠰ ᠵᠠᠭᠤᠴᠢᠯᠠᠭᠤᠷ᠎ᠤᠨ ᠭᠠᠳᠠᠭ᠋ᠠᠳᠤ ᠵᠢᠨ ᠰᠤᠪᠠᠭ᠂ ᠬᠤᠳᠠᠯᠳᠤᠭ᠋ᠠᠨ᠎ᠤ ᠰᠢᠨ᠎ᠡ ᠵᠠᠭᠤᠴᠢᠯᠠᠭᠤᠷ᠎ᠤᠨ ᠭᠠᠳᠠᠭ᠋ᠠᠳᠤ ᠵᠢᠨ ᠲᠠᠪᠴᠠᠩ ᠪᠠ ᠭᠠᠳᠠᠭ᠋ᠠᠳᠤ ᠵᠢᠨ ᠭᠤᠤᠯ ᠵᠠᠭᠤᠴᠢᠯᠠᠭᠤᠷ᠎ᠤᠨ ᠦᠢ᠍ᠯᠡᠳᠦᠯ᠎ᠢ ᠨᠢᠭᠡᠳᠦᠯᠲᠡᠶ ᠲᠥᠯᠥᠪᠵᠢᠭᠦᠯᠦᠨ ᠪᠠᠳᠠᠷᠠᠭᠤᠯᠵᠤ᠂ ᠰᠧᠴᠤᠸᠠᠨ᠎ᠤ ᠲᠧᠯᠸᠢᠰ᠎ᠤᠨ ᠨᠠᠶ᠋ᠢᠷ᠎ᠤᠨ 《ᠠᠯᠲᠠᠨ ᠮᠠᠯᠤᠷ ᠥᠳᠡᠭᠡ ᠵᠢᠨ ᠱᠠᠩᠨᠠᠯ》 ᠵᠢᠴᠢ 《ᠳᠤᠮᠳᠠᠳᠤ ᠤᠯᠤᠰ᠎ᠢ ᠦᠵᠡᠵᠦ ᠰᠣᠨᠣᠰᠬᠤ》 ᠨᠡᠪᠲᠡᠷᠡᠭᠦᠯᠬᠦ ᠢᠨᠵᠧᠨᠧᠷᠢᠩ᠂ ᠲᠣᠷᠭ᠋ᠠᠨ ᠵᠠᠮ᠎ᠤᠨ ᠦᠵᠡᠵᠦ ᠰᠣᠨᠣᠰᠬᠤ ᠢᠨᠵᠧᠨᠧᠷᠢᠩ᠂ ᠳᠤᠮᠳᠠᠳᠤ ᠠᠹᠷᠢᠺᠠ ᠵᠢᠨ ᠦᠵᠡᠵᠦ ᠰᠣᠨᠣᠰᠬᠤ ᠬᠠᠮᠲᠤᠷᠠᠯᠴᠠᠭ᠋ᠠᠨ᠎ᠤ ᠰᠢᠨ᠎ᠡ ᠵᠢ ᠡᠭᠦᠳᠴᠦ ᠳᠡᠭᠡᠭᠰᠢᠯᠡᠭᠦᠯᠬᠦ ᠢᠨᠵᠧᠨᠧᠷᠢᠩ᠂ ᠳᠤᠮᠳᠠᠳᠤ ᠤᠯᠤᠰ᠎ᠤᠨ ᠣᠲᠣ ᠦᠶ᠎ᠡ ᠵᠢᠨ ᠪᠦᠲᠦᠭᠡᠯ᠎ᠤᠨ ᠣᠷᠴᠢᠭᠤᠯᠭ᠎ᠠ ᠵᠢᠨ ᠢᠨᠵᠧᠨᠧᠷᠢᠩ᠂ 《ᠳᠤᠮᠳᠠᠳᠤ ᠤᠯᠤᠰ᠎ᠤᠨ ᠬᠠᠮᠲᠤᠷᠠᠭᠰᠠᠨ ᠦᠵᠡᠭᠦᠯᠭᠡ ᠵᠢᠨ ᠲᠠᠪᠴᠠᠩ》᠂ 《ᠲᠧᠯᠸᠢᠰ᠎ᠤᠨ ᠳᠤᠮᠳᠠᠳᠤ ᠤᠯᠤᠰ᠎ᠤᠨ ᠲᠢᠶᠠᠲᠷ》 ᠵᠡᠷᠭᠡ ᠲᠤᠰᠬᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠧᠯᠸᠢᠰ ᠵᠦᠴᠦᠭᠡ ᠵᠢᠨ 《ᠭᠠᠳᠠᠭᠰᠢ ᠭᠠᠷᠬᠤ》 ᠠᠷᠭ᠎ᠠ ᠵᠠᠮ᠂ ᠠᠴᠢᠶᠠᠯᠠᠪᠤᠷᠢ ᠪᠠ ᠠᠷᠭ᠎ᠠ ᠬᠡᠯᠪᠡᠷᠢ ᠵᠢ ᠥᠷᠭᠡᠳᠬᠡᠨ᠎ᠡ᠃ ᠠᠳᠠᠯᠢ ᠪᠤᠰᠤ ᠤᠯᠤᠰ ᠪᠠ ᠣᠷᠣᠨ ᠪᠦᠰᠡ᠎ᠳᠤ ᠬᠠᠨᠳᠤᠭᠤᠯᠤᠨ ᠡᠲᠡᠭᠡᠳᠴᠢᠯᠡᠬᠦ᠂ ᠨᠠᠷᠢᠯᠢᠭ ᠣᠨᠣᠪᠴᠢᠲᠠᠢ᠎ᠪᠠᠷ ᠡᠵᠡᠩᠨᠡᠨ ᠪᠣᠷᠣᠯᠠᠭᠤᠯᠬᠤ ᠪᠠ ᠳᠠᠮᠵᠢᠭᠤᠯᠬᠤ ᠠᠵᠢᠯ᠎ᠢ ᠥᠷᠨᠢᠭᠦᠯᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠭᠵᠢᠯᠲᠡ ᠲᠠᠪᠰᠢᠯᠳᠠ ᠵᠢ ᠲᠤᠰᠬᠠᠭᠰᠠᠨ ᠨᠡᠩ ᠤᠯᠠᠨ ᠲᠧᠯᠸᠢᠰ ᠵᠦᠴᠦᠭᠡ ᠵᠢ ᠳᠡᠯᠡᠬᠡᠢ ᠳ᠋ᠠᠬᠢᠨ᠎ᠳᠤ ᠬᠠᠨᠳᠤᠭᠤᠯᠬᠤ ᠵᠢ ᠠᠬᠢᠭᠤᠯᠵᠤ᠂ ᠠᠮᠢᠳᠤᠯᠢᠭ ᠪᠣᠰᠤᠭ᠎ᠠ ᠴᠣᠭᠴᠠᠲᠤ ᠳᠤᠮᠳᠠᠳᠤ ᠤᠯᠤᠰ᠎ᠢ ᠳᠡᠯᠭᠡᠨ ᠦᠵᠡᠭᠦᠯᠵᠦ᠂ ᠳᠤᠮᠳᠠᠳᠤ ᠵᠢᠨ ᠰᠣᠶᠣᠯ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃

   ᠲᠤᠰᠬᠠᠢ ᠪᠤᠯᠤᠩ 3᠂ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠭᠠᠳᠠᠭ᠋ᠠᠳᠤ᠎ᠳᠠᠬᠢ ᠲᠠᠷᠬᠠᠭ᠋ᠠᠯᠲᠠ

   ᠲᠧᠯᠸᠢᠰ ᠵᠦᠴᠦᠭᠡ ᠵᠢᠨ ᠣᠯᠠᠨ ᠤᠯᠤᠰ᠎ᠲᠠᠬᠢ ᠳᠠᠮᠵᠢᠭᠤᠯᠭ᠎ᠠ᠄ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠭᠠᠳᠠᠭ᠋ᠠᠳᠤ᠎ᠳᠤ ᠤᠬᠠᠭᠤᠯᠤᠨ ᠳᠡᠯᠭᠡᠷᠡᠭᠦᠯᠬᠦ ᠵᠢ ᠵᠣᠷᠢᠭᠵᠢᠭᠤᠯᠤᠨ ᠳᠡᠮᠵᠢᠵᠦ᠂ ᠴᠢᠬᠤᠯᠠ ᠶᠡᠭᠡ ᠭᠤᠤᠯ ᠲᠠᠯᠠᠪᠤᠷ᠎ᠤᠨ ᠭᠠᠳᠠᠭ᠋ᠠᠳᠤ ᠬᠠᠷᠢᠯᠴᠠᠭ᠋ᠠᠨ᠎ᠤ ᠠᠵᠢᠯᠯᠠᠭ᠎ᠠ᠂ ᠭᠠᠳᠠᠭ᠋ᠠᠳᠤ ᠰᠤᠷᠪᠤᠯᠵᠢᠯᠠᠭ᠎ᠠ ᠵᠢᠨ ᠭᠠᠳᠠᠭ᠋ᠠᠳᠤ ᠤᠬᠠᠭᠤᠯᠭ᠎ᠠ᠂ 《ᠭᠠᠳᠠᠭᠰᠢ ᠭᠠᠷᠬᠤ》 ᠲᠤᠰᠬᠠᠶ ᠵᠦᠢ᠍ᠯ ᠪᠠ ᠣᠯᠠᠨ ᠤᠯᠤᠰ᠎ᠤᠨ ᠲᠧᠯᠸᠢᠰ ᠵᠦᠴᠦᠭᠡ ᠵᠢᠨ ᠪᠠᠶᠠᠷ᠎ᠤᠨ ᠦᠵᠡᠭᠦᠯᠭᠡ ᠵᠢᠨ ᠠᠵᠢᠯᠯᠠᠭ᠎ᠠ ᠳᠤᠮᠳᠠ ᠳᠤᠮᠳᠠᠳᠤ ᠤᠯᠤᠰ᠎ᠤᠨ ᠲᠧᠯᠸᠢᠰ ᠵᠦᠴᠦᠭᠡ ᠲᠠᠨᠢᠯᠴᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠠᠮᠢᠳᠤᠯᠢᠭ ᠪᠥᠭᠡᠳ ᠪᠦᠲᠦᠮᠵᠢᠲᠡᠶ ᠬᠡᠯᠪᠡᠷᠢ᠂ ᠲᠠᠪᠴᠠᠩ ᠪᠠ ᠠᠴᠢᠶᠠᠯᠠᠪᠤᠷᠢ ᠵᠢ ᠨᠢᠭᠡᠳᠦᠯᠲᠡᠶ ᠲᠥᠯᠥᠪᠯᠡᠨ ᠬᠡᠷᠡᠭᠯᠡᠵᠦ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠭᠰᠡᠨ ᠦᠷ᠎ᠡ ᠪᠦᠲᠦᠭᠡᠯ᠎ᠢ ᠳᠠᠮᠵᠢᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠤᠨ ᠢᠯᠡᠳᠲᠡ ᠳᠠᠪᠠᠭᠤᠯᠢᠭ ᠪᠠ ᠥᠪᠡᠷᠮᠢᠴᠡ ᠷᠢᠳᠢ ᠰᠢᠳᠢ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠷᠥ ᠪᠠᠷᠢᠭᠰᠠᠨ ᠠᠮᠵᠢᠯᠲᠠ ᠪᠦᠲᠦᠮᠵᠢ ᠪᠠ ᠤᠯᠤᠰ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠢᠯᠡᠷᠡᠭᠦᠯᠵᠦ᠂ ᠳᠤᠮᠳᠠᠳᠤ ᠤᠯᠤᠰ᠎ᠤᠨ ᠥᠯᠢᠭᠡᠷ᠎ᠢ ᠰᠠᠶ᠋ᠢᠲᠤᠷ ᠶᠠᠷᠢᠵᠤ᠂ ᠳᠤᠮᠳᠠᠳᠤ ᠵᠢᠨ ᠰᠣᠶᠣᠯ᠎ᠢ ᠳᠠᠮᠵᠢᠭᠤᠯᠤᠨ᠎ᠠ᠃

   ᠲᠠᠪᠤ᠂ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠴᠢᠳᠠᠪᠤᠷᠢᠲᠠᠨ᠎ᠤ ᠡᠩᠨᠡᠭᠡ ᠵᠢ ᠪᠦᠲᠦᠭᠡᠨ ᠪᠠᠶ᠋ᠢᠭᠤᠯᠤᠨ᠎ᠠ

   ᠲᠧᠯᠸᠢᠰ ᠵᠦᠴᠦᠭᠡ ᠵᠢᠨ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢ ᠨᠠᠩ ᠲᠣᠪᠤᠶ᠋ᠢᠮ᠎ᠠ ᠴᠢᠬᠤᠯᠠ ᠪᠠᠶ᠋ᠢᠷᠢᠨ᠎ᠳᠤ ᠲᠠᠯᠪᠢᠵᠤ᠂ ᠨᠠᠮ᠎ᠠᠴᠠ ᠴᠢᠳᠠᠪᠤᠷᠢᠲᠠᠨ᠎ᠢ ᠬᠠᠮᠢᠶᠠᠷᠬᠤ ᠵᠢ ᠪᠠᠷᠢᠮᠲᠠᠯᠠᠨ᠂ ᠮᠣᠷᠠᠯ ᠴᠢᠳᠠᠪᠤᠷᠢ ᠬᠤᠤᠰᠯᠠᠭᠰᠠᠨ᠂ ᠮᠣᠷᠠᠯ ᠤᠷᠠᠯᠢᠭ ᠬᠤᠤᠰᠯᠠᠭᠰᠠᠨ᠎ᠢ ᠪᠠᠷᠢᠮᠲᠠᠯᠠᠵᠤ᠂ ᠰᠢᠨ᠎ᠡ ᠴᠠᠭ ᠦᠶ᠎ᠡ ᠵᠢᠨ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ᠎ᠳᠤ ᠬᠠᠨᠳᠤᠭᠤᠯᠤᠨ᠂ ᠲᠧᠯᠸᠢᠰ ᠵᠦᠴᠦᠭᠡ ᠵᠢᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃

  (ᠨᠢᠭᠡ) ᠳᠠᠭ᠋ᠠᠭᠤᠯᠤᠭᠴᠢ ᠴᠢᠳᠠᠪᠤᠷᠢᠲᠠᠨ᠎ᠤ ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃  ᠦᠢ᠍ᠯᠡᠳᠦᠯᠭᠡ ᠵᠢᠨ ᠪᠠᠷᠢᠮᠵᠢᠶ᠎ᠠ ᠵᠢ ᠪᠠᠷᠢᠮᠲᠠᠯᠠᠵᠤ᠂ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠬᠦ ᠢᠯᠠᠩᠭᠤᠶ᠎ᠠ ᠭᠣᠤᠯ ᠰᠡᠳᠦᠪᠲᠦ ᠪᠦᠲᠦᠭᠡᠯ᠎ᠢ ᠵᠣᠬᠢᠶᠠᠨ ᠪᠦᠲᠦᠭᠡᠬᠦ ᠨᠢᠭᠡᠳᠦᠭᠡᠷ ᠹᠷᠣᠨᠲ᠎ᠲᠤ ᠥᠨᠳᠥᠷ ᠬᠢᠷᠢ ᠬᠡᠮᠵᠢᠶ᠎ᠡ᠎ᠲᠠᠢ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠬᠦ ᠴᠢᠳᠠᠪᠤᠷᠢᠲᠠᠨ᠎ᠢ ᠢᠯᠡᠷᠡᠭᠦᠯᠦᠨ ᠬᠥᠮᠦᠵᠢᠭᠦᠯᠵᠦ᠂ ᠨᠢᠭᠡ ᠪᠦᠯᠦᠭ ᠮᠣᠷᠠᠯ ᠤᠷᠠᠯᠢᠭ ᠬᠣᠣᠰᠯᠠᠭᠰᠠᠨ ᠨᠡᠷᠡᠲᠦ ᠤᠳᠤᠷᠢᠳᠤᠭᠴᠢ᠂ ᠨᠡᠷᠡᠲᠦ ᠵᠦᠴᠦᠭᠡ ᠨᠠᠢ᠌ᠷᠠᠭᠤᠯᠤᠭᠴᠢ᠂ ᠨᠡᠷᠡᠲᠦ ᠺᠢᠨᠣ᠋ ᠦᠢ᠍ᠯᠡᠳᠦᠭᠴᠢ᠂ ᠨᠡᠷᠡᠲᠦ ᠵᠦᠴᠦᠭᠡᠴᠢᠨ᠎ᠢ ᠬᠥᠮᠦᠵᠢᠭᠦᠯᠦᠨ ᠪᠣᠢ᠌ᠵᠢᠭᠤᠯᠤᠨ᠎ᠠ᠃ ᠪᠦᠬᠦ ᠤᠯᠤᠰ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠳᠠᠭ᠋ᠠᠭᠤᠯᠤᠭᠴᠢ ᠴᠢᠳᠠᠪᠤᠷᠢᠲᠠᠨ᠎ᠤ ᠢᠨᠵᠧᠨᠧᠷᠢᠩ᠎ᠤᠨ ᠴᠢᠬᠤᠯᠠ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠳᠠᠭ᠋ᠠᠭᠤᠯᠤᠭᠴᠢ ᠴᠢᠳᠠᠪᠤᠷᠢᠲᠠᠨ᠎ᠢ ᠬᠥᠮᠥᠵᠢᠭᠦᠯᠬᠦ ᠲᠣᠭᠲᠠᠯᠴᠠᠭ᠎ᠠ ᠵᠢ ᠪᠦᠷᠢᠨᠰᠢᠭᠦᠯᠦᠨ᠂ ᠴᠢᠳᠠᠪᠤᠷᠢᠲᠠᠨ᠎ᠢ ᠬᠠᠮᠢᠶᠠᠷᠴᠤ ᠬᠡᠷᠡᠭᠯᠡᠬᠦ ᠪᠠᠶ᠋ᠢᠭᠤᠯᠤᠯ ᠵᠣᠬᠢᠴᠠᠮᠵᠢ ᠵᠢ ᠲᠡᠭᠦᠯᠳᠡᠷᠵᠢᠭᠦᠯᠦᠨ᠎ᠡ᠃ ᠠᠯᠤᠰ ᠬᠡᠲᠦ ᠵᠢᠨ ᠬᠠᠷᠠᠴᠠ ᠵᠢ ᠪᠠᠷᠢᠮᠲᠠᠯᠠᠨ᠂ ᠳᠠᠭ᠋ᠠᠭᠤᠯᠤᠭᠴᠢ ᠬᠥᠮᠦᠰ᠎ᠤᠨ ᠳᠠᠯᠳᠠ ᠴᠢᠨᠠᠷᠲᠠᠶ ᠥᠨᠳᠥᠷ ᠬᠡᠪ ᠪᠣᠯᠪᠠᠰᠤᠷᠠᠯ᠎ᠲᠠᠢ᠂ ᠲᠤᠰᠬᠠᠶ᠋ᠢᠵᠢᠭᠰᠠᠨ ᠲᠧᠯᠸᠢᠰ ᠵᠦᠴᠦᠭᠡ ᠵᠢᠨ ᠨᠡᠩ ᠣᠯᠠᠨ ᠴᠢᠳᠠᠪᠤᠷᠢᠲᠠᠨ᠎ᠢ ᠰᠠᠨᠠᠭ᠋ᠠᠴᠢᠯᠠᠭ᠎ᠠ᠎ᠲᠠᠢ᠎ᠪᠠᠷ ᠢᠯᠡᠷᠡᠭᠦᠯᠦᠨ ᠬᠥᠮᠦᠵᠢᠭᠦᠯᠵᠦ᠂ ᠳᠠᠭ᠋ᠠᠭᠤᠯᠤᠭᠴᠢ ᠬᠥᠮᠦᠰ᠎ᠤᠨ ᠦᠰᠦᠨ ᠪᠣᠶ᠋ᠢᠵᠢᠬᠤ ᠱᠠᠲᠤᠯᠵᠢᠨ ᠡᠩᠨᠡᠭᠡ ᠵᠢ ᠪᠣᠶ ᠪᠣᠯᠭ᠋ᠠᠨ᠎ᠠ᠃

  (ᠬᠤᠶᠠᠷ) ᠲᠧᠯᠸᠢᠰ ᠵᠦᠴᠦᠭᠡ ᠵᠢᠨ ᠴᠢᠳᠠᠪᠤᠷᠢᠲᠠᠨ ᠬᠥᠮᠦᠵᠢᠭᠦᠯᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃  ᠵᠠᠯᠠᠭᠤ ᠵᠣᠬᠢᠶᠠᠨ ᠪᠦᠲᠦᠭᠡᠬᠦ ᠴᠢᠳᠠᠪᠤᠷᠢᠲᠠᠨ᠎ᠢ ᠬᠥᠮᠦᠵᠢᠭᠦᠯᠦᠨ ᠬᠡᠷᠡᠭᠯᠡᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠣᠬᠢᠶᠠᠨ ᠪᠦᠲᠦᠭᠡᠬᠦ ᠦᠢ᠍ᠯᠡᠳᠦᠯᠭᠡ ᠵᠢᠨ ᠳᠤᠮᠳᠠ ᠰᠢᠯᠢᠳᠡᠭ ᠵᠠᠯᠠᠭᠤ ᠵᠦᠴᠦᠭᠡ ᠨᠠᠢ᠌ᠷᠠᠭᠤᠯᠤᠭᠴᠢ᠂ ᠤᠳᠤᠷᠢᠳᠤᠭᠴᠢ᠂ ᠲᠣᠭᠯᠠᠭᠴᠢ᠂ ᠺᠢᠨᠣ᠋ ᠦᠢ᠍ᠯᠡᠳᠦᠭᠴᠢ ᠵᠢ ᠳᠠᠪᠲᠠᠨ ᠪᠣᠯᠪᠠᠰᠤᠷᠠᠭᠤᠯᠵᠤ᠂ ᠵᠠᠯᠠᠭᠤ ᠵᠣᠬᠢᠶᠠᠨ ᠪᠦᠲᠦᠭᠡᠬᠦ ᠴᠢᠳᠠᠪᠤᠷᠢᠲᠠᠨ᠎ᠤ ᠴᠢᠬᠤᠯᠠ ᠡᠭᠦᠷᠭᠡ ᠡᠭᠦᠷᠭᠡᠯᠡᠬᠦ ᠵᠢ ᠳᠡᠮᠵᠢᠵᠦ᠂ ᠠᠬᠠᠮᠠᠳ ᠤᠷᠠᠯᠢᠭᠴᠢᠳ᠎ᠤᠨ ᠤᠯᠠᠮᠵᠢᠯᠠᠬᠤ ᠬᠠᠪᠰᠤᠷᠬᠤ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠨ᠎ᠠ᠃ ᠴᠢᠳᠠᠪᠤᠷᠢᠲᠠᠨ᠎ᠢ ᠬᠥᠮᠦᠵᠢᠭᠦᠯᠬᠦ᠂ ᠬᠡᠷᠡᠭᠯᠡᠬᠦ ᠳᠤᠮᠳᠠᠬᠢ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠢᠳᠡᠪᠬᠢ ᠦᠢ᠍ᠯᠡᠳᠦᠯ᠎ᠢ ᠪᠠᠳᠠᠷᠠᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠤᠷᠢᠨ᠎ᠳᠤ ᠮᠡᠷᠭᠡᠵᠢᠯ᠎ᠤᠨ ᠰᠤᠳᠤᠯᠤᠨ ᠨᠡᠭᠡᠭᠡᠬᠦ ᠴᠢᠳᠠᠪᠤᠷᠢᠲᠠᠨ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠴᠢᠳᠠᠪᠤᠷᠢᠲᠠᠨ᠂ ᠵᠠᠬ᠎ᠠ ᠳᠡᠯᠭᠡᠭᠦᠷ᠎ᠤᠨ ᠡᠵᠡᠩᠨᠡᠨ ᠪᠣᠷᠣᠯᠠᠭᠤᠯᠬᠤ ᠴᠢᠳᠠᠪᠤᠷᠢᠲᠠᠨ ᠵᠡᠷᠭᠡ ᠴᠢᠳᠠᠪᠤᠷᠢᠲᠠᠨ᠎ᠢ ᠬᠥᠮᠥᠵᠢᠭᠦᠯᠦᠨ ᠪᠠᠶ᠋ᠢᠷᠢᠯᠠᠭᠤᠯᠬᠤ ᠵᠢ ᠴᠢᠩᠭ᠋ᠠᠳᠬᠠᠵᠤ᠂ ᠣᠯᠠᠨ ᠤᠯᠤᠰ᠎ᠤᠨ ᠬᠠᠷᠠᠭ᠋ᠠᠰᠤ᠎ᠲᠠᠢ᠂ ᠵᠣᠬᠢᠶᠠᠨ ᠪᠦᠲᠦᠭᠡᠵᠦ ᠴᠢᠳᠠᠬᠤ᠂ ᠡᠵᠡᠩᠨᠡᠯᠲᠡ ᠵᠢ ᠣᠶ᠋ᠢᠯᠠᠭ᠋ᠠᠬᠤ ᠥᠨᠳᠥᠷ ᠲᠦᠪᠰᠢᠨ ᠪᠦᠬᠦᠢ ᠬᠠᠮ ᠬᠡᠯᠪᠡᠷᠢ ᠵᠢᠨ ᠲᠧᠯᠸᠢᠰ ᠵᠦᠴᠦᠭᠡ ᠵᠢᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠬᠤᠯᠠᠴᠢᠯᠠᠵᠤ᠂ ᠴᠢᠳᠠᠪᠤᠷᠢᠲᠠᠨ᠎ᠤ ᠬᠡᠪᠴᠢᠶ᠎ᠡ᠂ ᠪᠦᠲᠦᠴᠡ᠂ ᠶᠠᠰᠤ ᠴᠢᠨᠠᠷ᠎ᠢ ᠰᠢᠨ᠎ᠡ ᠴᠠᠭ ᠦᠶ᠎ᠡ ᠵᠢᠨ ᠲᠧᠯᠸᠢᠰ ᠵᠦᠴᠦᠭᠡ ᠵᠢᠨ ᠦᠢ᠍ᠯᠡᠰ᠎ᠤᠨ ᠠᠵᠤ ᠦᠢ᠍ᠯᠡᠰ᠎ᠤᠨ ᠬᠥᠭᠵᠢᠯᠲᠡ᠎ᠲᠠᠢ ᠵᠣᠬᠢᠴᠠᠯᠳᠤᠭᠤᠯᠬᠤ ᠵᠢ ᠠᠬᠢᠭᠤᠯᠤᠨ᠎ᠠ᠃

  (ᠭᠤᠷᠪᠠ) ᠠᠵᠢᠯ ᠡᠷᠬᠢᠯᠡᠭᠰᠡᠳ᠎ᠤᠨ ᠵᠢᠷᠤᠮᠵᠢᠭᠰᠠᠨ ᠬᠠᠮᠢᠶᠠᠷᠤᠯᠲᠠ ᠵᠢᠨ ᠪᠠᠶ᠋ᠢᠭᠤᠯᠤᠯ ᠵᠣᠬᠢᠴᠠᠮᠵᠢ ᠵᠢ ᠪᠦᠷᠢᠨᠰᠢᠭᠦᠯᠦᠨ᠎ᠡ᠃  ᠬᠠᠷᠢᠯᠴᠠᠭ᠎ᠠ᠂ ᠰᠢᠨ᠎ᠡ ᠤᠳᠬ᠎ᠠ ᠤᠷᠠᠯᠢᠭ᠎ᠤᠨ ᠬᠠᠮᠲᠤᠯᠢᠭ᠎ᠤᠨ ᠳᠣᠲᠣᠷᠠᠬᠢ ᠲᠧᠯᠸᠢᠰ ᠵᠦᠴᠦᠭᠡ ᠵᠢᠨ ᠴᠢᠳᠠᠪᠤᠷᠢᠲᠠᠨ᠎ᠢ ᠪᠦᠯᠬᠦᠮᠳᠡᠭᠦᠯᠦᠨ ᠬᠥᠲᠥᠯᠥᠨ ᠵᠢᠯᠣᠭᠤᠳᠴᠤ ᠪᠠᠶ᠋ᠢᠭ᠋ᠠᠳ ᠰᠢᠯᠢᠨ ᠳᠡᠪᠰᠢᠭᠦᠯᠵᠦ ᠬᠡᠷᠡᠭᠯᠡᠬᠦ ᠪᠠ ᠱᠠᠩᠨᠠᠨ ᠤᠷᠮᠠᠰᠢᠭᠤᠯᠬᠤ ᠵᠣᠬᠢᠴᠠᠮᠵᠢ ᠵᠢ ᠪᠦᠷᠢᠨᠰᠢᠭᠦᠯᠵᠦ᠂ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠂ ᠭᠡᠰᠢᠭᠦᠳ᠎ᠤᠨ ᠬᠥᠭᠵᠢᠯᠲᠡ᠂ ᠠᠳᠠᠯᠢᠳᠬᠠᠨ ᠰᠢᠯᠭ᠋ᠠᠷᠠᠭᠤᠯᠵᠤ ᠱᠠᠩᠨᠠᠬᠤ ᠵᠡᠷᠭᠡ ᠲᠠᠯ᠎ᠠ᠎ᠪᠠᠷ ᠠᠳᠠᠯᠢ ᠲᠡᠭᠰᠢ᠎ᠪᠠᠷ ᠬᠠᠨᠳᠤᠵᠤ᠂ ᠮᠡᠷᠭᠡᠵᠢᠯ᠎ᠤᠨ ᠴᠣᠯᠠ ᠦᠨᠡᠯᠡᠨ ᠲᠣᠭᠲᠠᠭ᠋ᠠᠬᠤ᠂ ᠲᠠᠩᠰᠠ ᠡᠪᠬᠡᠮᠡᠯ᠎ᠤᠨ ᠬᠠᠮᠢᠶᠠᠷᠤᠯᠲᠠ ᠵᠡᠷᠭᠡ ᠠᠵᠢᠯ᠎ᠢ ᠰᠦᠪᠡᠭᠴᠢᠯᠡᠨ ᠥᠷᠨᠢᠭᠦᠯᠦᠨ᠎ᠡ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠢᠨ ᠦᠢ᠍ᠯᠡᠳᠦᠯ᠎ᠢ ᠪᠠᠳᠠᠷᠠᠭᠤᠯᠵᠤ᠂ ᠠᠵᠢᠯ ᠡᠷᠬᠢᠯᠡᠬᠦ ᠦᠢ᠍ᠯᠡ ᠠᠵᠢᠯᠯᠠᠭ᠎ᠠ ᠵᠢ ᠠᠵᠢᠯ ᠲᠥᠷᠥᠯ᠎ᠤᠨ ᠵᠢᠷᠤᠮᠵᠢᠯ᠎ᠢ ᠶᠠᠪᠤᠭᠤᠯᠤᠨ᠂ ᠬᠠᠤᠯᠢ ᠲᠣᠭᠲᠠᠭ᠋ᠠᠯ᠎ᠠᠴᠠ ᠵᠥᠷᠢᠴᠡᠨ ᠠᠵᠢᠯ ᠡᠷᠬᠢᠯᠡᠭᠰᠡᠳ᠎ᠲᠤ ᠠᠵᠢᠯ ᠲᠥᠷᠥᠯ᠎ᠤᠨ ᠵᠠᠯᠬᠠᠭ᠋ᠠᠯ ᠴᠡᠭᠡᠷᠯᠡᠯ᠎ᠢ ᠬᠡᠷᠡᠭᠵᠢᠭᠦᠯᠦᠨ᠎ᠡ᠃

  (ᠲᠦᠷᠪᠡ) ᠠᠵᠢᠯ ᠡᠷᠬᠢᠯᠡᠭᠰᠡᠳ᠎ᠤᠨ ᠬᠥᠮᠦᠵᠢᠯ ᠪᠣᠯᠪᠠᠰᠤᠷᠠᠯ᠎ᠢ ᠴᠢᠩᠭ᠋ᠠᠳᠬᠠᠨ᠎ᠠ᠃  ᠤᠳᠤᠷᠢᠳᠤᠭᠴᠢ᠂ ᠵᠦᠴᠦᠭᠡ ᠨᠠᠢ᠌ᠷᠠᠭᠤᠯᠤᠭᠴᠢ᠂ ᠺᠢᠨᠣ᠋ ᠦᠢ᠍ᠯᠡᠳᠦᠭᠴᠢ᠂ ᠲᠣᠭᠯᠠᠭᠴᠢ᠂ ᠵᠠᠭᠤᠴᠢᠯᠠᠭᠴᠢ ᠵᠡᠷᠭᠡ ᠲᠧᠯᠸᠢᠰ ᠵᠦᠴᠦᠭᠡ ᠵᠢᠨ ᠬᠦᠷᠢᠶᠡᠨ᠎ᠳᠠᠬᠢ ᠠᠵᠢᠯ ᠡᠷᠭᠢᠯᠡᠭᠰᠡᠳ᠎ᠤᠨ ᠪᠠᠶ᠋ᠢᠩᠭᠤᠵᠢᠭᠰᠠᠨ ᠪᠣᠯᠪᠠᠰᠤᠷᠠᠯ᠎ᠤᠨ ᠵᠣᠬᠢᠴᠠᠮᠵᠢ ᠵᠢ ᠪᠦᠷᠢᠨᠰᠢᠭᠦᠯᠵᠦ᠂ ᠦᠵᠡᠯ ᠰᠠᠨᠠᠭ᠎ᠠ ᠤᠯᠤᠰ ᠲᠥᠷᠥ ᠵᠢᠨ ᠵᠢᠯᠣᠭᠤᠳᠤᠮᠵᠢ ᠵᠢ ᠴᠢᠩᠭ᠋ᠠᠳᠬᠠᠨ᠂ ᠤᠯᠠᠭ᠋ᠠᠨ ᠱᠤᠭᠤᠮ ᠬᠤᠷᠢᠭ᠎ᠠ ᠱᠤᠭᠤᠮ᠎ᠢ ᠲᠣᠳᠣᠷᠬᠠᠶ᠋ᠢᠯᠠᠵᠤ᠂ ᠠᠵᠢᠯ ᠡᠷᠭᠢᠯᠡᠭᠰᠡᠳ᠎ᠤᠨ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢ ᠤᠬᠠᠮᠰᠠᠷ᠎ᠠᠴᠠ᠎ᠪᠠᠨ ᠦᠢ᠍ᠯᠡᠳᠦᠯᠭᠡᠵᠢᠭᠦᠯᠬᠦ ᠵᠢ ᠠᠬᠢᠭᠤᠯᠵᠤ᠂ ᠡᠷᠬᠢᠮ ᠳᠡᠭᠡᠳᠦ ᠠᠵᠢᠯ ᠮᠡᠷᠭᠡᠵᠢᠯ᠎ᠤᠨ ᠶᠣᠰᠣ ᠮᠣᠷᠠᠯ᠎ᠢ ᠪᠠᠲᠤ ᠰᠠᠬᠢᠵᠤ᠂ ᠰᠠᠶ᠋ᠢᠨ ᠰᠠᠶ᠋ᠢᠬᠠᠨ ᠨᠡᠶ᠋ᠢᠭᠡᠮ᠎ᠤᠨ ᠬᠡᠪ ᠰᠤᠷᠲᠠᠯ᠎ᠢ ᠬᠥᠲᠥᠯᠥᠨ ᠳᠠᠭ᠋ᠠᠭᠤᠯᠤᠨ᠎ᠠ᠃ ᠲᠧᠯᠸᠢᠰ ᠵᠦᠴᠦᠭᠡ ᠵᠢᠨ ᠰᠤᠷᠭ᠋ᠠᠨ ᠬᠦᠮᠦᠵᠢᠯ᠎ᠤᠨ ᠰᠢᠨᠵᠢᠯᠡᠬᠦ ᠤᠬᠠᠭ᠋ᠠᠨ᠎ᠤ ᠰᠤᠳᠤᠯᠤᠯ ᠬᠢᠭᠡᠳ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠠ ᠠᠵᠤ ᠦᠢ᠍ᠯᠡᠰ᠎ᠤᠨ ᠬᠥᠭᠵᠢᠯᠲᠡ ᠵᠢ ᠤᠷᠭ᠋ᠠᠨᠢᠭ ᠵᠶ᠋ᠠᠷ ᠵᠤᠯᠭ᠋ᠠᠭᠤᠯᠬᠤ ᠵᠢ ᠠᠬᠢᠭᠤᠯᠵᠤ᠂ ᠠᠵᠢᠯᠯᠠᠵᠤ ᠪᠠᠶ᠋ᠢᠭ᠎ᠠ ᠬᠦᠮᠦᠰ᠎ᠲᠤ ᠠᠵᠢᠯ᠎ᠤᠨ ᠪᠠᠶ᠋ᠢᠷᠢ᠎ᠳᠤ᠎ᠪᠠᠨ ᠪᠠᠶ᠋ᠢᠬᠤ ᠪᠤᠶᠤ ᠠᠵᠢᠯ᠎ᠠᠴᠠ ᠰᠠᠯᠬᠤ ᠬᠦᠮᠦᠵᠢᠯ ᠪᠣᠯᠪᠠᠰᠤᠷᠠᠯ ᠦᠷᠨᠢᠭᠦᠯᠬᠦ ᠵᠢ ᠳᠡᠮᠵᠢᠨ᠎ᠡ᠃ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ ᠵᠢᠨ ᠮᠡᠷᠭᠡᠵᠢᠯ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠥᠷᠨᠢᠭᠦᠯᠬᠦ ᠵᠢ ᠵᠣᠷᠢᠭᠵᠢᠭᠤᠯᠵᠤ᠂ ᠠᠵᠢᠯ ᠡᠷᠭᠢᠯᠡᠭᠰᠡᠳ᠎ᠤᠨ ᠠᠵᠢᠯ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃

   ᠲᠤᠰᠬᠠᠢ ᠪᠣᠯᠤᠩ 4᠂ ᠲᠧᠯᠸᠢᠰ ᠵᠦᠴᠦᠭᠡ ᠵᠢᠨ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ

  《  ᠠᠮᠢᠲᠦᠷᠠᠯ᠎ᠲᠠᠢ ᠣᠢ᠌ᠷᠠᠳᠬᠤ》 ᠳᠦᠷᠢᠮ᠎ᠤᠨ ᠭᠣᠣᠯᠯᠠᠨ ᠡᠭᠦᠳᠦᠯᠲᠡ᠄ ᠴᠢᠬᠤᠯᠠ ᠶᠡᠬᠡ ᠪᠣᠳᠠᠲᠤ ᠪᠠᠢ᠌ᠳᠠᠯ᠎ᠤᠨ ᠰᠡᠳᠦᠪᠲᠦ ᠲᠧᠯᠸᠢᠰ ᠵᠦᠴᠦᠭᠡ ᠵᠢᠨ ᠵᠣᠬᠢᠶᠠᠨ ᠪᠦᠲᠦᠭᠡᠯᠭᠡ᠎ᠳᠤ᠂ ᠭᠣᠣᠯ ᠡᠭᠦᠳᠦᠭᠴᠢ ᠵᠢᠨ ᠦᠨᠳᠦᠰᠦᠨ ᠱᠠᠲᠤᠨ᠎ᠳᠤ ᠬᠦᠷᠴᠦ 《ᠠᠮᠢᠳᠤᠷᠠᠯ᠎ᠲᠠᠢ ᠣᠢ᠌ᠷᠠᠳᠬᠤ》 ᠵᠢ ᠵᠣᠷᠢᠭᠵᠢᠭᠤᠯᠵᠤ᠂ ᠵᠣᠬᠢᠶᠠᠨ ᠪᠦᠲᠦᠭᠡᠬᠦ ᠪᠣᠷᠣ ᠮᠠᠲ᠋ᠧᠷᠢᠶᠠᠯ᠎ᠢ ᠬᠤᠷᠠᠮᠳᠤᠭᠤᠯᠤᠨ᠂ ᠳᠡᠯᠡᠬᠡᠢ ᠵᠢᠨ ᠪᠠᠢ᠌ᠳᠠᠯ᠂ ᠤᠯᠤᠰ᠎ᠤᠨ ᠪᠠᠢ᠌ᠳᠠᠯ᠂ ᠨᠠᠮ᠎ᠤᠨ ᠪᠠᠢ᠌ᠳᠠᠯ᠂ ᠠᠷᠠᠳ᠎ᠤᠨ ᠪᠠᠢ᠌ᠳᠠᠯ᠎ᠤᠨ ᠲᠤᠬᠠᠢ ᠣᠢ᠌ᠯᠠᠭ᠋ᠠᠯᠲᠠ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠵᠣᠬᠢᠶᠠᠨ ᠪᠦᠲᠦᠭᠡᠬᠦ ᠭᠣᠣᠯ ᠰᠡᠳᠦᠪ᠎ᠢ ᠨᠡᠩ ᠰᠠᠢ᠌ᠲᠤᠷ ᠡᠵᠡᠮᠰᠢᠨ᠎ᠡ᠃ ᠵᠠᠯᠠᠭᠤ ᠲᠣᠭᠯᠠᠭᠴᠢ ᠪᠠ ᠵᠠᠭᠤᠴᠢᠯᠠᠭᠴᠢ ᠵᠢᠨ ᠪᠣᠯᠪᠠᠰᠤᠷᠠᠯ᠎ᠤᠨ ᠠᠩᠭᠢ᠄ ᠵᠠᠯᠠᠭᠤ ᠲᠣᠭᠯᠠᠭᠴᠢ ᠪᠠ ᠵᠠᠭᠤᠴᠢᠯᠠᠭᠴᠢ᠎ᠳᠤ ᠬᠠᠨᠳᠤᠭᠤᠯᠤᠨ ᠪᠣᠯᠪᠠᠰᠤᠷᠠᠯ ᠥᠷᠨᠢᠭᠦᠯᠵᠦ᠂ ᠦᠵᠡᠯ ᠰᠠᠨᠠᠭ᠎ᠠ ᠤᠯᠤᠰ ᠲᠥᠷᠥ᠂ ᠠᠵᠢᠯ ᠮᠡᠷᠭᠡᠵᠢᠯ᠎ᠤᠨ ᠪᠣᠯᠪᠠᠰᠤᠷᠠᠯ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠬᠢᠴᠢᠶᠡᠯ᠎ᠢ ᠲᠣᠬᠢᠷᠠᠭᠤᠯᠵᠤ᠂ ᠬᠣᠯᠪᠣᠭᠳᠠᠯ ᠪᠥᠬᠦᠶ ᠠᠵᠢᠯ ᠡᠷᠭᠢᠯᠡᠭᠰᠡᠳ᠎ᠢ ᠬᠥᠮᠦᠵᠢᠭᠦᠯᠦᠨ ᠵᠢᠯᠣᠭᠤᠳᠴᠤ ᠪᠠᠶ᠋ᠢᠭ᠋ᠠᠳ ᠡᠭᠦᠷᠭᠡ ᠬᠠᠷᠢᠭᠤᠴᠠᠯᠭ᠎ᠠ ᠵᠢ᠎ᠨᠢ ᠴᠢᠩᠭ᠋ᠠᠷᠠᠭᠤᠯᠤᠨ᠂ ᠤᠬᠠᠮᠰᠠᠷ᠎ᠠᠴᠠ᠎ᠪᠠᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠰᠠᠬᠢᠵᠤ᠂ ᠮᠣᠷᠠᠯ ᠴᠢᠳᠠᠪᠤᠷᠢ ᠬᠤᠣᠰᠯᠠᠭᠰᠠᠨ᠂ ᠮᠣᠷᠠᠯ ᠤᠷᠠᠯᠢᠭ ᠬᠤᠤᠰᠯᠠᠭᠰᠠᠨ ᠲᠧᠯᠸᠢᠰ ᠵᠦᠴᠦᠭᠡ ᠵᠢᠨ ᠠᠵᠢᠯᠲᠠᠨ ᠪᠣᠯᠭ᠋ᠠᠨ᠎ᠠ᠃ ᠲᠧᠯᠸᠢᠰ ᠵᠦᠴᠦᠭᠡ ᠵᠢᠨ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠬᠦ᠄ ᠲᠧᠯᠸᠢᠰ ᠵᠦᠴᠦᠭᠡ ᠰᠡᠭᠦᠳᠡᠷᠯᠡᠨ ᠦᠢ᠍ᠯᠡᠳᠬᠦ ᠶᠠᠪᠤᠴᠠ ᠵᠢᠨ ᠲᠣᠭᠤᠷᠢᠨ᠎ᠳᠤ᠂ ᠰᠡᠭᠦᠳᠡᠷᠯᠡᠬᠦ᠂ ᠳᠠᠭᠤ ᠰᠢᠩᠭᠡᠭᠡᠬᠦ᠂ ᠤᠷᠠᠨ ᠵᠢᠷᠤᠭ᠂ ᠬᠤᠪᠴᠠᠰᠤ ᠬᠤᠨᠠᠷ᠂ ᠵᠠᠰᠠᠯ ᠭᠤᠶᠤᠯᠠᠯ᠂ ᠪᠠᠭ᠋ᠠᠵᠢ ᠬᠡᠷᠡᠭᠰᠡᠯ᠂ ᠬᠤᠸᠠᠷ ᠫᠤᠤᠵᠢᠩ᠂ ᠦᠵᠡᠮᠵᠢ ᠪᠠᠶ᠋ᠢᠷᠢᠯᠠᠭᠤᠯᠬᠤ᠂ ᠳ᠋ᠧᠩ᠎ᠤᠨ ᠭᠡᠷᠡᠯ᠂ ᠣᠨᠴᠠ ᠦᠷ᠎ᠡ ᠪᠦᠲᠦᠮᠵᠢ ᠪᠦᠬᠦᠢ ᠵᠡᠷᠭᠡ ᠵᠢᠨ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠦᠵᠢᠭᠦᠯᠦᠨ ᠪᠣᠯᠪᠠᠰᠤᠷᠠᠭᠤᠯᠬᠤ ᠪᠠ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠢ ᠴᠢᠩᠭ᠋ᠠᠳᠬᠠᠵᠤ᠂ ᠥᠨᠳᠥᠷ ᠬᠡᠪ ᠪᠣᠯᠪᠠᠰᠤᠷᠠᠯ᠎ᠲᠠᠢ ᠲᠧᠯᠸᠢᠰ ᠵᠦᠴᠦᠭᠡ ᠵᠢᠨ ᠤᠷ᠎ᠠ ᠮᠡᠷᠭᠡᠰᠢᠯᠳᠦ ᠴᠢᠳᠠᠪᠤᠷᠢᠲᠠᠨ᠎ᠤ ᠡᠩᠨᠡᠭᠡ ᠵᠢ ᠪᠦᠲᠦᠭᠡᠨ ᠪᠠᠶ᠋ᠢᠭᠤᠯᠤᠨ᠎ᠠ᠃

   ᠵᠢᠷᠭᠤᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ

   ᠲᠧᠯᠸᠢᠰ ᠵᠦᠴᠦᠭᠡ ᠵᠢᠨ ᠠᠵᠢᠯ᠎ᠳᠠᠬᠢ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠤᠨ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠪᠦᠷᠢᠨᠰᠢᠬᠦᠯᠵᠦ᠂ ᠲᠦᠷᠢᠮ ᠵᠣᠬᠢᠴᠠᠮᠵᠢ ᠵᠢ ᠲᠡᠭᠦᠯᠳᠡᠷᠵᠢᠭᠦᠯᠦᠨ᠂ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠷᠠᠭᠤᠯᠵᠤ᠂ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠥᠨᠳᠥᠷ ᠲᠦᠪᠰᠢᠨ ᠪᠥᠬᠦᠶ ᠬᠠᠮᠢᠶᠠᠷᠤᠯᠲᠠ ᠪᠠ ᠦᠢ᠍ᠯᠡᠴᠢᠯᠡᠭᠡ᠎ᠪᠠᠷ ᠳᠤᠮᠳᠠᠳᠤ ᠤᠯᠤᠰ᠎ᠤᠨ ᠲᠧᠯᠸᠢᠰ ᠵᠦᠴᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃

  (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠬᠤ ᠵᠣᠬᠢᠴᠠᠮᠵᠢ ᠵᠢ ᠲᠡᠭᠦᠯᠳᠡᠷᠵᠢᠭᠦᠯᠦᠨ᠎ᠡ᠃  ᠡᠯ᠎ᠡ ᠭᠠᠵᠠᠷ᠎ᠤᠨ ᠷᠠᠳᠢᠣ᠋ ᠲᠧᠯᠸᠢᠰ᠎ᠤᠨ ᠰᠠᠯᠠᠭ᠎ᠠ ᠮᠥᠴᠢᠷ᠎ᠤᠳ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠦᠨ᠂ ᠲᠧᠯᠸᠢᠰ ᠵᠦᠴᠦᠭᠡ ᠵᠢᠨ ᠬᠥᠭᠵᠢᠯᠲᠡ ᠵᠢᠨ ᠵᠥᠪ ᠤᠯᠤᠰ ᠲᠥᠷᠥ ᠵᠢᠨ ᠴᠢᠭᠯᠡᠯ᠂ ᠥᠷᠲᠡᠭ᠎ᠤᠨ ᠤᠳᠤᠷᠢᠳᠤᠮᠵᠢ᠂ ᠭᠤᠸ᠎ᠠ ᠰᠠᠶ᠋ᠢᠬᠠᠨ᠎ᠤ ᠬᠠᠨᠳᠤᠰᠢ ᠵᠢ ᠪᠠᠷᠢᠮᠲᠠᠯᠠᠬᠤ ᠬᠡᠷᠡᠭᠲᠡᠶ᠃ ᠲᠤᠰ ᠲᠥᠯᠥᠪᠵᠢᠭᠦᠯᠭᠡ ᠵᠢᠨ ᠴᠢᠬᠤᠯᠠ ᠠᠴᠢ ᠬᠤᠯᠪᠣᠭᠳᠠᠯ᠎ᠢ ᠭᠦᠢ᠍ᠴᠡᠳ ᠲᠠᠨᠢᠵᠤ᠂ ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠲᠧᠯᠸᠢᠰ ᠵᠦᠴᠦᠭᠡ ᠵᠢᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠪᠠ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠬᠤ ᠵᠢ ᠢᠳᠡᠪᠬᠢᠲᠡᠢ ᠠᠬᠢᠭᠤᠯᠵᠤ᠂ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ᠂ ᠣᠷᠣᠨ ᠨᠤᠲᠤᠭ᠎ᠤᠨ ᠪᠣᠳᠠᠲᠤ ᠪᠠᠶ᠋ᠢᠳᠠᠯ᠎ᠳᠤ ᠰᠠᠭᠤᠷᠢᠯᠠᠵᠤ᠂ ᠬᠥᠭᠵᠢᠯᠲᠡ ᠵᠢᠨ ᠵᠢᠮ᠎ᠡ ᠶᠣᠰᠣ ᠵᠢ ᠡᠵᠡᠮᠳᠡᠵᠦ᠂ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠨᠠᠷᠢᠨ ᠬᠢᠨᠠᠮᠠᠭ᠋ᠠᠢ ᠰᠠᠶ᠋ᠢᠲᠤᠷ ᠠᠳᠬᠤᠵᠤ᠂ ᠤᠬᠠᠭᠤᠯᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠂ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠤᠨ ᠨᠡᠶ᠋ᠢᠭᠡᠮ᠎ᠤᠨ ᠪᠠᠲᠤᠯᠠᠭ᠎ᠠ᠂ ᠮᠥᠩᠭᠦᠨ ᠭᠦᠢ᠍ᠯᠭᠡᠭᠡ᠂ ᠭᠠᠶ᠋ᠢᠯᠢ ᠵᠢᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠡᠯ᠎ᠡ ᠲᠠᠯ᠎ᠠ ᠵᠢᠨ ᠬᠠᠮᠲᠤᠷᠠᠯ᠎ᠤᠨ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠪᠠᠳᠠᠷᠠᠭᠤᠯᠵᠤ᠂ ᠡᠯ᠎ᠡ ᠵᠦᠢ᠍ᠯ᠎ᠤᠨ ᠡᠭᠦᠷᠭᠡ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠲᠧᠯᠸᠢᠰ ᠵᠦᠴᠦᠭᠡ ᠵᠢᠨ ᠳᠤᠭᠤᠶ᠋ᠢᠯᠠᠩ᠎ᠳᠤ ᠲᠦᠷ ᠴᠠᠭ᠎ᠤᠨ ᠨᠠᠮ᠎ᠤᠨ ᠡᠭᠦᠷ ᠪᠠᠶ᠋ᠢᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠠᠬᠢᠭᠤᠯᠵᠤ᠂ ᠡᠯ᠎ᠡ ᠲᠥᠷᠥᠯ᠎ᠤᠨ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠨᠠᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠠᠬᠢᠭᠤᠯᠵᠤ᠂ ᠲᠧᠯᠸᠢᠰ ᠵᠦᠴᠦᠭᠡ ᠵᠢᠨ ᠬᠦᠷᠢᠶᠡᠨ᠎ᠳᠠᠬᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠠᠵᠢᠯ᠎ᠤᠨ ᠪᠦᠷᠬᠦᠴᠡ ᠵᠢ ᠥᠷᠭᠡᠳᠬᠡᠨ᠎ᠡ᠃

  (ᠬᠤᠶᠠᠷ) ᠲᠧᠯᠸᠢᠰ ᠵᠦᠴᠦᠭᠡ ᠵᠢᠨ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃  ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠤᠯᠤᠨ᠂ ᠲᠧᠯᠸᠢᠰ ᠵᠦᠴᠦᠭᠡ ᠰᠡᠭᠦᠳᠡᠷᠯᠡᠨ ᠦᠢ᠍ᠯᠡᠳᠬᠦ ᠵᠢ ᠳᠠᠩᠰᠠᠯᠠᠭᠤᠯᠤᠨ ᠨᠡᠶ᠋ᠢᠲᠡᠯᠡᠬᠦ᠂ ᠠᠭᠤᠯᠭ᠎ᠠ ᠵᠢ ᠬᠢᠨᠠᠨ ᠪᠠᠶ᠋ᠢᠴᠠᠭ᠋ᠠᠬᠤ ᠵᠡᠷᠭᠡ ᠠᠵᠢᠯ᠎ᠢ ᠴᠢᠩᠭ᠋ᠠᠳᠬᠠᠨ ᠰᠠᠶ᠋ᠢᠵᠢᠷᠠᠭᠤᠯᠵᠤ᠂ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠪᠠ ᠰᠡᠷᠭᠡᠶ᠋ᠢᠯᠡᠨ ᠡᠵᠡᠮᠳᠡᠬᠦ ᠬᠠᠮᠵᠢᠯᠴᠠᠬᠤ ᠵᠣᠬᠢᠴᠠᠮᠵᠢ ᠵᠢ ᠪᠦᠷᠢᠨᠰᠢᠭᠦᠯᠵᠦ᠂ ᠭᠤᠤᠯᠳᠠᠯᠭ᠎ᠠ᠎ᠲᠠᠢ ᠲᠥᠷᠥᠯ ᠵᠦᠢ᠍ᠯ᠎ᠤᠨ ᠵᠣᠬᠢᠶᠠᠨ ᠪᠠᠶ᠋ᠢᠭᠤᠯᠤᠯᠴᠠᠭᠰᠠᠨ ᠵᠣᠬᠢᠶᠠᠨ ᠪᠠᠶ᠋ᠢᠭᠤᠯᠬᠤ ᠵᠣᠬᠢᠴᠠᠮᠵᠢ ᠵᠢ ᠪᠦᠷᠢᠨᠰᠢᠭᠦᠯᠦᠨ᠎ᠡ᠃ ᠥᠷᠭᠡᠨ ᠣᠯᠠᠨ ᠲᠧᠯᠸᠢᠰ ᠵᠦᠴᠦᠭᠡ ᠵᠢᠨ ᠠᠵᠢᠯᠲᠠᠨ᠎ᠳᠤ ᠨᠢᠭᠲᠠ ᠲᠦᠰᠢᠭᠯᠡᠨ᠂ ᠥᠪᠡᠷᠮᠢᠴᠡ ᠴᠢᠨᠠᠷ ᠪᠠ ᠪᠦᠲᠦᠭᠡᠯᠴᠢ ᠴᠢᠨᠠᠷᠲᠠᠶ ᠬᠥᠳᠡᠯᠮᠦᠷᠢ ᠵᠢ ᠬᠦᠨᠳᠦᠳᠬᠡᠵᠦ᠂ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠣᠳᠣ ᠦᠶ᠎ᠡ ᠵᠢᠨ ᠠᠵᠤ ᠠᠬᠤᠶ᠋ᠢᠯᠠᠯ᠎ᠤᠨ ᠳᠦᠷᠢᠮ᠎ᠢ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠲᠧᠯᠸᠢᠰ ᠵᠦᠴᠦᠭᠡ ᠵᠢᠨ ᠠᠵᠤ ᠠᠬᠤᠶ᠋ᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠯᠠᠮᠵᠢᠯᠠᠵᠤ᠂ ᠬᠥᠭᠵᠢᠯᠲᠡ ᠵᠢᠨ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠤᠢ ᠪᠣᠯᠭ᠋ᠠᠨ᠎ᠠ᠃ ᠲᠧᠯᠸᠢᠰ ᠵᠦᠴᠦᠭᠡ ᠵᠢᠨ ᠠᠵᠢᠯ ᠲᠥᠷᠥᠯ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ ᠵᠢ ᠴᠢᠩᠭ᠋ᠠᠷᠠᠭᠤᠯᠵᠤ᠂ ᠠᠵᠢᠯ ᠲᠥᠷᠥᠯ᠎ᠤᠨ ᠦᠢ᠍ᠯᠡᠴᠢᠯᠡᠭᠡ᠂ ᠠᠵᠢᠯ ᠲᠥᠷᠥᠯ᠎ᠤᠨ ᠬᠠᠮᠢᠶᠠᠷᠤᠯᠲᠠ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠢᠳᠡᠪᠬᠢᠲᠡᠢ ᠥᠷᠨᠢᠭᠦᠯᠵᠦ᠂ ᠠᠵᠢᠯ ᠲᠥᠷᠥᠯ᠎ᠤᠨ ᠪᠦᠲᠦᠭᠡᠨ ᠪᠠᠶ᠋ᠢᠭᠤᠯᠤᠯᠲᠠ ᠳᠤᠮᠳᠠᠬᠢ ᠴᠢᠬᠤᠯᠠ ᠦᠢ᠍ᠯᠡᠳᠦᠯ᠎ᠢ ᠪᠠᠳᠠᠷᠠᠭᠤᠯᠤᠨ᠎ᠠ᠃

  (ᠭᠤᠷᠪᠠ) ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠎ᠡ᠃  ᠺᠢᠨᠣ᠋ ᠲᠧᠯᠸᠢᠰ᠎ᠤᠨ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠰᠣᠶᠣᠯ ᠴᠡᠩᠭᠡᠯ᠎ᠤᠨ ᠬᠦᠷᠢᠶ᠎ᠡ ᠴᠠᠷᠠᠭ᠎ᠠ ᠵᠢ ᠶᠡᠷᠦᠩᠬᠡᠶ᠋ᠢᠯᠡᠨ ᠵᠠᠰᠠᠬᠤ ᠬᠠᠮᠢᠶ᠎ᠠ ᠪᠥᠬᠦᠶ ᠪᠠᠶ᠋ᠢᠷᠢᠯᠠᠭᠤᠯᠤᠯᠲᠠ ᠪᠠ ᠠᠵᠢᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠲᠧᠯᠸᠢᠰ ᠵᠦᠴᠦᠭᠡ ᠵᠢᠨ ᠬᠦᠷᠢᠶᠡᠨ᠎ᠳᠠᠬᠢ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠰᠠᠶ᠋ᠢᠲᠤᠷ ᠬᠢᠵᠦ᠂ ᠨᠡᠯᠢᠶᠡᠳ ᠪᠣᠯᠪᠠᠰᠤᠷᠠᠩᠭᠤᠶ ᠲᠤᠷᠰᠢᠯᠭ᠎ᠠ ᠪᠠ ᠪᠦᠲᠦᠮᠵᠢᠲᠡᠶ ᠠᠷᠭ᠎ᠠ ᠬᠡᠮᠵᠢᠶ᠎ᠡ ᠵᠢ ᠴᠠᠭ ᠲᠤᠬᠠᠶ᠎ᠳᠤ᠎ᠨᠢ ᠲᠦᠷᠢᠮ ᠵᠣᠬᠢᠴᠠᠮᠵᠢ ᠪᠣᠯᠭ᠋ᠠᠨ ᠳᠡᠭᠡᠭᠰᠢᠯᠡᠭᠦᠯᠦᠨ᠎ᠡ᠃ ᠴᠢᠨᠠᠷ ᠰᠠᠶ᠋ᠢᠲᠠᠶ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠡᠵᠡᠮᠳᠡᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠲᠧᠯᠸᠢᠰ ᠵᠦᠴᠦᠭᠡ ᠵᠢᠨ ᠬᠦᠷᠢᠶᠡᠨ᠎ᠳᠠᠬᠢ ᠬᠠᠤᠯᠢ ᠴᠠᠭ᠋ᠠᠵᠠ ᠵᠢ ᠵᠢᠷᠤᠮᠵᠢᠭᠤᠯᠤᠨ ᠲᠣᠭᠲᠠᠭ᠋ᠠᠵᠤ ᠵᠠᠰᠠᠪᠤᠷᠢ ᠣᠷᠣᠭᠤᠯᠬᠤ ᠠᠵᠢᠯ᠎ᠢ ᠠᠬᠢᠭᠤᠯᠵᠤ᠂ ᠬᠠᠤᠯᠢ ᠶᠣᠰᠣᠴᠢ ᠴᠢᠨᠠᠷ᠎ᠢ ᠬᠢᠨᠠᠨ ᠬᠠᠷᠭᠤᠭᠤᠯᠬᠤ᠂ ᠡᠷᠬᠡ ᠲᠡᠭᠰᠢ᠎ᠪᠠᠷ ᠥᠷᠢᠰᠥᠯᠳᠦᠬᠦ ᠵᠢ ᠬᠢᠨᠠᠨ ᠪᠠᠶ᠋ᠢᠴᠠᠭ᠋ᠠᠬᠤ ᠲᠦᠷᠢᠮ᠎ᠢ ᠨᠠᠶ᠋ᠢᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠦᠨᠡᠯᠡᠨ ᠵᠢᠱ᠌ᠢᠯᠲᠡ ᠵᠢ ᠴᠢᠩᠭ᠋ᠠᠳᠬᠠᠵᠤ᠂ ᠲᠧᠯᠸᠢᠰ ᠵᠦᠴᠦᠭᠡ ᠵᠢᠨ ᠠᠵᠢᠯᠲᠠᠨ ᠪᠠ ᠵᠠᠬ᠎ᠠ ᠳᠡᠯᠭᠡᠭᠦᠷ᠎ᠲᠠᠢ ᠨᠡᠪᠲᠡᠷᠡᠯᠴᠡᠭᠡ ᠵᠢ ᠰᠠᠶ᠋ᠢᠲᠤᠷ ᠬᠢᠵᠦ᠂ ᠲᠧᠯᠸᠢᠰ ᠵᠦᠴᠦᠭᠡ ᠵᠢᠨ ᠲᠥᠷᠥ ᠵᠢᠨ ᠪᠣᠳᠣᠯᠭ᠎ᠠ ᠵᠢᠨ ᠲᠦᠪᠰᠢᠨ᠎ᠢ ᠳᠡᠭᠡᠭᠰᠢᠯᠡᠭᠦᠯᠦᠨ᠎ᠡ᠃

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ