ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠨ ᠷᠠᠳᠢᠣ᠋ ᠲᠧᠯᠸᠢᠰ᠎ᠤᠨ ᠲᠣᠪᠴᠢᠶ᠎ᠠ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠶ᠋ᠢᠭᠤᠯᠤᠯᠲᠠ ᠵᠢᠨ ᠪᠢᠩᠲ᠋ᠤᠸᠠᠨ᠎ᠤ ᠰᠣᠶᠣᠯ ᠪᠡᠶ᠎ᠡ ᠵᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ᠎ᠤᠨ ᠲᠣᠪᠴᠢᠶ᠎ᠠ᠂ ᠶᠡᠷᠦᠩᠬᠡᠢ ᠲᠣᠪᠴᠢᠶ᠎ᠠ ᠵᠢᠨ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠢ᠂ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠤᠷᠢᠶ᠎ᠠ ᠵᠢᠨ ᠠᠯᠪᠠᠨ ᠲᠢᠩᠬᠢᠮ᠂ ᠺᠢᠨᠣ᠋ ᠵᠢᠨ ᠰᠤᠪᠠᠭ᠎ᠤᠨ ᠫᠷᠦᠭᠷᠡᠮ᠎ᠤᠨ ᠲᠥᠪ᠂ ᠳᠤᠮᠳᠠᠳᠤ ᠤᠯᠤᠰ᠎ᠤᠨ ᠰᠤᠷᠭ᠋ᠠᠨ ᠬᠥᠮᠥᠵᠢᠯ᠎ᠤᠨ ᠲᠧᠯᠸᠢᠰ ᠬᠤᠷᠢᠶ᠎ᠠ᠂ ᠳᠤᠮᠳᠠᠳᠤ ᠤᠯᠤᠰ᠎ᠤᠨ ᠴᠠᠬᠢᠯᠭ᠋ᠠᠨ ᠬᠤᠯᠪᠣᠭ᠎ᠠ᠂ ᠳᠤᠮᠳᠠᠳᠤ ᠤᠯᠤᠰ᠎ᠤᠨ ᠰᠢᠯᠵᠢᠮᠡᠯ ᠬᠤᠯᠪᠣᠭ᠎ᠠ᠂ ᠳᠤᠮᠳᠠᠳᠤ ᠤᠯᠤᠰ᠎ᠤᠨ ᠨᠢᠭᠡᠳᠦᠮᠡᠯ ᠬᠤᠯᠪᠣᠭ᠎ᠠ᠂ ᠡᠯ᠎ᠡ ᠬᠠᠮᠢᠶ᠎ᠠ ᠪᠦᠬᠦᠢ ᠨᠢᠭᠡᠴᠢ᠎ᠳᠤ᠄
ᠷᠠᠳᠢᠣ᠋ ᠲᠧᠯᠸᠢᠰ᠎ᠤᠨ ᠨᠡᠪᠲᠡᠷᠡᠭᠦᠯᠭᠡ ᠪᠠ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠵᠤ᠂ ᠷᠠᠳᠢᠣ᠋ ᠲᠧᠯᠸᠢᠰ᠎ᠤᠨ ᠬᠡᠷᠡᠭᠯᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠵᠢᠨ ᠲᠥᠯᠥᠭᠡ᠂ 《ᠷᠠᠳᠢᠣ᠋ ᠲᠧᠯᠸᠢᠰ᠎ᠤᠨ ᠲᠥᠬᠦᠭᠡᠷᠦᠮᠵᠢ ᠪᠠᠭ᠋ᠠᠵᠢ ᠬᠡᠷᠡᠭᠰᠡᠯ᠎ᠢ ᠰᠦᠯᠵᠢᠶᠡᠨ᠎ᠳᠤ ᠣᠷᠣᠭᠤᠯᠬᠤ ᠵᠢ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠵᠠᠷᠯᠢᠭ 1 ᠳ᠋ᠦ᠍ᠭᠡᠷ ᠲᠣᠭ᠋ᠠᠲᠤ) ᠵᠢᠨ ᠶᠣᠰᠣᠭ᠋ᠠᠷ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠠᠴᠠ 《ᠷᠠᠳᠢᠣ᠋ ᠲᠧᠯᠸᠢᠰ᠎ᠤᠨ ᠲᠥᠬᠦᠭᠡᠷᠦᠮᠵᠢ ᠪᠠᠭ᠋ᠠᠵᠢ ᠬᠡᠷᠡᠭᠰᠡᠯ᠎ᠢ ᠰᠦᠯᠵᠢᠶᠡᠨ᠎ᠳᠤ ᠣᠷᠣᠭᠤᠯᠵᠤ ᠮᠠᠭ᠋ᠠᠳᠯᠠᠨ ᠲᠣᠭᠲᠠᠭ᠋ᠠᠬᠤ ᠲᠥᠷᠥᠯ ᠵᠦᠢ᠍ᠯ᠎ᠤᠨ ᠬᠦᠰᠦᠨᠦᠭᠲᠦ (2024 ᠣᠨ᠎ᠤ ᠬᠡᠪᠯᠡᠯ)》 ᠵᠢ ᠵᠣᠬᠢᠶᠠᠨ ᠪᠠᠶ᠋ᠢᠭᠤᠯᠤᠨ ᠲᠣᠭᠲᠠᠭ᠋ᠠᠵᠤ᠂ ᠡᠳᠦᠭᠡ ᠨᠡᠶ᠋ᠢᠲᠡᠯᠡᠪᠡ᠃
ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠨᠡᠪᠲᠡᠷᠡᠭᠦᠯᠬᠦ ᠪᠠᠶ᠋ᠢᠭᠤᠯᠤᠮᠵᠢ᠂ ᠲᠠᠮᠵᠢᠭᠤᠯᠭ᠎ᠠ ᠵᠢᠨ ᠪᠦᠷᠬᠦᠴᠡ ᠵᠢᠨ ᠰᠦᠯᠵᠢᠶ᠎ᠡ ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠰᠦᠯᠵᠢᠶ᠎ᠡ ᠵᠡᠷᠭᠡ ᠠᠵᠢᠯᠯᠠᠭ᠋ᠠᠨ᠎ᠤ ᠨᠢᠭᠡᠴᠢ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠰᠦᠯᠵᠢᠶᠡᠨ᠎ᠳᠤ ᠣᠷᠣᠭᠤᠯᠬᠤ ᠮᠠᠭ᠋ᠠᠳᠯᠠᠨ ᠲᠣᠭᠲᠠᠭ᠋ᠠᠬᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠬᠢᠨᠠᠮᠠᠭ᠋ᠠᠶ ᠬᠡᠷᠡᠭᠵᠢᠭᠦᠯᠵᠦ᠂ ᠲᠥᠷᠥᠯ ᠵᠦᠢ᠍ᠯ᠎ᠤᠨ ᠬᠦᠰᠦᠨᠦᠭᠲᠦ᠎ᠲᠠᠢ ᠬᠠᠷᠢᠴᠠᠭᠤᠯᠤᠨ᠂ ᠬᠤᠳᠠᠯᠳᠤᠨ ᠠᠪᠴᠤ ᠬᠡᠷᠡᠭᠯᠡᠬᠦ ᠲᠥᠬᠦᠭᠡᠷᠦᠮᠵᠢ ᠪᠠᠭ᠋ᠠᠵᠢ ᠬᠡᠷᠡᠭᠰᠡᠯ᠎ᠢ ᠰᠦᠯᠵᠢᠶᠡᠨ᠎ᠳᠤ ᠣᠷᠣᠭᠤᠯᠬᠤ ᠮᠠᠭ᠋ᠠᠳᠯᠠᠨ ᠲᠣᠭᠲᠠᠭ᠋ᠠᠬᠤ ᠦᠨᠡᠮᠯᠡᠯ ᠪᠠᠢ᠌ᠬᠤ ᠡᠰᠡᠬᠦ ᠵᠢ ᠴᠢᠩᠭ᠎ᠠ ᠬᠢᠨᠠᠨ ᠬᠠᠷᠭᠤᠭᠤᠯᠵᠤ᠂ ᠰᠦᠯᠵᠢᠶᠡᠨ᠎ᠳᠤ ᠣᠷᠤᠬᠤ ᠮᠠᠭ᠋ᠠᠳᠯᠠᠨ ᠲᠣᠭᠲᠠᠭ᠋ᠠᠬᠤ ᠦᠨᠡᠮᠯᠡᠯ ᠣᠯᠣᠭ᠋ᠠᠳᠤᠢ ᠪᠣᠯ ᠲᠥᠬᠦᠭᠡᠷᠦᠮᠵᠢ ᠪᠠᠭ᠋ᠠᠵᠢ ᠬᠡᠷᠡᠭᠰᠡᠯ᠎ᠢ ᠬᠤᠳᠠᠯᠳᠤᠨ ᠠᠪᠴᠤ ᠬᠡᠷᠡᠭᠯᠡᠵᠦ ᠪᠣᠯᠬᠤ ᠥᠬᠡᠶ᠃ ᠮᠤᠵᠢ ᠵᠢᠨ ᠱᠠᠲᠤᠨ᠎ᠤ ᠷᠠᠳᠢᠣ᠋ ᠲᠧᠯᠸᠢᠰ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠲᠣᠰ ᠪᠢᠴᠢᠭ ᠮᠠᠲ᠋ᠧᠷᠢᠶᠠᠯ᠎ᠢ ᠬᠠᠷᠢᠶ᠎ᠠ ᠣᠷᠣᠨ᠎ᠤ᠎ᠪᠠᠨ ᠲᠥᠬᠦᠭᠡᠷᠦᠮᠵᠢ ᠵᠢ ᠬᠡᠷᠡᠭᠯᠡᠬᠦ ᠬᠣᠯᠪᠣᠭᠳᠠᠯ ᠪᠥᠬᠦᠶ ᠨᠢᠭᠡᠴᠢ ᠳᠤ ᠰᠢᠯᠵᠢᠭᠦᠯᠦᠨ ᠥᠭᠬᠦ ᠵᠢᠨ ᠬᠠᠮᠲᠤ ᠨᠠᠶ᠋ᠢᠳᠠᠪᠤᠷᠢᠵᠢᠭᠤᠯᠬᠤ ᠵᠢ ᠰᠢᠮᠳᠠᠭᠤᠯᠬᠤ ᠬᠡᠷᠡᠭᠲᠡᠶ᠃
ᠤᠯᠤᠰ᠎ᠤᠨ ᠷᠠᠳᠢᠤ᠋ ᠲᠧᠯᠧᠢ᠍ᠰ᠎ᠤᠨ ᠶᠡᠷᠦᠩᠬᠡᠢ ᠲᠤᠪᠴᠢᠶ᠎ᠠ
2024 ᠣᠨ᠎ᠤ 5 ᠳ᠋ᠤᠭ᠋ᠠᠷ ᠰᠠᠷ᠎ᠠ ᠵᠢᠨ 31᠎ᠤ ᠡᠳᠦᠷ