《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠎ᠠ ᠪᠣᠯ ᠮᠠᠨ᠎ᠤ ᠤᠯᠤᠰ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠡᠶᠡᠯᠡᠭᠦᠯᠦᠭᠰᠡᠨ᠎ᠤ ᠳᠠᠷᠠᠭ᠎ᠠ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠠᠩᠬᠠᠳᠤᠭ᠋ᠠᠷ ᠲᠠᠪᠤᠨ ᠵᠢᠯ ᠪᠣᠯᠤᠨ᠎ᠠ᠂ ᠮᠥᠨ ᠴᠦ᠍ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠭᠤᠷ᠎ᠤᠨ ᠭᠦᠨᠵᠡᠭᠡᠶ ᠠᠭᠤᠰᠤᠯᠴᠠᠨ ᠬᠥᠭᠵᠢᠬᠦ ᠵᠢ ᠲᠦᠷᠭᠡᠳᠬᠡᠨ ᠠᠬᠢᠭᠤᠯᠬᠤ᠂ ᠣᠶᠣᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ ᠬᠡᠷᠡᠭᠵᠢᠭᠦᠯᠬᠦ ᠪᠠ ᠳᠣᠲᠣᠭ᠋ᠠᠳᠤ ᠤᠬᠠᠭᠤᠯᠭ᠎ᠠ ᠭᠠᠳᠠᠭ᠋ᠠᠳᠤ ᠤᠬᠠᠭᠤᠯᠭ᠎ᠠ ᠵᠢ ᠬᠤᠯᠪᠣᠯᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠬᠦ ᠵᠠᠩᠭᠢᠯᠠᠭ᠎ᠠ ᠵᠢᠨ ᠴᠠᠭ ᠬᠤᠭᠤᠴᠠᠭ᠎ᠠ ᠪᠣᠯᠤᠨ᠎ᠠ᠃ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠡᠴᠡᠭᠯᠡᠯ ᠬᠥᠭᠵᠢᠯᠲᠡ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ ᠵᠢᠨ ᠬᠥᠲᠥᠯᠪᠦᠷᠢ》᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ 〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠥᠭᠵᠢᠯᠲᠡ ᠵᠢᠨ ᠲᠥᠯᠥᠪᠵᠢᠭᠦᠯᠭᠡ》 ᠵᠢ ᠦᠨᠳᠦᠰᠦᠯᠡᠨ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠥᠭᠵᠢᠯᠲᠡ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠪᠠ᠃
ᠪᠦᠬᠦ ᠵᠣᠬᠢᠶᠠᠯ᠎ᠤᠨ ᠴᠥᠷᠬᠡᠯᠡᠭᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠥᠭᠵᠢᠯᠲᠡ ᠵᠢᠨ ᠲᠥᠯᠥᠪᠵᠢᠭᠦᠯᠭᠡ.doc