ᠥᠪᠥᠷ ᠷᠠᠳᠢᠣ᠋ ᠲᠸᠯᠸᠢᠰ ᠲᠠᠷᠬᠠᠭ᠋ᠠᠭᠰᠠᠨ [ 2022] 171 ᠳ᠋ᠤᠭᠡᠷ ᠲᠣᠭ᠋ᠠᠲᠤ
《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
ᠡᠯ᠎ᠡ ᠠᠶ᠋ᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠥᠪᠥᠷ ᠮᠣᠩᠭᠤᠯ᠎ᠤᠨ ᠰᠦᠯᠵᠢᠶᠡᠨ᠎ᠤ ᠬᠢᠵᠠᠭ᠋ᠠᠷᠲᠤ ᠺᠣᠮᠫᠠᠨᠢ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠰᠢᠭᠤᠳ ᠬᠠᠷᠢᠶ᠎ᠠ ᠡᠯ᠎ᠡ ᠨᠢᠭᠡᠴᠢ᠎ᠳᠤ᠄
ᠡᠳᠦᠭᠡ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠲᠥᠰᠦᠯ》᠎ᠢ ᠲᠠ ᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠲᠦᠭᠡᠶ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2022 ᠣᠨ᠎ᠤ 12 ᠳ᠋ᠤᠭ᠋ᠠᠷ ᠰᠠᠷ᠎ᠠ ᠵᠢᠨ 7᠎ᠤ ᠡᠳᠦᠷ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠲᠥᠰᠦᠯ
ᠶᠡᠷᠦᠩᠬᠡᠶ ᠱᠦᠵᠢ ᠰᠢ ᠵᠢᠨ ᠫᠢᠩ᠎ᠤᠨ 《ᠤᠶᠤᠨᠲᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠢ ᠪᠠᠶ᠋ᠢᠭᠤᠯᠵᠤ᠂ ᠤᠶᠤᠨᠲᠤ ᠷᠠᠳᠢᠣ᠋ ᠲᠧᠯᠸᠢᠰ᠎ᠤᠨ ᠰᠦᠯᠵᠢᠶ᠎ᠡ ᠵᠢ ᠬᠥᠭᠵᠢᠭᠦᠯᠬᠦ》 ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠣᠶᠤᠨᠴᠢ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠲᠤᠬᠠᠶ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠤ ᠣᠶᠤᠨ᠎ᠤ ᠰᠣᠶᠣᠯ ᠪᠠ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ ᠵᠢᠨ ᠲᠤᠰᠠᠳᠠ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠲᠥᠷᠥᠯ᠎ᠤᠨ ᠪᠣᠳᠠᠲᠠᠶ᠎ᠲᠠᠢ ᠤᠶᠠᠯᠳᠤᠭᠤᠯᠤᠨ᠂ ᠣᠨᠴᠠᠭ᠋ᠠᠶ᠋ᠢᠯᠠᠨ ᠲᠣᠰ ᠲᠥᠰᠦᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠤᠭᠤᠳᠬᠤ ᠦᠵᠡᠯ ᠰᠠᠨᠠᠭ᠎ᠠ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠠᠭᠤᠤ ᠶᠡᠭᠡ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠲᠥᠪ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠵᠤ᠂ ᠷᠠᠳᠢᠣ᠋ ᠲᠧᠯᠸᠢᠰ ᠪᠣᠯᠤᠨ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠭᠤᠰᠤᠯᠴᠠᠯ᠎ᠤᠨ ᠰᠢᠨ᠎ᠡ ᠵᠢ ᠡᠭᠦᠳᠬᠦ ᠵᠢ ᠭᠦᠨᠵᠡᠭᠡᠶ᠋ᠢᠷᠡᠭᠦᠯᠬᠦ᠎ᠪᠠᠷ ᠭᠠᠷᠳᠠᠴᠠ ᠪᠣᠯᠭ᠋ᠠᠵᠤ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠠᠬᠢᠭᠤᠯᠬᠤ᠎ᠪᠠᠷ ᠬᠠᠷᠠᠯᠲᠠ ᠪᠣᠯᠭ᠋ᠠᠵᠤ᠂ ᠤᠶᠤᠨᠲᠤ ᠷᠠᠳᠢᠣ᠋ ᠲᠧᠯᠸᠢᠰ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠣᠶ ᠪᠣᠯᠭ᠋ᠠᠵᠤ᠂ ᠤᠶᠤᠨᠲᠤ ᠷᠠᠳᠢᠣ᠋ ᠲᠧᠯᠸᠢᠰ᠎ᠤᠨ ᠰᠢᠨ᠎ᠡ ᠦᠢ᠍ᠯᠡᠴᠢᠯᠡᠭᠡ ᠵᠢ ᠥᠷᠭᠡᠳᠬᠡᠵᠦ᠂ ᠤᠶᠤᠨᠲᠤ ᠷᠠᠳᠢᠣ᠋ ᠲᠧᠯᠸᠢᠰ᠎ᠤᠨ ᠰᠢᠨ᠎ᠡ ᠬᠠᠩᠭ᠋ᠠᠯᠭ᠎ᠠ ᠵᠢ ᠬᠥᠲᠥᠯᠥᠨ ᠵᠢᠯᠣᠭᠤᠳᠴᠤ᠂ ᠣᠶᠤᠨᠴᠢ ᠷᠠᠳᠢᠣ᠋ ᠲᠧᠯᠸᠢᠰ᠎ᠤᠨ ᠰᠢᠨ᠎ᠡ ᠬᠡᠷᠡᠭᠯᠡᠭᠡ ᠵᠢ ᠳᠠᠶ᠋ᠢᠴᠢᠯᠠᠵᠤ᠂ ᠪᠥᠬᠦ ᠣᠷᠣᠨ᠎ᠤ ᠠᠵᠢᠯ᠎ᠤᠨ ᠶᠡᠭᠡ ᠲᠠᠯ᠎ᠠ᠎ᠳᠤ ᠦᠢ᠍ᠯᠡᠴᠢᠯᠡᠵᠦ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠥᠬᠦ ᠲᠠᠯ᠎ᠠ᠎ᠪᠠᠷ ᠪᠥᠲᠥᠭᠡᠨ ᠪᠠᠶ᠋ᠢᠭᠤᠯᠬᠤ ᠥᠪᠥᠷ ᠮᠣᠩᠭᠤᠯ᠎ᠤᠨ ᠬᠠᠭᠤᠳᠠᠰᠤ ᠵᠢ ᠴᠢᠷᠮᠠᠶ᠋ᠢᠨ ᠪᠢᠴᠢᠭᠯᠡᠬᠦ᠎ᠳᠤ ᠬᠦᠴᠦᠲᠡᠶ ᠶᠠᠷᠢᠶ᠎ᠠ ᠬᠡᠯᠡᠯᠴᠡᠭᠡᠨ᠎ᠤ ᠲᠤᠯᠭ᠋ᠠᠭᠤᠷᠢᠯᠠᠯ ᠪᠠ ᠬᠦᠴᠦᠷᠬᠡᠭ ᠶᠡᠭᠡ ᠣᠶᠤᠨ ᠰᠠᠨᠠᠭ᠋ᠠᠨ᠎ᠤ ᠬᠦᠴᠦᠨ ᠴᠢᠳᠠᠯ ᠬᠠᠩᠭ᠋ᠠᠨ᠎ᠠ᠃
(ᠬᠤᠶᠠᠷ) ᠠᠵᠢᠯ᠎ᠤᠨ ᠬᠠᠷᠠᠯᠲᠠ
ᠪᠥᠬᠦ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠤᠲᠠᠰᠤ᠎ᠲᠠᠢ᠂ ᠤᠲᠠᠰᠤ ᠥᠬᠡᠶ᠂ ᠳᠠᠭ᠋ᠠᠭᠤᠯᠢ ᠣᠳᠣ᠂ ᠢᠨᠲ᠋ᠧᠷ ᠰᠦᠯᠵᠢᠶ᠎ᠡ ᠵᠡᠷᠭᠡ ᠣᠯᠠᠨ ᠵᠦᠢ᠍ᠯ᠎ᠤᠨ ᠠᠷᠭ᠎ᠠ ᠬᠡᠮᠵᠢᠶ᠎ᠡ᠎ᠪᠠᠷ ᠬᠠᠮᠵᠢᠯᠴᠠᠨ ᠳᠠᠭ᠋ᠠᠭ᠋ᠠᠬᠤ᠎ᠪᠠᠷ ᠲᠤᠯᠭ᠋ᠠᠭᠤᠷᠢ ᠪᠣᠯᠭ᠋ᠠᠵᠤ᠂ ᠡᠭᠦᠯᠡᠨ ᠪᠣᠳᠣᠯᠲᠠ᠂ ᠲᠣᠮᠣ ᠳ᠋ᠠᠶ᠋ᠢᠲ᠋ᠠ᠂ ᠪᠣᠳᠠᠰ᠎ᠤᠨ ᠮᠡᠳᠡᠭᠡ ᠵᠠᠩᠭᠢ ᠵᠢᠨ ᠰᠦᠯᠵᠢᠶ᠎ᠡ᠂ IPv6᠂ 5G ᠂ ᠬᠡᠲᠦ ᠥᠨᠳᠥᠷ ᠲᠤᠳᠤᠷᠠᠴᠠᠲᠤ᠂ ᠵᠣᠬᠢᠶᠠᠮᠠᠯ ᠣᠶᠤᠨ ᠵᠡᠷᠭᠡ ᠶᠡᠷᠦᠩᠬᠡᠶ᠋ᠢᠯᠡᠭᠰᠡᠨ ᠲᠣᠭ᠋ᠠᠴᠢᠯᠠᠭᠰᠠᠨ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠲᠤᠯᠭ᠋ᠠᠭᠤᠷᠢᠯᠠᠯ ᠪᠣᠯᠭ᠋ᠠᠵᠤ᠂ 3 — 5 ᠵᠢᠯ᠎ᠤᠨ ᠬᠤᠭᠤᠴᠠᠭ᠎ᠠ ᠵᠢ ᠬᠡᠷᠡᠭᠯᠡᠨ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠣᠶᠤᠨᠴᠢᠯᠠᠭᠰᠠᠨ ᠦᠢ᠍ᠯᠡᠳᠪᠦᠷᠢᠯᠡᠯ᠂ ᠤᠶᠤᠨᠴᠢᠯᠠᠭᠰᠠᠨ ᠳᠠᠮᠵᠢᠭᠤᠯᠭ᠎ᠠ᠂ ᠤᠶᠤᠨᠴᠢᠯᠠᠭᠰᠠᠨ ᠦᠢ᠍ᠯᠡᠴᠢᠯᠡᠭᠡ᠂ ᠤᠶᠤᠨᠴᠢᠯᠠᠭᠰᠠᠨ ᠬᠡᠷᠡᠭᠯᠡᠯᠲᠡ ᠪᠠ ᠤᠶᠤᠨᠴᠢᠯᠠᠭᠰᠠᠨ ᠬᠠᠮᠢᠶᠠᠷᠤᠯᠲᠠ ᠵᠢ ᠪᠡᠶᠡᠯᠡᠭᠦᠯᠬᠦ᠎ᠪᠠᠷ ᠴᠢᠷᠮᠠᠶ᠋ᠢᠨ᠎ᠠ᠃ ᠷᠠᠳᠢᠣ᠋ ᠲᠧᠯᠸᠢᠰ᠎ᠤᠨ ᠵᠠᠭᠤᠴᠢᠯᠠᠭᠤᠷ᠎ᠤᠨ ᠭᠤᠤᠯ ᠬᠦᠴᠦᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠥᠯᠥᠭᠡᠯᠡᠬᠦ ᠬᠦᠴᠦᠨ ᠪᠠ ᠥᠷᠢᠰᠦᠯᠳᠦᠬᠦ ᠬᠦᠴᠦᠨ᠎ᠲᠠᠢ ᠣᠷᠣᠨ ᠪᠦᠰᠡ ᠵᠢᠨ ᠰᠢᠨ᠎ᠡ ᠬᠡᠯᠪᠡᠷᠢ ᠵᠢᠨ ᠷᠠᠳᠢᠣ᠋ ᠲᠧᠯᠸᠢᠰ᠎ᠤᠨ ᠭᠤᠤᠯ ᠵᠠᠭᠤᠴᠢᠯᠠᠭᠤᠷ᠎ᠢ ᠪᠠᠶ᠋ᠢᠭᠤᠯᠵᠤ᠂ ᠤᠶᠤᠨᠲᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠢ ᠪᠣᠶ ᠪᠣᠯᠭ᠋ᠠᠨ᠎ᠠ᠃ ᠪᠥᠬᠦ ᠣᠷᠣᠨ᠎ᠤ ᠣᠲᠣ ᠵᠢᠨ ᠪᠠᠶ᠋ᠢᠭ᠎ᠠ ᠰᠠᠭᠤᠷᠢ ᠲᠥᠬᠦᠭᠡᠷᠦᠮᠵᠢ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠠᠰᠢᠭᠯᠠᠵᠤ᠂ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠎ᠤᠨ ᠲᠤᠯᠭ᠋ᠠᠭᠤᠷᠢᠯᠠᠬᠤ ᠲᠠᠪᠴᠠᠩ᠎ᠢ ᠲᠠᠰ ᠳᠡᠪᠰᠢᠭᠦᠯᠦᠨ ᠥᠭᠡᠷᠡᠴᠢᠯᠡᠵᠦ᠂ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠶᠤᠨᠲᠤ ᠷᠠᠳᠢᠣ᠋ ᠲᠧᠯᠸᠢᠰ᠎ᠤᠨ ᠦᠢ᠍ᠯᠡᠴᠢᠯᠡᠭᠡ ᠵᠢ ᠰᠢᠯᠢᠳᠡᠭᠵᠢᠭᠦᠯᠦᠨ᠎ᠡ᠃ ᠪᠥᠬᠦ ᠣᠷᠣᠨ᠎ᠤ ᠠᠵᠢᠯ ᠲᠥᠷᠥᠯ᠎ᠤᠨ ᠳᠣᠲᠣᠷ᠎ᠠ ᠭᠠᠳᠠᠨᠠᠬᠢ ᠠᠵᠤ ᠠᠬᠤᠶ᠋ᠢᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠳᠠᠪᠠᠭᠤᠯᠢᠭ ᠰᠢᠨ᠎ᠡ ᠵᠢ ᠡᠭᠦᠳᠬᠦ ᠡᠬᠢ ᠪᠠᠶᠠᠯᠢᠭ᠎ᠢ ᠲᠥᠪᠯᠡᠷᠡᠭᠦᠯᠵᠦ᠂ ᠨᠡᠶ᠋ᠢᠭᠡᠮ᠎ᠤᠨ ᠡᠯ᠎ᠡ ᠬᠦᠷᠢᠶ᠎ᠡ᠎ᠲᠠᠢ ᠭᠦᠨᠵᠡᠭᠡᠶ ᠠᠭᠤᠰᠤᠯᠴᠠᠵᠤ᠂ 《ᠤᠶᠤᠨᠲᠤ ᠷᠠᠳᠢᠣ᠋ ᠲᠧᠯᠸᠢᠰ +》᠎ᠤᠨ ᠰᠢᠪᠲᠤᠯᠤᠯᠲᠠ ᠵᠢᠨ ᠴᠢᠨᠠᠷᠲᠠᠶ ᠠᠬᠢᠴᠠ᠎ᠲᠠᠢ ᠪᠣᠯᠬᠤ ᠵᠢ ᠠᠬᠢᠭᠤᠯᠵᠤ᠂ ᠤᠶᠤᠨᠲᠤ ᠷᠠᠳᠢᠣ᠋ ᠲᠧᠯᠸᠢᠰ᠎ᠤᠨ ᠬᠡᠷᠡᠭᠯᠡᠯᠲᠡ ᠵᠢ ᠥᠷᠭᠡᠳᠬᠡᠨ᠎ᠡ᠃ ᠷᠠᠳᠢᠣ᠋ ᠲᠧᠯᠸᠢᠰ᠎ᠤᠨ ᠮᠡᠷᠭᠡᠵᠢᠯ᠎ᠤᠨ ᠰᠢᠰᠲ᠋ᠧᠮ᠎ᠤᠨ ᠤᠶᠤᠨᠴᠢᠯᠠᠭᠰᠠᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠬᠢᠨᠠᠨ ᠰᠢᠨᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠰᠦᠯᠵᠢᠶᠡᠵᠢᠭᠰᠡᠨ᠂ ᠤᠶᠤᠨᠴᠢᠯᠠᠭᠰᠠᠨ᠂ ᠬᠠᠮᠵᠢᠯᠴᠠᠭᠰᠠᠨ ᠬᠠᠮᠢᠶᠠᠷᠤᠯᠲᠠ ᠵᠢᠨ ᠴᠢᠳᠠᠪᠤᠷᠢ ᠵᠢ ᠴᠢᠩᠭ᠋ᠠᠷᠠᠭᠤᠯᠤᠨ᠎ᠠ᠃
ᠬᠤᠶᠠᠷ᠂ ᠭᠣᠣᠯᠳᠠᠯᠠᠭ᠋ᠠᠲᠤ ᠡᠭᠦᠷᠭᠡ
(ᠨᠢᠭᠡ) ᠣᠶᠣᠨᠲᠤ ᠷᠠᠳᠢᠣ᠋ ᠲᠧᠯᠸᠢᠰ᠎ᠤᠨ ᠠᠭᠤᠯᠭ᠎ᠠ ᠵᠢᠨ ᠦᠢ᠍ᠯᠡᠳᠪᠦᠷᠢᠯᠡᠯ᠎ᠤᠨ ᠲᠣᠭᠲᠠᠯᠴᠠᠭ᠎ᠠ
1. ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠵᠢᠨ ᠦᠢ᠍ᠯᠡᠳᠣᠨ ᠨᠡᠪᠳᠡᠷᠡᠬᠦᠯᠬᠦ ᠴᠢᠳᠡᠪᠦᠷᠢ ᠵᠢ ᠳᠡᠭᠡᠭᠰᠢᠯᠡᠬᠦᠯᠦᠨ᠎ᠡ
ᠪᠦᠬᠦ ᠤᠷᠤᠨ᠎ᠤ ᠷᠠᠳᠢᠤ᠋ ᠲᠧᠯᠸᠢᠰ᠎ᠤᠨ ᠨᠡᠪᠳᠡᠷᠡᠬᠦᠯᠬᠡ ᠵᠢᠨ ᠪᠠᠶ᠋ᠢᠭᠤᠯᠤᠮᠵᠢ ᠵᠢᠨ ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠵᠢᠨ ᠦᠢ᠍ᠯᠡᠳᠦᠨ ᠨᠡᠪᠲᠡᠷᠡᠭᠦᠯᠬᠦ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠳᠠ ᠵᠢᠴᠢ ᠮᠡᠷᠬᠡᠵᠢᠯ᠎ᠤᠨ ᠲᠣᠭᠲᠠᠯᠴᠠᠭ᠎ᠠ ᠵᠢᠨ ᠲᠡᠰ ᠲᠡᠪᠰᠢᠯᠳᠠ ᠰᠤᠯᠢᠬᠳᠠᠯᠢ ᠨᠢᠬᠡᠳᠦᠯᠳᠡᠢ ᠲᠦᠯᠦᠪᠯᠡᠨ ᠠᠬᠢᠭᠤᠯᠵᠦ᠂ ᠥᠨᠳᠥᠷ ᠲᠤᠳᠤᠷᠠᠴᠠᠲᠤ ᠬᠡᠲᠦ ᠥᠨᠳᠥᠷ ᠲᠤᠳᠤᠷᠠᠴᠠᠲᠤ ᠲᠧᠯᠸᠢᠰ᠎ᠤᠨ ᠬᠦᠭᠵᠢᠯᠳᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃ ᠪᠦᠬᠦ ᠣᠷᠣᠨ᠎ᠤ ᠥᠨᠳᠥᠷ ᠲᠤᠳᠤᠷᠠᠴᠠᠲᠤ ᠲᠧᠯᠸᠢᠰ᠎ᠤᠨ ᠫᠷᠤᠭ᠌ᠷᠠᠮ᠎ᠢ ᠴᠤᠭᠯᠠᠭᠤᠯᠬᠤ᠂ ᠦᠢ᠍ᠯᠡᠳᠬᠦ ᠪᠠ ᠨᠡᠪᠲᠡᠷᠡᠭᠦᠯᠬᠦ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢ ᠵᠢᠯᠣᠭᠣᠳᠤᠨ ᠲᠤᠰ ᠭᠠᠵᠠᠷ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠥᠨᠳᠥᠷ ᠪᠠᠷᠢᠮᠵᠢᠶ᠎ᠠ ᠲᠣᠳᠣᠷᠬᠠᠶ ᠨᠡᠪᠲᠡᠷᠡᠭᠦᠯᠦᠭᠰᠡᠨ ᠪᠠᠷᠢᠮᠵᠢᠶᠠᠲᠤ ᠰᠤᠪᠠᠭ᠎ᠢ ᠠᠯᠬᠤᠮ ᠠᠯᠬᠤᠮ ᠵᠶ᠋ᠠᠷ ᠬᠠᠭ᠋ᠠᠵᠤ ᠵᠣᠭᠰᠤᠭ᠋ᠠᠵᠤ᠂ ᠪᠦᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ ᠨᠡᠪᠲᠡᠷᠡᠭᠦᠯᠬᠦ ᠪᠠᠶ᠋ᠢᠭᠤᠯᠤᠮᠵᠢ ᠵᠢᠨ ᠥᠨᠳᠥᠷ ᠲᠤᠳᠤᠷᠠᠴᠢᠯᠠᠭᠰᠠᠨᠢ ᠪᠦᠬᠦ ᠲᠠᠯ᠎ᠠ᠎ᠪᠠᠷ ᠪᠡᠶᠡᠯᠡᠭᠦᠯᠬᠦ ᠵᠢ ᠲᠦᠷᠭᠡᠳᠬᠡᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠬᠣᠶᠠᠷ ᠱᠠᠲᠤᠨ᠎ᠤ ᠬᠡᠲᠦ ᠥᠨᠳᠥᠷ ᠲᠤᠳᠤᠷᠠᠴᠠᠲᠤ ᠲᠧᠯᠸᠢᠰ᠎ᠤᠨ ᠬᠥᠭᠵᠢᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ 4K ᠬᠡᠳᠦ ᠥᠨᠳᠥᠷ ᠲᠤᠳᠤᠷᠠᠴᠠᠲᠤ ᠵᠢᠨ ᠦᠢ᠍ᠯᠡᠳᠦᠨ ᠨᠡᠪᠲᠡᠷᠡᠭᠦᠯᠬᠦ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠬᠠᠶ᠋ᠢᠨ ᠰᠦᠪᠡᠭᠴᠢᠯᠡᠵᠦ᠂ ᠨᠥᠬᠥᠴᠡᠯ᠎ᠲᠠᠢ ᠨᠡᠪᠲᠡᠷᠡᠭᠦᠯᠬᠦ ᠪᠠᠶ᠋ᠢᠭᠤᠯᠤᠮᠵᠢ ᠵᠢᠨ 4K ᠬᠡᠳᠦ ᠥᠨᠳᠥᠷ ᠲᠤᠳᠤᠷᠠᠴᠠᠲᠤ ᠰᠤᠪᠠᠭ᠎ᠢ ᠨᠡᠭᠡᠭᠡᠨ ᠡᠷᠬᠢᠯᠡᠬᠦ ᠵᠢ ᠳᠡᠮᠵᠢᠵᠦ᠂ ᠨᠥᠬᠥᠴᠡᠯ᠎ᠲᠠᠢ ᠨᠡᠪᠲᠡᠷᠡᠭᠦᠯᠬᠦ ᠪᠠᠶ᠋ᠢᠭᠤᠯᠤᠮᠵᠢ ᠵᠢᠨ 4K ᠬᠡᠳᠦ ᠥᠨᠳᠥᠷ ᠲᠤᠳᠤᠷᠠᠴᠠᠲᠤ ᠪᠠᠷᠢᠮᠲᠠᠲᠤ ᠹᠢᠯᠢᠮ᠎ᠢ ᠰᠡᠭᠦᠳᠡᠷᠯᠡᠨ ᠦᠢ᠍ᠯᠡᠳᠬᠦ ᠠᠵᠢᠯ ᠥᠷᠨᠢᠭᠦᠯᠬᠦ ᠵᠢ ᠵᠣᠷᠢᠭᠵᠢᠭᠤᠯᠤᠨ᠂ ᠥᠪᠥᠷ ᠮᠣᠩᠭᠣᠯ᠎ᠤᠨ ᠷᠠᠳᠢᠣ᠋ ᠲᠧᠯᠸᠢᠰ᠎ᠤᠨ ᠬᠣᠷᠢᠶ᠎ᠠ ᠵᠢᠨ 8K ᠬᠡᠳᠦ ᠥᠨᠳᠥᠷ ᠲᠤᠳᠤᠷᠠᠴᠠᠲᠤ ᠫᠷᠤᠭ᠌ᠷᠠᠮ᠎ᠤᠨ ᠠᠭᠤᠯᠭ᠎ᠠ ᠵᠢ ᠰᠦᠪᠡᠭᠴᠢᠯᠡᠨ ᠦᠢ᠍ᠯᠡᠳᠦᠨ᠎ᠡ᠃
2. ᠠᠭᠤᠯᠭ᠎ᠠ ᠵᠢᠨ ᠦᠢ᠍ᠯᠡᠳᠪᠦᠷᠢᠯᠡᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠭᠦᠨᠵᠡᠭᠡᠶ᠋ᠢᠷᠡᠭᠦᠯᠦᠨ᠎ᠡ
ᠪᠥᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠭᠡ ᠵᠢᠨ ᠪᠠᠶ᠋ᠢᠭᠤᠯᠤᠮᠵᠢ ᠵᠢᠨ ᠦᠢ᠍ᠯᠡᠳᠴᠦ ᠨᠡᠪᠲᠡᠷᠡᠭᠦᠯᠬᠦ ᠲᠣᠭᠲᠠᠯᠴᠠᠭ᠎ᠠ ᠵᠢ ᠲᠣᠭ᠋ᠠᠵᠢᠭᠤᠯᠬᠤ᠂ ᠰᠦᠯᠵᠢᠶᠡᠵᠢᠭᠦᠯᠬᠦ᠎ᠠᠴᠠ ᠠᠭᠤᠰᠤᠯᠴᠠᠭᠤᠯᠬᠤ᠂ ᠤᠶᠤᠨᠴᠢᠯᠠᠬᠤ ᠲᠡᠢ᠌ᠰᠢ ᠬᠤᠪᠢᠷᠠᠭᠤᠯᠬᠤ ᠵᠢ ᠢᠳᠡᠪᠬᠢᠲᠡᠶ ᠠᠬᠢᠭᠤᠯᠵᠤ᠂ ᠦᠢ᠍ᠯᠡᠳᠴᠦ ᠨᠡᠪᠲᠡᠷᠡᠭᠦᠯᠬᠦ ᠲᠠᠪᠴᠠᠩ᠎ᠤᠨ IP᠂ ᠡᠭᠦᠯᠡᠨ ᠪᠤᠳᠤᠯᠲᠠ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠵᠣᠬᠢᠶᠠᠮᠠᠯ ᠣᠶᠤᠨ ᠂ ᠲᠣᠮᠣ ᠳ᠋ᠠᠶ᠋ᠢᠲ᠋ᠠ ᠵᠢᠨ ᠠᠭᠤᠯᠭ᠎ᠠ᠎ᠠᠴᠠ ᠰᠡᠳᠦᠪ ᠰᠣᠩᠭᠤᠬᠤ᠂ ᠪᠣᠷᠣ ᠮᠠᠲ᠋ᠧᠷᠢᠶᠠᠯ᠎ᠢ ᠡᠮᠬᠢᠳᠬᠡᠬᠦ᠂ ᠨᠠᠶ᠋ᠢᠷᠠᠭᠤᠯᠤᠨ ᠦᠢ᠍ᠯᠡᠳᠬᠦ᠂ ᠠᠭᠤᠯᠭ᠎ᠠ ᠵᠢ ᠬᠢᠨᠠᠨ ᠬᠠᠷᠭᠤᠭᠤᠯᠬᠤ᠂ ᠵᠠᠭᠤᠴᠢᠯᠠᠭᠤᠷ᠎ᠤᠨ ᠬᠥᠷᠥᠩᠭᠡ ᠵᠢᠨ ᠬᠠᠮᠢᠶᠠᠷᠤᠯᠲᠠ ᠵᠡᠷᠭᠡ ᠭᠤᠭᠴᠣᠭ᠋ᠠᠨ᠎ᠤ ᠪᠥᠬᠦ ᠶᠠᠪᠤᠴᠠ ᠵᠢᠨ ᠬᠡᠷᠡᠭᠯᠡᠯᠲᠡ ᠵᠢ ᠴᠢᠩᠭ᠋ᠠᠷᠠᠭᠤᠯᠤᠨ᠎ᠠ᠃ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠳᠡᠭᠡᠳᠦ ᠰᠢᠨ᠎ᠡ ᠮᠡᠷᠭᠡᠵᠢᠯ᠎ᠤᠨ ᠤᠷᠤᠯᠳᠤᠭ᠋ᠠᠨ (ᠠᠵᠢᠯᠯᠠᠭ᠎ᠠ) ᠳᠤᠮᠳᠠᠬᠢ ᠵᠢᠱ᠌ᠢᠶ᠎ᠡ ᠦᠵᠡᠭᠦᠯᠦᠨ ᠬᠡᠷᠡᠭᠯᠡᠬᠦ ᠵᠢ ᠬᠠᠶ᠋ᠢᠨ ᠰᠦᠪᠡᠭᠴᠢᠯᠡᠬᠦ ᠵᠢ ᠵᠣᠷᠢᠭᠵᠢᠭᠤᠯᠵᠤ᠂ ᠬᠠᠷᠢᠯᠴᠠᠨ ᠬᠥᠳᠡᠯᠦᠯᠴᠡᠬᠦ ᠸᠢᠳᠢᠣ᠋᠂ VR ᠸᠢᠳᠢᠣ᠋ ᠵᠡᠷᠭᠡ ᠮᠡᠷᠭᠡᠵᠢᠯ᠎ᠤᠨ ᠰᠤᠷᠭ᠋ᠠᠨ ᠬᠥᠮᠦᠵᠢᠯ᠂ ᠪᠡᠶ᠎ᠡ ᠵᠢᠨ ᠲᠠᠮᠢᠷ᠂ ᠦᠵᠡᠬᠦᠯᠭᠡ ᠵᠡᠷᠭᠡ ᠬᠦᠷᠢᠶᠡᠨ᠎ᠳᠠᠬᠢ ᠬᠡᠷᠡᠭᠯᠡᠯᠲᠡ ᠵᠢ ᠲᠦᠯᠬᠢᠨ ᠠᠬᠢᠭᠤᠯᠵᠤ᠂ ᠬᠠᠷᠢᠯᠴᠠᠨ ᠬᠥᠳᠡᠯᠦᠯᠴᠡᠬᠦ᠂ ᠪᠦᠬᠦ ᠲᠠᠯ᠎ᠠ᠎ᠪᠠᠷ ᠳᠡᠯᠭᠡᠨ ᠦᠵᠡᠭᠦᠯᠬᠦ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠫᠷᠤᠭ᠌ᠷᠠᠮ᠎ᠤᠨ ᠬᠡᠯᠪᠡᠷᠢ ᠵᠢᠨ ᠰᠢᠨ᠎ᠡ ᠵᠢ ᠡᠭᠦᠳᠴᠦ᠂ ᠬᠡᠷᠡᠭᠯᠡᠭᠴᠢᠳ᠎ᠤᠨ ᠪᠡᠶᠡᠴᠢᠯᠡᠨ ᠣᠶ᠋ᠢᠯᠠᠭ᠋ᠠᠯᠲᠠ ᠵᠢ ᠳᠡᠭᠡᠭᠰᠢᠯᠡᠭᠦᠯᠦᠨ᠎ᠡ᠃ ᠠᠶ᠋ᠢᠮᠠᠭ ᠬᠤᠲᠠ ᠵᠢᠨ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠨᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠨᠡᠶ᠋ᠢᠲᠡᠯᠡᠭᠰᠡᠨ ᠲᠤᠰᠬᠠᠶ ᠣᠷᠣᠨ ᠬᠤᠲᠠ ᠵᠢᠨ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠤᠨ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ ᠪᠥᠲᠥᠭᠡᠨ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ᠎ᠤ ᠱᠠᠲᠤᠨ᠎ᠤ ᠲᠠᠪᠴᠠᠩ᠎ᠤᠨ ᠵᠣᠯᠭ᠋ᠠᠭᠤᠯᠵᠤ ᠬᠤᠯᠪᠣᠯᠳᠤᠭᠤᠯᠬᠤ ᠵᠢ ᠠᠩᠬ᠎ᠠ ᠠᠯᠬᠤᠮ ᠪᠡᠶᠡᠯᠡᠭᠦᠯᠦᠨ᠎ᠡ᠃ ᠨᠥᠬᠦᠴᠡᠯ᠎ᠲᠠᠢ ᠠᠶ᠋ᠢᠮᠠᠭ ᠬᠤᠲᠠ ᠵᠢᠨ ᠨᠡᠪᠲᠡᠷᠡᠭᠦᠯᠬᠦ ᠪᠠᠶ᠋ᠢᠭᠤᠯᠤᠮᠵᠢ ᠵᠢᠨ ᠲᠤᠰ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠵᠣᠬᠢᠶᠠᠮᠠᠯ ᠤᠶᠤᠨ᠂ ᠲᠣᠮᠣ ᠳ᠋ᠠᠶ᠋ᠢᠲ᠋ᠠ ᠵᠡᠷᠭᠡ ᠰᠢᠨ᠎ᠡ ᠮᠡᠷᠭᠡᠵᠢᠯ᠎ᠤᠨ ᠦᠢ᠍ᠯᠡᠴᠢᠯᠡᠭᠡ ᠵᠢ ᠫᠷᠤᠭ᠌ᠷᠠᠮ᠎ᠤᠨ ᠦᠢ᠍ᠯᠡᠳᠪᠦᠷᠢᠯᠡᠯ᠎ᠳᠤ ᠬᠡᠷᠡᠭᠯᠡᠬᠦ ᠵᠢ ᠬᠠᠶ᠋ᠢᠨ ᠰᠦᠪᠡᠭᠴᠢᠯᠡᠵᠦ᠂ ᠤᠶᠤᠨᠴᠢᠯᠠᠭᠰᠠᠨ ᠵᠠᠭᠤᠴᠢᠯᠠᠭᠤᠷ᠎ᠤᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠳᠡᠰ ᠳᠡᠪᠰᠢᠬᠦ ᠵᠢ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠠᠶ᠋ᠢᠮᠠᠭ ᠬᠤᠲᠠ᠂ ᠬᠤᠰᠢᠭᠤ ᠰᠢᠶᠠᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠤᠶᠤᠨᠴᠢᠯᠠᠭᠰᠠᠨ ᠦᠢ᠍ᠯᠡᠳᠪᠦᠷᠢᠯᠡᠯ᠎ᠤᠨ ᠰᠢᠰᠲ᠋ᠧᠮ᠂ ᠤᠶᠤᠨᠴᠢᠯᠠᠭᠰᠠᠨ ᠬᠢᠨᠠᠨ ᠬᠠᠷᠭᠤᠭᠤᠯᠬᠤ ᠰᠢᠰᠲ᠋ᠧᠮ᠎ᠤᠨ ᠬᠡᠪᠴᠢᠶᠡᠵᠢᠭᠰᠡᠨ᠂ ᠣᠨᠣᠪᠴᠢᠯᠠᠭᠰᠠᠨ ᠬᠡᠷᠡᠭᠯᠡᠯᠲᠡ ᠵᠢ ᠴᠢᠩᠭ᠋ᠠᠳᠬᠠᠵᠤ᠂ ᠬᠤᠰᠢᠭᠤ ᠰᠢᠶᠠᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠰᠣᠳᠣᠨ ᠠᠭᠤᠯᠭ᠎ᠠ ᠵᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃
3. ᠴᠢᠨᠠᠷ ᠰᠠᠶ᠋ᠢᠲᠠᠶ ᠫᠷᠤᠭ᠌ᠷᠠᠮ᠎ᠤᠨ ᠡᠬᠢ ᠪᠠᠶᠠᠯᠢᠭ᠎ᠤᠨ ᠬᠠᠩᠭ᠋ᠠᠯᠭ᠎ᠠ ᠵᠢ ᠪᠠᠶᠠᠯᠢᠭᠵᠢᠭᠤᠯᠤᠨ᠎ᠠ
《ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠵᠦ ᠬᠠᠮᠲᠤ᠎ᠪᠠᠷ ᠠᠰᠢᠭ ᠬᠦᠷᠲᠡᠬᠦ》 ᠵᠢ ᠪᠠᠷᠢᠮᠲᠠᠯᠠᠵᠤ᠂ ᠣᠷᠣᠨ ᠪᠦᠰᠡ ᠵᠢᠨ ᠪᠠᠬᠢᠯᠡᠯᠲᠡ ᠵᠢ ᠨᠡᠪᠲᠡᠷᠡᠭᠦᠯᠵᠦ᠂ ᠭᠤᠯᠳᠤ ᠴᠢᠭᠯᠡᠯ ᠬᠥᠨᠳᠡᠯᠡᠨ ᠴᠢᠭᠯᠡᠯ ᠵᠶ᠋ᠡᠷ ᠬᠠᠮᠲᠤᠷᠠᠯᠴᠠᠬᠤ ᠵᠢ ᠴᠢᠩᠭ᠋ᠠᠳᠬᠠᠵᠤ᠂ ᠪᠦᠬᠦ ᠣᠷᠣᠨ᠎ᠤ ᠨᠡᠶ᠋ᠢᠲᠡ ᠵᠢᠨ ᠠᠰᠠᠷᠠᠮᠵᠢ ᠵᠢᠨ ᠴᠢᠨᠠᠷᠲᠠᠶ᠂ ᠣᠯᠠᠨ ᠨᠡᠶ᠋ᠢᠲᠡ ᠵᠢᠨ ᠴᠢᠨᠠᠷᠲᠠᠶ ᠰᠢᠯᠢᠳᠡᠭ ᠷᠠᠳᠢᠣ᠋ ᠲᠧᠯᠸᠢᠰ᠎ᠤᠨ ᠫᠷᠤᠭ᠌ᠷᠠᠮ᠎ᠤᠨ ᠡᠬᠢ ᠪᠠᠶᠠᠯᠢᠭ᠎ᠢ ᠬᠤᠷᠠᠮᠳᠤᠭᠤᠯᠵᠤ᠂ ᠡᠯ᠎ᠡ ᠨᠡᠪᠲᠡᠷᠡᠭᠦᠯᠬᠦ ᠪᠠᠶ᠋ᠢᠭᠤᠯᠤᠮᠵᠢ᠎ᠳᠤ ᠲᠥᠯᠥᠪᠦᠷᠢ ᠦᠭᠡᠶ᠎ᠪᠠᠷ ᠬᠠᠩᠭ᠋ᠠᠨ ᠥᠭᠴᠦ᠂ ᠪᠦᠬᠦ ᠣᠷᠣᠨ᠎ᠤ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢᠨ ᠣᠳᠣ ᠵᠢᠨ ᠪᠠᠶ᠋ᠢᠭ᠎ᠠ ᠫᠷᠤᠭ᠌ᠷᠠᠮ᠎ᠤᠨ ᠡᠬᠢ ᠪᠠᠶᠠᠯᠢᠭ᠎ᠢ ᠠᠮᠢᠯᠠᠭᠤᠯᠵᠤ᠂ ᠦᠨᠳᠦᠰᠦᠨ ᠱᠠᠲᠤᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠤᠨ ᠦᠢ᠍ᠯᠡᠳᠪᠦᠷᠢᠯᠡᠬᠦ ᠴᠢᠳᠠᠪᠤᠷᠢ᠎ᠪᠠᠷ ᠨᠡᠯᠢᠶᠡᠳ ᠪᠠᠭᠤᠷᠠᠶ ᠪᠠᠶ᠋ᠢᠬᠤ ᠠᠰᠠᠭᠤᠳᠠᠯ᠎ᠢ ᠰᠢᠢ᠍ᠳᠪᠦᠷᠢᠯᠡᠨ᠎ᠡ᠃ ᠡᠯ᠎ᠡ ᠱᠠᠲᠤᠨ᠎ᠤ ᠨᠡᠪᠲᠡᠷᠡᠭᠦᠯᠬᠦ ᠪᠠᠶ᠋ᠢᠭᠤᠯᠤᠮᠵᠢ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ ᠪᠠᠶ᠋ᠢᠭ᠋ᠠᠳ ᠫᠷᠤᠭ᠌ᠷᠠᠮ᠎ᠤᠨ ᠪᠠᠷᠢᠮᠵᠢᠶ᠎ᠠ ᠵᠢ ᠨᠢᠭᠡᠳᠦᠯᠵᠢᠭᠦᠯᠵᠦ᠂ ᠭᠣᠤᠯ ᠰᠡᠳᠦᠪ᠎ᠢ ᠲᠥᠰᠦᠪᠯᠡᠬᠦ ᠵᠢ ᠴᠢᠩᠭ᠋ᠠᠳᠬᠠᠨ᠂ ᠠᠭᠤᠯᠭ᠎ᠠ᠎ᠨᠢ ᠣᠶ᠋ᠢᠷᠠᠯᠴᠠᠭ᠎ᠠ᠂ ᠰᠡᠳᠦᠪ᠎ᠨᠢ ᠠᠳᠠᠯᠢᠪᠲᠤᠷ ᠫᠷᠤᠭ᠌ᠷᠠᠮ᠎ᠢ ᠡᠮᠬᠢᠯᠡᠨ ᠨᠡᠶ᠋ᠢᠯᠡᠭᠦᠯᠵᠦ᠂ ᠬᠠᠮᠲᠤᠷᠠᠨ ᠰᠡᠳᠦᠵᠦ᠂ ᠬᠠᠮᠲᠤᠷᠠᠨ ᠰᠤᠷᠪᠤᠯᠵᠢᠯᠠᠨ ᠨᠠᠶ᠋ᠢᠷᠠᠭᠤᠯᠵᠤ᠂ ᠬᠠᠮᠲᠤᠷᠠᠨ ᠵᠣᠬᠢᠶᠠᠵᠤ᠂ ᠬᠠᠮᠲᠤᠷᠠᠨ ᠨᠡᠪᠲᠡᠷᠡᠭᠦᠯᠵᠦ᠂ ᠨᠢᠭᠡ ᠪᠦᠯᠦᠭ ᠲᠤᠰ ᠲᠤᠰ᠎ᠤᠨ ᠣᠨᠴᠠᠯᠢᠭ᠎ᠲᠠᠢ ᠰᠢᠯᠢᠳᠡᠭ ᠷᠠᠳᠢᠣ᠋ ᠲᠧᠯᠸᠢᠰ᠎ᠤᠨ ᠫᠷᠤᠭ᠌ᠷᠠᠮ᠎ᠢ ᠬᠥᠲᠥᠯᠥᠨ ᠵᠢᠯᠣᠭᠣᠳᠴᠤ᠂ ᠪᠣᠶ᠋ᠢᠵᠢᠭᠤᠯᠵᠤ᠂ ᠪᠣᠶ ᠪᠣᠯᠭ᠋ᠠᠵᠤ᠂ ᠣᠷᠣᠨ ᠪᠦᠰᠡ ᠠᠯᠤᠰᠯᠠᠭᠰᠠᠨ ᠵᠠᠭᠤᠴᠢᠯᠠᠭᠤᠷ᠎ᠤᠨ ᠡᠬᠢ ᠪᠠᠶᠠᠯᠢᠭ᠎ᠢ ᠨᠡᠶ᠋ᠢᠯᠡᠭᠦᠯᠦᠨ ᠦᠢ᠍ᠯᠡᠳᠪᠦᠷᠢᠯᠡᠬᠦ ᠵᠢ ᠪᠡᠶᠡᠯᠡᠭᠦᠯᠦᠨ᠎ᠡ᠃ ᠦᠨᠡᠯᠡᠬᠦ ᠵᠣᠬᠢᠴᠠᠮᠵᠢ ᠵᠢ ᠪᠦᠷᠢᠨᠰᠢᠭᠦᠯᠦᠨ᠂ ᠫᠷᠤᠭ᠌ᠷᠠᠮ᠎ᠤᠨ ᠠᠭᠤᠯᠭ᠎ᠠ ᠵᠢ ᠦᠨᠡᠯᠡᠬᠦ ᠲᠤᠭᠲᠠᠯᠴᠠᠭ᠎ᠠ ᠵᠢᠨ ᠰᠢᠨᠵᠢᠯᠡᠬᠦ ᠤᠬᠠᠭ᠋ᠠᠨᠴᠢ ᠴᠢᠨᠠᠷ᠎ᠢ ᠴᠢᠩᠭ᠋ᠠᠷᠠᠭᠤᠯᠵᠤ᠂ ᠴᠢᠨᠠᠷ ᠰᠠᠶ᠋ᠢᠲᠠᠶ ᠫᠷᠤᠭ᠌ᠷᠠᠮ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠂ ᠠᠭᠤᠯᠭ᠎ᠠ ᠵᠢ ᠳᠠᠮᠵᠢᠭᠤᠯᠬᠤ ᠵᠢᠭᠰᠠᠭ᠋ᠠᠯ᠎ᠢ ᠪᠣᠶ ᠪᠣᠯᠭ᠋ᠠᠨ᠂ ᠰᠢᠯᠢᠳᠡᠭ ᠫᠷᠤᠭ᠌ᠷᠠᠮ᠎ᠤᠨ ᠳᠠᠮᠵᠢᠭᠤᠯᠬᠤ ᠬᠦᠴᠦᠨ ᠪᠠ ᠨᠥᠯᠥᠭᠡᠯᠡᠬᠦ ᠬᠦᠴᠦᠨ᠎ᠢ ᠨᠡᠮᠡᠭᠳᠡᠭᠦᠯᠦᠨ᠎ᠡ᠃
(ᠬᠤᠶᠠᠷ) ᠤᠬᠠᠭ᠋ᠠᠯᠢᠭ ᠷᠠᠳᠢᠣ᠋ ᠲᠧᠯᠸᠢᠰ ᠳᠠᠮᠵᠢᠭᠤᠯᠭ᠎ᠠ ᠵᠢᠨ ᠪᠦᠷᠬᠦᠴᠡ ᠵᠢᠨ ᠲᠣᠭᠲᠠᠯᠴᠠᠭ᠎ᠠ
1. ᠤᠲᠠᠰᠤ ᠦᠭᠡᠢ ᠷᠠᠳᠢᠣ᠋ ᠲᠧᠯᠸᠢᠰ᠎ᠤᠨ ᠪᠦᠷᠬᠦᠴᠡ ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ
ᠣᠳᠣ ᠵᠢᠨ ᠪᠠᠶ᠋ᠢᠭ᠎ᠠ ᠤᠲᠠᠰᠤ ᠦᠭᠡᠶ ᠪᠦᠷᠬᠦᠴᠡ ᠵᠢᠨ ᠲᠣᠤᠷ᠎ᠤᠨ ᠦᠯᠡᠳᠡᠭᠡᠯ ᠡᠬᠢ ᠪᠠᠶᠠᠯᠢᠭ᠎ᠢ ᠰᠠᠶ᠋ᠢᠲᠤᠷ ᠠᠰᠢᠭᠯᠠᠵᠤ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠤᠲᠠᠰᠤ ᠦᠭᠡᠶ ᠲᠣᠭ᠋ᠠᠵᠢᠭᠤᠯᠬᠤ ᠥᠨᠳᠥᠷ ᠲᠤᠳᠤᠷᠠᠴᠠᠲᠤᠵᠢᠭᠤᠯᠬᠤ ᠪᠦᠷᠬᠦᠴᠡ ᠵᠢ ᠯᠠᠪᠳᠠᠭᠤᠨ ᠵᠶ᠋ᠠᠷ ᠠᠬᠢᠭᠤᠯᠬᠤ ᠵᠢᠨ ᠬᠠᠮᠲᠤ᠂ ᠬᠣᠶ᠋ᠢᠴᠢ ᠦᠶ᠎ᠡ ᠵᠢᠨ ᠤᠲᠠᠰᠤ ᠦᠭᠡᠢ ᠷᠠᠳᠢᠣ᠋ ᠵᠢᠨ ᠮᠡᠷᠭᠡᠵᠢᠯ᠎ᠢ ᠷᠠᠳᠢᠣ᠋ ᠲᠧᠯᠸᠢᠰ᠎ᠤᠨ ᠠᠵᠢᠯ ᠲᠥᠷᠥᠯ᠎ᠳᠤ ᠬᠡᠷᠡᠭᠯᠡᠬᠦ ᠵᠢ ᠢᠳᠡᠪᠬᠢᠲᠡᠶ ᠰᠦᠪᠡᠭᠴᠢᠯᠡᠨ᠎ᠡ᠃ ᠤᠲᠠᠰᠤ ᠦᠭᠡᠢ ᠷᠠᠳᠢᠣ᠋ ᠵᠢᠨ ᠳᠠᠪᠲᠠᠮᠵᠢ ᠵᠢᠨ ᠵᠢᠭᠰᠠᠯ᠎ᠤᠨ ᠬᠡᠷᠡᠭᠯᠡᠬᠦ ᠣᠷᠣᠨ ᠵᠠᠶ ᠪᠠ ᠮᠡᠳᠡᠭᠡ ᠵᠠᠩᠭᠢ ᠵᠢᠨ ᠪᠠᠭᠲᠠᠭ᠋ᠠᠮᠵᠢ ᠵᠢ ᠥᠷᠭᠡᠳᠬᠡᠨ᠂ ᠤᠲᠠᠰᠤ ᠥᠬᠡᠶ ᠪᠦᠷᠬᠦᠴᠡ ᠵᠢᠨ ᠲᠣᠤᠷ᠎ᠤᠨ ᠦᠢ᠍ᠯᠡᠴᠢᠯᠡᠭᠡᠨ᠎ᠤ ᠰᠢᠯᠵᠢᠮᠡᠯ ᠦᠵᠦᠭᠦᠷ᠎ᠤᠨ ᠭᠠᠷᠳᠠᠬᠤ ᠭᠠᠵᠠᠷ᠎ᠢ ᠬᠠᠶ᠋ᠢᠨ ᠰᠦᠪᠡᠭᠴᠢᠯᠡᠵᠦ᠂ ᠣᠨᠴᠠᠭ᠋ᠠᠶ ᠵᠠᠬᠢᠶᠠᠯᠠᠨ ᠦᠢ᠍ᠯᠡᠳᠬᠦ ᠦᠢ᠍ᠯᠡᠴᠢᠯᠡᠭᠡ ᠵᠢ ᠬᠠᠩᠭ᠋ᠠᠨ᠂ ᠬᠡᠷᠡᠭᠯᠡᠭᠴᠢ ᠵᠢᠨ ᠬᠤᠭᠤᠷᠣᠨᠳᠣᠬᠢ ᠮᠡᠳᠡᠭᠡ ᠵᠠᠩᠭᠢ ᠵᠢᠨ ᠰᠣᠯᠢᠯᠴᠠᠭ᠎ᠠ ᠵᠢ ᠠᠬᠢᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠤᠲᠠᠰᠤ ᠥᠬᠡᠶ ᠪᠦᠷᠬᠦᠴᠡ ᠵᠢᠨ ᠬᠥᠭᠵᠢᠯᠲᠡ ᠵᠢᠨ ᠠᠷᠭ᠎ᠠ ᠵᠠᠮ᠎ᠢ ᠥᠷᠭᠡᠳᠬᠡᠨ᠂ ᠷᠠᠳᠢᠣ᠋ ᠲᠧᠯᠸᠢᠰ᠎ᠤᠨ ᠰᠢᠨ᠎ᠡ ᠬᠡᠯᠪᠡᠷᠢ ᠵᠢᠨ ᠲᠤᠬᠠᠶ᠋ᠢᠯᠠᠭᠰᠠᠨ ᠠᠵᠢᠯ᠎ᠤᠨ ᠵᠠᠭᠪᠤᠷ᠎ᠢ ᠪᠣᠶ ᠪᠣᠯᠭ᠋ᠠᠵᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠪᠠ ᠪᠦᠲᠦᠮᠵᠢᠲᠡᠶ ᠠᠰᠢᠭᠯᠠᠬᠤ ᠵᠢ ᠪᠡᠶᠡᠯᠡᠭᠦᠯᠦᠨ᠎ᠡ᠃ ᠬᠤᠷᠢᠶ᠎ᠠ ᠥᠷᠲᠡᠭᠡ ᠵᠢᠨ ᠪᠠᠷᠢᠮᠵᠢᠶᠠᠵᠢᠭᠤᠯᠤᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠮᠡᠳᠡᠭᠡ ᠵᠠᠩᠭᠢᠵᠢᠯᠲᠠ ᠵᠢᠨ ᠪᠦᠲᠦᠭᠡᠨ ᠪᠠᠶ᠋ᠢᠭᠤᠯᠤᠯᠲᠠ᠂ ᠳᠡᠭᠡᠳᠦ ᠰᠢᠨ᠎ᠡ ᠮᠡᠷᠭᠡᠵᠢᠯ᠎ᠤᠨ ᠬᠡᠷᠡᠭᠯᠡᠯᠲᠡ ᠵᠢᠴᠢ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠵᠡᠷᠭᠡ 10 ᠲᠠᠯ᠎ᠠ ᠵᠢᠨ ᠠᠭᠤᠯᠭ᠎ᠠ ᠵᠢᠨ ᠲᠣᠭᠤᠷᠢᠨ᠎ᠳᠤ᠂ ᠣᠶᠣᠨᠲᠤ ᠷᠠᠳᠢᠣ᠋ ᠲᠧᠯᠸᠢᠰ᠎ᠤᠨ ᠤᠲᠠᠰᠤ ᠥᠬᠡᠶ ᠰᠦᠯᠵᠢᠶᠡᠨ᠎ᠤ ᠬᠠᠮᠠᠭ᠋ᠠᠯᠠᠯᠲᠠ ᠬᠠᠮᠢᠶᠠᠷᠤᠯᠲᠠ ᠵᠢᠨ ᠲᠦᠪᠰᠢᠨ ᠪᠠ ᠤᠲᠠᠰᠤ ᠥᠬᠡᠶ ᠪᠦᠷᠬᠦᠴᠡ ᠵᠢᠨ ᠰᠠᠴᠤᠷᠠᠭᠤᠯᠭ᠎ᠠ ᠵᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠷᠠᠳ ᠣᠯᠠᠨ᠎ᠤ ᠷᠠᠳᠢᠣ᠋ ᠨᠡᠪᠲᠡᠷᠡᠭᠦᠯᠭᠡ ᠵᠢ ᠰᠠᠶ᠋ᠢᠲᠤᠷ ᠰᠣᠨᠣᠰᠬᠤ᠂ ᠲᠧᠯᠸᠢᠰ᠎ᠢ ᠰᠠᠶ᠋ᠢᠲᠤᠷ ᠦᠵᠡᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠨ᠎ᠠ᠃
2. ᠣᠲᠠᠰᠣ᠎ᠲᠤ ᠲᠧᠯᠧᠢ᠍ᠰ᠎ᠤᠨ ᠰᠣᠢ᠍ᠯᠵᠢᠶᠡ ᠵᠢ ᠲᠠᠰ ᠲᠠᠪᠰᠢᠭᠦᠯᠭᠦ ᠣᠢ᠍ᠭᠡᠷᠠᠴᠢᠯᠠᠯᠲᠠ ᠵᠢ ᠠᠭᠢᠭᠣᠯᠣᠨᠠ
ᠵᠣᠬᠢᠶᠠᠮᠠᠯ ᠣᠶᠤᠨ᠂ ᠲᠣᠮᠣ ᠳ᠋ᠠᠶ᠋ᠢᠲ᠋ᠠ᠂ ᠡᠭᠦᠯᠡᠨ ᠪᠣᠳᠣᠯᠲᠠ᠂ ᠵᠥᠭᠡᠯᠡᠨ ᠲᠣᠨᠤᠭ᠎ᠤᠨ ᠲᠣᠮᠢᠶᠠᠯᠠᠯ᠎ᠤᠨ ᠰᠦᠯᠵᠢᠶ᠎ᠡ᠂ ᠰᠦᠯᠵᠢᠶᠡᠨ᠎ᠤ ᠴᠢᠳᠠᠮᠵᠢ ᠵᠢᠨ ᠬᠡᠶ᠋ᠢᠰᠪᠦᠷᠢᠴᠢᠯᠡᠯᠲᠡ᠂ ᠵᠠᠬ᠎ᠠ ᠬᠢᠵᠠᠭ᠋ᠠᠷ᠎ᠤᠨ ᠪᠣᠳᠣᠯᠲᠠ᠂ ᠪᠢᠴᠢᠯ ᠦᠢ᠍ᠯᠡᠴᠢᠯᠡᠭᠡ ᠵᠡᠷᠭᠡ ᠰᠢᠨ᠎ᠡ ᠮᠡᠷᠭᠡᠵᠢᠯ᠎ᠢ ᠭᠦᠢ᠍ᠴᠡᠳ ᠬᠡᠷᠡᠭᠯᠡᠵᠦ᠂ ᠤᠲᠠᠰᠤᠲᠤ ᠲᠧᠯᠸᠢᠰ᠎ᠤᠨ ᠰᠦᠯᠵᠢᠶᠡᠨ᠎ᠤ ᠴᠢᠨᠠᠷ ᠰᠠᠶ᠋ᠢᠲᠠᠶ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠢᠵᠢᠮ ᠪᠣᠯᠭ᠋ᠠᠵᠤ᠂ ᠤᠲᠠᠰᠤᠲᠤ ᠲᠧᠯᠸᠢᠰ᠎ᠤᠨ ᠲᠣᠤᠷ ᠰᠦᠯᠵᠢᠶ᠎ᠡ ᠬᠢᠭᠡᠳ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠭᠦᠨᠵᠡᠭᠡᠶ ᠠᠭᠤᠰᠤᠯᠴᠠᠯ᠎ᠢ ᠭᠦᠨᠵᠡᠭᠡᠶ᠋ᠢᠷᠡᠭᠦᠯᠬᠦ᠎ᠪᠠᠷ ᠭᠤᠤᠯᠳᠠᠯᠭ᠎ᠠ ᠪᠣᠯᠭ᠋ᠠᠵᠤ᠂ ᠪᠥᠬᠦ ᠣᠷᠣᠨ᠎ᠤ ᠤᠲᠠᠰᠤᠲᠤ ᠲᠧᠯᠸᠢᠰ᠎ᠤᠨ ᠭᠤᠣᠯᠯᠠᠬᠤ ᠰᠦᠯᠵᠢᠶ᠎ᠡ᠂ ᠬᠤᠲᠠ ᠵᠢᠨ ᠬᠡᠪᠴᠢᠶᠡᠨ᠎ᠤ ᠰᠦᠯᠵᠢᠶ᠎ᠡ ᠪᠠ ᠰᠦᠯᠵᠢᠶᠡᠨ᠎ᠳᠤ ᠣᠷᠣᠭᠤᠯᠬᠤ ᠵᠢ ᠥᠭᠡᠷᠡᠴᠢᠯᠡᠨ ᠲᠠᠰ ᠳᠡᠪᠰᠢᠭᠦᠯᠬᠦ ᠵᠢ ᠠᠬᠢᠭᠤᠯᠵᠤ᠂ IP ᠪᠣᠯᠭ᠋ᠠᠭᠰᠠᠨ᠂ ᠡᠭᠦᠯᠡᠨᠵᠢᠭᠰᠡᠨ᠂ ᠤᠶᠤᠨᠴᠢᠯᠠᠭᠰᠠᠨ᠂ ᠠᠭᠤᠰᠤᠯᠴᠠᠭᠰᠠᠨ ᠰᠢᠨ᠎ᠡ ᠬᠡᠯᠪᠡᠷᠢ ᠵᠢᠨ ᠤᠲᠠᠰᠤᠲᠤ ᠲᠧᠯᠸᠢᠰ᠎ᠤᠨ ᠲᠣᠤᠷ᠎ᠢ ᠪᠣᠶ ᠪᠣᠯᠭ᠋ᠠᠨ᠎ᠠ᠃ ᠡᠮᠦᠨ᠎ᠡ ᠦᠵᠦᠭᠦᠷ᠎ᠤᠨ ᠰᠢᠰᠲ᠋ᠧᠮ᠎ᠢ ᠲᠡᠰ ᠳᠡᠪᠰᠢᠭᠦᠯᠦᠨ ᠥᠭᠡᠷᠡᠴᠢᠯᠡᠬᠦ᠂ ᠡᠮᠦᠨ᠎ᠡ ᠦᠵᠦᠭᠦᠷ᠎ᠤᠨ ᠭᠠᠮᠰᠢᠭ᠎ᠲᠤ ᠪᠡᠯᠡᠳᠬᠡᠬᠦ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠂ IT ᠲᠤᠯᠭ᠋ᠠᠭᠤᠷᠢᠯᠠᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠂ ᠤᠯᠠᠨ ᠲᠡᠰ᠎ᠤᠨ ᠲᠠᠷᠬᠠᠯᠲᠠ ᠵᠢᠨ ᠬᠡᠯᠪᠡᠷᠢ ᠵᠢᠨ ᠤᠶᠤᠨᠲᠤ ᠷᠠᠳᠢᠣ᠋ ᠲᠧᠯᠸᠢᠰ᠎ᠤᠨ ᠡᠭᠦᠯᠡᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ᠂ ᠤᠶᠤᠨᠲᠤ ᠷᠠᠳᠢᠣ᠋ ᠲᠧᠯᠸᠢᠰ᠎ᠤᠨ ᠳ᠋ᠠᠶ᠋ᠢᠲ᠋ᠠ ᠵᠢᠨ ᠡᠬᠢ ᠪᠠᠶᠠᠯᠢᠭ᠎ᠤᠨ ᠲᠣᠭᠳᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ᠂ ᠤᠶᠤᠨᠯᠢᠭ ᠠᠭᠤᠰᠤᠯᠴᠠᠯ᠎ᠤᠨ CDN ᠵᠢᠨ ᠪᠦᠲᠦᠭᠡᠨ ᠪᠠᠶ᠋ᠢᠭᠤᠯᠤᠯᠲᠠ᠂ ᠸᠢᠳᠢᠣ᠋᠎ᠪᠠᠷ ᠨᠡᠪᠲᠡᠷᠡᠭᠦᠯᠬᠦ ᠰᠢᠰᠲ᠋ᠧᠮ᠎ᠤᠨ ᠥᠭᠡᠷᠡᠴᠢᠯᠡᠯᠲᠡ᠂ IPv6 ᠵᠢ ᠲᠡᠰ ᠳᠡᠪᠰᠢᠭᠦᠯᠦᠨ ᠥᠭᠡᠷᠡᠴᠢᠯᠡᠬᠦ ᠵᠡᠷᠭᠡ ᠵᠠᠩᠭᠢᠯᠠᠭ᠎ᠠ ᠵᠢᠨ ᠲᠦᠷᠦᠯ ᠵᠦᠢ᠍ᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠨ᠎ᠡ᠃ ᠤᠲᠠᠰᠤᠲᠤ ᠤᠲᠠᠰᠤ ᠦᠭᠡᠶ ᠵᠢᠨ ᠠᠭᠤᠰᠤᠯᠴᠠᠯ᠂ ᠷᠠᠳᠢᠣ᠋ ᠨᠡᠪᠲᠡᠷᠡᠭᠦᠯᠭᠡ ᠬᠠᠷᠢᠯᠴᠠᠨ ᠬᠠᠮᠵᠢᠯᠴᠠᠬᠤ᠂ ᠲᠣᠮᠣ ᠵᠢᠵᠢᠭ ᠳᠡᠯᠭᠡᠴᠡ ᠬᠠᠮᠲᠤᠷᠠᠨ ᠬᠥᠳᠡᠯᠦᠯᠴᠡᠬᠦ᠂ ᠳᠡᠭᠡᠳᠦ ᠬᠤᠷᠳᠤᠴᠠᠲᠤ᠂ ᠥᠷᠭᠡᠨ ᠳᠡᠯᠭᠡᠷ᠂ ᠣᠶᠣᠨᠲᠤ᠂ ᠠᠮᠤᠷ ᠲᠦᠪᠰᠢᠨ ᠪᠦᠬᠦᠢ ᠤᠯᠤᠰ᠎ᠤᠨ ᠮᠡᠳᠡᠭᠡ ᠵᠠᠩᠭᠢᠵᠢᠯᠲᠠ ᠵᠢᠨ ᠰᠠᠭᠤᠷᠢ ᠲᠥᠬᠦᠭᠡᠷᠦᠮᠵᠢ ᠪᠣᠯᠤᠨ ᠶᠡᠷᠦᠩᠬᠡᠶ᠋ᠢᠯᠡᠭᠰᠡᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠣᠤᠷ ᠰᠦᠯᠵᠢᠶ᠎ᠡ ᠵᠢ ᠠᠩᠬ᠎ᠠ ᠠᠯᠬᠤᠮ ᠪᠠᠶ᠋ᠢᠭᠤᠯᠤᠨ᠎ᠠ᠃
3. ᠷᠠᠳᠢᠣ᠋ ᠲᠧᠯᠸᠢᠰ᠎ᠤᠨ 5G ᠰᠦᠯᠵᠢᠶ᠎ᠡ ᠵᠢ ᠪᠣᠶ ᠪᠣᠯᠭ᠋ᠠᠨ᠎ᠠ
ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠷᠠᠳᠢᠣ᠋ ᠲᠧᠯᠸᠢᠰ᠎ᠤᠨ 5G ᠰᠦᠯᠵᠢᠶ᠎ᠡ ᠵᠢ ᠲᠦᠷᠭᠡᠨ ᠪᠠᠶ᠋ᠢᠭᠤᠯᠤᠨ᠎ᠠ᠃ ᠣᠲᠣ ᠵᠢᠨ ᠪᠠᠶ᠋ᠢᠭ᠎ᠠ ᠵᠠᠮᠨᠠᠯ ᠪᠠ ᠰᠠᠭᠤᠷᠢ ᠰᠦᠯᠵᠢᠶᠡᠨ᠎ᠤ ᠲᠥᠬᠦᠭᠡᠷᠦᠮᠵᠢ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠨ᠂ ᠣᠷᠣᠨ᠎ᠤ ᠭᠤᠤᠯ ᠰᠦᠯᠵᠢᠶ᠎ᠡ ᠪᠠ ᠬᠤᠲᠠ ᠵᠢᠨ ᠬᠡᠪᠴᠢᠶᠡᠨ᠎ᠤ ᠰᠦᠯᠵᠢᠶ᠎ᠡ ᠵᠢ ᠪᠦᠲᠦᠭᠡᠨ ᠪᠠᠶ᠋ᠢᠭᠤᠯᠤᠨ ᠲᠡᠭᠦᠯᠳᠡᠷᠵᠢᠭᠦᠯᠵᠦ᠂ ᠷᠠᠳᠢᠣ᠋ ᠲᠧᠯᠸᠢᠰ᠎ᠤᠨ 5G᠎ᠳᠤ ᠳᠠᠭ᠋ᠠᠭ᠋ᠠᠴᠠ ᠵᠢᠨ ᠰᠦᠯᠵᠢᠶᠡᠨ᠎ᠤ ᠡᠬᠢ ᠪᠠᠶᠠᠯᠢᠭ᠎ᠢ ᠬᠠᠩᠭ᠋ᠠᠨ᠎ᠠ᠃ ᠣᠲᠣ ᠵᠢᠨ ᠪᠠᠶ᠋ᠢᠭ᠎ᠠ ᠲᠣᠤᠷ᠎ᠲᠤ ᠵᠠᠯᠭ᠋ᠠᠵᠤ ᠣᠷᠣᠭᠤᠯᠬᠤ ᠲᠥᠬᠥᠭᠡᠷᠦᠮᠵᠢ ᠵᠢ ᠠᠰᠢᠭᠯᠠᠨ᠂ ᠷᠠᠳᠢᠣ᠋ ᠲᠧᠯᠸᠢᠰ᠎ᠤᠨ 5G ᠵᠢᠨ ᠤᠲᠠᠰᠤ ᠥᠬᠡᠶ ᠲᠣᠣᠷ᠎ᠲᠤ ᠵᠠᠯᠭ᠋ᠠᠵᠤ ᠣᠷᠣᠭᠤᠯᠬᠤ ᠵᠢ ᠪᠦᠲᠦᠭᠡᠨ ᠪᠠᠶ᠋ᠢᠭᠤᠯᠵᠤ᠂ ᠰᠠᠭᠤᠷᠢ ᠥᠷᠲᠡᠭᠡ ᠵᠢᠨ ᠬᠠᠷᠢᠯᠴᠠᠨ ᠬᠤᠯᠪᠣᠭ᠋ᠠᠯᠠᠬᠤ᠂ ᠰᠠᠭᠤᠷᠢ ᠪᠦᠰᠡ ᠵᠢᠨ ᠳᠣᠬᠢᠶᠠᠨ᠎ᠤ ᠡᠮᠦᠨ᠎ᠡ ᠳᠠᠮᠵᠢᠯᠭ᠎ᠠ ᠪᠠ ᠠᠰᠠᠷ ᠲᠠᠭᠲᠤ ᠵᠢᠨ ᠳᠣᠬᠢᠶᠠᠨ᠎ᠤ ᠭᠦᠨᠵᠡᠭᠡᠶ ᠪᠦᠷᠬᠦᠴᠡ ᠵᠢ ᠪᠡᠶᠡᠯᠡᠭᠦᠯᠦᠨ᠎ᠡ᠃ ᠣᠯᠠᠨ ᠳᠠᠪᠲᠠᠮᠵᠢᠲᠤ ᠬᠠᠮᠵᠢᠯᠴᠠᠬᠤ ᠲᠣᠤᠷ ᠰᠦᠯᠵᠢᠶ᠎ᠡ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠳᠡᠭᠡᠳᠦ ᠬᠤᠷᠳᠤᠴᠠᠲᠤ᠂ ᠥᠷᠭᠡᠨ ᠳᠡᠯᠭᠡᠷ ᠂ ᠠᠮᠤᠷ ᠲᠦᠪᠰᠢᠨ᠂ ᠨᠠᠶ᠋ᠢᠳᠠᠪᠤᠷᠢᠲᠠᠶ ᠴᠢᠨᠠᠷ ᠰᠠᠶ᠋ᠢᠲᠠᠶ ᠲᠣᠤᠷ ᠰᠦᠯᠵᠢᠶᠡᠨ᠎ᠤ ᠦᠢ᠍ᠯᠡᠴᠢᠯᠡᠭᠡ ᠵᠢ ᠬᠠᠩᠭ᠋ᠠᠵᠤ᠂ ᠷᠠᠳᠢᠣ᠋ ᠲᠧᠯᠸᠢᠰ᠎ᠤᠨ 5G ᠡᠭᠴᠡ ᠠᠵᠢᠯ ᠲᠥᠷᠥᠯ᠎ᠤᠨ ᠬᠡᠷᠡᠭᠯᠡᠭᠡᠨ᠎ᠤ ᠬᠥᠭᠵᠢᠯᠲᠡ ᠵᠢ ᠳᠥᠯᠭᠢᠨ ᠠᠬᠢᠭᠤᠯᠵᠤ᠂ 2B/2C ᠲᠤᠬᠠᠶ᠋ᠢᠯᠠᠭᠰᠠᠨ ᠠᠵᠢᠯ᠎ᠤᠨ ᠥᠷᠢᠰᠥᠯᠳᠦᠭᠡᠨ᠎ᠢ ᠠᠷᠭ᠋ᠠᠴᠠᠨ᠎ᠠ᠃ ᠪᠣᠳᠠᠰ᠎ᠤᠨ ᠰᠦᠯᠵᠢᠶ᠎ᠡ ᠵᠢᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠮᠡᠷᠭᠡᠵᠢᠯ᠎ᠤᠨ ᠰᠠᠶ᠋ᠢᠨ ᠰᠠᠶ᠋ᠢᠬᠠᠨ ᠲᠤᠯᠭ᠋ᠠᠭᠤᠷᠢᠯᠠᠯ ᠪᠠ ᠦᠢ᠍ᠯᠡᠴᠢᠯᠡᠭᠡ ᠵᠢ ᠬᠠᠩᠭ᠋ᠠᠵᠤ᠂ ᠪᠣᠳᠠᠰ᠎ᠤᠨ ᠰᠦᠯᠵᠢᠶ᠎ᠡ ᠵᠢᠨ ᠬᠡᠷᠡᠭᠯᠡᠯᠲᠡ ᠵᠢ ᠨᠡᠭᠡᠭᠡᠨ ᠬᠥᠭᠵᠢᠭᠦᠯᠬᠦ ᠥᠪᠡᠷ᠎ᠤᠨ ᠥᠷᠲᠡᠭ᠎ᠢ ᠪᠠᠭᠤᠷᠠᠭᠤᠯᠤᠨ᠂ ᠨᠡᠭᠡᠭᠡᠨ ᠬᠥᠭᠵᠢᠭᠦᠯᠬᠦ ᠦᠶᠡᠯᠡᠯ᠎ᠤᠨ ᠬᠤᠭᠤᠴᠠᠭ᠎ᠠ ᠵᠢ ᠪᠣᠭᠤᠨᠢᠰᠬᠠᠵᠤ᠂ ᠶᠡᠭᠡ ᠬᠡᠮᠵᠢᠶᠡᠨ᠎ᠤ ᠦᠵᠦᠭᠦᠷ᠎ᠤᠨ ᠵᠠᠯᠭ᠋ᠠᠨ ᠣᠷᠣᠭᠤᠯᠬᠤ ᠵᠢ ᠳᠡᠮᠵᠢᠵᠦ᠂ ᠲᠣᠮᠣ ᠳ᠋ᠠᠶ᠋ᠢᠲ᠋ᠠ ᠵᠢᠨ ᠠᠵᠢᠯᠯᠠᠭ᠋ᠠᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ᠃ ᠳᠣᠤᠷ᠎ᠠ ᠠᠵᠢᠯ᠎ᠤᠨ ᠬᠤᠷᠣᠭᠳᠠᠯ᠎ᠤᠨ ᠥᠷᠭᠡᠨ ᠬᠡᠪᠴᠢᠶᠡᠨ᠎ᠤ ᠷᠠᠳᠢᠣ᠋ ᠲᠧᠯᠸᠢᠰ᠎ᠤᠨ ᠪᠣᠳᠠᠰ᠎ᠤᠨ ᠰᠦᠯᠵᠢᠶ᠎ᠡ ᠵᠢᠨ ᠲᠣᠤᠷ ᠰᠦᠯᠵᠢᠶ᠎ᠡ ᠵᠢᠨ ᠪᠠᠶ᠋ᠢᠷᠢᠯᠠᠭᠤᠯᠤᠯᠲᠠ ᠵᠢ ᠲᠦᠷᠭᠡᠳᠬᠡᠵᠦ᠂ ᠰᠦᠯᠵᠢᠶᠡᠨ᠎ᠤ ᠪᠦᠷᠬᠦᠴᠡ ᠪᠠ ᠰᠠᠶ᠋ᠢᠨ ᠦᠢ᠍ᠯᠡᠴᠢᠯᠡᠭᠡ ᠬᠠᠩᠭ᠋ᠠᠵᠤ᠂ ᠬᠡᠷ ᠳᠣᠲᠣᠷᠠᠬᠢ᠂ ᠵᠠᠮ ᠬᠠᠷᠢᠯᠴᠠᠭ᠋ᠠᠨ᠎ᠤ ᠰᠦᠯᠵᠢᠶ᠎ᠡ᠂ ᠭᠠᠵᠠᠷ ᠳᠣᠤᠷᠠᠬᠢ ᠬᠤᠭᠤᠯᠠᠶ ᠲᠣᠤᠷ ᠵᠡᠷᠭᠡ ᠬᠡᠷᠡᠭᠯᠡᠭᠡᠨ᠎ᠤ ᠪᠠᠶ᠋ᠢᠳᠠᠯ᠎ᠳᠤ ᠬᠠᠨᠳᠤᠭᠤᠯᠤᠨ᠂ ᠭᠦᠨᠵᠡᠭᠡᠶ ᠬᠠᠮᠤᠷᠬᠤ ᠵᠢ ᠪᠡᠶᠡᠯᠡᠭᠦᠯᠦᠨ᠎ᠡ᠃
4. ᠪᠢᠴᠢᠯ ᠳᠣᠯᠭᠢᠶᠠᠨ ᠵᠶ᠋ᠠᠷ ᠳᠠᠮᠵᠢᠭᠤᠯᠬᠤ ᠰᠢᠰᠲ᠋ᠧᠮ᠎ᠤᠨ ᠪᠠᠭᠲᠠᠭ᠋ᠠᠮᠵᠢ ᠵᠢ ᠥᠷᠭᠡᠳᠬᠡᠨ ᠥᠭᠡᠷᠡᠴᠢᠯᠡᠬᠦ ᠵᠢ ᠲᠦᠯᠬᠢᠨ ᠠᠬᠢᠭᠤᠯᠤᠨ᠎ᠠ
ᠪᠦᠬᠦ ᠣᠷᠣᠨ᠎ᠤ ᠪᠢᠴᠢᠯ ᠳᠣᠯᠭᠢᠶᠠᠨ᠎ᠤ ᠳᠣᠬᠢᠶᠠᠨ᠎ᠤ ᠡᠬᠢ ᠳᠠᠮᠵᠢᠭᠤᠯᠬᠤ ᠪᠠ ᠵᠠᠯᠭ᠋ᠠᠬᠤ ᠰᠢᠰᠲ᠋ᠧᠮ᠎ᠢ ᠲᠡᠭᠦᠯᠳᠡᠷᠵᠢᠭᠦᠯᠵᠦ᠂ ᠫᠷᠤᠭ᠌ᠷᠠᠮ᠎ᠤᠨ ᠰᠢᠨ᠎ᠡ ᠮᠡᠷᠭᠡᠵᠢᠯ ᠳᠠᠮᠵᠢᠭᠤᠯᠬᠤ ᠬᠡᠷᠡᠭᠯᠡᠯᠲᠡ ᠵᠢ ᠴᠢᠩᠭ᠋ᠠᠳᠬᠠᠵᠤ᠂ ᠳᠣᠬᠢᠶᠠᠨ᠎ᠤ ᠡᠬᠢ ᠳᠠᠮᠵᠢᠭᠤᠯᠬᠤ ᠴᠢᠳᠠᠪᠤᠷᠢ ᠪᠠ ᠨᠠᠶ᠋ᠢᠳᠠᠪᠤᠷᠢᠲᠤ ᠴᠢᠨᠠᠷ᠎ᠢ ᠳᠡᠭᠡᠭᠰᠢᠯᠡᠭᠦᠯᠦᠨ᠎ᠡ᠃ ᠪᠢᠴᠢᠯ ᠳᠣᠯᠭᠢᠶᠠᠨ᠎ᠤ ᠥᠷᠲᠡᠭᠡ ᠵᠢᠨ ᠪᠠᠷᠢᠮᠵᠢᠶᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠢᠴᠢᠯ ᠳᠣᠯᠭᠢᠶᠠᠨ᠎ᠤ ᠲᠣᠭ᠋ᠠᠴᠢᠯᠠᠭᠰᠠᠨ ᠴᠠᠬᠢᠯᠭ᠋ᠠᠨ ᠬᠡᠯᠬᠢᠶ᠎ᠡ ᠵᠢᠨ ᠳᠠᠭ᠋ᠠᠯᠲᠠ ᠲᠥᠬᠦᠭᠡᠷᠦᠮᠵᠢ ᠵᠢ ᠥᠭᠡᠷᠡᠴᠢᠯᠡᠬᠦ ᠵᠢ ᠢᠳᠡᠪᠬᠢᠲᠡᠶ ᠠᠬᠢᠭᠤᠯᠤᠨ᠎ᠠ᠃ ᠪᠢᠴᠢᠯ ᠳᠣᠯᠭᠢᠶᠠᠨ ᠵᠶ᠋ᠠᠷ ᠳᠠᠮᠵᠢᠭᠤᠯᠬᠤ ᠰᠢᠰᠲ᠋ᠧᠮ᠎ᠤᠨ ᠪᠠᠭᠲᠠᠭ᠋ᠠᠮᠵᠢ ᠵᠢ ᠥᠷᠭᠡᠳᠬᠡᠨ ᠥᠭᠡᠷᠡᠴᠢᠯᠡᠬᠦ ᠵᠢ ᠪᠡᠶᠡᠯᠡᠭᠦᠯᠵᠦ᠂ ᠪᠢᠴᠢᠯ ᠳᠣᠯᠭᠢᠶᠠᠨ᠎ᠤ ᠥᠷᠲᠡᠭᠡ ᠵᠢᠨ ᠳᠠᠮᠵᠢᠭᠤᠯᠵᠤ ᠵᠠᠯᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠳᠣᠬᠢᠶᠠᠨ᠎ᠤ ᠡᠬᠢ ᠳᠠᠮᠵᠢᠭᠤᠯᠬᠤ ᠪᠠᠶ᠋ᠢᠷᠢᠰᠢᠯ᠎ᠢ ᠲᠡᠭᠦᠯᠳᠡᠷᠵᠢᠭᠦᠯᠵᠦ᠂ ᠭᠤᠣᠯ ᠲᠤᠬᠠᠶ᠋ᠢᠯᠠᠭᠰᠠᠨ ᠠᠵᠢᠯ᠎ᠤᠨ ᠳᠣᠬᠢᠶ᠎ᠠ ᠵᠢ ᠣᠯᠠᠨ ᠵᠦᠢ᠍ᠯ᠎ᠤᠨ ᠮᠡᠷᠭᠡᠵᠢᠯ᠎ᠤᠨ ᠠᠷᠭ᠎ᠠ ᠪᠠᠷᠢᠯ ᠵᠶ᠋ᠠᠷ ᠳᠠᠮᠵᠢᠭᠤᠯᠤᠨ᠎ᠠ᠃
(ᠭᠤᠷᠪᠠ) ᠣᠶᠣᠨᠲᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ
1. ᠣᠶᠣᠨᠲᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ
ᠣᠳᠣ ᠵᠢᠨ ᠪᠠᠶ᠋ᠢᠭ᠎ᠠ ᠷᠠᠳᠢᠣ᠋ ᠨᠡᠪᠲᠡᠷᠡᠭᠦᠯᠭᠡ ᠲᠧᠯᠸᠢᠰ᠎ᠤᠨ ᠳᠠᠮᠵᠢᠭᠤᠯᠬᠤ ᠲᠣᠤᠷ ᠰᠦᠯᠵᠢᠶ᠎ᠡ ᠵᠢᠴᠢ ᠬᠣᠯᠪᠤᠭᠳᠠᠯ ᠪᠦᠬᠦᠢ ᠰᠠᠭᠤᠷᠢ ᠲᠥᠬᠦᠭᠡᠷᠦᠮᠵᠢ ᠵᠢ ᠭᠦᠢ᠍ᠴᠡᠳ ᠠᠰᠢᠭᠯᠠᠨ᠂ ᠡᠯ᠎ᠡ ᠱᠠᠲᠤᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠷᠠᠳᠢᠣ᠋ ᠲᠧᠯᠸᠢᠰ᠎ᠤᠨ ᠤᠲᠠᠰᠤᠲᠤ᠂ ᠤᠲᠠᠰᠤ ᠥᠬᠡᠶ ᠠᠭᠤᠰᠤᠯᠴᠠᠯ᠎ᠤᠨ ᠲᠣᠤᠷ ᠰᠦᠯᠵᠢᠶ᠎ᠡ ᠬᠢᠭᠡᠳ ᠥᠷᠭᠡᠨ ᠳᠡᠯᠭᠡᠷ ᠬᠠᠮᠤᠷᠤᠭᠰᠠᠨ ᠤᠶᠤᠨᠲᠤ ᠲᠸᠯᠸᠢᠰ᠎ᠤᠨ ᠳᠠᠪᠲᠠᠮᠵᠢ ᠬᠦᠯᠢᠶᠡᠭᠦᠷ᠎ᠤᠨ ᠦᠵᠦᠭᠦᠷ᠎ᠲᠤ ᠲᠦᠰᠢᠭᠯᠡᠨ᠂ 《ᠨᠢᠭᠡ ᠡᠭᠦᠯᠡ᠂ ᠨᠢᠭᠡ ᠰᠦᠯᠵᠢᠶ᠎ᠡ᠂ ᠭᠤᠷᠪᠠᠨ ᠲᠠᠪᠴᠠᠩ》 (ᠷᠠᠳᠢᠣ᠋ ᠲᠧᠯᠸᠢᠰ᠎ᠤᠨ ᠰᠦᠯᠵᠢᠶᠡᠨ᠎ᠤ ᠦᠢ᠍ᠯᠡᠴᠢᠯᠡᠭᠡᠨ᠎ᠤ ᠡᠭᠦᠯᠡ᠂ ᠷᠠᠳᠢᠣ᠋ ᠲᠧᠯᠸᠢᠰ᠎ᠤᠨ ᠤᠲᠠᠰᠤᠲᠤ ᠤᠲᠠᠰᠤ ᠥᠬᠡᠶ ᠠᠭᠤᠰᠤᠯᠴᠠᠯ᠎ᠤᠨ ᠰᠦᠯᠵᠢᠶ᠎ᠡ ᠪᠠ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡᠨ᠎ᠤ ᠲᠠᠪᠴᠠᠩ᠂ ᠥᠷᠭᠡᠨ ᠪᠦᠰᠡᠲᠦ ᠬᠥᠳᠡᠭᠡ ᠲᠣᠰᠬᠤᠨ᠎ᠤ ᠢᠨᠲ᠋ᠧᠷ ᠰᠦᠯᠵᠢᠶᠡᠨ᠎ᠤ ᠦᠢ᠍ᠯᠡᠴᠢᠯᠡᠭᠡᠨ᠎ᠤ ᠲᠠᠪᠴᠠᠩ᠂ ᠵᠠᠰᠠᠭ ᠠᠵᠤ ᠠᠬᠤᠶ᠋ᠢᠯᠠᠯ᠎ᠤᠨ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠲᠠᠪᠴᠠᠩ) ᠵᠶ᠋ᠠᠷ ᠲᠤᠯᠭ᠋ᠠᠭᠤᠷᠢᠯᠠᠯ ᠪᠣᠯᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠣᠨᠴᠠᠭ᠋ᠠᠶ ᠬᠦᠴᠢᠷᠳᠡᠯᠲᠡᠶ ᠬᠥᠮᠦᠰ᠎ᠲᠤ ᠬᠠᠨᠳᠤᠭᠤᠯᠤᠭᠰᠠᠨ ᠣᠯᠠᠨ ᠨᠡᠶ᠋ᠢᠲᠡ ᠵᠢᠨ ᠷᠠᠳᠢᠣ᠋ ᠲᠧᠯᠸᠢᠰ᠎ᠤᠨ ᠦᠢ᠍ᠯᠡᠴᠢᠯᠡᠭᠡ ᠵᠢ ᠴᠢᠩᠭ᠋ᠠᠳᠬᠠᠨ᠂ ᠣᠯᠠᠨ ᠲᠦᠮᠡᠨ᠎ᠤ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠬᠠᠩᠭ᠋ᠠᠨ᠎ᠠ᠃
2. ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ
ᠡᠯ᠎ᠡ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮ᠎ᠢ ᠦᠷᠭᠦᠯᠵᠢᠯᠡᠨ ᠪᠦᠲᠦᠭᠡᠨ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠮᠡᠳᠡᠭᠡ ᠵᠠᠩᠭᠢ ᠨᠡᠶ᠋ᠢᠲᠡᠯᠡᠬᠦ ᠰᠠᠯᠠᠭ᠎ᠠ ᠮᠥᠴᠢᠷ᠎ᠲᠠᠢ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠰᠣᠯᠢᠯᠴᠠᠨ ᠬᠠᠮᠲᠤ᠎ᠳᠤ᠎ᠪᠠᠨ ᠡᠳ᠋ᠯᠡᠬᠦ᠂ ᠬᠠᠮᠵᠢᠯᠴᠠᠨ ᠦᠢ᠍ᠯᠡᠴᠢᠯᠡᠬᠦ᠂ ᠨᠢᠭᠡᠳᠦᠯᠲᠡᠶ ᠬᠠᠮᠲᠤᠷᠠᠨ ᠬᠥᠳᠡᠯᠦᠯᠴᠡᠬᠦ ᠵᠢ ᠲᠠᠰᠤᠷᠠᠯᠲᠠ ᠤᠢ᠍ᠭᠡᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠰᠦᠯᠵᠢᠶ᠎ᠡ᠂ ᠰᠢᠯᠵᠢᠮᠡᠯ ᠰᠦᠯᠵᠢᠶ᠎ᠡ ᠵᠢᠴᠢ ᠤᠲᠠᠰᠤᠲᠤ ᠲᠣᠭ᠋ᠠᠴᠢᠯᠠᠭᠰᠠᠨ ᠲᠧᠯᠸᠢᠰ᠂ ᠳᠠᠪᠲᠠᠮᠵᠢ ᠲᠣᠬᠢᠷᠠᠭᠤᠯᠬᠤ ᠷᠠᠳᠢᠣ᠋ ᠨᠡᠪᠲᠡᠷᠡᠭᠦᠯᠭᠡ᠂ ᠳᠤᠮᠳᠠᠳᠤ ᠳᠣᠯᠭᠢᠶᠠᠨ᠎ᠤ ᠷᠠᠳᠢᠣ᠋᠂ ᠭᠠᠵᠠᠷ ᠳᠡᠭᠡᠷᠡᠬᠢ ᠲᠣᠭ᠋ᠠᠴᠢᠯᠠᠭᠰᠠᠨ ᠲᠧᠯᠸᠢᠰ᠂ ᠰᠢᠭᠤᠳ ᠨᠡᠪᠲᠡᠷᠡᠭᠦᠯᠭᠡ ᠵᠢᠨ ᠳᠠᠭ᠋ᠠᠭᠤᠯᠢ ᠣᠳᠣ᠂ ᠬᠡᠷ᠎ᠤᠨ ᠭᠠᠳᠠᠨᠠᠬᠢ ᠲᠣᠮᠣ ᠳᠡᠯᠭᠡᠴᠡ ᠵᠡᠷᠭᠡ ᠣᠯᠠᠨ ᠵᠦᠢ᠍ᠯ᠎ᠤᠨ ᠲᠠᠪᠴᠠᠩ᠎ᠢ ᠨᠡᠪᠲᠡᠷᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢ ᠲᠥᠷᠥᠯ ᠬᠣᠪᠢᠶᠠᠬᠤ᠂ ᠲᠠᠰ ᠬᠤᠪᠢᠶᠠᠬᠤ᠂ ᠭᠠᠵᠠᠷ ᠣᠷᠣᠨ ᠬᠤᠪᠢᠶᠠᠨ᠂ ᠡᠲᠡᠭᠡᠳ ᠬᠤᠪᠢᠶᠠᠬᠤ ᠵᠡᠷᠭᠡ ᠵᠢ ᠨᠠᠷᠢᠯᠢᠭ ᠣᠨᠣᠪᠴᠢᠲᠠᠢ᠎ᠪᠠᠷ ᠨᠡᠢ᠌ᠲᠡᠯᠡᠬᠦ ᠵᠢ ᠪᠡᠶᠡᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠦᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮ᠎ᠢ ᠣᠯᠠᠨ ᠨᠡᠶ᠋ᠢᠲᠡ ᠵᠢᠨ ᠷᠠᠳᠢᠣ᠋᠂ ᠣᠯᠠᠨ ᠨᠡᠶ᠋ᠢᠲᠡ ᠵᠢᠨ ᠳᠡᠯᠭᠡᠴᠡ ᠵᠡᠷᠭᠡ ᠣᠷᠣᠨ ᠪᠦᠰᠡ ᠵᠢᠨ ᠷᠠᠳᠢᠣ᠋ ᠵᠢᠨ ᠲᠥᠬᠦᠭᠡᠷᠦᠮᠵᠢ᠎ᠲᠠᠢ ᠵᠣᠯᠭ᠋ᠠᠭᠤᠯᠬᠤ ᠵᠢ ᠵᠣᠷᠢᠭᠵᠢᠭᠤᠯᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠵᠢᠨ ᠲᠣᠤᠷ᠎ᠢ ᠥᠷᠭᠡᠳᠬᠡᠬᠦ ᠠᠵᠢᠯ᠎ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢ ᠰᠠᠨᠠᠭ᠋ᠠᠴᠢᠯᠠᠭ᠎ᠠ᠎ᠠᠴᠠ᠎ᠪᠠᠨ ᠨᠡᠶ᠋ᠢᠲᠡᠯᠡᠬᠦ ᠦᠵᠦᠭᠦᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠲᠠ ᠵᠢᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠵᠢᠨ ᠬᠠᠮᠤᠷᠬᠤ ᠬᠡᠪᠴᠢᠶ᠎ᠡ ᠵᠢ ᠥᠷᠭᠡᠳᠬᠡᠨ᠂ ᠬᠤᠲᠠ ᠬᠥᠳᠡᠭᠡ ᠲᠣᠰᠬᠤᠨ (ᠮᠠᠯᠵᠢᠬᠤ ᠣᠷᠣᠨ)᠎ᠢ ᠬᠠᠮᠤᠷᠤᠭᠰᠠᠨ ᠤᠨᠴᠠᠯᠢᠭᠳᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ ᠵᠢᠨ ᠲᠣᠤᠷ ᠰᠦᠯᠵᠢᠶ᠎ᠡ ᠵᠢ ᠪᠦᠷᠢᠯᠳᠦᠭᠦᠯᠦᠨ᠎ᠡ᠃
3. ᠣᠶᠤᠨᠲᠤ ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠠᠬᠢᠵᠢᠭᠦᠯᠬᠦ ᠢᠨᠵᠧᠨᠧᠷᠢᠩ᠎ᠢ ᠥᠷᠨᠢᠭᠦᠯᠦᠨ᠎ᠡ
ᠨᠠᠮ᠎ᠤᠨ ᠲᠥᠪ ᠬᠤᠷᠢᠶᠠᠨ᠎ᠤ ᠬᠢᠯᠢ᠎ᠪᠠᠨ ᠪᠠᠬᠢᠵᠢᠭᠦᠯᠵᠦ ᠬᠢᠯᠢ᠎ᠪᠠᠨ ᠬᠦᠴᠦᠷᠬᠡᠭᠵᠢᠭᠦᠯᠬᠦ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠬᠢᠯᠢ ᠬᠢᠵᠠᠭ᠋ᠠᠷ ᠣᠷᠣᠨ᠎ᠳᠤ ᠣᠶᠣᠨᠲᠤ ᠷᠠᠳᠢᠣ᠋ ᠲᠧᠯᠸᠢᠰ᠎ᠤᠨ ᠬᠢᠯᠢ ᠬᠢᠵᠠᠭ᠋ᠠᠷ᠎ᠢ ᠪᠠᠬᠢᠵᠢᠭᠦᠯᠬᠦ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠦᠨ᠎ᠡ᠃ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠰᠦᠯᠵᠢᠶᠡᠨ᠎ᠤ ᠪᠦᠲᠦᠭᠡᠨ ᠪᠠᠶ᠋ᠢᠭᠤᠯᠤᠯᠲᠠ᠎ᠪᠠᠷ ᠳᠠᠮᠵᠢᠭᠤᠯᠤᠨ᠂ ᠨᠡᠪᠲᠡᠷᠡᠭᠡᠳᠦᠶ ᠭᠠᠵᠠᠷ ᠣᠷᠣᠨ᠂ ᠬᠢᠯᠢ ᠵᠢᠨ ᠬᠠᠮᠠᠭ᠋ᠠᠯᠠᠯᠲᠠ ᠵᠢᠨ ᠴᠡᠷᠢᠭ ᠠᠩᠭᠢ ᠪᠣᠯᠤᠨ ᠬᠠᠷᠠᠭᠤᠯ᠎ᠤᠨ ᠭᠠᠵᠠᠷ᠎ᠤᠨ ᠰᠦᠯᠵᠢᠶ᠎ᠡ ᠵᠢᠨ ᠪᠦᠷᠬᠦᠴᠡ ᠵᠢ ᠪᠡᠶᠡᠯᠡᠭᠦᠯᠵᠦ᠂ ᠬᠢᠯᠢ ᠬᠢᠵᠠᠭ᠋ᠠᠷ ᠣᠷᠣᠨ᠎ᠤ ᠬᠣᠲᠠ ᠬᠥᠳᠡᠭᠡ ᠵᠢᠨ ᠭᠠᠵᠠᠷ ᠣᠷᠣᠨ᠎ᠤ ᠲᠣᠤᠷ ᠰᠦᠯᠵᠢᠶ᠎ᠡ ᠵᠢ ᠵᠠᠯᠭ᠋ᠠᠬᠤ ᠴᠢᠳᠠᠪᠤᠷᠢ ᠵᠢ ᠳᠡᠭᠡᠭᠰᠢᠯᠡᠭᠦᠯᠦᠨ᠂ ᠷᠠᠳᠢᠣ᠋ ᠲᠧᠯᠸᠢᠰ᠎ᠤᠨ ᠲᠣᠤᠷ ᠰᠦᠯᠵᠢᠶ᠎ᠡ ᠵᠢ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠡᠬᠢᠵᠢᠭᠦᠯᠬᠦ ᠰᠠᠭᠤᠷᠢ ᠲᠣᠤᠷ ᠰᠦᠯᠵᠢᠶ᠎ᠡ ᠵᠢᠨ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠶ᠃ ᠤᠶᠤᠨᠲᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠬᠡᠨ᠎ᠤ ᠬᠠᠮᠢᠶᠠᠷᠤᠯᠲᠠ ᠵᠢᠨ ᠲᠠᠪᠴᠠᠩ᠎ᠢ ᠪᠦᠲᠦᠭᠡᠨ ᠪᠠᠶ᠋ᠢᠭᠤᠯᠵᠤ᠂ ᠬᠢᠯᠢ ᠬᠢᠵᠠᠭ᠋ᠠᠷ ᠣᠷᠣᠨ᠎ᠳᠤ ᠤᠯᠤᠰ ᠵᠶ᠋ᠠᠨ ᠬᠠᠶ᠋ᠢᠷᠠᠯᠠᠬᠤ ᠦᠵᠡᠯ ᠪᠠ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠂ ᠰᠢᠯᠢᠳᠡᠭ ᠠᠯᠪᠠᠨ ᠵᠢᠷᠤᠮ᠎ᠤᠨ ᠰᠦᠯᠵᠢᠶᠡᠨ᠎ᠤ ᠰᠤᠷᠭ᠋ᠠᠨ ᠬᠥᠮᠦᠵᠢᠯ᠂ ᠠᠯᠤᠰ ᠡᠵᠡᠮᠰᠢᠯᠲᠦ ᠡᠮᠴᠢᠯᠡᠭᠡ᠂ ᠤᠶᠤᠨᠲᠤ ᠨᠠᠰᠤᠵᠢᠯ᠎ᠤᠨ ᠠᠰᠠᠷᠠᠮᠵᠢ᠂ ᠡᠯᠸᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡ ᠵᠡᠷᠭᠡ ᠣᠯᠠᠨ ᠵᠦᠢ᠍ᠯ᠎ᠤᠨ ᠦᠢ᠍ᠯᠡᠴᠢᠯᠡᠭᠡ ᠵᠢ ᠬᠠᠩᠭ᠋ᠠᠵᠤ᠂ ᠣᠯᠠᠨ ᠦᠵᠦᠭᠦᠷ᠎ᠢ ᠬᠠᠮᠤᠷᠤᠭᠰᠠᠨ ᠬᠠᠮ ᠵᠠᠭᠤᠴᠢᠯᠠᠭᠤᠷ᠎ᠤᠨ ᠲᠤᠬᠠᠶ᠋ᠢᠯᠠᠭᠰᠠᠨ ᠠᠵᠢᠯ᠎ᠢ ᠬᠠᠩᠭ᠋ᠠᠨ᠎ᠠ᠃ ᠲᠤᠰᠬᠠᠶ ᠬᠡᠷᠡᠭᠯᠡᠭᠡᠨ᠎ᠤ ᠰᠣᠶᠣᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠲᠦᠭᠡᠨ ᠪᠠᠶ᠋ᠢᠭᠤᠯᠤᠨ᠂ ᠬᠢᠯᠢ ᠵᠢᠨ ᠬᠠᠮᠠᠭ᠋ᠠᠯᠠᠯᠲᠠ ᠵᠢᠨ ᠴᠡᠷᠢᠭ ᠠᠩᠭᠢ᠎ᠳᠤ ᠠᠯᠤᠰ᠎ᠠᠴᠠ ᠸᠢᠳᠢᠣ᠋᠎ᠪᠠᠷ ᠬᠢᠨᠠᠨ ᠡᠵᠡᠮᠳᠡᠬᠦ᠂ ᠭᠠᠮᠰᠢᠭ᠎ᠤᠨ ᠪᠠᠶ᠋ᠢᠳᠠᠯ ᠲᠦᠭᠰᠢᠭᠦᠷᠢᠲᠦ ᠪᠠᠶ᠋ᠢᠳᠠᠯ᠎ᠢ ᠴᠠᠭ ᠲᠤᠬᠠᠶ᠎ᠳᠤᠨᠢ ᠵᠢᠯᠣᠭᠣᠳᠬᠤ ᠵᠡᠷᠭᠡ ᠬᠢᠯᠢ ᠵᠢᠨ ᠲᠤᠰᠬᠠᠶ ᠬᠡᠷᠡᠭᠯᠡᠭᠡᠨ᠎ᠤ ᠮᠡᠳᠡᠭᠡ ᠵᠠᠩᠭᠢ ᠵᠢᠨ ᠲᠤᠬᠠᠶ᠋ᠢᠯᠠᠭᠰᠠᠨ ᠠᠵᠢᠯ᠎ᠢ ᠬᠠᠩᠭ᠋ᠠᠵᠤ᠂ ᠬᠢᠯᠢ ᠵᠢᠨ ᠬᠠᠮᠠᠭ᠋ᠠᠯᠠᠯᠲᠠ ᠵᠢᠨ ᠴᠡᠷᠢᠭ ᠠᠩᠭᠢ ᠵᠢᠨ ᠳᠠᠷᠤᠭ᠎ᠠ ᠪᠠᠶ᠋ᠢᠯᠳᠤᠭᠴᠢᠳ᠎ᠤᠨ ᠰᠣᠶᠣᠯ᠎ᠤᠨ ᠠᠮᠢᠳᠤᠷᠠᠯ᠂ ᠴᠡᠷᠢᠭ᠎ᠤᠨ ᠶᠠᠪᠤᠳᠠᠯ᠎ᠤᠨ ᠪᠣᠯᠪᠠᠰᠤᠷᠠᠯ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠬᠢᠷᠠᠭᠤᠯᠤᠯᠲᠠ ᠵᠢᠨ ᠬᠡᠷᠡᠭᠴᠡᠭᠡ ᠵᠢ ᠬᠠᠩᠭ᠋ᠠᠨ᠎ᠠ᠃
4. ᠰᠢᠨ᠎ᠠ ᠨᠢᠭᠡ ᠣᠢ᠍ᠶᠡ ᠵᠢᠨ ᠰᠢᠭᠣᠣᠠ ᠨᠠᠪᠲᠠᠷᠠᠭᠦᠯᠭᠡ ᠵᠢᠨ ᠲᠠᠭ᠋ᠠᠭᠤᠯᠢ ᠣᠲᠣᠠᠤ 《ᠡᠷᠣᠭᠡ ᠪᠣᠯᠭ᠋ᠠᠨ᠎ᠳᠤ ᠨᠡᠪᠲᠡᠷᠡᠭᠦᠯᠬᠦ》 ᠬᠡᠷᠡᠭᠯᠡᠯᠲᠡ ᠵᠢ ᠠᠭᠢᠭᠣᠯᠣᠨᠠ
ᠰᠢᠨ᠎ᠡ ᠨᠢᠭᠡ ᠦᠶ᠎ᠡ ᠵᠢᠨ ᠰᠢᠭᠤᠳ ᠨᠡᠪᠲᠡᠷᠡᠭᠦᠯᠬᠦ ᠳᠠᠭ᠋ᠠᠭᠤᠯᠢ ᠣᠳᠣᠨ᠎ᠤ 《ᠡᠷᠣᠭᠡ ᠪᠣᠯᠭ᠋ᠠᠨ᠎ᠳᠤ ᠨᠡᠪᠲᠡᠷᠡᠭᠦᠯᠬᠦ》 ᠲᠸᠯᠸᠢᠰ᠎ᠤᠨ ᠳᠠᠪᠲᠠᠮᠵᠢ ᠬᠦᠯᠢᠶᠡᠭᠦᠷ᠎ᠢ ᠪᠠᠶ᠋ᠢᠷᠢᠯᠠᠭᠤᠯᠤᠨ ᠳᠡᠯᠭᠡᠷᠡᠭᠦᠯᠬᠦ ᠠᠵᠢᠯ᠎ᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠣᠳᠣ ᠵᠢᠨ ᠪᠠᠶ᠋ᠢᠭ᠎ᠠ ᠲᠸᠯᠸᠢᠰ᠎ᠤᠨ ᠳᠠᠪᠲᠠᠮᠵᠢ ᠬᠦᠯᠢᠶᠡᠭᠦᠷ᠎ᠤᠨ ᠳᠡᠰ ᠳᠡᠪᠰᠢᠨ ᠦᠶ᠎ᠡ ᠰᠣᠯᠢᠭᠳᠠᠬᠤ ᠵᠢ ᠲᠦᠷᠭᠡᠳᠬᠡᠨ᠎ᠡ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠷᠠᠳᠢᠣ᠋ ᠨᠡᠪᠲᠡᠷᠡᠭᠦᠯᠭᠡ᠂ ᠤᠲᠠᠰᠤ ᠦᠭᠡᠶ᠎ᠪᠠᠷ ᠪᠥᠷᠬᠥᠭᠦᠯᠬᠦ ᠵᠡᠷᠭᠡ ᠣᠯᠠᠨ ᠨᠡᠶ᠋ᠢᠲᠡ ᠵᠢᠨ ᠦᠨᠳᠦᠰᠦᠨ ᠵᠦᠢ᠍ᠯᠡᠰ᠎ᠢ ᠨᠢᠭᠡᠳᠦᠯᠲᠡᠶ ᠲᠥᠯᠥᠪᠯᠡᠵᠦ᠂ ᠱᠠᠲᠤ ᠬᠤᠪᠢᠶᠠᠨ ᠬᠠᠷᠢᠭᠤᠴᠠᠬᠤ ᠪᠠ ᠭᠣᠤᠯᠴᠢᠯᠠᠨ ᠬᠠᠮᠢᠶᠠᠷᠴᠤ ᠭᠣᠤᠯᠯᠠᠨ ᠡᠷᠬᠢᠯᠡᠬᠦ ᠵᠠᠷᠴᠢᠮ᠎ᠢ ᠪᠠᠷᠢᠮᠲᠠᠯᠠᠨ᠂ 《ᠠᠶ᠋ᠢᠮᠠᠭ ᠬᠣᠲᠠ ᠬᠣᠰᠢᠭᠤ ᠰᠢᠶᠠᠨ ᠪᠠᠶ᠋ᠢᠭᠤᠯᠤᠮᠵᠢ᠎ᠲᠠᠢ᠂ ᠰᠤᠮᠤ ᠰᠢᠶᠠᠩ ᠪᠠᠯᠭ᠋ᠠᠰᠤ ᠲᠣᠤᠷ ᠴᠡᠭ᠎ᠲᠠᠢ᠂ ᠭᠠᠴᠠᠭ᠎ᠠ ᠲᠣᠰᠬᠣᠨ ᠬᠠᠷᠢᠯᠴᠠᠬᠤ ᠬᠦᠮᠦᠨ᠎ᠲᠠᠢ ᠪᠠᠶ᠋ᠢᠬᠤ》 ᠷᠠᠳᠢᠣ᠋ ᠲᠧᠯᠸᠢᠰ᠎ᠤᠨ ᠠᠵᠢᠯᠯᠠᠭ᠋ᠠᠨ᠎ᠢ ᠬᠠᠮᠠᠭ᠋ᠠᠯᠠᠬᠤ ᠪᠠᠲᠤᠯᠠᠭ᠎ᠠ ᠵᠢᠨ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠠᠶ᠋ᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠣᠷᠳᠣᠨ ᠵᠶ᠋ᠠᠷ ᠭᠣᠤᠯᠯᠠᠭᠤᠯᠤᠭᠰᠠᠨ᠂ ᠲᠠᠪᠤᠨ ᠱᠠᠲᠤ᠎ᠪᠠᠷ ᠵᠶ᠋ᠠᠨ ᠨᠡᠪᠲᠡᠷᠡᠯᠴᠡᠭᠰᠡᠨ᠂ ᠨᠡᠶ᠋ᠢᠭᠡᠮᠴᠢᠯᠡᠭᠰᠡᠨ ᠬᠥᠭᠵᠢᠯᠲᠡ ᠵᠢᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠤᠷᠲᠤ ᠬᠤᠭᠤᠴᠠᠭ᠋ᠠᠨ᠎ᠤ ᠪᠦᠲᠦᠮᠵᠢᠲᠡᠶ ᠵᠣᠬᠢᠴᠠᠮᠵᠢ ᠵᠢ ᠰᠦᠪᠡᠭᠴᠢᠯᠡᠨ ᠪᠠᠶ᠋ᠢᠭᠤᠯᠵᠤ᠂ ᠦᠢ᠍ᠯᠡᠴᠢᠯᠡᠭᠡᠨ᠎ᠤ ᠣᠷᠣᠨ ᠪᠦᠰᠡ ᠵᠢᠨ ᠷᠠᠳᠢᠣ᠋ ᠲᠧᠯᠸᠢᠰ᠎ᠢ ᠡᠷᠦᠬᠡ ᠪᠣᠯᠭ᠋ᠠᠨ᠎ᠳᠤ ᠨᠡᠪᠲᠡᠷᠡᠭᠦᠯᠦᠨ ᠠᠵᠢᠯᠯᠠᠭᠤᠯᠬᠤ ᠪᠠ ᠬᠠᠮᠠᠭ᠋ᠠᠯᠠᠬᠤ ᠠᠵᠢᠯ᠎ᠤᠨ ᠤᠷᠲᠤ ᠬᠤᠭᠤᠴᠠᠭ᠋ᠠᠨ᠎ᠤ ᠪᠦᠲᠦᠮᠵᠢᠲᠡᠶ ᠵᠢᠷᠤᠮᠵᠢᠯ᠎ᠢ ᠦᠨᠡᠨ ᠬᠦ᠌ ᠪᠠᠲᠤᠯᠠᠨ᠎ᠠ᠃
(ᠲᠦᠷᠪᠡ) ᠣᠶᠣᠨᠲᠤ ᠷᠠᠳᠢᠣ᠋ ᠲᠧᠯᠸᠢᠰ᠎ᠤᠨ ᠬᠡᠷᠡᠭᠯᠡᠭᠡᠨ᠎ᠤ ᠳᠣᠭᠲᠠᠯᠴᠠᠭ᠎ᠠ ᠵᠢ ᠥᠷᠭᠡᠳᠭᠡᠨ᠎ᠡ
1. ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠬᠦ ᠪᠠᠶ᠋ᠢᠯᠳᠤᠬᠤ ᠪᠣᠳᠣᠯᠭ᠎ᠠ
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ᠎ᠪᠠᠷ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠡᠳᠦᠪᠲᠦ ᠪᠦᠲᠦᠭᠡᠯ᠎ᠤᠨ ᠵᠣᠬᠢᠶᠠᠨ ᠪᠦᠲᠦᠭᠡᠯᠭᠡ ᠵᠢ ᠳᠠᠮᠵᠢᠭᠤᠯᠵᠤ᠂ ᠣᠶᠣᠨᠲᠤ ᠷᠠᠳᠢᠣ᠋ ᠲᠧᠯᠸᠢᠰ᠎ᠤᠨ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠵᠢ ᠭᠦᠨᠵᠡᠭᠡᠶ᠋ᠢᠷᠡᠭᠦᠯᠦᠨ᠂ ᠤᠶᠤᠨᠲᠤ ᠷᠠᠳᠢᠣ᠋ ᠲᠧᠯᠸᠢᠰ᠎ᠤᠨ ᠴᠢᠳᠠᠪᠤᠷᠢᠲᠠᠨ᠎ᠤ ᠰᠤᠷᠭ᠋ᠠᠨ ᠬᠥᠮᠦᠵᠢᠯ ᠵᠶ᠋ᠠᠷ ᠬᠠᠪᠰᠤᠷᠤᠨ ᠲᠡᠳᠬᠦᠬᠦ ᠵᠢ ᠥᠷᠭᠡᠳᠬᠡᠵᠦ᠂ ᠤᠶᠤᠨᠲᠤ ᠷᠠᠳᠢᠣ᠋ ᠲᠧᠯᠸᠢᠰ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠢ ᠠᠬᠢᠭᠤᠯᠤᠨ᠂ ᠥᠪᠥᠷ ᠮᠣᠩᠭᠤᠯ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠨ᠎ᠡ᠃ ᠮᠠᠯᠵᠢᠬᠤ ᠲᠠᠷᠢᠶᠠᠯᠠᠬᠤ ᠤᠷᠤᠨ᠎ᠤ ᠬᠤᠤᠰ ᠴᠢᠭᠯᠡᠯ᠎ᠤᠨ ᠲᠤᠤᠷ ᠰᠦᠯᠵᠢᠶ᠎ᠡ᠎ᠪᠠᠷ ᠬᠠᠮᠤᠷᠬᠤ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠬᠤᠳᠠ ᠭᠦᠳᠡᠭᠡ ᠵᠢᠨ ᠷᠠᠳᠢᠤ᠋ ᠲᠧᠯᠸᠢᠰ᠎ᠤᠨ ᠦᠨᠳᠦᠰᠦᠨ ᠤᠯᠠᠨ ᠨᠡᠶ᠋ᠢᠳᠡ ᠵᠢᠨ ᠦᠢ᠍ᠯᠡᠴᠢᠯᠡᠭᠡ ᠵᠢ ᠲᠡᠩᠴᠡᠭᠦᠷᠢᠰᠢᠬᠦᠯᠬᠦ ᠵᠢ ᠪᠡᠶᠡᠯᠡᠬᠦᠯᠦᠨ᠎ᠠ᠃ ᠮᠠᠯᠵᠢᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠥᠷᠭᠡᠨ ᠪᠦᠰᠡᠲᠦ ᠰᠦᠯᠵᠢᠶᠡᠨ᠎ᠤ ᠪᠦᠷᠬᠦᠴᠡ ᠬᠢᠭᠡᠳ ᠦᠢ᠍ᠯᠡᠴᠢᠯᠡᠭᠡᠨ᠎ᠤ ᠢᠨᠵᠧᠨᠧᠷᠢᠩ ᠵᠶ᠋ᠠᠷ ᠰᠠᠭᠤᠷᠢ ᠪᠣᠯᠭ᠋ᠠᠵᠤ᠂ ᠵᠦᠷᠢᠶᠡᠴᠢᠯᠡᠭᠰᠡᠨ᠂ ᠵᠠᠬᠢᠶᠠᠯᠠᠨ ᠦᠢ᠍ᠯᠡᠳᠬᠦ ᠦᠢ᠍ᠯᠡᠴᠢᠯᠡᠭᠡ ᠵᠢ ᠴᠢᠩᠭ᠎ᠠ ᠠᠩᠬᠠᠷᠴᠤ᠂ ᠲᠣᠭ᠋ᠠᠴᠢᠯᠠᠭᠰᠠᠨ ᠬᠡᠷ ᠪᠦᠯᠢ ᠵᠢᠨ ᠮᠠᠯᠵᠢᠯ᠎ᠤᠨ ᠲᠠᠯᠠᠪᠠᠶ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠮᠠᠯᠵᠢᠯ᠎ᠤᠨ ᠲᠠᠯᠠᠪᠠᠶ ᠵᠢᠨ ᠬᠠᠮᠢᠶᠠᠷᠤᠯᠲᠠ ᠪᠠ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠤᠨ ᠲᠣᠭ᠋ᠠᠴᠢᠯᠠᠯᠲᠠ ᠵᠢ ᠪᠡᠶᠡᠯᠡᠭᠦᠯᠦᠨ᠎ᠡ᠃ ᠮᠡᠳᠡᠭᠡ ᠵᠠᠩᠭᠢ ᠵᠢᠨ ᠮᠡᠷᠭᠡᠵᠢᠯ᠎ᠢ ᠰᠤᠷᠭ᠋ᠠᠨ ᠬᠥᠮᠦᠵᠢᠯ᠂ ᠡᠮᠴᠢᠯᠡᠭᠡ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠶ᠂ ᠬᠥᠳᠡᠭᠡ ᠲᠣᠰᠬᠤᠨ᠎ᠤ ᠵᠠᠰᠠᠯᠲᠠ ᠵᠡᠷᠭᠡ ᠬᠣᠯᠪᠤᠭᠳᠠᠯ ᠪᠥᠬᠦᠶ ᠠᠵᠢᠯ ᠲᠥᠷᠥᠯ᠎ᠲᠠᠢ ᠭᠦᠨᠵᠡᠭᠡᠶ ᠠᠭᠤᠰᠤᠯᠴᠠᠭᠤᠯᠬᠤ ᠵᠢ ᠠᠬᠢᠭᠤᠯᠤᠨ᠎ᠠ᠃
2. ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ ᠵᠢ ᠲᠤᠯᠭ᠋ᠠᠭᠤᠷᠢᠯᠠᠨ᠎ᠠ
ᠷᠠᠳᠢᠣ᠋ ᠲᠧᠯᠸᠢᠰ᠎ᠤᠨ ᠲᠣᠤᠷ ᠰᠦᠯᠵᠢᠶ᠎ᠡ ᠵᠢᠨ ᠪᠣᠬᠢᠷᠲᠤᠯ ᠦᠭᠡᠶ᠂ ᠠᠮᠤᠷ ᠲᠦᠪᠰᠢᠨ᠂ ᠨᠠᠶ᠋ᠢᠳᠠᠪᠤᠷᠢᠲᠠᠶ ᠥᠪᠡᠷᠮᠢᠴᠡ ᠳᠠᠪᠠᠭᠤᠯᠢᠭ᠎ᠢ ᠪᠠᠳᠠᠷᠠᠭᠤᠯᠵᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠶ᠂ ᠲᠣᠭ᠋ᠠᠴᠢᠯᠠᠭᠰᠠᠨ ᠵᠠᠰᠠᠭ᠎ᠤᠨ ᠣᠷᠳᠣᠨ᠂ ᠲᠣᠭ᠋ᠠᠴᠢᠯᠠᠭᠰᠠᠨ ᠨᠡᠶ᠋ᠢᠭᠡᠮ᠂ ᠲᠣᠭ᠋ᠠᠴᠢᠯᠠᠭᠰᠠᠨ ᠬᠤᠲᠠ ᠵᠢᠨ ᠪᠥᠲᠥᠭᠡᠨ ᠪᠠᠶ᠋ᠢᠭᠤᠯᠤᠯᠲᠠ᠎ᠳᠤ ᠠᠭᠤᠰᠤᠯᠴᠠᠬᠤ ᠪᠠ ᠦᠢ᠍ᠯᠡᠴᠢᠯᠡᠵᠦ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠰᠢᠰᠲ᠋ᠧᠮ᠎ᠳᠤ ᠰᠠᠭᠤᠷᠢ ᠰᠦᠯᠵᠢᠶᠡᠨ᠎ᠤ ᠲᠥᠬᠦᠭᠡᠷᠦᠮᠵᠢ ᠵᠢᠨ ᠲᠤᠯᠭ᠋ᠠᠭᠤᠷᠢᠯᠠᠯ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ᠎ᠳᠤ ᠦᠢ᠍ᠯᠡᠴᠢᠯᠡᠭᠡᠨ᠎ᠤ ᠠᠴᠢᠶᠠᠯᠠᠪᠤᠷᠢ ᠬᠠᠩᠭ᠋ᠠᠨ᠎ᠠ᠃ ᠤᠶᠤᠨᠲᠤ ᠷᠠᠳᠢᠣ᠋ ᠲᠧᠯᠸᠢᠰ᠎ᠤᠨ ᠲᠤᠬᠠᠶ᠋ᠢᠯᠠᠭᠰᠠᠨ ᠠᠵᠢᠯ᠎ᠤᠨ ᠲᠤᠯᠭ᠋ᠠᠭᠤᠷᠢᠯᠠᠬᠤ ᠰᠢᠰᠲ᠋ᠧᠮ᠎ᠢ ᠪᠦᠲᠦᠭᠡᠨ ᠪᠠᠶ᠋ᠢᠭᠤᠯᠤᠨ ᠲᠡᠭᠦᠯᠳᠡᠷᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠠᠷᠠᠳ᠎ᠲᠤ ᠲᠥᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ᠂ ᠨᠡᠶ᠋ᠢᠭᠡᠮ᠎ᠤᠨ ᠵᠠᠰᠠᠯᠲᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠤᠯᠭ᠎ᠠ᠂ ᠡᠯᠸᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠠᠭᠤᠯᠭ᠎ᠠ ᠵᠢ ᠥᠷᠭᠡᠳᠬᠡᠨ᠂ ᠤᠶᠤᠨᠲᠤ ᠷᠠᠳᠢᠣ᠋ ᠲᠧᠯᠸᠢᠰ᠎ᠤᠨ ᠲᠤᠬᠠᠶ᠋ᠢᠯᠠᠭᠰᠠᠨ ᠠᠵᠢᠯ᠎ᠤᠨ ᠬᠡᠷᠡᠭᠯᠡᠭᠡᠨ᠎ᠤ ᠲᠠᠯᠠᠪᠤᠷ ᠵᠢᠴᠢ ᠬᠤᠳᠠᠯᠳᠤᠭ᠋ᠠᠨ᠎ᠤ ᠵᠠᠭᠪᠤᠷ᠎ᠢ ᠬᠠᠶ᠋ᠢᠨ ᠰᠦᠪᠡᠭᠴᠢᠯᠡᠵᠦ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠴᠢᠳᠠᠪᠤᠷᠢ ᠪᠠ ᠲᠦᠪᠰᠢᠨ᠎ᠢ ᠳᠡᠭᠡᠭᠰᠢᠯᠡᠭᠦᠯᠦᠨ᠎ᠡ᠃ ᠤᠶᠤᠨᠲᠤ ᠷᠠᠳᠢᠣ᠋ ᠲᠧᠯᠸᠢᠰ᠎ᠤᠨ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠲᠤᠷᠰᠢᠯᠲᠠ ᠵᠢᠨ ᠠᠵᠢᠯ᠎ᠢ ᠢᠳᠡᠪᠬᠢᠲᠡᠶ ᠥᠷᠨᠢᠭᠦᠯᠵᠦ᠂ ᠣᠯᠠᠨ ᠲᠠᠯᠠᠪᠤᠷ ᠴᠢᠨᠠᠷ ᠰᠠᠶ᠋ᠢᠲᠠᠶ ᠶᠡᠷᠦᠩᠬᠡᠶ᠋ᠢᠯᠡᠭᠰᠡᠨ ᠦᠢ᠍ᠯᠡᠴᠢᠯᠡᠭᠡ ᠵᠢ ᠬᠠᠩᠭ᠋ᠠᠵᠤ᠂ ᠡᠯ᠎ᠡ ᠠᠵᠢᠯ ᠲᠥᠷᠥᠯ᠎ᠤᠨ ᠮᠡᠳᠡᠭᠡ ᠵᠠᠩᠭᠢᠵᠢᠯᠲᠠ ᠵᠢᠨ ᠬᠥᠭᠵᠢᠯᠲᠡ᠎ᠳᠤ ᠬᠦᠴᠦᠨ ᠣᠯᠭᠤᠨ᠎ᠠ᠃
3. ᠤᠯᠤᠰ᠎ᠤᠨ ᠰᠤᠶᠤᠯ᠎ᠤᠨ ᠲᠤᠭ᠋ᠠᠵᠢᠭᠤᠯᠤᠯᠲᠠ ᠵᠢᠨ ᠪᠠᠶ᠋ᠢᠯᠲᠤᠬᠤ ᠪᠤᠲᠤᠯᠭ᠎ᠠ᠎ᠲᠠᠢ ᠤᠶᠠᠯᠲᠤᠭᠤᠯᠤᠨᠠ
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠤᠷ ᠰᠦᠯᠵᠢᠶ᠎ᠡ ᠵᠢᠨ ᠣᠳᠣ ᠵᠢᠨ ᠪᠠᠶ᠋ᠢᠭ᠎ᠠ ᠲᠣᠤᠷ ᠰᠦᠯᠵᠢᠶᠡᠨ᠎ᠤ ᠲᠥᠬᠦᠭᠡᠷᠦᠮᠵᠢ᠂ 5G ᠰᠦᠯᠵᠢᠶ᠎ᠡ᠂ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠲᠠᠪᠴᠠᠩ ᠵᠡᠷᠭᠡ᠎ᠳᠤ ᠲᠦᠰᠢᠭᠯᠡᠨ᠂ ᠤᠯᠤᠰ᠎ᠤᠨ ᠰᠣᠶᠣᠯ᠎ᠤᠨ ᠲᠣᠭ᠋ᠠᠵᠢᠭᠤᠯᠤᠭᠰᠠᠨ ᠪᠠᠶ᠋ᠢᠯᠳᠤᠬᠤ ᠪᠣᠳᠣᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠪᠠ ᠱᠠᠭ᠋ᠠᠷᠳᠠᠯᠭ᠎ᠠ ᠶᠣᠰᠣᠭ᠋ᠠᠷ᠂ ᠡᠭᠦᠯᠡᠨ ᠪᠣᠳᠣᠯᠲᠠ ᠵᠢᠨ ᠦᠢ᠍ᠯᠡᠴᠢᠯᠡᠭᠡᠨ᠎ᠤ ᠴᠢᠳᠠᠪᠤᠷᠢ ᠵᠢ ᠪᠦᠷᠢᠳᠦᠭᠦᠯᠦᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠲᠥᠪ᠎ᠤᠨ ᠡᠭᠦᠯᠡᠨ ᠪᠣᠳᠣᠯᠲᠠ ᠵᠢᠨ ᠲᠠᠪᠴᠠᠩ᠎ᠢ ᠪᠦᠲᠦᠭᠡᠨ ᠪᠠᠶ᠋ᠢᠭᠤᠯᠵᠤ᠂ ᠰᠣᠶᠣᠯ᠎ᠤᠨ ᠡᠬᠢ ᠪᠠᠶᠠᠯᠢᠭ᠎ᠤᠨ ᠲᠣᠭ᠎ᠠ ᠪᠠᠷᠢᠮᠲᠠ ᠵᠢ ᠬᠠᠳᠠᠭ᠋ᠠᠯᠠᠬᠤ᠂ ᠳᠠᠮᠵᠢᠭᠤᠯᠬᠤ᠂ ᠠᠷᠠᠯᠵᠢᠶᠠᠯᠠᠬᠤ ᠪᠠ ᠰᠣᠶᠣᠯ᠎ᠤᠨ ᠲᠣᠭ᠋ᠠᠵᠢᠭᠤᠯᠤᠭᠰᠠᠨ ᠠᠭᠤᠯᠭ᠎ᠠ ᠵᠢ ᠬᠤᠪᠢᠶᠠᠨ ᠲᠠᠷᠬᠠᠭ᠋ᠠᠵᠤ᠂ ᠰᠣᠶᠣᠯ᠎ᠤᠨ ᠲᠤᠰᠬᠠᠶ ᠰᠦᠯᠵᠢᠶ᠎ᠡ ᠵᠢ ᠪᠣᠶ ᠪᠣᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠲᠣᠭ᠋ᠠᠵᠢᠭᠤᠯᠬᠤ ᠪᠦᠲᠦᠭᠡᠨ ᠪᠠᠶ᠋ᠢᠭᠤᠯᠤᠯᠲᠠ᠎ᠳᠤ ᠥᠪᠡᠷ᠎ᠤᠨ ᠥᠷᠲᠡᠭ ᠵᠶ᠋ᠠᠷ ᠳᠣᠤᠷ᠎ᠠ᠂ ᠬᠠᠮᠤᠷᠤᠭᠰᠠᠨ ᠬᠡᠪᠴᠢᠶ᠎ᠡ ᠥᠷᠭᠡᠨ ᠂ ᠥᠨᠳᠥᠷ ᠨᠠᠶ᠋ᠢᠳᠠᠪᠤᠷᠢᠲᠠᠶ ᠥᠨᠳᠥᠷ ᠦᠷ᠎ᠡ ᠪᠦᠲᠦᠮᠵᠢᠲᠡᠶ ᠠᠶᠤᠯᠭᠦᠢ ᠵᠢᠨ ᠪᠣᠳᠣᠯᠭ᠎ᠠ ᠵᠢᠨ ᠬᠦᠴᠦᠨ᠎ᠤ ᠦᠢ᠍ᠯᠡᠴᠢᠯᠡᠭᠡ ᠵᠢ ᠬᠠᠩᠭ᠋ᠠᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠪᠦᠰᠡ ᠵᠢᠨ ᠲᠥᠪ ᠰᠣᠶᠣᠯ᠎ᠤᠨ ᠲᠣᠭ᠎ᠠ ᠪᠠᠷᠢᠮᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠲᠦᠭᠡᠨ ᠪᠠᠶ᠋ᠢᠭᠤᠯᠵᠤ᠂ ᠣᠷᠣᠨ ᠪᠦᠰᠡ ᠵᠢᠨ ᠳᠣᠲᠣᠷᠠᠬᠢ ᠡᠬᠢ ᠪᠠᠶᠠᠯᠢᠭ᠎ᠤᠨ ᠦᠵᠦᠭᠦᠷ᠂ ᠦᠢ᠍ᠯᠡᠳᠪᠦᠷᠢᠯᠡᠯ᠎ᠤᠨ ᠦᠵᠦᠭᠦᠷ᠂ ᠬᠡᠷᠡᠭᠯᠡᠭᠡᠨ᠎ᠤ ᠦᠵᠦᠭᠦᠷ᠎ᠢ ᠵᠠᠯᠭ᠋ᠠᠯᠳᠤᠭᠤᠯᠵᠤ᠂ ᠣᠷᠣᠨ ᠪᠦᠰᠡ ᠵᠢᠨ ᠳᠣᠲᠣᠷᠠᠬᠢ ᠰᠣᠶᠣᠯ᠎ᠤᠨ ᠡᠬᠢ ᠪᠠᠶᠠᠯᠢᠭ᠎ᠤᠨ ᠲᠣᠭ᠎ᠠ ᠪᠠᠷᠢᠮᠲᠠ ᠪᠠ ᠰᠣᠶᠣᠯ᠎ᠤᠨ ᠲᠣᠭ᠋ᠠᠴᠢᠯᠠᠭᠰᠠᠨ ᠠᠭᠤᠯᠭ᠎ᠠ ᠵᠢᠨ ᠡᠷᠬᠡ ᠵᠢ ᠨᠤᠲᠠᠯᠠᠨ ᠲᠣᠭᠲᠠᠭ᠋ᠠᠬᠤ᠂ ᠠᠷᠠᠯᠵᠢᠶᠠᠯᠠᠬᠤ᠂ ᠳ᠋ᠦᠩᠨᠡᠨ ᠪᠣᠳᠣᠬᠤ᠂ ᠲᠦᠯᠦᠪᠦᠷᠢ ᠥᠭᠬᠦ ᠵᠡᠷᠭᠡ᠎ᠳᠤ ᠲᠤᠰᠬᠠᠶ᠋ᠢᠵᠢᠭᠰᠠᠨ ᠦᠢ᠍ᠯᠡᠴᠢᠯᠡᠭᠡ ᠬᠠᠩᠭ᠋ᠠᠨ᠎ᠠ᠃
(ᠲᠠᠪᠤ) ᠤᠶᠤᠨᠲᠤ ᠷᠠᠳᠢᠣ᠋ ᠲᠧᠯᠸᠢᠰ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠲᠤᠭᠲᠠᠯᠴᠠᠭ᠎ᠠ
1. ᠬᠢᠨᠠᠨ ᠰᠢᠨᠵᠢᠵᠦ ᠬᠢᠨᠠᠨ ᠬᠠᠮᠢᠶᠠᠷᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ
ᠲᠦᠯᠦᠪᠵᠢᠭᠦᠯᠭᠡ ᠵᠢ ᠨᠢᠭᠡᠲᠦᠯᠵᠢᠭᠦᠯᠬᠦ᠂ ᠮᠡᠷᠭᠡᠵᠢᠯ᠎ᠤᠨ ᠪᠠᠷᠢᠮᠵᠢᠶ᠎ᠠ ᠵᠢ ᠨᠢᠭᠡᠲᠦᠯᠵᠢᠭᠦᠯᠬᠦ᠂ ᠱᠠᠳᠤ ᠬᠤᠪᠢᠶᠠᠨ ᠬᠠᠷᠢᠭᠤᠴᠠᠬᠤ ᠶᠡᠷᠦᠩᠬᠡᠢ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠳᠠ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠣᠶᠣᠨᠲᠤ ᠷᠠᠳᠢᠣ᠋ ᠲᠧᠯᠸᠢᠰ᠎ᠤᠨ ᠬᠢᠨᠠᠨ ᠬᠡᠮᠵᠢᠬᠦ ᠬᠢᠨᠠᠨ ᠬᠠᠮᠢᠶᠠᠷᠬᠤ ᠲᠣᠭᠲᠠᠯᠴᠠᠭ᠎ᠠ ᠵᠢ ᠪᠦᠲᠦᠭᠡᠨ ᠪᠠᠶ᠋ᠢᠭᠤᠯᠬᠤ ᠵᠢᠨ ᠬᠠᠮᠲᠤ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠬᠢᠨᠠᠨ ᠬᠠᠮᠢᠶᠠᠷᠬᠤ ᠲᠥᠪ᠎ᠲᠠᠢ ᠪᠦᠲᠦᠮᠵᠢᠲᠡᠢ ᠵᠣᠯᠭ᠋ᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠠᠮᠢᠶᠠᠷᠬᠤ ᠲᠠᠪᠴᠠᠩ᠎ᠢ ᠲᠠᠰ ᠳᠡᠪᠰᠢᠭᠦᠯᠦᠨ ᠥᠭᠡᠷᠡᠴᠢᠯᠡᠬᠦ ᠵᠢ ᠲᠦᠷᠭᠡᠳᠬᠡᠨ ᠠᠬᠢᠭᠤᠯᠵᠤ᠂ ᠲᠦᠭᠰᠢᠭᠦᠷᠢ ᠵᠢ ᠤᠷᠢᠳᠴᠢᠯᠠᠨ ᠦᠨᠡᠯᠡᠨ ᠵᠢᠱ᠌ᠢᠬᠦ ᠵᠣᠬᠢᠴᠠᠮᠵᠢ ᠵᠢ ᠪᠠᠶ᠋ᠢᠭᠤᠯᠤᠨ᠂ ᠪᠥᠬᠦ ᠣᠷᠣᠨ᠎ᠤ ᠤᠯᠠᠮᠵᠢᠯᠠᠯᠲᠤ ᠷᠠᠳᠢᠣ᠋ ᠲᠧᠯᠸᠢᠰ᠎ᠤᠨ ᠬᠢᠨᠠᠨ ᠰᠢᠨᠵᠢᠬᠦ ᠰᠢᠰᠲ᠋ᠧᠮ᠂ ᠸᠢᠳᠢᠣ᠋ ᠨᠡᠪᠲᠡᠷᠡᠭᠦᠯᠭᠡ ᠵᠢᠨ ᠬᠢᠨᠠᠨ ᠰᠢᠨᠵᠢᠬᠦ ᠰᠢᠰᠲ᠋ᠧᠮ᠂ IPTV ᠵᠢᠨ ᠬᠢᠨᠠᠨ ᠰᠢᠨᠵᠢᠬᠦ ᠰᠢᠰᠲ᠋ᠧᠮ᠂ ᠷᠠᠳᠢᠣ᠋ ᠲᠧᠯᠸᠢᠰ᠎ᠤᠨ ᠵᠠᠷ ᠮᠡᠳᠡᠭᠡ ᠵᠢ ᠬᠢᠨᠠᠨ ᠰᠢᠨᠵᠢᠬᠦ ᠰᠢᠰᠲ᠋ᠧᠮ᠂ ᠢᠨᠲ᠋ᠧᠷ ᠰᠦᠯᠵᠢᠶ᠎ᠡ᠎ᠪᠠᠷ ᠦᠵᠡᠵᠦ ᠰᠣᠨᠣᠰᠬᠤ ᠰᠢᠨ᠎ᠡ ᠵᠠᠭᠤᠴᠢᠯᠠᠭᠤᠷ᠎ᠤᠨ ᠬᠢᠨᠠᠨ ᠰᠢᠨᠵᠢᠬᠦ ᠰᠢᠰᠲ᠋ᠧᠮ᠎ᠢ ᠥᠷᠭᠡᠳᠬᠡᠨ ᠲᠡᠭᠦᠯᠳᠡᠷᠵᠢᠭᠦᠯᠵᠦ᠂ ᠤᠶᠤᠨᠴᠢᠯᠠᠭᠰᠠᠨ ᠬᠢᠨᠠᠨ ᠰᠢᠨᠵᠢᠬᠦ ᠬᠢᠨᠠᠯᠲᠠ ᠬᠠᠮᠢᠶᠠᠷᠤᠯᠲᠠ ᠵᠢᠨ ᠲᠣᠭᠲᠠᠯᠴᠠᠭ᠎ᠠ ᠵᠢ ᠪᠠᠶ᠋ᠢᠭᠤᠯᠤᠨ᠎ᠠ᠃
2. ᠲᠠᠪᠴᠠᠩ ᠦᠷᠳᠡᠭᠡ ᠵᠢᠨ ᠣᠶᠣᠨᠲᠤ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠵᠢᠨ ᠲᠦᠪᠰᠢᠨ᠎ᠢ ᠴᠢᠩᠭ᠋ᠠᠳᠬᠠᠨ᠎ᠠ
ᠲᠠᠪᠴᠠᠩ ᠥᠷᠲᠡᠭᠡ ᠵᠢᠨ ᠣᠶᠣᠨᠲᠤ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠵᠢᠨ ᠲᠠᠪᠴᠠᠩ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠠᠵᠢᠯᠯᠠᠭᠤᠯᠵᠤ ᠪᠠᠲᠤᠯᠠᠬᠤ ᠲᠤᠭ᠎ᠠ ᠪᠠᠷᠢᠮᠲᠠ ᠵᠢ ᠵᠢᠷᠤᠮᠵᠢᠭᠤᠯᠤᠨ ᠴᠤᠭᠯᠠᠭᠤᠯᠬᠤ᠂ ᠬᠡᠮ ᠰᠣᠭᠤᠭ᠎ᠢ ᠣᠶᠤᠨᠴᠢ᠎ᠪᠠᠷ ᠢᠯᠡᠷᠡᠭᠦᠯᠦᠨ ᠪᠠᠶ᠋ᠢᠷᠢ ᠲᠣᠭᠲᠠᠭ᠋ᠠᠬᠤ᠂ ᠠᠰᠠᠭᠤᠳᠠᠯ᠎ᠢ ᠣᠶᠤᠨᠴᠢ᠎ᠪᠠᠷ ᠣᠨᠣᠰᠢᠯᠠᠭᠤᠯᠤᠨ ᠵᠠᠳᠠᠯᠬᠤ᠂ ᠬᠡᠷᠡᠭ᠎ᠢ ᠣᠶᠤᠨᠴᠢ᠎ᠪᠠᠷ ᠰᠢᠢ᠍ᠳᠪᠦᠷᠢᠯᠡᠵᠦ ᠰᠡᠷᠭᠦᠭᠡᠬᠦ᠂ ᠲᠦᠭᠰᠢᠭᠦᠷᠢ ᠵᠢ ᠣᠶᠤᠨᠴᠢ᠎ᠪᠠᠷ ᠲᠥᠰᠦᠭᠡᠯᠡᠨ ᠰᠡᠷᠡᠮᠵᠢᠯᠡᠭᠦᠯᠬᠦ ᠵᠢ ᠨᠢᠭᠡ ᠴᠣᠭᠴᠠᠵᠢᠭᠤᠯᠤᠭᠰᠠᠨ ᠲᠠᠪᠴᠠᠩ ᠥᠷᠲᠡᠭᠡ ᠵᠢᠨ ᠣᠶᠣᠨᠲᠤ ᠠᠵᠢᠯᠯᠠᠭᠤᠯᠵᠤ ᠪᠠᠲᠤᠯᠠᠬᠤ ᠲᠣᠭᠲᠠᠯᠴᠠᠭ᠎ᠠ ᠵᠢ ᠠᠯᠬᠤᠮ ᠠᠯᠬᠤᠮ ᠵᠶ᠋ᠠᠷ ᠪᠠᠶ᠋ᠢᠭᠤᠯᠵᠤ᠂ ᠰᠢᠭᠤᠳ ᠬᠠᠷᠢᠶ᠎ᠠ ᠲᠠᠪᠴᠠᠩ᠂ ᠲᠥᠪ ᠲᠠᠪᠴᠠᠩ ᠵᠢᠴᠢ ᠡᠯ᠎ᠡ ᠬᠠᠷᠪᠤᠯᠲᠠ ᠵᠢᠨ ᠲᠠᠪᠴᠠᠩ ᠥᠷᠲᠡᠭᠡ ᠵᠢᠨ ᠲᠤᠭ᠎ᠠ ᠪᠠᠷᠢᠮᠲᠠ ᠵᠢᠨ ᠬᠤᠯᠪᠣᠯᠳᠤᠨ ᠨᠡᠪᠲᠡᠷᠡᠯᠴᠡᠬᠦ ᠵᠢ ᠪᠡᠶᠡᠯᠡᠭᠦᠯᠵᠦ᠂ ᠡᠷᠴᠢᠮᠵᠢᠭᠦᠯᠦᠭᠰᠡᠨ ᠬᠠᠮᠢᠶᠠᠷᠤᠯᠲᠠ ᠵᠢᠨ ᠵᠠᠭᠪᠤᠷ ᠵᠶ᠋ᠠᠷ ᠳᠠᠮᠵᠢᠭᠤᠯᠤᠨ ᠵᠠᠰᠠᠭ ᠵᠠᠬᠢᠷᠭ᠋ᠠᠨ᠎ᠤ ᠠᠵᠢᠯ ᠦᠢ᠍ᠯᠡᠰ ᠵᠢᠴᠢ ᠮᠡᠷᠭᠡᠵᠢᠯ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠮᠡᠳᠡᠭᠡ ᠵᠠᠩᠭᠢ ᠵᠢᠨ ᠪᠣᠭᠤᠮᠢ᠎ᠠᠴᠠ ᠪᠣᠯᠤᠭᠰᠠᠨ ᠡᠮᠬᠢ ᠵᠢᠷᠤᠮ ᠥᠬᠡᠶ ᠪᠠ ᠢᠯᠡᠭᠦᠤ ᠪᠣᠯᠬᠤ᠎ᠠᠴᠠ ᠵᠠᠶ᠋ᠢᠯᠠᠰᠬᠢᠵᠦ᠂ ᠪᠦᠬᠦᠯᠢ ᠴᠣᠭᠴᠠ ᠵᠢᠨ ᠡᠬᠢ ᠪᠠᠶᠠᠯᠢᠭ᠎ᠤᠨ ᠨᠢᠭᠡᠳᠦᠯᠲᠡᠶ ᠲᠣᠬᠢᠷᠠᠭᠤᠯᠤᠯᠲᠠ ᠬᠠᠮᠢᠶᠠᠷᠤᠯᠲᠠ ᠵᠢᠴᠢ ᠰᠢᠯᠢᠳᠡᠭᠵᠢᠭᠦᠯᠦᠨ ᠳᠣᠭᠢᠷᠠᠭᠤᠯᠬᠤ ᠵᠢ ᠪᠡᠶᠡᠯᠡᠭᠦᠯᠦᠨ᠎ᠡ᠃
3. ᠰᠦᠯᠵᠢᠶᠠᠨ᠎ᠤ ᠠᠶᠤᠯᠭᠦᠢ ᠵᠢᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠠᠭᠢᠭᠤᠯᠤᠨ᠎ᠠ
ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠦᠯᠵᠢᠶᠡᠨ᠎ᠤ ᠠᠮᠤᠷ ᠲᠦᠪᠰᠢᠨ᠎ᠤ ᠰᠦᠷᠳᠡᠭᠦᠯᠦᠯ᠎ᠤᠨ ᠤᠷᠢᠳᠴᠢᠯᠠᠨ ᠰᠡᠷᠡᠮᠵᠢᠯᠡᠭᠦᠯᠬᠦ ᠪᠠ ᠪᠠᠶ᠋ᠢᠳᠠᠯ᠎ᠢ ᠰᠡᠷᠡᠵᠦ ᠮᠡᠳᠡᠬᠦ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠣᠮᠣ ᠳ᠋ᠠᠶ᠋ᠢᠲ᠋ᠠ᠂ ᠡᠭᠦᠯᠡᠨ ᠪᠣᠳᠣᠯᠲᠠ᠂ ᠢᠲᠡᠭᠡᠮᠵᠢᠲᠦ ᠳ᠋ᠠᠶ᠋ᠢᠲ᠋ᠠ᠂ ᠵᠣᠬᠢᠶᠠᠮᠠᠯ ᠣᠶᠤᠨ ᠵᠡᠷᠭᠡ ᠰᠢᠨ᠎ᠡ ᠮᠡᠷᠭᠡᠵᠢᠯ᠎ᠢ ᠢᠳᠡᠪᠬᠢᠲᠡᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠦᠭᠡᠷᠦᠮᠵᠢ᠂ ᠢᠨᠲ᠋ᠧᠷ ᠰᠦᠯᠵᠢᠶᠡᠨ᠎ᠤ ᠴᠢᠬᠤᠯᠠ ᠰᠢᠰᠲ᠋ᠧᠮ ᠪᠠ ᠰᠦᠯᠵᠢᠶᠡᠨ᠎ᠤ ᠦᠵᠡᠵᠦ ᠰᠣᠨᠣᠰᠬᠤ ᠦᠨᠡᠮᠯᠡᠯ᠎ᠲᠠᠢ ᠰᠦᠯᠵᠢᠶᠡᠨ᠎ᠤ ᠠᠮᠤᠷ ᠲᠦᠪᠰᠢᠨ᠎ᠤ ᠲᠤᠭ᠎ᠠ ᠪᠠᠷᠢᠮᠲᠠ ᠵᠢ ᠴᠤᠭᠯᠠᠭᠤᠯᠬᠤ᠂ ᠰᠦᠷᠳᠡᠭᠦᠯᠦᠯ᠎ᠢ ᠣᠯᠵᠤ ᠮᠡᠳᠡᠵᠦ ᠢᠯᠭ᠋ᠠᠨ ᠲᠠᠨᠢᠬᠤ᠂ ᠪᠠᠶ᠋ᠢᠳᠠᠯ᠎ᠢ ᠰᠡᠷᠡᠵᠦ ᠮᠡᠳᠡᠬᠦ᠂ ᠰᠤᠳᠤᠯᠤᠨ ᠮᠠᠭ᠋ᠠᠳᠯᠠᠵᠤ ᠵᠠᠳᠠᠯᠬᠤ᠂ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠵᠢᠴᠢ ᠰᠢᠢ᠍ᠳᠪᠦᠷᠢᠯᠡᠵᠦ ᠲᠣᠬᠢᠷᠠᠭᠤᠯᠬᠤ ᠵᠡᠷᠭᠡ ᠠᠵᠢᠯ᠎ᠢ ᠥᠷᠨᠢᠭᠦᠯᠵᠦ᠂ ᠶᠡᠭᠡ ᠬᠡᠮᠵᠢᠶᠡᠨ᠎ᠤ ᠮᠡᠳᠡᠭᠡ ᠵᠠᠩᠭᠢ ᠵᠢᠨ ᠬᠢᠨᠠᠯᠲᠠ ᠬᠠᠮᠢᠶᠠᠷᠤᠯᠲᠠ ᠵᠢᠨ ᠨᠠᠷᠢᠯᠢᠭ ᠣᠨᠣᠪᠴᠢᠲᠠᠶ᠂ ᠬᠠᠨᠳᠤᠯᠭ᠋ᠠᠲᠤ ᠴᠢᠨᠠᠷᠲᠠᠶ ᠬᠢᠨᠠᠯᠲᠠ ᠬᠠᠮᠢᠶᠠᠷᠤᠯᠲᠠ ᠲᠡᠢ᠌ᠰᠢ ᠰᠢᠯᠵᠢᠬᠦ ᠵᠢ ᠲᠦᠷᠭᠡᠳᠬᠡᠨ᠎ᠡ᠃
4. ᠡᠭᠢ ᠪᠠᠶᠠᠯᠢᠭ᠎ᠤᠨ ᠳ᠋ᠠᠶ᠋ᠢᠲ᠋ᠠ ᠵᠢᠨ ᠦᠵᠡᠭᠳᠡᠬᠦᠢ᠌ᠴᠡ ᠬᠠᠮᠢᠶᠠᠷᠤᠯᠲᠠ ᠵᠢᠨ ᠴᠢᠲᠠᠪᠤᠷᠢ ᠵᠢ ᠴᠢᠩᠭ᠋ᠠᠷᠠᠭᠤᠯᠤᠨ᠎ᠠ
ᠲᠤᠭ᠎ᠠ ᠪᠠᠷᠢᠮᠲᠠ ᠵᠢᠨ ᠦᠵᠡᠭᠳᠡᠬᠦᠢ᠌ᠴᠡ ᠮᠡᠷᠭᠡᠵᠢᠯ᠎ᠢ ᠶᠡᠷᠦᠩᠬᠡᠶ᠋ᠢᠯᠡᠨ ᠬᠡᠷᠡᠭᠯᠡᠵᠦ᠂ GIS ᠭᠠᠵᠠᠷ᠎ᠤᠨ ᠵᠢᠷᠤᠭ᠎ᠤᠨ ᠠᠷᠭ᠎ᠠ ᠬᠡᠯᠪᠡᠷᠢ᠎ᠪᠠᠷ ᠡᠯ᠎ᠡ ᠲᠥᠷᠥᠯ᠎ᠤᠨ ᠲᠤᠭ᠎ᠠ ᠪᠠᠷᠢᠮᠲᠠ ᠵᠢᠨ ᠮᠡᠳᠡᠭᠡ ᠵᠠᠩᠭᠢ ᠵᠢ ᠳᠡᠯᠭᠡᠨ ᠦᠵᠡᠭᠦᠯᠵᠦ᠂ ᠲᠤᠰᠬᠠᠶ ᠮᠡᠷᠭᠡᠵᠢᠯ ᠬᠤᠪᠢᠶᠠᠨ ᠣᠷᠣᠨ ᠪᠦᠰᠡ ᠬᠤᠪᠢᠶᠠᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠬᠢ ᠪᠠᠶᠠᠯᠢᠭ᠎ᠤᠨ ᠲᠤᠭ᠎ᠠ ᠪᠠᠷᠢᠮᠲᠠ ᠵᠢ ᠦᠵᠡᠭᠳᠡᠬᠦ᠋ᠢ᠍ᠴᠡ ᠢᠯᠡᠷᠡᠭᠦᠯᠬᠦ ᠪᠠ ᠵᠢᠯᠣᠭᠤᠳᠤᠨ ᠲᠣᠬᠢᠷᠠᠭᠤᠯᠬᠤ ᠬᠠᠮᠢᠶᠠᠷᠤᠯᠲᠠ᠎ᠳᠤ ᠠᠯᠬᠤᠮ ᠠᠯᠬᠤᠮ ᠵᠶ᠋ᠠᠷ ᠣᠷᠣᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠬᠢ ᠪᠠᠶᠠᠯᠢᠭ᠎ᠤᠨ 《ᠪᠠᠶ᠋ᠢᠭᠤᠯᠤᠮᠵᠢ ᠵᠢ ᠣᠯᠵᠤ ᠦᠵᠡᠬᠦ ᠂ ᠪᠦᠷᠬᠦᠴᠡ ᠵᠢ ᠦᠵᠡᠵᠦ ᠪᠣᠯᠬᠤ ᠂ ᠦᠢ᠍ᠯᠡᠴᠢᠯᠡᠭᠡ ᠵᠢ ᠰᠡᠷᠡᠵᠦ ᠮᠡᠳᠡᠬᠦ》 ᠵᠢ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠳ᠋ᠠᠶ᠋ᠢᠲ᠋ᠠ᠎ᠪᠠᠷ ᠵᠠᠩᠭᠢᠯᠠᠭ᠎ᠠ ᠵᠢᠨ ᠬᠦᠴᠦᠨ ᠵᠦᠢ᠍ᠯ ᠪᠣᠯᠭ᠋ᠠᠭᠰᠠᠨ᠂ ᠰᠢᠨ᠎ᠡ ᠵᠢ ᠡᠭᠦᠳᠬᠦ᠎ᠪᠠᠷ ᠭᠤᠤᠯ ᠤᠳᠤᠷᠢᠳᠤᠮᠵᠢ ᠪᠣᠯᠭ᠋ᠠᠭᠰᠠᠨ ᠷᠠᠳᠢᠣ᠋ ᠲᠧᠯᠸᠢᠰ᠎ᠤᠨ ᠲᠣᠮᠣ ᠳ᠋ᠠᠶ᠋ᠢᠲ᠋ᠠ ᠵᠢᠨ ᠬᠡᠷᠡᠭᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠪᠥᠬᠦ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠵᠢᠯᠣᠭᠤᠳᠬᠤ ᠵᠢ ᠬᠠᠷᠢᠭᠤᠴᠠᠵᠤ᠂ ᠬᠣᠯᠪᠣᠭᠳᠠᠯ ᠪᠥᠬᠦᠶ ᠰᠠᠯᠠᠭ᠎ᠠ ᠮᠥᠴᠢᠷ᠎ᠲᠠᠢ ᠵᠣᠯᠭ᠋ᠠᠭᠤᠯᠵᠤ᠂ ᠵᠣᠬᠢᠶᠠᠨ ᠪᠠᠶ᠋ᠢᠭᠤᠯᠵᠤ ᠵᠣᠬᠢᠴᠠᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠨ᠎ᠠ᠃ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭ᠋ᠠᠷ᠂ ᠬᠠᠷᠢᠶ᠎ᠠ ᠣᠷᠣᠨ᠎ᠤ ᠣᠶᠣᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠵᠤ᠂ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠡᠳᠦᠷ ᠲᠤᠲᠤᠮ᠎ᠤᠨ ᠴᠢᠬᠤᠯᠠ ᠵᠥᠪᠯᠡᠬᠦ ᠵᠦᠢ᠍ᠯ᠎ᠳᠤ᠎ᠪᠠᠨ ᠣᠷᠣᠭᠤᠯᠵᠤ᠂ ᠪᠣᠳᠠᠲᠠᠶ᠎ᠲᠠᠢ᠎ᠪᠠᠨ ᠤᠶᠠᠯᠳᠤᠭᠤᠯᠤᠨ ᠡᠭᠦᠷᠭᠡ᠎ᠪᠠᠨ ᠨᠠᠷᠢᠯᠢᠬ᠍ᠵᠢᠭᠤᠯᠵᠤ᠂ ᠠᠷᠭ᠎ᠠ ᠬᠡᠮᠵᠢᠶ᠎ᠡ ᠳᠤᠷᠠᠳᠴᠤ᠂ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠶ᠋ᠢᠯᠠᠨ᠂ ᠬᠠᠷᠢᠭᠤᠴᠠᠯᠭ᠎ᠠ᠎ᠪᠠᠨ ᠨᠠᠶ᠋ᠢᠳᠠᠪᠤᠷᠢᠵᠢᠭᠤᠯᠵᠤ᠂ ᠣᠯᠠᠨ ᠲᠠᠯ᠎ᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠠᠵᠢᠯ ᠵᠶ᠋ᠠᠨ ᠠᠬᠢᠭᠤᠯᠬᠤ ᠵᠢ ᠰᠠᠶ᠋ᠢᠲᠤᠷ ᠠᠳᠬᠤᠵᠤ᠂ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ᠎ᠳᠤ ᠬᠦᠴᠦᠲᠡᠶ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠨ᠎ᠠ᠃
(ᠬᠤᠶᠠᠷ) ᠲᠡᠳᠭᠦᠨ ᠳᠡᠮᠵᠢᠵᠦ ᠬᠦᠲᠦᠯᠦᠨ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠤᠨ᠎ᠠ
ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠨᠠᠮ᠎ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠪᠠᠶ᠋ᠢᠷᠢᠯᠠᠭᠤᠯᠤᠯᠲᠠ ᠵᠢᠨ ᠲᠣᠭᠤᠷᠢᠨ᠎ᠳᠤ᠂ ᠤᠶᠤᠨᠲᠤ ᠷᠠᠳᠢᠣ᠋ ᠲᠧᠯᠸᠢᠰ᠎ᠤᠨ ᠬᠥᠭᠵᠢᠯᠲᠡ ᠵᠢ ᠲᠣᠰ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠪᠠ ᠰᠣᠶᠣᠯ᠎ᠤᠨ ᠥᠭᠡᠷᠡᠴᠢᠯᠡᠯᠲᠡ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠬᠤ᠎ᠪᠠᠷ ᠢᠳᠡᠪᠬᠢᠲᠡᠶ ᠴᠢᠷᠮᠠᠶ᠋ᠢᠵᠤ᠂ ᠨᠢᠭᠡ ᠴᠣᠭᠴᠠᠵᠢᠭᠤᠯᠤᠨ ᠨᠢᠭᠡᠳᠦᠯᠲᠡᠶ ᠲᠥᠯᠥᠪᠵᠢᠭᠦᠯᠵᠦ᠂ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠡᠯ᠎ᠡ ᠱᠠᠲᠤᠨ᠎ᠤ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ᠂ ᠲᠤᠰᠬᠠᠶ ᠪᠠᠯᠠ ᠮᠥᠩᠭᠦ᠂ ᠡᠳ᠋᠎ᠤᠨ ᠵᠠᠰᠠᠭ᠎ᠤᠨ ᠨᠥᠬᠦᠪᠥᠷᠢ᠂ ᠠᠵᠤ ᠠᠬᠤᠶ᠋ᠢᠯᠠᠯ᠎ᠤᠨ ᠥᠪᠡᠷᠲᠡᠭᠡᠨ ᠴᠤᠭᠯᠠᠭᠤᠯᠬᠤ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠡᠷᠭᠡ ᠠᠷᠭ᠎ᠠ ᠬᠡᠯᠪᠡᠷᠢ ᠵᠢ ᠭᠦᠢ᠍ᠴᠡᠳ ᠠᠰᠢᠭᠯᠠᠨ᠂ ᠪᠠᠯᠠ ᠣᠷᠣᠭᠤᠯᠤᠯᠲᠠ ᠪᠠᠯᠠ ᠲᠣᠬᠢᠷᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠵᠦ᠂ ᠪᠠᠯᠠ ᠣᠷᠣᠭᠤᠯᠤᠯᠲᠠ ᠵᠢᠨ ᠡᠵᠡᠩᠨᠡᠯᠲᠡ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠨᠡᠶ᠋ᠢᠭᠡᠮ᠎ᠤᠨ ᠪᠠᠯᠠ ᠮᠥᠩᠭᠦ ᠵᠢ ᠢᠳᠡᠪᠬᠢᠲᠡᠶ᠎ᠪᠠᠷ ᠬᠥᠲᠥᠯᠦᠨ ᠵᠢᠯᠣᠭᠤᠳᠴᠤ ᠪᠠᠶ᠋ᠢᠭ᠋ᠠᠳ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ᠎ᠳᠤ ᠣᠷᠣᠯᠴᠠᠭᠤᠯᠤᠨ᠎ᠠ᠃
(ᠭᠤᠷᠪᠠ) ᠡᠩᠨᠡᠭᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠎ᠠ
ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠤᠶᠤᠨᠲᠤ ᠷᠠᠳᠢᠣ᠋ ᠲᠧᠯᠸᠢᠰ᠎ᠤᠨ ᠠᠭᠤᠯᠭ᠎ᠠ ᠵᠢᠨ ᠦᠢ᠍ᠯᠡᠳᠪᠦᠷᠢᠯᠡᠯ᠂ ᠮᠡᠷᠭᠡᠵᠢᠯ᠎ᠤᠨ ᠰᠤᠳᠤᠯᠤᠨ ᠨᠡᠭᠡᠭᠡᠯᠲᠡ᠂ ᠬᠥᠷᠥᠩᠭᠡ ᠵᠢᠨ ᠠᠵᠢᠯᠯᠠᠭ᠋ᠠᠨ ᠵᠢᠴᠢ ᠡᠵᠡᠩᠨᠡᠯᠲᠡ ᠬᠠᠮᠢᠶᠠᠷᠤᠯᠲᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠴᠢᠳᠠᠪᠤᠷᠢᠲᠠᠨ᠎ᠢ ᠬᠡᠷᠡᠭᠯᠡᠬᠦ᠂ ᠦᠨᠡᠯᠡᠬᠦ᠂ ᠦᠢ᠍ᠯᠡᠴᠢᠯᠡᠬᠦ᠂ ᠤᠷᠮᠠᠰᠢᠭᠤᠯᠬᠤ ᠪᠠᠶ᠋ᠢᠭᠤᠯᠤᠯ ᠵᠣᠬᠢᠴᠠᠮᠵᠢ ᠵᠢ ᠪᠦᠷᠢᠨᠰᠢᠬᠦᠯᠦᠨ᠂ ᠤᠶᠤᠨᠲᠤ ᠷᠠᠳᠢᠣ᠋ ᠲᠧᠯᠸᠢᠰ᠎ᠤᠨ ᠪᠠᠷᠢᠮᠵᠢᠶ᠎ᠠ ᠵᠢᠨ ᠲᠣᠭᠲᠠᠯᠴᠠᠭ᠎ᠠ ᠵᠢ ᠵᠣᠯᠭ᠋ᠠᠭᠤᠯᠬᠤ ᠪᠠ ᠪᠣᠯᠪᠠᠰᠤᠷᠠᠭᠤᠯᠬᠤ ᠵᠣᠬᠢᠴᠠᠮᠵᠢ ᠵᠢ ᠪᠠᠶ᠋ᠢᠭᠤᠯᠵᠤ᠂ ᠬᠣᠯᠪᠣᠭᠳᠠᠯ ᠪᠥᠬᠦᠶ ᠪᠠᠶ᠋ᠢᠭᠤᠯᠤᠮᠵᠢ ᠪᠠ ᠠᠵᠢᠯᠲᠠᠨ᠎ᠳᠤ ᠪᠠᠶ᠋ᠢᠩᠭᠤᠵᠢᠭᠰᠠᠨ ᠪᠣᠯᠪᠠᠰᠤᠷᠠᠯ᠎ᠢ ᠥᠷᠨᠢᠭᠦᠯᠦᠨ᠎ᠡ᠃
(ᠲᠦᠷᠪᠡ) ᠬᠢᠨᠠᠯᠲᠠ ᠲᠠᠯᠪᠢᠨ ᠪᠠᠶ᠋ᠢᠴᠠᠭ᠋ᠠᠬᠤ ᠠᠵᠢᠯ᠎ᠢ ᠨᠠᠶ᠋ᠢᠳᠠᠪᠤᠷᠢᠵᠢᠭᠤᠯᠤᠨ᠎ᠠ
ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠥᠪᠥᠷ ᠮᠣᠩᠭᠤᠯ᠎ᠤᠨ ᠤᠶᠤᠨᠲᠤ ᠷᠠᠳᠢᠣ᠋ ᠲᠧᠯᠸᠢᠰ᠎ᠤᠨ ᠪᠥᠲᠥᠭᠡᠨ ᠪᠠᠶ᠋ᠢᠭᠤᠯᠤᠯᠲᠠ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠰᠢᠮᠳᠠᠭᠤᠯᠤᠨ ᠪᠠᠶ᠋ᠢᠴᠠᠭ᠋ᠠᠬᠤ ᠵᠢ ᠬᠠᠷᠢᠭᠤᠴᠠᠨ᠎ᠠ᠃ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ ᠵᠢ ᠰᠠᠶ᠋ᠢᠲᠤᠷ ᠠᠳᠬᠤᠵᠤ᠂ ᠬᠠᠮᠢᠶᠠᠷᠤᠯᠲᠠ ᠵᠢᠨ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠲᠣᠳᠣᠷᠬᠠᠶ᠋ᠢᠯᠠᠨ᠂ ᠬᠥᠳᠡᠯᠦᠩᠭᠦᠶ ᠬᠢᠨᠠᠨ ᠬᠡᠮᠵᠢᠬᠦ ᠵᠣᠬᠢᠴᠠᠮᠵᠢ ᠵᠢ ᠪᠠᠶ᠋ᠢᠭᠤᠯᠵᠤ᠂ ᠬᠡᠪᠰᠢᠭᠰᠡᠨ ᠬᠢᠨᠠᠯᠲᠠ ᠪᠠᠶ᠋ᠢᠴᠠᠭ᠋ᠠᠯᠲᠠ ᠵᠢ ᠥᠷᠨᠢᠭᠦᠯᠦᠨ᠎ᠡ᠃
ᠪᠥᠬᠦ ᠠᠭᠤᠯᠭ᠎ᠠ᠎ᠨᠢ ᠳᠣᠤᠷᠠᠬᠢ ᠮᠡᠲᠦ᠄ ᠥᠪᠥᠷ ᠷᠠᠳᠢᠣ᠋ ᠲᠸᠯᠸᠢᠰ ᠲᠠᠷᠬᠠᠭ᠋ᠠᠭᠰᠠᠨ 2022 171 ᠳ᠋ᠤᠭᠡᠷ ᠲᠣᠭ᠋ᠠᠲᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠶᠤᠨᠲᠤ ᠷᠠᠳᠢᠣ᠋ ᠲᠧᠯᠸᠢᠰ᠎ᠤᠨ ᠬᠥᠭᠵᠢᠯᠲᠡ ᠵᠢ ᠠᠬᠢᠭᠤᠯᠬᠤ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ.doc