ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ
2025-07-10

ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠤᠨ ᠶᠠᠪᠤᠳᠠᠯ᠎ᠤᠨ ᠶᠠᠮᠤᠨ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠶᠠᠮᠤᠨ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ ᠵᠢᠨ ᠵᠠᠷᠯᠢᠭ 173 ᠳ᠋ᠤᠭ᠋ᠠᠷ ᠲᠣᠭ᠋ᠠᠲᠤ

《ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ》 ᠨᠢᠭᠡᠨᠲᠡ 2025 ᠣᠨ᠎ᠤ 2 ᠳ᠋ᠤᠭ᠋ᠠᠷ ᠰᠠᠷ᠎ᠠ ᠵᠢᠨ 27᠎ᠤ ᠡᠳᠦᠷ᠎ᠤᠨ ᠨᠢᠭᠡᠳᠦᠭᠡᠷ ᠤᠳᠠᠭ᠋ᠠᠨ᠎ᠤ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠶᠠᠪᠤᠳᠠᠯ᠎ᠤᠨ ᠬᠤᠷᠠᠯ᠎ᠠᠴᠠ ᠬᠢᠨᠠᠨ ᠵᠥᠪᠯᠡᠵᠦ ᠨᠢᠭᠡᠨᠲᠡ ᠪᠠᠲᠤᠯᠠᠭᠰᠠᠨ ᠪᠥᠭᠡᠳ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠬᠡᠷ᠂ ᠠᠷᠠᠳ᠎ᠤᠨ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠨᠡᠶ᠋ᠢᠲᠡᠯᠡᠪᠡ᠂ 2025 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠳᠣᠳᠣᠭ᠋ᠠᠳᠣ ᠵᠢ ᠬᠠᠮᠠᠭ᠋ᠠᠯᠠᠬᠤ ᠬᠡᠯᠳᠡᠰ᠎ᠤᠨ ᠳᠠᠷᠤᠭ᠎ᠠ ᠸᠠᠩ ᠰᠢᠶᠣᠣ ᠾᠦᠩ

ᠤᠯᠤᠰ᠎ᠤᠨ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠡᠷᠬᠢᠯᠡᠭᠴᠢ ᠵᠤᠸᠠᠩ ᠷᠦᠩ ᠸᠧᠨ

ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠠᠷᠠᠳ᠎ᠤᠨ ᠶᠠᠪᠤᠳᠠᠯ᠎ᠤᠨ ᠶᠠᠮᠤᠨ᠎ᠤ ᠰᠠᠶ᠋ᠢᠳ ᠯᠦ᠍ ᡁᠢ ᠶᠤᠸᠠᠨ

ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠣᠯᠣᠰ᠎ᠤᠨ ᠰᠣᠶᠣᠯ ᠵᠢᠭᠤᠯᠴᠢᠯᠠᠯ᠎ᠤᠨ ᠶᠠᠮᠤᠨ᠎ᠤ ᠰᠠᠶ᠋ᠢᠳ ᠰᠦᠨ ᠶᠧ ᠯᠢ

ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠷᠬᠢᠯᠡᠭᠴᠢ ᠯᠸᠢ ᠬᠠᠶ ᠴᠤᠤ

ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠲᠣᠪᠴᠢᠶ᠎ᠠ ᠵᠢᠨ ᠳᠠᠷᠤᠭ᠎ᠠ ᠼᠤᠤ ᠱᠤ᠌ ᠮᠢᠨ

2025 ᠣᠨ᠎ᠤ 5 ᠳ᠋ᠤᠭ᠋ᠠᠷ ᠰᠠᠷ᠎ᠠ ᠵᠢᠨ 19᠎ᠤ ᠡᠳᠦᠷ

 

ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠷᠭ᠎ᠠ

ᠨᠢᠭᠡᠳᠦᠭᠡᠷ ᠵᠣᠷᠪᠣᠰ ᠢᠲᠡᠭᠡᠮᠵᠢᠲᠤ ᠲᠣᠭ᠋ᠠᠴᠢᠯᠠᠭᠰᠠᠨ ᠪᠡᠶ᠎ᠡ ᠬᠡᠮ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠪᠠᠢ᠌ᠭᠣᠯᠣᠯᠲᠠ ᠵᠢ ᠠᠬᠢᠭᠣᠯᠣᠨ᠂ ᠠᠷᠠᠳ ᠢᠷᠭᠡᠳ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠲᠣᠭ᠋ᠠᠴᠢᠯᠠᠭᠰᠠᠨ ᠠᠵᠤ ᠠᠬᠤᠶ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠬᠦᠭᠵᠢᠯᠲᠡ᠎ᠳᠤ ᠲᠣᠯᠭ᠋ᠠᠭᠣᠷᠢᠯᠠᠬᠤ ᠵᠢᠨ ᠲᠤᠰᠠᠲᠠ᠂ 《ᠰᠦᠯᠵᠢᠶᠡᠨ᠎ᠤ ᠠᠮᠤᠷ ᠲᠦᠪᠰᠢᠨ᠎ᠤ ᠬᠠᠤᠯᠢ》᠂ 《ᠲᠤᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》᠂ 《ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠬᠠᠤᠯᠢ》᠂ 《ᠴᠠᠬᠢᠯᠭ᠋ᠠᠨ ᠬᠤᠯᠪᠣᠭ᠎ᠠ ᠰᠦᠯᠵᠢᠶᠡᠨ᠎ᠤ ᠮᠡᠬᠡᠯᠡᠯ᠎ᠢ ᠡᠰᠡᠷᠭᠦᠴᠡᠬᠦ ᠬᠠᠤᠯᠢ》᠂ 《ᠨᠠᠰᠤᠨ᠎ᠳᠤ ᠦᠯᠦ ᠬᠦᠷᠦᠭᠰᠡᠳ᠎ᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃

ᠬᠤᠶᠠᠳᠤᠭ᠋ᠠᠷ ᠵᠣᠷᠪᠣᠰ ᠲᠣᠰ ᠠᠷᠭ᠎ᠠ᠎ᠳᠤ ᠬᠡᠯᠡᠵᠦ ᠪᠠᠶ᠋ᠢᠭ᠎ᠠ ᠤᠯᠤᠰ᠎ᠤᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡ (ᠳᠣᠷᠣᠭᠰᠢ 《ᠣᠯᠠᠨ ᠨᠡᠶ᠋ᠢᠲᠡ ᠵᠢᠨ ᠦᠢ᠍ᠯᠡᠴᠢᠯᠡᠭᠡ》 ᠭᠡᠵᠦ ᠲᠣᠪᠴᠢᠯᠠᠨ᠎ᠠ) ᠭᠡᠳᠡᠭ᠎ᠨᠢ ᠤᠯᠤᠰ᠎ᠠᠴᠠ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠨᠳᠦᠰᠦᠯᠡᠨ᠂ ᠤᠯᠤᠰ᠎ᠤᠨ ᠨᠢᠭᠡᠳᠦᠯᠲᠡᠶ ᠪᠠᠶ᠋ᠢᠭᠤᠯᠤᠭᠰᠠᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ (ᠳᠣᠷᠣᠭᠰᠢ 《ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ》 ᠭᠡᠵᠦ ᠲᠣᠪᠴᠢᠯᠠᠨ᠎ᠠ)᠎ᠳᠤ ᠲᠦᠰᠢᠭᠯᠡᠨ᠂ ᠪᠠᠶ᠋ᠢᠭ᠋ᠠᠯᠢ ᠬᠥᠮᠦᠨ᠎ᠳᠤ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠬᠤ ᠵᠢᠴᠢ ᠪᠡᠶ᠎ᠡ ᠬᠡᠮ᠎ᠢ ᠬᠠᠷᠭᠣᠭᠣᠯᠣᠨ ᠪᠠᠢ᠌ᠴᠠᠭ᠋ᠠᠬᠤ ᠵᠡᠷᠭᠡ ᠦᠢ᠍ᠯᠡᠴᠢᠯᠡᠭᠡ ᠬᠠᠩᠭ᠋ᠠᠬᠤ ᠵᠢ ᠵᠢᠭ᠋ᠠᠵᠤ ᠪᠣᠶ᠃

ᠲᠣᠰ ᠠᠷᠭ᠎ᠠ᠎ᠳᠤ ᠬᠡᠯᠡᠵᠦ ᠪᠠᠶ᠋ᠢᠭ᠎ᠠ ᠰᠦᠯᠵᠢᠶᠡᠨ ᠳ᠋ᠤᠭ᠋ᠠᠷ ᠭᠡᠳᠡᠭ᠎ᠨᠢ ᠪᠠᠶ᠋ᠢᠭ᠋ᠠᠯᠢ ᠬᠥᠮᠦᠨ᠎ᠤ ᠪᠡᠶ᠎ᠡ ᠬᠡᠮ᠎ᠤᠨ ᠮᠡᠳᠡᠭᠡ ᠵᠠᠩᠭᠢ᠎ᠲᠠᠢ ᠬᠠᠷᠢᠯᠴᠠᠨ ᠵᠤᠬᠢᠴᠠᠯᠳᠣᠭᠰᠠᠨ᠂ ᠴᠠᠭ᠋ᠠᠨ ᠲᠣᠯᠣᠭ᠋ᠠᠢ ᠪᠠ ᠲᠤᠭ᠎ᠠ ᠪᠠᠷᠢᠮᠲᠠ᠎ᠪᠠᠷ ᠪᠦᠷᠢᠯᠳᠤᠵᠤ᠂ ᠢᠯᠡ ᠦᠰᠦᠭ᠎ᠤᠨ ᠪᠡᠶ᠎ᠡ ᠬᠡᠮ᠎ᠤᠨ ᠮᠡᠳᠡᠭᠡ ᠵᠠᠩᠭᠢ ᠵᠢ ᠪᠠᠭᠲᠠᠭ᠋ᠠᠬᠤ ᠦᠭᠡᠢ ᠰᠦᠯᠵᠢᠶᠡᠨ᠎ᠤ ᠪᠡᠶ᠎ᠡ ᠬᠡᠮ᠎ᠤᠨ ᠲᠡᠮᠳᠡᠭ᠎ᠢ ᠵᠢᠭ᠋ᠠᠵᠤ ᠪᠠᠢ᠌ᠨ᠎ᠠ᠃ ᠰᠦᠯᠵᠢᠶᠡᠨ᠎ᠤ ᠦᠨᠡᠮᠯᠡᠯ ᠭᠡᠳᠡᠭ᠎ᠨᠢ ᠰᠦᠯᠵᠢᠶᠡᠨ᠎ᠤ ᠨᠣᠮᠧᠷ ᠵᠢᠴᠢ ᠪᠠᠶ᠋ᠢᠭ᠋ᠠᠯᠢ ᠬᠥᠮᠦᠨ᠎ᠤ ᠢᠯᠡ ᠪᠤᠰᠤ ᠪᠡᠶ᠎ᠡ ᠬᠡᠮ᠎ᠤᠨ ᠮᠡᠳᠡᠭᠡ ᠵᠠᠩᠭᠢ ᠵᠢ ᠠᠴᠢᠶᠠᠯᠠᠬᠤ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠭᠡᠷᠡᠴᠢ ᠪᠠᠷᠢᠮᠲᠠ ᠵᠢ ᠵᠢᠭ᠋ᠠᠵᠤ ᠪᠣᠶ᠃ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠢᠨᠲ᠋ᠧᠷ ᠰᠦᠯᠵᠢᠶᠡᠨ᠎ᠤ ᠦᠢ᠍ᠯᠡᠴᠢᠯᠡᠭᠡ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠢᠯ ᠲᠥᠷᠥᠯ᠎ᠤᠨ ᠬᠠᠮᠢᠶᠠᠷᠤᠯᠲᠠ᠂ ᠦᠢ᠍ᠯᠡᠴᠢᠯᠡᠭᠡᠨ᠎ᠤ ᠳᠣᠮᠳᠠᠬᠢ ᠪᠣᠯᠪᠠᠰᠣᠨ ᠪᠣᠰᠣ ᠳᠠᠩᠰᠠᠯᠠᠯᠲᠠ᠂ ᠪᠠᠶ᠋ᠢᠭ᠋ᠠᠯᠢ ᠬᠥᠮᠦᠨ᠎ᠤ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ᠎ᠳᠤ ᠬᠡᠷᠡᠭᠯᠡᠵᠦ ᠪᠣᠯᠤᠨ᠎ᠠ᠃

ᠭᠤᠷᠪᠠᠳᠤᠭ᠋ᠠᠷ ᠵᠣᠷᠪᠣᠰ ᠲᠥᠷᠥ ᠵᠢᠨ ᠶᠠᠪᠤᠳᠠᠯ᠎ᠤᠨ ᠬᠤᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠬᠢᠵᠢᠯᠲᠠ ᠵᠢᠨ ᠰᠠᠯᠠᠭ᠎ᠠ ᠮᠥᠴᠢᠷ᠎ᠤᠳ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠂ ᠰᠣᠶᠣᠯ ᠪᠠ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ᠂ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠣᠰ ᠠᠷᠭ᠎ᠠ ᠪᠣᠯᠤᠨ ᠬᠤᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ᠂ ᠲᠣᠰ ᠲᠣᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠤᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃

ᠳᠥᠷᠪᠡᠳᠦᠭᠡᠷ ᠵᠣᠷᠪᠣᠰ ᠬᠠᠤᠯᠢ᠎ᠪᠠᠷ ᠲᠣᠭᠲᠠᠭ᠋ᠠᠭᠰᠠᠨ ᠬᠦᠴᠦᠨ ᠪᠦᠬᠦᠢ ᠪᠡᠶ᠎ᠡ ᠵᠢᠨ ᠦᠨᠡᠮᠯᠡᠯ᠎ᠲᠠᠢ ᠪᠠᠢ᠌ᠭ᠋ᠠᠯᠢ ᠬᠥᠮᠦᠨ᠂ ᠰᠠᠶ᠋ᠢᠨ ᠳᠤᠷ᠎ᠠ᠎ᠠᠴᠠ᠎ᠪᠠᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠠᠴᠠ ᠰᠦᠯᠵᠢᠶᠡᠨ ᠳ᠋ᠤᠭ᠋ᠠᠷ᠂ ᠰᠦᠯᠵᠢᠶᠡᠨ ᠦᠨᠡᠮᠯᠡᠯ ᠭᠤᠶᠤᠴᠢᠯᠠᠨ ᠠᠪᠴᠤ ᠪᠣᠯᠤᠨ᠎ᠠ᠃

ᠪᠦᠬᠦᠯᠢ ᠠᠷᠪᠠᠨ ᠳᠥᠷᠪᠡᠨ ᠨᠠᠰᠤ ᠬᠦᠷᠦᠭᠡᠳᠦᠢ ᠪᠠᠢ᠌ᠭ᠋ᠠᠯᠢ ᠬᠦᠮᠦᠨ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠬᠤ᠎ᠳᠤ ᠬᠦᠷᠪᠡᠯ᠂ ᠲᠡᠭᠦᠨ᠎ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢᠨ ᠵᠦᠪᠰᠢᠶᠡᠷᠡᠯ᠎ᠢ ᠣᠯᠬᠤ ᠬᠡᠷᠡᠭᠲᠡᠢ ᠪᠦᠭᠡᠳ ᠲᠡᠭᠦᠨ᠎ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ᠎ᠨᠢ ᠣᠷᠣᠯᠠᠨ ᠭᠤᠶᠤᠴᠢᠯᠠᠨ ᠠᠪᠬᠤ ᠬᠡᠷᠡᠭᠲᠡᠢ᠃

ᠪᠦᠬᠦᠯᠢ ᠠᠷᠪᠠᠨ ᠳᠥᠷᠪᠡᠨ ᠨᠠᠰᠤ ᠬᠦᠷᠦᠭᠡᠳ ᠪᠦᠬᠦᠯᠢ ᠠᠷᠪᠠᠨ ᠨᠠᠢ᠍ᠮᠠᠨ ᠨᠠᠰᠤ ᠬᠦᠷᠦᠭᠡᠳᠦᠢ ᠪᠠᠶ᠋ᠢᠭ᠋ᠠᠯᠢ ᠬᠥᠮᠥᠨ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ ᠭᠤᠶᠤᠴᠢᠯᠠᠨ ᠠᠪᠬᠤ᠎ᠳᠤ ᠬᠦᠷᠪᠡᠯ᠂ ᠲᠡᠭᠦᠨ᠎ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢᠨ ᠬᠢᠨᠠᠨ ᠬᠠᠮᠠᠭ᠋ᠠᠯᠠᠯ ᠳᠣᠣᠷ᠎ᠠ ᠭᠤᠶᠤᠴᠢᠯᠠᠨ ᠠᠪᠬᠤ ᠬᠡᠷᠡᠭᠲᠡᠢ᠃

ᠲᠠᠪᠤᠳᠤᠭ᠋ᠠᠷ ᠵᠣᠷᠪᠣᠰ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠢᠨᠲ᠋ᠧᠷ ᠰᠦᠯᠵᠢᠶᠡᠨ᠎ᠤ ᠦᠢ᠍ᠯᠡᠴᠢᠯᠡᠭᠡᠨ᠎ᠤ ᠳᠤᠮᠳᠠ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠳᠡᠩᠰᠡᠯᠡᠵᠦ᠂ ᠬᠠᠷᠭᠤᠭᠤᠯᠤᠨ ᠪᠠᠶ᠋ᠢᠴᠠᠭ᠋ᠠᠬᠤ ᠴᠢᠬᠣᠯᠠ᠎ᠲᠠᠢ ᠪᠠᠶ᠋ᠢᠪᠠᠯ᠂ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠬᠡᠷᠡᠭᠯᠡᠨ ᠬᠠᠤᠯᠢ ᠶᠣᠰᠣᠭ᠋ᠠᠷ ᠳᠡᠩᠰᠡᠯᠡᠵᠦ᠂ ᠬᠠᠷᠭᠤᠭᠤᠯᠤᠨ ᠪᠠᠶ᠋ᠢᠴᠠᠭ᠋ᠠᠵᠤ ᠪᠣᠯᠤᠨ᠎ᠠ᠃

ᠪᠦᠬᠦᠯᠢ ᠠᠷᠪᠠᠨ ᠳᠥᠷᠪᠡᠨ ᠨᠠᠰᠤ ᠬᠦᠷᠦᠭᠡᠳᠦᠢ ᠪᠠᠢ᠌ᠭ᠋ᠠᠯᠢ ᠬᠥᠮᠦᠨ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠬᠡᠷᠡᠭᠯᠡᠨ ᠳᠠᠩᠰᠠᠯᠠᠯᠲᠠ ᠬᠢᠵᠦ᠂ ᠦᠨᠡᠨ ᠪᠣᠲᠠᠲᠠᠢ ᠪᠡᠶ᠎ᠡ ᠭᠡᠮ᠎ᠤᠨ ᠮᠡᠳᠡᠭᠡ ᠵᠠᠩᠭᠢ ᠵᠢ ᠬᠠᠷᠭᠤᠭᠤᠯᠤᠨ ᠪᠠᠢ᠌ᠴᠠᠭ᠋ᠠᠬᠤ᠎ᠳᠤ ᠬᠦᠷᠪᠡᠯ᠂ ᠲᠡᠭᠦᠨ᠎ᠤ ᠡᠴᠢᠭᠡ ᠡᠬᠡ ᠪᠤᠶᠤ ᠪᠤᠰᠤᠳ ᠬᠢᠨᠠᠨ ᠬᠠᠮᠠᠭ᠋ᠠᠯᠠᠭᠴᠢ ᠵᠢᠨ ᠵᠦᠪᠰᠢᠶᠡᠷᠡᠯ᠎ᠢ ᠣᠯᠬᠤ ᠬᠡᠷᠡᠭᠲᠡᠢ᠃

ᠵᠢᠷᠭᠤᠳᠤᠭ᠋ᠠᠷ ᠵᠣᠷᠪᠣᠰ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠤᠣᠯᠳᠠᠯᠭ᠎ᠠ᠎ᠲᠠᠢ ᠠᠵᠢᠯ ᠲᠥᠷᠥᠯ᠎ᠤᠨ ᠰᠠᠢ᠌ᠨ ᠳᠣᠷ᠎ᠠ ᠵᠢᠨ ᠵᠠᠷᠴᠢᠮ ᠶᠣᠰᠣᠭ᠋ᠠᠷ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠳᠡᠯᠭᠡᠷᠡᠭᠦᠯᠦᠨ ᠬᠡᠷᠡᠭᠯᠡᠬᠦ ᠵᠢ ᠵᠤᠷᠢᠭᠵᠢᠭᠣᠯᠵᠤ᠂ ᠬᠡᠷᠡᠭᠯᠡᠭᠴᠢᠳ᠎ᠲᠤ ᠠᠮᠤᠷ ᠲᠦᠪᠰᠢᠨ᠂ ᠳᠥᠭᠦᠮ ᠳᠥᠲᠡ ᠪᠡᠶ᠎ᠡ ᠬᠡᠮ᠎ᠤᠨ ᠳᠠᠩᠰᠠᠯᠠᠯᠲᠠ ᠪᠠ ᠬᠠᠷᠭᠤᠭᠤᠯᠤᠨ ᠪᠠᠶ᠋ᠢᠴᠠᠭ᠋ᠠᠬᠤ ᠦᠢ᠍ᠯᠡᠴᠢᠯᠡᠭᠡ ᠬᠠᠩᠭ᠋ᠠᠵᠤ᠂ ᠣᠯᠠᠨ ᠨᠡᠶ᠋ᠢᠲᠡ ᠵᠢᠨ ᠦᠢ᠍ᠯᠡᠴᠢᠯᠡᠭᠡ᠎ᠪᠠᠷ ᠳᠠᠮᠵᠢᠭᠣᠯᠣᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠬᠡᠷᠡᠭᠯᠡᠭᠡᠨ᠎ᠤ ᠠᠮᠢ ᠠᠬᠤᠶ ᠵᠢ ᠪᠤᠶ᠋ᠢᠵᠢᠭᠤᠯᠤᠨ᠎ᠠ᠃

ᠬᠣᠯᠪᠣᠭᠳᠠᠯ ᠪᠦᠬᠦᠢ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠣᠤᠯᠳᠠᠯᠭ᠎ᠠ᠎ᠲᠠᠢ ᠠᠵᠢᠯ ᠲᠥᠷᠥᠯ᠎ᠤᠨ᠎ᠬᠢᠨ ᠬᠠᠮᠢᠶᠠᠷᠤᠯᠲᠠ᠂ ᠦᠢ᠍ᠯᠡᠴᠢᠯᠡᠭᠡᠨ᠎ᠤ ᠳᠤᠮᠳᠠ᠎ᠪᠠᠨ ᠣᠳᠣ ᠵᠢᠨ ᠪᠠᠶ᠋ᠢᠭ᠎ᠠ ᠪᠤᠶᠤ ᠪᠤᠰᠤᠳ ᠬᠠᠤᠯᠢ ᠶᠣᠰᠣᠨ᠎ᠤ ᠠᠷᠭ᠎ᠠ ᠮᠠᠶᠢᠭ᠎ᠢ ᠦᠯᠡᠳᠡᠭᠡᠨ ᠠᠪᠴᠤ᠂ ᠬᠠᠩᠭ᠋ᠠᠨ ᠳᠠᠩᠰᠠᠯᠠᠭᠣᠯᠵᠦ᠂ ᠦᠨᠡᠨ ᠪᠣᠳᠠᠲᠠᠶ ᠪᠡᠶ᠎ᠡ ᠭᠡᠮ᠎ᠢ᠎ᠨᠢ ᠬᠠᠷᠭᠣᠭᠣᠯᠣᠨ ᠪᠠᠢ᠌ᠴᠠᠭ᠋ᠠᠬᠤ ᠬᠡᠷᠡᠭᠲᠡᠶ᠃

ᠳᠣᠯᠣᠳᠤᠭ᠋ᠠᠷ ᠵᠣᠷᠪᠣᠰ ᠢᠨᠲ᠋ᠧᠷ ᠰᠦᠯᠵᠢᠶᠡᠨ᠎ᠤ ᠲᠠᠪᠴᠠᠩ᠎ᠤᠨ ᠰᠠᠶ᠋ᠢᠨ ᠳᠤᠷ᠎ᠠ ᠵᠢᠨ ᠵᠠᠷᠴᠢᠮ ᠶᠣᠰᠣᠭ᠋ᠠᠷ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠵᠠᠯᠭ᠋ᠠᠨ ᠣᠷᠣᠭᠤᠯᠬᠤ ᠵᠢ ᠵᠣᠷᠢᠭᠵᠢᠭᠤᠯᠵᠤ᠂ ᠬᠡᠷᠡᠭᠯᠡᠭᠴᠢ ᠵᠢᠨ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠳᠠᠩᠰᠠᠯᠠᠬᠤ ᠵᠢ ᠳᠡᠮᠵᠢᠵᠦ᠂ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠷᠭᠣᠭᠣᠯᠣᠨ ᠪᠠᠢ᠌ᠴᠠᠭ᠋ᠠᠵᠤ᠂ ᠬᠤᠪᠢ ᠬᠥᠮᠦᠨ᠎ᠤ ᠮᠡᠳᠡᠭᠡ ᠵᠠᠩᠭᠢ ᠵᠢ ᠬᠠᠮᠠᠭ᠋ᠠᠯᠠᠬᠤ ᠪᠠ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠬᠢᠨᠠᠨ ᠰᠢᠯᠭ᠋ᠠᠬᠤ ᠡᠭᠦᠷᠭᠡ ᠵᠢ ᠬᠠᠤᠯᠢ ᠶᠣᠰᠣᠭ᠋ᠠᠷ ᠭᠦᠢ᠍ᠴᠡᠳᠬᠡᠨ᠎ᠡ᠃

ᠢᠨᠲ᠋ᠧᠷ ᠰᠦᠯᠵᠢᠶᠡᠨ᠎ᠤ ᠲᠠᠪᠴᠠᠩ᠎ᠨᠢ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠵᠠᠯᠭ᠋ᠠᠨ ᠣᠷᠣᠭᠰᠠᠨ᠎ᠤ ᠳᠠᠷᠠᠭ᠎ᠠ᠂ ᠬᠡᠷᠡᠭᠯᠡᠭᠴᠢᠳ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠤᠨ ᠳᠠᠩᠰᠠᠯᠠᠯᠲᠠ ᠵᠢ ᠰᠣᠩᠭᠣᠨ ᠬᠡᠷᠡᠭᠯᠡᠵᠦ᠂ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠷᠭᠣᠭᠣᠯᠣᠨ ᠪᠠᠢ᠌ᠴᠠᠭ᠋ᠠᠬᠤ ᠵᠢᠨ ᠬᠠᠮᠲᠤ ᠰᠢᠯᠭ᠋ᠠᠨ ᠭᠡᠷᠡᠴᠢᠯᠡᠬᠦ ᠵᠢ ᠦᠩᠭᠡᠷᠡᠭᠰᠡᠨ ᠪᠠᠶ᠋ᠢᠪᠠᠯ᠂ ᠢᠨᠲ᠋ᠧᠷ ᠰᠦᠯᠵᠢᠶᠡᠨ᠎ᠤ ᠲᠠᠪᠴᠠᠩ᠎ᠨᠢ ᠬᠡᠷᠡᠭᠯᠡᠭᠴᠢᠳ᠎ᠢ ᠠᠰᠲᠠᠭ᠋ᠠᠨ ᠢᠯᠡ ᠪᠡᠶ᠎ᠡ ᠬᠡᠮ᠎ᠤᠨ ᠮᠡᠳᠡᠭᠡ ᠵᠠᠩᠭᠢ ᠬᠠᠩᠭ᠋ᠠᠬᠤ ᠵᠢ ᠱᠠᠭ᠋ᠠᠷᠳᠠᠵᠤ ᠪᠣᠯᠬᠤ ᠥᠬᠡᠶ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠤᠶᠤ ᠬᠡᠷᠡᠭᠯᠡᠭᠴᠢ ᠬᠠᠩᠭ᠋ᠠᠬᠤ ᠵᠢ ᠵᠥᠪᠰᠢᠶᠡᠷᠡᠭᠰᠡᠨ ᠪᠠᠶ᠋ᠢᠪᠠᠯ ᠡᠭᠦᠨ᠎ᠳᠤ ᠪᠠᠭᠲᠠᠬᠤ ᠥᠬᠡᠶ᠃

ᠢᠨᠲ᠋ᠧᠷ ᠰᠦᠯᠵᠢᠶᠡᠨ᠎ᠤ ᠲᠠᠪᠴᠠᠩ᠎ᠨᠢ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠬᠡᠷᠡᠭᠯᠡᠭᠰᠡᠨ ᠦᠭᠡᠢ ᠪᠣᠯᠪᠠᠴᠤ ᠪᠤᠰᠤᠳ ᠠᠷᠭ᠎ᠠ ᠮᠠᠶᠢᠭ ᠵᠶ᠋ᠠᠷ ᠦᠨᠡᠨ ᠪᠣᠲᠠᠲᠠᠢ ᠪᠡᠶ᠎ᠡ ᠬᠡᠮ᠎ᠢ᠎ᠨᠢ ᠳᠠᠩᠰᠠᠯᠠᠭᠣᠯᠣᠭᠰᠠᠨ᠂ ᠬᠢᠨᠠᠨ ᠰᠢᠯᠭ᠋ᠠᠭᠰᠠᠨ ᠬᠡᠷᠡᠭᠯᠡᠭᠴᠢ ᠵᠢᠨ ᠰᠦᠯᠵᠢᠶᠡᠨ ᠳ᠋ᠤᠭ᠋ᠠᠷ᠂ ᠰᠦᠯᠵᠢᠶᠡᠨ᠎ᠤ ᠦᠨᠡᠮᠯᠡᠯ᠎ᠢ ᠬᠡᠷᠡᠭᠯᠡᠭᠰᠡᠨ ᠬᠡᠷᠡᠭᠯᠡᠭᠴᠢ᠎ᠲᠠᠢ ᠠᠳᠠᠯᠢ ᠦᠢ᠍ᠯᠡᠴᠢᠯᠡᠭᠡ ᠬᠦᠷᠲᠡᠬᠦ ᠵᠢ ᠪᠠᠲᠤᠯᠠᠬᠤ ᠬᠡᠷᠡᠭᠲᠡᠶ᠃

ᠨᠠᠢ᠍ᠮᠠᠳᠤᠭ᠋ᠠᠷ ᠵᠣᠷᠪᠣᠰ ᠢᠨᠲ᠋ᠧᠷ ᠰᠦᠯᠵᠢᠶᠡᠨ᠎ᠤ ᠲᠠᠪᠴᠠᠩ᠎ᠨᠢ ᠬᠡᠷᠡᠭᠯᠡᠭᠴᠢ ᠵᠢᠨ ᠦᠨᠡᠨ ᠪᠣᠳᠠᠲᠠᠶ ᠪᠡᠶ᠎ᠡ ᠬᠡᠮ᠎ᠤᠨ ᠮᠡᠳᠡᠭᠡ ᠵᠠᠩᠭᠢ ᠵᠢ ᠬᠠᠤᠯᠢ ᠶᠣᠰᠣᠭ᠋ᠠᠷ ᠬᠠᠷᠭᠣᠭᠣᠯᠣᠨ ᠪᠠᠢ᠌ᠴᠠᠭ᠋ᠠᠬᠤ ᠴᠢᠬᠤᠯᠠ᠎ᠲᠠᠢ ᠪᠣᠯᠪᠠᠴᠤ ᠬᠡᠷᠡᠭᠯᠡᠭᠴᠢ ᠵᠢᠨ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠯᠡᠳᠡᠭᠡᠨ ᠬᠠᠳᠠᠭ᠋ᠠᠯᠠᠬᠤ ᠴᠢᠬᠤᠯᠠ ᠦᠭᠡᠶ ᠪᠠᠢ᠌ᠪᠠᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠵᠥᠪᠬᠡᠨ ᠬᠡᠷᠡᠭᠯᠡᠭᠴᠢ ᠵᠢᠨ ᠪᠡᠶ᠎ᠡ ᠬᠡᠮ᠎ᠢ ᠬᠠᠷᠭᠣᠭᠣᠯᠣᠨ ᠪᠠᠢ᠌ᠴᠠᠭ᠋ᠠᠭᠰᠠᠨ ᠦᠷ᠎ᠡ ᠳ᠋ᠦᠩ᠎ᠢ ᠬᠠᠩᠭ᠋ᠠᠬᠤ ᠬᠡᠷᠡᠭᠲᠡᠶ᠃

ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠢᠨᠲ᠋ᠧᠷ ᠰᠦᠯᠵᠢᠶᠡᠨ᠎ᠤ ᠲᠠᠪᠴᠠᠩ᠎ᠨᠢ ᠬᠡᠷᠡᠭᠯᠡᠭᠴᠢ ᠵᠢᠨ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠤᠨ ᠮᠡᠳᠡᠭᠡ ᠵᠠᠩᠭᠢ ᠵᠢ ᠦᠨᠡᠨ ᠬᠦ᠌ ᠣᠯᠬᠤ᠂ ᠦᠯᠡᠳᠡᠭᠡᠨ ᠬᠠᠳᠠᠭ᠋ᠠᠯᠠᠬᠤ ᠴᠢᠬᠣᠯᠠ᠎ᠲᠠᠢ ᠪᠠᠶ᠋ᠢᠪᠠᠯ᠂ ᠬᠡᠷᠡᠭᠯᠡᠭᠴᠢᠳ᠎ᠲᠤ ᠡᠷᠬᠡ ᠣᠯᠭᠤᠬᠤ ᠪᠤᠶᠤ ᠲᠤᠰᠠᠭ᠋ᠠᠷ ᠵᠦᠪᠰᠢᠶᠡᠷᠡᠭᠦᠯᠬᠦ᠎ᠪᠠᠷ ᠳᠠᠮᠵᠢᠭᠣᠯᠣᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠢ ᠬᠠᠮᠤᠭ᠎ᠤᠨ ᠪᠠᠭ᠋ᠠᠴᠢᠯᠠᠬᠤ ᠵᠠᠷᠴᠢᠮ ᠶᠣᠰᠣᠭ᠋ᠠᠷ ᠬᠠᠩᠭ᠋ᠠᠬᠤ ᠬᠡᠷᠡᠭᠲᠡᠶ᠃

ᠪᠠᠶ᠋ᠢᠭ᠋ᠠᠯᠢ ᠬᠥᠮᠦᠨ ᠲᠤᠰᠠᠭ᠋ᠠᠷ ᠵᠦᠪᠰᠢᠶᠡᠷᠡᠯ᠎ᠢ ᠣᠯᠣᠭᠰᠠᠨ ᠦᠭᠡᠢ᠎ᠪᠠᠷ᠂ ᠢᠨᠲ᠋ᠧᠷ ᠰᠦᠯᠵᠢᠶᠡᠨ᠎ᠤ ᠲᠠᠪᠴᠠᠩ᠎ᠨᠢ ᠬᠠᠮᠢᠶ᠎ᠠ ᠪᠦᠬᠦᠢ ᠲᠣᠭ᠎ᠠ ᠪᠠᠷᠢᠮᠲᠠ᠂ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠰᠢᠢ᠍ᠳᠪᠦᠷᠢᠯᠡᠬᠦ ᠪᠤᠶᠤ ᠭᠠᠳᠠᠭᠰᠢ ᠬᠠᠩᠭ᠋ᠠᠵᠤ ᠪᠣᠯᠬᠤ ᠦᠭᠡᠶ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠶ᠃

ᠶᠢᠰᠦᠳᠦᠭᠡᠷ ᠵᠣᠷᠪᠣᠰ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠵᠥᠪᠬᠡᠨ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠳᠤ ᠵᠠᠪᠠᠯ ᠱᠠᠭ᠋ᠠᠷᠳᠠᠭᠳᠠᠬᠤ ᠮᠡᠳᠡᠭᠡ ᠵᠠᠩᠭᠢ ᠵᠢ ᠴᠤᠭᠯᠠᠭᠤᠯᠬᠤ᠎ᠪᠠᠷ ᠬᠢᠵᠠᠭ᠋ᠠᠷᠯᠠᠵᠤ᠂ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠪᠤᠶᠤ ᠪᠠᠶ᠋ᠢᠭ᠋ᠠᠯᠢ ᠬᠥᠮᠦᠨ᠎ᠳᠤ ᠣᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠬᠤ᠎ᠳᠤ ᠬᠦᠷᠪᠡᠯ᠂ ᠮᠡᠳᠡᠭᠳᠡᠬᠦ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠵᠢᠨ ᠬᠠᠮᠲᠤ ᠲᠡᠳᠡᠨ᠎ᠤ ᠵᠥᠪᠰᠢᠶᠡᠷᠡᠯ᠎ᠢ ᠣᠯᠬᠤ ᠬᠡᠷᠡᠭᠲᠡᠶ᠃ ᠰᠡᠷᠭᠡᠭ ᠬᠤᠪᠢ ᠬᠦᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ᠎ᠳᠤ ᠬᠤᠪᠢ ᠬᠦᠮᠦᠨ᠎ᠤ ᠲᠤᠰᠠᠭ᠋ᠠᠷ ᠵᠥᠪᠰᠢᠶᠡᠷᠡᠯ᠎ᠢ ᠣᠯᠬᠤ ᠬᠡᠷᠡᠭᠲᠡᠢ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠪᠢᠴᠢᠭ᠎ᠤᠨ ᠵᠦᠪᠰᠢᠶᠡᠷᠡᠯ᠎ᠢ ᠣᠯᠬᠤ ᠬᠡᠷᠡᠭᠲᠡᠢ ᠭᠡᠵᠦ ᠲᠣᠭᠲᠠᠭ᠋ᠠᠭᠰᠠᠨ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃

ᠪᠠᠶ᠋ᠢᠭ᠋ᠠᠯᠢ ᠬᠥᠮᠦᠨ᠎ᠤ ᠲᠤᠰᠠᠭ᠋ᠠᠷ ᠵᠥᠪᠰᠢᠶᠡᠷᠡᠯ᠎ᠢ ᠣᠯᠤᠭᠰᠠᠨ ᠦᠭᠡᠢ᠎ᠪᠠᠷ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠠᠮᠢᠶ᠎ᠠ ᠪᠦᠬᠦᠢ ᠲᠤᠭ᠎ᠠ ᠪᠠᠷᠢᠮᠲᠠ᠂ ᠮᠡᠳᠡᠭᠡ ᠵᠠᠩᠭᠢ ᠵᠢ ᠳᠤᠷ᠎ᠠ᠎ᠪᠠᠷ ᠵᠶ᠋ᠠᠨ ᠰᠢᠢ᠍ᠳᠪᠦᠷᠢᠯᠡᠬᠦ ᠪᠤᠶᠤ ᠭᠠᠳᠠᠭᠰᠢ ᠬᠠᠩᠭ᠋ᠠᠵᠤ ᠪᠣᠯᠬᠤ ᠦᠭᠡᠢ᠂ ᠬᠠᠮᠢᠶ᠎ᠠ ᠪᠦᠬᠦᠢ ᠲᠤᠭ᠎ᠠ ᠪᠠᠷᠢᠮᠲᠠ ᠵᠢ ᠬᠡᠷᠡᠭᠯᠡᠭᠴᠢ ᠵᠢᠨ ᠳᠠᠩᠰᠠᠯᠠᠯᠲᠠ᠂ ᠬᠠᠷᠭᠣᠭᠣᠯᠣᠨ ᠪᠠᠢ᠌ᠴᠠᠭ᠋ᠠᠬᠤ᠎ᠠᠴᠠ ᠭᠠᠳᠠᠨᠠᠬᠢ ᠪᠤᠰᠤᠳ ᠵᠣᠷᠢᠯᠭ᠎ᠠ᠎ᠳᠤ ᠬᠡᠷᠡᠭᠯᠡᠵᠦ ᠪᠣᠯᠬᠤ ᠦᠭᠡᠢ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃

ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠪᠤᠶᠤ ᠬᠡᠷᠡᠭᠯᠡᠭᠴᠢ ᠵᠢᠨ ᠱᠠᠭ᠋ᠠᠷᠳᠠᠯᠭ᠎ᠠ ᠶᠣᠰᠣᠭ᠋ᠠᠷ᠂ ᠬᠡᠷᠡᠭᠯᠡᠭᠴᠢ ᠵᠢᠨ ᠬᠤᠪᠢ ᠬᠥᠮᠦᠨ᠎ᠤ ᠮᠡᠳᠡᠭᠡ ᠵᠠᠩᠭᠢ ᠵᠢ ᠴᠠᠭ ᠲᠤᠬᠠᠶ᠎ᠳᠤ᠎ᠨᠢ ᠬᠠᠰᠤᠬᠤ ᠬᠡᠷᠡᠭᠲᠡᠶ᠃

ᠠᠷᠪᠠᠳᠤᠭ᠋ᠠᠷ ᠵᠣᠷᠪᠣᠰ ᠨᠠᠰᠤᠨ᠎ᠳᠤ ᠦᠯᠦ ᠬᠦᠷᠦᠭᠰᠡᠳ᠂ ᠨᠠᠰᠤᠲᠠᠶ᠋ᠢᠴᠤᠳ ᠵᠡᠷᠭᠡ ᠬᠡᠷᠡᠭᠯᠡᠭᠴᠢ᠎ᠳᠤ ᠬᠤᠯᠪᠣᠭᠳᠠᠪᠠᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠢᠨᠲ᠋ᠧᠷ ᠰᠦᠯᠵᠢᠶᠡᠨ᠎ᠤ ᠲᠠᠪᠴᠠᠩ᠎ᠳᠤ ᠬᠠᠤᠯᠢ ᠶᠣᠰᠣᠭ᠋ᠠᠷ ᠨᠠᠰᠣᠨ᠎ᠤ ᠢᠯᠡᠳᠬᠡᠮᠵᠢ ᠲᠡᠮᠳᠡᠭ᠎ᠢ ᠬᠠᠩᠭ᠋ᠠᠵᠤ᠂ ᠢᠨᠲ᠋ᠧᠷ ᠰᠦᠯᠵᠢᠶᠡᠨ᠎ᠤ ᠲᠠᠪᠴᠠᠩ᠎ᠤᠨ ᠵᠣᠬᠢᠴᠠᠩᠭᠤᠶ ᠬᠠᠤᠯᠢ ᠴᠠᠭ᠋ᠠᠵᠠ ᠵᠢᠨ ᠡᠭᠦᠷᠭᠡ᠎ᠪᠠᠨ ᠭᠦᠢ᠍ᠴᠡᠳᠬᠡᠬᠦ ᠵᠢ ᠳᠡᠮᠵᠢᠬᠦ᠎ᠳᠤ ᠬᠡᠷᠡᠭᠯᠡᠵᠦ ᠪᠣᠯᠤᠨ᠎ᠠ᠃

ᠠᠷᠪᠠᠨ ᠨᠢᠭᠡᠳᠦᠭᠡᠷ ᠵᠣᠷᠪᠣᠰ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠡᠷᠡᠭᠯᠡᠭᠴᠢᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ᠎ᠠᠴᠠ ᠡᠮᠦᠨ᠎ᠡ᠂ ᠬᠡᠷᠡᠭᠯᠡᠭᠴᠢ ᠵᠢᠨ ᠬᠡᠯᠡᠯᠴᠡᠭᠡᠷ ᠵᠡᠷᠭᠡ ᠪᠢᠴᠢᠭ᠎ᠤᠨ ᠬᠡᠯᠪᠡᠷᠢ᠎ᠪᠠᠷ ᠳᠠᠮᠵᠢᠭᠤᠯᠤᠨ᠂ ᠢᠯᠡᠷᠬᠡᠶ ᠠᠷᠭ᠎ᠠ ᠮᠠᠶᠢᠭ᠂ ᠲᠣᠳᠣᠷᠬᠠᠶ ᠣᠶ᠋ᠢᠯᠠᠭ᠋ᠠᠮᠵᠢᠲᠠᠶ ᠦᠭᠡ ᠬᠡᠯᠡ᠎ᠪᠠᠷ ᠬᠡᠷᠡᠭᠯᠡᠭᠴᠢᠳ᠎ᠲᠤ ᠳᠣᠣᠷᠠᠬᠢ ᠵᠦᠢ᠍ᠯᠡᠰ᠎ᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠵᠶ᠋ᠠᠷ ᠮᠡᠳᠡᠭᠳᠡᠬᠦ ᠬᠡᠷᠡᠭᠲᠡᠶ᠄

(ᠨᠢᠭᠡ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠨᠡᠷᠡᠶ᠋ᠢᠳᠦᠯ ᠪᠠ ᠬᠠᠷᠢᠯᠴᠠᠬᠤ ᠠᠷᠭ᠎ᠠ ᠮᠠᠶᠢᠭ᠂

(ᠬᠤᠶᠠᠷ) ᠬᠡᠷᠡᠭᠯᠡᠭᠴᠢᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ ᠵᠣᠷᠢᠯᠭ᠎ᠠ᠂ ᠰᠢᠢ᠍ᠳᠪᠦᠷᠢᠯᠡᠬᠦ ᠠᠷᠭ᠎ᠠ ᠮᠠᠶᠢᠭ᠂ ᠰᠢᠢ᠍ᠳᠪᠦᠷᠢᠯᠡᠭᠰᠡᠨ ᠬᠤᠪᠢ ᠬᠥᠮᠦᠨ᠎ᠤ ᠮᠡᠳᠡᠭᠡ ᠵᠠᠩᠭᠢ ᠵᠢᠨ ᠲᠥᠷᠥᠯ ᠵᠦᠢ᠍ᠯ᠂ ᠬᠠᠳᠠᠭ᠋ᠠᠯᠠᠬᠤ ᠬᠤᠭᠤᠴᠠᠭ᠎ᠠ ᠬᠢᠵᠠᠭ᠋ᠠᠷ᠂

(ᠭᠤᠷᠪᠠ) ᠬᠡᠷᠡᠭᠯᠡᠭᠴᠢ᠎ᠨᠢ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠢᠶ᠎ᠠ ᠪᠦᠬᠦᠢ ᠡᠷᠬᠡ᠎ᠪᠠᠨ ᠬᠠᠤᠯᠢ ᠶᠣᠰᠣᠭ᠋ᠠᠷ ᠬᠡᠷᠡᠭᠵᠢᠭᠦᠯᠬᠦ ᠠᠷᠭ᠎ᠠ ᠮᠠᠶᠢᠭ ᠪᠠ ᠴᠣᠪᠣᠷᠠᠯ᠂

(ᠲᠦᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠮᠡᠳᠡᠭᠳᠡᠬᠦ ᠴᠢᠬᠤᠯᠠ᠎ᠲᠠᠢ ᠪᠤᠰᠤᠳ ᠵᠦᠢ᠍ᠯ᠎ᠤᠳ᠃

ᠰᠡᠷᠭᠡᠭ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ᠎ᠳᠤ᠂ ᠪᠠᠰᠠ ᠬᠤᠪᠢ ᠬᠥᠮᠦᠨ᠎ᠳᠤ ᠰᠢᠢ᠍ᠳᠪᠦᠷᠢᠯᠡᠬᠦ ᠵᠢᠨ ᠴᠢᠬᠤᠯᠠ ᠴᠢᠨᠠᠷ ᠵᠢᠴᠢ ᠬᠤᠪᠢ ᠬᠥᠮᠦᠨ᠎ᠤ ᠡᠷᠬᠡ ᠠᠰᠢᠭ᠎ᠲᠤ ᠦᠵᠡᠭᠦᠯᠬᠦ ᠨᠥᠯᠥᠭᠡ ᠵᠢ ᠮᠡᠳᠡᠭᠳᠡᠬᠦ ᠬᠡᠷᠡᠭᠲᠡᠶ᠂ ᠬᠠᠤᠯᠢ ᠴᠠᠭ᠋ᠠᠵᠠ᠎ᠳᠤ ᠠᠰᠲᠠᠭ᠋ᠠᠨ ᠲᠣᠭᠲᠠᠭ᠋ᠠᠯ᠎ᠲᠠᠢ᠎ᠨᠢ ᠡᠭᠦᠨ᠎ᠳᠤ ᠪᠠᠭᠲᠠᠬᠤ ᠦᠭᠡᠢ᠃

ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠬᠤᠪᠢ ᠬᠥᠮᠦᠨ᠎ᠤ ᠮᠡᠳᠡᠭᠡ ᠵᠠᠩᠭᠢ ᠵᠢ ᠰᠢᠢ᠍ᠳᠪᠦᠷᠢᠯᠡᠬᠦ᠎ᠳᠤ᠎ᠪᠠᠨ᠂ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠨᠢᠭᠤᠴᠠ ᠵᠢ ᠬᠠᠮᠠᠭ᠋ᠠᠯᠠᠬᠤ ᠬᠡᠷᠡᠭᠲᠡᠶ ᠭᠡᠵᠦ ᠲᠣᠭᠲᠠᠭ᠋ᠠᠭᠰᠠᠨ ᠪᠤᠶᠤ ᠮᠡᠳᠡᠭᠳᠡᠬᠦ ᠴᠢᠬᠤᠯᠠ ᠦᠭᠡᠶ ᠪᠠᠶ᠋ᠢᠳᠠᠯ᠎ᠲᠠᠢ ᠪᠠᠢ᠌ᠪᠠᠯ᠂ ᠬᠤᠪᠢ ᠬᠥᠮᠦᠨ᠎ᠳᠤ ᠲᠤᠰ ᠵᠦᠢ᠍ᠯ᠎ᠤᠨ ᠨᠢᠭᠡᠳᠦᠭᠡᠷ ᠪᠠᠳᠠᠭ᠎ᠲᠤ ᠲᠣᠭᠲᠠᠭ᠋ᠠᠭᠰᠠᠨ ᠵᠦᠢ᠍ᠯᠡᠰ᠎ᠢ ᠮᠡᠳᠡᠭᠳᠡᠬᠦ ᠦᠭᠡᠶ ᠪᠠᠶ᠋ᠢᠵᠤ ᠪᠣᠯᠤᠨ᠎ᠠ᠃

ᠪᠠᠴᠢᠮ ᠪᠠᠶ᠋ᠢᠳᠠᠯ ᠳᠣᠤᠷ᠎ᠠ ᠪᠠᠶ᠋ᠢᠭ᠋ᠠᠯᠢ ᠬᠥᠮᠦᠨ᠎ᠤ ᠠᠮᠢ ᠨᠠᠰᠤ ᠡᠷᠡᠭᠦᠯ ᠮᠡᠨᠳᠦ ᠪᠠ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠢᠨ ᠲᠥᠯᠥᠭᠡ ᠴᠠᠭ ᠲᠤᠬᠠᠶ᠎ᠳᠤ᠎ᠨᠢ ᠬᠤᠪᠢ ᠬᠥᠮᠦᠨ᠎ᠳᠤ ᠮᠡᠳᠡᠭᠳᠡᠬᠦ ᠵᠢᠨ ᠠᠷᠭ᠎ᠠ ᠥᠬᠡᠶ ᠪᠠᠶ᠋ᠢᠪᠠᠯ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠪᠠᠴᠢᠮ ᠪᠠᠶ᠋ᠢᠳᠠᠯ᠎ᠢ ᠠᠷᠢᠯᠭ᠋ᠠᠭᠰᠠᠨ᠎ᠤ ᠳᠠᠷᠠᠭ᠎ᠠ ᠴᠠᠭ ᠲᠤᠬᠠᠶ᠎ᠳᠤ᠎ᠨᠢ ᠮᠡᠳᠡᠭᠳᠡᠬᠦ ᠬᠡᠷᠡᠭᠲᠡᠶ᠃

ᠠᠷᠪᠠᠨ ᠬᠣᠶᠠᠳᠤᠭ᠋ᠠᠷ ᠵᠣᠷᠪᠣᠰ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠨᠢ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠣᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ ᠬᠢᠭᠡᠳ ᠮᠡᠷᠭᠡᠵᠢᠯ᠎ᠤᠨ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠪᠠᠢ᠌ᠭᠣᠯᠣᠨ ᠨᠠᠶ᠋ᠢᠳᠠᠪᠤᠷᠢᠵᠢᠭᠤᠯᠵᠤ᠂ ᠬᠢᠨᠠᠯᠲᠠ ᠲᠠᠯᠪᠢᠬᠤ ᠳᠦᠷᠢᠮ᠎ᠢ ᠲᠡᠭᠦᠯᠳᠡᠷᠵᠢᠭᠦᠯᠦᠨ᠂ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠣᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠦᠨ᠎ᠤ ᠮᠡᠳᠡᠭᠡ ᠵᠠᠩᠭᠢ ᠵᠢᠨ ᠡᠷᠬᠡ ᠠᠰᠢᠭ᠎ᠢ ᠪᠦᠲᠦᠮᠵᠢᠲᠡᠶ ᠬᠠᠮᠠᠭ᠋ᠠᠯᠠᠬᠤ ᠬᠡᠷᠡᠭᠲᠡᠶ᠃

ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠰᠢᠢ᠍ᠳᠪᠦᠷᠢᠯᠡᠭᠰᠡᠨ ᠴᠢᠬᠤᠯᠠ ᠲᠣᠭ᠎ᠠ ᠪᠠᠷᠢᠮᠲᠠ ᠪᠣᠯᠤᠨ ᠬᠤᠪᠢ ᠬᠥᠮᠦᠨ᠎ᠤ ᠮᠡᠳᠡᠭᠡ ᠵᠠᠩᠭᠢ ᠵᠢ ᠬᠢᠯᠢ ᠵᠢᠨ ᠳᠣᠲᠣᠷ᠎ᠠ ᠬᠠᠳᠠᠭ᠋ᠠᠯᠠᠬᠤ ᠬᠡᠷᠡᠭᠲᠡᠶ᠂ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ᠎ᠠᠴᠠ ᠪᠣᠯᠵᠤ ᠬᠢᠯᠢ ᠵᠢᠨ ᠭᠠᠳᠠᠨ᠎ᠠ ᠦᠨᠡᠨ ᠬᠦ᠌ ᠬᠠᠩᠭ᠋ᠠᠬᠤ ᠴᠢᠬᠤᠯᠠ᠎ᠲᠠᠢ ᠪᠣᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠠᠮᠤᠷ ᠲᠦᠪᠰᠢᠨ᠎ᠤ ᠦᠨᠡᠯᠡᠨ ᠵᠢᠱ᠌ᠢᠯᠲᠡ ᠬᠢᠬᠦ ᠬᠡᠷᠡᠭᠲᠡᠶ᠃

ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠳᠤ ᠰᠦᠯᠵᠢᠶᠡᠨ᠎ᠤ ᠠᠵᠢᠯᠯᠠᠭ᠋ᠠᠨ᠎ᠤ ᠠᠮᠤᠷ ᠲᠦᠪᠰᠢᠨ᠂ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠡᠷᠡᠭ ᠭᠠᠷᠤᠭᠰᠠᠨ ᠪᠠᠶ᠋ᠢᠪᠠᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠲᠥᠰᠦᠯ᠎ᠢ ᠳᠠᠷᠤᠶ ᠲᠦᠷᠭᠡᠨ ᠡᠬᠢᠯᠡᠭᠦᠯᠵᠦ᠂ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠠᠮᠤᠷ ᠲᠦᠪᠰᠢᠨ᠎ᠤ ᠳᠠᠯᠳᠠ ᠭᠡᠮ᠎ᠢ ᠠᠷᠢᠯᠭ᠋ᠠᠵᠤ᠂ ᠬᠡᠷᠡᠭᠯᠡᠭᠴᠢᠳ᠎ᠲᠤ ᠴᠠᠭ ᠲᠤᠬᠠᠶ᠎ᠳᠤ᠎ᠨᠢ ᠮᠡᠳᠡᠭᠳᠡᠬᠦ ᠵᠢᠨ ᠬᠠᠮᠲᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠮᠡᠳᠡᠭᠦᠯᠬᠦ ᠬᠡᠷᠡᠭᠲᠡᠶ᠃

ᠠᠷᠪᠠᠨ ᠭᠤᠷᠪᠠᠳᠤᠭ᠋ᠠᠷ ᠵᠣᠷᠪᠣᠰ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠪᠠ ᠦᠢ᠍ᠯᠡᠴᠢᠯᠡᠭᠡ᠎ᠨᠢ ᠨᠢᠭᠤᠴᠠ ᠳ᠋ᠤᠭ᠋ᠠᠷ᠎ᠲᠠᠢ ᠬᠣᠯᠪᠣᠭᠳᠠᠪᠠᠯ᠂ ᠤᠯᠤᠰ᠎ᠤᠨ ᠨᠢᠭᠤᠴᠠ ᠳ᠋ᠤᠭ᠋ᠠᠷ᠎ᠤᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠶ᠋ᠢᠴᠡᠭᠦᠯᠬᠦ ᠬᠡᠷᠡᠭᠲᠡᠶ᠃

ᠠᠷᠪᠠᠨ ᠳᠥᠷᠪᠡᠳᠦᠭᠡᠷ ᠵᠣᠷᠪᠣᠰ ᠲᠤᠰ ᠠᠷᠭ᠎ᠠ ᠵᠢᠨ ᠳᠣᠯᠣᠳᠤᠭ᠋ᠠᠷ ᠵᠣᠷᠪᠣᠰ᠂ ᠨᠠᠢ᠍ᠮᠠᠳᠤᠭ᠋ᠠᠷ ᠵᠣᠷᠪᠣᠰ᠂ ᠶᠢᠰᠦᠳᠦᠭᠡᠷ ᠵᠣᠷᠪᠣᠰ᠂ ᠠᠷᠪᠠᠨ ᠨᠢᠭᠡᠳᠦᠭᠡᠷ ᠵᠣᠷᠪᠣᠰ᠂ ᠠᠷᠪᠠᠨ ᠬᠣᠶᠠᠳᠤᠭ᠋ᠠᠷ ᠵᠣᠷᠪᠣᠰ᠎ᠤᠨ ᠲᠣᠭᠲᠠᠭ᠋ᠠᠯ᠎ᠢ ᠵᠦᠷᠢᠴᠡᠪᠡᠯ᠂ 《ᠰᠦᠯᠵᠢᠶᠡᠨ᠎ᠤ ᠠᠮᠤᠷ ᠲᠦᠪᠰᠢᠨ᠎ᠤ ᠬᠠᠤᠯᠢ》᠂ 《ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠤᠯᠢ》᠂ 《ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢᠨ ᠬᠠᠤᠯᠢ》 ᠵᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠂ ᠤᠯᠤᠰ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠠᠴᠠ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ᠎ᠪᠠᠨ ᠬᠠᠤᠯᠢ ᠶᠣᠰᠣᠭ᠋ᠠᠷ ᠲᠣᠷᠭ᠋ᠠᠵᠦ᠂ ᠰᠢᠢ᠍ᠳᠬᠡᠯ ᠦᠭᠬᠦᠨ᠎ᠡ᠂ ᠶᠠᠯ᠎ᠠ ᠪᠣᠯᠣᠷᠵᠦ᠋ ᠪᠦᠷᠢᠯᠳᠦᠭᠰᠡᠨ ᠪᠠᠢ᠌ᠪᠠᠯ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃

ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠭᠤᠣᠯᠳᠠᠯᠭ᠎ᠠ᠎ᠲᠠᠢ ᠠᠵᠢᠯ ᠲᠥᠷᠥᠯ᠎ᠨᠢ ᠰᠦᠯᠵᠢᠶᠡᠨ᠎ᠤ ᠪᠡᠶ᠎ᠡ ᠬᠡᠮ᠎ᠤᠨ ᠭᠡᠷᠡᠴᠢᠯᠡᠯ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠤᠯᠪᠣᠭᠳᠠᠯ ᠪᠦᠬᠦᠢ ᠠᠵᠢᠯ᠎ᠤᠨ ᠳᠤᠮᠳᠠ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃

ᠠᠷᠪᠠᠨ ᠲᠠᠪᠤᠳᠤᠭ᠋ᠠᠷ ᠵᠣᠷᠪᠣᠰ ᠲᠤᠰ ᠠᠷᠭ᠎ᠠ᠎ᠳᠤ ᠬᠡᠯᠡᠵᠦ ᠪᠠᠶ᠋ᠢᠭ᠎ᠠ ᠬᠠᠤᠯᠢ᠎ᠪᠠᠷ ᠲᠣᠭᠲᠠᠭ᠋ᠠᠭᠰᠠᠨ ᠪᠡᠶ᠎ᠡ ᠵᠢᠨ ᠦᠨᠡᠮᠯᠡᠯ᠎ᠳᠤ ᠰᠠᠭᠤᠭ᠋ᠠᠯᠢ ᠠᠷᠠᠳ᠎ᠤᠨ ᠪᠡᠶ᠎ᠡ ᠵᠢᠨ ᠦᠨᠡᠮᠯᠡᠯ᠂ ᠭᠠᠳᠠᠭ᠋ᠠᠳᠤ᠎ᠳᠤ ᠰᠠᠭᠣᠷᠢᠰᠢᠵᠦ ᠪᠠᠢ᠌ᠭ᠎ᠠ ᠳᠤᠮᠳᠠᠳᠤ ᠤᠯᠤᠰ᠎ᠤᠨ ᠠᠷᠠᠳ ᠢᠷᠭᠡᠳ᠎ᠤᠨ ᠫᠠᠰᠫᠣᠷᠲ᠂ ᠰᠢᠶᠠᠩᠭ᠋ᠠᠩ ᠣᠤᠮᠧᠨ᠎ᠤ ᠰᠠᠭᠤᠭ᠋ᠠᠯᠢ ᠠᠷᠠᠳ ᠳᠣᠲᠣᠷ ᠭᠠᠵᠠᠷ ᠵᠶ᠋ᠠᠷ ᠨᠡᠪᠲᠡᠷᠡᠬᠦ ᠦᠨᠡᠮᠯᠡᠯ᠂ ᠲᠠᠶ᠋ᠢᠸᠠᠨ᠎ᠤ ᠰᠠᠭᠤᠭ᠋ᠠᠯᠢ ᠠᠷᠠᠳ᠎ᠤᠨ ᠡᠬᠡ ᠬᠠᠭᠤᠷᠠᠶ᠎ᠪᠠᠷ ᠨᠡᠪᠲᠡᠷᠡᠬᠦ ᠦᠨᠡᠮᠯᠡᠯ᠂ ᠰᠢᠶᠠᠩᠭ᠋ᠠᠩ ᠣᠤᠮᠧᠨ᠎ᠤ ᠰᠠᠭᠤᠭ᠋ᠠᠯᠢ ᠠᠷᠠᠳ᠎ᠤᠨ ᠣᠷᠣᠰᠢᠨ ᠰᠠᠭᠤᠬᠤ ᠦᠨᠡᠮᠯᠡᠯ᠂ ᠭᠠᠳᠠᠭ᠋ᠠᠳᠤ ᠵᠢᠨ ᠬᠥᠮᠦᠨ᠎ᠤ ᠥᠨᠢ ᠡᠭᠦᠷᠢᠳᠡ ᠵᠢᠨ ᠣᠷᠣᠰᠢᠨ ᠰᠠᠭᠤᠬᠤ ᠪᠡᠶ᠎ᠡ ᠵᠢᠨ ᠦᠨᠡᠮᠯᠡᠯ ᠵᠡᠷᠭᠡ ᠪᠡᠶ᠎ᠡ ᠵᠢᠨ ᠦᠨᠡᠮᠯᠡᠯ᠎ᠢ ᠪᠠᠭᠲᠠᠭ᠋ᠠᠨ᠎ᠠ᠃

ᠠᠷᠪᠠᠨ ᠵᠢᠷᠭᠤᠳᠤᠭ᠋ᠠᠷ ᠵᠣᠷᠪᠣᠰ ᠲᠣᠰ ᠠᠷᠭ᠎ᠠ ᠵᠢ 2025 ᠣᠨ᠎ᠤ 7 ᠳ᠋ᠤᠭ᠋ᠠᠷ ᠰᠠᠷ᠎ᠠ ᠵᠢᠨ 15᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃

ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ

ᠢᠷᠡᠯᠲᠡ᠄ ᠳᠤᠮᠳᠠᠳᠤ ᠤᠯᠤᠰ᠎ᠤᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠬᠢᠴᠢᠯᠠᠯᠲᠠ ᠵᠢᠨ ᠬᠤᠷᠢᠶᠠᠨ᠎ᠤ ᠠᠯᠪᠠᠨ ᠭᠡᠷ᠎ᠤᠨ ᠰᠦᠯᠵᠢᠶ᠎ᠡ