《ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭ᠋ᠠᠬᠤ ᠲᠤᠬᠠᠶ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ》᠎ᠢ ᠨᠢᠭᠡᠨᠲᠡ 2024 ᠣᠨ᠎ᠤ 11 ᠳ᠋ᠦ᠍ᠭᠡᠷ ᠰᠠᠷ᠎ᠠ ᠵᠢᠨ 22᠎ᠤᠨ ᠡᠳᠦᠷ ᠲᠥᠷᠥ ᠵᠢᠨ ᠶᠠᠪᠤᠳᠠᠯ᠎ᠤᠨ ᠬᠤᠷᠢᠶᠠᠨ᠎ᠤ 46 ᠳ᠋ᠤᠭ᠋ᠠᠷ ᠤᠳᠠᠭ᠋ᠠᠨ᠎ᠤ ᠪᠠᠶ᠋ᠢᠩᠭᠤ ᠵᠢᠨ ᠬᠤᠷᠠᠯ ᠵᠶ᠋ᠠᠷ ᠪᠠᠲᠤᠯᠠᠵᠤ᠂ ᠡᠳᠦᠭᠡ ᠨᠡᠶ᠋ᠢᠲᠡᠯᠡᠵᠦ ᠪᠣᠢ᠂ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠶᠡᠷᠦᠩᠬᠡᠢ ᠰᠠᠶ᠋ᠢᠳ ᠯᠢ ᠴᠢᠶᠠᠩ
2024 ᠣᠨ᠎ᠤ 12 ᠳ᠋ᠤᠭ᠋ᠠᠷ ᠰᠠᠷ᠎ᠠ ᠵᠢᠨ 6᠎ᠤ ᠡᠳᠦᠷ
ᠬᠡᠰᠡᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭ᠋ᠠᠬᠤ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠣᠭᠲᠠᠭ᠋ᠠᠯ
ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ ᠂ ᠨᠠᠮ ᠪᠠ ᠲᠥᠷᠥ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠵᠤ ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠵᠤ᠂ ᠬᠠᠤᠯᠢ᠎ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠬᠡᠬᠡᠯᠲᠡ ᠵᠢ ᠪᠠᠲᠤᠯᠠᠬᠤ ᠵᠢᠨ ᠲᠤᠰᠠᠳᠠ ᠂ ᠲᠥᠷᠥ ᠵᠢᠨ ᠶᠠᠪᠤᠳᠠᠯ᠎ᠤᠨ ᠬᠣᠷᠢᠶ᠎ᠠ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠴᠡᠭᠴᠡᠯᠡᠪᠡ ᠃ ᠴᠡᠭᠴᠡᠯᠡᠯᠲᠡ᠎ᠪᠠᠷ ᠳᠠᠮᠵᠢᠨ ᠂ ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠲᠣᠭᠲᠠᠭ᠋ᠠᠪᠠ᠃
ᠨᠢᠭᠡ᠂ 21 ᠪᠦᠯᠦᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠬᠡᠰᠡᠭ ᠵᠦᠢ᠍ᠯ ᠵᠤᠷᠪᠤᠰ᠎ᠲᠤ ᠵᠠᠰᠠᠪᠤᠷᠢ ᠣᠷᠣᠭᠤᠯᠪᠠ᠃ (ᠳᠠᠭ᠋ᠠᠯᠳᠤᠭᠤᠯᠤᠯ 1)
ᠬᠤᠶᠠᠷ᠂ 4 ᠪᠦᠯᠦᠭ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠢ ᠬᠦᠴᠦᠨ ᠦᠭᠡᠢ ᠪᠣᠯᠭ᠋ᠠᠪᠠ᠃ (ᠳᠠᠭ᠋ᠠᠯᠳᠤᠭᠤᠯᠤᠯ 2)
ᠲᠣᠰ ᠲᠣᠭᠲᠠᠭ᠋ᠠᠯ᠎ᠢ 2025 ᠣᠨ᠎ᠤ 1 ᠳ᠋ᠦ᠍ᠭᠡᠷ ᠰᠠᠷ᠎ᠠ ᠵᠢᠨ 20᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃
ᠳᠠᠭ᠋ᠠᠯᠳᠤᠭᠤᠯᠤᠯ᠄ 1. ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ᠎ᠳᠤ ᠵᠠᠰᠠᠪᠤᠷᠢ ᠣᠷᠣᠭᠤᠯᠬᠤ᠎ᠪᠠᠷ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ