ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ 《ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ
2024-07-26




ᠡᠯ᠎ᠡ ᠠᠶ᠋ᠢᠮᠠᠭ ᠬᠤᠲᠠ ᠪᠠ ᠮᠠᠨᠵᠤᠤᠷ ᠬᠤᠲᠠ᠂ ᠡᠷᠢᠶᠡᠨ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ᠄

   ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠠᠮᠢᠶᠠᠷᠬᠤ ᠰᠢᠰᠲ᠋ᠧᠮ᠎ᠤᠨ ᠵᠢᠷᠤᠮᠵᠢᠭᠰᠠᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠮᠠᠨ᠎ᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ ᠬᠢᠨᠠᠨ ᠬᠠᠮᠢᠶᠠᠷᠬᠤ  ᠴᠢᠳᠠᠪᠤᠷᠢ ᠪᠠ  ᠲᠦᠪᠰᠢᠨ᠎ᠢ ᠳᠡᠭᠡᠭᠰᠢᠯᠡᠭᠦᠯᠬᠦ ᠵᠢᠨ ᠲᠤᠰᠠᠳᠠ᠂ ᠡᠳᠦᠭᠡ 《ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠯᠣᠭᠤᠳᠬᠤ ᠰᠠᠨᠠᠯ》᠎ᠢ ᠲᠠ ᠨᠠᠷ᠎ᠲᠤ ᠳᠠᠷᠤᠮᠠᠯᠯᠠᠨ ᠲᠠᠷᠬᠠᠭ᠋ᠠᠪᠠ᠃ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠵᠤ᠂ ᠬᠢᠨᠠᠮᠠᠭ᠋ᠠᠶ ᠲᠤᠭᠤᠰᠢᠯᠠᠭᠤᠯᠤᠨ  ᠬᠡᠷᠡᠭᠵᠢᠭᠦᠯᠲᠦᠭᠡᠶ᠃

  

ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ

2024 ᠣᠨ᠎ᠤ 6  ᠳ᠋ᠤᠭ᠋ᠠᠷ ᠰᠠᠷ᠎ᠠ ᠵᠢᠨ 19᠎ᠤ ᠡᠳᠦᠷ

 

 

 

 

ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ  ᠬᠢᠨᠠᠨ ᠬᠠᠮᠢᠶᠠᠷᠬᠤ ᠰᠢᠰᠲ᠋ᠧᠮ᠎ᠤᠨ  ᠪᠦᠲᠦᠭᠡᠨ ᠪᠠᠶ᠋ᠢᠭᠤᠯᠤᠯᠲᠠ ᠵᠢᠨ ᠲᠤᠬᠠᠢ ᠵᠢᠯᠣᠭᠤᠳᠬᠤ ᠰᠠᠨᠠᠯ

 

   ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ ᠪᠣᠯ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ ᠵᠢ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠵᠥᠪ ᠤᠯᠤᠰ ᠲᠥᠷᠥ ᠵᠢᠨ ᠴᠢᠭᠯᠡᠯ᠂ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ᠂ ᠥᠷᠲᠡᠭ᠎ᠤᠨ ᠬᠠᠨᠳᠤᠰᠢ ᠵᠢ ᠪᠠᠷᠢᠮᠲᠠᠯᠠᠬᠤ ᠵᠢ ᠦᠨᠡᠨ ᠬᠦ᠌ ᠪᠠᠲᠤᠯᠠᠵᠤ᠂ ᠤᠯᠤᠰ ᠲᠥᠷᠥ ᠵᠢᠨ ᠠᠮᠤᠷ ᠲᠦᠪᠰᠢᠨ᠂ ᠰᠣᠶᠣᠯ᠎ᠤᠨ ᠠᠮᠤᠷ ᠲᠦᠪᠰᠢᠨ ᠪᠠ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠭᠤᠭᠴᠤᠭ᠎ᠠ ᠮᠥᠨ᠃ ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠵᠢᠷᠤᠮᠵᠢᠭᠰᠠᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠲᠤᠰᠠᠳᠠ᠂ 《ᠪᠥᠬᠦ ᠤᠯᠤᠰ᠎ᠤᠨ ᠷᠠᠳᠢᠣ᠋ ᠲᠧᠯᠸᠢᠰ ᠬᠢᠭᠡᠳ ᠦᠵᠡᠵᠦ ᠰᠣᠨᠣᠰᠬᠤ ᠰᠢᠨ᠎ᠡ ᠵᠠᠭᠤᠴᠢᠯᠠᠭᠤᠷ᠎ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠶᠡᠷᠦᠩᠬᠡᠶ ᠬᠥᠭᠵᠢᠯᠲᠡ ᠵᠢᠨ ᠲᠥᠯᠥᠪᠵᠢᠭᠦᠯᠭᠡ (2019 ᠣᠨ — 2025 ᠣᠨ)》 ᠵᠡᠷᠭᠡ ᠵᠢ ᠦᠨᠳᠦᠰᠦᠯᠡᠨ᠂ ᠪᠣᠳᠠᠲᠠᠶ᠎ᠲᠠᠢ᠎ᠪᠠᠨ ᠤᠶᠠᠯᠳᠤᠭᠤᠯᠤᠨ᠂ ᠳᠣᠤᠷᠠᠬᠢ ᠮᠡᠲᠦ ᠵᠢᠯᠣᠭᠤᠳᠬᠤ ᠰᠠᠨᠠᠯ (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠤᠷᠠᠳᠤᠨ ᠭᠠᠷᠭ᠋ᠠᠪᠠ᠃

   ᠨᠢᠭᠡ᠂ ᠵᠢᠯᠣᠭᠤᠳᠬᠤ ᠦᠵᠡᠯ ᠰᠠᠨᠠᠭ᠎ᠠ

   ᠰᠢ ᠵᠢᠨ ᠫᠢᠩ᠎ᠤᠨ ᠰᠤᠶᠤᠯ᠎ᠤᠨ ᠦᠵᠡᠯ ᠰᠠᠨᠠᠭ᠎ᠠ ᠵᠢ ᠭᠦᠨᠵᠡᠬᠡᠢ ᠲᠤᠭᠤᠰᠢᠯᠠᠭᠤᠯᠤᠨ  ᠨᠠᠶ᠋ᠢᠳᠠᠪᠤᠷᠢᠵᠢᠭᠤᠯᠵᠦ᠂ ᠠᠷᠠᠳ ᠲᠦᠮᠡᠨ ᠵᠶ᠋ᠠᠷ ᠭᠤᠤᠯ ᠪᠤᠯᠭ᠋ᠠᠬᠤ ᠭᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠨ᠂ ᠰᠢᠨᠵᠢᠯᠡᠬᠦ ᠤᠬᠠᠭ᠋ᠠᠨ ᠲᠸᠭᠨᠢᠭ ᠮᠡᠷᠬᠡᠵᠢᠯ᠎ᠤᠨ ᠭᠦᠭᠵᠢᠯᠳᠡ ᠵᠢᠨ ᠰᠢᠨ᠎ᠠ ᠬᠠᠨᠳᠤᠰᠢ᠎ᠳᠤ ᠵᠤᠬᠢᠴᠠᠭᠤᠯᠤᠨ᠂ ᠷᠠᠳᠢᠤ᠋ ᠲᠧᠯᠸᠢᠰ᠎ᠤᠨ ᠭᠦᠭᠵᠢᠯᠳᠡ ᠵᠢᠨ ᠰᠢᠨ᠎ᠠ ᠡᠭᠦᠷᠬᠡ ᠵᠢᠨ ᠲᠤᠭᠤᠷᠢᠨ᠎ᠳᠤ 《ᠲᠦᠷᠢᠮ᠎ᠤᠨ ᠵᠢᠷᠤᠮᠵᠢᠭᠤᠨ᠂ ᠲᠤᠨᠨᠳᠠᠴᠠ ᠵᠢᠨ ᠠᠵᠢᠯᠯᠠᠭ᠋ᠠᠨ᠂ ᠮᠡᠷᠬᠡᠵᠢᠯ᠎ᠤᠨ ᠪᠠᠷᠢᠮᠵᠢᠶ᠎ᠠ᠂ ᠰᠤᠳᠤᠯᠤᠨ ᠮᠠᠭ᠋ᠠᠳᠯᠠᠵᠦ ᠵᠠᠳᠠᠯᠬᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠶ᠋ᠢᠳᠪᠦᠷᠢᠯᠡᠬᠦ》  ᠬᠢᠨᠠᠨ ᠬᠡᠮᠵᠢᠵᠦ ᠬᠢᠨᠠᠨ ᠬᠠᠮᠢᠶᠠᠷᠬᠤ ᠲᠣᠭᠲᠠᠯᠴᠠᠭ᠎ᠠ ᠵᠢ ᠴᠢᠷᠮᠠᠶ᠋ᠢᠨ ᠪᠠᠶ᠋ᠢᠭᠤᠯᠵᠦ᠂  ᠬᠢᠨᠠᠨ ᠬᠡᠮᠵᠢᠵᠦ ᠬᠢᠨᠠᠨ  ᠬᠠᠮᠢᠶᠠᠷᠬᠤ ᠰᠢᠰᠲ᠋ᠧᠮ᠎ᠤᠨ ᠰᠦᠯᠵᠢᠶᠡᠵᠢᠯᠳᠡ᠂ ᠤᠶᠤᠨᠴᠢᠯᠠᠯᠳᠠ᠂ ᠬᠠᠮᠵᠢᠯᠴᠠᠭᠤᠯᠬᠤ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠦᠨ᠂  ᠬᠢᠨᠠᠨ ᠬᠡᠮᠵᠢᠵᠦ ᠬᠢᠨᠠᠨ  ᠬᠠᠮᠢᠶᠠᠷᠬᠤ ᠬᠠᠮᠵᠢᠯᠴᠠᠬᠤ ᠠᠵᠢᠯᠯᠠᠭ᠋ᠠᠨ᠎ᠤ ᠭᠦᠴᠦᠨ᠎ᠢ ᠭᠦᠢ᠍ᠴᠡᠳ ᠪᠠᠳᠠᠷᠠᠭᠤᠯᠤᠨ᠂  ᠬᠢᠨᠠᠨ ᠬᠡᠮᠵᠢᠵᠦ ᠬᠢᠨᠠᠨ ᠬᠠᠮᠢᠶᠠᠷᠬᠤ ᠬᠠᠮᠵᠢᠯᠴᠠᠨ ᠠᠵᠢᠯᠯᠠᠬᠤ ᠭᠦᠴᠦᠨ ᠴᠢᠳᠠᠪᠤᠷᠢ ᠵᠢ ᠲᠡᠬᠡᠭᠰᠢᠯᠡᠬᠦᠯᠦᠨ᠂ ᠬᠤᠤᠷ ᠭᠦᠨᠦᠬᠡᠯ᠎ᠲᠠᠢ ᠮᠡᠳᠡᠭᠡ ᠵᠠᠩᠬᠢ ᠪᠠ ᠰᠢᠰᠲ᠋ᠧᠮ᠎ᠤᠨ ᠰᠠᠭ᠋ᠠᠳ ᠭᠠᠷᠬᠤ ᠠᠰᠠᠭᠤᠳᠠᠯ᠎ᠢ ᠴᠠᠭ ᠲᠤᠬᠠᠢ᠎ᠳᠤ᠎ᠨᠢ ᠢᠯᠡᠷᠡᠬᠦᠯᠦᠨ᠂ ᠤᠷᠢᠳᠴᠢᠯᠠᠨ ᠰᠡᠷᠡᠮᠵᠢᠯᠡᠭᠦᠯᠵᠦ᠂ ᠰᠶ᠋ᠢᠳᠪᠦᠷᠢᠯᠡᠵᠦ᠂ ᠷᠠᠳᠢᠤ᠋ ᠲᠧᠯᠸᠢᠰ ᠪᠠ ᠰᠦᠯᠵᠢᠶᠡᠨ᠎ᠤ ᠦᠵᠡᠵᠦ ᠰᠤᠨᠤᠰᠬᠤ ᠵᠢᠨ ᠴᠢᠨᠠᠷ ᠰᠠᠶ᠋ᠢᠳᠠᠢ ᠰᠢᠨ᠎ᠠ ᠵᠢ ᠡᠭᠦᠳᠬᠦ ᠴᠢᠨᠠᠷᠳᠠᠢ ᠭᠦᠭᠵᠢᠯᠳᠡ ᠵᠢ ᠪᠠᠲᠤᠯᠠᠨ᠎ᠠ᠃

   ᠬᠤᠶᠠᠷ᠂ ᠦᠨᠳᠦᠰᠦᠨ ᠵᠠᠷᠴᠢᠮ

   ᠨᠢᠭᠡ᠎ᠳᠤ ᠂  ᠲᠡᠷᠢᠭᠦᠨ᠎ᠤ ᠴᠢᠨᠠᠷᠲᠠᠢ ᠵᠠᠷᠴᠢᠮ᠎ᠢ ᠪᠠᠷᠢᠮᠲᠠᠯᠠᠨ᠎ᠠ᠃ ᠲᠥᠯᠥᠭᠡᠯᠡᠭᠴᠢᠳ᠎ᠤᠨ ᠭᠤᠣᠯ ᠤᠷᠤᠰᠬᠠᠯ᠎ᠤᠨ ᠬᠥᠭᠵᠢᠯᠲᠡ ᠵᠢᠨ ᠴᠢᠭᠯᠡᠯ᠎ᠤᠨ ᠮᠡᠷᠭᠡᠵᠢᠯ᠎ᠤᠨ ᠰᠢᠰᠲ᠋ᠧᠮ᠎ᠤᠨ ᠪᠦᠲᠦᠴᠡ ᠵᠢ ᠬᠡᠷᠡᠭᠯᠡᠵᠦ᠂ ᠰᠢᠨ᠎ᠡ ᠮᠡᠷᠭᠡᠵᠢᠯ᠂ ᠰᠢᠨ᠎ᠡ ᠦᠢ᠍ᠯᠡᠳᠬᠦᠨ᠂ ᠰᠢᠨ᠎ᠡ ᠡᠵᠡᠩᠨᠡᠯᠲᠡ ᠵᠢᠨ ᠪᠠᠶ᠋ᠢᠳᠠᠯ᠎ᠢ  ᠬᠢᠨᠠᠨ ᠬᠡᠮᠵᠢᠵᠦ  ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠳᠤᠮᠳᠠᠬᠢ ᠬᠡᠷᠡᠭᠯᠡᠯᠲᠡ ᠵᠢ ᠠᠬᠢᠭᠤᠯᠵᠤ᠂ ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ  ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠪᠠ  ᠲᠦᠪᠰᠢᠨ᠎ᠢ ᠳᠡᠭᠡᠭᠰᠢᠯᠡᠭᠦᠯᠦᠨ᠎ᠡ᠃

   ᠬᠤᠶᠠᠷ᠎ᠲᠤ ᠂  ᠵᠢᠷᠤᠮᠵᠢᠯ᠎ᠤᠨ ᠴᠢᠨᠠᠷᠲᠠᠶ ᠵᠠᠷᠴᠢᠮ᠎ᠢ ᠪᠠᠷᠢᠮᠲᠠᠯᠠᠨ᠎ᠠ᠃ ᠤᠯᠤᠰ᠎ᠤᠨ ᠬᠣᠯᠪᠣᠭᠳᠠᠯ  ᠪᠥᠬᠦᠶ ᠮᠡᠷᠭᠡᠵᠢᠯ᠎ᠤᠨ ᠪᠠᠷᠢᠮᠵᠢᠶ᠎ᠠ ᠪᠠ ᠠᠵᠢᠯ ᠲᠥᠷᠥᠯ᠎ᠤᠨ ᠵᠢᠷᠤᠮᠵᠢᠯ ᠶᠣᠰᠣᠭ᠋ᠠᠷ᠂ ᠳ᠋ᠠᠶ᠋ᠢᠲ᠋ᠠ ᠵᠢᠨ ᠵᠠᠯᠭ᠋ᠠᠭ᠋ᠠᠰᠤ ᠵᠢᠨ ᠬᠡᠯᠡᠯᠴᠡᠭᠡᠷ᠎ᠢ ᠪᠠᠷᠢᠮᠵᠢᠶᠠᠵᠢᠭᠤᠯᠬᠤ ᠵᠡᠷᠭᠡ ᠠᠷᠭ᠎ᠠ ᠪᠠᠷᠢᠯ ᠵᠶ᠋ᠠᠷ ᠳᠠᠮᠵᠢᠭᠤᠯᠤᠨ᠂ ᠭᠤᠤᠯ ᠤᠷᠤᠰᠬᠠᠯ᠎ᠤᠨ ᠲᠥᠬᠦᠭᠡᠷᠦᠮᠵᠢ ᠪᠠ ᠣᠲᠣ ᠵᠢᠨ ᠪᠠᠶ᠋ᠢᠭ᠎ᠠ ᠲᠥᠬᠦᠭᠡᠷᠦᠮᠵᠢ ᠵᠢ ᠪᠥᠬᠦ ᠲᠠᠯ᠎ᠠ᠎ᠪᠠᠷ ᠵᠣᠬᠢᠴᠠᠭᠤᠯᠤᠨ᠂ ᠡᠯ᠎ᠡ ᠱᠠᠲᠤᠨ᠎ᠤ  ᠬᠢᠨᠠᠨ ᠬᠡᠮᠵᠢᠵᠦ ᠬᠢᠨᠠᠨ  ᠬᠠᠮᠢᠶᠠᠷᠬᠤ ᠲᠠᠪᠴᠠᠩ᠎ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠵᠢᠨ ᠬᠠᠷᠢᠯᠴᠠᠨ ᠬᠤᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠪᠡᠶᠡᠯᠡᠭᠦᠯᠦᠨ᠎ᠡ᠃

   ᠭᠤᠷᠪᠠ᠎ᠳᠤ᠂ ᠥᠷᠭᠡᠳᠭᠡᠯ᠎ᠤᠨ ᠴᠢᠨᠠᠷᠲᠠᠢ ᠵᠠᠷᠴᠢᠮ᠎ᠢ ᠪᠠᠷᠢᠮᠲᠠᠯᠠᠨ᠎ᠠ᠃ ᠬᠡᠰᠡᠭᠴᠢᠯᠡᠭᠰᠡᠨ ᠵᠢᠷᠤᠭ ᠲᠥᠯᠥᠪᠯᠡᠭᠡ ᠪᠣᠯᠤᠨ ᠲᠠᠷᠬᠠᠮᠠᠯ ᠪᠦᠲᠦᠴᠡ ᠵᠢ ᠬᠡᠷᠡᠭᠯᠡᠨ᠂  ᠬᠢᠨᠠᠨ ᠬᠡᠮᠵᠢᠵᠦ ᠬᠢᠨᠠᠨ  ᠬᠠᠮᠢᠶᠠᠷᠬᠤ ᠰᠢᠰᠲ᠋ᠧᠮ᠎ᠢ ᠥᠷᠭᠡᠳᠬᠡᠬᠦ ᠰᠠᠶ᠋ᠢᠨ ᠰᠠᠶ᠋ᠢᠬᠠᠨ ᠴᠢᠳᠠᠮᠵᠢ᠎ᠲᠠᠢ ᠪᠣᠯᠭ᠋ᠠᠵᠤ᠂ ᠰᠢᠨ᠎ᠡ᠎ᠪᠠᠷ ᠨᠡᠮᠡᠭᠳᠡᠭᠰᠡᠨ ᠲᠥᠬᠥᠭᠡᠷᠦᠮᠵᠢ ᠪᠣᠯᠤᠨ ᠲᠤᠬᠠᠶ᠋ᠢᠯᠠᠭᠰᠠᠨ ᠠᠵᠢᠯ᠎ᠢ ᠥᠷᠭᠡᠳᠬᠡᠬᠦ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠤᠯᠤᠨ᠂  ᠬᠢᠨᠠᠨ  ᠬᠡᠮᠵᠢᠵᠦ ᠬᠢᠨᠠᠨ  ᠬᠠᠮᠢᠶᠠᠷᠬᠤ ᠠᠵᠢᠯ᠎ᠤᠨ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠱᠠᠭ᠋ᠠᠷᠳᠠᠯᠭ᠎ᠠ ᠵᠢ ᠬᠠᠩᠭ᠋ᠠᠨ᠎ᠠ᠃

   ᠲᠦᠷᠪᠡ᠎ᠳᠤ᠂ ᠠᠶᠤᠯᠭᠦᠶ ᠵᠢᠨ ᠴᠢᠨᠠᠷᠲᠠᠢ ᠵᠠᠷᠴᠢᠮ᠎ᠢ ᠪᠠᠷᠢᠮᠲᠠᠯᠠᠨ᠎ᠠ᠃  ᠬᠢᠨᠠᠨ ᠬᠡᠮᠵᠢᠵᠦ ᠬᠢᠨᠠᠨ  ᠬᠠᠮᠢᠶᠠᠷᠬᠤ ᠰᠢᠰᠲ᠋ᠧᠮ᠎ᠤᠨ ᠳᠣᠲᠣᠭ᠋ᠠᠳᠤ᠎ᠳᠤ ᠵᠣᠬᠢᠴᠠᠩᠭᠤᠶ ᠠᠮᠤᠷ ᠲᠦᠪᠰᠢᠨ᠎ᠤ ᠠᠷᠭ᠎ᠠ ᠪᠣᠳᠣᠯᠭ᠎ᠠ ᠵᠢ ᠪᠠᠶ᠋ᠢᠷᠢᠯᠠᠭᠤᠯᠬᠤ᠎ᠪᠠᠷ ᠳᠠᠮᠵᠢᠭᠤᠯᠤᠨ᠂ ᠰᠢᠰᠲ᠋ᠧᠮ᠎ᠤᠨ ᠢᠯᠡᠭᠦᠳᠡᠯ᠂ ᠲᠤᠭ᠎ᠠ ᠪᠠᠷᠢᠮᠲᠠ ᠵᠢ ᠲᠤᠰᠠᠭ᠋ᠠᠷᠯᠠᠬᠤ᠂ ᠲᠤᠰᠠᠭ᠋ᠠᠷ ᠠᠵᠢᠯᠯᠠᠭᠤᠯᠬᠤ ᠵᠡᠷᠭᠡ ᠠᠷᠭ᠎ᠠ ᠬᠡᠯᠪᠡᠷᠢ ᠵᠢ ᠬᠡᠷᠡᠭᠯᠡᠵᠦ᠂ ᠪᠡᠯᠡᠳᠬᠡᠮᠵᠢ ᠵᠢᠨ ᠠᠮᠤᠷ ᠲᠦᠪᠰᠢᠨ᠂ ᠲᠤᠭ᠎ᠠ ᠪᠠᠷᠢᠮᠲᠠ ᠵᠢᠨ ᠠᠮᠤᠷ ᠲᠦᠪᠰᠢᠨ᠂ ᠠᠵᠢᠯᠯᠠᠭ᠋ᠠᠨ᠎ᠤ ᠠᠮᠤᠷ ᠲᠦᠪᠰᠢᠨ᠂ ᠰᠦᠯᠵᠢᠶᠡᠨ᠎ᠤ ᠠᠮᠤᠷ ᠲᠦᠪᠰᠢᠨ᠎ᠢ ᠪᠡᠶᠡᠯᠡᠭᠦᠯᠦᠨ᠎ᠡ᠃

   ᠭᠤᠷᠪᠠ᠂ ᠪᠦᠲᠦᠭᠡᠨ ᠪᠠᠶ᠋ᠢᠭᠤᠯᠤᠯᠲᠠ ᠵᠢᠨ ᠬᠠᠷᠠᠯᠲᠠ

   ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠢ ᠪᠠᠶ᠋ᠢᠭᠤᠯᠤᠨ ᠪᠦᠷᠢᠨᠰᠢᠬᠦᠯᠵᠦ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ ᠬᠢᠨᠠᠨ ᠬᠠᠮᠢᠶᠠᠷᠬᠤ  ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠦᠨ᠂ ᠠᠵᠢᠯ ᠲᠥᠷᠥᠯ᠎ᠤᠨ ᠵᠠᠰᠠᠯᠲᠠ ᠵᠢᠨ ᠲᠣᠭᠲᠠᠯᠴᠠᠭ᠎ᠠ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠠᠬᠢᠭᠤᠯᠤᠨ᠎ᠠ᠃

  (ᠨᠢᠭᠡ) ᠡᠬᠢ ᠪᠠᠶᠠᠯᠢᠭ᠎ᠢ ᠬᠠᠮᠲᠤ᠎ᠪᠠᠷ ᠭᠦᠷᠳᠡᠬᠦ᠂ ᠬᠠᠷᠢᠯᠴᠠᠨ ᠬᠤᠯᠪᠤᠭ᠋ᠠᠯᠠᠵᠦ ᠬᠠᠷᠢᠯᠴᠠᠨ ᠨᠡᠪᠳᠡᠷᠡᠯᠴᠡᠬᠦ᠂ ᠤᠶᠤᠨᠴᠢ ᠬᠠᠮᠵᠢᠯᠴᠬᠠᠰᠠᠨ  ᠬᠢᠨᠠᠨ   ᠬᠡᠮᠵᠢᠵᠦ ᠬᠢᠨᠠᠨ  ᠬᠠᠮᠢᠶᠠᠷᠬᠤ ᠰᠢᠰᠲ᠋ᠧᠮ᠎ᠢ ᠪᠠᠶ᠋ᠢᠭᠤᠯᠵᠦ᠂ ᠮᠡᠳᠡᠭᠡ ᠵᠠᠩᠬᠢᠵᠢᠯᠳᠠ ᠵᠢᠨ ᠮᠡᠷᠬᠡᠵᠢᠯ᠎ᠤᠨ ᠠᠷᠭ᠎ᠠ ᠪᠠᠷᠢᠯ᠎ᠢ ᠠᠰᠢᠨᠨᠯᠠᠨ᠂ ᠷᠠᠳᠢᠤ᠋ ᠲᠧᠯᠸᠢᠰ ᠪᠠ ᠲᠤᠤᠷ ᠰᠦᠯᠵᠢᠶ᠎ᠡ ᠵᠢᠨ ᠦᠵᠡᠵᠦ ᠰᠤᠨᠤᠰᠬᠤ ᠠᠳᠠᠯᠢ ᠪᠤᠰᠤ ᠵᠠᠭᠤᠴᠢᠯᠠᠭᠤᠷ᠎ᠤᠨ ᠬᠡᠯᠪᠡᠷᠢ ᠵᠢᠨ ᠲᠠᠮᠵᠢᠭᠤᠯᠬᠤ ᠦᠷ᠎ᠡ ᠪᠦᠳᠦᠮᠵᠢ᠂  ᠲᠠᠮᠵᠢᠭᠤᠯᠬᠤ ᠠᠭᠤᠯᠭ᠎ᠠ ᠵᠢ ᠬᠢᠨᠠᠨ  ᠬᠠᠮᠢᠶᠠᠷᠬᠤ ᠵᠢ ᠪᠡᠶᠡᠯᠡᠬᠦᠯᠦᠨ᠎ᠠ᠃

  (ᠬᠤᠶᠠᠷ) ᠲᠥᠯᠥᠪᠵᠢᠭᠦᠯᠦᠨ ᠪᠠᠶ᠋ᠢᠷᠢᠯᠠᠭᠤᠯᠬᠤ ᠵᠢ ᠴᠢᠩᠭ᠋ᠠᠷᠠᠭᠤᠯᠵᠤ᠂ ᠬᠠᠮ ᠵᠠᠭᠤᠴᠢᠯᠠᠭᠤᠷ᠂ ᠪᠥᠬᠦ ᠡᠵᠡᠩᠨᠡᠯᠲᠡ ᠵᠢᠨ ᠬᠡᠯᠪᠡᠷᠢ ᠵᠢᠨ  ᠬᠢᠨᠠᠨ ᠬᠡᠮᠵᠢᠵᠦ ᠬᠢᠨᠠᠨ  ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢ ᠠᠯᠬᠤᠮ ᠠᠯᠬᠤᠮ ᠵᠶ᠋ᠠᠷ ᠠᠬᠢᠭᠤᠯᠵᠤ᠂ 《ᠲᠤᠬᠠᠶ᠋ᠢᠯᠠᠭᠰᠠᠨ ᠠᠵᠢᠯ᠎ᠢ ᠬᠠᠮᠢᠭ᠎ᠠ ᠬᠦᠷᠲᠡᠯ᠎ᠡ ᠤᠷᠲᠤᠳᠬᠠᠪᠠᠯ  ᠬᠢᠨᠠᠨ ᠬᠡᠮᠵᠢᠵᠦ  ᠬᠢᠨᠠᠨ  ᠬᠠᠮᠢᠶᠠᠷᠬᠤ ᠵᠢ ᠲᠡᠨᠳᠡ ᠬᠦᠷᠲᠡᠯ᠎ᠡ ᠪᠦᠷᠬᠦᠭᠦᠯᠬᠦ》 ᠵᠢ ᠪᠡᠶᠡᠯᠡᠭᠦᠯᠦᠨ᠎ᠡ᠃

  (ᠭᠤᠷᠪᠠ)  ᠬᠢᠨᠠᠨ ᠬᠡᠮᠵᠢᠵᠦ ᠬᠢᠨᠠᠨ ᠬᠠᠮᠢᠶᠠᠷᠬᠤ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠵᠤ᠂ ᠷᠠᠳᠢᠣ᠋ ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ ᠵᠠᠰᠠᠯᠲᠠ ᠳᠤᠮᠳᠠᠬᠢ  ᠬᠢᠨᠠᠨ ᠬᠡᠮᠵᠢᠵᠦ ᠬᠢᠨᠠᠨ ᠬᠠᠮᠢᠶᠠᠷᠬᠤ ᠪᠠᠲᠤᠯᠠᠭ᠎ᠠ ᠵᠢᠨ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃

   ᠳᠥᠷᠪᠡ᠂ ᠬᠡᠷᠡᠭᠯᠡᠬᠦ ᠬᠡᠪᠴᠢᠶ᠎ᠡ

   ᠲᠣᠰ 《ᠰᠠᠨᠠᠯ》᠎ᠨᠢ ᠪᠥᠬᠦ ᠣᠷᠣᠨ᠎ᠤ ᠡᠯ᠎ᠡ ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ  ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠭᠳᠡᠨ᠎ᠡ᠃

   ᠲᠠᠪᠤ᠂  ᠬᠢᠨᠠᠨ ᠬᠡᠮᠵᠢᠵᠦ  ᠬᠢᠨᠠᠨ  ᠬᠠᠮᠢᠶᠠᠷᠬᠤ ᠰᠢᠰᠲ᠋ᠧᠮ᠎ᠤᠨ ᠴᠢᠳᠠᠮᠵᠢ

   ᠡᠯ᠎ᠡ ᠠᠶ᠋ᠢᠮᠠᠭ ᠬᠣᠲᠠ ᠵᠢᠨ ᠷᠠᠳᠢᠣ᠋  ᠲᠧᠯᠸᠢᠰ ᠪᠣᠯᠤᠨ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ  ᠰᠢᠰᠲ᠋ᠧᠮ᠎ᠨᠢ ᠲᠤᠰ ᠱᠠᠲᠤᠨ᠎ᠤ ᠪᠠ ᠬᠠᠷᠢᠶ᠎ᠠ ᠬᠣᠰᠢᠭᠤ᠂ ᠰᠢᠶᠠᠨ᠂ ᠲᠣᠭᠣᠷᠢᠭ᠎ᠤᠨ ᠷᠠᠳᠢᠣ᠋  ᠲᠧᠯᠸᠢᠰ ᠪᠣᠯᠤᠨ ᠰᠦᠯᠵᠢᠶᠡᠨ᠎ᠤ  ᠦᠵᠡᠵᠦ ᠰᠣᠨᠣᠰᠬᠤ ᠬᠢᠨᠠᠨ ᠬᠡᠮᠵᠢᠵᠦ  ᠬᠢᠨᠠᠨ ᠬᠠᠮᠢᠶᠠᠷᠬᠤ ᠵᠢ ᠪᠡᠶᠡᠯᠡᠭᠦᠯᠦᠨ᠎ᠡ᠃

  (ᠨᠢᠭᠡ) ᠤᠲᠠᠰᠤ ᠦᠭᠡᠢ ᠷᠠᠳᠢᠣ᠋ ᠲᠧᠯᠸᠢᠰ᠎ᠤᠨ ᠬᠢᠨᠠᠨ ᠬᠡᠮᠵᠢᠯᠲᠡ

   ᠷᠠᠳᠢᠣ᠋ ᠨᠡᠪᠲᠡᠷᠡᠭᠦᠯᠭᠡ ᠲᠧᠯᠸᠢᠰ᠎ᠤᠨ ᠬᠢᠨᠠᠨ ᠬᠡᠮᠵᠢᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ᠎ᠤᠨ ᠳᠠᠮᠵᠢᠭᠤᠯᠤᠨ ᠪᠦᠷᠬᠦᠭᠦᠯᠬᠦ ᠲᠣᠤᠷ᠎ᠤᠨ ᠳᠣᠬᠢᠶ᠎ᠠ ᠵᠢ ᠴᠠᠭ ᠲᠤᠬᠠᠶ᠎ᠳᠤ᠎ᠨᠢ ᠴᠤᠭᠯᠠᠭᠤᠯᠵᠤ᠂ ᠷᠠᠳᠢᠣ᠋  ᠲᠧᠯᠸᠢᠰ᠎ᠤᠨ ᠳᠠᠮᠵᠢᠭᠤᠯᠤᠨ ᠪᠦᠷᠬᠦᠭᠦᠯᠬᠦ ᠰᠦᠯᠵᠢᠶᠡᠨ᠎ᠤ ᠳᠠᠪᠲᠠᠮᠵᠢ ᠵᠢ ᠬᠡᠷᠡᠭᠯᠡᠵᠦ ᠪᠠᠶ᠋ᠢᠭ᠎ᠠ ᠪᠠᠶ᠋ᠢᠳᠠᠯ᠂ ᠫᠷᠤᠭ᠌ᠷᠠᠮ᠎ᠤᠨ ᠨᠡᠪᠲᠡᠷᠡᠭᠦᠯᠭᠡ ᠵᠢᠨ ᠶᠠᠰᠤ ᠴᠢᠨᠠᠷ ᠪᠠ ᠦᠷ᠎ᠡ ᠪᠦᠲᠦᠮᠵᠢ ᠵᠢ ᠨᠠᠷᠢᠯᠢᠭ ᠣᠨᠣᠪᠴᠢᠲᠠᠢ᠎ᠪᠠᠷ ᠬᠢᠨᠠᠨ ᠬᠡᠮᠵᠢᠵᠦ᠂ ᠠᠮᠤᠷ ᠲᠦᠪᠰᠢᠨ ᠵᠶ᠋ᠠᠷ ᠨᠡᠪᠲᠡᠷᠡᠭᠦᠯᠬᠦ ᠪᠠ ᠷᠠᠳᠢᠣ᠋  ᠲᠧᠯᠸᠢᠰ᠎ᠤᠨ ᠳᠠᠪᠲᠠᠮᠵᠢ ᠵᠢ ᠬᠠᠤᠯᠢ ᠪᠤᠰᠤ᠎ᠪᠠᠷ ᠡᠵᠡᠯᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ  ᠣᠨᠣᠪᠴᠢᠲᠠᠶ ᠮᠠᠭ᠋ᠠᠳᠯᠠᠨ ᠲᠣᠭᠲᠠᠭ᠋ᠠᠵᠤ᠂ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠮᠤᠷ ᠲᠦᠪᠰᠢᠨ ᠨᠡᠪᠲᠡᠷᠡᠭᠦᠯᠭᠡ ᠵᠢ ᠬᠢᠨᠠᠨ ᠬᠠᠮᠢᠶᠠᠷᠬᠤ᠂ ᠳᠠᠮᠵᠢᠭᠤᠯᠬᠤ ᠡᠮᠬᠢ ᠳᠢᠭᠯᠢᠮ᠎ᠢ ᠬᠢᠨᠠᠨ ᠬᠠᠮᠢᠶᠠᠷᠬᠤ ᠵᠡᠷᠭᠡ ᠲᠠᠯ᠎ᠠ᠎ᠪᠠᠷ ᠬᠦᠴᠦᠲᠡᠶ ᠲᠤᠯᠭ᠋ᠠᠭᠤᠷᠢᠯᠠᠯ ᠬᠠᠩᠭ᠋ᠠᠵᠤ᠂ ᠷᠠᠳᠢᠣ᠋ ᠲᠧᠯᠸᠢᠰ᠎ᠤᠨ ᠫᠷᠤᠭ᠌ᠷᠠᠮ᠎ᠤᠨ ᠠᠮᠤᠷ ᠲᠦᠪᠰᠢᠨ ᠴᠢᠨᠠᠷ ᠰᠠᠶ᠋ᠢᠲᠠᠶ ᠨᠡᠪᠲᠡᠷᠡᠭᠦᠯᠬᠦ ᠵᠢ ᠦᠨᠡᠨ ᠬᠦ᠌ ᠪᠠᠲᠤᠯᠠᠵᠤ᠂ ᠷᠠᠳᠢᠣ᠋ ᠲᠧᠯᠸᠢᠰ᠎ᠤᠨ ᠷᠠᠳᠢᠣ᠋ ᠵᠢᠨ ᠡᠮᠬᠢ ᠳᠢᠭᠯᠢᠮ᠎ᠢ ᠦᠨᠡᠨ ᠬᠦ᠌ ᠬᠠᠮᠠᠭ᠋ᠠᠯᠠᠨ᠎ᠠ᠃

  (ᠬᠤᠶᠠᠷ) ᠤᠲᠠᠰᠤᠲᠤ ᠷᠠᠳᠢᠣ᠋ ᠲᠧᠯᠸᠢᠰ᠎ᠤᠨ ᠬᠢᠨᠠᠨ ᠬᠡᠮᠵᠢᠯᠲᠡ

   ᠤᠲᠠᠰᠤᠲᠤ ᠷᠠᠳᠢᠣ᠋  ᠲᠧᠯᠸᠢᠰ᠎ᠤᠨ ᠬᠢᠨᠠᠨ ᠬᠡᠮᠵᠢᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠤᠲᠠᠰᠤᠲᠤ ᠷᠠᠳᠢᠣ᠋ ᠲᠧᠯᠸᠢᠰ᠎ᠤᠨ ᠳᠣᠬᠢᠶ᠎ᠠ ᠵᠢ ᠴᠤᠭᠯᠠᠭᠤᠯᠬᠤ᠂ ᠡᠭᠡᠭᠦᠯᠦᠨ ᠳᠠᠮᠵᠢᠭᠤᠯᠬᠤ᠂ ᠬᠠᠳᠠᠭ᠋ᠠᠯᠠᠬᠤ᠂ ᠵᠠᠳᠠᠯᠬᠤ᠂ ᠰᠢᠢ᠍ᠳᠪᠦᠷᠢᠯᠡᠬᠦ᠎ᠪᠠᠷ ᠳᠠᠮᠵᠢᠭᠤᠯᠤᠨ᠂ ᠬᠠᠷᠢᠶ᠎ᠠ ᠣᠷᠣᠨ᠎ᠤ ᠳᠣᠲᠣᠷᠠᠬᠢ ᠤᠲᠠᠰᠤᠲᠤ ᠷᠠᠳᠢᠣ᠋ ᠲᠧᠯᠸᠢᠰ᠎ᠤᠨ ᠰᠦᠯᠵᠢᠶᠡᠨ᠎ᠤ ᠮᠡᠷᠭᠡᠵᠢᠯ᠎ᠤᠨ ᠶᠠᠰᠤ ᠴᠢᠨᠠᠷ᠂ ᠲᠤᠬᠠᠶ᠋ᠢᠯᠠᠭᠰᠠᠨ ᠠᠵᠢᠯ᠎ᠤᠨ ᠡᠮᠬᠢ ᠵᠢᠷᠤᠮ᠂ ᠠᠵᠢᠯᠯᠠᠭ᠋ᠠᠨ᠎ᠤ ᠪᠠᠶ᠋ᠢᠳᠠᠯ᠂ ᠠᠮᠤᠷ ᠲᠦᠪᠰᠢᠨ᠎ᠤ ᠪᠠᠶ᠋ᠢᠳᠠᠯ᠂ ᠠᠵᠢᠯᠯᠠᠭᠤᠯᠵᠤ ᠡᠵᠡᠩᠨᠡᠬᠦ ᠦᠢ᠍ᠯᠡᠴᠢᠯᠡᠭᠡᠨ᠎ᠤ ᠶᠠᠰᠤ ᠴᠢᠨᠠᠷ᠎ᠢ ᠬᠢᠨᠠᠨ ᠬᠡᠮᠵᠢᠬᠦ ᠵᠢ ᠪᠡᠶᠡᠯᠡᠭᠦᠯᠵᠦ᠂ ᠵᠠᠳᠠᠯᠤᠨ ᠰᠤᠳᠤᠯᠵᠤ ᠮᠠᠭ᠋ᠠᠳᠯᠠᠬᠤ ᠪᠠ ᠦᠨᠡᠯᠡᠨ ᠵᠢᠱ᠌ᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃

  (ᠭᠤᠷᠪᠠ) ᠷᠠᠳᠢᠣ᠋ ᠲᠧᠯᠸᠢᠰ᠎ᠤᠨ ᠫᠷᠦᠭᠷᠡᠮ᠎ᠤᠨ ᠠᠭᠤᠯᠭ᠎ᠠ ᠵᠢᠨ ᠬᠢᠨᠠᠨ ᠬᠡᠮᠵᠢᠯᠲᠡ

   ᠷᠠᠳᠢᠣ᠋ ᠲᠧᠯᠸᠢᠰ᠎ᠤᠨ ᠫᠷᠤᠭ᠌ᠷᠠᠮ᠎ᠤᠨ ᠠᠭᠤᠯᠭ᠎ᠠ ᠵᠢᠨ ᠬᠢᠨᠠᠨ ᠬᠡᠮᠵᠢᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠷᠠᠳᠢᠤ᠋ ᠲᠧᠯᠸᠢᠰ᠎ᠤᠨ ᠫᠷᠤᠭ᠌ᠷᠠᠮ (ᠵᠠᠷ ᠮᠡᠳᠡᠭᠡ ᠵᠢ ᠪᠠᠭᠲᠠᠭ᠋ᠠᠨ᠎ᠠ)᠂ ᠭᠤᠤᠯ ᠰᠡᠳᠦᠪᠳᠤ ᠭᠤᠤᠯ ᠱᠤᠭᠤᠮ᠎ᠤᠨ ᠤᠬᠠᠭᠤᠯᠭ᠎ᠠ᠂ ᠰᠤᠨᠢᠨ ᠮᠡᠳᠡᠭᠡᠯᠡᠯ᠎ᠤᠨ ᠬᠢᠨᠠᠨ ᠬᠡᠮᠵᠢᠬᠦ  ᠡᠷᠴᠢᠮ᠎ᠢ ᠴᠢᠩᠭ᠋ᠠᠷᠠᠭᠤᠯᠵᠤ᠂ ᠷᠠᠳᠢᠤ᠋ ᠲᠧᠯᠸᠢᠰ᠎ᠤᠨ ᠠᠭᠤᠯᠭ᠎ᠠ ᠵᠢᠨ ᠠᠮᠤᠷ ᠲᠦᠪᠰᠢᠨ᠎ᠢ ᠪᠠᠳᠤᠯᠠᠬᠤ ᠪᠠ ᠤᠬᠠᠭᠤᠯᠭ᠎ᠠ ᠵᠢᠨ ᠠᠵᠢᠯ᠎ᠤᠨ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠪᠠᠲᠤᠯᠠᠨ᠎ᠠ᠃ ᠳᠠᠭᠤ ᠳᠦᠷᠰᠦ ᠰᠢᠩᠭᠡᠭᠡᠯᠲᠡ᠂ ᠭᠡᠷᠡᠯ ᠵᠢᠷᠤᠭ᠂ ᠢᠯᠭ᠋ᠠᠬᠤ ᠲᠡᠮᠳᠡᠭ᠂ ᠬᠥᠮᠦᠨ᠎ᠤ ᠨᠢᠭᠤᠷ ᠵᠡᠷᠭᠡ ᠮᠡᠳᠡᠭᠡ ᠵᠠᠩᠭᠢ ᠵᠢ ᠣᠶᠤᠨᠴᠢ᠎ᠪᠠᠷ ᠢᠯᠭ᠋ᠠᠨ ᠲᠠᠨᠢᠬᠤ ᠮᠡᠷᠭᠡᠵᠢᠯ᠎ᠢ ᠬᠡᠷᠡᠭᠯᠡᠨ᠂ ᠲᠣᠭᠲᠠᠭ᠋ᠠᠯ᠎ᠠᠴᠠ ᠵᠥᠷᠢᠴᠡᠭᠰᠡᠨ ᠵᠠᠷ ᠮᠡᠳᠡᠭᠡ᠂ ᠲᠣᠭᠲᠠᠭ᠋ᠠᠯ᠎ᠠᠴᠠ ᠵᠥᠷᠢᠴᠡᠭᠰᠡᠨ ᠫᠷᠤᠭ᠌ᠷᠠᠮ᠎ᠢ ᠬᠢᠨᠠᠨ ᠬᠡᠮᠵᠢᠬᠦ ᠵᠢ ᠪᠡᠶᠡᠯᠡᠭᠦᠯᠵᠦ᠂ ᠲᠧᠯᠸᠢᠰ᠎ᠤᠨ ᠫᠷᠤᠭ᠌ᠷᠠᠮ᠎ᠳᠤ ᠬᠤᠴᠣᠷᠤᠭᠰᠠᠨ ᠨᠣᠶᠠᠳ᠂ ᠮᠠᠭᠤ ᠤᠷᠠᠯᠢᠭᠴᠢᠨ᠎ᠤ ᠵᠢᠷᠤᠭ᠎ᠢ ᠵᠢᠭᠰᠠᠭ᠋ᠠᠨ ᠪᠠᠶ᠋ᠢᠴᠠᠭ᠋ᠠᠨ᠎ᠠ᠃ ᠷᠠᠳᠢᠣ᠋ ᠲᠧᠯᠸᠢᠰ ᠬᠣᠷᠢᠶ᠎ᠠ ᠵᠢᠨ ᠲᠡᠮᠳᠡᠭ᠂ ᠳᠠᠭᠤᠳᠠᠯᠭ᠎ᠠ ᠵᠢᠨ ᠨᠣᠮᠧᠷ᠎ᠢ ᠬᠢᠨᠠᠨ ᠬᠡᠮᠵᠢᠬᠦ ᠵᠢ ᠴᠢᠩᠭ᠋ᠠᠳᠬᠠᠵᠤ᠂ ᠲᠣᠭᠲᠠᠭ᠋ᠠᠯ᠎ᠠᠴᠠ ᠵᠦᠷᠢᠴᠡᠭᠰᠡᠨ ᠥᠷᠲᠡᠭᠡ ᠵᠢᠨ ᠲᠡᠮᠳᠡᠭ᠂ ᠳᠠᠭᠤᠳᠠᠯᠭ᠎ᠠ ᠵᠢᠨ ᠨᠣᠮᠧᠷ᠎ᠢ ᠬᠤᠪᠢᠷᠠᠭᠤᠯᠬᠤ ᠦᠢ᠍ᠯᠡ ᠠᠵᠢᠯᠯᠠᠭ᠎ᠠ ᠵᠢ ᠴᠠᠭ ᠲᠤᠬᠠᠶ᠎ᠳᠤ᠎ᠨᠢ ᠢᠯᠡᠷᠡᠭᠦᠯᠦᠨ᠎ᠡ᠃

  (ᠲᠦᠷᠪᠡ) ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠬᠢᠨᠠᠨ ᠬᠡᠮᠵᠢᠯᠲᠡ

   ᠰᠦᠯᠵᠢᠶᠡᠨ᠎ᠤ  ᠦᠵᠡᠵᠦ ᠰᠣᠨᠣᠰᠬᠤ ᠫᠷᠤᠭ᠌ᠷᠠᠮ᠎ᠤᠨ ᠬᠢᠨᠠᠨ ᠬᠡᠮᠵᠢᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠵᠣᠬᠢᠶᠠᠮᠠᠯ ᠣᠶᠤᠨ ᠂ ᠲᠣᠮᠣ ᠳ᠋ᠠᠶ᠋ᠢᠲ᠋ᠠ ᠵᠢ ᠵᠠᠳᠠᠯᠤᠨ ᠰᠢᠢ᠍ᠳᠪᠦᠷᠢᠯᠡᠬᠦ ᠵᠡᠷᠭᠡ ᠲᠡᠷᠢᠭᠦᠨ᠎ᠤ ᠮᠡᠷᠭᠡᠵᠢᠯ᠎ᠤᠨ ᠠᠷᠭ᠎ᠠ ᠪᠠᠷᠢᠯ᠎ᠢ ᠭᠦᠢ᠍ᠴᠡᠳ ᠬᠡᠷᠡᠭᠯᠡᠨ᠂ ᠬᠠᠷᠢᠶ᠎ᠠ ᠣᠷᠣᠨ᠎ᠤ ᠳᠣᠲᠣᠷᠠᠬᠢ ᠦᠵᠡᠵᠦ ᠰᠣᠨᠣᠰᠬᠤ ᠫᠷᠤᠭ᠌ᠷᠠᠮ᠎ᠤᠨ ᠰᠦᠯᠵᠢᠶ᠎ᠡ᠂ ᠦᠵᠡᠵᠦ ᠰᠣᠨᠣᠰᠬᠤ ᠰᠢᠯᠵᠢᠮᠡᠯ ᠬᠡᠷᠡᠭᠯᠡᠭᠴᠢ ᠵᠢᠨ ᠦᠵᠦᠭᠦᠷ ᠪᠠ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ ᠵᠢᠨ ᠡᠷᠭᠢᠯᠡᠭᠰᠡᠨ ᠡᠯ᠎ᠡ ᠲᠥᠷᠥᠯ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠂ ᠲᠠᠩᠰᠠᠨ ᠨᠣᠮᠧᠷ᠎ᠢ ᠬᠢᠨᠠᠨ ᠬᠡᠮᠵᠢᠬᠦ ᠵᠢ ᠪᠡᠶᠡᠯᠡᠭᠦᠯᠵᠦ᠂ ᠫᠷᠤᠭ᠌ᠷᠠᠮ᠎ᠤᠨ ᠳᠠᠮᠵᠢᠭᠤᠯᠭ᠎ᠠ ᠵᠢᠨ ᠲᠤᠭ᠎ᠠ ᠬᠡᠮᠵᠢᠶ᠎ᠡ᠂ ᠬᠥᠳᠡᠯᠦᠩᠭᠦᠶ ᠪᠠᠶ᠋ᠢᠳᠠᠯ᠂ ᠬᠦᠷᠢᠶ᠎ᠡ ᠬᠡᠪᠴᠢᠶ᠎ᠡ᠂ ᠨᠥᠯᠥᠭᠡ ᠵᠡᠷᠭᠡ ᠪᠠᠶ᠋ᠢᠳᠠᠯ᠎ᠢ ᠣᠨᠣᠪᠴᠢᠲᠠᠶ ᠡᠵᠡᠮᠰᠢᠨ᠂ ᠰᠦᠯᠵᠢᠶᠡᠨ᠎ᠤ  ᠦᠵᠡᠵᠦ ᠰᠣᠨᠣᠰᠬᠤ ᠫᠷᠤᠭ᠌ᠷᠠᠮ᠎ᠤᠨ ᠬᠢᠨᠠᠨ ᠬᠠᠮᠢᠶᠠᠷᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

  (ᠲᠠᠪᠤ) ᠰᠦᠯᠵᠢᠶᠡᠨ᠎ᠤ ᠠᠮᠤᠷ ᠲᠦᠪᠰᠢᠨ᠎ᠤ ᠬᠢᠨᠠᠨ ᠬᠡᠮᠵᠢᠯᠲᠡ

   ᠷᠠᠳᠢᠣ᠋ ᠲᠧᠯᠸᠢᠰ᠎ᠤᠨ ᠰᠦᠯᠵᠢᠶᠡᠨ᠎ᠤ ᠠᠮᠤᠷ ᠲᠦᠪᠰᠢᠨ᠎ᠤ ᠬᠢᠨᠠᠨ ᠬᠡᠮᠵᠢᠬᠦ ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠬᠠᠷᠢᠶ᠎ᠠ ᠣᠷᠣᠨ᠎ᠤ ᠷᠠᠳᠢᠣ᠋ ᠲᠧᠯᠸᠢᠰ᠎ᠤᠨ ᠫᠷᠤᠭ᠌ᠷᠠᠮ᠎ᠢ ᠦᠢ᠍ᠯᠡᠳᠬᠦ᠂ ᠨᠡᠪᠲᠡᠷᠡᠭᠦᠯᠬᠦ᠂ ᠳᠠᠮᠵᠢᠭᠤᠯᠬᠤ᠂ ᠬᠢᠨᠠᠨ ᠬᠡᠮᠵᠢᠬᠦ ᠵᠡᠷᠭᠡ ᠭᠤᠭᠴᠤᠭ᠎ᠠ ᠵᠢᠴᠢ ᠬᠣᠯᠪᠣᠭᠳᠠᠯ ᠪᠥᠬᠦᠶ ᠪᠤᠰᠤᠳ ᠴᠢᠬᠤᠯᠠ ᠮᠡᠳᠡᠭᠡ ᠵᠠᠩᠭᠢ ᠵᠢᠨ ᠰᠢᠰᠲ᠋ᠧᠮ᠎ᠤᠨ ᠰᠦᠯᠵᠢᠶᠡᠨ᠎ᠤ ᠠᠮᠤᠷ ᠲᠦᠪᠰᠢᠨ᠎ᠤ ᠬᠢᠨᠠᠨ   ᠬᠡᠮᠵᠢᠯᠲᠡ ᠵᠢ ᠴᠢᠩᠭ᠋ᠠᠳᠬᠠᠵᠤ᠂ ᠷᠠᠳᠢᠣ᠋ ᠲᠧᠯᠸᠢᠰ᠎ᠤᠨ ᠰᠦᠯᠵᠢᠶ᠎ᠡ ᠪᠠ ᠲᠤᠭ᠎ᠠ ᠪᠠᠷᠢᠮᠲᠠ ᠵᠢᠨ ᠪᠠᠶ᠋ᠢᠳᠠᠯ᠎ᠢ ᠮᠡᠳᠡᠷᠡᠬᠦ᠂ ᠵᠠᠷᠯᠠᠨ ᠰᠡᠷᠡᠮᠵᠢᠯᠡᠭᠦᠯᠬᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ᠂ ᠲᠦᠭᠰᠢᠭᠦᠷᠢ ᠵᠢ ᠦᠨᠡᠯᠡᠨ ᠵᠢᠱ᠌ᠢᠬᠦ ᠵᠡᠷᠭᠡ ᠠᠵᠢᠯ᠎ᠢ ᠰᠠᠶ᠋ᠢᠲᠤᠷ ᠬᠢᠵᠦ᠂ ᠰᠦᠯᠵᠢᠶᠡᠨ᠎ᠤ ᠠᠮᠤᠷ ᠲᠦᠪᠰᠢᠨ᠎ᠤ ᠬᠢᠨᠠᠨ ᠬᠡᠮᠵᠢᠬᠦ ᠴᠢᠳᠠᠪᠤᠷᠢ ᠵᠢ ᠳᠡᠭᠡᠭᠰᠢᠯᠡᠭᠦᠯᠦᠨ᠂ ᠠᠶ᠋ᠢᠮᠠᠭ ᠬᠤᠲᠠ ᠵᠢᠨ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠰᠦᠯᠵᠢᠶᠡᠨ᠎ᠤ ᠠᠮᠤᠷ ᠲᠦᠪᠰᠢᠨ᠎ᠤ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠨ᠎ᠠ᠃

  (ᠵᠢᠷᠭᠤᠭ᠎ᠠ) ᠠᠮᠤᠷ ᠲᠦᠪᠰᠢᠨ  ᠨᠡᠪᠲᠡᠷᠡᠭᠦᠯᠭᠡ ᠵᠢᠨ ᠲᠣᠬᠢᠷᠠᠭᠤᠯᠭ᠎ᠠ

   ᠷᠠᠳᠢᠣ᠋ ᠲᠧᠯᠸᠢᠰ᠎ᠤᠨ ᠠᠮᠤᠷ ᠲᠦᠪᠰᠢᠨ  ᠨᠡᠪᠳᠡᠷᠡᠭᠦᠯᠭᠡ ᠵᠢᠨ ᠲᠣᠬᠢᠷᠠᠭᠤᠯᠭ᠎ᠠ ᠵᠢᠨ  ᠰᠢᠰᠲ᠋ᠧᠮ᠎ᠢ ᠪᠦᠲᠦᠭᠡᠨ ᠪᠠᠶ᠋ᠢᠭᠤᠯᠤᠨ᠎ᠠ᠃ ᠷᠠᠳᠢᠣ᠋ ᠲᠧᠯᠸᠢᠰ᠎ᠤᠨ ᠠᠮᠤᠷ ᠲᠦᠪᠰᠢᠨ ᠨᠡᠪᠲᠡᠷᠡᠭᠦᠯᠭᠡ ᠵᠢ ᠵᠢᠯᠣᠭᠤᠳᠤᠨ ᠲᠣᠬᠢᠷᠠᠭᠤᠯᠬᠤ ᠰᠢᠰᠲ᠋ᠧᠮ᠂ ᠠᠮᠤᠷ ᠲᠦᠪᠰᠢᠨ ᠨᠡᠪᠲᠡᠷᠡᠭᠦᠯᠭᠡ ᠵᠢ ᠨᠡᠪᠲᠡᠷᠡᠭᠦᠯᠬᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶ᠋ᠢᠲᠡᠯᠡᠬᠦ ᠰᠢᠰᠲ᠋ᠧᠮ᠂ ᠶᠡᠷᠦᠩᠬᠡᠶ᠋ᠢᠯᠡᠭᠰᠡᠨ ᠵᠢᠵᠢᠭᠦᠷᠯᠡᠨ ᠰᠠᠬᠢᠬᠤ ᠳᠦᠷᠢᠮ᠂ ᠬᠢᠨᠠᠯᠲᠠ ᠲᠠᠯᠪᠢᠵᠤ ᠵᠠᠭ᠋ᠠᠯᠳᠤᠬᠤ ᠵᠣᠬᠢᠴᠠᠮᠵᠢ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠲᠦᠷᠭᠡᠨ ᠪᠥᠭᠡᠳ ᠰᠠᠭ᠋ᠠᠳ ᠦᠭᠡᠢ ᠲᠣᠬᠢᠷᠠᠭᠤᠯᠬᠤ ᠮᠡᠳᠡᠭᠡ ᠵᠠᠩᠭᠢ ᠵᠢᠨ ᠳᠠᠮᠵᠢᠭᠤᠯᠬᠤ ᠰᠦᠯᠵᠢᠶ᠎ᠡ᠂ ᠴᠢᠮᠡᠭᠡ ᠬᠤᠯᠪᠣᠭ᠋ᠠᠨ᠎ᠤ ᠰᠢᠰᠲ᠋ᠧᠮ᠎ᠢ ᠪᠠᠶ᠋ᠢᠭᠤᠯᠵᠤ᠂ ᠡᠯ᠎ᠡ ᠱᠠᠲᠤᠨ᠎ᠤ ᠵᠢᠯᠣᠭᠤᠳᠤᠨ ᠲᠣᠬᠢᠷᠠᠭᠤᠯᠬᠤ ᠰᠢᠰᠲ᠋ᠧᠮ᠎ᠯᠦᠭᠡ ᠬᠢᠨᠠᠨ ᠬᠡᠮᠵᠢᠵᠦ ᠬᠢᠨᠠᠨ ᠬᠠᠮᠢᠶᠠᠷᠬᠤ ᠮᠡᠳᠡᠭᠡ ᠵᠠᠩᠭᠢ ᠵᠢ ᠬᠠᠮᠲᠤ᠎ᠪᠠᠷ ᠬᠦᠷᠲᠡᠵᠦ ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ  ᠲᠣᠬᠢᠷᠠᠭᠤᠯᠤᠯᠲᠠ ᠵᠢ ᠴᠠᠭ ᠲᠤᠬᠠᠶ᠎ᠳᠤ᠎ᠨᠢ ᠣᠨᠣᠪᠴᠢᠲᠠᠶ ᠪᠠ ᠥᠨᠳᠥᠷ ᠦᠷ᠎ᠡ ᠪᠦᠲᠦᠮᠵᠢᠲᠡᠶ ᠪᠠᠶ᠋ᠢᠯᠭ᠋ᠠᠬᠤ ᠵᠢ ᠦᠨᠡᠨ ᠬᠦ᠌   ᠪᠠᠲᠤᠯᠠᠨ᠎ᠠ᠃ ᠰᠦᠯᠵᠢᠶᠡᠨ᠎ᠤ ᠦᠵᠡᠵᠦ ᠰᠣᠨᠣᠰᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠢᠯᠣᠭᠤᠳᠤᠨ ᠲᠣᠬᠢᠷᠠᠭᠤᠯᠬᠤ ᠵᠣᠬᠢᠴᠠᠮᠵᠢ ᠵᠢ ᠪᠠᠶ᠋ᠢᠭᠤᠯᠵᠤ᠂ ᠰᠦᠯᠵᠢᠶᠡᠨ᠎ᠤ ᠦᠵᠡᠵᠦ ᠰᠣᠨᠣᠰᠬᠤ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠭᠡᠨᠡᠳᠲᠡ ᠵᠢᠨ ᠬᠡᠷᠡᠭ᠎ᠢ ᠰᠢᠢ᠍ᠳᠪᠦᠷᠢᠯᠡᠬᠦ ᠴᠢᠳᠠᠪᠤᠷᠢ ᠵᠢ ᠴᠢᠩᠭ᠋ᠠᠳᠬᠠᠨ᠎ᠠ᠃

   ᠵᠢᠷᠭᠤᠭ᠎ᠠ᠂ ᠪᠠᠲᠤᠯᠠᠭ᠎ᠠ ᠵᠢᠨ  ᠠᠷᠭ᠎ᠠ ᠬᠡᠮᠵᠢᠶ᠎ᠡ

  (ᠨᠢᠭᠡ) ᠵᠤᠬᠢᠴᠠᠮᠵᠢ ᠵᠢᠨ ᠪᠠᠳᠤᠯᠠᠭ᠎ᠠ

   ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠠᠮᠢᠶᠠᠷᠬᠤ ᠠᠵᠢᠯ᠎ᠢ ᠴᠢᠩᠭ᠋ᠠᠳᠬᠠᠬᠤ ᠲᠤᠬᠠᠶ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ᠎ᠤᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠷᠠᠳᠢᠣ᠋  ᠲᠧᠯᠸᠢᠰ ᠪᠣᠯᠤᠨ  ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠶ᠋ᠢᠭᠤᠯᠤᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠢᠨᠠᠨ ᠬᠡᠮᠵᠢᠵᠦ  ᠬᠢᠨᠠᠨ ᠬᠠᠮᠢᠶᠠᠷᠬᠤ ᠬᠠᠮᠢᠶᠠᠷᠤᠯᠲᠠ ᠵᠢᠨ ᠵᠠᠭᠪᠤᠷ ᠪᠣᠯᠤᠨ ᠠᠵᠢᠯ᠎ᠤᠨ ᠵᠣᠬᠢᠴᠠᠮᠵᠢ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠷᠠᠳᠢᠣ᠋  ᠲᠧᠯᠸᠢᠰ ᠪᠣᠯᠤᠨ  ᠰᠦᠯᠵᠢᠶᠡᠨ᠎ᠤ ᠦᠵᠡᠵᠦ ᠰᠣᠨᠣᠰᠬᠤ ᠪᠦᠲᠦᠮᠵᠢᠲᠡᠶ ᠬᠢᠨᠠᠨ ᠬᠡᠮᠵᠢᠵᠦ  ᠬᠢᠨᠠᠨ ᠬᠠᠮᠢᠶᠠᠷᠬᠤ ᠵᠢ ᠪᠠᠲᠤᠯᠠᠨ᠎ᠠ᠃

  (ᠬᠤᠶᠠᠷ) ᠮᠡᠷᠭᠡᠵᠢᠯ᠎ᠤᠨ ᠪᠠᠲᠤᠯᠠᠭ᠎ᠠ

   ᠬᠢᠨᠠᠨ ᠬᠡᠮᠵᠢᠵᠦ  ᠬᠢᠨᠠᠨ ᠬᠠᠮᠢᠶᠠᠷᠬᠤ ᠵᠢ ᠪᠦᠲᠦᠭᠡᠨ ᠪᠠᠶ᠋ᠢᠭᠤᠯᠬᠤ ᠪᠠᠷᠢᠮᠵᠢᠶ᠎ᠠ᠂ ᠮᠡᠷᠭᠡᠵᠢᠯ᠎ᠤᠨ ᠪᠠᠷᠢᠮᠵᠢᠶ᠎ᠠ ᠪᠠ ᠠᠵᠢᠯ ᠲᠥᠷᠥᠯ᠎ᠤᠨ ᠵᠢᠷᠤᠮᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠢᠳᠡᠪᠬᠢᠲᠡᠶ ᠠᠬᠢᠭᠤᠯᠵᠤ᠂ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠬᠢᠨᠠᠨ ᠬᠡᠮᠵᠢᠵᠦ  ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠂ ᠮᠡᠷᠭᠡᠵᠢᠯ᠎ᠤᠨ ᠬᠠᠮᠠᠭ᠋ᠠᠯᠠᠯᠲᠠ ᠵᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠬᠢᠨᠠᠨ ᠬᠡᠮᠵᠢᠵᠦ  ᠬᠢᠨᠠᠨ ᠬᠠᠮᠢᠶᠠᠷᠬᠤ ᠠᠵᠢᠯ᠎ᠤᠨ ᠰᠢᠨᠵᠢᠯᠡᠬᠦ ᠤᠬᠠᠭ᠋ᠠᠨᠴᠢ ᠴᠢᠨᠠᠷ᠎ᠢ ᠳᠡᠭᠡᠭᠰᠢᠯᠡᠭᠦᠯᠦᠨ᠎ᠡ᠃ 5G᠂ ᠡᠭᠦᠯᠡᠨ ᠪᠤᠳᠤᠯᠲᠠ᠂ ᠲᠣᠮᠣ ᠳ᠋ᠠᠶ᠋ᠢᠲ᠋ᠠ᠂ ᠵᠣᠬᠢᠶᠠᠮᠠᠯ ᠣᠶᠤᠨ ᠂ ᠴᠥᠷᠬᠡᠯᠡᠭᠡ ᠳ᠋ᠠᠶ᠋ᠢᠲ᠋ᠠ ᠵᠡᠷᠭᠡ ᠰᠢᠨ᠎ᠡ ᠮᠡᠷᠭᠡᠵᠢᠯ᠎ᠤᠨ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠳᠤ ᠬᠡᠷᠡᠭᠯᠡᠬᠦ ᠵᠢ ᠠᠬᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠶᠡᠷᠦᠩᠬᠡᠶ᠋ᠢᠯᠡᠭᠰᠡᠨ ᠪᠣᠳᠠᠲᠤ ᠬᠦᠴᠦᠨ ᠪᠠ ᠮᠡᠷᠭᠡᠵᠢᠯ᠎ᠤᠨ ᠪᠠᠲᠤᠯᠠᠭ᠎ᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

  (ᠭᠤᠷᠪᠠ) ᠴᠢᠳᠠᠪᠤᠷᠢᠳᠠᠨ᠎ᠤ ᠪᠠᠳᠤᠯᠠᠭ᠎ᠠ

   ᠴᠢᠳᠠᠪᠤᠷᠢᠲᠠᠨ᠎ᠤ ᠡᠩᠨᠡᠭᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠤᠷᠮᠠᠰᠢᠭᠤᠯᠬᠤ ᠵᠣᠬᠢᠴᠠᠮᠵᠢ ᠵᠢ ᠲᠡᠭᠦᠯᠳᠡᠷᠵᠢᠭᠦᠯᠦᠨ᠂ ᠡᠩᠨᠡᠭᠡ ᠵᠢᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠎ᠢ ᠳᠠᠶ᠋ᠢᠴᠢᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠣᠯᠪᠠᠰᠤᠷᠠᠯ᠎ᠤᠨ ᠲᠦᠷᠢᠮ᠎ᠢ ᠪᠠᠷᠢᠮᠲᠠᠯᠠᠨ ᠲᠡᠭᠦᠯᠳᠡᠷᠵᠢᠭᠦᠯᠵᠦ᠂ ᠲᠣᠰ ᠱᠠᠲᠤᠨ᠎ᠤ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠳᠠᠯ᠎ᠤᠨ ᠣᠨᠴᠠᠯᠢᠭ᠎ᠲᠠᠢ ᠤᠶᠠᠯᠳᠤᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠣᠯᠪᠠᠰᠤᠷᠠᠭᠤᠯᠬᠤ ᠪᠠ ᠴᠠᠭ ᠲᠣᠭᠲᠠᠭ᠋ᠠᠬᠤ ᠰᠣᠷᠢᠯᠲᠠ ᠵᠢ ᠥᠷᠨᠢᠭᠦᠯᠵᠦ᠂ ᠠᠵᠢᠯᠲᠠᠨ ᠪᠠ ᠰᠢᠰᠲ᠋ᠧᠮ᠎ᠤᠨ ᠲᠦᠷᠭᠡᠨ ᠲᠤᠰᠬᠠᠬᠤ᠂ ᠴᠠᠭ ᠲᠤᠬᠠᠶ᠎ᠳᠤ᠎ᠨᠢ  ᠳᠠᠭ᠋ᠠᠬᠤ ᠵᠢ ᠦᠨᠡᠨ ᠬᠦ᠌ ᠪᠠᠲᠤᠯᠠᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠵᠢᠯ᠎ᠤᠨ ᠥᠨᠳᠥᠷ ᠪᠦᠲᠦᠮᠵᠢᠲᠡᠶ᠂ ᠴᠢᠨᠠᠷ ᠰᠠᠶ᠋ᠢᠲᠠᠶ ᠥᠷᠨᠢᠬᠦ ᠵᠢ ᠪᠠᠲᠤᠯᠠᠨ᠎ᠠ᠃

  (ᠲᠦᠷᠪᠡ) ᠪᠡᠯᠡ ᠮᠦᠡᠭᠭᠦᠨ᠎ᠤ ᠪᠠᠳᠤᠯᠠᠭ᠎ᠠ

   ᠲᠤᠰ ᠱᠠᠲᠤᠨ᠎ᠤ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠵᠠᠰᠠᠭ᠎ᠤᠨ ᠣᠷᠳᠣᠨ᠎ᠤ ᠡᠳ᠋᠎ᠤᠨ ᠵᠠᠰᠠᠭ᠎ᠤᠨ ᠳᠡᠮᠵᠢᠯᠭᠡ ᠵᠢ ᠢᠳᠡᠪᠬᠢᠯᠡᠨ ᠣᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠭᠣᠤᠯᠳᠠᠯᠭ᠎ᠠ᠎ᠲᠠᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠷᠤᠭᠰᠢᠲᠠᠶ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠨ᠎ᠠ ᠃ ᠷᠠᠳᠢᠣ᠋ ᠲᠧᠯᠸᠢᠰ ᠪᠣᠯᠤᠨ ᠰᠦᠯᠵᠢᠶᠡᠨ᠎ᠤ  ᠦᠵᠡᠵᠦ ᠰᠣᠨᠣᠰᠬᠤ ᠬᠢᠨᠠᠨ ᠬᠡᠮᠵᠢᠵᠦ ᠬᠢᠨᠠᠨ ᠬᠠᠮᠢᠶᠠᠷᠬᠤ ᠡᠳ᠋᠎ᠤᠨ ᠵᠠᠰᠠᠭ᠎ᠤᠨ ᠪᠠᠲᠤᠯᠠᠭ᠎ᠠ ᠵᠢᠨ ᠵᠣᠬᠢᠴᠠᠮᠵᠢ  ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠢᠨᠠᠨ ᠬᠡᠮᠵᠢᠵᠦ ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ᠂ ᠠᠵᠢᠯᠯᠠᠭ᠋ᠠᠨ ᠪᠠ ᠬᠠᠮᠠᠭ᠋ᠠᠯᠠᠯᠲᠠ ᠵᠢ ᠪᠠᠲᠤᠯᠠᠨ᠎ᠠ᠃

   ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ 《ᠠᠶ᠋ᠢᠮᠠᠭ ᠬᠤᠲᠠ ᠵᠢᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ  ᠬᠢᠨᠠᠨ ᠬᠡᠮᠵᠢᠵᠦ  ᠬᠢᠨᠠᠨ ᠬᠠᠮᠢᠶᠠᠷᠬᠤ ᠰᠢᠰᠲ᠋ᠧᠮ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠵᠢᠯᠣᠭᠤᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠮᠡᠳᠡᠭᠳᠡᠯ

 

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ