ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2024-06-18




ᠥᠪᠥᠷ ᠷᠠᠳᠢᠣ᠋ ᠲᠸᠯᠸᠢᠰ ᠲᠠᠷᠬᠠᠭ᠋ᠠᠭᠰᠠᠨ [ 2021] 105 ᠳ᠋ᠤᠭ᠋ᠠᠷ ᠲᠣᠭ᠋ᠠᠲᠤ

 

ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ

 

ᠡᠯ᠎ᠡ ᠠᠶ᠋ᠢᠮᠠᠭ ᠬᠤᠲᠠ (ᠮᠠᠨᠵᠤᠤᠷ ᠬᠤᠲᠠ᠂ ᠡᠷᠢᠶᠡᠨ ᠬᠤᠲᠠ ᠵᠢ ᠪᠠᠭᠲᠠᠭ᠋ᠠᠨ᠎ᠠ) ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ᠎ᠤᠨ ᠺᠢᠨᠣ᠋ ᠵᠢᠨ ᠪᠦᠯᠦᠭᠯᠡᠯ᠎ᠳᠤ᠄

2020 ᠣᠨ᠎ᠤ 4 ᠳ᠋ᠦ᠍ᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠠᠭᠤᠯᠭ᠎ᠠ ᠵᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠳᠠᠬᠢᠨ ᠰᠢᠨ᠎ᠡ ᠳᠡᠭᠲᠡᠷ᠎ᠲᠤ ᠭᠠᠷᠭ᠋ᠠᠵᠤ᠂ ᠳᠠᠬᠢᠨ ᠰᠢᠨ᠎ᠡ ᠲᠦᠪᠰᠢᠨ᠎ᠳᠤ ᠬᠥᠷᠭᠡᠵᠦ᠂ ᠥᠷᠭᠡᠨ ᠣᠯᠠᠨ ᠠᠷᠠᠳ ᠲᠦᠮᠡᠨ᠎ᠤ ᠣᠶᠤᠨ ᠰᠣᠶᠣᠯ᠎ᠤᠨ ᠠᠮᠢᠳᠤᠷᠠᠯ᠎ᠤᠨ ᠲᠤᠬᠠᠶ ᠰᠢᠨ᠎ᠡ ᠱᠠᠭ᠋ᠠᠷᠳᠠᠯᠭ᠎ᠠ ᠰᠢᠨ᠎ᠡ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭ᠋ᠠᠵᠤ᠂ ᠪᠥᠬᠦ ᠣᠷᠣᠨ᠎ᠤ ᠷᠠᠳᠢᠣ᠋ ᠲᠧᠯᠸᠢᠰ᠎ᠢ ᠬᠦᠴᠦᠷᠬᠡᠭ ᠶᠡᠭᠡ ᠨᠢᠭᠲᠠᠷᠠᠯ᠎ᠤᠨ ᠬᠦᠴᠦᠨ ᠪᠠ ᠬᠥᠲᠥᠯᠦᠨ ᠳᠠᠭ᠋ᠠᠭᠤᠯᠬᠤ ᠬᠦᠴᠦᠨ᠎ᠲᠠᠢ ᠨᠡᠶ᠋ᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ ᠪᠣᠯᠭ᠋ᠠᠨ ᠪᠥᠲᠥᠭᠡᠨ ᠪᠠᠶ᠋ᠢᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠲᠤᠷᠰᠢᠯᠭ᠎ᠠ᠎ᠪᠠᠨ ᠤᠯᠠᠮ ᠨᠢᠭᠡ ᠠᠯᠬᠤᠮ ᠳ᠋ᠦᠩᠨᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠤᠯᠤᠩ᠎ᠤᠨ ᠵᠣᠬᠢᠶᠠᠨ ᠪᠦᠲᠦᠭᠡᠵᠦ ᠨᠡᠪᠲᠡᠷᠡᠭᠦᠯᠬᠦ ᠪᠥᠬᠦ ᠶᠠᠪᠤᠴᠠ᠎ᠳᠤ ᠤᠯᠠᠮ ᠨᠢᠭᠡ ᠠᠯᠬᠤᠮ ᠲᠤᠭᠤᠰᠢᠯᠠᠭᠤᠯᠬᠤ ᠵᠢᠨ ᠲᠥᠯᠥᠭᠡ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠤᠳᠤᠷᠢᠳᠤᠮᠵᠢ ᠵᠢ ᠢᠮᠠᠭᠲᠠ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠰᠤᠳᠤᠯᠤᠨ ᠬᠢᠨᠠᠨ ᠵᠥᠪᠯᠡᠬᠦ᠎ᠪᠠᠷ ᠳᠡᠮᠵᠢᠨ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》᠎ᠳᠤ ᠤᠯᠠᠮ ᠨᠢᠭᠡ ᠠᠯᠬᠤᠮ ᠵᠠᠰᠠᠪᠤᠷᠢ ᠣᠷᠣᠭᠣᠯᠵᠣ᠂ ᠡᠳᠦᠭᠡ ᠳᠠᠬᠢᠨ ᠳᠠᠷᠤᠮᠠᠯᠯᠠᠨ ᠲᠠᠷᠬᠠᠭ᠋ᠠᠪᠠ᠂ ᠡᠯ᠎ᠡ ᠭᠠᠵᠠᠷ ᠣᠷᠣᠨ᠂ ᠡᠯ᠎ᠡ ᠨᠢᠭᠡᠴᠢ ᠵᠢᠨ᠎ᠬᠢᠨ ᠵᠣᠬᠢᠴᠠᠩᠭᠤᠶ ᠢᠵᠢ ᠪᠥᠷᠢᠳᠦᠭᠰᠡᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠳᠤ ᠵᠠᠰᠠᠪᠤᠷᠢ ᠣᠷᠣᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠠᠵᠢᠯ᠎ᠢ ᠦᠷᠭᠦᠯᠵᠢᠯᠡᠨ ᠰᠠᠶ᠋ᠢᠲᠤᠷ ᠠᠳᠬᠤᠬᠤ ᠵᠢ ᠬᠦᠰᠡᠵᠦ ᠪᠠᠶ᠋ᠢᠨ᠎ᠠ᠃

 

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2021 ᠣᠨ᠎ᠤ 4 ᠳ᠋ᠦ᠍ᠭᠡᠷ ᠰᠠᠷ᠎ᠠ ᠵᠢᠨ 14᠎ᠤ ᠡᠳᠦᠷ

 

 

ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠤᠬᠠᠭᠤᠯᠬᠤ ᠬᠡᠯᠲᠡᠰ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠺᠢᠨᠣ᠋ ᠲᠧᠯᠸᠢᠰ᠎ᠤᠨ ᠦᠢ᠍ᠯᠡᠰ᠎ᠤᠨ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠮᠠᠨ᠎ᠤ ᠤᠯᠤᠰ᠎ᠤᠨ ᠺᠢᠨᠣ᠋ ᠲᠧᠯᠸᠢᠰ᠎ᠤᠨ ᠦᠢ᠍ᠯᠡᠰ᠎ᠤᠨ ᠡᠷᠡᠭᠦᠯ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ 《ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠠᠰᠠᠭ᠎ᠤᠨ ᠣᠷᠳᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠬᠤ ᠲᠤᠬᠠᠶ ᠡᠯ᠎ᠡ ᠵᠦᠢ᠍ᠯ᠎ᠤᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠠᠷᠢᠮᠲᠠᠯᠠᠨ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠵᠤ᠂ ᠲᠣᠰ ᠲᠥᠯᠥᠪᠯᠡᠭᠡ ᠵᠢ ᠲᠣᠭᠲᠠᠭ᠋ᠠᠪᠠ᠃

ᠨᠢᠭᠡ᠂ ᠵᠢᠯᠣᠭᠤᠳᠬᠤ ᠦᠵᠡᠯ ᠰᠠᠨᠠᠭ᠎ᠠ

ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠲᠤᠭ᠎ᠢ ᠦᠨᠳᠦᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ᠂ 《ᠬᠤᠣᠰ ᠵᠠᠭᠤᠨ ᠵᠢᠯ》᠎ᠤᠨ ᠲᠡᠮᠡᠴᠡᠬᠦ ᠬᠠᠷᠠᠯᠲᠠ ᠵᠢ ᠪᠡᠶᠡᠯᠡᠭᠦᠯᠬᠦ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠲᠣᠭᠤᠷᠢᠨ᠎ᠳᠤ᠂ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ ᠪᠠ ᠴᠢᠬᠤᠯᠠ ᠶᠡᠭᠡ ᠭᠤᠣᠯ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠵᠢᠨ ᠰᠡᠳᠦᠪ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠬᠦ ᠵᠢ ᠴᠢᠩᠭ᠋ᠠᠷᠠᠭᠤᠯᠵᠤ᠂ ᠲᠡᠳᠬᠦᠨ ᠬᠥᠲᠥᠯᠦᠨ ᠵᠢᠯᠣᠭᠤᠳᠬᠤ ᠵᠢ ᠴᠢᠩᠭ᠋ᠠᠳᠬᠠᠵᠤ᠂ ᠨᠡᠶ᠋ᠢᠭᠡᠮ ᠵᠢᠷᠤᠮ᠎ᠤᠨ ᠭᠤᠤᠯᠯᠠᠬᠤ ᠥᠷᠲᠡᠭ᠎ᠤᠨ ᠦᠵᠡᠯᠲᠡ᠎ᠪᠠᠷ ᠤᠳᠤᠷᠢᠳᠤᠮᠵᠢ ᠪᠣᠯᠭ᠋ᠠᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ᠂ ᠥᠪᠥᠷ ᠮᠣᠩᠭᠤᠯ᠎ᠤᠨ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠳᠡᠯᠭᠡᠨ ᠦᠵᠡᠭᠦᠯᠬᠦ᠎ᠪᠠᠷ ᠬᠠᠷᠠᠯᠲᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠬᠢᠨ᠎ᠠᠴᠠ᠎ᠨᠢ ᠲᠡᠭᠦᠰᠲᠡᠯ᠎ᠡ ᠲᠤᠭᠤᠰᠢᠯᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠰᠢᠨ᠎ᠡ ᠵᠢ ᠡᠭᠦᠳᠬᠦ ᠴᠢᠨᠠᠷᠲᠠᠶ ᠬᠥᠭᠵᠢᠯᠲᠡ᠂ ᠥᠪᠥᠷ ᠮᠣᠩᠭᠤᠯ᠎ᠤᠨ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠳᠡᠯᠭᠡᠨ ᠦᠵᠡᠭᠦᠯᠬᠦ᠎ᠪᠠᠷ ᠬᠠᠷᠠᠯᠲᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠬᠢᠨ᠎ᠠᠴᠠ᠎ᠨᠢ ᠳᠠᠭᠤᠰᠲᠠᠯ᠎ᠠ ᠲᠤᠭᠤᠰᠢᠯᠠᠭᠤᠯᠵᠤ᠂ ᠨᠢᠭᠡ ᠪᠦᠯᠦᠭ ᠦᠵᠡᠯ ᠰᠠᠨᠠᠭ᠎ᠠ ᠭᠦᠨᠵᠡᠭᠡᠶ᠂ ᠤᠷᠠᠯᠢᠭ ᠨᠠᠷᠢᠯᠢᠭ᠂ ᠨᠠᠷᠢᠯᠢᠭ ᠰᠠᠶ᠋ᠢᠬᠠᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠨᠢᠭᠡ ᠪᠦᠯᠦᠭ ᠨᠡᠷ᠎ᠡ ᠠᠯᠳᠠᠷᠰᠢᠭᠰᠠᠨ᠂ ᠰᠠᠶ᠋ᠢᠨ ᠬᠤᠳᠠᠯᠳᠤᠵᠤ ᠴᠢᠳᠠᠬᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠲᠥᠷᠥᠯ ᠲᠡᠮᠳᠡᠭᠲᠦ ᠵᠢᠨ ᠪᠤᠯᠤᠩ᠎ᠢ ᠡᠭᠦᠳᠴᠦ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠲᠥᠷᠥᠯ ᠲᠡᠮᠳᠡᠭᠲᠦ ᠵᠢᠨ ᠴᠡᠴᠡᠭᠯᠡᠯ ᠬᠥᠭᠵᠢᠯᠲᠡ ᠵᠢ ᠠᠬᠢᠭᠤᠯᠵᠤ᠂ ᠠᠷᠠᠳ ᠣᠯᠠᠨ᠎ᠤ ᠴᠢᠨᠠᠷ ᠰᠠᠶ᠋ᠢᠲᠠᠶ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠡᠷᠡᠭᠯᠡᠭᠡ ᠵᠢᠨ ᠲᠤᠬᠠᠶ ᠰᠢᠨ᠎ᠡ ᠱᠠᠭ᠋ᠠᠷᠳᠠᠯᠭ᠎ᠠ ᠰᠢᠨ᠎ᠡ ᠬᠦᠰᠡᠯ ᠡᠷᠡᠮᠡᠯᠵᠡᠯ᠎ᠢ ᠲᠠᠰᠤᠷᠠᠯᠲᠠ ᠥᠬᠡᠶ ᠬᠠᠩᠭ᠋ᠠᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠳᠠᠪᠤᠷᠢ ᠵᠢ ᠬᠦᠴᠦᠷᠬᠡᠭ ᠶᠡᠭᠡ ᠨᠢᠭᠲᠠᠷᠠᠯ᠎ᠤᠨ ᠬᠦᠴᠦᠨ ᠪᠠ ᠬᠥᠲᠥᠯᠦᠨ ᠳᠠᠭ᠋ᠠᠭᠤᠯᠬᠤ ᠬᠦᠴᠦᠨ᠎ᠲᠠᠢ ᠨᠡᠶ᠋ᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ ᠪᠣᠯᠭ᠋ᠠᠨ ᠪᠥᠲᠥᠭᠡᠨ ᠪᠠᠶ᠋ᠢᠭᠤᠯᠬᠤ᠎ᠪᠠᠷ ᠴᠢᠷᠮᠠᠢ᠌ᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠦᠲᠦᠭᠡᠨ ᠪᠠᠶ᠋ᠢᠭᠤᠯᠵᠤ᠂ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠦᠨ᠎ᠡ᠃

ᠬᠤᠶᠠᠷ᠂ ᠦᠨᠳᠦᠰᠦᠨ ᠵᠠᠷᠴᠢᠮ

(ᠨᠢᠭᠡ) ᠵᠥᠪ ᠤᠳᠤᠷᠢᠳᠤᠮᠵᠢ ᠵᠢ ᠪᠠᠷᠢᠮᠲᠠᠯᠠᠨ᠎ᠠ᠃ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ 《ᠬᠤᠶᠠᠷ᠎ᠲᠤ ᠦᠢ᠍ᠯᠡᠴᠢᠯᠡᠬᠦ ᠴᠢᠭᠯᠡᠯ》 ᠪᠠ 《ᠬᠣᠶᠠᠷ ᠪᠦᠬᠦᠨ᠎ᠤ ᠴᠢᠭᠯᠡᠯᠲᠡ》 ᠵᠢ ᠪᠠᠷᠢᠮᠲᠠᠯᠠᠵᠤ᠂ ᠵᠥᠪ ᠤᠯᠤᠰ ᠲᠥᠷᠥ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠥᠷᠲᠡᠭ᠎ᠤᠨ ᠬᠠᠨᠳᠤᠰᠢ ᠵᠢ ᠪᠠᠲᠤ ᠡᠵᠡᠮᠳᠡᠵᠦ᠂ ᠭᠤᠤᠯ ᠤᠷᠤᠰᠬᠠᠯ᠎ᠤᠨ ᠰᠣᠶᠣᠯ᠎ᠤᠨ ᠬᠠᠷᠢᠭᠤᠴᠠᠯᠭ᠎ᠠ ᠡᠭᠦᠷᠭᠡᠯᠡᠯ᠎ᠢ ᠪᠠᠲᠤ ᠰᠠᠬᠢᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠪᠠ ᠳᠤᠮᠳᠠᠳᠤ ᠵᠢᠨ ᠵᠡᠭᠦᠳᠦ ᠵᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠤᠯᠤᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠪᠥᠬᠦ ᠶᠠᠪᠤᠴᠠ᠎ᠳᠤ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠭᠤᠤᠯ ᠦᠵᠡᠯ ᠤᠬᠠᠮᠰᠠᠷ᠎ᠤᠨ ᠬᠡᠯᠪᠡᠷᠢ ᠵᠢ ᠪᠠᠬᠢᠵᠢᠭᠦᠯᠦᠨ᠎ᠡ᠃

(ᠬᠤᠶᠠᠷ) ᠭᠤᠤᠯ ᠰᠡᠳᠦᠪ᠎ᠤᠨ ᠲᠤᠭᠤᠷᠢᠨ᠎ᠳᠤ ᠵᠤᠬᠢᠶᠠᠨ ᠪᠦᠲᠦᠭᠡᠨ᠎ᠡ᠃  ᠴᠢᠬᠤᠯᠠ ᠶᠡᠭᠡ ᠪᠣᠳᠠᠲᠤ ᠠᠬᠤᠢ᠂ ᠬᠤᠪᠢᠰᠬᠠᠯ᠂ ᠲᠡᠦᠬᠡ ᠵᠢᠨ ᠰᠡᠳᠦᠪ᠎ᠲᠤ ᠠᠩᠬᠠᠷᠤᠯ ᠵᠶ᠋ᠠᠨ ᠬᠠᠨᠳᠤᠭᠤᠯᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠂ ᠬᠤᠷᠢᠳᠤᠭ᠋ᠠᠷ ᠶᠡᠭᠡ ᠬᠤᠷᠠᠯ᠎ᠤᠨ ᠬᠤᠷᠠᠯᠳᠤᠭ᠋ᠠᠨ ᠵᠢᠴᠢ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠤᠯᠠᠭ᠋ᠠᠨᠮᠥ᠋ᠴᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠵᠡᠷᠭᠡ ᠴᠢᠬᠤᠯᠠ ᠶᠡᠭᠡ ᠭᠤᠣᠯ ᠰᠡᠳᠦᠪ᠎ᠤᠨ ᠲᠣᠭᠤᠷᠢᠨ᠎ᠳᠤ᠂ ᠨᠢᠭᠡ ᠪᠦᠯᠦᠭ ᠷᠠᠳᠢᠣ᠋ ᠲᠧᠯᠸᠢᠰ᠎ᠤᠨ ᠫᠷᠤᠭ᠌ᠷᠠᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠲᠧᠯᠸᠢᠰ ᠵᠦᠴᠦᠭᠡ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠪᠣᠯᠤᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠵᠡᠷᠭᠡ ᠰᠢᠯᠢᠳᠡᠭ ᠪᠦᠲᠦᠭᠡᠯ᠎ᠢ ᠨᠠᠷᠢᠨ ᠨᠢᠮᠪᠠᠢ ᠲᠥᠰᠦᠪᠯᠡᠨ ᠭᠠᠷᠭ᠋ᠠᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠴᠠᠭ ᠦᠶ᠎ᠡ ᠵᠢᠨ ᠳᠦᠷᠰᠦ ᠪᠠᠶ᠋ᠢᠳᠠᠯ᠎ᠢ ᠲᠤᠰᠬᠠᠵᠤ᠂ ᠠᠷᠠᠳ ᠤᠯᠠᠨ᠎ᠤ ᠬᠠᠶ᠋ᠢᠷ᠎ᠠ ᠰᠡᠳᠬᠢᠯᠭᠡ ᠵᠢ ᠠᠴᠢᠶᠠᠯᠠᠵᠤ᠂ ᠴᠡᠭᠡᠨ ᠬᠥᠰᠢᠭᠡ ᠵᠢᠨ ᠳᠠᠭᠤᠨ ᠳᠠᠪᠲᠠᠮᠵᠢᠲᠤ ᠲᠣᠣᠷ᠎ᠤᠨ ᠳᠡᠯᠭᠡᠴᠡ ᠵᠢᠨ ᠥᠭᠡᠳᠡᠯᠡᠨ ᠲᠠᠪᠰᠢᠬᠤ᠂ ᠰᠢᠨ᠎ᠡ ᠰᠤᠷᠲᠠᠯ᠎ᠢ ᠠᠬᠢᠭᠤᠯᠬᠤ ᠵᠢ ᠠᠬᠢᠭᠤᠯᠤᠨ᠎ᠠ᠃

(ᠭᠤᠷᠪᠠ) ᠣᠷᠣᠨ ᠨᠤᠲᠤᠭ᠎ᠤᠨ ᠰᠢᠮᠡᠯᠢᠭ ᠬᠥᠷᠥᠰᠥ ᠰᠢᠷᠣᠢ᠎ᠳᠤ ᠦᠨᠳᠦᠰᠦᠯᠡᠨ᠎ᠡ᠃  ᠥᠪᠥᠷ ᠮᠣᠩᠭᠤᠯ᠎ᠤᠨ ᠡᠯ᠎ᠡ ᠭᠠᠵᠠᠷ ᠣᠷᠣᠨ᠎ᠤ ᠠᠵᠤ ᠠᠬᠤᠶ ᠨᠡᠶ᠋ᠢᠭᠡᠮ ᠰᠣᠶᠣᠯ᠎ᠤᠨ ᠠᠮᠵᠢᠯᠲᠠ ᠪᠦᠲᠦᠮᠵᠢ ᠵᠢᠨ ᠣᠨᠴᠠᠯᠢᠭ᠎ᠲᠤ ᠰᠠᠭᠤᠷᠢᠯᠠᠵᠤ᠂ 《ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠪᠤᠭᠤᠲᠤ ᠵᠢᠨ ᠪᠤᠯᠤᠳ ᠲᠡᠮᠤᠷ᠎ᠤᠨ ᠺᠣᠮᠫᠠᠨᠢ ᠵᠢ ᠪᠠᠶ᠋ᠢᠭᠤᠯᠬᠤ》᠂ 《ᠭᠤᠷᠪᠠᠨ ᠮᠢᠩᠭ᠋ᠠᠨ ᠥᠨᠥᠴᠢᠨ ᠬᠡᠦᠬᠡᠳ᠎ᠢ ᠥᠪᠥᠷ ᠮᠣᠩᠭᠤᠯ᠎ᠳᠤ ᠣᠷᠣᠭᠤᠯᠬᠤ》 ᠵᠡᠷᠭᠡ ᠬᠤᠪᠢᠰᠬᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠨᠠᠮ᠎ᠤᠨ ᠤᠳᠤᠷᠢᠳᠤᠯᠭ᠎ᠠ ᠳᠣᠣᠷ᠎ᠠ᠂ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠡᠬᠡ ᠤᠯᠤᠰ᠎ᠤᠨ ᠬᠢᠯᠢ ᠬᠢᠵᠠᠭ᠋ᠠᠷ᠎ᠢ ᠬᠠᠮᠲᠤ᠎ᠪᠠᠷ ᠰᠠᠬᠢᠨ ᠬᠠᠮᠠᠭ᠋ᠠᠯᠠᠵᠤ᠂ ᠰᠠᠶ᠋ᠢᠨ ᠰᠠᠶ᠋ᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠬᠤ ᠲᠡᠮᠡᠴᠡᠯ᠎ᠤᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠵᠦ᠂ ᠥᠪᠥᠷ ᠮᠣᠩᠭᠤᠯ᠎ᠳᠤ ᠭᠠᠷᠤᠭᠰᠠᠨ ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠪᠣᠯᠤᠨ ᠣᠯᠤᠭᠰᠠᠨ ᠴᠢᠬᠤᠯᠠ ᠶᠡᠭᠡ ᠥᠭᠡᠷᠡᠴᠢᠯᠡᠯᠲᠡ ᠬᠥᠭᠵᠢᠯᠲᠡ ᠵᠢᠨ ᠠᠮᠵᠢᠯᠲᠠ ᠪᠦᠲᠦᠮᠵᠢ ᠵᠢ ᠢᠯᠡᠷᠡᠭᠦᠯᠵᠦ᠂ ᠤᠳᠤ ᠦᠶ᠎ᠡ ᠵᠢᠨ ᠳᠤᠮᠳᠠᠳᠤ ᠤᠯᠤᠰ᠎ᠤᠨ ᠬᠥᠭᠵᠢᠯᠲᠡ ᠳᠠᠪᠰᠢᠯᠲᠠ ᠪᠣᠯᠤᠨ ᠠᠷᠠᠳ ᠤᠯᠠᠨ᠎ᠤ ᠭᠤᠶ᠋ᠢᠳᠠ ᠰᠠᠶ᠋ᠢᠬᠠᠨ ᠠᠮᠢᠳᠤᠷᠠᠯ᠎ᠢ ᠢᠯᠡᠷᠡᠭᠦᠯᠵᠦ᠂ ᠥᠪᠥᠷ ᠮᠣᠩᠭᠤᠯ᠎ᠤᠨ ᠲᠦᠷᠦᠯ ᠲᠡᠮᠲᠡᠭᠲᠦ ᠵᠢᠨ ᠲᠦᠷᠢ ᠲᠥᠷᠬᠦ ᠵᠢ ᠢᠯᠡᠷᠡᠭᠦᠯᠵᠦ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭᠴᠠᠯᠠᠨ᠎ᠠ᠃

(ᠲᠦᠷᠪᠡ) ᠶᠠᠰᠤ ᠴᠢᠨᠠᠷ᠎ᠢ ᠬᠦᠴᠦᠯᠡᠨ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠦᠨ᠎ᠡ᠃  ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠬᠤ᠂ ᠠᠵᠤ ᠠᠬᠤᠶ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠢ ᠨᠢᠭᠡᠳᠬᠡᠬᠦ ᠵᠢ ᠪᠠᠷᠢᠮᠲᠠᠯᠠᠵᠤ᠂ 《ᠨᠡᠶ᠋ᠢᠲᠡ ᠵᠢᠨ ᠠᠰᠠᠷᠠᠮᠵᠢ᠂ ᠰᠣᠶᠣᠯ᠂ ᠤᠤᠭ᠋ᠠᠯ ᠡᠭᠦᠳᠦᠯᠲᠡ》 ᠪᠠ 《ᠳᠣᠣᠷ᠎ᠠ ᠥᠪᠡᠷ᠎ᠤᠨ ᠥᠷᠲᠡᠭ᠂ ᠶᠡᠭᠡ ᠬᠠᠶ᠋ᠢᠷ᠎ᠠ ᠰᠡᠳᠬᠢᠯᠭᠡ᠂ ᠢᠳᠡᠪᠬᠢ ᠬᠦᠴᠦᠨ》᠎ᠤ ᠵᠣᠬᠢᠶᠠᠨ ᠪᠦᠲᠦᠭᠡᠬᠦ ᠰᠡᠳᠭᠢᠮᠵᠢ ᠪᠠ ᠵᠣᠬᠢᠶᠠᠨ ᠪᠦᠲᠦᠭᠡᠬᠦ ᠴᠢᠭᠯᠡᠯ᠎ᠢ ᠪᠠᠲᠤ ᠰᠠᠬᠢᠵᠤ᠂ ᠬᠥᠲᠥᠯᠥᠨ ᠳᠠᠭ᠋ᠠᠭᠤᠯᠬᠤ᠂ ᠳᠡᠮᠵᠢᠬᠦ ᠵᠢ ᠴᠢᠬᠤᠯᠠᠴᠢᠯᠠᠬᠤ᠂ ᠵᠣᠬᠢᠶᠠᠨ ᠪᠦᠲᠦᠭᠡᠬᠦ ᠵᠢ ᠴᠢᠩᠭ᠋ᠠᠳᠬᠠᠵᠤ᠂ ᠪᠥᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠠ ᠡᠷᠡᠰ ᠰᠢᠭᠤᠷᠬᠠᠶ᠎ᠪᠠᠷ ᠤᠷᠤᠭᠰᠢᠯᠠᠨ ᠳᠠᠪᠰᠢᠬᠤ᠂ ᠵᠣᠷᠢᠭᠲᠠᠶ᠎ᠪᠠᠷ ᠨᠣᠶᠠᠨ ᠤᠷᠬᠢᠯ᠎ᠳᠤ ᠭᠠᠷᠬᠤ ᠵᠢ ᠠᠬᠢᠭᠤᠯᠵᠤ᠂ ᠨᠢᠭᠡ ᠪᠦᠯᠦᠭ ᠦᠵᠡᠯ ᠰᠠᠨᠠᠭ᠎ᠠ᠎ᠨᠢ ᠭᠦᠨᠵᠡᠭᠡᠶ᠂ ᠤᠷᠠᠯᠢᠭ᠎ᠨᠢ ᠨᠠᠷᠢᠯᠢᠭ᠂ ᠦᠢ᠍ᠯᠡᠳᠦᠭᠰᠡᠨ᠎ᠨᠢ ᠨᠠᠷᠢᠯᠢᠭ ᠰᠢᠯᠢᠳᠡᠭ ᠰᠢᠯᠢᠳᠡᠭ ᠫᠷᠤᠭ᠌ᠷᠠᠮ᠎ᠤᠨ ᠪᠦᠲᠦᠭᠡᠯ ᠪᠠ ᠨᠠᠷᠠᠲᠤ ᠲᠥᠷᠥᠯ ᠲᠡᠮᠳᠡᠭᠲᠦ ᠵᠢᠨ ᠪᠤᠯᠤᠩ᠎ᠢ ᠭᠠᠷᠭ᠋ᠠᠵᠤ᠂ ᠰᠢᠨ᠎ᠡ ᠴᠠᠭ ᠦᠶ᠎ᠡ ᠵᠢᠨ ᠠᠷᠠᠳ ᠣᠯᠠᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠰᠢᠨ᠎ᠡ ᠱᠠᠭ᠋ᠠᠷᠳᠠᠯᠭ᠎ᠠ ᠵᠢ ᠲᠠᠰᠤᠷᠠᠯᠲᠠ ᠥᠬᠡᠶ ᠬᠠᠩᠭ᠋ᠠᠨ᠎ᠠ᠃

ᠭᠤᠷᠪᠠ᠂ ᠠᠵᠢᠯ᠎ᠤᠨ ᠬᠠᠷᠠᠯᠲᠠ

ᠠᠵᠢᠯᠯᠠᠭ᠋ᠠᠨ᠎ᠤ ᠲᠥᠯᠥᠪᠯᠡᠭᠡ ᠵᠢ ᠪᠦᠲᠦᠮᠵᠢᠲᠡᠶ ᠬᠡᠷᠡᠭᠵᠢᠭᠦᠯᠬᠦ᠎ᠪᠠᠷ ᠳᠠᠮᠵᠢᠭᠤᠯᠤᠨ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠠᠭᠤᠯᠭ᠎ᠠ ᠵᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠨᠠᠩ ᠴᠡᠴᠡᠭᠯᠡᠭᠦᠯᠵᠦ᠂ ᠶᠠᠰᠤ ᠴᠢᠨᠠᠷ᠎ᠢ ᠨᠠᠩ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠵᠢᠨ ᠱᠠᠭ᠋ᠠᠷᠳᠠᠯᠭ᠎ᠠ᠎ᠳᠤ ᠨᠡᠶ᠋ᠢᠴᠡᠭᠦᠯᠬᠦ᠎ᠪᠠᠷ ᠪᠠᠷᠠᠬᠤ ᠥᠬᠡᠶ᠂ ᠪᠠᠰᠠ ᠵᠠᠬ᠎ᠠ ᠳᠡᠯᠭᠡᠭᠦᠷ ᠳᠡᠭᠡᠷ᠎ᠡ ᠬᠦᠷᠢᠶᠡᠯᠡᠯ᠎ᠢ ᠣᠯᠬᠤ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠵᠤ᠂ ᠨᠢᠭᠡ ᠪᠦᠯᠦᠭ ᠨᠡᠷ᠎ᠡ ᠴᠤᠤᠲᠠᠶ᠂ ᠵᠠᠬ᠎ᠠ ᠳᠡᠯᠭᠡᠭᠦᠷ᠎ᠲᠠᠢ ᠨᠠᠷᠠᠲᠤ ᠲᠡᠮᠳᠡᠭᠲᠦ ᠵᠢᠨ ᠪᠤᠯᠤᠩ᠎ᠢ ᠭᠠᠷᠭ᠋ᠠᠵᠤ᠂ ᠨᠢᠭᠡ ᠪᠦᠯᠦᠭ ᠪᠣᠳᠠᠲᠤ ᠬᠦᠴᠦᠨ᠎ᠲᠠᠢ᠂ ᠪᠦᠲᠦᠭᠡᠯᠴᠢ ᠰᠡᠳᠬᠢᠮᠵᠢ᠎ᠲᠠᠢ᠂ ᠠᠮᠢᠵᠢᠷᠠᠯ᠎ᠤᠨ ᠬᠦᠴᠦᠨ᠎ᠲᠠᠢ ᠵᠣᠬᠢᠶᠠᠨ ᠪᠦᠲᠦᠭᠡᠬᠦ ᠪᠠᠶ᠋ᠢᠭᠤᠯᠤᠮᠵᠢ ᠪᠠ ᠵᠣᠬᠢᠶᠠᠨ ᠪᠦᠲᠦᠭᠡᠬᠦ ᠪᠦᠯᠬᠦᠮ ᠨᠡᠶ᠋ᠢᠲᠡ ᠵᠢ ᠪᠣᠶ ᠪᠣᠯᠭ᠋ᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠴᠢᠨᠠᠷ ᠰᠠᠶ᠋ᠢᠲᠠᠶ ᠦᠢ᠍ᠯᠡᠳᠪᠦᠷᠢᠯᠡᠯ᠂ ᠴᠢᠨᠠᠷ ᠰᠠᠶ᠋ᠢᠲᠠᠶ ᠬᠡᠷᠡᠭᠯᠡᠭᠡ ᠵᠢᠨ ᠰᠠᠶ᠋ᠢᠨ ᠠᠮᠢ ᠠᠬᠤᠶ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠦᠢ᠍ᠯᠡᠰ᠎ᠤᠨ ᠠᠵᠤ ᠦᠢ᠍ᠯᠡᠰ᠎ᠤᠨ ᠴᠡᠴᠡᠭᠯᠡᠨ ᠬᠥᠭᠵᠢᠬᠦ ᠵᠢ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠪᠥᠬᠦ ᠣᠷᠣᠨ᠎ᠤ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠣᠶᠤᠨ ᠰᠣᠶᠣᠯ᠎ᠤᠨ ᠠᠮᠢᠳᠤᠷᠠᠯ᠎ᠤᠨ ᠬᠡᠷᠡᠭᠯᠡᠭᠡ ᠵᠢᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠎ᠢ ᠳᠡᠭᠡᠭᠰᠢᠯᠡᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠲᠠᠰᠤᠷᠠᠯᠲᠠ ᠥᠬᠡᠶ ᠪᠠᠬᠢᠵᠢᠭᠦᠯᠵᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠤᠬᠠᠭᠤᠯᠭ᠎ᠠ ᠶᠠᠷᠢᠶ᠎ᠠ ᠬᠡᠯᠡᠯᠴᠡᠭᠡᠨ᠎ᠤ ᠬᠥᠲᠥᠯᠦᠨ ᠵᠢᠯᠣᠭᠤᠳᠬᠤ ᠴᠢᠳᠠᠪᠤᠷᠢ ᠵᠢ ᠢᠯᠡᠳᠲᠡ ᠳᠡᠭᠡᠭᠰᠢᠯᠡᠭᠦᠯᠦᠨ᠎ᠡ᠃

ᠳᠥᠷᠪᠡ᠂ ᠠᠵᠢᠯ᠎ᠤᠨ ᠡᠭᠦᠷᠭᠡ

(ᠨᠢᠭᠡ) ᠦᠵᠡᠯ ᠤᠬᠠᠮᠰᠠᠷ᠎ᠤᠨ ᠬᠡᠯᠪᠡᠷᠢ ᠵᠢᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ

ᠷᠠᠳᠢᠣ᠋ ᠲᠧᠯᠸᠢᠰ ᠪᠣᠯ ᠨᠠᠮ᠎ᠤᠨ ᠤᠳᠤᠷᠢᠳᠤᠯᠭ᠎ᠠ ᠳᠣᠤᠷᠠᠬᠢ ᠠᠷᠠᠳ᠎ᠤᠨ ᠷᠠᠳᠢᠣ᠋  ᠲᠧᠯᠸᠢᠰ ᠮᠥᠨ ᠭᠡᠬᠦ ᠦᠵᠡᠯ ᠰᠠᠨᠠᠭ᠎ᠠ ᠣᠶ᠋ᠢᠯᠠᠭ᠋ᠠᠭᠳᠠᠬᠤᠨ᠎ᠢ ᠪᠠᠲᠤ ᠪᠠᠬᠢ ᠪᠣᠶ ᠪᠣᠯᠭ᠋ᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠳᠠᠬᠢ ᠨᠠᠮ᠎ᠤᠨ ᠤᠳᠤᠷᠢᠳᠬᠤ ᠡᠷᠬᠡ ᠵᠢ ᠪᠠᠷᠢᠮᠲᠠᠯᠠᠬᠤ ᠦᠨᠳᠦᠰᠦᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠦᠵᠡᠯ ᠤᠬᠠᠮᠰᠠᠷ᠎ᠤᠨ ᠬᠡᠯᠪᠡᠷᠢ ᠵᠢᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠶ ᠠᠬᠢᠭᠤᠯᠵᠤ᠂ ᠢᠮᠠᠭᠲᠠ ᠤᠯᠤᠰ ᠲᠥᠷᠥ ᠵᠢᠨ ᠵᠣᠭᠰᠣᠯᠲᠠ᠎ᠪᠠᠨ ᠪᠠᠲᠤᠳᠬᠠᠵᠤ᠂ ᠢᠮᠠᠭᠲᠠ ᠨᠠᠮ᠂ ᠤᠯᠤᠰ ᠣᠷᠣᠨ ᠪᠠ ᠠᠷᠠᠳ ᠲᠦᠮᠡᠨ᠎ᠳᠤ ᠦᠢ᠍ᠯᠡᠴᠢᠯᠡᠨ᠎ᠡ᠃

1. ᠵᠥᠪ ᠤᠯᠤᠰ ᠲᠥᠷᠥ ᠵᠢᠨ ᠤᠳᠤᠷᠢᠳᠤᠮᠵᠢ ᠵᠢ ᠪᠠᠷᠢᠮᠲᠠᠯᠠᠨ᠎ᠠ᠃  ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠵᠢ ᠠᠬᠢᠭᠤᠯᠵᠤ᠂ ᠢᠮᠠᠭᠲᠠ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ ᠵᠢ ᠡᠷᠬᠢᠮᠯᠡᠵᠦ᠂ ᠰᠡᠳᠦᠪᠲᠦ ᠲᠥᠯᠥᠪᠵᠢᠭᠦᠯᠭᠡ᠂ ᠵᠣᠬᠢᠶᠠᠨ ᠪᠦᠲᠦᠭᠡᠯᠭᠡ ᠦᠢ᠍ᠯᠡᠳᠪᠦᠷᠢᠯᠡᠯ᠂ ᠬᠡᠷᠡᠭᠵᠢᠭᠦᠯᠦᠯᠲᠡ ᠵᠢᠨ ᠦᠷ᠎ᠡ ᠪᠦᠲᠦᠮᠵᠢ ᠢᠮᠠᠭᠲᠠ 《ᠲᠦᠷᠪᠡᠨ ᠤᠬᠠᠮᠰᠠᠷ》᠎ᠢ ᠴᠢᠩᠭ᠋ᠠᠳᠬᠠᠬᠤ᠂ 《ᠲᠦᠷᠪᠡᠨ ᠢᠲᠡᠭᠡᠯ》᠎ᠢ ᠪᠠᠲᠤᠳᠬᠠᠬᠤ᠂ 《ᠬᠤᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠵᠤ᠂ ᠲᠡᠷᠢᠭᠦᠨ᠎ᠤ ᠰᠣᠶᠣᠯ᠎ᠤᠨ ᠡᠭᠦᠷᠭᠡ ᠬᠠᠷᠢᠭᠤᠴᠠᠯᠭ᠎ᠠ ᠵᠢ ᠢᠯᠡᠷᠡᠭᠦᠯᠦᠨ᠎ᠡ᠃

2. ᠵᠣᠬᠢᠶᠠᠨ ᠪᠦᠲᠦᠭᠡᠯᠭᠡ ᠵᠢᠨ ᠵᠥᠪ ᠴᠢᠭᠯᠡᠯ᠎ᠢ ᠡᠵᠡᠮᠳᠡᠨ᠎ᠡ᠃  ᠠᠷᠠᠳ ᠲᠦᠮᠡᠨ ᠵᠶ᠋ᠠᠷ ᠭᠤᠣᠯ ᠪᠣᠯᠭ᠋ᠠᠭᠰᠠᠨ ᠵᠣᠬᠢᠶᠠᠨ ᠪᠦᠲᠦᠭᠡᠯᠭᠡ ᠵᠢᠨ ᠤᠳᠤᠷᠢᠳᠤᠮᠵᠢ ᠵᠢ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠵᠢ ᠢᠮᠠᠭᠲᠠ ᠪᠠᠷᠢᠮᠲᠠᠯᠠᠵᠦ᠂ 《ᠬᠤᠶᠠᠷ᠎ᠲᠤ ᠦᠢ᠍ᠯᠡᠴᠢᠯᠡᠬᠦ》 ᠴᠢᠭᠯᠡᠯ ᠪᠠ 《ᠬᠤᠤᠰ ᠪᠦᠬᠦᠨ》᠎ᠤ ᠴᠢᠭᠯᠡᠯᠲᠡ ᠵᠢ ᠪᠠᠷᠢᠮᠲᠠᠯᠠᠨ᠂ ᠨᠡᠶ᠋ᠢᠭᠡᠮ᠎ᠤᠨ ᠦᠷ᠎ᠡ ᠠᠰᠢᠭ᠎ᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠠᠵᠤ ᠠᠬᠤᠶ ᠵᠢᠨ ᠦᠷ᠎ᠡ ᠠᠰᠢᠭ᠎ᠢ ᠨᠡᠶ᠋ᠢᠭᠡᠮ᠎ᠤᠨ ᠦᠷ᠎ᠡ ᠠᠰᠢᠭ᠎ᠲᠠᠢ ᠨᠢᠭᠡᠳᠦᠯᠲᠡᠶ ᠪᠠᠶ᠋ᠢᠯᠭ᠋ᠠᠬᠤ ᠵᠢ ᠪᠡᠶᠡᠯᠡᠭᠦᠯᠦᠨ᠂ ᠦᠶ᠎ᠡ ᠤᠯᠠᠮᠵᠢᠯᠠᠭᠰᠠᠨ ᠰᠢᠯᠢᠳᠡᠭ ᠪᠦᠲᠦᠭᠡᠯ᠎ᠢ ᠡᠭᠦᠳᠴᠦ᠂ ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠢ ᠲᠠᠰᠤᠷᠠᠯᠲᠠ ᠥᠬᠡᠶ ᠵᠣᠬᠢᠶᠠᠨ ᠪᠦᠲᠦᠭᠡᠵᠦ᠂ ᠠᠷᠠᠳ ᠣᠯᠠᠨ᠎ᠤ ᠴᠢᠨᠠᠷ ᠰᠠᠶ᠋ᠢᠲᠠᠶ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠤᠨ ᠬᠡᠷᠡᠭᠯᠡᠭᠡᠨ᠎ᠤ ᠰᠢᠨ᠎ᠡ ᠱᠠᠭ᠋ᠠᠷᠳᠠᠯᠭ᠎ᠠ ᠰᠢᠨ᠎ᠡ ᠬᠦᠰᠡᠯ ᠡᠷᠡᠮᠡᠯᠵᠡᠯ᠎ᠢ ᠬᠠᠩᠭ᠋ᠠᠨ᠎ᠠ᠃

3. ᠴᠠᠭ ᠦᠶ᠎ᠡ ᠵᠢᠨ ᠭᠣᠤᠯ ᠬᠥᠭ ᠠᠶᠠᠰ᠎ᠢ ᠴᠤᠤᠷᠢᠶᠠᠲᠤᠭᠤᠯᠤᠨ᠎ᠠ᠃  ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠦᠷᠦᠯ᠎ᠤᠨ ᠷᠠᠳᠢᠣ᠋ ᠲᠧᠯᠸᠢᠰ ᠦᠢ᠍ᠯᠡᠳᠦᠨ ᠨᠡᠪᠲᠡᠷᠡᠭᠦᠯᠬᠦ ᠪᠠᠶ᠋ᠢᠭᠤᠯᠤᠮᠵᠢ ᠪᠣᠯᠤᠨ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠠᠷᠠᠳ᠎ᠤᠨ ᠠᠮᠢᠳᠤᠷᠠᠯ᠎ᠳᠤ ᠭᠦᠨ ᠦᠨᠳᠦᠰᠦᠯᠡᠵᠦ᠂ ᠠᠷᠠᠳ ᠲᠦᠮᠡᠨ᠎ᠤ ᠦᠢ᠍ᠯᠡᠳᠦᠯᠭᠡ᠎ᠳᠤ ᠭᠦᠨ ᠦᠨᠳᠦᠰᠦᠯᠡᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠭᠦᠨ ᠦᠨᠳᠦᠰᠦᠯᠡᠵᠦ᠂ ᠠᠷᠠᠳ ᠲᠦᠮᠡᠨ᠎ᠤ ᠠᠮᠢᠳᠤᠷᠠᠯ᠎ᠢ ᠬᠠᠷᠠᠭ᠋ᠠᠯᠵᠠᠨ᠂ ᠠᠷᠠᠳ ᠲᠦᠮᠡᠨ᠎ᠤ ᠠᠭᠤᠤ ᠶᠡᠭᠡ ᠦᠢ᠍ᠯᠡᠳᠦᠯᠭᠡ᠂ ᠴᠠᠭ ᠦᠶ᠎ᠡ ᠵᠢᠨ ᠲᠠᠪᠰᠢᠯᠳᠠ ᠵᠢᠨ ᠱᠠᠭ᠋ᠠᠷᠳᠠᠯᠭ᠎ᠠ ᠵᠢ ᠪᠢᠴᠢᠭᠯᠡᠬᠦ ᠪᠠ ᠲᠡᠮᠳᠡᠭᠯᠡᠵᠦ᠂ ᠪᠦᠬᠦ ᠣᠷᠣᠨ᠎ᠤ ᠠᠷᠠᠳ ᠲᠦᠮᠡᠨ᠎ᠤ ᠨᠠᠮ᠎ᠤᠨ ᠤᠳᠤᠷᠢᠳᠤᠯᠭ᠎ᠠ ᠳᠣᠣᠷ᠎ᠠ ᠣᠯᠤᠭᠰᠠᠨ ᠨᠡᠶ᠋ᠢᠭᠡᠮ ᠵᠢᠷᠤᠮ᠎ᠤᠨ ᠥᠭᠡᠷᠡᠴᠢᠯᠡᠯᠲᠡ ᠪᠦᠳᠦᠭᠡᠨ ᠪᠠᠶ᠋ᠢᠭᠤᠯᠤᠯᠲᠠ ᠵᠢᠨ ᠠᠮᠵᠢᠯᠲᠠ ᠵᠢ ᠲᠤᠰᠬᠠᠵᠤ᠂ ᠨᠡᠶ᠋ᠢᠭᠡᠮ ᠵᠢᠷᠤᠮ᠎ᠤᠨ ᠭᠤᠣᠯᠯᠠᠭᠴᠢ ᠦᠷᠳᠡᠭ᠎ᠤᠨ ᠦᠵᠡᠯᠲᠡ ᠵᠢ ᠪᠠᠳᠠᠷᠠᠭᠤᠯᠵᠤ᠂ ᠭᠤᠣᠯ ᠬᠦᠭ ᠠᠶᠠᠰ᠎ᠢ ᠴᠤᠤᠷᠢᠶᠠᠲᠤᠭᠤᠯᠵᠤ᠂ ᠢᠳᠡᠪᠬᠢ ᠬᠦᠴᠦᠨ᠎ᠢ ᠳᠠᠮᠵᠢᠭᠤᠯᠵᠤ᠂ ᠳᠤᠮᠳᠠᠳᠤ ᠤᠯᠤᠰ᠎ᠤᠨ ᠲᠦᠷᠢ ᠲᠥᠷᠬᠦ᠂ ᠥᠪᠥᠷ ᠮᠣᠩᠭᠤᠯ᠎ᠤᠨ ᠲᠦᠷᠢ ᠲᠥᠷᠬᠦ ᠵᠢ ᠱᠤᠭᠤᠵᠤ᠂ ᠠᠷᠠᠳ ᠲᠦᠮᠡᠨ᠎ᠤ ᠵᠣᠷᠢᠭ ᠰᠠᠨᠠᠭ᠎ᠠ ᠵᠢ ᠬᠥᠭᠵᠢᠭᠡᠨ᠎ᠡ᠃

4. ᠡᠭᠦᠷᠭᠡ ᠬᠠᠷᠢᠭᠤᠴᠠᠯᠭ᠎ᠠ ᠵᠢ ᠰᠠᠶ᠋ᠢᠲᠤᠷ ᠨᠠᠢ᠌ᠳᠠᠪᠤᠷᠢᠵᠢᠭᠤᠯᠤᠨ᠎ᠠ᠃  ᠪᠥᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠦᠢ᠍ᠯᠡᠳᠴᠦ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ 《ᠲᠤᠭ᠎ᠢ ᠡᠷᠭᠦᠬᠦ᠂ ᠠᠷᠠᠳ᠎ᠤᠨ ᠰᠡᠳᠬᠢᠯ᠎ᠢ ᠨᠢᠭᠲᠠᠷᠠᠭᠤᠯᠬᠤ᠂ ᠰᠢᠨ᠎ᠡ ᠬᠥᠮᠦᠨ᠎ᠢ ᠬᠥᠮᠦᠵᠢᠭᠦᠯᠬᠦ᠂ ᠰᠣᠶᠣᠯ᠎ᠢ ᠮᠠᠨᠳᠤᠭᠤᠯᠬᠤ᠂ ᠳᠦᠷᠢ ᠲᠥᠷᠬᠦ ᠵᠢ ᠢᠯᠡᠷᠡᠭᠦᠯᠬᠦ》 ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠬᠦ ᠵᠢ ᠠᠬᠢᠭᠤᠯᠵᠤ᠂ ᠢᠮᠠᠭᠲᠠ ᠨᠠᠮ ᠪᠠ ᠤᠯᠤᠰ᠎ᠤᠨ ᠠᠵᠢᠯ᠎ᠤᠨ ᠶᠡᠭᠡ ᠲᠠᠯ᠎ᠠ᠎ᠳᠤ ᠦᠢ᠍ᠯᠡᠴᠢᠯᠡᠵᠦ᠂ ᠥᠷᠭᠡᠨ ᠣᠯᠠᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠤᠨ ᠲᠤᠬᠠᠶ ᠰᠢᠨ᠎ᠡ ᠱᠠᠭ᠋ᠠᠷᠳᠠᠯᠭ᠎ᠠ ᠰᠢᠨ᠎ᠡ ᠬᠦᠰᠡᠯ ᠡᠷᠡᠮᠡᠯᠵᠡᠯ᠎ᠳᠤ ᠦᠢ᠍ᠯᠡᠴᠢᠯᠡᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠭᠡ ᠦᠢ᠍ᠯᠡᠰ᠎ᠢ ᠪᠥᠲᠥᠭᠡᠨ ᠪᠠᠶ᠋ᠢᠭᠤᠯᠬᠤ ᠪᠠ ᠳᠤᠮᠳᠠᠳᠤ ᠵᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠪᠣᠳᠠᠲᠠᠶ ᠦᠢ᠍ᠯᠡᠳᠦᠯᠭᠡ᠎ᠳᠤ ᠦᠢ᠍ᠯᠡᠴᠢᠯᠡᠵᠦ᠂ ᠦᠵᠡᠯ ᠰᠠᠨᠠᠭ᠎ᠠ᠎ᠪᠠᠨ ᠨᠢᠭᠡᠳᠬᠡᠨ᠂ ᠬᠦᠴᠦᠨ ᠴᠢᠳᠠᠯ ᠵᠶ᠋ᠠᠨ ᠨᠢᠭᠲᠠᠷᠠᠭᠤᠯᠤᠨ᠎ᠠ᠃

(ᠬᠤᠶᠠᠷ) ᠵᠣᠬᠢᠶᠠᠨ ᠪᠦᠲᠦᠭᠡᠯᠭᠡ ᠵᠢᠨ ᠦᠢ᠍ᠯᠡᠳᠪᠦᠷᠢᠯᠡᠬᠦ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ

ᠪᠦᠲᠦᠭᠡᠯ ᠪᠣᠯ ᠣᠷᠣᠰᠢᠨ ᠲᠣᠭᠲᠠᠨᠢᠬᠤ ᠵᠢᠨ ᠦᠨᠳᠦᠰᠦ ᠪᠣᠯᠬᠤ ᠦᠵᠡᠯ ᠰᠠᠨᠠᠭ᠎ᠠ ᠣᠨᠣᠯᠵᠢᠬᠤᠨ᠎ᠢ ᠪᠠᠲᠤ ᠪᠠᠬᠢ ᠪᠣᠢ ᠪᠣᠯᠭ᠋ᠠᠵᠤ᠂ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠣᠬᠢᠶᠠᠨ ᠪᠦᠲᠦᠭᠡᠬᠦ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠰᠲ᠋ᠧᠮ᠎ᠲᠠᠢ᠎ᠪᠠᠷ ᠵᠣᠬᠢᠶᠠᠨ ᠪᠦᠲᠦᠭᠡᠬᠦ᠂ ᠰᠢᠨ᠎ᠡ ᠵᠢ ᠡᠭᠦᠳᠬᠦ᠂ ᠰᠢᠯᠢᠳᠡᠭ᠎ᠢ ᠡᠭᠦᠳᠬᠦ ᠢᠨᠵᠧᠨᠧᠷᠢᠩ ᠵᠶ᠋ᠠᠷ ᠬᠦᠴᠦᠯᠡᠬᠦ ᠴᠡᠭ ᠪᠣᠯᠭ᠋ᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠴᠢᠬᠤᠯᠠ ᠶᠡᠭᠡ ᠵᠣᠬᠢᠶᠠᠨ ᠪᠦᠲᠦᠭᠡᠯᠭᠡ ᠵᠢᠨ ᠦᠢ᠍ᠯᠡᠳᠪᠦᠷᠢᠯᠡᠬᠦ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠴᠢᠳᠠᠪᠤᠷᠢᠲᠠᠨ᠎ᠢ ᠴᠤᠭᠯᠠᠷᠠᠭᠤᠯᠬᠤ᠂ ᠡᠬᠢ ᠪᠠᠶᠠᠯᠢᠭ᠎ᠢ ᠲᠥᠪᠯᠡᠷᠡᠭᠦᠯᠬᠦ᠂ ᠠᠵᠤ ᠦᠢ᠍ᠯᠡᠰ᠎ᠤᠨ ᠬᠥᠭᠵᠢᠯᠲᠡ ᠵᠢ ᠲᠦᠯᠬᠢᠨ ᠠᠬᠢᠭᠤᠯᠵᠤ᠂ ᠨᠡᠷᠡᠲᠦ ᠲᠥᠷᠥᠯ ᠲᠡᠮᠳᠡᠭᠲᠦ ᠵᠢᠨ ᠪᠣᠯᠣᠩ᠎ᠤᠨ ᠫᠷᠤᠭ᠌ᠷᠠᠮ ᠪᠠ ᠰᠢᠯᠢᠳᠡᠭ ᠪᠦᠲᠦᠭᠡᠯ ᠲᠠᠰᠤᠷᠠᠯᠲᠠ ᠦᠭᠡᠢ ᠢᠯᠡᠷᠡᠨ ᠭᠠᠷᠬᠤ ᠵᠢ ᠲᠦᠯᠬᠢᠨ ᠠᠬᠢᠭᠤᠯᠤᠨ᠎ᠠ᠃

5. ᠷᠠᠳᠢᠣ᠋ ᠲᠧᠯᠸᠢᠰ᠎ᠤᠨ ᠰᠢᠯᠢᠳᠡᠭ ᠪᠤᠯᠤᠩ᠎ᠤᠨ ᠫᠷᠤᠭ᠌ᠷᠠᠮ᠎ᠤᠨ ᠵᠣᠬᠢᠶᠠᠨ ᠪᠦᠲᠦᠭᠡᠬᠦ ᠢᠨᠵᠧᠨᠧᠷᠢᠩ᠃  ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠪᠠᠯᠠ ᠮᠥᠩᠭᠦ᠎ᠪᠠᠷ ᠳᠡᠮᠵᠢᠬᠦ᠎ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠤᠨ ᠨᠢᠭᠡ ᠪᠦᠯᠦᠭ ᠰᠣᠳᠣᠨ ᠪᠤᠯᠤᠩ᠎ᠤᠨ ᠫᠷᠤᠭ᠌ᠷᠠᠮ᠎ᠢ ᠲᠡᠮᠵᠢᠨ ᠵᠣᠬᠢᠶᠠᠨ ᠪᠦᠲᠦᠭᠡᠬᠦ ᠵᠢ ᠲᠥᠰᠦᠪᠯᠡᠵᠦ᠂ ᠨᠢᠭᠡ ᠪᠦᠯᠦᠭ ᠰᠣᠨᠢᠨ ᠮᠡᠳᠡᠭᠡ᠂ ᠨᠡᠶ᠋ᠢᠲᠡ ᠵᠢᠨ ᠠᠰᠠᠷᠠᠮᠵᠢ᠂ ᠰᠣᠶᠣᠯ᠂ ᠶᠡᠷᠦᠩᠬᠡᠶ᠋ᠢᠯᠡᠭᠰᠡᠨ ᠤᠷᠠᠯᠢᠭ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ᠂ ᠠᠵᠤ ᠠᠬᠤᠶ᠂ ᠶᠣᠰᠣ ᠮᠣᠷᠠᠯ᠎ᠤᠨ ᠪᠦᠲᠦᠭᠡᠨ ᠪᠠᠶ᠋ᠢᠭᠤᠯᠤᠯᠲᠠ ᠵᠡᠷᠭᠡ ᠷᠠᠳᠢᠣ᠋ ᠲᠧᠯᠸᠢᠰ᠎ᠤᠨ ᠰᠢᠯᠢᠳᠡᠭ ᠰᠣᠳᠣᠨ ᠪᠦᠲᠦᠭᠡᠯ᠎ᠤᠨ ᠪᠤᠯᠤᠩ᠎ᠢ ᠪᠣᠶ ᠪᠣᠯᠭ᠋ᠠᠵᠤ᠂ ᠰᠣᠳᠣᠨ ᠪᠦᠲᠦᠭᠡᠯ᠎ᠤᠨ ᠠᠭᠤᠯᠭ᠎ᠠ ᠵᠢ ᠳᠠᠮᠵᠢᠭᠤᠯᠵᠤ᠂ ᠴᠡᠭᠡᠨ ᠳᠡᠯᠭᠡᠴᠡ ᠵᠢᠨ ᠳᠠᠭᠤᠨ ᠳᠠᠪᠲᠠᠮᠵᠢ ᠵᠢᠨ ᠠᠭᠤᠯᠭ᠎ᠠ ᠵᠢ ᠪᠠᠶᠠᠯᠢᠭᠵᠢᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠬᠥᠲᠥᠯᠦᠨ ᠳᠠᠭ᠋ᠠᠭᠤᠯᠬᠤ ᠬᠦᠴᠦᠨ᠂ ᠳᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ᠎ᠢ ᠬᠦᠴᠦᠯᠡᠨ ᠳᠡᠭᠡᠭᠰᠢᠯᠡᠭᠦᠯᠵᠦ᠂ ᠪᠥᠬᠦ ᠣᠷᠣᠨ᠎ᠤ ᠷᠠᠳᠢᠣ᠋ ᠲᠧᠯᠸᠢᠰ᠎ᠤᠨ ᠤᠬᠠᠭᠤᠯᠭ᠎ᠠ ᠶᠠᠷᠢᠶ᠎ᠠ ᠬᠡᠯᠡᠯᠴᠡᠭᠡᠨ᠎ᠤ ᠭᠤᠤᠯ ᠵᠢᠭᠰᠠᠭ᠋ᠠᠯ᠎ᠤᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃

6. ᠷᠠᠳᠢᠣ᠋ ᠲᠸᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠰᠢᠯᠢᠳᠡᠭ ᠪᠦᠲᠦᠭᠡᠯ᠎ᠤᠨ ᠵᠣᠬᠢᠶᠠᠨ ᠪᠦᠲᠦᠭᠡᠬᠦ ᠢᠨᠵᠧᠨᠧᠷᠢᠩ᠃  ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠪᠠᠯᠠ ᠮᠥᠩᠭᠦ᠎ᠪᠠᠷ ᠳᠡᠮᠵᠢᠬᠦ᠎ᠪᠠᠷ ᠳᠠᠮᠵᠢᠭᠤᠯᠤᠨ᠂ ᠵᠣᠬᠢᠶᠠᠨ ᠪᠦᠲᠦᠭᠡᠬᠦ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠵᠣᠬᠢᠶᠠᠨ ᠪᠦᠲᠦᠭᠡᠬᠦ ᠠᠭᠤᠷ ᠠᠮᠢᠰᠬᠤᠯ᠎ᠢ ᠪᠣᠶ ᠪᠣᠯᠭ᠋ᠠᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠡᠬᠢ ᠪᠠᠶᠠᠯᠢᠭ᠎ᠢ ᠲᠥᠪᠯᠡᠷᠡᠭᠦᠯᠬᠦ᠂ ᠴᠢᠳᠠᠪᠤᠷᠢᠲᠠᠨ᠎ᠢ ᠲᠥᠪᠯᠡᠷᠡᠭᠦᠯᠬᠦ᠂ ᠬᠠᠮᠲᠤᠷᠠᠯᠴᠠᠭ᠎ᠠ᠎ᠪᠠᠨ ᠴᠢᠩᠭ᠋ᠠᠷᠠᠭᠤᠯᠬᠤ ᠵᠢ ᠳᠡᠮᠵᠢᠵᠦ᠂ ᠨᠢᠭᠡ ᠪᠦᠯᠦᠭ ᠰᠢᠯᠢᠳᠡᠭ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠴᠢᠬᠤᠯᠠ ᠶᠡᠭᠡ ᠣᠨᠣᠯ᠎ᠤᠨ ᠰᠤᠷᠪᠤᠯᠵᠢ ᠪᠢᠴᠢᠭ᠎ᠤᠨ ᠹᠢᠯᠢᠮ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ ᠵᠡᠷᠭᠡ ᠣᠯᠠᠨ ᠵᠠᠭᠤᠴᠢᠯᠠᠭᠤᠷ ᠵᠶ᠋ᠠᠷ ᠢᠯᠡᠷᠡᠭᠦᠯᠬᠦ ᠰᠢᠷᠢᠰ ᠠᠭᠤᠯᠭ᠎ᠠ ᠵᠢᠨ ᠰᠣᠳᠣᠨ ᠪᠦᠲᠦᠭᠡᠯ᠎ᠢ ᠨᠠᠷᠢᠨ ᠨᠢᠮᠪᠠᠶ ᠤᠬᠠᠭ᠋ᠠᠯᠠᠨ ᠲᠥᠯᠥᠪᠯᠡᠵᠦ᠂ ᠰᠢᠨ᠎ᠡ ᠴᠠᠭ ᠦᠶ᠎ᠡ ᠵᠢ ᠲᠡᠮᠳᠡᠭᠯᠡᠵᠦ᠂ ᠰᠢᠨ᠎ᠡ ᠴᠠᠭ ᠦᠶ᠎ᠡ ᠵᠢ ᠮᠠᠭᠲᠠᠨ ᠳᠠᠭᠤᠯᠠᠵᠤ᠂ ᠥᠪᠥᠷ ᠮᠣᠩᠭᠤᠯ᠎ᠤᠨ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠢᠯᠡᠷᠡᠭᠦᠯᠵᠦ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ᠎ᠠ᠃

7. ᠰᠢᠯᠢᠳᠡᠭ ᠭᠣᠣᠯ ᠰᠡᠳᠦᠪᠲᠦ ᠷᠠᠳᠢᠣ᠋ ᠲᠸᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠤᠨ ᠦᠵᠡᠰᠬᠦᠯᠡᠩ᠎ᠤᠨ ᠢᠨᠵᠧᠨᠧᠷᠢᠩ᠃  ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠪᠠᠯᠠ ᠮᠥᠩᠭᠦ᠎ᠪᠠᠷ ᠳᠡᠮᠵᠢᠬᠦ᠎ᠪᠠᠷ ᠳᠠᠮᠵᠢᠭᠤᠯᠤᠨ᠂ ᠵᠢᠯ ᠪᠦᠷᠢ ᠪᠥᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠦᠢ᠍ᠯᠡᠳᠴᠦ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠴᠢᠬᠤᠯᠠ ᠶᠡᠭᠡ ᠭᠤᠤᠯ ᠰᠡᠳᠦᠪ᠂ ᠴᠢᠬᠤᠯᠠ ᠶᠡᠭᠡ ᠴᠠᠭ᠎ᠤᠨ ᠵᠠᠩᠭᠢᠶᠠᠰᠤ ᠵᠢᠨ ᠲᠣᠭᠤᠷᠢᠨ᠎ᠳᠤ ᠰᠢᠯᠢᠳᠡᠭ ᠭᠤᠤᠯ ᠰᠡᠳᠦᠪᠲᠦ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠂ ᠲᠤᠰᠬᠠᠶ ᠰᠡᠳᠦᠪᠲᠦ ᠹᠢᠯᠢᠮ᠂ ᠪᠠᠷᠢᠮᠲᠠᠲᠤ ᠹᠢᠯᠢᠮ᠂ ᠺᠠᠷᠲ᠋ᠣᠨ ᠺᠢᠨᠣ᠋᠂ ᠰᠣᠷᠪᠣᠯᠵᠢ ᠪᠢᠴᠢᠭ᠎ᠤᠨ ᠹᠢᠯᠢᠮ᠎ᠢ ᠰᠣᠩᠭᠤᠨ ᠳᠡᠯᠭᠡᠷᠡᠭᠦᠯᠵᠦ᠂ ᠥᠪᠥᠷ ᠮᠣᠩᠭᠤᠯ᠎ᠤᠨ ᠲᠡᠤᠬᠡ ᠰᠣᠶᠣᠯ᠂ ᠪᠠᠶ᠋ᠢᠭ᠋ᠠᠯᠢ ᠵᠢᠨ ᠥᠩᠭᠡ ᠦᠵᠡᠮᠵᠢ᠂ ᠰᠣᠶᠣᠯ ᠵᠢᠭᠤᠯᠴᠢᠯᠠᠯ᠂ ᠬᠤᠪᠢᠰᠬᠠᠯ᠎ᠤᠨ ᠰᠣᠶᠣᠯ᠂ ᠴᠠᠭ ᠦᠶ᠎ᠡ ᠵᠢᠨ ᠴᠤᠭ ᠵᠢᠪᠬᠤᠭ᠎ᠠ ᠵᠡᠷᠭᠡ ᠭᠤᠤᠯ ᠰᠡᠳᠦᠪ᠎ᠤᠨ ᠲᠣᠭᠤᠷᠢᠨ᠎ᠳᠤ ᠭᠤᠤᠯ ᠰᠡᠳᠦᠪᠲᠦ ᠠᠵᠢᠯᠯᠠᠭ᠎ᠠ ᠵᠢᠨ ᠭᠦᠨ ᠵᠤᠵᠠᠭ᠋ᠠᠨ ᠠᠭᠤᠷ ᠠᠮᠢᠰᠬᠤᠯ᠎ᠢ ᠪᠣᠶ ᠪᠣᠯᠭ᠋ᠠᠬᠤ ᠮᠥᠷᠲᠡᠭᠡᠨ ᠪᠠᠰᠠ ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠤᠬᠠᠭᠤᠯᠤᠨ ᠳᠡᠯᠭᠡᠷᠡᠭᠦᠯᠵᠦ ᠰᠣᠯᠢᠯᠴᠠᠬᠤ ᠵᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠬᠠᠭᠤᠯᠭ᠎ᠠ ᠳᠡᠯᠭᠡᠷᠡᠭᠦᠯᠦᠯᠲᠡ ᠵᠢ ᠠᠬᠢᠭᠤᠯᠤᠨ᠎ᠠ᠃

8. ᠰᠢᠯᠢᠳᠡᠭ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠦᠲᠦᠭᠡᠯ᠎ᠤᠨ ᠰᠢᠯᠢᠳᠡᠭ᠎ᠢ᠎ᠨᠢ ᠲᠠᠨᠢᠯᠴᠠᠭᠤᠯᠵᠤ ᠰᠢᠯᠢᠳᠡᠭ᠎ᠢ᠎ᠨᠢ ᠰᠢᠯᠭ᠋ᠠᠷᠠᠭᠤᠯᠬᠤ ᠢᠨᠵᠧᠨᠧᠷᠢᠩ᠃  ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠱᠠᠩᠨᠠᠯ ᠰᠢᠯᠭ᠋ᠠᠷᠠᠭᠤᠯᠤᠯᠲᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠳᠤᠮᠳᠠᠳᠤ ᠤᠯᠤᠰ᠎ᠤᠨ ᠷᠠᠳᠢᠣ᠋ ᠲᠧᠯᠸᠢᠰ᠎ᠤᠨ ᠲᠣᠮᠣ ᠱᠠᠩᠨᠠᠯ᠎ᠢ ᠰᠢᠯᠭ᠋ᠠᠷᠠᠭᠤᠯᠬᠤ ᠠᠵᠢᠯᠯᠠᠭ᠎ᠠ᠎ᠳᠤ ᠣᠷᠣᠯᠴᠠᠭᠤᠯᠤᠨ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠢᠯᠢᠳᠡᠭ ᠰᠣᠨᠢᠨ ᠮᠡᠳᠡᠭᠡᠨ᠎ᠤ ᠫᠷᠤᠭ᠌ᠷᠠᠮ᠂ ᠺᠠᠷᠲ᠋ᠣᠨ ᠺᠢᠨᠤ᠋᠂ ᠪᠠᠷᠢᠮᠲᠠᠲᠤ ᠹᠢᠯᠢᠮ᠂ ᠪᠤᠰᠤᠳ ᠷᠠᠳᠢᠣ᠋ ᠲᠧᠯᠸᠢᠰ᠎ᠤᠨ ᠫᠷᠤᠭ᠌ᠷᠠᠮ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠤᠯᠠᠷᠢᠯ᠎ᠤᠨ ᠰᠢᠯᠢᠳᠡᠭ᠎ᠢ᠎ᠨᠢ ᠲᠠᠨᠢᠯᠴᠠᠭᠤᠯᠬᠤ᠂ ᠣᠨ᠎ᠤ ᠰᠢᠯᠢᠳᠡᠭ᠎ᠢ᠎ᠨᠢ ᠲᠠᠨᠢᠯᠴᠠᠭᠤᠯᠬᠤ ᠵᠡᠷᠭᠡ ᠡᠯ᠎ᠡ ᠵᠦᠢ᠍ᠯ᠎ᠤᠨ ᠰᠢᠯᠢᠳᠡᠭ ᠰᠠᠶ᠋ᠢᠨ᠎ᠢ᠎ᠨᠢ ᠦᠨᠡᠯᠡᠬᠦ ᠠᠵᠢᠯᠯᠠᠭ᠎ᠠ᠎ᠳᠤ ᠣᠷᠣᠯᠴᠠᠬᠤ ᠵᠢ ᠵᠣᠬᠢᠶᠠᠨ ᠪᠠᠶ᠋ᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠭᠡ ᠭᠤᠣᠯ ᠰᠡᠳᠦᠪ᠂ ᠴᠢᠬᠤᠯᠠ ᠴᠠᠭ᠎ᠤᠨ ᠵᠠᠩᠭᠢᠶᠠᠰᠤ ᠵᠢᠨ ᠲᠣᠭᠤᠷᠢᠨ᠎ᠳᠤ ᠥᠷᠨᠢᠭᠦᠯᠦᠭᠰᠡᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠣᠨ᠎ᠤ ᠡᠯᠰᠡᠵᠦ ᠴᠤᠭᠯᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠣᠷᠣᠯᠴᠠᠵᠤ᠂ 《ᠨᠡᠶ᠋ᠢᠭᠡᠮ ᠵᠢᠷᠤᠮ᠎ᠤᠨ ᠭᠤᠣᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠵᠤ ᠳᠤᠮᠳᠠᠳᠤ ᠵᠢᠨ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠬᠦ》 ᠭᠤᠤᠯ ᠰᠡᠳᠦᠪᠲᠦ ᠰᠦᠯᠵᠢᠶᠡᠨ᠎ᠤ ᠦᠵᠡᠵᠦ ᠰᠣᠨᠣᠰᠬᠤ ᠣᠣᠭ᠋ᠠᠯ ᠫᠷᠤᠭ᠌ᠷᠠᠮ᠎ᠤᠨ ᠣᠨ᠎ᠤ ᠴᠤᠭᠯᠠᠭᠤᠯᠬᠤ ᠠᠵᠢᠯᠯᠠᠭ᠎ᠠ ᠪᠠ 《ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ ᠳᠠᠮᠵᠢᠭᠤᠯᠬᠤ ᠢᠨᠵᠧᠨᠧᠷᠢᠩ》᠎ᠢ ᠴᠤᠭᠯᠠᠭᠤᠯᠬᠤ ᠣᠨ᠎ᠤ ᠰᠣᠩᠭᠤᠨ ᠲᠠᠨᠢᠯᠴᠠᠭᠤᠯᠬᠤ ᠠᠵᠢᠯᠯᠠᠭ᠎ᠠ᠎ᠳᠤ ᠵᠣᠬᠢᠶᠠᠨ ᠪᠠᠶ᠋ᠢᠭᠤᠯᠵᠤ᠂ ᠪᠥᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠵᠣᠬᠢᠶᠠᠨ ᠪᠦᠲᠦᠭᠡᠬᠦ ᠴᠢᠭᠯᠡᠯ᠎ᠢ ᠢᠮᠠᠭᠲᠠ ᠪᠠᠲᠤ ᠡᠵᠡᠮᠳᠡᠵᠦ᠂ ᠴᠠᠭ ᠦᠶ᠎ᠡ ᠵᠢᠨ ᠠᠯᠬᠤᠭ᠎ᠠ ᠵᠢ ᠰᠠᠯᠤᠯ ᠥᠬᠡᠶ ᠳᠠᠭ᠋ᠠᠵᠤ᠂ ᠵᠣᠬᠢᠶᠠᠨ ᠪᠦᠲᠦᠭᠡᠬᠦ ᠶᠠᠰᠤ ᠴᠢᠨᠠᠷ᠎ᠢ ᠳᠡᠭᠡᠭᠰᠢᠯᠡᠭᠦᠯᠦᠨ᠎ᠡ᠃

9. ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠦᠢ᠍ᠯᠡᠳᠴᠦ ᠨᠡᠪᠲᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠃  ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠤᠷᠤᠯᠳᠤᠭ᠋ᠠᠨ᠎ᠢ ᠡᠷᠬᠢᠯᠡᠵᠦ᠂ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠬᠦ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ ᠵᠢᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠳᠡᠮᠵᠢᠬᠦ ᠲᠥᠷᠥᠯ ᠵᠦᠢ᠍ᠯ ᠵᠡᠷᠭᠡ ᠡᠯ᠎ᠡ ᠲᠥᠷᠥᠯ᠎ᠤᠨ ᠰᠢᠯᠢᠳᠡᠭ᠎ᠢ᠎ᠨᠢ ᠲᠠᠨᠢᠯᠴᠠᠭᠤᠯᠵᠤ ᠰᠢᠯᠢᠳᠡᠭ᠎ᠢ᠎ᠨᠢ ᠰᠢᠯᠭ᠋ᠠᠷᠠᠭᠤᠯᠬᠤ ᠠᠵᠢᠯᠯᠠᠭ᠎ᠠ᠎ᠳᠤ ᠣᠷᠤᠯᠴᠠᠬᠤ ᠵᠢ ᠢᠳᠡᠪᠬᠢᠲᠡᠢ᠎ᠪᠠᠷ ᠵᠣᠬᠢᠶᠠᠨ ᠪᠠᠶ᠋ᠢᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠬᠦ ᠪᠠ ᠳᠠᠮᠵᠢᠭᠤᠯᠬᠤ ᠢᠳᠡᠪᠬᠢᠵᠢᠯ᠎ᠢ᠎ᠨᠢ ᠬᠥᠲᠥᠯᠥᠨ ᠵᠢᠯᠤᠭᠤᠳᠬᠤ ᠪᠠ ᠵᠣᠷᠢᠭᠵᠢᠭᠤᠯᠵᠤ᠂ ᠰᠢᠯᠢᠳᠡᠭ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠵᠣᠬᠢᠶᠠᠯ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠠᠬᠢᠭᠤᠯᠤᠨ᠂ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢᠨ ᠡᠷᠡᠭᠦᠯ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠮᠠᠨ᠎ᠤ ᠣᠷᠣᠨ᠎ᠤ ᠷᠠᠳᠢᠣ᠋ ᠲᠧᠯᠸᠢᠰ᠎ᠤᠨ ᠨᠡᠶ᠋ᠢᠲᠡ ᠵᠢᠨ ᠠᠰᠠᠷᠠᠮᠵᠢ ᠵᠢᠨ ᠵᠠᠷ ᠮᠡᠳᠡᠭᠡ ᠵᠢ ᠵᠣᠬᠢᠶᠠᠨ ᠪᠦᠲᠦᠭᠡᠬᠦ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃

10. ᠷᠠᠳᠢᠣ᠋ ᠲᠧᠯᠸᠢᠰ᠎ᠤᠨ ᠰᠢᠯᠢᠳᠡᠭ ᠲᠢᠶᠠᠲᠷ᠎ᠤᠨ ᠪᠤᠯᠤᠩ᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠃  ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠲᠠᠢ ᠢᠳᠡᠪᠬᠢᠲᠡᠶ ᠵᠣᠯᠭ᠋ᠠᠭᠤᠯᠵᠤ᠂ ᠬᠠᠮᠢᠶ᠎ᠠ ᠪᠥᠬᠦᠶ ᠷᠠᠳᠢᠣ᠋ ᠲᠧᠯᠸᠢᠰ᠎ᠤᠨ ᠪᠦᠲᠦᠭᠡᠯ᠎ᠤᠨ ᠬᠡᠪᠯᠡᠯ᠎ᠤᠨ ᠡᠷᠬᠡ ᠵᠢᠨ ᠨᠢᠭᠡᠴᠢ ᠵᠢ ᠵᠣᠬᠢᠴᠠᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ ᠺᠢᠨᠣ᠋ ᠲᠧᠯᠸᠢᠰ᠎ᠤᠨ ᠲᠢᠶᠠᠲᠷ᠎ᠤᠨ ᠪᠤᠯᠤᠩ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠪᠡᠯᠡᠭᠯᠡᠨ ᠨᠡᠪᠲᠡᠷᠡᠭᠦᠯᠬᠦ᠂ ᠬᠠᠮᠲᠤ ᠵᠢᠨ ᠬᠡᠪᠯᠡᠯ᠎ᠤᠨ ᠡᠷᠬᠡ ᠵᠢ ᠬᠤᠳᠠᠯᠳᠤᠨ ᠠᠪᠬᠤ᠂ ᠨᠡᠶ᠋ᠢᠲᠡ ᠵᠢᠨ ᠠᠰᠠᠷᠠᠮᠵᠢ ᠵᠢᠨ ᠦᠵᠡᠰᠭᠦᠯᠡᠩ᠎ᠤᠨ ᠨᠡᠪᠲᠡᠷᠡᠭᠦᠯᠭᠡ ᠵᠡᠷᠭᠡ ᠠᠷᠭ᠎ᠠ ᠬᠡᠯᠪᠡᠷᠢ ᠪᠠ ᠠᠷᠭ᠎ᠠ ᠵᠠᠮ ᠵᠶ᠋ᠠᠷ ᠪᠥᠬᠦ ᠣᠷᠣᠨ᠎ᠤ ᠷᠠᠳᠢᠣ᠋ ᠲᠧᠯᠸᠢᠰ᠎ᠤᠨ ᠬᠡᠪᠯᠡᠯ᠎ᠤᠨ ᠡᠷᠬᠡ ᠵᠢᠨ ᠪᠦᠲᠦᠭᠡᠯ᠎ᠤᠨ ᠡᠬᠢ ᠪᠠᠶᠠᠯᠢᠭ᠎ᠤᠨ ᠬᠥᠮᠥᠷᠭᠡ ᠵᠢᠴᠢ ᠵᠣᠬᠢᠴᠠᠩᠭᠤᠶ ᠠᠵᠢᠯ᠎ᠤᠨ ᠵᠣᠬᠢᠴᠠᠭᠤᠯᠬᠤ ᠵᠣᠬᠢᠴᠠᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠪᠥᠬᠦ ᠣᠷᠣᠨ᠎ᠤ ᠷᠠᠳᠢᠣ᠋ ᠲᠧᠯᠸᠢᠰ ᠺᠢᠨᠣ᠋ ᠲᠧᠯᠸᠢᠰ᠎ᠤᠨ ᠲᠢᠶᠠᠲᠷ᠎ᠤᠨ ᠪᠤᠯᠤᠩ᠎ᠤᠨ ᠴᠢᠨᠠᠷ ᠰᠠᠶ᠋ᠢᠲᠠᠶ   ᠰᠢᠯᠢᠳᠡᠭ ᠬᠥᠭᠵᠢᠯᠲᠡ ᠵᠢ ᠠᠬᠢᠭᠤᠯᠤᠨ᠎ᠠ᠃

11. ᠴᠢᠬᠤᠯᠠ ᠶᠡᠭᠡ ᠭᠠᠳᠠᠭ᠋ᠠᠳᠤ ᠤᠬᠠᠭᠤᠯᠭ᠎ᠠ ᠵᠢᠨ ᠭᠠᠳᠠᠭᠰᠢ ᠭᠠᠷᠬᠤ ᠢᠨᠵᠧᠨᠧᠷᠢᠩ᠃  ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ ᠲᠠᠯ᠎ᠠ ᠵᠢᠨ ᠳᠠᠭᠤ ᠬᠣᠭᠣᠯᠠᠢ ᠷᠠᠳᠢᠣ᠋ ᠨᠡᠪᠲᠡᠷᠡᠭᠦᠯᠭᠡ᠂ ᠮᠣᠩᠭᠤᠯ ᠬᠡᠯᠡᠨ᠎ᠤ ᠣᠳᠣᠨ ᠲᠧᠯᠸᠢᠰ ᠵᠡᠷᠭᠡ ᠭᠠᠳᠠᠭ᠋ᠠᠳᠤ ᠤᠬᠠᠭᠤᠯᠭ᠎ᠠ ᠵᠢᠨ ᠳᠠᠪᠲᠠᠮᠵᠢ ᠵᠢᠨ ᠰᠤᠪᠠᠭ᠎ᠤᠨ ᠡᠬᠢ ᠪᠠᠶᠠᠯᠢᠭ ᠪᠠ ᠬᠢᠯᠢ ᠵᠢᠨ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠪᠠᠶ᠋ᠢᠭᠤᠯᠤᠮᠵᠢ ᠵᠢᠨ ᠣᠷᠣᠨ ᠪᠠᠶ᠋ᠢᠷᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ ᠣᠷᠣᠰ᠂ ᠮᠣᠩᠭᠤᠯ ᠤᠯᠤᠰ ᠵᠡᠷᠭᠡ ᠤᠯᠤᠰ᠎ᠲᠠᠢ ᠷᠠᠳᠢᠣ᠋ ᠲᠧᠯᠸᠢᠰ᠎ᠤᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠨ᠂ 《ᠲᠣᠷᠭ᠋ᠠᠨ ᠵᠠᠮ᠎ᠤᠨ ᠺᠢᠨᠣ᠋ ᠲᠧᠯᠸᠢᠰ᠎ᠤᠨ ᠬᠥᠭᠦᠷᠭᠡ》 ᠢᠨᠵᠧᠨᠧᠷᠢᠩ᠂ 《ᠬᠠᠯᠬ᠎ᠠ ᠮᠣᠩᠭᠤᠯ ᠬᠡᠯᠡᠨ᠎ᠤ ᠺᠢᠨᠣ᠋ ᠲᠧᠯᠸᠢᠰ ᠵᠦᠴᠦᠭᠡ ᠣᠷᠴᠢᠭᠤᠯᠤᠨ ᠲᠠᠭ᠋ᠠᠷᠠᠭᠤᠯᠬᠤ》 ᠲᠥᠷᠥᠯ ᠵᠦᠢ᠍ᠯ᠎ᠢ ᠴᠢᠷᠮᠠᠶ᠋ᠢᠨ ᠣᠯᠵᠤ᠂ ᠦᠷᠭᠦᠯᠵᠢᠯᠡᠨ ᠬᠡᠷᠡᠭᠵᠢᠭᠦᠯᠵᠦ᠂ ᠵᠣᠬᠢᠴᠠᠭᠤᠯᠭ᠎ᠠ᠎ᠪᠠᠨ ᠴᠢᠩᠭ᠋ᠠᠳᠬᠠᠨ᠂ ᠠᠽᠢᠶ᠎ᠠ ᠲᠢᠪ᠎ᠤᠨ ᠲᠧᠯᠸᠢᠰ ᠵᠦᠴᠦᠭᠡ (ᠺᠠᠷᠲ᠋ᠣᠨ ᠺᠢᠨᠣ᠋) ᠵᠢ ᠬᠠᠮᠲᠤᠷᠠᠨ ᠰᠡᠭᠦᠳᠡᠷᠯᠡᠬᠦ᠂ ᠭᠠᠳᠠᠭ᠋ᠠᠳᠤ᠎ᠳᠤ ᠣᠷᠴᠢᠭᠤᠯᠵᠤ ᠨᠡᠪᠲᠡᠷᠡᠭᠦᠯᠬᠦ ᠵᠡᠷᠭᠡ ᠲᠥᠷᠥᠯ ᠵᠦᠢ᠍ᠯ᠎ᠢ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠵᠦ᠂ ᠳᠤᠮᠳᠠᠳᠤ ᠵᠢᠨ ᠰᠣᠶᠣᠯ᠎ᠤᠨ ᠭᠠᠳᠠᠭ᠋ᠠᠳᠤ᠎ᠳᠠᠬᠢ ᠨᠥᠯᠥᠭᠡᠯᠡᠬᠦ ᠬᠦᠴᠦᠨ᠎ᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ᠎ᠤᠨ ᠮᠡᠳᠡᠷᠡᠮᠵᠢ ᠵᠢ ᠨᠡᠮᠡᠭᠳᠡᠭᠦᠯᠦᠨ᠂ ᠣᠯᠠᠨ ᠤᠯᠤᠰ᠎ᠤᠨ ᠬᠥᠭᠵᠢᠯᠲᠡ ᠵᠢᠨ ᠰᠠᠶ᠋ᠢᠨ ᠰᠠᠶ᠋ᠢᠬᠠᠨ ᠣᠷᠴᠢᠨ ᠲᠣᠭᠤᠷᠢᠨ᠎ᠢ ᠪᠣᠶ ᠪᠣᠯᠭ᠋ᠠᠨ᠎ᠠ᠃

(ᠭᠤᠷᠪᠠ) ᠲᠥᠯᠥᠪᠵᠢᠭᠦᠯᠭᠡ ᠵᠢᠨ ᠬᠦᠲᠦᠯᠦᠨ ᠳᠠᠭ᠋ᠠᠭᠤᠯᠬᠤ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ

ᠤᠬᠠᠭᠤᠯᠭ᠎ᠠ ᠶᠠᠷᠢᠶ᠎ᠠ ᠬᠡᠯᠡᠯᠴᠡᠭᠡ ᠪᠠ ᠦᠵᠡᠯ ᠰᠠᠨᠠᠭ᠎ᠠ ᠰᠣᠶᠣᠯ᠎ᠤᠨ ᠵᠢᠭᠰᠠᠭ᠋ᠠᠯ᠎ᠤᠨ ᠭᠠᠵᠠᠷ᠎ᠤᠨ ᠪᠦᠬᠦᠨ ᠵᠶ᠋ᠡᠷ ᠵᠶ᠋ᠡᠨ ᠵᠣᠬᠢᠴᠠᠯᠳᠤᠨ ᠦᠢ᠍ᠯᠡᠴᠢᠯᠡᠬᠦ ᠦᠵᠡᠯ ᠰᠠᠨᠠᠭ᠎ᠠ ᠵᠢ ᠪᠠᠲᠤ ᠪᠠᠬᠢ ᠪᠤᠢ ᠪᠣᠯᠭ᠋ᠠᠵᠤ᠂ ᠬᠦᠴᠦᠷᠬᠡᠭ ᠶᠡᠭᠡ ᠨᠢᠭᠲᠠᠷᠠᠯ᠎ᠤᠨ ᠬᠦᠴᠦᠨ ᠪᠠ ᠬᠥᠲᠥᠯᠥᠨ ᠳᠠᠭ᠋ᠠᠭᠤᠯᠬᠤ ᠬᠦᠴᠦᠨ ᠪᠦᠬᠦᠢ ᠨᠡᠶ᠋ᠢᠭᠡᠮ ᠵᠢᠷᠤᠮ᠎ᠤᠨ ᠦᠵᠡᠯ ᠤᠬᠠᠮᠰᠠᠷ᠎ᠤᠨ ᠬᠡᠯᠪᠡᠷᠢ ᠵᠢ ᠪᠦᠲᠦᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠡᠭᠦᠷᠭᠡ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠣᠬᠢᠴᠠᠮᠵᠢ ᠵᠢ ᠪᠦᠷᠢᠨ ᠪᠣᠯᠭ᠋ᠠᠬᠤ᠎ᠪᠠᠷ ᠪᠠᠲᠤᠯᠠᠭ᠎ᠠ ᠪᠣᠯᠭ᠋ᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠲᠥᠯᠥᠪᠵᠢᠭᠦᠯᠭᠡ ᠵᠢᠨ ᠬᠥᠲᠥᠯᠥᠨ ᠳᠠᠭ᠋ᠠᠭᠤᠯᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠯᠲᠡ ᠵᠢ ᠦᠷᠭᠦᠯᠵᠢᠯᠡᠨ ᠬᠥᠲᠥᠯᠥᠨ ᠵᠢᠯᠣᠭᠤᠳᠴᠤ ᠠᠬᠢᠭᠤᠯᠤᠨ᠎ᠠ᠃

12. ᠬᠥᠲᠥᠯᠥᠨ ᠵᠢᠯᠤᠭᠤᠳᠤᠯᠭ᠎ᠠ ᠵᠢ ᠲᠦᠯᠦᠪᠵᠢᠭᠦᠯᠬᠦ ᠵᠣᠬᠢᠴᠠᠮᠵᠢ᠃  ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠵᠣᠬᠢᠶᠠᠨ ᠪᠦᠲᠦᠭᠡᠬᠦ ᠰᠡᠳᠦᠪ᠎ᠤᠨ ᠲᠥᠯᠥᠪᠵᠢᠭᠦᠯᠭᠡ ᠵᠢᠨ ᠠᠵᠢᠯ᠎ᠤᠨ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠭᠦᠯᠵᠦ᠂ ᠴᠢᠬᠤᠯᠠ ᠶᠡᠭᠡ ᠵᠣᠬᠢᠶᠠᠨ ᠪᠦᠲᠦᠭᠡᠬᠦ ᠭᠤᠣᠯ ᠰᠡᠳᠦᠪ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠥᠭᠵᠢᠯᠲᠡ ᠵᠢᠨ ᠴᠢᠭᠯᠡᠯ ᠵᠢᠴᠢ ᠥᠪᠥᠷ ᠮᠣᠩᠭᠤᠯ᠎ᠤᠨ ᠰᠣᠶᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠤᠨ ᠲᠣᠭᠤᠷᠢᠨ᠎ᠳᠤ᠂ ᠰᠡᠳᠦᠪ ᠰᠣᠩᠭᠤᠬᠤ ᠰᠤᠳᠤᠯᠤᠨ ᠶᠠᠷᠢᠯᠴᠠᠵᠤ ᠰᠣᠯᠢᠯᠴᠠᠬᠤ ᠵᠢ ᠵᠣᠬᠢᠶᠠᠨ ᠪᠠᠶ᠋ᠢᠭᠤᠯᠵᠤ᠂ ᠭᠤᠣᠯᠳᠠᠯᠭ᠎ᠠ᠎ᠲᠠᠢ ᠰᠡᠳᠦᠪ ᠰᠣᠩᠭᠤᠬᠤ ᠰᠠᠨᠠᠭᠤᠯᠤᠮᠵᠢ ᠵᠢ ᠨᠡᠶ᠋ᠢᠲᠡᠯᠡᠵᠦ᠂ ᠰᠡᠳᠦᠪ ᠰᠣᠩᠭᠤᠵᠤ ᠵᠣᠬᠢᠶᠠᠨ ᠪᠦᠲᠦᠭᠡᠬᠦ ᠵᠢ ᠳᠡᠮᠵᠢᠵᠦ᠂ ᠰᠡᠳᠦᠪ᠎ᠤᠨ ᠲᠥᠯᠥᠪᠵᠢᠭᠦᠯᠭᠡ ᠵᠢ ᠪᠠᠶ᠋ᠢᠩᠭᠤᠵᠢᠭᠤᠯᠤᠨ ᠳᠦᠷᠢᠮᠵᠢᠭᠦᠯᠬᠦ ᠵᠢ ᠠᠬᠢᠭᠤᠯᠤᠨ᠎ᠠ᠃

13. ᠲᠠᠪᠴᠠᠩ᠎ᠢ ᠲᠦᠯᠦᠪᠵᠢᠭᠦᠯᠬᠦ ᠵᠣᠬᠢᠴᠠᠮᠵᠢ᠃  ᠭᠤᠣᠯᠳᠠᠯᠭ᠎ᠠ᠎ᠲᠠᠢ ᠰᠡᠳᠦᠪ᠎ᠤᠨ ᠰᠡᠳᠦᠪ ᠰᠣᠩᠭᠤᠬᠤ ᠲᠥᠷᠥᠯ ᠵᠦᠢ᠍ᠯ᠎ᠢ ᠴᠤᠭᠯᠠᠭᠤᠯᠬᠤ ᠠᠵᠢᠯ᠎ᠤᠨ  ᠵᠣᠬᠢᠴᠠᠮᠵᠢ ᠵᠢ ᠪᠠᠶ᠋ᠢᠭᠤᠯᠵᠤ᠂ ᠴᠠᠭ ᠦᠶ᠎ᠡ ᠵᠢᠨ ᠭᠤᠣᠯ ᠰᠡᠳᠦᠪ᠎ᠲᠠᠢ ᠤᠶᠠᠯᠳᠤᠭᠤᠯᠤᠨ᠂ ᠴᠠᠭ ᠦᠶ᠎ᠡ ᠵᠢᠨ ᠬᠥᠭᠵᠢᠯᠲᠡ ᠵᠢ ᠤᠷᠢᠳᠴᠢᠯᠠᠨ ᠮᠠᠭ᠋ᠠᠳᠯᠠᠵᠤ᠂ ᠥᠷᠭᠡᠨ ᠵᠶ᠋ᠠᠷ ᠴᠤᠭᠯᠠᠭᠤᠯᠵᠤ᠂ ᠭᠦᠢ᠍ᠴᠡᠳ ᠨᠤᠲᠠᠯᠠᠵᠤ᠂ ᠲᠥᠰᠦᠪᠯᠡᠨ ᠳᠡᠮᠵᠢᠵᠦ᠂ ᠭᠤᠤᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠤᠨ ᠬᠥᠮᠥᠷᠭᠡ ᠵᠢ ᠬᠦᠴᠦᠯᠡᠨ ᠪᠠᠶ᠋ᠢᠭᠤᠯᠵᠤ᠂ ᠭᠤᠤᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠭᠤᠤᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠳᠤ ᠨᠢᠭᠡ ᠪᠦᠯᠦᠭ᠎ᠢ ᠲᠥᠯᠥᠪᠵᠢᠭᠦᠯᠵᠦ᠂ ᠨᠢᠭᠡ ᠪᠦᠯᠦᠭ᠎ᠢ ᠵᠣᠬᠢᠶᠠᠨ ᠪᠦᠲᠦᠭᠡᠵᠦ᠂ ᠨᠢᠭᠡ ᠪᠦᠯᠦᠭ᠎ᠢ ᠨᠡᠪᠲᠡᠷᠡᠭᠦᠯᠵᠦ᠂ ᠨᠢᠭᠡ ᠪᠦᠯᠦᠭ᠎ᠢ ᠰᠢᠨ᠎ᠡ᠎ᠪᠠᠷ ᠨᠡᠮᠡᠭᠳᠡᠭᠦᠯᠬᠦ ᠰᠠᠶ᠋ᠢᠨ ᠣᠷᠴᠢᠯ ᠬᠥᠭᠵᠢᠯᠲᠡ ᠵᠢ ᠠᠬᠢᠭᠤᠯᠤᠨ᠎ᠠ᠃

14. ᠮᠥᠷᠳᠡᠨ ᠳᠠᠭ᠋ᠠᠬᠤ ᠵᠢ ᠲᠦᠯᠦᠪᠵᠢᠭᠦᠯᠬᠦ ᠵᠣᠬᠢᠴᠠᠮᠵᠢ᠃  ᠭᠤᠣᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠢ ᠮᠥᠷᠳᠡᠨ ᠳᠠᠭ᠋ᠠᠵᠤ ᠵᠣᠬᠢᠶᠠᠨ ᠪᠦᠲᠦᠭᠡᠬᠦ ᠵᠣᠬᠢᠴᠠᠮᠵᠢ ᠵᠢ ᠪᠠᠶ᠋ᠢᠭᠤᠯᠵᠤ᠂ ᠭᠤᠣᠯᠳᠠᠯᠭ᠎ᠠ᠎ᠲᠠᠢ ᠰᠡᠳᠦᠪ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠢ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ ᠵᠢ ᠠᠩᠬᠠᠷᠴᠤ᠂ ᠵᠣᠬᠢᠶᠠᠨ ᠪᠦᠲᠦᠭᠡᠬᠦ ᠠᠬᠢᠴᠠ᠂ ᠵᠣᠬᠢᠶᠠᠨ ᠪᠦᠲᠦᠭᠡᠬᠦ ᠬᠦᠴᠢᠷᠳᠡᠯ᠎ᠢ ᠴᠠᠭ ᠲᠤᠬᠠᠶ᠎ᠳᠤ᠎ᠨᠢ ᠣᠶ᠋ᠢᠯᠠᠭ᠋ᠠᠵᠤ᠂ ᠵᠣᠬᠢᠶᠠᠨ ᠪᠦᠲᠦᠭᠡᠬᠦ ᠦᠢ᠍ᠯᠡᠳᠪᠦᠷᠢᠯᠡᠯ᠎ᠳᠤ ᠲᠤᠯᠭ᠋ᠠᠷᠠᠵᠤ ᠪᠠᠶ᠋ᠢᠭ᠎ᠠ ᠪᠣᠳᠠᠲᠠᠶ ᠬᠦᠴᠢᠷᠳᠡᠯ᠎ᠢ ᠢᠳᠡᠪᠬᠢᠲᠡᠶ᠎ᠪᠠᠷ ᠵᠣᠬᠢᠴᠠᠭᠤᠯᠤᠨ ᠬᠠᠪᠰᠤᠷᠤᠨ ᠰᠢᠢ᠍ᠳᠪᠦᠷᠢᠯᠡᠵᠦ᠂ ᠰᠠᠶ᠋ᠢᠨ ᠲᠥᠷᠥᠯ ᠵᠦᠢ᠍ᠯ᠎ᠤᠨ ᠬᠠᠮᠤᠭ᠎ᠤᠨ ᠰᠠᠶ᠋ᠢᠨ ᠪᠠᠶ᠋ᠢᠬᠤ ᠵᠢ ᠦᠨᠡᠨ ᠬᠦ᠌ ᠪᠠᠲᠤᠯᠠᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠵᠤ ᠳᠠᠶ᠋ᠢᠴᠢᠯᠠᠨ᠎ᠠ᠃

15. ᠲᠣᠬᠢᠷᠠᠭᠤᠯᠤᠯᠲᠠ ᠵᠢ ᠲᠦᠯᠦᠪᠵᠢᠭᠦᠯᠬᠦ ᠵᠣᠬᠢᠴᠠᠮᠵᠢ᠃  ᠭᠤᠣᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠳᠤ ᠬᠥᠳᠡᠯᠦᠩᠭᠦᠶ ᠲᠣᠬᠢᠷᠠᠭᠤᠯᠤᠯᠲᠠ ᠬᠢᠬᠦ ᠵᠣᠬᠢᠴᠠᠮᠵᠢ ᠵᠢ ᠪᠠᠶ᠋ᠢᠭᠤᠯᠵᠤ᠂ ᠴᠠᠭ ᠦᠶ᠎ᠡ ᠵᠢᠨ ᠬᠥᠭᠵᠢᠯᠲᠡ ᠵᠢᠨ ᠬᠡᠷᠡᠭᠴᠡᠭᠡ ᠪᠠ ᠬᠠᠨᠳᠤᠰᠢ ᠵᠢ ᠪᠠᠲᠤ ᠡᠵᠡᠮᠳᠡᠵᠦ᠂ ᠴᠠᠭ ᠦᠶ᠎ᠡ᠎ᠲᠠᠢ ᠨᠡᠶ᠋ᠢᠴᠡᠬᠦ ᠥᠬᠡᠶ ᠰᠡᠳᠦᠪ᠎ᠤᠨ ᠲᠥᠷᠥᠯ ᠵᠦᠢ᠍ᠯ᠎ᠢ ᠰᠡᠳᠦᠪ᠎ᠤᠨ ᠲᠥᠷᠥᠯ ᠵᠦᠢ᠍ᠯ᠎ᠤᠨ ᠬᠥᠮᠥᠷᠭᠡ᠎ᠠᠴᠠ ᠴᠠᠭ ᠲᠤᠬᠠᠶ᠎ᠳᠤ᠎ᠨᠢ ᠠᠷᠢᠯᠭ᠋ᠠᠵᠤ᠂ ᠴᠠᠭ ᠦᠶ᠎ᠡ ᠵᠢᠨ ᠬᠥᠭᠵᠢᠯᠲᠡ ᠵᠢᠨ ᠭᠤᠤᠯᠳᠠᠯᠭ᠎ᠠ᠎ᠲᠠᠢ ᠰᠡᠳᠦᠪ᠎ᠤᠨ ᠲᠥᠷᠥᠯ ᠵᠦᠢ᠍ᠯ᠎ᠢ ᠰᠡᠳᠦᠪ᠎ᠤᠨ ᠲᠥᠷᠥᠯ ᠵᠦᠢ᠍ᠯ᠎ᠤᠨ ᠬᠥᠮᠥᠷᠭᠡ᠎ᠳᠤ ᠣᠷᠣᠭᠤᠯᠵᠤ᠂ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠦᠢ᠍ᠯᠡᠳᠦᠨ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠴᠠᠭ ᠲᠤᠬᠠᠶ᠎ᠳᠤ᠎ᠨᠢ ᠰᠡᠷᠡᠮᠵᠢᠯᠡᠭᠦᠯᠬᠦ ᠪᠤᠶᠤ ᠰᠠᠨᠠᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠦᠲᠦᠭᠡᠯ᠎ᠤᠨ ᠵᠣᠬᠢᠶᠠᠨ ᠪᠦᠲᠦᠭᠡᠬᠦ ᠴᠠᠭ ᠦᠶ᠎ᠡ᠎ᠲᠠᠢ ᠵᠡᠷᠭᠡ᠎ᠪᠠᠷ ᠤᠷᠤᠭᠰᠢᠯᠠᠬᠤ ᠵᠢ ᠪᠠᠲᠤᠯᠠᠵᠤ᠂ ᠴᠠᠭ ᠦᠶ᠎ᠡ ᠵᠢᠨ ᠠᠯᠬᠤᠭ᠎ᠠ ᠵᠢ ᠰᠠᠯᠤᠯ ᠥᠬᠡᠶ ᠳᠠᠭ᠋ᠠᠵᠤ᠂ ᠪᠦᠷᠢᠯᠭᠡᠯ ᠰᠦᠢ᠍ᠳᠦᠯ ᠪᠠ ᠬᠤᠬᠢᠷᠠᠯ᠎ᠠᠴᠠ ᠵᠠᠢ᠌ᠯᠠᠰᠬᠢᠬᠤ ᠪᠤᠶᠤ ᠪᠠᠭ᠋ᠠᠰᠬᠠᠨ᠎ᠠ᠃

(ᠲᠦᠷᠪᠡ) ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ

ᠦᠢ᠍ᠯᠡᠴᠢᠯᠡᠭᠡᠨ᠎ᠤ ᠤᠬᠠᠮᠰᠠᠷ᠎ᠢ ᠪᠠᠲᠤ ᠪᠠᠬᠢ ᠪᠤᠢ ᠪᠣᠯᠭ᠋ᠠᠵᠤ᠂ ᠴᠢᠩᠭ᠎ᠠ ᠬᠢᠨᠠᠨ ᠬᠠᠮᠢᠶᠠᠷᠬᠤ ᠪᠠ ᠪᠦᠲᠦᠮᠵᠢᠲᠡᠶ ᠬᠠᠪᠰᠤᠷᠤᠨ ᠳᠡᠮᠵᠢᠬᠦ ᠵᠢ ᠬᠠᠷᠢᠯᠴᠠᠨ ᠨᠢᠭᠡᠳᠬᠡᠬᠦ᠂ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢ ᠵᠡᠷᠭᠡ᠎ᠪᠠᠷ ᠬᠦᠴᠦᠯᠡᠬᠦ ᠵᠢ ᠪᠠᠷᠢᠮᠲᠠᠯᠠᠵᠤ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ᠂ ᠴᠢᠳᠠᠪᠤᠷᠢᠲᠠᠨ᠎ᠤ ᠬᠠᠩᠭ᠋ᠠᠯᠭ᠎ᠠ᠂ ᠳᠡᠮᠵᠢᠵᠦ ᠬᠥᠲᠥᠯᠥᠨ ᠵᠢᠯᠣᠭᠤᠳᠬᠤ ᠵᠡᠷᠭᠡ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠡᠷᠡᠭᠦᠯ ᠬᠥᠭᠵᠢᠯᠲᠡ᠎ᠳᠤ ᠬᠦᠴᠦᠨ ᠨᠡᠮᠡᠷᠢᠯᠡᠨ᠎ᠡ᠃

16. ᠵᠦᠪᠰᠢᠶᠡᠷᠡᠯ᠎ᠤᠨ ᠦᠢ᠍ᠯᠡᠴᠢᠯᠡᠭᠡ᠃  ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠵᠠᠰᠠᠭ ᠵᠠᠬᠢᠷᠭ᠋ᠠᠨ᠎ᠤ ᠵᠥᠪᠰᠢᠶᠡᠷᠡᠯ᠂ ᠵᠠᠰᠠᠭ ᠵᠠᠬᠢᠷᠭ᠋ᠠᠨ᠎ᠤ ᠬᠢᠨᠠᠨ ᠪᠠᠶ᠋ᠢᠴᠠᠭ᠋ᠠᠯᠲᠠ ᠵᠡᠷᠭᠡ ᠵᠦᠢ᠍ᠯᠡᠰ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠢᠯ᠎ᠤᠨ ᠪᠠᠶ᠋ᠢᠭᠤᠯᠤᠮᠵᠢ ᠵᠢ ᠪᠦᠷᠢᠨᠰᠢᠭᠦᠯᠦᠨ᠂ ᠳᠦᠷᠢᠮ᠎ᠤᠨ ᠵᠣᠬᠢᠴᠠᠮᠵᠢ ᠵᠢ ᠲᠡᠭᠦᠯᠳᠡᠷᠵᠢᠭᠦᠯᠵᠦ᠂ ᠬᠠᠮᠢᠶᠠᠷᠤᠯᠲᠠ ᠵᠢᠨ ᠶᠠᠪᠤᠴᠠ ᠵᠢ ᠰᠢᠯᠢᠳᠡᠭᠵᠢᠭᠦᠯᠦᠨ᠂ ᠡᠩᠨᠡᠭᠡᠨ᠎ᠤ ᠬᠡᠪ ᠴᠢᠨᠠᠷ᠎ᠢ ᠳᠡᠭᠡᠭᠰᠢᠯᠡᠭᠦᠯᠵᠦ᠂ ᠪᠦᠬᠦ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠷᠠᠳᠢᠣ᠋ ᠲᠧᠯᠸᠢᠰ᠎ᠤᠨ ᠦᠢ᠍ᠯᠡᠳᠴᠦ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ᠎ᠳᠤ ᠠᠵᠢᠯ᠎ᠤᠨ ᠪᠠᠶ᠋ᠢᠷᠢ᠎ᠪᠠᠨ ᠰᠠᠶ᠋ᠢᠲᠤᠷ ᠰᠠᠬᠢᠵᠤ᠂ ᠰᠠᠶ᠋ᠢᠲᠤᠷ ᠦᠢ᠍ᠯᠡᠴᠢᠯᠡᠵᠦ᠂ ᠳᠥᠭᠦᠮ ᠳᠦᠳᠡ ᠬᠠᠩᠭ᠋ᠠᠵᠤ᠂ ᠬᠥᠭᠵᠢᠯᠲᠡ᠎ᠳᠤ ᠬᠦᠴᠦᠨ ᠨᠡᠮᠡᠷᠢᠯᠡᠨ᠎ᠡ᠃

17. ᠴᠢᠳᠠᠪᠤᠷᠢᠲᠠᠨ᠎ᠤ ᠦᠢ᠍ᠯᠡᠴᠢᠯᠡᠭᠡ᠃  ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢ ᠠᠵᠢᠯ ᠲᠥᠷᠥᠯ᠎ᠤᠨ ᠬᠥᠭᠵᠢᠯᠲᠡ ᠵᠢᠨ ᠴᠢᠬᠤᠯᠠ ᠪᠠᠶ᠋ᠢᠷᠢᠨ᠎ᠳᠤ ᠲᠠᠯᠪᠢᠵᠤ᠂ ᠢᠳᠡᠪᠬᠢᠲᠡᠶ᠎ᠪᠠᠷ ᠨᠥᠬᠦᠴᠡᠯ ᠪᠦᠷᠢᠯᠳᠦᠭᠦᠯᠦᠨ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ᠂ ᠴᠢᠳᠠᠪᠤᠷᠢᠲᠠᠨ᠎ᠤ ᠰᠣᠯᠢᠯᠴᠠᠭ᠎ᠠ ᠵᠢ ᠳᠡᠮᠵᠢᠬᠦ᠎ᠪᠠᠷ ᠳᠠᠮᠵᠢᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠲᠤᠰᠬᠠᠶ ᠰᠡᠳᠦᠪᠲᠦ ᠪᠣᠯᠪᠠᠰᠤᠷᠠᠯ᠎ᠤᠨ ᠠᠩᠭᠢ᠂ ᠰᠤᠳᠤᠯᠤᠨ ᠰᠤᠷᠤᠯᠴᠠᠬᠤ ᠠᠩᠭᠢ᠎ᠳᠤ ᠣᠷᠣᠯᠴᠠᠬᠤ ᠵᠢ ᠵᠣᠬᠢᠶᠠᠨ ᠪᠠᠶ᠋ᠢᠭᠤᠯᠤᠨ ᠣᠷᠣᠯᠴᠠᠭᠤᠯᠵᠤ᠂ ᠠᠵᠢᠯ ᠲᠥᠷᠥᠯ᠎ᠤᠨ ᠳᠠᠭ᠋ᠠᠭᠤᠯᠤᠭᠴᠢ ᠴᠢᠳᠠᠪᠤᠷᠢᠲᠠᠨ ᠪᠠ ᠨᠡᠶ᠋ᠢᠭᠡᠮ᠎ᠤᠨ ᠵᠠᠯᠠᠭᠤ ᠴᠢᠳᠠᠪᠤᠷᠢᠲᠠᠨ᠎ᠤ ᠢᠨᠵᠧᠨᠧᠷᠢᠩ᠎ᠢ ᠬᠡᠷᠡᠭᠵᠢᠭᠦᠯᠦᠨ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠭᠤᠤᠯᠳᠠᠯᠭ᠎ᠠ᠎ᠲᠠᠢ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠡᠳᠦᠪ ᠪᠠ ᠬᠥᠭᠵᠢᠯᠲᠡ ᠵᠢᠨ ᠲᠥᠯᠥᠪᠵᠢᠭᠦᠯᠭᠡ ᠵᠢᠨ ᠰᠡᠳᠦᠪ᠎ᠢ ᠡᠭᠦᠷᠭᠡᠯᠡᠵᠦ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃

18. ᠦᠨᠡᠯᠡᠯᠲᠡ ᠵᠢᠨ ᠦᠢ᠍ᠯᠡᠴᠢᠯᠡᠭᠡ᠃  ᠷᠠᠳᠢᠤ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠦᠷᠦᠯ᠎ᠢ ᠰᠢᠯᠭ᠋ᠠᠨ ᠬᠢᠨᠠᠵᠦ ᠦᠨᠡᠯᠡᠬᠦ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠦᠨᠡᠯᠡᠬᠦ ᠪᠠᠷᠢᠮᠵᠢᠶ᠎ᠠ ᠪᠠ ᠦᠨᠡᠯᠡᠬᠦ ᠲᠣᠭᠲᠠᠯᠴᠠᠭ᠎ᠠ ᠵᠢ ᠲᠡᠭᠦᠯᠳᠡᠷᠵᠢᠬᠦᠯᠦᠨ᠂ ᠵᠠᠰᠠᠭ᠎ᠤᠨ ᠤᠷᠳᠤᠨ᠎ᠤ ᠨᠦᠯᠦᠬᠡᠯᠡᠬᠦ ᠭᠦᠴᠦᠨ᠎ᠤ ᠦᠨᠡᠯᠡᠯᠲᠡ ᠪᠠ ᠢᠳᠡᠬᠡᠬᠦᠯᠬᠦ ᠭᠦᠴᠦᠨ᠎ᠢ ᠴᠢᠩᠭ᠋ᠠᠷᠠᠭᠤᠯᠵᠦ᠂ ᠢᠳᠡᠪᠬᠢᠳᠡᠢ ᠡᠷᠡᠭᠦᠯ ᠪᠦᠭᠦᠢ ᠠᠵᠢᠯ ᠲᠦᠷᠦᠯ᠎ᠤᠨ ᠦᠨᠡᠯᠡᠯᠲᠡ᠂ ᠨᠡᠶ᠋ᠢᠬᠡᠮ᠎ᠤᠨ ᠦᠨᠡᠯᠡᠯᠲᠡ ᠵᠢᠨ ᠲᠣᠭᠲᠠᠯᠴᠠᠭ᠎ᠠ ᠵᠢ ᠪᠠᠶ᠋ᠢᠭᠤᠯᠬᠤ ᠵᠢ ᠠᠬᠢᠭᠤᠯᠤᠨ᠂ ᠪᠦᠭᠦ ᠤᠷᠤᠨ᠎ᠤ ᠷᠠᠳᠢᠤ᠋ ᠲᠧᠯᠸᠢᠰ ᠪᠠ ᠰᠦᠯᠵᠢᠶᠡᠨ᠎ᠤ ᠦᠵᠡᠵᠦ ᠰᠤᠨᠤᠰᠬᠤ ᠠᠵᠢᠯ ᠲᠦᠷᠦᠯ᠎ᠤᠨ᠎ᠬᠢᠨ᠎ᠤ ᠰᠠᠨᠠᠭ᠋ᠠᠴᠢᠯᠠᠭ᠎ᠠ᠎ᠠᠴᠠ᠎ᠪᠠᠨ ᠠᠵᠢᠯᠯᠠᠬᠤ᠂ ᠦᠬᠡᠷᠡᠴᠢᠯᠡᠯᠳᠡ ᠬᠢᠵᠦ ᠰᠢᠨ᠎ᠠ ᠵᠢ ᠡᠭᠦᠳᠭᠦ᠂ ᠡᠷᠡᠭᠦᠯ ᠬᠥᠭᠵᠢᠯᠲᠡ ᠵᠢ ᠭᠦᠳᠦᠯᠦᠨ ᠳᠠᠭ᠋ᠠᠭᠤᠯᠤᠨ᠎ᠠ᠃

19. ᠬᠢᠨᠠᠯᠲᠠ ᠲᠠᠯᠪᠢᠬᠤ ᠦᠢ᠍ᠯᠡᠴᠢᠯᠡᠭᠡ᠃  ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠠ ᠭᠥᠯᠢᠶᠡᠨ ᠠᠪᠴᠤ ᠦᠵᠡᠬᠦ᠂ ᠬᠢᠨᠠᠯᠲᠠ ᠲᠠᠯᠪᠢᠵᠤ ᠪᠠᠶ᠋ᠢᠴᠠᠭ᠋ᠠᠬᠤ ᠵᠡᠷᠭᠡ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠠᠵᠢᠯ᠎ᠤᠨ ᠵᠣᠬᠢᠴᠠᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠠᠵᠢᠯ ᠲᠥᠷᠥᠯ᠎ᠤᠨ ᠬᠢᠨᠠᠯᠲᠠ ᠲᠠᠯᠪᠢᠬᠤ᠂ ᠪᠠᠶ᠋ᠢᠴᠠᠭ᠋ᠠᠯᠲᠠ ᠵᠢᠨ ᠬᠠᠨᠳᠤᠯᠭ᠋ᠠᠲᠤ ᠴᠢᠨᠠᠷ᠂ ᠴᠠᠭ ᠬᠤᠭᠤᠴᠠᠭ᠋ᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ᠎ᠢ ᠳᠡᠭᠡᠭᠰᠢᠯᠡᠭᠦᠯᠦᠨ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠵᠢᠨ ᠢᠮᠠᠭᠲᠠ ᠵᠥᠪ ᠴᠢᠭᠯᠡᠯ ᠡᠷᠡᠭᠦᠯ ᠬᠥᠭᠵᠢᠯᠲᠡ ᠵᠢ ᠠᠬᠢᠭᠤᠯᠤᠨ᠎ᠠ᠃

ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ

(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠷᠠᠭᠤᠯᠤᠨ᠎ᠠ᠃  ᠡᠯ᠎ᠡ ᠱᠠᠳᠤᠨ᠎ᠤ ᠷᠠᠳᠢᠤ᠋ ᠲᠧᠯᠸᠢᠰ ᠪᠠ ᠰᠦᠯᠵᠢᠶᠡᠨ᠎ᠤ ᠦᠵᠡᠵᠦ ᠰᠤᠨᠤᠰᠬᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠂ ᠡᠯ᠎ᠡ ᠱᠠᠳᠤᠨ᠎ᠤ ᠡᠯ᠎ᠡ ᠲᠦᠷᠦᠯ᠎ᠤᠨ ᠷᠠᠳᠢᠤ᠋ ᠲᠧᠯᠸᠢᠰ᠎ᠤᠨ ᠦᠢ᠍ᠯᠡᠳᠴᠤ ᠨᠡᠪᠳᠡᠷᠡᠬᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠤᠨᠤᠰᠬᠤ ᠫᠷᠤᠭ᠌ᠷᠠᠮ᠎ᠤᠨ ᠦᠢ᠍ᠯᠡᠴᠢᠯᠡᠬᠡᠨ᠎ᠤ ᠪᠠᠶ᠋ᠢᠭᠤᠯᠤᠮᠵᠢ᠎ᠨᠢ ᠰᠢᠨ᠎ᠡ ᠵᠢ ᠡᠭᠦᠳᠴᠤ ᠰᠢᠯᠢᠳᠡᠭ᠎ᠢ ᠡᠭᠦᠳᠬᠦ ᠠᠵᠢᠯ᠎ᠢ ᠦᠨᠡᠨ ᠬᠦ᠌ ᠶᠠᠷᠢᠶ᠎ᠠ ᠬᠡᠯᠡᠯᠴᠡᠬᠡᠨ᠎ᠤ ᠭᠦᠳᠦᠯᠦᠨ ᠵᠢᠯᠤᠭᠤᠳᠬᠤ ᠴᠢᠳᠠᠪᠤᠷᠢ᠂ ᠠᠭᠤᠯᠭ᠎ᠠ ᠵᠢᠨ ᠦᠢ᠍ᠯᠡᠳᠪᠦᠷᠢᠯᠡᠯ᠎ᠤᠨ ᠴᠢᠳᠠᠪᠤᠷᠢ ᠪᠠ ᠳᠠᠮᠵᠢᠭᠤᠯᠭ᠎ᠠ ᠵᠢᠨ ᠨᠦᠯᠥᠬᠡᠯᠡᠬᠦ ᠴᠢᠳᠠᠪᠤᠷᠢ ᠵᠢ ᠲᠡᠬᠡᠭᠰᠢᠯᠡᠬᠦᠯᠬᠦ ᠵᠢᠨ ᠴᠢᠬᠤᠯᠠ ᠠᠷᠭ᠎ᠠ ᠪᠠᠷᠢᠯ ᠪᠤᠯᠭ᠋ᠠᠵᠦ ᠡᠳᠦᠷ ᠲᠤᠳᠤᠮ᠎ᠤᠨ ᠴᠢᠬᠤᠯᠠ ᠵᠦᠪᠯᠡᠬᠦ ᠵᠦᠢ᠍ᠯ ᠪᠤᠯᠭ᠋ᠠᠨ᠂ ᠵᠤᠬᠢᠬᠤ ᠠᠵᠢᠯ᠎ᠤᠨ ᠵᠣᠬᠢᠴᠠᠮᠵᠢ ᠵᠢ ᠪᠠᠶ᠋ᠢᠭᠤᠯᠤᠨ ᠲᠡᠭᠦᠯᠳᠡᠷᠵᠢᠬᠦᠯᠵᠦ᠂ ᠠᠵᠢᠯ᠎ᠤᠨ ᠡᠭᠦᠷᠬᠡ᠂ ᠠᠷᠭ᠎ᠠ ᠬᠡᠮᠵᠢᠶ᠎ᠡ᠂ ᠠᠯᠬᠤᠮ ᠲᠠᠷᠠᠭ᠎ᠠ᠎ᠪᠠᠨ ᠲᠤᠳᠤᠷᠬᠠᠶ᠋ᠢᠯᠠᠨ᠂ ᠷᠠᠳᠢᠤ᠋ ᠲᠧᠯᠸᠢᠰ ᠪᠠ ᠰᠦᠯᠵᠢᠶᠡᠨ᠎ᠤ ᠦᠵᠡᠵᠦ ᠰᠤᠨᠤᠰᠬᠤ ᠫᠷᠤᠭ᠌ᠷᠠᠮ᠎ᠤᠨ ᠰᠢᠨ᠎ᠠ ᠵᠢ ᠡᠭᠦᠳᠴᠤ ᠰᠢᠯᠢᠳᠡᠭ᠎ᠢ ᠡᠬᠦᠳᠬᠦ ᠠᠵᠢᠯ᠎ᠢ ᠰᠠᠶ᠋ᠢᠳᠤᠷ ᠠᠳᠬᠤᠨ᠎ᠠ᠃

(ᠬᠤᠶᠠᠷ) ᠲᠥᠷᠥ ᠵᠢᠨ ᠪᠣᠳᠣᠯᠭ᠎ᠠ ᠵᠢᠨ ᠵᠣᠬᠢᠴᠠᠭᠤᠯᠤᠯᠲᠠ ᠵᠢ ᠴᠢᠩᠭ᠋ᠠᠷᠠᠭᠤᠯᠤᠨ᠎ᠠ᠃  ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠲᠤᠰᠬᠠᠶ ᠵᠦᠢ᠍ᠯ ᠵᠶ᠋ᠠᠷ ᠬᠥᠲᠥᠯᠦᠨ ᠵᠢᠯᠣᠭᠤᠳᠴᠤ ᠳᠡᠮᠵᠢᠬᠦ ᠪᠠᠯᠠ ᠮᠥᠩᠭᠦ ᠵᠢ ᠴᠢᠷᠮᠠᠶ᠋ᠢᠨ ᠣᠯᠵᠤ᠂ ᠪᠠᠯᠠ ᠳᠣᠭᠢᠷᠠᠭᠤᠯᠬᠤ᠂ ᠭᠠᠶ᠋ᠢᠯᠢ ᠲᠠᠲᠠᠪᠤᠷᠢ᠂ ᠭᠠᠵᠠᠷ ᠬᠡᠷᠡᠭᠯᠡᠬᠦ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠡᠷᠭᠡ ᠡᠯ᠎ᠡ ᠵᠦᠢ᠍ᠯ᠎ᠤᠨ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠣᠬᠢᠴᠠᠭᠤᠯᠤᠨ ᠨᠠᠶ᠋ᠢᠳᠠᠪᠤᠷᠢᠵᠢᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠬᠢ ᠪᠠᠶᠠᠯᠢᠭ᠎ᠢ ᠲᠥᠪᠯᠡᠷᠡᠭᠦᠯᠬᠦ᠂ ᠴᠢᠳᠠᠪᠤᠷᠢᠲᠠᠨ ᠴᠤᠭᠯᠠᠷᠠᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠎ᠠ᠃

(ᠭᠤᠷᠪᠠ) ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠷᠠᠳᠢᠣ᠋ ᠲᠧᠯᠸᠢᠰ ᠦᠢ᠍ᠯᠡᠳᠴᠦ ᠨᠡᠪᠲᠡᠷᠡᠭᠦᠯᠬᠦ ᠪᠠᠶ᠋ᠢᠭᠤᠯᠤᠮᠵᠢ ᠪᠠ ᠰᠦᠯᠵᠢᠶᠡᠨ᠎ᠤ ᠦᠵᠡᠵᠦ ᠰᠣᠨᠣᠰᠬᠤ ᠦᠢ᠍ᠯᠡᠴᠢᠯᠡᠭᠡᠨ᠎ᠤ ᠪᠠᠶ᠋ᠢᠭᠤᠯᠤᠮᠵᠢ᠎ᠨᠢ ᠲᠥᠪ ᠪᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠦᠷᠢᠶᠡᠨ᠎ᠳᠠᠬᠢ ᠥᠭᠡᠷᠡᠴᠢᠯᠡᠯᠲᠡ ᠵᠢᠨ ᠲᠤᠬᠠᠶ ᠬᠣᠯᠪᠣᠭᠳᠠᠯ ᠪᠥᠬᠦᠶ ᠱᠠᠭ᠋ᠠᠷᠳᠠᠯᠭ᠎ᠠ ᠵᠢ ᠬᠢᠨᠠᠮᠠᠭ᠋ᠠᠶ ᠡᠵᠡᠮᠳᠡᠵᠦ᠂ ᠪᠤᠯᠤᠩ᠎ᠤᠨ ᠫᠷᠤᠭ᠌ᠷᠠᠮ᠎ᠤᠨ ᠬᠠᠮᠢᠶᠠᠷᠤᠯᠲᠠ ᠵᠢᠨ ᠠᠷᠭ᠎ᠠ ᠬᠡᠯᠪᠡᠷᠢ ᠵᠢ ᠥᠭᠡᠷᠡᠴᠢᠯᠡᠨ ᠰᠢᠯᠢᠳᠡᠭᠵᠢᠭᠦᠯᠵᠦ᠂ ᠪᠤᠯᠤᠩ᠎ᠤᠨ ᠫᠷᠤᠭ᠌ᠷᠠᠮ᠎ᠤᠨ ᠵᠣᠬᠢᠶᠠᠨ ᠪᠦᠲᠦᠭᠡᠵᠦ ᠦᠢ᠍ᠯᠡᠳᠬᠦ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠭᠡ ᠬᠡᠮᠵᠢᠶ᠎ᠡ᠎ᠪᠠᠷ ᠴᠢᠯᠥᠭᠡᠯᠡᠨ ᠬᠥᠭᠵᠢᠭᠡᠵᠦ᠂ ᠵᠣᠬᠢᠶᠠᠨ ᠪᠦᠲᠦᠭᠡᠬᠦ ᠡᠬᠢ ᠡᠭᠦᠰᠦᠯ᠎ᠢ ᠬᠥᠭᠵᠢᠭᠡᠨ᠎ᠡ᠃

(ᠲᠦᠷᠪᠡ) ᠪᠦᠷᠢᠳᠬᠡᠯ᠎ᠤᠨ ᠵᠠᠳᠠᠯᠤᠯᠲᠠ ᠵᠢ ᠴᠢᠩᠭ᠋ᠠᠷᠠᠭᠤᠯᠤᠨ᠎ᠠ᠃  ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠬᠢ ᠪᠠᠶᠠᠯᠢᠭ᠎ᠤᠨ ᠬᠦᠴᠦᠨ ᠵᠦᠢ᠍ᠯ᠎ᠢ ᠨᠠᠷᠢᠯᠢᠭᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠠᠭᠤᠯᠭ᠎ᠠ ᠵᠢᠨ ᠪᠦᠬᠦ ᠬᠦᠴᠦᠨ ᠵᠦᠢ᠍ᠯ᠎ᠤᠨ ᠮᠡᠳᠡᠭᠡ ᠵᠠᠩᠭᠢ ᠵᠢᠨ ᠪᠦᠷᠢᠳᠬᠡᠯ᠎ᠤᠨ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠶ᠎ᠳᠤ᠎ᠨᠢ ᠬᠤᠷᠢᠶᠠᠩᠭᠤᠶ᠋ᠢᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠢᠨᠡᠳᠬᠡᠵᠦ᠂ ᠪᠦᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠤ ᠦᠢ᠍ᠯᠡᠰ᠎ᠤᠨ ᠬᠥᠭᠵᠢᠯᠲᠡ ᠵᠢᠨ ᠰᠢᠨᠵᠢᠯᠡᠬᠦ ᠤᠬᠠᠭ᠋ᠠᠨᠴᠢ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ᠎ᠳᠤ ᠴᠠᠭ ᠲᠤᠬᠠᠶ᠎ᠳᠤ᠎ᠨᠢ ᠪᠦᠲᠦᠮᠵᠢᠲᠡᠶ ᠦᠨᠳᠦᠰᠦᠯᠡᠯ ᠬᠠᠩᠭ᠋ᠠᠨ᠎ᠠ᠃

(ᠲᠠᠪᠤ) ᠱᠠᠯᠠᠪᠳᠠᠭᠤᠯᠤᠨ ᠱᠠᠭ᠋ᠠᠷᠳᠠᠵᠤ ᠨᠠᠶ᠋ᠢᠳᠠᠪᠤᠷᠢᠵᠢᠭᠤᠯᠬᠤ ᠵᠢ ᠴᠢᠩᠭ᠋ᠠᠷᠠᠭᠤᠯᠤᠨ᠎ᠠ᠃  ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠵᠠᠳᠠᠯᠤᠨ ᠰᠤᠳᠤᠯᠵᠤ ᠮᠠᠭ᠋ᠠᠳᠯᠠᠬᠤ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠭᠤᠣᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠴᠢᠭᠯᠡᠭᠦᠯᠦᠨ᠂ ᠬᠠᠷᠠᠯᠲᠠ ᠱᠠᠭ᠋ᠠᠷᠳᠠᠯᠭ᠎ᠠ᠎ᠲᠠᠢ ᠬᠠᠷᠢᠴᠠᠭᠤᠯᠤᠨ ᠪᠠᠶ᠋ᠢᠴᠠᠭ᠋ᠠᠵᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠪᠠᠨ ᠴᠠᠭ ᠲᠤᠬᠠᠶ᠎ᠳᠤ᠎ᠨᠢ ᠵᠠᠳᠠᠯᠤᠨ ᠰᠤᠳᠤᠯᠵᠤ ᠮᠠᠭ᠋ᠠᠳᠯᠠᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠰᠢᠨ᠎ᠡ ᠵᠢ ᠡᠭᠦᠳᠴᠦ ᠰᠢᠯᠢᠳᠡᠭ᠎ᠢ ᠡᠭᠦᠳᠬᠦ ᠠᠵᠢᠯᠯᠠᠭ᠎ᠠ ᠵᠢᠨ ᠲᠥᠯᠥᠪᠯᠡᠭᠡ ᠵᠢ ᠪᠥᠬᠦ ᠲᠠᠯ᠎ᠠ᠎ᠪᠠᠷ ᠬᠡᠷᠡᠭᠵᠢᠭᠦᠯᠬᠦ ᠵᠢ ᠦᠨᠡᠨ ᠬᠦ᠌ ᠪᠠᠲᠤᠯᠠᠵᠤ᠂ ᠵᠢᠱ᠌ᠢᠭᠰᠡᠨ ᠦᠷ᠎ᠡ ᠪᠦᠲᠦᠮᠵᠢ ᠵᠢ ᠣᠯᠣᠨ᠎ᠠ᠃

 

ᠪᠢᠴᠢᠭ ᠮᠠᠲ᠋ᠧᠷᠢᠶᠠᠯ᠎ᠢ ᠪᠠᠭᠤᠯᠭ᠋ᠠᠬᠤ᠄ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠪᠣᠯᠣᠩ᠎ᠤᠨ ᠰᠢᠨ᠎ᠡ ᠵᠢ ᠡᠭᠦᠳᠦᠨ ᠰᠢᠯᠢᠳᠡᠭ᠎ᠢ ᠡᠭᠦᠳᠬᠦ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠎ᠳᠤ ᠵᠠᠰᠠᠪᠤᠷᠢ ᠣᠷᠣᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ.doc

 

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ