《ᠥᠪᠥᠷ ᠮᠣᠩᠭᠤᠯ᠎ᠤᠨ 〈ᠣᠶᠤᠨᠲᠤ ᠷᠠᠳᠢᠣ᠋ ᠲᠧᠯᠸᠢᠰ〉᠎ᠤᠨ ᠰᠦᠯᠵᠢᠶᠡᠨ᠎ᠤ ᠦᠢ᠍ᠯᠡᠴᠢᠯᠡᠭᠡ ᠵᠢ ᠲᠣᠰᠬᠤᠨ ᠡᠷᠦᠬᠡ᠎ᠳᠤ ᠣᠷᠣᠭᠤᠯᠬᠤ ᠪᠠ 〈ᠲᠧᠯᠸᠢᠰ ᠦᠵᠡᠬᠦ〉 ᠵᠢ 〈ᠲᠧᠯᠸᠢᠰ ᠬᠡᠷᠡᠭᠯᠡᠬᠦ〉 ᠪᠣᠯᠭ᠋ᠠᠨ ᠬᠤᠪᠢᠷᠠᠭᠤᠯᠬᠤ ᠵᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠮᠡᠳᠡᠭᠳᠡᠯ
2024-05-30




ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠎ᠳᠤ᠄

  《ᠥᠪᠥᠷ ᠮᠣᠩᠭᠤᠯ᠎ᠤᠨ 〈ᠤᠶᠤᠨᠲᠤ ᠷᠠᠳᠢᠣ᠋ ᠲᠧᠯᠸᠢᠰ〉᠎ᠤᠨ ᠰᠦᠯᠵᠢᠶᠡᠨ᠎ᠤ ᠦᠢ᠍ᠯᠡᠴᠢᠯᠡᠭᠡ ᠵᠢ ᠲᠣᠰᠬᠤᠨ ᠡᠷᠦᠬᠡ᠎ᠳᠤ ᠣᠷᠣᠭᠤᠯᠬᠤ ᠪᠠ 〈ᠲᠧᠯᠸᠢᠰ ᠦᠵᠡᠬᠦ〉 ᠵᠢ 〈ᠲᠧᠯᠸᠢᠰ ᠬᠡᠷᠡᠭᠯᠡᠬᠦ〉 ᠪᠣᠯᠭ᠋ᠠᠨ ᠬᠤᠪᠢᠷᠠᠭᠤᠯᠬᠤ ᠵᠢ ᠬᠡᠷᠡᠭᠵᠢᠭᠦᠯᠬᠦ ᠲᠥᠰᠦᠯ》᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ᠎ᠲᠤ ᠳᠠᠷᠤᠮᠠᠯᠯᠠᠨ ᠲᠠᠷᠬᠠᠭ᠋ᠠᠯ᠎ᠠ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠲᠤᠭ᠋ᠠᠶ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2020 ᠣᠨ᠎ᠤ 9 ᠳ᠋ᠦ᠍ᠭᠡᠷ ᠰᠠᠷ᠎ᠠ ᠵᠢᠨ 18᠎ᠤ ᠡᠳᠦᠷ

 

 

 

 

 

 

 

ᠥᠪᠥᠷ ᠮᠣᠩᠭᠤᠯ᠎ᠤᠨ 〈ᠣᠶᠤᠨᠲᠤ ᠷᠠᠳᠢᠣ᠋ ᠲᠧᠯᠸᠢᠰ〉᠎ᠤᠨ ᠰᠦᠯᠵᠢᠶᠡᠨ᠎ᠤ ᠦᠢ᠍ᠯᠡᠴᠢᠯᠡᠭᠡ ᠵᠢ ᠲᠣᠰᠬᠤᠨ ᠡᠷᠦᠬᠡ᠎ᠳᠤ ᠣᠷᠣᠭᠤᠯᠬᠤ ᠪᠠ 〈ᠲᠧᠯᠸᠢᠰ ᠦᠵᠡᠬᠦ〉 ᠵᠢ 〈ᠲᠧᠯᠸᠢᠰ ᠬᠡᠷᠡᠭᠯᠡᠬᠦ〉 ᠪᠣᠯᠭ᠋ᠠᠨ ᠬᠤᠪᠢᠷᠠᠭᠤᠯᠬᠤ ᠵᠢ ᠬᠡᠷᠡᠭᠵᠢᠭᠦᠯᠬᠦ ᠲᠥᠰᠥᠯ

  

       ᠶᠡᠷᠦᠩᠬᠡᠶ ᠱᠦᠵᠢ ᠰᠢ ᠵᠢᠨ ᠫᠢᠩ᠎ᠤᠨ 《ᠤᠶᠤᠨᠲᠤ ᠷᠠᠳᠢᠣ᠋ ᠲᠧᠯᠸᠢᠰ᠎ᠤᠨ ᠵᠠᠭᠤᠴᠢᠯᠠᠭᠤᠷ᠎ᠢ ᠪᠠᠶ᠋ᠢᠭᠤᠯᠵᠤ᠂ ᠤᠶᠤᠨᠲᠤ ᠷᠠᠳᠢᠣ᠋ ᠲᠧᠯᠸᠢᠰ᠎ᠤᠨ ᠰᠦᠯᠵᠢᠶ᠎ᠡ ᠵᠢ ᠬᠥᠭᠵᠢᠭᠦᠯᠬᠦ》 ᠲᠤᠬᠠᠶ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠰᠢᠨ᠎ᠡ ᠬᠡᠯᠪᠡᠷᠢ ᠵᠢᠨ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠷᠠᠳᠢᠣ᠋ ᠲᠧᠯᠸᠢᠰ᠎ᠤᠨ ᠰᠦᠯᠵᠢᠶ᠎ᠡ ᠵᠢᠨ 5G ᠫᠠᠶ᠋ᠢᠰᠠ ᠦᠨᠡᠮᠯᠡᠯ ᠤᠯᠬᠤ ᠴᠢᠬᠤᠯᠠ ᠶᠡᠭᠡ ᠠᠵᠠ ᠲᠣᠬᠢᠶᠠᠯ᠎ᠢ ᠵᠠᠪᠳᠤᠨ ᠠᠳᠬᠤᠵᠤ᠂ ᠷᠠᠳᠢᠣ᠋ ᠲᠧᠯᠸᠢᠰ᠎ᠤᠨ ᠰᠦᠯᠵᠢᠶ᠎ᠡ ᠵᠢᠨ ᠤᠯᠤᠰ᠎ᠤᠨ ᠴᠢᠬᠤᠯᠠ ᠰᠠᠭᠤᠷᠢ ᠮᠡᠳᠡᠭᠡ ᠵᠠᠩᠭᠢ ᠵᠢᠨ ᠰᠦᠯᠵᠢᠶ᠎ᠡ᠂ ᠮᠡᠳᠡᠭᠡ ᠵᠠᠩᠭᠢᠵᠢᠯᠲᠠ ᠵᠢᠨ  ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠴᠢᠬᠤᠯᠠ ᠵᠢᠭᠰᠠᠭ᠋ᠠᠯ᠎ᠤᠨ ᠭᠠᠵᠠᠷ ᠪᠣᠯᠬᠤ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠵᠤ᠂ ᠠᠷᠠᠳ ᠣᠯᠠᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠰᠢᠨ᠎ᠡ ᠬᠡᠷᠡᠭᠴᠡᠭᠡ ᠵᠢ ᠲᠠᠰᠤᠷᠠᠯᠲᠠ ᠥᠬᠡᠶ ᠬᠠᠩᠭ᠋ᠠᠵᠤ᠂ ᠪᠥᠬᠦ ᠣᠷᠣᠨ᠎ᠤ ᠠᠵᠢᠯ᠎ᠤᠨ ᠶᠡᠭᠡ ᠲᠠᠯ᠎ᠠ᠎ᠳᠤ ᠨᠠᠩ ᠰᠠᠶ᠋ᠢᠲᠤᠷ  ᠦᠢ᠍ᠯᠡᠴᠢᠯᠡᠬᠦ ᠵᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ᠎ᠢ ᠲᠣᠭᠲᠠᠭ᠋ᠠᠪᠠ᠃

   ᠨᠢᠭᠡ᠂ ᠵᠢᠯᠣᠭᠤᠳᠬᠤ ᠦᠵᠡᠯ ᠰᠠᠨᠠᠭ᠎ᠠ

   ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠥᠪᠥᠷ ᠮᠣᠩᠭᠤᠯ᠎ᠤᠨ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢᠨ ᠳᠠᠮᠵᠢᠭᠤᠯᠬᠤ ᠪᠦᠷᠬᠦᠴᠡ ᠵᠢᠨ ᠳᠠᠪᠠᠭᠤᠯᠢᠭ᠂ ᠰᠦᠯᠵᠢᠶᠡᠨ᠎ᠤ ᠠᠮᠤᠷ ᠲᠦᠪᠰᠢᠨ᠎ᠤ ᠳᠠᠪᠠᠭᠤᠯᠢᠭ᠂ ᠦᠢ᠍ᠯᠡᠴᠢᠯᠡᠭᠡᠨ᠎ᠤ ᠴᠢᠳᠠᠪᠤᠷᠢ ᠵᠢᠨ ᠳᠠᠪᠠᠭᠤᠯᠢᠭ᠂ ᠲᠤᠬᠠᠶ᠋ᠢᠯᠠᠭᠰᠠᠨ ᠠᠵᠢᠯ᠎ᠤᠨ ᠰᠠᠭᠤᠷᠢ ᠳᠠᠪᠠᠭᠤᠯᠢᠭ ᠪᠣᠯᠤᠨ ᠢᠷᠡᠭᠡᠳᠦᠶ ᠵᠢᠨ ᠬᠥᠭᠵᠢᠯᠲᠡ ᠵᠢᠨ ᠳᠠᠪᠠᠭᠤᠯᠢᠭ᠎ᠲᠤ ᠲᠦᠰᠢᠭᠯᠡᠨ᠂ ᠪᠥᠬᠦ ᠲᠠᠯ᠎ᠠ᠎ᠪᠠᠷ ᠬᠠᠮᠤᠷᠤᠭᠰᠠᠨ᠂ ᠪᠣᠬᠢᠷᠲᠤᠯ ᠥᠬᠡᠶ ᠠᠮᠤᠷ ᠲᠦᠪᠰᠢᠨ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢ ᠪᠦᠲᠦᠭᠡᠨ ᠪᠠᠶ᠋ᠢᠭᠤᠯᠬᠤ᠎ᠪᠠᠷ ᠰᠠᠭᠤᠷᠢ ᠪᠣᠯᠭ᠋ᠠᠵᠤ᠂ ᠷᠠᠳᠢᠣ᠋ ᠲᠧᠯᠸᠢᠰ᠎ᠤᠨ ᠰᠦᠯᠵᠢᠶ᠎ᠡ᠎ᠪᠠᠷ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠳᠠᠭ᠋ᠠᠭ᠋ᠠᠬᠤ᠎ᠪᠠᠷ ᠵᠢᠯᠣᠭᠤᠳᠤᠮᠵᠢ ᠪᠣᠯᠭ᠋ᠠᠵᠤ᠂ 《ᠲᠧᠯᠸᠢᠰ ᠦᠵᠡᠬᠦ》 ᠵᠢ 《ᠲᠧᠯᠸᠢᠰ ᠬᠡᠷᠡᠭᠯᠡᠬᠦ》 ᠲᠡᠢ᠌ᠰᠢ ᠬᠤᠪᠢᠷᠠᠭᠤᠯᠬᠤ ᠪᠠ ᠪᠥᠬᠦ ᠲᠠᠯ᠎ᠠ ᠵᠢᠨ ᠤᠯᠤᠰ ᠲᠥᠷᠥ ᠵᠢᠨ ᠬᠡᠷᠡᠭᠯᠡᠯᠲᠡ᠂ ᠠᠷᠠᠳ᠎ᠤᠨ ᠬᠡᠷᠡᠭᠯᠡᠭᠡ᠂ ᠬᠤᠳᠠᠯᠳᠤᠭ᠋ᠠᠨ᠎ᠤ ᠬᠡᠷᠡᠭᠯᠡᠭᠡᠨ᠎ᠤ ᠦᠢ᠍ᠯᠡᠴᠢᠯᠡᠭᠡ ᠵᠢ ᠬᠠᠩᠭ᠋ᠠᠬᠤ᠎ᠪᠠᠷ ᠭᠤᠤᠯᠳᠠᠯᠭ᠎ᠠ ᠪᠣᠯᠭ᠋ᠠᠵᠤ᠂ ᠡᠬᠡ ᠤᠯᠤᠰ᠎ᠤᠨ ᠤᠮᠠᠷᠠᠲᠤ ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠬᠠᠯᠬᠠᠪᠴᠢ ᠵᠢ ᠦᠨᠡᠨ ᠬᠦ᠌ ᠪᠠᠬᠢᠵᠢᠭᠦᠯᠵᠦ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠣᠶᠤᠨ᠎ᠤ ᠰᠣᠶᠣᠯ᠎ᠤᠨ ᠬᠡᠷᠡᠭᠴᠡᠭᠡ ᠵᠢ ᠬᠠᠩᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠯᠲᠠ ᠵᠢᠨ ᠲᠣᠭᠲᠠᠯᠴᠠᠭ᠎ᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠪᠣᠯᠤᠨ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠠᠵᠢᠯ᠎ᠤᠨ ᠶᠡᠭᠡ ᠲᠠᠯ᠎ᠠ᠎ᠳᠤ ᠪᠥᠬᠦ ᠲᠠᠯ᠎ᠠ᠎ᠪᠠᠷ ᠦᠢ᠍ᠯᠡᠴᠢᠯᠡᠨ᠎ᠡ᠃

   ᠬᠤᠶᠠᠷ᠂ ᠦᠨᠳᠦᠰᠦᠨ ᠵᠠᠷᠴᠢᠮ

  (ᠨᠢᠭᠡ) ᠤᠯᠤᠰ ᠲᠥᠷᠥ ᠵᠢᠨ ᠴᠢᠭᠯᠡᠯ᠎ᠢ ᠪᠠᠷᠢᠮᠲᠠᠯᠠᠬᠤ ᠬᠡᠷᠡᠭᠲᠡᠶ᠃  ᠷᠠᠳᠢᠣ᠋ ᠲᠧᠯᠸᠢᠰ᠎ᠤᠨ ᠦᠵᠡᠯ ᠤᠬᠠᠮᠰᠠᠷ᠎ᠤᠨ ᠬᠡᠯᠪᠡᠷᠢ ᠵᠢᠨ ᠰᠢᠨᠵᠢ ᠴᠢᠨᠠᠷ᠎ᠢ ᠪᠠᠲᠤ ᠡᠵᠡᠮᠳᠡᠵᠦ᠂ ᠵᠥᠪ ᠤᠯᠤᠰ ᠲᠥᠷᠥ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠥᠷᠲᠡᠭ᠎ᠤᠨ ᠬᠠᠨᠳᠤᠰᠢ ᠵᠢ ᠷᠠᠳᠢᠣ᠋ ᠲᠧᠯᠸᠢᠰ᠎ᠤᠨ ᠠᠵᠢᠯ᠎ᠤᠨ ᠰᠦᠭ ᠰᠦᠨᠡᠰᠦ ᠪᠣᠯᠭ᠋ᠠᠬᠤ ᠵᠢ ᠪᠠᠷᠢᠮᠲᠠᠯᠠᠵᠤ᠂ ᠤᠯᠤᠰ ᠲᠥᠷᠥ ᠵᠢᠨ ᠤᠬᠠᠮᠰᠠᠷ᠂ ᠶᠡᠭᠡ ᠲᠠᠯ᠎ᠠ ᠵᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶ᠋ᠢᠬᠤ ᠤᠬᠠᠮᠰᠠᠷ᠎ᠢ ᠪᠠᠲᠤ ᠪᠣᠶ ᠪᠣᠯᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠬᠥᠮᠦᠰ᠎ᠤᠨ ᠰᠡᠳᠬᠢᠯ᠎ᠳᠤ ᠬᠠᠳᠠᠩᠰᠢᠭᠤᠯᠬᠤ ᠵᠢ ᠢᠳᠡᠪᠬᠢᠲᠡᠶ ᠠᠬᠢᠭᠤᠯᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢ ᠪᠤᠶ᠋ᠢᠵᠢᠭᠤᠯᠤᠨ ᠦᠢ᠍ᠯᠡᠳᠦᠯᠭᠡᠵᠢᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ᠎ᠢ ᠪᠠᠳᠠᠷᠠᠭᠤᠯᠵᠤ᠂ ᠥᠪᠥᠷ ᠮᠣᠩᠭᠤᠯ᠎ᠤᠨ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠭᠦᠨᠵᠡᠭᠡᠶ ᠤᠬᠠᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠂ ᠰᠣᠶᠣᠯ᠎ᠤᠨ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠎ᠢ ᠦᠨᠡᠨ ᠬᠦ᠌ ᠬᠠᠮᠠᠭ᠋ᠠᠯᠠᠵᠤ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ ᠵᠶ᠋ᠠᠨ ᠪᠥᠲᠥᠭᠡᠨ ᠪᠠᠶ᠋ᠢᠭᠤᠯᠬᠤ᠂ ᠠᠭᠤᠤ ᠶᠡᠭᠡ ᠳᠤᠮᠳᠠᠳᠤ ᠵᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ᠎ᠳᠤ ᠣᠶᠤᠨ ᠰᠠᠨᠠᠭ᠋ᠠᠨ᠎ᠤ ᠬᠥᠳᠡᠯᠭᠡᠬᠦ ᠬᠦᠴᠦᠨ ᠪᠠ ᠰᠣᠶᠣᠯ᠎ᠤᠨ ᠲᠤᠯᠭ᠋ᠠᠭᠤᠷᠢᠯᠠᠯ ᠬᠠᠩᠭ᠋ᠠᠨ᠎ᠠ᠃

  (ᠬᠤᠶᠠᠷ) ᠬᠡᠷᠡᠭᠴᠡᠭᠡ᠎ᠪᠠᠷ ᠴᠢᠭᠯᠡᠯ ᠲᠣᠭᠲᠠᠭ᠋ᠠᠬᠤ ᠵᠢ ᠪᠠᠷᠢᠮᠲᠠᠯᠠᠬᠤ ᠬᠡᠷᠡᠭᠲᠡᠢ᠃  ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠥᠬᠦ ᠲᠠᠯ᠎ᠠ᠎ᠪᠠᠷ ᠦᠢ᠍ᠯᠡᠳᠦᠯᠭᠡᠵᠢᠭᠦᠯᠵᠦ᠂ ᠠᠷᠠᠳ ᠣᠯᠠᠨ᠎ᠤ ᠣᠷᠣᠨ ᠪᠦᠰᠡᠴᠢᠯᠡᠭᠰᠡᠨ᠂ ᠥᠪᠡᠷᠮᠢᠴᠡ᠂ ᠲᠣᠭᠲᠠᠭ᠋ᠠᠵᠤ ᠬᠢᠬᠦ ᠰᠠᠶ᠋ᠢᠨ ᠰᠠᠶ᠋ᠢᠬᠠᠨ ᠠᠮᠢᠳᠤᠷᠠᠯ᠎ᠤᠨ ᠰᠢᠨ᠎ᠡ ᠬᠡᠷᠡᠭᠴᠡᠭᠡ᠎ᠲᠠᠢ ᠨᠢᠭᠲᠠ ᠤᠶᠠᠯᠳᠤᠭᠤᠯᠤᠨ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ᠎ᠤᠨ ᠠᠭᠤᠯᠭ᠎ᠠ᠂ ᠠᠷᠭ᠎ᠠ ᠵᠠᠮ᠂ ᠲᠠᠪᠴᠠᠩ᠎ᠤᠨ ᠡᠬᠢ ᠪᠠᠶᠠᠯᠢᠭ᠎ᠢ ᠠᠭᠤᠰᠤᠯᠴᠠᠭᠤᠯᠤᠨ᠂ ᠴᠠᠭ ᠦᠶ᠎ᠡ ᠵᠢᠨ ᠣᠨᠴᠠᠯᠢᠭ᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠪᠠ ᠥᠪᠥᠷ ᠮᠣᠩᠭᠤᠯ᠎ᠤᠨ ᠨᠠᠷᠠᠲᠤ ᠲᠥᠷᠥᠯ ᠲᠡᠮᠳᠡᠭᠲᠦ ᠵᠢᠨ ᠳᠦᠷᠢ ᠲᠥᠷᠬᠦ ᠵᠢ ᠢᠯᠡᠷᠡᠭᠦᠯᠬᠦ ᠰᠣᠳᠣᠨ ᠠᠭᠤᠯᠭ᠎ᠠ ᠵᠢᠨ ᠬᠠᠩᠭ᠋ᠠᠯᠭ᠎ᠠ ᠵᠢ ᠪᠠᠶᠠᠯᠢᠭᠵᠢᠭᠤᠯᠤᠨ᠎ᠠ᠃ 《ᠲᠧᠯᠸᠢᠰ ᠦᠵᠡᠬᠦ》 ᠵᠢ 《ᠲᠧᠯᠸᠢᠰ ᠬᠡᠷᠡᠭᠯᠡᠬᠦ》 ᠲᠡᠢ᠌ᠰᠢ ᠬᠤᠪᠢᠷᠠᠭᠤᠯᠬᠤ ᠰᠢᠨ᠎ᠡ ᠵᠢ ᠡᠭᠦᠳᠬᠦ ᠵᠢ ᠠᠬᠢᠭᠤᠯᠵᠤ᠂ ᠥᠷᠭᠡᠨ ᠣᠯᠠᠨ ᠲᠦᠮᠡᠨ᠎ᠳᠤ ᠵᠠᠰᠠᠭ᠎ᠤᠨ ᠶᠠᠪᠤᠳᠠᠯ᠎ᠤᠨ ᠬᠤᠳᠠᠯᠳᠤᠭ᠋ᠠᠨ᠎ᠤ ᠶᠠᠪᠤᠳᠠᠯ᠂ ᠨᠡᠶ᠋ᠢᠭᠡᠮ ᠠᠷᠠᠳ᠎ᠤᠨ ᠠᠮᠢᠳᠤᠷᠠᠯ᠂ ᠰᠣᠨᠢᠨ ᠮᠡᠳᠡᠭᠡᠨ᠎ᠤ ᠮᠡᠳᠡᠭᠡ ᠵᠠᠩᠭᠢ᠂ ᠲᠣᠭ᠋ᠠᠴᠢᠯᠠᠭᠰᠠᠨ ᠵᠤᠭ᠎ᠠ ᠴᠡᠩᠭᠡᠯ᠂ ᠤᠶᠤᠨᠲᠤ ᠬᠡᠷ᠎ᠤᠨ ᠡᠳ᠋ᠯᠡᠯ ᠬᠡᠷᠡᠭᠰᠡᠯ ᠵᠡᠷᠭᠡ ᠣᠯᠠᠨ ᠴᠢᠳᠠᠮᠵᠢ ᠵᠢ ᠨᠢᠭᠡ ᠴᠤᠭᠴᠠᠵᠢᠭᠤᠯᠤᠭᠰᠠᠨ 《ᠤᠶᠤᠨᠲᠤ ᠷᠠᠳᠢᠣ᠋ ᠲᠧᠯᠸᠢᠰ》᠎ᠤᠨ ᠦᠢ᠍ᠯᠡᠴᠢᠯᠡᠭᠡ ᠬᠠᠩᠭ᠋ᠠᠵᠤ᠂ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠠᠢ᠌ᠪᠣᠩ ᠲᠥᠷᠥᠭᠳᠡᠯ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

  (ᠭᠤᠷᠪᠠ) ᠬᠡᠷᠡᠭᠯᠡᠭᠡᠨ᠎ᠤ ᠴᠢᠭᠯᠡᠯ᠎ᠢ ᠪᠠᠷᠢᠮᠲᠠᠯᠠᠬᠤ ᠬᠡᠷᠡᠭᠲᠡᠢ᠃  ᠰᠦᠯᠵᠢᠶᠡᠨ᠎ᠤ ᠬᠦᠴᠦᠷᠬᠡᠭ ᠤᠯᠤᠰ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ᠎ᠤ ᠵᠠᠰᠠᠯᠲᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ᠎ᠲᠠᠢ ᠢᠳᠡᠪᠬᠢᠲᠡᠢ ᠵᠣᠯᠭ᠋ᠠᠭᠤᠯᠵᠤ᠂ ᠲᠧᠯᠸᠢᠰ᠎ᠤᠨ ᠣᠷᠣᠭᠤᠯᠤᠯᠲᠠ ᠵᠢᠨ ᠨᠤᠷᠮ᠎ᠠ ᠵᠢ ᠳᠡᠭᠡᠭᠰᠢᠯᠡᠭᠦᠯᠬᠦ ᠪᠠ ᠬᠡᠷᠡᠭᠯᠡᠭᠴᠢᠳ᠎ᠤᠨ ᠥᠪᠡᠷᠮᠢᠴᠡ ᠬᠡᠷᠡᠭᠴᠡᠭᠡ ᠵᠢ ᠬᠠᠩᠭ᠋ᠠᠬᠤ᠎ᠪᠠᠷ ᠬᠦᠴᠦᠯᠡᠬᠦ ᠴᠡᠭ ᠪᠣᠯᠭ᠋ᠠᠵᠤ᠂ 《ᠤᠶᠤᠨᠲᠤ ᠷᠠᠳᠢᠣ᠋ ᠲᠧᠯᠸᠢᠰ +》᠎ᠤᠨ ᠦᠢ᠍ᠯᠡᠴᠢᠯᠡᠭᠡ ᠵᠢ ᠪᠦᠬᠦ ᠲᠠᠯ᠎ᠠ᠎ᠪᠠᠷ ᠠᠬᠢᠭᠤᠯᠤᠨ᠎ᠠ᠃ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠢ ᠠᠰᠢᠭᠯᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠦᠢ᠍ᠯᠡᠳᠦᠯ᠎ᠢ ᠪᠠᠳᠠᠷᠠᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠳᠠᠮᠵᠢᠭᠤᠯᠭ᠎ᠠ ᠵᠢᠨ ᠠᠷᠭ᠎ᠠ ᠬᠡᠯᠪᠡᠷᠢ ᠵᠢ ᠭᠠᠭᠴᠠ ᠴᠢᠭᠯᠡᠯ᠎ᠤᠨ ᠳᠠᠮᠵᠢᠭᠤᠯᠭ᠎ᠠ ᠪᠠᠶ᠋ᠢᠭᠰᠠᠨ᠎ᠠᠴᠠ ᠬᠤᠯᠪᠣᠯᠳᠤᠨ ᠨᠡᠪᠲᠡᠷᠡᠯᠴᠡᠬᠦ᠂ ᠬᠤᠣᠰ ᠴᠢᠭᠯᠡᠯ ᠵᠶ᠋ᠠᠷ ᠬᠥᠳᠡᠯᠦᠯᠴᠡᠬᠦ ᠲᠡᠶ᠋ᠢᠰᠢ ᠬᠤᠪᠢᠷᠠᠭᠤᠯᠬᠤ ᠵᠢ ᠪᠡᠶᠡᠯᠡᠭᠦᠯᠵᠦ᠂ ᠦᠢ᠍ᠯᠡᠴᠢᠯᠡᠭᠡᠨ᠎ᠤ ᠠᠷᠭ᠎ᠠ ᠬᠡᠯᠪᠡᠷᠢ ᠵᠢ ᠱᠤᠭᠤᠮᠯᠢᠭ ᠴᠢᠨᠠᠷᠲᠠᠶ ᠫᠷᠤᠭ᠌ᠷᠠᠮ᠎ᠠᠴᠠ ᠤᠯᠤᠰ ᠲᠥᠷᠥ ᠵᠢᠨ ᠬᠡᠷᠡᠭᠯᠡᠭᠡ᠂ ᠬᠤᠳᠠᠯᠳᠤᠭ᠋ᠠᠨ᠎ᠤ ᠬᠡᠷᠡᠭᠯᠡᠭᠡ᠂ ᠠᠷᠠᠳ᠎ᠤᠨ ᠬᠡᠷᠡᠭᠯᠡᠭᠡ ᠵᠡᠷᠭᠡ ᠶᠡᠷᠦᠩᠬᠡᠶ᠋ᠢᠯᠡᠭᠰᠡᠨ ᠰᠣᠶᠣᠯ᠎ᠤᠨ ᠮᠡᠳᠡᠭᠡ ᠵᠠᠩᠭᠢ ᠵᠢᠨ ᠦᠢ᠍ᠯᠡᠴᠢᠯᠡᠭᠡ ᠲᠡᠢ᠌ᠰᠢ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠠᠵᠤ ᠠᠬᠤᠶ ᠵᠢᠨ ᠬᠥᠭᠵᠢᠯᠲᠡ᠎ᠳᠤ ᠬᠡᠷᠡᠭᠯᠡᠭᠡᠨ᠎ᠤ ᠲᠤᠯᠭ᠋ᠠᠭᠤᠷᠢᠯᠠᠯ ᠬᠠᠩᠭ᠋ᠠᠨ᠎ᠠ᠃

  (ᠲᠦᠷᠪᠡ) ᠠᠭᠤᠰᠤᠯᠴᠠᠭᠤᠯᠬᠤ ᠤᠳᠤᠷᠢᠳᠤᠮᠵᠢ ᠵᠢ ᠪᠠᠷᠢᠮᠲᠠᠯᠠᠬᠤ ᠬᠡᠷᠡᠭᠲᠡᠢ᠃  ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠠᠭᠤᠰᠤᠯᠴᠠᠨ ᠬᠥᠭᠵᠢᠬᠦ᠂ ᠲᠣᠭᠲᠠᠯᠴᠠᠭ᠎ᠠ ᠵᠢᠨ ᠪᠦᠲᠦᠭᠡᠨ ᠪᠠᠶ᠋ᠢᠭᠤᠯᠤᠯᠲᠠ᠂ ᠶᠡᠷᠦᠩᠬᠡᠶ᠋ᠢᠯᠡᠨ ᠠᠰᠢᠭᠯᠠᠬᠤ ᠲᠣᠭᠤᠷᠢᠨ᠎ᠳᠤ᠂ ᠲᠣᠪᠴᠢᠶ᠎ᠠ᠂ ᠲᠠᠪᠴᠠᠩ᠂ ᠰᠦᠯᠵᠢᠶᠡᠨ᠎ᠤ ᠡᠬᠢ ᠪᠠᠶᠠᠯᠢᠭ᠎ᠢ ᠭᠦᠨᠵᠡᠭᠡᠶ ᠠᠭᠤᠰᠤᠯᠴᠠᠭᠤᠯᠵᠤ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ᠂ ᠬᠠᠮ ᠵᠠᠭᠤᠴᠢᠯᠠᠭᠤᠷ᠎ᠤᠨ ᠲᠥᠪ᠂ ᠵᠠᠰᠠᠭ᠎ᠤᠨ ᠶᠠᠪᠤᠳᠠᠯ᠎ᠤᠨ ᠲᠥᠪ ᠪᠣᠯᠤᠨ ᠰᠤᠷᠤᠯᠴᠠᠯᠭ᠎ᠠ ᠵᠢᠨ ᠬᠦᠴᠦᠷᠬᠡᠭ ᠤᠯᠤᠰ᠎ᠤᠨ ᠲᠠᠪᠴᠠᠩ᠎ᠲᠠᠢ ᠢᠳᠡᠪᠬᠢᠲᠡᠶ ᠵᠣᠯᠭ᠋ᠠᠭᠤᠯᠤᠨ᠎ᠠ᠃ 《ᠬᠡᠷᠡᠭᠯᠡᠵᠦ ᠳᠡᠶ᠋ᠢᠯᠬᠦ ᠵᠢ᠎ᠨᠢ ᠪᠦᠬᠦᠨ᠎ᠢ ᠬᠡᠷᠡᠭᠯᠡᠬᠦ》᠂ 《ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ ᠦᠭᠡᠢ》 ᠵᠢ ᠪᠠᠷᠢᠮᠲᠠᠯᠠᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢᠨ ᠡᠬᠢ ᠪᠠᠶᠠᠯᠢᠭ᠂ ᠮᠡᠳᠡᠭᠡ ᠵᠠᠩᠭᠢ ᠵᠢᠨ ᠲᠤᠰᠠᠭ᠋ᠠᠷᠯᠠᠭᠳᠠᠬᠤ ᠵᠢ ᠬᠠᠮᠤᠭ᠎ᠤᠨ ᠶᠡᠭᠡ ᠬᠡᠮᠵᠢᠶ᠎ᠡ᠎ᠪᠠᠷ ᠡᠮᠬᠢᠯᠡᠨ ᠨᠡᠶ᠋ᠢᠯᠡᠭᠦᠯᠵᠦ᠂ ᠴᠢᠳᠠᠮᠵᠢ᠎ᠪᠠᠷ ᠨᠡᠩ ᠬᠦᠴᠦᠷᠬᠡᠭ ᠶᠡᠭᠡ ᠭᠤᠣᠯ ᠵᠠᠭᠤᠴᠢᠯᠠᠭᠤᠷ᠎ᠤᠨ ᠨᠡᠶ᠋ᠢᠯᠡᠯ ᠰᠦᠯᠵᠢᠶ᠎ᠡ᠂ ᠲᠣᠭ᠋ᠠᠴᠢᠯᠠᠭᠰᠠᠨ ᠰᠣᠶᠣᠯ᠎ᠤᠨ ᠳᠠᠮᠵᠢᠭᠤᠯᠭ᠎ᠠ ᠵᠢᠨ ᠰᠦᠯᠵᠢᠶ᠎ᠡ᠂ ᠰᠠᠭᠤᠷᠢ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠲᠣᠣᠷ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠮᠲᠤ᠎ᠪᠠᠷ ᠡᠳ᠋ᠯᠡᠵᠦ ᠬᠠᠮᠲᠤ᠎ᠪᠠᠷ ᠬᠡᠷᠡᠭᠯᠡᠬᠦ ᠲᠤᠮᠤ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃

   ᠭᠤᠷᠪᠠ᠂ ᠭᠤᠣᠯ ᠡᠭᠦᠷᠭᠡ

  (ᠨᠢᠭᠡ) 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠦᠨ᠎ᠡ

  《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠪᠠᠶ᠋ᠢᠯᠳᠤᠬᠤ ᠪᠣᠳᠣᠯᠭ᠎ᠠ ᠵᠢᠨ ᠰᠠᠭᠤᠷᠢ᠂ ᠪᠣᠬᠢᠷᠲᠤᠯ ᠥᠬᠡᠶ ᠠᠮᠤᠷ ᠲᠦᠪᠰᠢᠨ᠂ ᠬᠠᠮᠢᠶᠠᠷᠴᠤ ᠪᠣᠯᠬᠤ ᠡᠵᠡᠮᠳᠡᠵᠦ ᠪᠣᠯᠬᠤ ᠪᠠ ᠰᠥᠪᠡᠭᠴᠢᠯᠡᠨ ᠬᠥᠲᠦᠯᠵᠦ᠂ ᠮᠡᠳᠡᠭᠡ ᠵᠠᠩᠭᠢ ᠵᠢᠨ ᠲᠤᠰᠠᠭ᠋ᠠᠷᠯᠠᠭᠳᠠᠬᠤ᠂ 《ᠡᠴᠦᠰ᠎ᠤᠨ ᠨᠢᠭᠡ ᠺᠢᠯᠣᠮᠧᠲᠷ᠎ᠢ ᠨᠡᠪᠲᠡᠷᠡᠭᠦᠯᠬᠦ》 ᠥᠪᠡᠷᠮᠢᠴᠡ ᠳᠠᠪᠠᠭᠤᠯᠢᠭ᠎ᠢ ᠪᠠᠳᠠᠷᠠᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠬᠠᠮ ᠰᠦᠯᠵᠢᠶ᠎ᠡ ᠪᠠ ᠶᠡᠷᠦᠩᠬᠡᠶ᠋ᠢᠯᠡᠨ ᠠᠰᠢᠭᠯᠠᠬᠤ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠰᠢᠰᠲ᠋ᠧᠮ᠎ᠢ ᠪᠠᠶ᠋ᠢᠭᠤᠯᠤᠨ᠎ᠠ᠃

  1. 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢ ᠪᠠᠶ᠋ᠢᠭᠤᠯᠤᠨ᠎ᠠ᠃  ᠤᠲᠠᠰᠤᠲᠤ᠂ ᠤᠲᠠᠰᠤ ᠥᠬᠡᠶ᠂ ᠳᠠᠭ᠋ᠠᠭᠤᠯᠢ ᠣᠳᠣ᠂ ᠪᠢᠴᠢᠯ ᠳᠣᠯᠭᠢᠶᠠᠨ ᠵᠡᠷᠭᠡ ᠳᠠᠮᠵᠢᠭᠤᠯᠬᠤ ᠠᠷᠭ᠎ᠠ ᠬᠡᠯᠪᠡᠷᠢ ᠵᠢ ᠨᠢᠭᠡᠳᠦᠯᠲᠡᠶ ᠲᠥᠯᠥᠪᠯᠡᠨ ᠬᠡᠷᠡᠭᠯᠡᠵᠦ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡ ᠵᠢ ᠲᠣᠰᠬᠤᠨ ᠡᠷᠦᠬᠡ᠎ᠳᠤ ᠣᠷᠣᠭᠤᠯᠬᠤ᠂ ᠷᠠᠳᠢᠣ᠋ ᠲᠧᠯᠸᠢᠰ᠎ᠤᠨ ᠬᠡᠷᠡᠯ ᠰᠢᠷᠬᠡᠭ᠎ᠤᠨ ᠰᠦᠯᠵᠢᠶ᠎ᠡ ᠵᠢ ᠲᠠᠰ ᠳᠡᠪᠰᠢᠭᠦᠯᠦᠨ ᠥᠭᠡᠷᠡᠴᠢᠯᠡᠬᠦ ᠪᠠ ᠷᠠᠳᠢᠣ᠋ ᠲᠧᠯᠸᠢᠰ᠎ᠤᠨ 5G ᠵᠢᠨ ᠰᠦᠯᠵᠢᠶᠡᠨ᠎ᠤ ᠪᠥᠲᠥᠭᠡᠨ ᠪᠠᠶ᠋ᠢᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠤᠲᠠᠰᠤ ᠥᠬᠡᠶ ᠰᠣᠯᠢᠯᠴᠠᠬᠤ ᠠᠷᠭ᠎ᠠ ᠬᠡᠯᠪᠡᠷᠢ ᠵᠢ  ᠬᠡᠷᠡᠭᠯᠡᠨ ᠪᠤᠶ᠋ᠢᠳᠠ ᠪᠥᠭᠯᠡᠭᠦᠤ ᠮᠠᠯᠵᠢᠬᠤ ᠣᠷᠣᠨ᠂ ᠬᠢᠯᠢ ᠬᠢᠵᠠᠭ᠋ᠠᠷ ᠣᠷᠣᠨ᠎ᠳᠤ ᠪᠦᠲᠦᠮᠵᠢᠲᠡᠶ ᠪᠦᠷᠬᠦᠭᠦᠯᠬᠦ ᠵᠢ ᠪᠡᠶᠡᠯᠡᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ᠂ ᠴᠢᠳᠠᠮᠵᠢ ᠪᠦᠷᠢᠨ᠂ ᠪᠣᠬᠢᠷᠲᠤᠯ ᠥᠬᠡᠶ ᠠᠮᠤᠷ ᠲᠦᠪᠰᠢᠨ 《ᠤᠶᠤᠨᠲᠤ ᠷᠠᠳᠢᠣ᠋ ᠲᠧᠯᠸᠢᠰ》᠎ᠤᠨ  ᠰᠦᠯᠵᠢᠶ᠎ᠡ ᠵᠢ ᠪᠠᠶ᠋ᠢᠭᠤᠯᠤᠨ᠎ᠠ᠃ 2025 ᠣᠨ ᠪᠣᠯᠬᠤ᠎ᠳᠤ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡ ᠵᠢ ᠪᠣᠶ ᠪᠥᠬᠦᠶ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠳᠤ ᠪᠦᠷᠬᠦᠭᠦᠯᠵᠦ᠂ ᠪᠣᠶ ᠪᠥᠬᠦᠶ ᠮᠠᠯᠵᠢᠬᠤ ᠲᠠᠷᠢᠶᠠᠯᠠᠬᠤ ᠡᠷᠦᠬᠡ᠎ᠳᠤ ᠦᠢ᠍ᠯᠡᠴᠢᠯᠡᠨ᠎ᠡ᠃

  2. 《ᠲᠣᠮᠣ ᠲᠣᠭ᠎ᠠ ᠪᠠᠷᠢᠮᠲᠠ》 ᠵᠢᠨ ᠲᠥᠪ᠎ᠢ ᠪᠥᠲᠥᠭᠡᠨ ᠪᠠᠶ᠋ᠢᠭᠤᠯᠤᠨ᠎ᠠ᠃  ᠥᠪᠥᠷ ᠮᠣᠩᠭᠤᠯ᠎ᠤᠨ ᠷᠠᠳᠢᠣ᠋ ᠲᠧᠯᠸᠢᠰ᠎ᠤᠨ ᠰᠦᠯᠵᠢᠶᠡᠨ᠎ᠤ ᠪᠦᠯᠦᠭᠯᠡᠯ᠎ᠤᠨ ᠲᠦᠩᠯᠢᠶᠣᠤ ᠵᠢᠨ ᠲᠣᠭ᠎ᠠ ᠪᠠᠷᠢᠮᠲᠠ ᠵᠢᠨ ᠲᠥᠪ ᠪᠠ ᠬᠥᠬᠡᠬᠤᠲᠠ ᠵᠢᠨ ᠲᠣᠭ᠎ᠠ ᠪᠠᠷᠢᠮᠲᠠ ᠵᠢᠨ ᠲᠥᠪ᠎ᠢ ᠭᠦᠢ᠍ᠴᠡᠳ ᠠᠰᠢᠭᠯᠠᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠨ ᠣᠲᠣ ᠵᠢᠨ ᠪᠠᠶ᠋ᠢᠭ᠎ᠠ ᠲᠣᠭ᠎ᠠ ᠪᠠᠷᠢᠮᠲᠠ ᠵᠢᠨ ᠲᠥᠪ᠂ ᠲᠣᠭ᠎ᠠ ᠪᠠᠷᠢᠮᠲᠠ ᠵᠢᠨ ᠲᠠᠪᠴᠠᠩ᠎ᠢ ᠢᠳᠡᠪᠬᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ᠎ᠤ 《ᠲᠣᠮᠣ ᠲᠣᠭ᠎ᠠ ᠪᠠᠷᠢᠮᠲᠠ》 ᠵᠢᠨ ᠪᠦᠲᠦᠴᠡ ᠵᠢ ᠪᠠᠶ᠋ᠢᠭᠤᠯᠤᠨ᠂ ᠲᠣᠭ᠎ᠠ ᠪᠠᠷᠢᠮᠲᠠ ᠵᠢᠨ ᠠᠭᠤᠯᠭ᠎ᠠ ᠵᠢ ᠱᠠᠲᠤ ᠬᠤᠪᠢᠶᠠᠨ ᠬᠠᠳᠠᠭ᠋ᠠᠯᠠᠬᠤ᠂ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ᠂ ᠡᠯ᠎ᠡ ᠲᠥᠷᠥᠯ᠎ᠤᠨ ᠲᠣᠭ᠎ᠠ ᠪᠠᠷᠢᠮᠲᠠ ᠵᠢᠨ ᠲᠥᠪ ᠪᠠ ᠲᠣᠭ᠎ᠠ ᠪᠠᠷᠢᠮᠲᠠ ᠵᠢᠨ ᠵᠠᠩᠭᠢᠯᠠᠭ᠎ᠠ ᠵᠢᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠨ ᠬᠠᠮᠢᠶᠠᠷᠴᠤ᠂ ᠶᠡᠷᠦᠩᠬᠡᠶ᠋ᠢᠯᠡᠨ ᠠᠰᠢᠭᠯᠠᠬᠤ ᠵᠢ ᠪᠡᠶᠡᠯᠡᠭᠦᠯᠦᠨ᠎ᠡ᠃

  3. 《ᠲᠣᠮᠣ ᠲᠣᠭ᠎ᠠ ᠪᠠᠷᠢᠮᠲᠠ》 ᠵᠢᠨ ᠡᠭᠦᠯᠡ ᠵᠢ ᠬᠠᠮᠲᠤ᠎ᠪᠠᠷ ᠡᠳ᠋ᠯᠡᠨ᠎ᠡ᠃  ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ ᠵᠢᠨ 《ᠲᠠᠯ᠎ᠠ ᠨᠤᠲᠤᠭ᠎ᠤᠨ ᠡᠭᠦᠯᠡ》 ᠪᠠ ᠥᠪᠥᠷ ᠮᠣᠩᠭᠤᠯ᠎ᠤᠨ ᠷᠠᠳᠢᠣ᠋ ᠲᠧᠯᠸᠢᠰ ᠬᠤᠷᠢᠶ᠎ᠠ ᠵᠢᠨ 《ᠲᠩᠷᠢ ᠡᠭᠦᠯᠡᠨ》 ᠵᠡᠷᠭᠡ ᠡᠭᠦᠯᠡᠨ ᠲᠠᠪᠴᠠᠩ᠎ᠢ ᠭᠦᠢ᠍ᠴᠡᠳ ᠠᠰᠢᠭᠯᠠᠨ᠂ ᠬᠠᠳᠠᠭ᠋ᠠᠯᠠᠮᠵᠢᠲᠤ ᠡᠬᠢ ᠪᠠᠶᠠᠯᠢᠭ᠎ᠢ ᠪᠦᠲᠦᠮᠵᠢᠲᠡᠶ᠎ᠪᠠᠷ ᠡᠮᠬᠢᠯᠡᠨ ᠨᠡᠶ᠋ᠢᠯᠡᠭᠦᠯᠵᠦ᠂ ᠠᠭᠤᠯᠭ᠎ᠠ ᠵᠢ ᠨᠢᠭᠲᠠᠷᠠᠭᠤᠯᠬᠤ᠂ ᠮᠡᠳᠡᠭᠡ ᠵᠠᠩᠭᠢ ᠰᠣᠯᠢᠯᠴᠠᠬᠤ᠂ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ᠂ ᠲᠤᠬᠠᠶ᠋ᠢᠯᠠᠭᠰᠠᠨ ᠠᠵᠢᠯ᠎ᠤᠨ ᠦᠢ᠍ᠯᠡᠴᠢᠯᠡᠭᠡ ᠵᠢ ᠨᠢᠭᠡ ᠴᠤᠭᠴᠠᠵᠢᠭᠤᠯᠤᠭᠰᠠᠨ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠡᠭᠦᠯᠡᠨ ᠲᠠᠪᠴᠠᠩ᠎ᠢ ᠪᠠᠶ᠋ᠢᠭᠤᠯᠵᠤ᠂ ᠪᠥᠲᠥᠭᠡᠨ ᠪᠠᠶ᠋ᠢᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠤᠨ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃

  (ᠬᠤᠶᠠᠷ) ᠠᠭᠤᠰᠤᠯᠴᠠᠭᠤᠯᠤᠨ ᠳᠠᠮᠵᠢᠭᠤᠯᠬᠤ ᠲᠠᠪᠴᠠᠩ᠎ᠢ ᠪᠠᠢ᠌ᠭᠤᠯᠤᠨ᠎ᠠ

   ᠰᠦᠯᠵᠢᠶ᠎ᠡ ᠵᠢ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠣᠭᠤᠷᠢᠨ᠎ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠢᠰᠲ᠋ᠧᠮ᠎ᠤᠨ ᠮᠡᠳᠡᠭᠡ ᠵᠠᠩᠭᠢ ᠵᠢᠨ ᠰᠦᠯᠵᠢᠶᠡᠨ᠎ᠤ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠢᠰᠲ᠋ᠧᠮ᠎ᠤᠨ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠲᠠᠪᠴᠠᠩ᠎ᠢ ᠪᠦᠲᠦᠭᠡᠨ ᠪᠠᠶ᠋ᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠤᠳᠤᠷᠢᠳᠬᠤ ᠡᠷᠬᠡ᠂ ᠬᠠᠮᠢᠶᠠᠷᠬᠤ ᠡᠷᠬᠡ᠂ ᠦᠭᠡ ᠬᠡᠯᠡᠬᠦ ᠡᠷᠬᠡ ᠵᠢ ᠪᠠᠲᠤ ᠡᠵᠡᠮᠳᠡᠵᠦ᠂ ᠡᠬᠡ ᠤᠯᠤᠰ᠎ᠤᠨ ᠤᠮᠠᠷᠠᠲᠤ ᠵᠢᠨ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃

  4. ᠰᠢᠶᠠᠨ᠎ᠤ ᠱᠠᠲᠤᠨ᠎ᠤ ᠬᠠᠮ ᠵᠠᠭᠤᠴᠢᠯᠠᠭᠤᠷ᠎ᠤᠨ ᠲᠥᠪ᠎ᠲᠠᠢ ᠪᠦᠲᠦᠮᠵᠢᠲᠡᠶ ᠵᠣᠯᠭ᠋ᠠᠭᠤᠯᠤᠨ᠎ᠠ᠃ ᠮᠡᠳᠡᠭᠡ ᠵᠠᠩᠭᠢ ᠵᠢᠨ ᠳᠠᠮᠵᠢᠭᠤᠯᠭ᠎ᠠ ᠵᠢᠨ ᠰᠢᠯᠵᠢᠬᠦ᠂ ᠨᠡᠶ᠋ᠢᠭᠡᠮ᠎ᠤᠨ ᠬᠠᠷᠢᠯᠴᠠᠭ᠎ᠠ᠂ ᠸᠢᠳᠢᠣᠵᠢᠭᠤᠯᠬᠤ᠂ ᠬᠤᠷᠰᠢᠯᠴᠠᠬᠤ ᠬᠠᠨᠳᠤᠰᠢ᠎ᠳᠤ ᠵᠣᠬᠢᠴᠠᠭᠤᠯᠤᠨ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ᠎ᠪᠠᠷ ᠬᠥᠭᠵᠢᠭᠰᠡᠨ ᠵᠠᠭᠤᠴᠢᠯᠠᠭᠤᠷ᠎ᠤᠨ ᠠᠭᠤᠰᠤᠯᠴᠠᠨ ᠬᠥᠭᠵᠢᠬᠦ ᠵᠢ ᠲᠦᠷᠭᠡᠳᠬᠡᠨ ᠠᠬᠢᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠵᠠᠭᠤᠴᠢᠯᠠᠭᠤᠷ᠎ᠤᠨ ᠮᠡᠳᠡᠭᠡ ᠵᠠᠩᠭᠢ ᠵᠢᠨ ᠠᠭᠤᠯᠭ᠎ᠠ᠂ ᠮᠡᠷᠭᠡᠵᠢᠯ᠎ᠤᠨ ᠬᠡᠷᠡᠭᠯᠡᠯᠲᠡ᠂ ᠲᠠᠪᠴᠠᠩ᠎ᠤᠨ ᠦᠵᠦᠭᠦᠷ᠂ ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡ ᠴᠣᠭᠴᠠᠵᠢᠭᠤᠯᠤᠨ ᠠᠬᠢᠭᠤᠯᠵᠤ᠂ ᠣᠳᠣᠬᠢᠴᠢᠯᠠᠭᠰᠠᠨ᠂ ᠨᠢᠭᠡ ᠴᠣᠭᠴᠠᠵᠢᠭᠤᠯᠤᠭᠰᠠᠨ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠳᠠᠮᠵᠢᠭᠤᠯᠭ᠎ᠠ ᠵᠢᠨ ᠲᠣᠭᠲᠠᠯᠴᠠᠭ᠎ᠠ ᠪᠠ ᠬᠠᠮᠢᠶᠠᠷᠤᠯᠲᠠ ᠵᠢᠨ ᠪᠠᠶ᠋ᠢᠭᠤᠯᠤᠯ᠎ᠢ ᠪᠦᠷᠢᠯᠳᠦᠭᠦᠯᠵᠦ᠂ ᠰᠣᠨᠢᠨ ᠮᠡᠳᠡᠭᠡᠨ᠎ᠤ ᠦᠢ᠍ᠯᠡᠳᠪᠦᠷᠢᠯᠡᠯ᠎ᠤᠨ ᠪᠦᠬᠦ ᠶᠠᠪᠤᠴᠠ ᠵᠢ ᠵᠣᠬᠢᠴᠠᠭᠤᠯᠤᠨ ᠲᠣᠬᠢᠷᠠᠭᠤᠯᠬᠤ᠂ ᠡᠬᠢ ᠪᠠᠶᠠᠯᠢᠭ᠎ᠢ ᠭᠦᠢ᠍ᠴᠡᠳ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃

  5. ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠲᠥᠪ᠎ᠢ ᠪᠦᠲᠦᠮᠵᠢᠲᠡᠶ ᠵᠣᠯᠭ᠋ᠠᠭᠤᠯᠤᠨ᠎ᠠ᠃  ᠪᠠᠷᠢᠮᠵᠢᠶ᠎ᠠ ᠨᠢᠭᠡᠳᠦᠯᠲᠡᠶ᠂ ᠵᠠᠯᠭ᠋ᠠᠰᠤ ᠵᠢᠷᠤᠮᠵᠢᠯ᠎ᠲᠠᠢ᠂ ᠨᠡᠭᠡᠭᠡᠯᠲᠡ᠎ᠲᠠᠢ ᠣᠶᠣᠨᠲᠤ ᠪᠠᠶ᠋ᠢᠬᠤ ᠱᠠᠭ᠋ᠠᠷᠳᠠᠯᠭ᠎ᠠ ᠶᠣᠰᠣᠭ᠋ᠠᠷ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ 《ᠲᠧᠯᠸᠢᠰ᠎ᠤᠨ ᠦᠵᠦᠭᠦᠷ》᠎ᠤᠨ ᠬᠡᠷᠡᠭᠯᠡᠭᠡᠨ᠎ᠤ ᠲᠠᠪᠴᠠᠩ᠎ᠢ ᠨᠢᠭᠡᠳᠦᠯᠲᠡᠶ ᠲᠥᠯᠥᠪᠯᠡᠨ ᠪᠠᠶ᠋ᠢᠭᠤᠯᠵᠤ᠂ ᠡᠯ᠎ᠡ ᠲᠥᠷᠥᠯ᠎ᠤᠨ ᠪᠣᠯᠪᠠᠰᠤᠨ᠎ᠤ ᠦᠢ᠍ᠯᠡᠳᠦᠯᠭᠡ ᠵᠢᠨ ᠦᠢ᠍ᠯᠡᠴᠢᠯᠡᠭᠡ ᠬᠠᠮᠢᠶᠠᠷᠤᠯᠲᠠ ᠵᠢᠨ ᠦᠵᠦᠭᠦᠷ᠂ ᠲᠠᠪᠴᠠᠩ᠂ ᠵᠢᠭᠰᠠᠭ᠋ᠠᠯ᠎ᠤᠨ ᠭᠠᠵᠠᠷ᠎ᠲᠠᠢ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠵᠦ᠂ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠰᠢᠭᠯᠠᠨ᠎ᠠ᠃ ᠣᠨᠣᠯ᠎ᠤᠨ ᠤᠬᠠᠭᠤᠯᠭ᠎ᠠ᠂ ᠰᠤᠷᠭ᠋ᠠᠨ ᠬᠥᠮᠦᠵᠢᠯ᠎ᠤᠨ ᠦᠢ᠍ᠯᠡᠴᠢᠯᠡᠭᠡ᠂ ᠰᠣᠶᠣᠯ᠎ᠤᠨ ᠦᠢ᠍ᠯᠡᠴᠢᠯᠡᠭᠡ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠬᠢᠭᠡᠳ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠦᠢ᠍ᠯᠡᠴᠢᠯᠡᠭᠡ᠂ ᠪᠡᠶ᠎ᠡ ᠴᠢᠭᠢᠷᠠᠭᠵᠢᠭᠤᠯᠬᠤ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠵᠡᠷᠭᠡ 《ᠲᠠᠪᠤᠨ ᠶᠡᠭᠡ ᠲᠠᠪᠴᠠᠩ》᠎ᠤᠨ ᠦᠢ᠍ᠯᠡᠴᠢᠯᠡᠭᠡᠨ᠎ᠤ ᠠᠭᠤᠯᠭ᠎ᠠ ᠪᠠ ᠣᠯᠠᠨ ᠲᠦᠮᠡᠨ᠎ᠤ ᠵᠠᠬᠢᠶᠠᠯᠠᠭ᠎ᠠ ᠵᠢᠨ ᠬᠠᠭᠤᠳᠠᠰᠤ᠂ ᠤᠬᠠᠭᠤᠯᠤᠨ ᠳᠠᠶ᠋ᠢᠴᠢᠯᠠᠬᠤ ᠵᠡᠷᠭᠡ ᠴᠢᠳᠠᠮᠵᠢ ᠵᠢ ᠬᠤᠷᠠᠮᠳᠤᠭᠤᠯᠵᠤ᠂ ᠬᠠᠩᠭ᠋ᠠᠯᠭ᠎ᠠ ᠬᠡᠷᠡᠭᠴᠡᠭᠡ ᠵᠢᠨ ᠬᠠᠮᠢᠶᠠᠷᠤᠯᠲᠠ ᠵᠢᠨ ᠭᠤᠷᠪᠠᠨ ᠲᠠᠯ᠎ᠠ᠎ᠠᠴᠠ ᠬᠤᠯᠪᠣᠯᠳᠤᠭᠰᠠᠨ 《ᠲᠧᠯᠸᠢᠰ᠎ᠤᠨ ᠨᠡᠪᠲᠡᠷᠡᠬᠦ ᠵᠠᠮ》᠎ᠢ ᠪᠠᠶ᠋ᠢᠭᠤᠯᠵᠤ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢ᠍ᠯᠡᠳᠦᠯᠭᠡ ᠵᠢᠨ ᠠᠵᠢᠯ᠎ᠤᠨ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ᠂ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠵᠢ ᠨᠠᠷᠢᠯᠢᠭ ᠣᠨᠣᠪᠴᠢᠲᠠᠢ ᠪᠣᠯᠭ᠋ᠠᠬᠤ᠂ ᠣᠯᠠᠨ ᠲᠦᠮᠡᠨ ᠣᠷᠣᠯᠴᠠᠬᠤ ᠵᠢ ᠳᠥᠭᠦᠮ ᠳᠥᠲᠡ ᠪᠣᠯᠭ᠋ᠠᠬᠤ ᠵᠢ ᠠᠬᠢᠭᠤᠯᠤᠨ᠎ᠠ᠃

  6. ᠨᠠᠮ᠎ᠤᠨ ᠪᠠᠶ᠋ᠢᠭᠤᠯᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠢ ᠪᠦᠲᠦᠮᠵᠢᠲᠡᠶ ᠵᠤᠯᠭ᠋ᠠᠭᠤᠯᠤᠨ᠎ᠠ᠃  ᠡᠯ᠎ᠡ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠮᠡᠳᠡᠭᠡ ᠵᠠᠩᠭᠢ ᠵᠢᠨ ᠡᠬᠢ ᠪᠠᠶᠠᠯᠢᠭ᠎ᠢ ᠠᠰᠢᠭᠯᠠᠨ᠂ 《ᠲᠧᠯᠸᠢᠰ ᠰᠣᠨᠢᠨ ᠮᠡᠳᠡᠭᠡ ᠡᠷᠭᠢᠨ ᠬᠠᠷᠠᠬᠤ》᠂ 《ᠰᠤᠷᠤᠯᠴᠠᠯᠭ᠎ᠠ ᠵᠢᠨ ᠬᠢᠴᠢᠶᠡᠯ᠎ᠤᠨ ᠲᠠᠩᠬᠢᠮ》 ᠪᠠ 《ᠨᠠᠮ᠎ᠤᠨ ᠰᠣᠨᠢᠨ ᠨᠠᠮ᠎ᠤᠨ ᠰᠡᠳᠬᠦᠯ》᠎ᠤᠨ ᠣᠶᠤᠨᠴᠢ ᠲᠧᠯᠸᠢᠰ᠎ᠤᠨ ᠬᠡᠷᠡᠭᠯᠡᠯᠲᠡ ᠵᠢ ᠲᠡᠭᠦᠯᠳᠡᠷᠵᠢᠭᠦᠯᠵᠦ᠂ 《ᠨᠠᠮ᠎ᠤᠨ ᠪᠠᠶ᠋ᠢᠭᠤᠯᠤᠯᠲᠠ ᠵᠢᠨ ᠬᠤᠰᠢᠭᠤᠴᠢ》 ᠵᠡᠷᠭᠡ ᠪᠤᠯᠤᠩ᠎ᠢ ᠨᠡᠭᠡᠭᠡᠵᠦ᠂ ᠨᠠᠮ᠎ᠤᠨ ᠪᠠᠶ᠋ᠢᠭᠤᠯᠤᠯᠲᠠ ᠵᠢᠨ ᠬᠥᠳᠡᠯᠦᠯ ᠪᠠᠶ᠋ᠢᠳᠠᠯ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠂ ᠮᠡᠳᠡᠭᠡ ᠵᠠᠩᠭᠢ ᠵᠢᠨ ᠠᠯᠪᠠᠨ ᠵᠠᠷ᠂ ᠴᠠᠭ᠎ᠤᠨ ᠤᠯᠤᠰ ᠲᠥᠷᠥ ᠵᠢᠨ ᠲᠤᠰᠬᠠᠶ ᠰᠡᠳᠦᠪ᠂ ᠨᠠᠮ᠎ᠤᠨ ᠭᠡᠰᠢᠭᠦᠨ᠎ᠤ ᠬᠥᠮᠦᠵᠢᠯ᠂ ᠴᠠᠭ ᠦᠶ᠎ᠡ ᠵᠢᠨ ᠬᠤᠰᠢᠭᠤᠴᠢ᠂ ᠨᠠᠷᠢᠯᠢᠭ ᠣᠨᠣᠪᠴᠢᠲᠠᠢ᠎ᠪᠠᠷ ᠶᠠᠳᠠᠭᠤ ᠵᠢ ᠲᠡᠳᠬᠦᠬᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠵᠢ ᠴᠠᠭ ᠲᠤᠬᠠᠶ᠎ᠳᠤ᠎ᠨᠢ ᠤᠯᠠᠮᠵᠢᠯᠠᠵᠤ᠂ ᠪᠥᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠦᠢ᠍ᠯᠡᠴᠢᠯᠡᠭᠡᠨ᠎ᠤ ᠲᠠᠪᠴᠠᠩ᠎ᠢ ᠪᠣᠶ ᠪᠣᠯᠭ᠋ᠠᠨ᠎ᠠ᠃

  7. ᠦᠨᠳᠦᠰᠦᠨ ᠱᠠᠲᠤᠨ᠎ᠤ ᠰᠣᠶᠣᠯ᠎ᠤᠨ ᠲᠥᠪ (ᠥᠷᠲᠡᠭᠡ)᠎ᠲᠠᠢ ᠪᠦᠲᠦᠮᠵᠢᠲᠡᠶ ᠵᠣᠯᠭ᠋ᠠᠭᠤᠯᠤᠨ᠎ᠠ᠃  ᠤᠯᠠᠭ᠋ᠠᠨᠮᠥ᠋ᠴᠢᠷ᠂ ᠰᠣᠶᠣᠯ᠎ᠤᠨ ᠴᠢᠨᠡᠭᠡᠯᠢᠭᠵᠢᠯ᠂ ᠲᠧᠯᠸᠢᠰ᠎ᠤᠨ ᠨᠣᠮ᠎ᠤᠨ ᠰᠠᠩ ᠵᠡᠷᠭᠡ ᠲᠤᠰᠬᠠᠢ ᠪᠤᠯᠤᠩ᠎ᠢ ᠭᠠᠷᠭ᠋ᠠᠵᠤ᠂ ᠲᠠᠯ᠎ᠠ ᠨᠤᠲᠤᠭ᠎ᠤᠨ ᠨᠣᠮ᠎ᠤᠨ ᠥᠷᠥᠭᠡ ᠪᠠ ᠰᠢᠶᠠᠨ᠎ᠤ ᠱᠠᠲᠤᠨ᠎ᠤ ᠨᠣᠮ᠎ᠤᠨ ᠰᠠᠩ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ 《ᠬᠤᠨ ᠭᠠᠯᠠᠭᠤ ᠠᠮᠲᠠᠷᠬᠠᠨ ᠤᠩᠰᠢᠬᠤᠢ》 ᠵᠢ ᠠᠬᠢᠭᠤᠯᠤᠨ᠂ ᠶᠡᠭᠡ ᠬᠡᠮᠵᠢᠶᠡᠨ᠎ᠤ ᠰᠣᠶᠣᠯ ᠤᠷᠠᠯᠢᠭ᠎ᠤᠨ ᠡᠬᠢ ᠪᠠᠶᠠᠯᠢᠭ᠎ᠢ ᠬᠤᠷᠠᠮᠳᠤᠭᠤᠯᠵᠤ᠂ ᠥᠷᠭᠡᠨ ᠣᠯᠠᠨ ᠲᠦᠮᠡᠨ᠎ᠳᠤ ᠨᠠᠩ ᠡᠯᠪᠡᠭ ᠪᠠᠶᠠᠯᠢᠭ᠂ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠣᠯᠠᠨ ᠨᠡᠶ᠋ᠢᠲᠡ ᠵᠢᠨ ᠰᠣᠶᠣᠯ᠎ᠤᠨ ᠦᠢ᠍ᠯᠡᠴᠢᠯᠡᠭᠡ ᠵᠢ ᠬᠠᠩᠭ᠋ᠠᠵᠤ᠂ ᠣᠯᠠᠨ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠶ᠋ᠢᠭ᠎ᠠ ᠰᠠᠶ᠋ᠢᠨ ᠰᠠᠶ᠋ᠢᠬᠠᠨ ᠣᠶᠤᠨ᠎ᠤ ᠰᠣᠶᠣᠯ᠎ᠤᠨ ᠰᠢᠨ᠎ᠡ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃

  (ᠭᠤᠷᠪᠠ) ᠦᠢ᠍ᠯᠡᠴᠢᠯᠡᠭᠡᠨ᠎ᠤ ᠵᠠᠰᠠᠭ᠎ᠤᠨ ᠶᠠᠪᠤᠳᠠᠯ᠎ᠤᠨ ᠳᠠᠪᠴᠠᠩ᠎ᠢ ᠪᠠᠶ᠋ᠢᠭᠤᠯᠤᠨ᠎ᠠ

  《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠬᠠᠮᠤᠷᠬᠤ ᠳᠠᠪᠠᠭᠤᠯᠢᠭ᠎ᠢ ᠪᠠᠳᠠᠷᠠᠭᠤᠯᠵᠤ᠂ ᠦᠨᠳᠦᠰᠦᠨ ᠱᠠᠲᠤᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠪᠠ ᠦᠢ᠍ᠯᠡᠴᠢᠯᠡᠭᠡᠨ᠎ᠤ ᠴᠢᠳᠠᠪᠤᠷᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠬᠢᠭᠡᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠂ ᠠᠷᠠᠳ᠎ᠲᠤ ᠲᠥᠬᠦᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠦᠢ᠍ᠯᠡᠴᠢᠯᠡᠭᠡᠨ᠎ᠤ ᠭᠦᠨᠵᠡᠭᠡᠶ ᠠᠭᠤᠰᠤᠯᠴᠠᠯ᠎ᠢ ᠲᠦᠷᠭᠡᠳᠬᠡᠨ ᠠᠬᠢᠭᠤᠯᠤᠨ᠎ᠠ᠃

  8. ᠷᠠᠳᠢᠣ᠋ ᠲᠧᠯᠸᠢᠰ᠎ᠤᠨ ᠰᠦᠯᠵᠢᠶᠡᠨ᠎ᠤ ᠳᠠᠯᠳᠠ ᠬᠦᠴᠦᠨ᠎ᠢ ᠠᠭᠤᠳᠠᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠰᠠᠭᠤᠷᠢ ᠰᠦᠯᠵᠢᠶᠡᠨ᠎ᠤ ᠲᠤᠯᠭ᠋ᠠᠭᠤᠷᠢᠯᠠᠯ ᠬᠠᠩᠭ᠋ᠠᠨ᠎ᠠ᠃ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢ ᠤᠳᠠᠭ᠋ᠠᠰᠢᠷᠠᠭᠤᠯᠬᠤ᠂ ᠥᠨᠳᠥᠷ ᠨᠠᠶ᠋ᠢᠳᠠᠪᠤᠷᠢᠲᠠᠶ ᠪᠠᠶ᠋ᠢᠯᠭ᠋ᠠᠬᠤ᠂ ᠥᠷᠭᠡᠨ ᠬᠠᠮᠤᠷᠬᠤ ᠪᠠ ᠰᠦᠯᠵᠢᠶ᠎ᠡ ᠵᠢ ᠵᠣᠬᠢᠶᠠᠨ ᠪᠠᠶ᠋ᠢᠭᠤᠯᠬᠤ᠎ᠨᠢ ᠲᠦᠷᠭᠡᠨ᠂ ᠠᠵᠢᠯᠯᠠᠭᠤᠯᠵᠤ ᠬᠠᠮᠠᠭ᠋ᠠᠯᠠᠬᠤ᠎ᠳᠤ ᠳᠥᠭᠦᠮ ᠪᠣᠯᠭ᠋ᠠᠬᠤ ᠣᠨᠴᠠᠯᠢᠭ᠎ᠢ ᠭᠦᠢ᠍ᠴᠡᠳ ᠠᠰᠢᠭᠯᠠᠨ᠂ ᠵᠠᠰᠠᠭ᠎ᠤᠨ ᠶᠠᠪᠤᠳᠠᠯ᠎ᠤᠨ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠡᠭᠦᠯᠡᠨ ᠲᠠᠪᠴᠠᠩ᠎ᠳᠤ ᠰᠠᠭᠤᠷᠢ ᠰᠦᠯᠵᠢᠶ᠎ᠡ ᠵᠢᠨ ᠲᠤᠯᠭ᠋ᠠᠭᠤᠷᠢᠯᠠᠯ ᠬᠠᠩᠭ᠋ᠠᠵᠤ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠰ ᠳᠠᠪᠬᠤᠷᠭ᠎ᠠ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠰᠢᠰᠲ᠋ᠧᠮ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶ᠋ᠢᠯᠠᠭᠰᠠᠨ ᠠᠵᠢᠯ ᠠᠯᠤᠰᠯᠠᠭᠰᠠᠨ ᠠᠭᠤᠰᠤᠯᠴᠠᠭᠤᠯᠤᠨ ᠬᠠᠮᠲᠤ᠎ᠪᠠᠷ ᠡᠳ᠋ᠯᠡᠬᠦ᠂ ᠬᠠᠮᠵᠢᠯᠴᠠᠨ ᠬᠥᠭᠵᠢᠬᠦ ᠵᠢ ᠠᠬᠢᠭᠤᠯᠤᠨ᠎ᠠ᠃

  9. ᠰᠦᠯᠵᠢᠶᠡᠨ᠎ᠤ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ᠎ᠳᠤ ᠡᠭᠦᠯᠡᠨ ᠸᠢᠳᠢᠣ᠋ ᠵᠢᠨ ᠪᠠᠲᠤᠯᠠᠭ᠎ᠠ ᠬᠠᠩᠭ᠋ᠠᠨ᠎ᠠ᠃ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ᠎ᠳᠤ ᠲᠦᠰᠢᠭᠯᠡᠨ᠂ ᠣᠷᠣᠨ ᠪᠦᠰᠡ ᠠᠯᠤᠰᠯᠠᠭᠰᠠᠨ ᠠᠵᠢᠯ ᠲᠥᠷᠥᠯ ᠠᠯᠤᠰᠯᠠᠭᠰᠠᠨ᠂ ᠭᠤᠯᠳᠤ ᠴᠢᠭᠯᠡᠯ ᠵᠶ᠋ᠠᠷ ᠭᠠᠴᠠᠭ᠎ᠠ ᠲᠣᠰᠬᠤᠨ ᠲᠠᠪᠤᠨ ᠱᠠᠲᠤ ᠵᠢ ᠬᠤᠯᠪᠣᠭᠰᠠᠨ ᠡᠭᠦᠯᠡᠨ ᠸᠢᠳᠢᠣ᠋ ᠵᠢᠨ ᠰᠢᠰᠲ᠋ᠧᠮ᠎ᠢ ᠪᠠᠶ᠋ᠢᠭᠤᠯᠵᠤ᠂ ᠨᠠᠮ᠎ᠤᠨ ᠬᠤᠷᠢᠶ᠎ᠠ ᠵᠠᠰᠠᠭ᠎ᠤᠨ ᠣᠷᠳᠣᠨ ᠪᠠ ᠨᠠᠮ ᠵᠠᠰᠠᠭ᠎ᠤᠨ ᠰᠠᠯᠠᠭ᠎ᠠ ᠮᠥᠴᠢᠷ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ ᠠᠯᠤᠰ ᠡᠵᠡᠮᠰᠢᠯᠲᠦ ᠬᠤᠷᠠᠯ᠂ ᠠᠯᠤᠰ ᠡᠵᠡᠮᠰᠢᠯᠲᠦ ᠪᠣᠯᠪᠠᠰᠤᠷᠠᠯ᠂ ᠠᠯᠤᠰ ᠡᠵᠡᠮᠰᠢᠯᠲᠦ ᠤᠷᠢᠯᠭ᠎ᠠ᠂ ᠠᠯᠤᠰ ᠡᠵᠡᠮᠰᠢᠯᠲᠦ ᠬᠠᠮᠵᠢᠯᠴᠠᠭ᠎ᠠ ᠵᠡᠷᠭᠡ ᠡᠭᠦᠯᠡᠨ ᠸᠢᠳᠢᠣ᠋ ᠵᠢᠨ ᠦᠢ᠍ᠯᠡᠴᠢᠯᠡᠭᠡ ᠵᠢ ᠬᠠᠩᠭ᠋ᠠᠵᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠵᠠᠰᠠᠭ ᠵᠠᠬᠢᠷᠭ᠋ᠠᠨ᠎ᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃

  10. ᠦᠢ᠍ᠯᠡᠴᠢᠯᠡᠭᠡᠨ᠎ᠤ ᠳᠥᠭᠦᠮ ᠳᠥᠲᠡ ᠪᠠᠶ᠋ᠢᠬᠤ ᠳᠠᠪᠠᠭᠤᠯᠢᠭ᠎ᠢ ᠪᠠᠳᠠᠷᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠵᠦᠭᠦᠷ᠎ᠢ ᠨᠡᠪᠲᠡᠷᠡᠭᠦᠯᠦᠨ᠎ᠡ᠃  ᠥᠪᠡᠷᠲᠡᠭᠡᠨ ᠵᠠᠰᠠᠬᠤ ᠣᠷᠣᠨ᠎ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠲᠠᠢ ᠢᠳᠡᠪᠬᠢᠲᠡᠶ᠎ᠪᠠᠷ ᠵᠣᠯᠭ᠋ᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠧᠯᠸᠢᠰ᠎ᠤᠨ ᠦᠵᠦᠭᠦᠷ᠎ᠢ ᠨᠡᠭᠡᠭᠡᠨ ᠬᠥᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠳᠦᠰᠦᠨ ᠱᠠᠲᠤ ᠪᠠ ᠮᠠᠯᠵᠢᠬᠤ ᠲᠠᠷᠢᠶᠠᠯᠠᠬᠤ ᠡᠷᠦᠬᠡ ᠲᠡᠶ᠋ᠢᠰᠢ ᠪᠦᠲᠦᠮᠵᠢᠲᠡᠶ ᠤᠷᠲᠤᠳᠬᠠᠬᠤ ᠵᠢ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠨ᠎ᠡ ᠵᠠᠭᠪᠤᠷ᠎ᠢ ᠪᠣᠶ ᠪᠣᠯᠭ᠋ᠠᠨ᠎ᠠ᠃ ᠬᠤᠲᠠ ᠪᠠᠯᠭ᠋ᠠᠰᠤ᠂ ᠨᠡᠶ᠋ᠢᠭᠡᠮ ᠲᠣᠭᠤᠷᠢᠭ᠂ ᠰᠢᠶᠠᠩ ᠪᠠᠯᠭ᠋ᠠᠰᠤ ᠰᠤᠮᠤ᠂ ᠭᠠᠴᠠᠭ᠎ᠠ ᠲᠣᠰᠬᠤᠨ᠎ᠢ ᠬᠤᠯᠪᠣᠭᠰᠠᠨ ᠵᠠᠰᠠᠭ᠎ᠤᠨ ᠶᠠᠪᠤᠳᠠᠯ᠎ᠤᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠥᠪᠡᠷᠲᠡᠭᠡᠨ ᠦᠢ᠍ᠯᠡᠴᠢᠯᠡᠬᠦ ᠦᠵᠦᠭᠦᠷ᠎ᠤᠨ ᠲᠣᠭᠲᠠᠯᠴᠠᠭ᠎ᠠ ᠵᠢ ᠪᠦᠲᠦᠭᠡᠨ ᠪᠠᠶ᠋ᠢᠭᠤᠯᠵᠤ᠂ ᠣᠯᠠᠨ ᠲᠦᠮᠡᠨ᠎ᠳᠤ 《ᠭᠡᠷ᠎ᠠᠴᠠ᠎ᠪᠠᠨ ᠭᠠᠷᠬᠤ ᠦᠭᠡᠢ》᠂ 《ᠨᠡᠶ᠋ᠢᠭᠡᠮ ᠲᠣᠭᠤᠷᠢᠭ᠎ᠠᠴᠠ ᠭᠠᠷᠬᠤ ᠦᠭᠡᠢ》᠂ 《ᠭᠠᠴᠠᠭ᠎ᠠ ᠲᠣᠰᠬᠤᠨ᠎ᠠᠴᠠ ᠭᠠᠷᠬᠤ ᠦᠭᠡᠢ》 ᠳᠥᠭᠦᠮ ᠳᠥᠲᠡ ᠦᠢ᠍ᠯᠡᠴᠢᠯᠡᠭᠡ ᠵᠢ ᠬᠠᠩᠭ᠋ᠠᠨ᠎ᠠ᠃

  (ᠲᠦᠷᠪᠡ) ᠨᠡᠶ᠋ᠢᠭᠡᠮ᠎ᠤᠨ ᠵᠠᠰᠠᠯᠲᠠ ᠵᠢᠨ ᠲᠠᠪᠴᠠᠩ᠎ᠢ ᠪᠠᠶ᠋ᠢᠭᠤᠯᠤᠨ᠎ᠠ

   ᠦᠨᠳᠦᠰᠦᠨ ᠱᠠᠲᠤᠨ᠎ᠤ ᠨᠡᠶ᠋ᠢᠭᠡᠮ᠎ᠤᠨ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠳᠡᠭᠡᠭᠰᠢᠯᠡᠭᠦᠯᠬᠦ᠎ᠪᠠᠷ ᠬᠠᠷᠠᠯᠲᠠ ᠪᠣᠯᠭ᠋ᠠᠵᠤ᠂ ᠣᠶᠤᠨᠴᠢ ᠥᠨᠳᠥᠷ ᠪᠦᠲᠦᠮᠵᠢᠲᠡᠶ ᠨᠡᠶ᠋ᠢᠭᠡᠮ᠎ᠤᠨ ᠵᠠᠰᠠᠯᠲᠠ ᠵᠢᠨ ᠲᠠᠪᠴᠠᠩ᠎ᠢ ᠪᠦᠲᠦᠭᠡᠨ ᠪᠠᠶ᠋ᠢᠭᠤᠯᠵᠤ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠨ᠎ᠠ᠃

  11. ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ᠎ᠳᠤ ᠦᠢ᠍ᠯᠡᠴᠢᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠬᠤ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃  ᠵᠠᠰᠠᠭ᠎ᠤᠨ ᠶᠠᠪᠤᠳᠠᠯ᠎ᠤᠨ ᠡᠭᠦᠯᠡᠨ ᠸᠢᠳᠢᠤ᠋ ᠬᠤᠷᠠᠯ᠎ᠤᠨ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠎ᠲᠠᠢ ᠤᠶᠠᠯᠳᠤᠭᠤᠯᠤᠨ᠂ ᠡᠯ᠎ᠡ ᠰᠠᠯᠠᠭ᠎ᠠ ᠮᠥᠴᠢᠷ ᠨᠢᠭᠡᠴᠢ ᠵᠢᠨ ᠲᠣᠮᠣ ᠲᠣᠭ᠎ᠠ ᠪᠠᠷᠢᠮᠲᠠ ᠵᠢᠨ ᠬᠡᠷᠡᠭᠯᠡᠭᠡᠨ᠎ᠤ ᠰᠢᠰᠲ᠋ᠧᠮ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠨᠢᠭᠡᠳᠦᠯᠲᠡᠶ ᠵᠢᠯᠣᠭᠤᠳᠤᠨ ᠲᠣᠬᠢᠷᠠᠭᠤᠯᠬᠤ ᠲᠠᠪᠴᠠᠩ᠎ᠢ ᠪᠦᠲᠦᠭᠡᠨ ᠪᠠᠶ᠋ᠢᠭᠤᠯᠵᠤ᠂ ᠤᠶᠤᠨᠴᠢᠯᠠᠭᠰᠠᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠵᠦ ᠬᠤᠯᠪᠣᠭ᠋ᠠᠯᠠᠨ ᠬᠥᠳᠡᠯᠦᠯᠴᠡᠬᠦ ᠰᠦᠯᠵᠢᠶᠡᠨ᠎ᠤ ᠲᠣᠭᠲᠠᠯᠴᠠᠭ᠎ᠠ ᠵᠢ ᠪᠦᠷᠢᠯᠳᠦᠭᠦᠯᠵᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ ᠵᠢᠴᠢ ᠠᠳᠠᠯᠢ ᠪᠤᠰᠤ ᠴᠠᠭᠳᠠᠭ᠋ᠠᠨ᠎ᠤ ᠲᠥᠷᠥᠯ᠎ᠤᠨ ᠬᠤᠭᠤᠷᠣᠨᠳᠣᠬᠢ ᠨᠢᠭᠡᠳᠦᠯᠲᠡᠶ ᠵᠢᠯᠣᠭᠤᠳᠣᠯᠭ᠎ᠠ ᠵᠣᠬᠢᠴᠠᠭᠤᠯᠭ᠎ᠠ ᠵᠢ ᠪᠡᠶᠡᠯᠡᠭᠦᠯᠵᠦ᠂ ᠨᠢᠭᠡ ᠭᠠᠵᠠᠷ ᠣᠷᠣᠨ᠎ᠤ ᠠᠮᠤᠷ ᠲᠦᠪᠰᠢᠨ ᠪᠠ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠳᠤᠮᠳᠠ ᠨᠡᠶ᠋ᠢᠭᠡᠮ᠎ᠤᠨ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃

  12. ᠦᠢ᠍ᠯᠡᠴᠢᠯᠡᠭᠡᠨ᠎ᠤ ᠭᠤᠣᠯᠳᠠᠯᠭ᠎ᠠ᠎ᠲᠠᠢ ᠬᠦᠷᠢᠶᠡᠨ᠎ᠳᠤ ᠸᠢᠳᠢᠣ᠋᠎ᠪᠠᠷ ᠬᠢᠨᠠᠨ ᠡᠵᠡᠮᠳᠡᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ 《ᠰᠢᠤᠸᠠᠢ ᠯᠢᠶᠠᠩ ᠢᠨᠵᠧᠨᠧᠷᠢᠩ》᠎ᠲᠠᠢ ᠢᠳᠡᠪᠬᠢᠲᠡᠶ᠎ᠪᠠᠷ ᠵᠣᠯᠭ᠋ᠠᠭᠤᠯᠵᠤ᠂ ᠨᠢᠭᠡᠳᠦᠯᠲᠡᠶ ᠲᠥᠯᠥᠪᠵᠢᠭᠦᠯᠬᠦ᠂ ᠰᠢᠨᠵᠢᠯᠡᠬᠦ ᠤᠬᠠᠭ᠋ᠠᠨᠴᠢ᠎ᠪᠠᠷ ᠴᠡᠭ ᠪᠠᠶ᠋ᠢᠷᠢᠯᠠᠭᠤᠯᠬᠤ ᠵᠠᠷᠴᠢᠮ ᠶᠣᠰᠣᠭ᠋ᠠᠷ᠂ ᠪᠥᠬᠦ ᠣᠷᠣᠨ᠎ᠤ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠸᠢᠳᠢᠣ᠋᠎ᠪᠠᠷ ᠬᠢᠨᠠᠨ ᠡᠵᠡᠮᠳᠡᠬᠦ ᠰᠢᠰᠲ᠋ᠧᠮ ᠪᠠ ᠲᠤᠭ᠎ᠠ ᠪᠠᠷᠢᠮᠲᠠ ᠵᠢᠨ ᠡᠬᠢ ᠪᠠᠶᠠᠯᠢᠭ᠎ᠤᠨ ᠬᠥᠮᠥᠷᠭᠡ ᠵᠢ ᠪᠠᠶ᠋ᠢᠭᠤᠯᠵᠤ᠂ ᠡᠯ᠎ᠡ ᠰᠠᠯᠠᠭ᠎ᠠ ᠮᠥᠴᠢᠷ᠎ᠤᠨ ᠬᠡᠷᠡᠭᠴᠡᠭᠡ ᠶᠣᠰᠣᠭ᠋ᠠᠷ ᠰᠢᠯᠵᠢᠭᠦᠯᠦᠨ ᠬᠡᠷᠡᠭᠯᠡᠬᠦ ᠵᠢ ᠬᠠᠩᠭ᠋ᠠᠨ᠎ᠠ᠃ ᠡᠨᠡ ᠬᠦ᠌ ᠰᠠᠭᠤᠷᠢᠨ ᠳᠡᠭᠡᠷ᠎ᠡ᠂ ᠠᠶᠤᠯᠭᠦᠢ ᠦᠢ᠍ᠯᠡᠳᠪᠦᠷᠢᠯᠡᠯ᠂ ᠤᠢ ᠰᠢᠭᠤᠢ ᠵᠢᠨ ᠭᠠᠯ ᠰᠡᠷᠭᠡᠢ᠌ᠯᠡᠯᠲᠡ᠂ ᠬᠢᠯᠢ ᠵᠢᠨ ᠬᠠᠮᠢᠶᠠᠷᠤᠯᠲᠠ ᠡᠵᠡᠮᠳᠡᠯ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ᠂ ᠵᠢᠭᠤᠯᠴᠢᠯᠠᠯ᠎ᠤᠨ ᠦᠵᠡᠮᠵᠢ ᠵᠢᠨ ᠭᠠᠵᠠᠷ ᠵᠡᠷᠭᠡ ᠸᠢᠳᠢᠣ᠋᠎ᠪᠠᠷ ᠬᠢᠨᠠᠨ ᠡᠵᠡᠮᠳᠡᠬᠦ ᠰᠢᠰᠲ᠋ᠧᠮ᠎ᠢ ᠠᠯᠬᠤᠮ ᠠᠯᠬᠤᠮ ᠵᠶ᠋ᠠᠷ ᠨᠡᠮᠡᠭᠳᠡᠭᠦᠯᠵᠦ᠂ ᠭᠤᠣᠯᠳᠠᠯᠭ᠎ᠠ᠎ᠲᠠᠢ ᠣᠷᠣᠨ ᠪᠠᠶ᠋ᠢᠷᠢ᠂ ᠬᠠᠯᠠᠮᠰᠢᠯ ᠴᠡᠭ᠂ ᠰᠡᠷᠭᠡᠭ ᠭᠠᠵᠠᠷ ᠣᠷᠣᠨ ᠵᠡᠷᠭᠡ ᠵᠢ ᠴᠠᠭ ᠲᠤᠬᠠᠢ᠎ᠳᠤ᠎ᠨᠢ ᠬᠢᠨᠠᠨ ᠡᠵᠡᠮᠳᠡᠬᠦ ᠬᠠᠮᠢᠶᠠᠷᠤᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢᠨ ᠪᠦᠳᠦᠭᠡᠨ ᠪᠠᠶ᠋ᠢᠭᠤᠯᠤᠯᠲᠠ᠎ᠳᠤ ᠬᠦᠴᠦᠨ ᠨᠡᠮᠡᠷᠢᠯᠡᠨ᠎ᠡ᠃

  13. ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠦᠢ᠍ᠯᠡᠴᠢᠯᠡᠵᠦ᠂ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃  ᠪᠥᠬᠦ ᠣᠷᠣᠨ᠎ᠤ ᠬᠤᠲᠠ ᠬᠥᠳᠡᠭᠡ ᠵᠢ ᠬᠠᠮᠤᠷᠤᠭᠰᠠᠨ ᠷᠠᠳᠢᠣ᠋ ᠲᠧᠯᠸᠢᠰ᠎ᠤᠨ ᠬᠡᠷᠡᠭᠯᠡᠭᠴᠢ ᠪᠠ ᠪᠥᠬᠦ ᠣᠷᠣᠨ᠎ᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ 12388 ᠦᠵᠦᠭᠦᠷ᠎ᠲᠤ ᠲᠦᠰᠢᠭᠯᠡᠨ᠂ ᠨᠢᠭᠡᠳᠦᠯᠲᠡᠶ ᠲᠠᠪᠴᠠᠩ᠂ ᠱᠠᠲᠤ ᠬᠤᠪᠢᠶᠠᠨ ᠬᠠᠮᠢᠶᠠᠷᠬᠤ ᠶᠡᠷᠦᠩᠬᠡᠶ᠋ᠢᠯᠡᠭᠰᠡᠨ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠎ᠢ ᠪᠠᠶ᠋ᠢᠭᠤᠯᠵᠤ᠂ ᠬᠠᠮᠤᠭ᠎ᠤᠨ ᠲᠦᠷᠭᠡᠨ ᠠᠷᠭ᠎ᠠ ᠬᠡᠯᠪᠡᠷᠢ᠎ᠪᠠᠷ ᠬᠠᠮᠤᠭ᠎ᠤᠨ ᠦᠨᠳᠦᠰᠦᠨ ᠱᠠᠲᠤᠨ᠎ᠤ ᠣᠯᠠᠨ ᠲᠦᠮᠡᠨ᠎ᠳᠤ ᠬᠠᠮᠤᠭ᠎ᠤᠨ ᠡᠷᠬᠡ ᠰᠦᠷᠲᠦ ᠮᠡᠳᠡᠭᠡ ᠵᠠᠩᠭᠢ ᠵᠢ ᠨᠡᠶ᠋ᠢᠲᠡᠯᠡᠵᠦ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠯᠣᠭᠤᠳᠣᠯᠭ᠎ᠠ ᠬᠢᠬᠦ ᠵᠡᠷᠭᠡ ᠲᠠᠯ᠎ᠠ᠎ᠪᠠᠷ ᠳᠡᠭᠡᠳᠦ ᠳᠣᠤᠷᠠᠳᠤ ᠱᠠᠲᠤᠨ᠎ᠤ 《ᠰᠢᠭᠤᠳ ᠨᠡᠪᠲᠡᠷᠡᠬᠦ ᠲᠡᠷᠭᠡ》 ᠵᠢᠨ ᠦᠢ᠍ᠯᠡᠳᠦᠯ᠎ᠢ ᠪᠠᠳᠠᠷᠠᠭᠤᠯᠤᠨ᠎ᠠ᠃

  14. ᠡᠯ᠎ᠡ ᠠᠵᠢᠯ ᠲᠥᠷᠥᠯ᠎ᠳᠤ ᠦᠢ᠍ᠯᠡᠴᠢᠯᠡᠵᠦ᠂ ᠣᠶᠣᠨᠲᠤ ᠬᠠᠮᠢᠶᠠᠷᠤᠯᠲᠠ ᠵᠢᠨ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃  ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡ ᠬᠢᠭᠡᠳ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠣᠮᠣ ᠲᠣᠭ᠎ᠠ ᠪᠠᠷᠢᠮᠲᠠ᠂ ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠪᠠᠶ᠋ᠢᠭ᠋ᠠᠯᠢ ᠵᠢᠨ ᠡᠬᠢ ᠪᠠᠶᠠᠯᠢᠭ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠨ ᠠᠭᠤᠰᠤᠯᠴᠠᠨ ᠬᠥᠭᠵᠢᠬᠦ ᠪᠠ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢ ᠬᠤᠲᠠ ᠬᠥᠳᠡᠭᠡ ᠵᠢᠨ ᠣᠶᠣᠨᠲᠤ ᠬᠠᠮᠢᠶᠠᠷᠤᠯᠲᠠ ᠵᠢᠨ ᠴᠢᠬᠤᠯᠠ ᠲᠤᠯᠭ᠋ᠠᠭᠤᠷᠢᠯᠠᠯ ᠪᠣᠯᠭ᠋ᠠᠨ᠎ᠠ᠃

  (ᠲᠠᠪᠤ) ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠪᠠᠢ᠌ᠭᠤᠯᠤᠨ᠎ᠠ

  《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ᠎ᠳᠤ ᠰᠠᠭᠤᠷᠢᠯᠠᠨ᠂ ᠲᠧᠯᠸᠢᠰ᠎ᠤᠨ ᠦᠵᠦᠭᠦᠷ᠎ᠤᠨ ᠣᠶᠤᠨᠴᠢ ᠬᠡᠷᠡᠭᠯᠡᠯᠲᠡ᠎ᠪᠠᠷ ᠲᠤᠯᠭ᠋ᠠᠭᠤᠷᠢᠯᠠᠯ ᠪᠣᠯᠭ᠋ᠠᠵᠤ᠂ ᠪᠥᠬᠦ ᠲᠠᠯ᠎ᠠ ᠵᠢᠨ 《ᠤᠶᠤᠨᠲᠤ ᠷᠠᠳᠢᠣ᠋ ᠲᠧᠯᠸᠢᠰ +》᠎ᠤᠨ ᠦᠢ᠍ᠯᠡᠴᠢᠯᠡᠭᠡ ᠬᠠᠩᠭ᠋ᠠᠵᠤ᠂ ᠬᠤᠲᠠ ᠪᠠᠯᠭ᠋ᠠᠰᠤ ᠨᠡᠶ᠋ᠢᠭᠡᠮ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ᠎ᠳᠤ ᠦᠢ᠍ᠯᠡᠴᠢᠯᠡᠬᠦ ᠶᠡᠷᠦᠩᠬᠡᠶ᠋ᠢᠯᠡᠭᠰᠡᠨ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠪᠠᠶ᠋ᠢᠭᠤᠯᠤᠨ᠂ ᠲᠣᠭ᠋ᠠᠴᠢᠯᠠᠭᠰᠠᠨ ᠬᠡᠷ ᠪᠦᠯᠢ ᠵᠢᠨ ᠠᠮᠢᠳᠤᠷᠠᠯ᠎ᠤᠨ ᠬᠡᠷᠡᠭᠯᠡᠭᠡᠨ᠎ᠤ ᠲᠥᠪ᠎ᠢ ᠪᠣᠶ ᠪᠣᠯᠭ᠋ᠠᠨ᠎ᠠ᠃

  15. ᠰᠣᠶᠣᠯ᠎ᠤᠨ ᠦᠢ᠍ᠯᠡᠴᠢᠯᠡᠭᠡᠨ᠎ᠤ ᠲᠠᠪᠴᠠᠩ᠎ᠢ ᠥᠷᠭᠡᠳᠭᠡᠨ᠎ᠡ᠃  ᠣᠯᠠᠨ ᠲᠦᠮᠡᠨ᠎ᠤ ᠰᠢᠨ᠎ᠡ ᠬᠡᠷᠡᠭᠴᠡᠭᠡ ᠱᠠᠭ᠋ᠠᠷᠳᠠᠯᠭ᠎ᠠ ᠵᠢᠨ ᠲᠣᠭᠤᠷᠢᠨ᠎ᠳᠤ᠂ ᠲᠧᠯᠸᠢᠰ᠎ᠤᠨ ᠫᠷᠤᠭ᠌ᠷᠠᠮ᠎ᠤᠨ ᠠᠭᠤᠯᠭ᠎ᠠ ᠵᠢ ᠪᠠᠶᠠᠯᠢᠭᠵᠢᠭᠤᠯᠵᠤ᠂ ᠢᠯᠠᠩᠭᠤᠶ᠎ᠠ ᠮᠣᠩᠭᠤᠯ ᠬᠡᠯᠡᠨ᠎ᠤ ᠲᠧᠯᠸᠢᠰ᠎ᠤᠨ ᠫᠷᠤᠭ᠌ᠷᠠᠮ᠎ᠤᠨ ᠠᠭᠤᠯᠭ᠎ᠠ ᠵᠢ ᠬᠠᠩᠭ᠋ᠠᠵᠤ᠂ ᠣᠶᠣᠨᠴᠢ ᠦᠵᠦᠭᠦᠷ᠂ ᠣᠶᠤᠨᠴᠢ ᠭᠡᠷ᠎ᠤᠨ ᠬᠡᠷᠡᠭᠰᠡᠯ᠎ᠤᠨ ᠰᠢᠨ᠎ᠡ ᠵᠢ ᠡᠭᠦᠳᠦᠨ ᠬᠡᠷᠡᠭᠯᠡᠬᠦ ᠵᠢ ᠳᠡᠯᠭᠡᠷᠡᠭᠦᠯᠦᠨ᠂ 《ᠪᠢᠴᠢᠭ᠎ᠤᠨ ᠰᠤᠷᠪᠤᠯᠵᠢᠲᠤ ᠥᠪᠥᠷ ᠮᠣᠩᠭᠤᠯ — ᠲᠧᠯᠸᠢᠰ᠎ᠤᠨ ᠨᠣᠮ᠎ᠤᠨ ᠰᠠᠩ》 ᠵᠡᠷᠭᠡ ᠣᠶᠤᠨᠴᠢ ᠬᠡᠷᠡᠭᠯᠡᠭᠡᠨ᠎ᠤ ᠨᠡᠷᠡᠲᠦ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠷᠠᠳᠢᠣ᠋ ᠲᠧᠯᠸᠢᠰ᠂ ᠺᠢᠨᠣ᠋᠂ ᠲᠠᠭᠤ ᠳᠦᠷᠰᠦ ᠰᠢᠩᠭᠡᠭᠡᠯᠲᠡ᠂ ᠳᠠᠭᠤᠷᠢᠯᠢᠭ᠂ ᠵᠢᠷᠤᠭᠲᠤ ᠨᠣᠮ᠂ ᠰᠣᠨᠢᠨ᠂ ᠰᠡᠳᠬᠦᠯ᠂ ᠤᠯᠠᠭ᠋ᠠᠨᠮᠥ᠋ᠴᠢᠷ᠂ ᠮᠦᠽᠧᠶ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠣᠷᠳᠣᠨ ᠵᠡᠷᠭᠡ ᠰᠣᠶᠣᠯ᠎ᠤᠨ ᠡᠬᠢ ᠪᠠᠶᠠᠯᠢᠭ᠎ᠤᠨ ᠬᠤᠷᠠᠮᠳᠤᠯ᠎ᠢ ᠮᠠᠯᠵᠢᠬᠤ ᠲᠠᠷᠢᠶᠠᠯᠠᠬᠤ ᠣᠷᠣᠨ᠎ᠳᠤ ᠬᠦᠷᠭᠡᠵᠦ᠂ ᠬᠤᠲᠠ ᠬᠥᠳᠡᠭᠡ ᠵᠢᠨ ᠭᠡᠷ ᠪᠦᠯᠢ ᠰᠠᠭᠤᠭ᠋ᠠᠯᠢ ᠡᠷᠦᠬᠡ᠎ᠳᠤ ᠬᠦᠷᠭᠡᠨ᠎ᠡ᠃

  16. ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠤᠨ᠎ᠠ᠃  ᠲᠧᠯᠸᠢᠰ᠎ᠤᠨ ᠲᠣᠮᠣ ᠳᠡᠯᠭᠡᠴᠡ ᠵᠢᠨ ᠳᠠᠪᠠᠭᠤᠯᠢᠭ᠎ᠲᠤ ᠲᠦᠰᠢᠭᠯᠡᠨ᠂ ᠰᠦᠯᠵᠢᠶᠡᠨ ᠳᠡᠭᠡᠷᠡᠬᠢ ᠰᠤᠷᠭ᠋ᠠᠨ ᠬᠥᠮᠦᠵᠢᠯ᠎ᠤᠨ ᠲᠠᠪᠴᠠᠩ᠎ᠢ ᠨᠡᠭᠡᠭᠡᠨ ᠬᠥᠭᠵᠢᠭᠦᠯᠵᠦ᠂ ᠠᠳᠠᠯᠢ ᠪᠤᠰᠤ ᠪᠥᠯᠬᠦᠮ᠎ᠤᠨ ᠰᠤᠷᠤᠯᠴᠠᠬᠤ ᠬᠡᠷᠡᠭᠴᠡᠭᠡ ᠵᠢ ᠴᠠᠭ ᠲᠤᠬᠠᠶ᠎ᠳᠤ᠎ᠨᠢ ᠬᠠᠩᠭ᠋ᠠᠨ᠎ᠠ; 5G ᠵᠢᠨ ᠲᠧᠯᠸᠢᠰ᠎ᠤᠨ ᠦᠵᠦᠭᠦᠷ᠎ᠤᠨ ᠡᠷᠡᠭᠦᠯ ᠮᠡᠨᠳᠦ ᠵᠢᠨ ᠡᠮᠴᠢᠯᠡᠭᠡᠨ᠎ᠤ ᠬᠡᠷᠡᠭᠯᠡᠭᠡᠨ᠎ᠤ ᠰᠤᠳᠤᠯᠤᠨ ᠨᠡᠭᠡᠭᠡᠬᠦ ᠵᠢ ᠰᠦᠪᠡᠭᠴᠢᠯᠡᠵᠦ᠂ ᠰᠦᠯᠵᠢᠶᠡᠨ ᠳᠡᠭᠡᠷ᠎ᠡ ᠲᠣᠭᠤᠷᠢᠨ ᠡᠮᠨᠡᠬᠦ᠂ ᠰᠦᠯᠵᠢᠶᠡᠨ ᠳᠡᠭᠡᠷ᠎ᠡ ᠬᠠᠮᠲᠤᠷᠠᠨ ᠣᠨᠣᠰᠢᠯᠠᠬᠤ᠂ ᠮᠡᠰᠡ ᠵᠠᠰᠠᠯ᠎ᠢ ᠲᠣᠭᠤᠷᠢᠨ ᠦᠵᠡᠬᠦ᠂ ᠰᠦᠯᠵᠢᠶᠡᠨ ᠳᠡᠭᠡᠷ᠎ᠡ ᠵᠥᠪᠯᠡᠯᠭᠡ ᠥᠭᠬᠦ᠂ ᠣᠨᠣᠰᠢᠯᠠᠨ ᠡᠮᠨᠡᠬᠦ ᠵᠢ ᠪᠠᠶ᠋ᠢᠴᠠᠭ᠋ᠠᠨ ᠯᠠᠪᠯᠠᠬᠤ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ; ᠲᠧᠯᠸᠢᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠴᠢᠳᠠᠮᠵᠢ ᠵᠢ ᠲᠡᠭᠦᠯᠳᠡᠷᠵᠢᠭᠦᠯᠵᠦ᠂ ᠣᠯᠠᠨ ᠲᠦᠮᠡᠨ᠎ᠳᠤ ᠴᠠᠭ ᠲᠤᠬᠠᠶ᠎ᠳᠤ᠎ᠨᠢ ᠲᠥᠷᠥ ᠵᠢᠨ ᠪᠣᠳᠣᠯᠭ᠎ᠠ ᠵᠢᠨ ᠬᠠᠷᠢᠭᠤᠯᠲᠠ ᠥᠭᠬᠦ᠂ ᠬᠠᠤᠯᠢ ᠴᠠᠭ᠋ᠠᠵᠠ ᠵᠢᠨ ᠵᠥᠪᠯᠡᠯᠭᠡ ᠥᠭᠬᠦ᠂ ᠪᠢᠴᠢᠭ ᠮᠠᠲ᠋ᠧᠷᠢᠶᠠᠯ ᠪᠠᠭᠤᠯᠭ᠋ᠠᠬᠤ᠂ ᠬᠠᠤᠯᠢ ᠴᠠᠭ᠋ᠠᠵᠠ ᠵᠢᠨ ᠲᠤᠰᠠᠯᠠᠮᠵᠢ ᠦᠵᠡᠭᠦᠯᠬᠦ ᠵᠡᠷᠭᠡ ᠦᠢ᠍ᠯᠡᠴᠢᠯᠡᠭᠡ ᠵᠢ ᠬᠠᠩᠭ᠋ᠠᠨ᠎ᠠ᠃

  17. ᠡᠯᠸᠺᠲᠷᠣᠨ ᠬᠤᠳᠠᠯᠳᠤᠭ᠋ᠠᠨ᠎ᠤ ᠦᠢ᠍ᠯᠡᠴᠢᠯᠡᠭᠡᠨ᠎ᠤ ᠲᠠᠪᠴᠠᠩ᠎ᠢ ᠪᠦᠲᠦᠭᠡᠨ ᠪᠠᠶ᠋ᠢᠭᠤᠯᠤᠨ᠎ᠠ᠃  ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠬᠠᠷᠢᠯᠴᠠᠨ ᠤᠶᠠᠯᠳᠤᠭᠤᠯᠤᠭᠰᠠᠨ ᠡᠯᠸᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠰᠢᠰᠲ᠋ᠧᠮ᠎ᠢ ᠪᠦᠲᠦᠭᠡᠨ ᠪᠠᠶ᠋ᠢᠭᠤᠯᠵᠤ᠂ 《ᠤᠶᠤᠨᠲᠤ ᠷᠠᠳᠢᠣ᠋ ᠲᠧᠯᠸᠢᠰ》᠎ᠤᠨ ᠡᠯᠸᠺᠲᠷᠣᠨ ᠬᠤᠳᠠᠯᠳᠤᠭ᠋ᠠᠨ᠎ᠤ ᠲᠠᠪᠴᠠᠩ᠎ᠢ ᠪᠣᠶ ᠪᠣᠯᠭ᠋ᠠᠵᠤ᠂ ᠤᠯᠤᠰ᠎ᠤᠨ ᠳᠣᠲᠣᠭ᠋ᠠᠳᠤ ᠵᠢᠨ ᠭᠤᠤᠯ ᠤᠷᠤᠰᠬᠠᠯ᠎ᠤᠨ ᠡᠯᠸᠺᠲᠷᠣᠨ ᠬᠤᠳᠠᠯᠳᠤᠭ᠎ᠠ᠎ᠲᠠᠢ ᠵᠣᠯᠭ᠋ᠠᠭᠤᠯᠵᠤ᠂ ᠲᠠᠪᠴᠠᠩ᠂ ᠪᠠᠷᠠᠭ᠋ᠠᠨ᠎ᠤ ᠭᠦᠢ᠍ᠯᠭᠡᠭᠡ ᠵᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠵᠦ᠂ 《ᠲᠠᠷᠢᠶᠠᠯᠠᠩ ᠮᠠᠯ ᠠᠵᠤ ᠠᠬᠤᠶ ᠵᠢᠨ ᠣᠨᠴᠠᠭ᠋ᠠᠢ》 ᠪᠦᠲᠦᠭᠡᠭᠳᠡᠬᠦᠨ᠎ᠢ ᠲᠠᠨᠢᠯᠴᠠᠭᠤᠯᠵᠤ ᠡᠵᠡᠩᠨᠡᠨ ᠪᠣᠷᠣᠯᠠᠭᠤᠯᠬᠤ ᠰᠢᠨ᠎ᠡ ᠵᠠᠭᠪᠤᠷ᠎ᠢ ᠪᠣᠶ ᠪᠣᠯᠭ᠋ᠠᠵᠤ᠂ ᠬᠠᠮᠤᠭ᠎ᠤᠨ ᠳᠣᠤᠷ᠎ᠠ ᠥᠪᠡᠷ᠎ᠤᠨ ᠥᠷᠲᠡᠭ᠂ ᠬᠠᠮᠤᠭ᠎ᠤᠨ ᠰᠢᠯᠢᠳᠡᠭ ᠶᠠᠰᠤ ᠴᠢᠨᠠᠷ᠂ ᠬᠠᠮᠤᠭ᠎ᠤᠨ ᠥᠨᠳᠥᠷ ᠴᠢᠨᠠᠷ ᠦᠨ᠎ᠡ ᠵᠢᠨ ᠬᠠᠷᠢᠴᠠᠯ ᠵᠶ᠋ᠠᠷ ᠪᠥᠬᠦ ᠣᠷᠣᠨ᠎ᠤ ᠬᠡᠷᠡᠭᠯᠡᠭᠴᠢᠳ᠎ᠲᠤ ᠬᠠᠮᠤᠭ᠎ᠤᠨ ᠶᠡᠭᠡ ᠪᠣᠳᠠᠲᠤ ᠠᠰᠢᠭ ᠬᠦᠷᠲᠡᠭᠡᠵᠦ᠂ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠎ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠦᠢ᠍ᠯᠡᠴᠢᠯᠡᠵᠦ᠂ ᠴᠢᠨᠡᠭᠡᠯᠢᠭ ᠨᠡᠶ᠋ᠢᠭᠡᠮ᠎ᠢ ᠪᠥᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ ᠰᠢᠢ᠍ᠳᠪᠦᠷᠢᠲᠦ ᠢᠯᠠᠯᠲᠠ ᠵᠢ ᠣᠯᠣᠨ᠎ᠠ᠃

   ᠳᠥᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ

  (ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠵᠶ᠋ᠠᠷ ᠲᠦᠷᠦᠭᠦᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢᠵᠢᠯᠲᠠ᠂ ᠳᠣᠲᠣᠭ᠋ᠠᠳᠤ ᠵᠢ ᠬᠠᠮᠠᠭ᠋ᠠᠯᠠᠬᠤ᠂ ᠬᠠᠤᠯᠢ ᠴᠠᠭ᠋ᠠᠵᠠ᠂ ᠲᠠᠷᠢᠶᠠᠯᠠᠩ ᠮᠠᠯ ᠠᠵᠤ ᠠᠬᠤᠶ᠂ ᠰᠣᠶᠣᠯ ᠵᠢᠭᠤᠯᠴᠢᠯᠠᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ᠂ ᠷᠠᠳᠢᠣ᠋ ᠲᠧᠯᠸᠢᠰ᠂ ᠲᠣᠮᠣ ᠲᠣᠭ᠎ᠠ ᠪᠠᠷᠢᠮᠲᠠ᠂ ᠵᠠᠰᠠᠭ᠎ᠤᠨ ᠶᠠᠪᠤᠳᠠᠯ ᠵᠡᠷᠭᠡ ᠨᠢᠭᠡᠴᠢ ᠬᠠᠮᠵᠢᠯᠴᠠᠵᠤ᠂ ᠦᠵᠦ ᠲᠥᠯᠥᠪᠯᠡᠭᠡ ᠵᠢ ᠴᠢᠩᠭ᠋ᠠᠳᠬᠠᠨ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠵᠢ ᠴᠢᠩᠭ᠋ᠠᠷᠠᠭᠤᠯᠵᠤ᠂ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠂ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ ᠢᠨᠵᠧᠨᠧᠷᠢᠩ᠎ᠤᠨ ᠬᠡᠷᠡᠭᠵᠢᠭᠦᠯᠦᠯᠲᠡ ᠵᠢᠨ ᠲᠥᠯᠥᠪᠵᠢᠭᠦᠯᠭᠡ ᠵᠢᠷᠤᠭ ᠲᠥᠯᠥᠪᠯᠡᠭᠡ᠂ ᠵᠣᠬᠢᠴᠠᠭᠤᠯᠤᠨ ᠨᠠᠶ᠋ᠢᠳᠠᠪᠤᠷᠢᠵᠢᠭᠤᠯᠬᠤ᠂ ᠵᠣᠬᠢᠶᠠᠨ ᠪᠠᠶ᠋ᠢᠭᠤᠯᠤᠨ ᠠᠬᠢᠭᠤᠯᠬᠤ᠂ ᠪᠣᠳᠠᠲᠠᠶ ᠬᠡᠷᠡᠭᠵᠢᠭᠦᠯᠬᠦ ᠵᠢ ᠬᠠᠷᠢᠭᠤᠴᠠᠨ᠎ᠠ᠃

  (ᠬᠤᠶᠠᠷ) ᠲᠦᠷᠦ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ

   ᠵᠠᠰᠠᠭ᠎ᠤᠨ ᠣᠷᠳᠣᠨ ᠵᠶ᠋ᠠᠷ ᠭᠣᠤᠯᠯᠠᠭᠤᠯᠬᠤ᠂ ᠵᠠᠬ᠎ᠠ ᠳᠡᠯᠭᠡᠭᠦᠷ ᠵᠶ᠋ᠠᠷ ᠠᠵᠢᠯᠯᠠᠭᠤᠯᠬᠤ᠂ ᠠᠵᠤ ᠠᠬᠤᠶ᠋ᠢᠯᠠᠯ᠎ᠢ ᠬᠡᠷᠡᠭᠵᠢᠭᠦᠯᠬᠦ ᠵᠢ ᠪᠠᠷᠢᠮᠲᠠᠯᠠᠨ᠂ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠶ᠋ᠢᠯᠠᠯ᠎ᠤᠨ ᠴᠢᠳᠠᠮᠠᠭ᠋ᠠᠶ ᠦᠢ᠍ᠯᠡᠳᠦᠯ᠎ᠢ ᠲᠣᠪᠤᠶ᠋ᠢᠯᠭ᠋ᠠᠵᠦ᠂ ᠵᠠᠬ᠎ᠠ ᠳᠡᠯᠭᠡᠭᠦᠷ᠎ᠤᠨ ᠵᠣᠬᠢᠴᠠᠮᠵᠢ ᠵᠢᠨ ᠰᠢᠢ᠍ᠳᠪᠦᠷᠢᠯᠡᠬᠦ ᠴᠢᠨᠠᠷᠲᠠᠶ ᠦᠢ᠍ᠯᠡᠳᠦᠯ᠎ᠢ ᠪᠠᠳᠠᠷᠠᠭᠤᠯᠤᠨ᠂ ᠨᠡᠶ᠋ᠢᠭᠡᠮ᠎ᠤᠨ ᠬᠦᠴᠦᠨ᠎ᠤ ᠣᠷᠣᠯᠴᠠᠯᠭ᠎ᠠ ᠵᠢ ᠳᠡᠶ᠋ᠢᠴᠢᠯᠡᠵᠦ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠭᠣᠤᠯ ᠴᠣᠭᠴᠠ ᠵᠢ ᠨᠡᠩ ᠣᠯᠠᠨ ᠡᠰᠢᠲᠦ᠂ ᠵᠣᠬᠢᠴᠠᠮᠵᠢ᠎ᠨᠢ ᠨᠡᠩ ᠠᠮᠢᠳᠤᠯᠢᠭ᠂ ᠶᠠᠰᠤ ᠴᠢᠨᠠᠷ᠎ᠨᠢ ᠨᠡᠩ ᠰᠢᠯᠢᠳᠡᠭ᠂ ᠦᠢ᠍ᠯᠡᠴᠢᠯᠡᠭᠡ᠎ᠨᠢ ᠨᠡᠩ ᠦᠷᠭᠦᠯᠵᠢᠯᠡᠬᠦᠢ᠌ᠴᠡ ᠪᠣᠯᠭ᠋ᠠᠨ᠎ᠠ᠃ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠪᠦᠷᠬᠦᠴᠡ ᠬᠢᠭᠡᠳ ᠬᠡᠷᠡᠭᠯᠡᠯᠲᠡ ᠵᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠨᠢᠭᠡ ᠴᠣᠭᠴᠠᠵᠢᠭᠰᠠᠨ ᠪᠥᠲᠥᠭᠡᠨ ᠪᠠᠶ᠋ᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠥᠭᠵᠢᠯᠲᠡ ᠵᠢᠨ ᠲᠥᠯᠥᠪᠵᠢᠭᠦᠯᠭᠡ᠎ᠳᠤ ᠣᠷᠣᠭᠤᠯᠵᠤ᠂ ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠂ ᠪᠠᠯᠠ ᠮᠥᠩᠭᠦ ᠵᠢᠨ ᠣᠷᠣᠭᠤᠯᠤᠯᠲᠠ᠂ ᠠᠵᠤ ᠦᠢ᠍ᠯᠡᠰ᠎ᠤᠨ ᠲᠤᠯᠭ᠋ᠠᠭᠤᠷᠢᠯᠠᠯ᠂ ᠲᠥᠷᠥᠯ ᠵᠦᠢ᠍ᠯ᠎ᠢ ᠠᠭᠤᠰᠤᠯᠴᠠᠭᠤᠯᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠦᠨ᠎ᠡ᠃

  (ᠭᠤᠷᠪᠠ) ᠵᠢᠱ᠌ᠢᠶ᠎ᠡ ᠦᠵᠡᠭᠦᠯᠵᠦ ᠬᠦᠲᠦᠯᠦᠨ ᠵᠢᠯᠤᠭᠤᠳᠬᠤ ᠵᠢ ᠴᠢᠩᠭ᠋ᠠᠳᠬᠠᠨ᠎ᠠ

   ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠪᠠ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠵᠢ ᠴᠢᠩᠭ᠋ᠠᠷᠠᠭᠤᠯᠵᠤ᠂ ᠪᠣᠳᠠᠲᠤ ᠪᠠᠶ᠋ᠢᠳᠠᠯ ᠪᠠ ᠬᠡᠷᠡᠭᠴᠡᠭᠡ᠎ᠳᠤ ᠴᠢᠭᠯᠡᠭᠦᠯᠦᠨ᠂ 《ᠨᠢᠭᠡ ᠬᠡᠷᠡᠭ᠎ᠢ ᠨᠢᠭᠡ ᠵᠥᠪᠯᠡᠬᠦ》᠂ 《ᠨᠢᠭᠡ ᠭᠠᠵᠠᠷ᠎ᠲᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ》 《ᠨᠢᠭᠡ ᠵᠦᠢ᠍ᠯᠡᠰ᠎ᠲᠤ ᠨᠢᠭᠡ ᠲᠦᠰᠦᠯ᠎ᠲᠠᠢ ᠪᠠᠶ᠋ᠢᠬᠤ》 ᠠᠷᠭ᠎ᠠ ᠵᠢ ᠠᠪᠴᠤ᠂ ᠠᠶ᠋ᠢᠮᠠᠭ ᠬᠤᠲᠠ᠂ ᠬᠤᠰᠢᠭᠤ ᠰᠢᠶᠠᠨ᠎ᠳᠤ ᠪᠦᠬᠦᠯᠢ ᠴᠣᠭᠴᠠ᠎ᠪᠠᠷ ᠲᠦᠯᠬᠢᠨ ᠠᠬᠢᠭᠤᠯᠬᠤ ᠪᠠ ᠭᠠᠴᠠᠭ᠎ᠠ ᠲᠣᠰᠬᠤᠨ (ᠨᠡᠢ᠌ᠭᠡᠮ ᠲᠤᠭᠤᠷᠢᠭ)᠎ᠳᠤ ᠨᠢᠭᠡ᠎ᠨᠢ ᠪᠣᠯᠪᠠᠰᠤᠷᠠᠩᠭᠤᠶ ᠪᠣᠯᠪᠠᠯ ᠨᠢᠭᠡ ᠵᠢ ᠪᠦᠲᠦᠭᠡᠨ ᠪᠠᠶ᠋ᠢᠭᠤᠯᠬᠤ ᠵᠡᠷᠭᠡ ᠠᠳᠠᠯᠢ ᠪᠤᠰᠤ ᠬᠡᠯᠪᠡᠷᠢ᠎ᠪᠠᠷ ᠳᠠᠮᠵᠢᠭᠤᠯᠤᠨ᠂ ᠢᠳᠡᠪᠬᠢᠲᠡᠶ ᠯᠠᠪᠳᠠᠭᠤᠨ ᠵᠶ᠋ᠠᠷ ᠲᠦᠯᠬᠢᠨ ᠠᠬᠢᠭᠤᠯᠤᠨ᠎ᠠ᠃ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠷᠠᠭᠤᠯᠵᠤ᠂ ᠣᠲᠣ ᠵᠢᠨ ᠪᠠᠶ᠋ᠢᠭ᠎ᠠ ᠪᠦᠬᠦ᠋ᠢ᠍ᠯᠡ ᠠᠶ᠋ᠢᠮᠠᠭ ᠬᠤᠲᠠ᠂ ᠪᠥᠬᠦ ᠬᠤᠰᠢᠭᠤ ᠰᠢᠶᠠᠨ ᠵᠶ᠋ᠠᠷ ᠵᠶ᠋ᠠᠨ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠪᠦᠷᠬᠦᠴᠡ ᠬᠢᠭᠡᠳ ᠬᠡᠷᠡᠭᠯᠡᠭᠡᠨ᠎ᠤ ᠪᠥᠲᠥᠭᠡᠨ ᠪᠠᠶ᠋ᠢᠭᠤᠯᠤᠯᠲᠠ ᠵᠢᠨ ᠲᠦᠪᠰᠢᠨ᠎ᠢ ᠠᠬᠢᠭᠤᠯᠵᠤ᠂ ᠬᠢᠩᠭ᠋ᠠᠨ ᠠᠶ᠋ᠢᠮᠠᠭ᠎ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠥᠬᠡᠬᠤᠲᠠ ᠵᠢᠨ ᠴᠢᠩ ᠴᠢᠤᠸᠠᠨ ᠨᠡᠶ᠋ᠢᠭᠡᠮ ᠲᠣᠭᠤᠷᠢᠭ᠂ ᠪᠤᠭᠤᠲᠤ ᠬᠤᠲᠠ ᠵᠢᠨ ᠪᠸᠢ ᠯᠢᠶᠠᠩ ᠨᠡᠶ᠋ᠢᠭᠡᠮ ᠲᠣᠭᠤᠷᠢᠭ ᠵᠡᠷᠭᠡ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡ ᠪᠠ 《ᠲᠧᠯᠸᠢᠰ ᠦᠵᠡᠬᠦ》 ᠪᠠᠶ᠋ᠢᠭᠰᠠᠨ᠎ᠠᠴᠠ 《ᠲᠧᠯᠸᠢᠰ ᠬᠡᠷᠡᠭᠯᠡᠬᠦ》 ᠪᠣᠯᠭ᠋ᠠᠨ ᠬᠤᠪᠢᠷᠠᠭᠤᠯᠬᠤ ᠲᠤᠷᠰᠢᠯᠲᠠ ᠵᠢᠨ ᠴᠡᠭ᠎ᠤᠨ ᠪᠥᠲᠥᠭᠡᠨ ᠪᠠᠶ᠋ᠢᠭᠤᠯᠤᠯᠲᠠ ᠵᠢ ᠢᠳᠡᠪᠬᠢᠲᠡᠶ ᠠᠬᠢᠭᠤᠯᠤᠨ᠎ᠠ᠃

  (ᠲᠦᠷᠪᠡ) ᠰᠦᠯᠵᠢᠶᠡᠨ᠎ᠤ ᠬᠠᠮᠠᠭ᠋ᠠᠯᠠᠯᠲᠠ ᠵᠢ ᠴᠢᠩᠭ᠋ᠠᠳᠬᠠᠨ᠎ᠠ

   ᠥᠪᠡᠷᠲᠡᠭᠡᠨ ᠵᠠᠰᠠᠬᠤ ᠣᠷᠣᠨ᠎ᠤ ᠰᠦᠯᠵᠢᠶᠡᠨ᠎ᠤ ᠠᠮᠤᠷ ᠲᠦᠪᠰᠢᠨ᠎ᠤ ᠪᠠᠶ᠋ᠢᠳᠠᠯ᠎ᠢ ᠮᠡᠳᠡᠷᠡᠬᠦ ᠲᠠᠪᠴᠠᠩ᠎ᠳᠤ ᠲᠦᠰᠢᠭᠯᠡᠨ᠂ ᠵᠠᠩᠭᠢᠯᠠᠭ᠎ᠠ ᠵᠢᠨ ᠮᠡᠳᠡᠭᠡ ᠵᠠᠩᠭᠢ ᠵᠢᠨ ᠰᠠᠭᠤᠷᠢ ᠲᠥᠬᠦᠭᠡᠷᠦᠮᠵᠢ ᠵᠢᠨ ᠠᠮᠤᠷ ᠲᠦᠪᠰᠢᠨ᠎ᠤ ᠲᠦᠭᠰᠢᠭᠦᠷᠢ ᠵᠢ ᠬᠢᠨᠠᠨ ᠰᠢᠨᠵᠢᠬᠦ ᠵᠢ ᠴᠢᠩᠭ᠋ᠠᠳᠬᠠᠨ᠎ᠠ᠃ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠪᠦᠷᠬᠦᠴᠡ ᠵᠢ ᠬᠡᠷᠡᠭᠯᠡᠯᠲᠡ ᠬᠢᠭᠡᠳ ᠰᠦᠯᠵᠢᠶᠡᠨ᠎ᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠵᠡᠷᠭᠡ᠎ᠪᠠᠷ ᠲᠥᠯᠥᠪᠵᠢᠭᠦᠯᠵᠦ᠂ ᠵᠡᠷᠭᠡ᠎ᠪᠠᠷ ᠪᠥᠲᠥᠭᠡᠨ ᠪᠠᠶ᠋ᠢᠭᠤᠯᠵᠤ᠂ ᠵᠡᠷᠭᠡ᠎ᠪᠠᠷ ᠬᠡᠷᠡᠭᠯᠡᠵᠦ᠂ ᠳᠠᠭ᠋ᠠᠷᠢᠯᠲᠠ ᠵᠢ ᠰᠡᠷᠭᠡᠶ᠋ᠢᠯᠡᠬᠦ᠂ ᠸᠢᠷᠦ᠋ᠰ᠎ᠢ ᠰᠡᠷᠭᠡᠶ᠋ᠢᠯᠡᠬᠦ᠂ ᠥᠭᠡᠷᠡᠲᠦᠭᠦᠯᠬᠦ ᠵᠢ ᠰᠡᠷᠭᠡᠢ᠌ᠯᠡᠬᠦ᠂ ᠲᠠᠮᠪᠠᠷᠠᠬᠤ ᠵᠢ ᠰᠡᠷᠭᠡᠶ᠋ᠢᠯᠡᠬᠦ᠂ ᠨᠢᠭᠤᠴᠠ ᠵᠢ ᠵᠠᠳᠠᠷᠠᠭᠤᠯᠬᠤ ᠵᠢ ᠰᠡᠷᠭᠡᠶ᠋ᠢᠯᠡᠬᠦ᠎ᠪᠠᠷ ᠭᠤᠤᠯᠳᠠᠯᠭ᠎ᠠ ᠪᠣᠯᠭ᠋ᠠᠵᠤ᠂ ᠪᠣᠬᠢᠷᠲᠤᠯ ᠥᠬᠡᠶ ᠠᠮᠤᠷ ᠲᠦᠪᠰᠢᠨ᠂ ᠬᠠᠮᠢᠶᠠᠷᠴᠤ ᠡᠵᠡᠮᠳᠡᠵᠦ ᠪᠣᠯᠬᠤ 《ᠤᠶᠤᠨᠲᠤ ᠷᠠᠳᠢᠣ᠋ ᠲᠧᠯᠸᠢᠰ》᠎ᠤᠨ ᠰᠦᠯᠵᠢᠶ᠎ᠡ ᠵᠢ ᠪᠥᠲᠥᠭᠡᠨ ᠪᠠᠶ᠋ᠢᠭᠤᠯᠤᠨ᠎ᠠ᠃

   ᠬᠠᠭᠤᠯᠤᠨ ᠬᠦᠷᠭᠡᠬᠦ᠄ ᠡᠯ᠎ᠡ ᠠᠶ᠋ᠢᠮᠠᠭ ᠬᠤᠲᠠ ᠵᠢᠴᠢ ᠮᠠᠨᠵᠤᠤᠷ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ

  

  

   ᠪᠢᠴᠢᠭ ᠮᠠᠲ᠋ᠧᠷᠢᠶᠠᠯ᠎ᠢ ᠪᠠᠭᠤᠯᠭ᠋ᠠᠬᠤ᠄ ᠥᠪᠥᠷ ᠮᠣᠩᠭᠤᠯ᠎ᠤᠨ 《ᠤᠶᠤᠨᠲᠤ ᠷᠠᠳᠢᠣ᠋ ᠲᠧᠯᠸᠢᠰ》᠎ᠤᠨ ᠰᠦᠯᠵᠢᠶᠡᠨ᠎ᠤ ᠦᠢ᠍ᠯᠡᠴᠢᠯᠡᠭᠡ ᠵᠢ ᠲᠣᠰᠬᠤᠨ᠎ᠳᠤ ᠣᠷᠣᠭᠤᠯᠬᠤ ᠪᠠ 《ᠲᠧᠯᠸᠢᠰ ᠦᠵᠡᠬᠦ》 ᠵᠢ 《ᠲᠧᠯᠸᠢᠰ ᠬᠡᠷᠡᠭᠯᠡᠬᠦ》 ᠪᠣᠯᠭ᠋ᠠᠨ ᠬᠤᠪᠢᠷᠠᠭᠤᠯᠬᠤ ᠵᠢᠨ ᠬᠡᠷᠡᠭᠵᠢᠭᠦᠯᠬᠦ ᠲᠥᠰᠦᠯ.doc

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ