ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠵᠠᠬᠢᠳᠠᠯ ᠰᠣᠷᠪᠣᠯᠵᠢᠯᠠᠯ᠎ᠤᠨ ᠭᠤᠮᠣᠳᠠᠯ ᠱᠠᠭ᠋ᠠᠷᠳᠠᠯᠭ᠎ᠠ ᠵᠢ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠬᠦ ᠨᠠᠷᠢᠨ ᠬᠠᠭᠤᠳᠠᠰᠤ ᠵᠢᠴᠢ ᠭᠤᠤᠯ ᠦᠨᠳᠦᠰᠦᠯᠡᠯ
2024-07-08

   ᠨᠢᠭᠡ᠂ ᠵᠠᠰᠠᠭ ᠵᠠᠬᠢᠷᠭ᠋ᠠᠨ᠎ᠤ ᠵᠥᠪᠰᠢᠶᠡᠷᠡᠯ

  (ᠨᠢᠭᠡ) ᠪᠣᠳᠠᠲᠠᠢ ᠵᠦᠢ᠍ᠯᠡᠰ᠄ ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ  ᠡᠵᠡᠩᠨᠡᠬᠦ ᠨᠢᠭᠡᠴᠢ ᠵᠢ ᠪᠠᠶ᠋ᠢᠭᠤᠯᠬᠤ  ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠲᠦᠷᠢᠮ》 ( 1997 ᠣᠨ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 228 ᠳ᠋ᠤᠭ᠋ᠠᠷ ᠲᠣᠭ᠋ᠠᠲᠤ ᠵᠢ ᠨᠡᠢ᠌ᠲᠡᠯᠡᠵᠦ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ )᠎ᠤᠨ ᠭᠤᠴᠢᠨ ᠨᠢᠭᠡᠳᠦᠭᠡᠷ ᠵᠣᠷᠪᠣᠰ; 《ᠷᠠᠳᠢᠣ᠋ ᠲᠧᠯᠸᠢᠰ᠎ᠤᠨ ᠫᠷᠤᠭ᠌ᠷᠠᠮ ᠦᠢ᠍ᠯᠡᠳᠴᠦ ᠡᠵᠡᠩᠨᠡᠬᠦ ᠬᠠᠮᠢᠶᠠᠷᠤᠯᠲᠠ ᠵᠢᠨ ᠲᠣᠭᠲᠠᠭ᠋ᠠᠯ》 (2004 ᠣᠨ᠎ᠤ ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 34 ᠳ᠋ᠦ᠍ᠭᠡᠷ ᠲᠣᠭ᠋ᠠᠲᠤ)᠎ᠤᠨ ᠳᠥᠷᠪᠡᠳᠦᠭᠡᠷ ᠵᠣᠷᠪᠣᠰ᠃

  (ᠬᠤᠶᠠᠷ) ᠪᠣᠳᠠᠲᠠᠢ ᠵᠦᠢ᠍ᠯᠡᠰ᠄ ᠤᠯᠤᠰ᠎ᠲᠤ᠎ᠪᠠᠨ ᠦᠢ᠍ᠯᠡᠳᠪᠦᠷᠢᠯᠡᠭᠰᠡᠨ ᠲᠧᠯᠸᠢᠰ ᠵᠦᠴᠦᠭᠡ ᠵᠢᠨ ᠬᠢᠨᠠᠨ ᠪᠠᠶ᠋ᠢᠴᠠᠭ᠋ᠠᠯᠲᠠ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ  ᠲᠣᠭᠲᠠᠭ᠋ᠠᠯ》 (ᠲᠥᠷᠥ ᠵᠢᠨ ᠶᠠᠪᠤᠳᠠᠯ᠎ᠤᠨ  ᠬᠣᠷᠢᠶᠠᠨ᠎ᠤ  ᠵᠠᠷᠯᠢᠭ 412 ᠳ᠋ᠤᠭ᠋ᠠᠷ ᠲᠣᠭ᠋ᠠᠲᠤ ᠵᠢ ᠨᠡᠢ᠌ᠲᠡᠯᠡᠵᠦ᠂ 2016 ᠣᠨ᠎ᠳᠤ ᠬᠣᠶᠠᠳᠤᠭ᠋ᠠᠷ ᠤᠳᠠᠭ᠎ᠠ ᠵᠠᠰᠠᠪᠤᠷᠢ ᠣᠷᠤᠭᠤᠯᠪᠠ )᠎ᠤᠨ  ᠳᠠᠭ᠋ᠠᠯᠳᠤᠭᠤᠯᠤᠯ᠎ᠤᠨ 314 ᠵᠦᠢ᠍ᠯ; 《ᠲᠧᠯᠸᠢᠰ ᠵᠦᠴᠦᠭᠡ ᠵᠢᠨ ᠠᠭᠤᠯᠭ᠎ᠠ ᠵᠢᠨ ᠬᠠᠮᠢᠶᠠᠷᠤᠯᠲᠠ ᠵᠢᠨ ᠲᠣᠭᠲᠠᠭ᠋ᠠᠯ》 (ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ  ᠲᠣᠪᠴᠢᠶᠠᠨ᠎ᠤ ᠵᠠᠷᠯᠢᠭ 63 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2016 ᠣᠨ᠎ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 8 ᠳ᠋ᠤᠭ᠋ᠠᠷ ᠲᠣᠭ᠋ᠠᠲᠤ᠎ᠳᠤ  ᠵᠠᠰᠠᠪᠤᠷᠢ ᠣᠷᠣᠭᠤᠯᠪᠠ )᠎ᠤᠨ ᠠᠷᠪᠠᠨ ᠲᠠᠪᠤᠳᠤᠭ᠋ᠠᠷ ᠵᠣᠷᠪᠣᠰ ᠃

  (ᠭᠤᠷᠪᠠ) ᠪᠣᠳᠠᠲᠠᠢ ᠵᠦᠢ᠍ᠯᠡᠰ᠄ ᠬᠢᠯᠢ ᠵᠢᠨ ᠭᠠᠳᠠᠨᠠᠬᠢ ᠷᠠᠳᠢᠣ᠋ ᠲᠧᠯᠸᠢᠰ᠎ᠤᠨ ᠫᠷᠤᠭ᠌ᠷᠠᠮ᠎ᠤᠨ  ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 228 ᠳ᠋ᠤᠭ᠋ᠠᠷ ᠲᠣᠭ᠋ᠠᠲᠤ ᠵᠢ ᠨᠡᠢ᠌ᠲᠡᠯᠡᠵᠦ ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠭᠤᠴᠢ ᠶᠢᠰᠦᠳᠦᠭᠡᠷ ᠵᠣᠷᠪᠣᠰ; 《ᠬᠢᠯᠢ ᠵᠢᠨ ᠭᠠᠳᠠᠨᠠᠬᠢ ᠲᠧᠯᠸᠢᠰ᠎ᠤᠨ ᠫᠷᠤᠭ᠌ᠷᠠᠮ᠎ᠢ ᠣᠷᠣᠭᠤᠯᠤᠨ ᠠᠪᠴᠢᠷᠠᠬᠤ᠂ ᠨᠡᠪᠲᠡᠷᠡᠭᠦᠯᠬᠦ ᠬᠠᠮᠢᠶᠠᠷᠤᠯᠲᠠ ᠵᠢᠨ ᠲᠣᠭᠲᠠᠭ᠋ᠠᠯ》 (2004 ᠣᠨ᠎ᠤ ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ 42 ᠳ᠋ᠤᠭ᠋ᠠᠷ ᠲᠣᠭ᠋ᠠᠲᠤ)᠎ᠤᠨ ᠭᠤᠷᠪᠠᠳᠤᠭ᠋ᠠᠷ ᠵᠣᠷᠪᠣᠰ᠂ ᠠᠷᠪᠠᠨ ᠭᠤᠷᠪᠠᠳᠤᠭ᠋ᠠᠷ ᠵᠣᠷᠪᠣᠰ ᠃

  (ᠲᠦᠷᠪᠡ) ᠪᠣᠳᠠᠲᠠᠢ ᠵᠦᠢ᠍ᠯᠡᠰ᠄ ᠷᠠᠳᠢᠣ᠋ ᠲᠧᠯᠸᠢᠰ᠎ᠤᠨ ᠫᠷᠤᠭ᠌ᠷᠠᠮ᠎ᠤᠨ ᠰᠣᠯᠢᠯᠴᠠᠭ᠎ᠠ᠂ ᠠᠷᠠᠯᠵᠢᠶᠠᠨ᠎ᠤ ᠠᠵᠢᠯᠯᠠᠭ᠎ᠠ ᠵᠢ ᠡᠷᠬᠢᠯᠡᠬᠦ ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 228 ᠳ᠋ᠤᠭ᠋ᠠᠷ ᠲᠣᠭ᠋ᠠᠲᠤ  ᠵᠢ  ᠨᠡᠶ᠋ᠢᠲᠡᠯᠡᠵᠦ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠯᠲᠠ ᠣᠷᠣᠭᠤᠯᠪᠠ)᠎ᠤᠨ ᠳᠥᠴᠢᠨ ᠲᠠᠪᠤᠳᠤᠭ᠋ᠠᠷ ᠵᠣᠷᠪᠣᠰ᠃

  (ᠲᠠᠪᠤ) ᠪᠣᠳᠠᠲᠠᠢ ᠵᠦᠢ᠍ᠯᠡᠰ᠄ ᠷᠠᠳᠢᠣ᠋  ᠲᠧᠯᠸᠢᠰ᠎ᠤᠨ ᠰᠠᠴᠤᠷᠠᠭᠤᠯᠬᠤ ᠲᠥᠬᠦᠭᠡᠷᠦᠮᠵᠢ ᠵᠠᠬᠢᠶᠠᠯᠠᠨ ᠬᠤᠳᠠᠯᠳᠤᠵᠤ ᠠᠪᠤᠭᠰᠠᠨ ᠭᠡᠷᠡᠴᠢ ᠵᠢᠨ ᠬᠢᠨᠠᠨ ᠣᠯᠭᠣᠯᠲᠠ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ ᠲᠣᠭᠲᠠᠭ᠋ᠠᠯ》 (ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 412 ᠳ᠋ᠤᠭ᠋ᠠᠷ ᠲᠣᠭ᠋ᠠᠲᠤ  ᠵᠢ ᠨᠡᠶ᠋ᠢᠲᠡᠯᠡᠵᠦ᠂ 2016 ᠣᠨ᠎ᠳᠤ ᠬᠣᠶᠠᠳᠤᠭ᠋ᠠᠷ ᠤᠳᠠᠭ᠎ᠠ ᠵᠠᠰᠠᠪᠤᠷᠢ ᠣᠷᠤᠭᠤᠯᠪᠠ )᠎ᠤᠨ ᠳᠠᠭ᠋ᠠᠯᠳᠤᠭᠤᠯᠤᠯ᠎ᠤᠨ 311 ᠵᠦᠢ᠍ᠯ᠃

  (ᠵᠢᠷᠭᠤᠭ᠎ᠠ) ᠪᠣᠳᠠᠲᠠᠶ ᠵᠦᠢ᠍ᠯᠡᠰ᠄ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ᠂ ᠲᠧᠯᠸᠢᠰ ᠬᠣᠷᠢᠶ᠎ᠠ ᠵᠢᠨ ᠥᠷᠲᠡᠭᠡᠨ᠎ᠤ ᠬᠣᠪᠢᠷᠠᠭᠤᠯᠤᠭᠰᠠᠨ ᠨᠡᠷ᠎ᠡ᠂ ᠥᠷᠲᠡᠭᠡ ᠵᠢᠨ ᠲᠡᠮᠳᠡᠭ᠂ ᠫᠷᠤᠭ᠌ᠷᠠᠮ ᠲᠣᠬᠢᠷᠠᠭᠤᠯᠬᠤ ᠬᠡᠪᠴᠢᠶ᠎ᠡ ᠪᠤᠶᠤ ᠫᠷᠤᠭ᠌ᠷᠠᠮ᠎ᠤᠨ ᠢᠵᠢ ᠲᠣᠭ᠎ᠠ ᠵᠢᠨ ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 228 ᠳ᠋ᠤᠭ᠋ᠠᠷ ᠲᠣᠭ᠋ᠠᠲᠤ ᠵᠢ  ᠨᠡᠶ᠋ᠢᠲᠡᠯᠡᠵᠦ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠠᠷᠪᠠᠨ ᠭᠤᠷᠪᠠᠳᠤᠭ᠋ᠠᠷ ᠵᠣᠷᠪᠣᠰ; 《ᠷᠠᠳᠢᠣ᠋ ᠨᠡᠪᠲᠡᠷᠡᠭᠦᠯᠭᠡ ᠵᠢᠨ ᠬᠤᠷᠢᠶ᠎ᠠ ᠲᠧᠯᠸᠢᠰ ᠬᠤᠷᠢᠶᠠᠨ᠎ᠤ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠠᠷᠭ᠎ᠠ》 (2004 ᠣᠨ᠎ᠤ ᠷᠠᠳᠢᠣ᠋ ᠺᠢᠨᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠵᠠᠷᠯᠢᠭ 37 ᠳ᠋ᠤᠭ᠋ᠠᠷ ᠲᠣᠭ᠋ᠠᠲᠤ᠂ 2017 ᠣᠨ᠎ᠳᠤ ᠤᠯᠤᠰ᠎ᠤᠨ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠵᠠᠷᠯᠢᠭ 13 ᠳ᠋ᠤᠭ᠋ᠠᠷ ᠲᠣᠭ᠋ᠠᠲᠤ᠎ᠳᠤ ᠵᠠᠰᠠᠪᠤᠷᠢ ᠣᠷᠣᠭᠤᠯᠪᠠ ) ᠵᠢᠨ ᠳᠣᠯᠣᠳᠤᠭ᠋ᠠᠷ ᠵᠣᠷᠪᠣᠰ ; 《ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ᠎ᠢ ᠬᠦᠴᠦᠨ ᠦᠭᠡᠢ ᠪᠣᠯᠭ᠋ᠠᠬᠤ ᠪᠠ ᠳᠣᠷᠣᠭᠰᠢ ᠪᠠᠭᠤᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ》 (ᠲᠥᠷᠥ ᠲᠠᠷᠬᠠᠭ᠋ᠠᠭᠰᠠᠨ [ 2020 ] 13 ᠳ᠋ᠤᠭ᠋ᠠᠷ ᠲᠣᠭ᠋ᠠᠲᠤ)

  (ᠳᠤᠯᠤᠭ᠎ᠠ) ᠪᠣᠳᠠᠲᠠᠶ ᠵᠦᠢ᠍ᠯ᠄ ᠰᠢᠶᠠᠩ ᠪᠠᠯᠭ᠋ᠠᠰᠤᠨ᠎ᠳᠤ ᠷᠠᠳᠢᠣ᠋ ᠲᠧᠯᠸᠢᠰ᠎ᠤᠨ ᠥᠷᠲᠡᠭᠡ ᠪᠠ ᠪᠠᠶ᠋ᠢᠭᠤᠯᠭ᠎ᠠ᠂ ᠴᠡᠷᠢᠭ ᠠᠩᠭᠢ᠂ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠤᠲᠠᠰᠤᠲᠤ ᠷᠠᠳᠢᠣ᠋ ᠲᠧᠯᠸᠢᠰ᠎ᠤᠨ ᠥᠷᠲᠡᠭᠡ ᠪᠠᠶ᠋ᠢᠭᠤᠯᠬᠤ  ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠳᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 2228 ᠳ᠋ᠤᠭ᠋ᠠᠷ ᠲᠣᠭ᠋ᠠᠲᠤ ᠵᠢ  ᠨᠡᠶ᠋ᠢᠲᠡᠯᠡᠵᠦ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ )᠎ᠤᠨ ᠠᠷᠪᠠᠨ ᠲᠠᠪᠤᠳᠤᠭ᠋ᠠᠷ ᠵᠣᠷᠪᠣᠰ ; 《ᠷᠠᠳᠢᠣ᠋ ᠲᠧᠯᠸᠢᠰ᠎ᠤᠨ ᠥᠷᠲᠡᠭᠡᠨ᠎ᠤ ᠬᠢᠨᠠᠨ ᠵᠥᠪᠰᠢᠶᠡᠷᠡᠯ᠎ᠤᠨ  ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠲᠣᠭᠲᠠᠭ᠋ᠠᠯ》 (2004 ᠣᠨ᠎ᠤ ᠷᠠᠳᠢᠣ᠋ ᠺᠢᠨᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠵᠠᠷᠯᠢᠭ 32 ᠳ᠋ᠤᠭ᠋ᠠᠷ ᠲᠣᠭ᠋ᠠᠲᠤ)᠎ᠤᠨ ᠭᠤᠷᠪᠠᠳᠤᠭ᠋ᠠᠷ ᠵᠣᠷᠪᠣᠰ᠃

  (ᠨᠠᠢ᠍ᠮᠠ) ᠪᠣᠳᠠᠲᠠᠶ ᠵᠦᠢ᠍ᠯᠡᠰ᠄ ᠤᠲᠠᠰᠤᠲᠤ ᠷᠠᠳᠢᠣ᠋ ᠲᠧᠯᠸᠢᠰ᠎ᠤᠨ ᠳᠠᠮᠵᠢᠭᠤᠯᠭ᠎ᠠ ᠵᠢᠨ ᠪᠦᠷᠬᠦᠴᠡ ᠵᠢᠨ ᠲᠣᠤᠷ᠎ᠤᠨ ᠢᠨᠵᠧᠨᠧᠷᠢᠩ᠎ᠤᠨ  ᠰᠢᠯᠭ᠋ᠠᠨ ᠠᠪᠤᠯᠲᠠ ᠬᠢᠨᠠᠨ ᠬᠠᠷᠭᠤᠭᠤᠯᠭ᠎ᠠ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《ᠷᠠᠳᠢᠣ᠋ ᠲᠧᠯᠸᠢᠰ᠎ᠤᠨ ᠬᠠᠮᠢᠶᠠᠷᠤᠯᠲᠠ ᠵᠢᠨ ᠲᠦᠷᠢᠮ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 228 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2020 ᠣᠨ᠎ᠳᠤ ᠭᠤᠷᠪᠠᠳᠤᠭ᠋ᠠᠷ ᠤᠳᠠᠭ᠎ᠠ ᠵᠠᠰᠠᠪᠤᠷᠢ  ᠣᠷᠣᠭᠤᠯᠪᠠ)᠎ᠤᠨ ᠠᠷᠪᠠᠨ ᠳᠣᠯᠣᠳᠤᠭ᠋ᠠᠷ ᠵᠣᠷᠪᠣᠰ᠂ ᠬᠤᠷᠢᠨ ᠬᠤᠶᠠᠳᠤᠭ᠋ᠠᠷ ᠵᠣᠷᠪᠣᠰ᠃

  (ᠶᠢᠰᠦ) ᠪᠣᠳᠠᠲᠠᠶ ᠵᠦᠢ᠍ᠯᠡᠰ᠄ ᠷᠠᠳᠢᠣ᠋ ᠲᠧᠯᠸᠢᠰ᠎ᠤᠨ ᠸᠢᠳᠢᠣ᠋᠎ᠪᠠᠷ ᠵᠠᠬᠢᠶᠠᠯᠠᠬᠤ ᠲᠤᠬᠠᠶ᠋ᠢᠯᠠᠭᠰᠠᠨ ᠠᠵᠢᠯ᠎ᠤᠨ ᠬᠢᠨᠠᠨ ᠵᠥᠪᠰᠢᠶᠡᠷᠡᠯ

   ᠲᠣᠬᠢᠷᠠᠭᠤᠯᠤᠨ  ᠲᠣᠭᠲᠠᠭ᠋ᠠᠭᠰᠠᠨ ᠦᠨᠳᠦᠰᠦᠯᠡᠯ᠄ 《  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ ᠲᠣᠭᠲᠠᠭ᠋ᠠᠯ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 412 ᠳ᠋ᠤᠭ᠋ᠠᠷ ᠲᠣᠭ᠋ᠠᠲᠤ ᠵᠢ  ᠨᠡᠶ᠋ᠢᠲᠡᠯᠡᠵᠦ᠂ 2016 ᠣᠨ᠎ᠳᠤ ᠬᠤᠶᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠳᠠᠭ᠋ᠠᠯᠳᠤᠭᠤᠯᠤᠯ᠎ᠤᠨ 303 ᠵᠦᠢ᠍ᠯ; 《ᠷᠠᠳᠢᠣ᠋ ᠲᠧᠯᠸᠢᠰ᠎ᠤᠨ  ᠸᠢᠳᠢᠤ᠋  ᠎ᠪᠠᠷ ᠵᠠᠬᠢᠶᠠᠯᠠᠬᠤ  ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 (ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 35 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2015 ᠣᠨ᠎ᠳᠤ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 9 ᠳ᠋ᠦ᠍ᠭᠡᠷ  ᠲᠣᠭ᠋ᠠᠲᠤ᠎ᠳᠤ ᠵᠠᠰᠠᠪᠤᠷᠢ ᠣᠷᠣᠭᠤᠯᠪᠠ) ᠵᠢᠨ ᠲᠠᠪᠤᠳᠤᠭ᠋ᠠᠷ ᠵᠣᠷᠪᠣᠰ᠂ ᠵᠢᠷᠭᠤᠳᠤᠭ᠋ᠠᠷ ᠵᠣᠷᠪᠣᠰ᠂ ᠠᠷᠪᠠᠨ ᠬᠤᠶᠠᠳᠤᠭ᠋ᠠᠷ ᠵᠣᠷᠪᠣᠰ᠃

  (ᠠᠷᠪᠠ) ᠪᠣᠳᠠᠲᠠᠶ ᠵᠦᠢ᠍ᠯᠡᠰ᠄ ᠮᠡᠳᠡᠭᠡ ᠵᠠᠩᠭᠢ ᠵᠢᠨ ᠰᠦᠯᠵᠢᠶ᠎ᠡ᠎ᠪᠠᠷ ᠲᠠᠮᠵᠢᠭᠤᠯᠤᠨ ᠲᠠᠷᠬᠠᠭ᠋ᠠᠬᠤ ᠦᠵᠡᠵᠦ ᠰᠣᠨᠣᠰᠬᠤ ᠫᠷᠤᠭ᠌ᠷᠠᠮ᠎ᠤᠨ ᠵᠥᠪᠰᠢᠶᠡᠷᠡᠯ᠎ᠤᠨ ᠦᠨᠡᠮᠯᠡᠯ᠎ᠤᠨ  ᠬᠠᠷᠭᠤᠭᠤᠯᠤᠨ ᠣᠯᠭᠣᠯᠲᠠ

   ᠲᠣᠬᠢᠷᠠᠭᠤᠯᠤᠨ ᠲᠣᠭᠲᠠᠭ᠋ᠠᠭᠰᠠᠨ ᠦᠨᠳᠦᠰᠦᠯᠡᠯ᠄ 《  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ ᠲᠣᠭᠲᠠᠭ᠋ᠠᠯ 》 (ᠲᠥᠷᠥ ᠵᠢᠨ ᠶᠠᠪᠤᠳᠠᠯ᠎ᠤᠨ ᠬᠣᠷᠢᠶᠠᠨ᠎ᠤ  ᠵᠠᠷᠯᠢᠭ 412 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2016 ᠣᠨ᠎ᠳᠤ ᠬᠤᠶᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ )᠎ᠤᠨ ᠳᠠᠭ᠋ᠠᠯᠳᠤᠭᠤᠯᠤᠯ᠎ᠤᠨ 304 ᠵᠣᠷᠪᠣᠰ ; 《〈  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ ᠲᠣᠭᠲᠠᠭ᠋ᠠᠯ〉᠎ᠳᠤ ᠵᠠᠰᠠᠪᠤᠷᠢ ᠣᠷᠣᠭᠤᠯᠬᠤ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》 (2016 ᠣᠨ᠎ᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠷᠯᠢᠭ 671 ᠳ᠋ᠤᠭᠡᠷ ᠲᠣᠭ᠋ᠠᠲᠤ); 《ᠢᠨᠲ᠋ᠧᠷ ᠰᠦᠯᠵᠢᠶᠡᠨ᠎ᠤ ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》 (ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶ᠎ᠠ᠂ ᠮᠡᠳᠡᠭᠡ ᠵᠠᠩᠭᠢ ᠵᠢᠨ ᠠᠵᠤ ᠦᠢ᠍ᠯᠡᠰ᠎ᠤᠨ ᠶᠠᠮᠤᠨ᠎ᠤ ᠵᠠᠷᠯᠢᠭ 56 ᠳ᠋ᠤᠭ᠋ᠠᠷ ᠲᠣᠭ᠋ᠠᠲᠤ)᠎ᠤᠨ  ᠠᠷᠪᠠᠳᠤᠭ᠋ᠠᠷ ᠵᠣᠷᠪᠣᠰ; 《ᠲᠤᠰᠬᠠᠢ ᠰᠦᠯᠵᠢᠶ᠎ᠡ ᠵᠢᠴᠢ ᠬᠠᠨᠳᠤᠯᠭ᠎ᠠ᠎ᠲᠠᠢ᠎ᠪᠠᠷ ᠳᠠᠮᠵᠢᠭᠤᠯᠬᠤ  ᠦᠵᠡᠵᠦ ᠰᠣᠨᠣᠰᠬᠤ ᠫᠷᠤᠭ᠌ᠷᠠᠮ᠎ᠤᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》 (ᠷᠠᠳᠢᠣ᠋ ᠲᠧᠯᠸᠢᠰ᠎ᠤᠨ ᠶᠡᠷᠦᠩᠬᠡᠢ ᠲᠣᠪᠴᠢᠶᠠᠨ᠎ᠤ ᠵᠠᠷᠯᠢᠭ 6 ᠳ᠋ᠤᠭ᠋ᠠᠷ ᠲᠣᠭ᠋ᠠᠲᠤ)᠎ᠤᠨ ᠨᠠᠢ᠍ᠮᠠᠳᠤᠭ᠋ᠠᠷ ᠵᠣᠷᠪᠣᠰ ; 《  ᠨᠢᠭᠡ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠵᠦᠢ᠍ᠯᠡᠰ᠎ᠢ ᠬᠦᠴᠦᠨ ᠦᠭᠡᠢ ᠪᠣᠯᠭ᠋ᠠᠬᠤ ᠪᠠ ᠳᠣᠷᠣᠭᠰᠢ ᠪᠠᠭᠤᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ》 (ᠲᠥᠷᠥ ᠲᠠᠷᠬᠠᠭ᠋ᠠᠭᠰᠠᠨ [ 2020 ] 13 ᠳ᠋ᠤᠭ᠋ᠠᠷ ᠲᠣᠭ᠋ᠠᠲᠤ)᠃

  (ᠠᠷᠪᠠᠨ ᠨᠢᠭᠡ) ᠪᠣᠳᠠᠲᠠᠢ ᠵᠦᠢ᠍ᠯᠡᠰ᠄ ᠷᠠᠳᠢᠣ᠋ ᠲᠧᠯᠸᠢᠰ᠎ᠤᠨ ᠫᠷᠤᠭ᠌ᠷᠠᠮ ᠳᠠᠮᠵᠢᠭᠤᠯᠤᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠬᠢᠨᠠᠨ ᠵᠥᠪᠰᠢᠶᠡᠷᠡᠯ

   ᠲᠣᠬᠢᠷᠠᠭᠤᠯᠤᠨ ᠲᠣᠭᠲᠠᠭ᠋ᠠᠭᠰᠠᠨ ᠦᠨᠳᠦᠰᠦᠯᠡᠯ᠄ 《  ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨ ᠬᠦ᠌ ᠦᠯᠡᠳᠡᠭᠡᠬᠦ ᠴᠢᠬᠤᠯᠠᠲᠠᠶ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠲᠣᠬᠢᠷᠠᠭᠤᠯᠤᠨ ᠲᠣᠭᠲᠠᠭ᠋ᠠᠬᠤ ᠲᠤᠬᠠᠢ ᠲᠣᠭᠲᠠᠭ᠋ᠠᠯ 》 (ᠲᠥᠷᠥ ᠵᠢᠨ ᠶᠠᠪᠤᠳᠠᠯ᠎ᠤᠨ ᠬᠣᠷᠢᠶᠠᠨ᠎ᠤ  ᠵᠠᠷᠯᠢᠭ 412 ᠳ᠋ᠤᠭ᠋ᠠᠷ ᠲᠣᠭ᠋ᠠᠲᠤ ᠵᠢ  ᠨᠡᠶ᠋ᠢᠲᠡᠯᠡᠵᠦ᠂ 2016 ᠣᠨ᠎ᠳᠤ ᠬᠤᠶᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠳᠠᠭ᠋ᠠᠯᠳᠤᠭᠤᠯᠤᠯ᠎ᠤᠨ 305 ᠵᠦᠢ᠍ᠯ ; 《  ᠲᠥᠷᠥ ᠵᠢᠨ ᠶᠠᠪᠤᠳᠠᠯ᠎ᠤᠨ ᠬᠣᠷᠢᠶᠠᠨ᠎ᠤ  ᠵᠢᠷᠭᠤᠳᠤᠭ᠋ᠠᠷ ᠪᠦᠯᠦᠭ  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠯ᠎ᠤᠨ ᠲᠥᠷᠥᠯ ᠵᠦᠢ᠍ᠯ᠎ᠢ ᠬᠦᠴᠦᠨ ᠦᠭᠡᠢ ᠪᠣᠯᠭ᠋ᠠᠬᠤ ᠪᠠ ᠲᠣᠬᠢᠷᠠᠭᠤᠯᠬᠤ ᠲᠤᠬᠠᠶ  ᠲᠣᠭᠲᠠᠭ᠋ᠠᠯ》 (ᠲᠥᠷᠥ ᠲᠠᠷᠬᠠᠭ᠋ᠠᠭᠰᠠᠨ [ 2012 ] 52 ᠳ᠋ᠤᠭ᠋ᠠᠷ ᠲᠣᠭ᠋ᠠᠲᠤ)᠎ᠤᠨ ᠳᠠᠭ᠋ᠠᠯᠳᠤᠭᠤᠯᠤᠯ 2᠎ᠤᠨ 67 ᠵᠦᠢ᠍ᠯ; 《ᠷᠠᠳᠢᠣ᠋ ᠲᠧᠯᠸᠢᠰ᠎ᠤᠨ ᠫᠷᠤᠭ᠌ᠷᠠᠮ ᠳᠠᠮᠵᠢᠭᠤᠯᠤᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠬᠠᠮᠢᠶᠠᠷᠤᠯᠲᠠ ᠵᠢᠨ ᠠᠷᠭ᠎ᠠ》 (ᠷᠠᠳᠢᠣ᠋ ᠲᠧᠯᠸᠢᠰ᠎ᠤᠨ ᠶᠡᠷᠦᠩᠬᠡᠶ  ᠲᠣᠪᠴᠢᠶᠠᠨ᠎ᠤ  ᠵᠠᠷᠯᠢᠭ 12 ᠳ᠋ᠤᠭ᠋ᠠᠷ ᠲᠣᠭ᠋ᠠᠲᠤ)᠎ᠤᠨ ᠠᠷᠪᠠᠳᠤᠭ᠋ᠠᠷ ᠵᠣᠷᠪᠣᠰ ; 《ᠷᠠᠳᠢᠣ᠋ ᠲᠧᠯᠸᠢᠰ᠎ᠤᠨ ᠤᠲᠠᠰᠤ ᠦᠭᠡᠢ ᠳᠠᠮᠵᠢᠭᠤᠯᠭ᠎ᠠ ᠵᠢᠨ  ᠬᠠᠮᠤᠷᠤᠯᠲᠠ ᠵᠢᠨ ᠰᠦᠯᠵᠢᠶᠡᠨ᠎ᠤ ᠬᠠᠮᠢᠶᠠᠷᠤᠯᠲᠠ ᠵᠢᠨ ᠠᠷᠭ᠎ᠠ》 (ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 13 ᠳ᠋ᠤᠭ᠋ᠠᠷ ᠲᠣᠭ᠋ᠠᠲᠤ) ᠵᠢᠨ ᠠᠷᠪᠠᠨ ᠭᠤᠷᠪᠠᠳᠤᠭ᠋ᠠᠷ ᠵᠣᠷᠪᠣᠰ;

  (ᠠᠷᠪᠠᠨ ᠬᠣᠶᠠᠷ) ᠪᠣᠳᠠᠲᠠᠶ ᠵᠦᠢ᠍ᠯᠡᠰ᠄ ᠳᠠᠭ᠋ᠠᠭᠤᠯᠢ ᠣᠳᠣᠨ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢ ᠤᠭᠰᠠᠷᠠᠬᠤ ᠦᠢ᠍ᠯᠡᠴᠢᠯᠡᠭᠡᠨ᠎ᠤ ᠵᠥᠪᠰᠢᠶᠡᠷᠡᠯ

   ᠲᠣᠬᠢᠷᠠᠭᠤᠯᠤᠨ ᠲᠣᠭᠲᠠᠭ᠋ᠠᠭᠰᠠᠨ ᠦᠨᠳᠦᠰᠦᠯᠡᠯ᠄ 《ᠳᠠᠭ᠋ᠠᠭᠤᠯᠢ ᠣᠳᠣᠨ᠎ᠤ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》 (ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 129 ᠳ᠋ᠦ᠍ᠭᠡᠷ ᠲᠣᠭ᠋ᠠᠲᠤ ᠵᠢ ᠨᠡᠶ᠋ᠢᠲᠡᠯᠡᠵᠦ᠂ 2018 ᠣᠨ᠎ᠳᠤ ᠬᠤᠶᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠭᠤᠷᠪᠠᠳᠤᠭ᠋ᠠᠷ ᠵᠤᠷᠪᠤᠰ; 《ᠳᠠᠭ᠋ᠠᠭᠤᠯᠢ ᠣᠳᠣᠨ᠎ᠤ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢ ᠤᠭᠰᠠᠷᠠᠬᠤ ᠦᠢ᠍ᠯᠡᠴᠢᠯᠡᠭᠡᠨ᠎ᠤ ᠲᠦᠷ ᠬᠡᠷᠡᠭᠵᠢᠭᠦᠯᠬᠦ ᠠᠷᠭ᠎ᠠ》 (ᠷᠠᠳᠢᠣ᠋ ᠺᠢᠨᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 60 ᠳ᠋ᠤᠭ᠋ᠠᠷ ᠲᠣᠭ᠋ᠠᠲᠤ ᠵᠢ ᠨᠡᠶ᠋ᠢᠲᠡᠯᠡᠵᠦ᠂ 2015 ᠣᠨ᠎ᠳᠤ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 10 ᠳ᠋ᠤᠭ᠋ᠠᠷ ᠲᠣᠭ᠋ᠠᠲᠤ᠎ᠳᠤ ᠵᠠᠰᠠᠪᠤᠷᠢ ᠣᠷᠣᠭᠤᠯᠪᠠ) ᠵᠢᠨ ᠳᠥᠷᠪᠡᠳᠦᠭᠡᠷ ᠵᠣᠷᠪᠣᠰ᠂ ᠳᠣᠯᠣᠳᠣᠭ᠋ᠠᠷ ᠵᠣᠷᠪᠣᠰ; 《ᠳᠠᠭ᠋ᠠᠭᠤᠯᠢ ᠣᠳᠣᠨ᠎ᠤ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢ ᠤᠭᠰᠠᠷᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠬᠢᠨᠠᠨ ᠵᠥᠪᠰᠢᠶᠡᠷᠡᠯ᠎ᠤᠨ ᠵᠦᠢ᠍ᠯᠡᠰ᠎ᠤᠨ ᠲᠤᠬᠠᠶ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠮᠡᠳᠡᠭᠳᠡᠯ》 (ᠷᠠᠳᠢᠣ᠋ ᠲᠠᠷᠬᠠᠭ᠋ᠠᠭᠰᠠᠨ [ 2010] 24 ᠳ᠋ᠦ᠍ᠭᠡᠷ ᠲᠣᠭ᠋ᠠᠲᠤ)᠃

  (ᠠᠷᠪᠠᠨ ᠭᠤᠷᠪᠠ) ᠪᠣᠳᠠᠲᠠᠶ ᠵᠦᠢ᠍ᠯᠡᠰ᠄ ᠳᠠᠭ᠋ᠠᠭᠤᠯᠢ ᠣᠳᠣᠨ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢᠨ ᠲᠣᠬᠢᠷᠠᠭᠤᠯᠤᠯᠲᠠ ᠵᠢᠨ ᠬᠢᠨᠠᠨ ᠵᠥᠪᠰᠢᠶᠡᠷᠡᠯ

   ᠲᠣᠬᠢᠷᠠᠭᠤᠯᠤᠨ ᠲᠣᠭᠲᠠᠭ᠋ᠠᠭᠰᠠᠨ ᠦᠨᠳᠦᠰᠦᠯᠡᠯ᠄ 《ᠳᠠᠭ᠋ᠠᠭᠤᠯᠢ ᠣᠳᠣᠨ᠎ᠤ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠭᠥᠯᠢᠶᠡᠨ ᠠᠪᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》 (1993 ᠣᠨ᠎ᠤ ᠲᠥᠷᠥ ᠵᠢᠨ ᠶᠠᠪᠤᠳᠠᠯ᠎ᠤᠨ ᠬᠤᠷᠢᠶᠠᠨ᠎ᠤ ᠵᠠᠷᠯᠢᠭ 129 ᠳ᠋ᠦ᠍ᠭᠡᠷ ᠲᠣᠭ᠋ᠠᠲᠤ ᠵᠢ ᠨᠡᠶ᠋ᠢᠲᠡᠯᠡᠵᠦ᠂ 2018 ᠣᠨ᠎ᠳᠤ ᠬᠤᠶᠠᠳᠤᠭ᠋ᠠᠷ ᠤᠳᠠᠭ᠎ᠠ ᠵᠠᠰᠠᠪᠤᠷᠢ ᠣᠷᠣᠭᠤᠯᠪᠠ)᠎ᠤᠨ ᠳᠣᠯᠣᠳᠤᠭ᠋ᠠᠷ ᠵᠣᠷᠪᠣᠰ; 《〈ᠳᠠᠭ᠋ᠠᠭᠤᠯᠢ ᠣᠳᠣᠨ᠎ᠤ ᠲᠧᠯᠸᠢᠰ ᠷᠠᠳᠢᠣ᠋ ᠵᠢᠨ ᠭᠠᠵᠠᠷ ᠳᠡᠭᠡᠷᠡᠬᠢ ᠬᠦᠯᠢᠶᠡᠨ ᠠᠪᠬᠤ ᠲᠥᠬᠦᠭᠡᠷᠦᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ〉᠎ᠢ ᠬᠡᠷᠡᠭᠵᠢᠭᠦᠯᠬᠦ ᠨᠠᠷᠢᠨ ᠲᠦᠷᠢᠮ》 (ᠷᠠᠳᠢᠣ᠋ ᠺᠢᠨᠣ᠋ ᠲᠧᠯᠸᠢᠰ᠎ᠤᠨ ᠶᠠᠮᠤᠨ᠎ᠤ ᠵᠠᠷᠯᠢᠭ 11 ᠳ᠋ᠦ᠍ᠭᠡᠷ ᠲᠣᠭ᠋ᠠᠲᠤ ᠵᠢ ᠨᠡᠶ᠋ᠢᠲᠡᠯᠡᠵᠦ᠂ 2021 ᠣᠨ᠎ᠳᠤ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠵᠠᠷᠯᠢᠭ 10 ᠳ᠋ᠤᠭ᠋ᠠᠷ ᠲᠣᠭ᠋ᠠᠲᠤ᠎ᠳᠤ ᠵᠠᠰᠠᠪᠤᠷᠢ ᠣᠷᠣᠭᠤᠯᠪᠠ)᠎ᠤᠨ ᠲᠠᠪᠤᠳᠤᠭ᠋ᠠᠷ ᠵᠣᠷᠪᠣᠰ ᠲᠣᠭᠲᠠᠭ᠋ᠠᠯ᠃

  (ᠠᠷᠪᠠᠨ ᠳᠥᠷᠪᠡᠳᠦᠭᠡᠷ) ᠪᠣᠳᠠᠳᠠᠢ ᠵᠦᠢ᠍ᠯᠡᠰ᠄ ᠷᠠᠳᠢᠣ᠋ ᠨᠡᠪᠲᠡᠷᠡᠭᠦᠯᠭᠡ ᠵᠢᠨ ᠬᠤᠷᠢᠶ᠎ᠠ᠂ ᠲᠧᠯᠸᠢᠰ ᠬᠣᠷᠢᠶᠠᠨ᠎ᠤ ᠨᠤᠲᠤᠭ᠎ᠤᠨ ᠠᠶᠠᠯᠭᠤᠨ᠎ᠤ ᠨᠡᠪᠲᠡᠷᠡᠭᠦᠯᠭᠡ ᠵᠢᠨ ᠬᠢᠨᠠᠨ ᠵᠥᠪᠰᠢᠶᠡᠷᠡᠯ

  《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ》 (2000 ᠣᠨ᠎ᠳᠤ ᠪᠠᠲᠤᠯᠠᠭᠳᠠᠪᠠ) ᠵᠢᠨ ᠠᠷᠪᠠᠨ ᠵᠢᠷᠭᠤᠳᠤᠭ᠋ᠠᠷ ᠵᠣᠷᠪᠣᠰ᠃

   ᠬᠤᠶᠠᠷ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠬᠤ

   ᠪᠣᠳᠠᠲᠠᠶ ᠵᠦᠢ᠍ᠯᠡᠰ᠄ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠴᠢ ᠬᠠᠷᠢᠶ᠎ᠠ ᠨᠢᠭᠡᠴᠢ᠎ᠲᠠᠢ ᠬᠣᠭᠣᠷᠣᠨᠳᠣ᠎ᠪᠠᠨ ᠬᠥᠳᠡᠯᠮᠦᠷᠢ ᠵᠢᠨ ᠭᠡᠷ᠎ᠡ ᠲᠣᠭᠲᠠᠭ᠋ᠠᠬᠤ᠂ ᠭᠦᠢ᠍ᠴᠡᠳᠬᠡᠬᠦ᠂ ᠬᠤᠪᠢᠷᠠᠭᠤᠯᠬᠤ᠂ ᠬᠦᠴᠦᠨ ᠦᠭᠡᠶ ᠪᠣᠯᠭ᠋ᠠᠬᠤ ᠪᠠ ᠡᠴᠦᠰᠯᠡᠭᠦᠯᠬᠦ᠂ ᠡᠰᠡᠬᠦᠯ᠎ᠡ ᠨᠡᠷ᠎ᠡ ᠬᠠᠰᠤᠭᠳᠠᠬᠤ᠂ ᠠᠵᠢᠯ᠎ᠠᠴᠠ᠎ᠪᠠᠨ ᠪᠠᠭᠤᠬᠤ ᠪᠠ ᠲᠤᠰᠢᠶᠠᠯ᠎ᠠᠴᠠ᠎ᠪᠠᠨ ᠪᠠᠭᠤᠬᠤ᠂ ᠲᠤᠰᠢᠶᠠᠯ᠎ᠠᠴᠠ᠎ᠪᠠᠨ ᠰᠠᠯᠬᠤ ᠵᠡᠷᠭᠡ᠎ᠠᠴᠠ  ᠡᠭᠦᠰᠦᠭᠰᠡᠨ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠲᠤᠰᠬᠠᠨ᠎ᠠ᠃ ᠬᠣᠯᠪᠣᠭᠳᠠᠯ  ᠪᠦᠬᠦᠢ ᠪᠠᠶ᠋ᠢᠭᠤᠯᠤᠮᠵᠢ᠎ᠳᠤ ᠬᠠᠤᠯᠢ ᠶᠣᠰᠣᠭ᠋ᠠᠷ ᠬᠥᠳᠡᠯᠮᠦᠷᠢ ᠵᠢᠨ ᠬᠥᠨᠳᠡᠯᠡᠨ᠎ᠠᠴᠠ ᠲᠠᠰᠤᠯᠬᠤ ᠭᠤᠶᠤᠴᠢᠯᠠᠯ ᠭᠠᠷᠭ᠋ᠠᠬᠤ ᠵᠢ ᠬᠥᠲᠥᠯᠦᠨ ᠵᠢᠯᠣᠭᠣᠳᠤᠨ᠎ᠠ᠃

   ᠲᠣᠬᠢᠷᠠᠭᠤᠯᠤᠨ ᠲᠣᠭᠲᠠᠭ᠋ᠠᠭᠰᠠᠨ ᠦᠨᠳᠦᠰᠦᠯᠡᠯ ᠄ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠭᠡᠷ᠎ᠡ ᠵᠢᠨ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠵᠦ ᠬᠥᠨᠳᠡᠯᠡᠨ᠎ᠠᠴᠠ ᠲᠠᠰᠤᠯᠬᠤ ᠬᠠᠤᠯᠢ》᠂ 《ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠳᠦᠷᠢᠮ》᠂ 《ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠬᠥᠨᠳᠡᠯᠡᠨ᠎ᠠᠴᠠ ᠲᠠᠰᠤᠯᠵᠤ ᠬᠡᠷᠡᠭ ᠰᠢᠢ᠍ᠳᠪᠦᠷᠢᠯᠡᠬᠦ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ ᠠᠵᠢᠯᠲᠠᠨ᠎ᠤ ᠶᠠᠪᠤᠳᠠᠯ᠎ᠤᠨ ᠶᠠᠮᠤᠨ᠂ ᠤᠯᠤᠰ ᠲᠥᠷᠥ ᠵᠢᠨ ᠶᠡᠷᠦᠩᠬᠡᠶ ᠬᠡᠯᠲᠡᠰ᠎ᠤᠨ 〈ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠰᠢᠢ᠍ᠳᠪᠦᠷᠢᠯᠡᠬᠦ ᠲᠣᠭᠲᠠᠭ᠋ᠠᠯ 〉᠎ᠤᠨ ᠲᠤᠬᠠᠶ ᠮᠡᠳᠡᠭᠳᠡᠯ》 (ᠤᠯᠤᠰ ᠠᠵᠢᠯᠲᠠᠨ᠎ᠤ ᠶᠠᠮᠤᠨ ᠲᠠᠷᠬᠠᠭ᠋ᠠᠭᠰᠠᠨ [ 2007] 109 ᠳ᠋ᠦ᠍ᠭᠡᠷ ᠲᠣᠭ᠋ᠠᠲᠤ)᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠂ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠂  ᠤᠯᠤᠰ ᠲᠥᠷᠥ ᠵᠢᠨ  ᠶᠡᠷᠦᠩᠬᠡᠶ ᠬᠡᠯᠲᠡᠰ᠎ᠤᠨ 〈ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠰᠢᠢ᠍ᠳᠪᠦᠷᠢᠯᠡᠬᠦ ᠲᠣᠭᠲᠠᠭ᠋ᠠᠯ〉᠎ᠳᠤ ᠵᠠᠰᠠᠪᠤᠷᠢ ᠣᠷᠣᠭᠤᠯᠬᠤ ᠲᠤᠬᠠᠶ ᠮᠡᠳᠡᠭᠳᠡᠯ》 (ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [ 2011 ] 88 ᠳ᠋ᠤᠭ᠋ᠠᠷ ᠲᠣᠭ᠋ᠠᠲᠤ) ᠵᠡᠷᠭᠡ ᠃

   ᠭᠤᠷᠪᠠ᠂ ᠭᠦᠢ᠍ᠴᠡᠳᠭᠡᠬᠦ ᠶᠠᠪᠤᠴᠠ

  (ᠨᠢᠭᠡ) ᠬᠦᠯᠢᠶᠡᠨ  ᠠᠪᠬᠤ  ᠮᠡᠳᠡᠭᠳᠡᠯ ᠃ ᠬᠦᠯᠢᠶᠡᠨ ᠠᠪᠬᠤ᠎ᠠᠴᠠ ᠳᠠᠮᠵᠢᠭᠤᠯᠤᠨ ᠬᠦᠷᠭᠡᠬᠦ᠂ ᠲᠤᠰᠢᠶᠠᠨ ᠰᠢᠢ᠍ᠳᠪᠦᠷᠢᠯᠡᠭᠦᠯᠬᠦ  ᠵᠠᠬᠢᠳᠠᠯ ᠰᠤᠷᠪᠤᠯᠵᠢᠯᠠᠯ᠎ᠤᠨ ᠵᠦᠢ᠍ᠯᠡᠰ ᠪᠤᠶᠤ ᠵᠠᠬᠢᠳᠠᠯ ᠰᠤᠷᠪᠤᠯᠵᠢᠯᠠᠯ᠎ᠤᠨ ᠬᠦᠮᠦᠨ᠎ᠤ  ᠰᠢᠭᠤᠳ ᠳᠤᠷᠠᠳᠤᠭᠰᠠᠨ ᠵᠠᠬᠢᠳᠠᠯ ᠰᠤᠷᠪᠤᠯᠵᠢᠯᠠᠯ᠎ᠤᠨ ᠵᠦᠢ᠍ᠯᠡᠰ ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠣᠲᠣᠷ᠎ᠠ ᠬᠦᠯᠢᠶᠡᠨ ᠠᠪᠴᠤ ᠰᠢᠢ᠍ᠳᠪᠦᠷᠢᠯᠡᠬᠦ ᠡᠰᠡᠬᠦ ᠵᠢ ᠲᠣᠭᠲᠠᠭ᠋ᠠᠬᠤ ᠵᠢᠨ ᠬᠠᠮᠲᠤ ᠵᠠᠬᠢᠳᠠᠯ ᠰᠤᠷᠪᠤᠯᠵᠢᠯᠠᠯ᠎ᠤᠨ ᠬᠦᠮᠦᠨ᠎ᠳᠤ ᠪᠢᠴᠢᠭ ᠵᠶ᠋ᠠᠷ ᠮᠡᠳᠡᠭᠳᠡᠨ᠎ᠡ᠃

  (ᠬᠤᠶᠠᠷ) ᠬᠠᠤᠯᠢ ᠶᠣᠰᠣᠭ᠋ᠠᠷ ᠲᠥᠷᠥᠯ ᠬᠤᠪᠢᠶᠠᠬᠤ᠃ ᠲᠣᠰ ᠲᠣᠪᠴᠢᠶ᠎ᠠ ᠵᠢᠨ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠤᠨ ᠬᠡᠪᠴᠢᠶᠡᠨ᠎ᠳᠤ ᠬᠠᠷᠢᠶᠠᠯᠠᠭᠳᠠᠬᠤ ᠵᠠᠬᠢᠳᠠᠯ ᠰᠣᠷᠪᠣᠯᠵᠢᠯᠠᠯ᠎ᠤᠨ ᠵᠦᠢ᠍ᠯᠡᠰ᠎ᠲᠤ ᠴᠢᠭᠯᠡᠭᠦᠯᠦᠨ᠂ ᠨᠠᠷᠢᠨ ᠬᠠᠭᠤᠳᠠᠰᠤ ᠵᠢᠨ ᠶᠣᠰᠣᠭ᠋ᠠᠷ ᠮᠠᠭ᠋ᠠᠳᠯᠠᠨ ᠲᠣᠭᠲᠠᠭ᠋ᠠᠵᠤ᠂ ᠬᠠᠤᠯᠢ ᠶᠣᠰᠣᠭ᠋ᠠᠷ ᠲᠥᠷᠥᠯ ᠬᠤᠪᠢᠶᠠᠨ ᠰᠢᠢ᠍ᠳᠪᠦᠷᠢᠯᠡᠵᠦ᠂ ᠰᠢᠢ᠍ᠳᠪᠦᠷᠢᠯᠡᠬᠦ ᠰᠠᠨᠠᠯ ᠵᠶ᠋ᠠᠨ ᠳᠤᠷᠠᠳᠤᠨ᠎ᠠ᠃

  (ᠭᠤᠷᠪᠠ) ᠵᠠᠬᠢᠳᠠᠯ ᠰᠣᠷᠪᠣᠯᠵᠢᠯᠠᠯ᠎ᠢ ᠰᠢᠢ᠍ᠳᠪᠦᠷᠢᠯᠡᠵᠦ ᠳᠠᠭᠤᠰᠬᠠᠬᠤ ᠃ ᠵᠠᠬᠢᠳᠠᠯ ᠰᠤᠷᠪᠤᠯᠵᠢᠯᠠᠯ᠎ᠤᠨ ᠵᠦᠢ᠍ᠯᠡᠰ᠎ᠢ ᠬᠦᠯᠢᠶᠡᠨ ᠠᠪᠴᠤ ᠰᠢᠢ᠍ᠳᠪᠦᠷᠢᠯᠡᠬᠦ  ᠡᠳᠦᠷ᠎ᠠᠴᠠ ᠡᠬᠢᠯᠡᠨ 60 ᠡᠳᠦᠷ᠎ᠤᠨ ᠳᠣᠲᠣᠷ᠎ᠠ ᠰᠢᠢ᠍ᠳᠪᠦᠷᠢᠯᠡᠵᠦ ᠳᠠᠭᠤᠰᠬᠠᠨ᠎ᠠ; ᠪᠠᠶ᠋ᠢᠳᠠᠯ᠎ᠨᠢ ᠪᠤᠳᠤᠯᠢᠶᠠᠨᠲᠠᠶ ᠪᠣᠯ ᠲᠤᠰ ᠪᠠᠶ᠋ᠢᠭᠤᠯᠭ᠎ᠠ᠂ ᠨᠢᠭᠡᠴᠢ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠨ᠎ᠡ᠂  ᠰᠢᠢ᠍ᠳᠪᠦᠷᠢᠯᠡᠬᠦ  ᠬᠤᠭᠤᠴᠠᠭ᠎ᠠ ᠵᠢ᠎ᠨᠢ ᠵᠣᠬᠢᠬᠤ ᠬᠡᠮᠵᠢᠶ᠎ᠡ᠎ᠪᠠᠷ ᠤᠷᠲᠤᠳᠬᠠᠵᠤ ᠪᠣᠯᠤᠨ᠎ᠠ᠂ ᠭᠡᠬᠦ᠎ᠳᠡᠭᠡᠨ ᠤᠷᠲᠤᠳᠬᠠᠬᠤ ᠬᠤᠭᠤᠴᠠᠭ᠎ᠠ ᠵᠢ 30 ᠡᠳᠦᠷ᠎ᠠᠴᠠ ᠬᠡᠲᠦᠷᠡᠭᠦᠯᠵᠦ ᠪᠣᠯᠬᠤ ᠦᠭᠡᠶ ᠪᠥᠭᠡᠳ ᠵᠠᠬᠢᠳᠠᠯ ᠰᠤᠷᠪᠤᠯᠵᠢᠯᠠᠯ᠎ᠤᠨ ᠬᠦᠮᠦᠨ᠎ᠳᠤ  ᠬᠤᠭᠤᠴᠠᠭ᠎ᠠ ᠵᠢ᠎ᠨᠢ ᠤᠷᠲᠤᠳᠬᠠᠬᠤ ᠰᠢᠯᠲᠠᠭ᠋ᠠᠨ᠎ᠢ ᠬᠡᠯᠡᠵᠦ ᠥᠭᠭᠦᠨ᠎ᠡ᠃

  (ᠲᠦᠷᠪᠡ) ᠬᠠᠷᠢᠭ᠍ᠤ ᠲᠤᠰᠬᠠᠯ᠎ᠢ ᠰᠢᠢ᠍ᠳᠪᠦᠷᠢᠯᠡᠬᠦ᠃ ᠲᠣᠭᠲᠠᠭᠰᠠᠨ ᠴᠠᠭ᠎ᠤᠨ ᠬᠢᠵᠠᠭ᠋ᠠᠷ᠎ᠲᠤ᠂ ᠠᠯᠪᠠᠨ ᠭᠡᠷ᠎ᠠᠴᠠ ᠬᠠᠷᠭᠤᠭᠤᠯᠤᠨ ᠪᠠᠶ᠋ᠢᠴᠠᠭ᠋ᠠᠭᠰᠠᠨ ᠦᠷ᠎ᠡ ᠳ᠋ᠦᠩ ᠪᠠ ᠰᠢᠢ᠍ᠳᠪᠦᠷᠢᠯᠡᠭᠰᠡᠨ ᠰᠠᠨᠠᠯ ᠵᠶ᠋ᠠᠨ ᠵᠠᠬᠢᠳᠠᠯ ᠰᠣᠷᠪᠣᠯᠵᠢᠯᠠᠯ᠎ᠤᠨ ᠬᠦᠮᠦᠨ᠎ᠳᠤ ᠬᠠᠷᠢᠭᠤ ᠲᠤᠰᠬᠠᠬᠤ ᠵᠢ ᠬᠠᠷᠢᠭᠤᠴᠠᠵᠤ᠂ ᠵᠠᠬᠢᠳᠠᠯ ᠰᠤᠷᠪᠤᠯᠵᠢᠯᠠᠯ᠎ᠤᠨ ᠬᠦᠮᠦᠨ 《ᠰᠢᠢ᠍ᠳᠪᠦᠷᠢᠯᠡᠬᠦ ᠰᠠᠨᠠᠯ᠎ᠤᠨ ᠪᠢᠴᠢᠭ》᠎ᠲᠤ  ᠭᠠᠷ᠎ᠤᠨ ᠦᠰᠦᠭ ᠵᠢᠷᠤᠵᠤ ᠬᠤᠷᠢᠶᠠᠨ᠎ᠠ ᠃ ᠵᠠᠬᠢᠳᠠᠯ ᠰᠣᠷᠪᠣᠯᠵᠢᠯᠠᠯ᠎ᠤᠨ ᠬᠦᠮᠦᠨ ᠎ᠨᠢ ᠵᠠᠬᠢᠳᠠᠯ ᠰᠣᠷᠪᠣᠯᠵᠢᠯᠠᠯ᠎ᠤᠨ ᠵᠦᠢ᠍ᠯᠡᠰ᠎ᠤᠨ  ᠰᠢᠢ᠍ᠳᠪᠦᠷᠢᠯᠡᠭᠰᠡᠨ ᠰᠠᠨᠠᠯ᠎ᠢ ᠵᠥᠪᠰᠢᠶᠡᠷᠡᠬᠦ ᠦᠭᠡᠢ ᠪᠣᠯ᠂ ᠬᠠᠤᠯᠢ ᠲᠣᠭᠲᠠᠭ᠋ᠠᠯ ᠶᠣᠰᠤᠭ᠋ᠠᠷ ᠳᠠᠪᠳᠠᠨ ᠪᠠᠶ᠋ᠢᠴᠠᠭ᠋ᠠᠯᠭ᠋ᠠᠵᠤ ᠳᠠᠬᠢᠨ ᠬᠢᠨᠠᠭᠤᠯᠬᠤ ᠭᠤᠶᠤᠴᠢᠯᠠᠯ ᠭᠠᠷᠭ᠋ᠠᠵᠤ᠂ ᠳᠡᠭᠡᠳᠦ ᠱᠠᠲᠤᠨ᠎ᠤ ᠪᠠᠶ᠋ᠢᠭᠤᠯᠭ᠎ᠠ᠂ ᠨᠢᠭᠡᠴᠢ ᠎ᠠᠴᠠ ᠳᠠᠪᠳᠠᠨ ᠪᠠᠶ᠋ᠢᠴᠠᠭ᠋ᠠᠵᠤ ᠳᠠᠬᠢᠨ ᠬᠢᠨᠠᠬᠤ ᠵᠢ ᠵᠣᠬᠢᠶᠠᠨ ᠪᠠᠢ᠌ᠭᠤᠯᠤᠨ᠎ᠠ᠃


ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ