《 ᠦᠪᠤᠷ ᠮᠣᠩᠭᠤᠯ᠎ᠤᠨ ᠦᠪᠡᠷᠳᠡᠭᠡᠨ ᠵᠠᠰᠭᠠᠦ ᠣᠷᠤᠨ᠎ᠤ ᠬᠤᠳᠡ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠬᠦᠯᠬᠦ ᠵᠠᠷᠤᠳᠡᠯ ᠳᠡᠳᠡᠪᠦᠷᠢᠯᠡᠬᠤ ᠪᠠ ᠭᠡᠷᠡᠭᠯᠡᠬᠦ ᠎ᠶᠢᠨ ᠬᠠᠮᠢᠶᠡᠷᠦᠯᠳᠡ᠎ᠶᠢᠨ ᠠᠷᠭ᠎ᠠ 》᠎ᠶᠢ᠎ᠳᠠᠷᠤᠮᠠᠯᠯᠠᠨ ᠶᠠᠪᠤᠭᠤᠯᠬᠤ ᠲᠣᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ
2026-01-27

ᠡᠯ᠎ᠡ ᠠᠢ᠌ᠮᠠᠭ᠎ᠤᠨ ᠵᠠᠬᠢᠷᠭ᠎ᠠ᠂ ᠬᠤᠳᠡ᠎ᠶᠢᠨ ᠠᠷᠡᠳ᠎ᠤᠨ ᠵᠠᠰᠠᠭ᠎ᠤᠨ ᠣᠷᠳᠤᠨ᠂ ᠦᠪᠡᠷᠳᠡᠭᠡᠨ ᠵᠠᠰᠭᠠᠦ ᠣᠷᠤᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠦ ᠠᠵᠦ ᠠᠬᠤᠢ᠌ᠯᠠᠯ᠂ ᠠᠵᠢᠯ ᠦᠢᠯᠡᠰ᠎ᠤᠨ ᠨᠢᠭᠡᠴᠢ᠎ᠳᠤ᠄ 

ᠡᠳᠦᠭᠡ 《 ᠦᠪᠤᠷ ᠮᠣᠩᠭᠤᠯ᠎ᠤᠨ ᠦᠪᠡᠷᠳᠡᠭᠡᠨ ᠵᠠᠰᠭᠠᠦ ᠣᠷᠤᠨ᠎ᠤ ᠬᠤᠳᠡ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠬᠦᠯᠬᠦ ᠵᠠᠷᠤᠳᠡᠯ ᠳᠡᠳᠡᠪᠦᠷᠢᠯᠡᠬᠤ ᠪᠠ ᠭᠡᠷᠡᠭᠯᠡᠬᠦ᠎ᠶᠢᠨ ᠬᠠᠮᠢᠶᠡᠷᠦᠯᠳᠡ᠎ᠶᠢᠨ ᠠᠷᠭ᠎ᠠ 》᠎ᠶᠢ ᠲᠠ᠎ᠨᠠᠷ᠎ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭᠠᠢ ᠲᠣᠭᠣᠰᠢᠯᠠᠭᠣᠯᠣᠨ ᠨᠠᠢ᠌ᠳᠠᠪᠤᠷᠢᠵᠢᠭᠤᠯᠲᠤᠭᠠᠢ᠃ 

2025 ᠣᠨ᠎ᠤ 12 ᠳ᠋ᠤᠭᠠᠷ ᠰᠠᠷ᠎ᠠ᠎ᠶᠢᠨ 30᠎ᠤ ᠡᠳᠦᠷ

( ᠲᠤᠰ ᠪᠢᠴᠢᠭ ᠮᠠᠲ᠋ᠧᠷᠢᠶᠠᠯ᠎ᠢ ᠢᠯᠡ᠎ᠪᠡᠷ ᠨᠡᠢ᠌ᠲᠡᠯᠡᠨ᠎ᠡ )

 

ᠦᠪᠤᠷ ᠮᠣᠩᠭᠤᠯ᠎ᠤᠨ ᠦᠪᠡᠷᠳᠡᠭᠡᠨ ᠵᠠᠰᠭᠠᠦ ᠣᠷᠤᠨ᠎ᠤ ᠬᠤᠳᠡ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠬᠦᠯᠬᠦ ᠵᠠᠷᠤᠳᠡᠯ ᠳᠡᠳᠡᠪᠦᠷᠢᠯᠡᠬᠤ ᠪᠠ ᠭᠡᠷᠡᠭᠯᠡᠬᠦ᠎ᠶᠢᠨ ᠬᠠᠮᠢᠶᠡᠷᠦᠯᠳᠡ᠎ᠶᠢᠨ ᠠᠷᠭ᠎ᠠ 

ᠨᠢᠭᠡᠳᠦᠭᠡᠷ ᠪᠦᠯᠦᠭ  ᠶᠡᠷᠦᠩᠬᠡᠢ ᠳᠦᠷᠢᠮ 

ᠨᠢᠭᠡᠳᠦᠭᠡᠷ ᠵᠤᠷᠪᠤᠰ  ᠭᠠᠢᠯᠢ᠎ᠶᠢᠨ ᠪᠤᠰᠤ ᠣᠷᠤᠯᠭ᠎ᠠ᠎ᠶᠢᠨ ᠥᠭᠡᠷᠡᠴᠢᠯᠡᠯᠲᠡ᠎ᠶᠢ ᠲᠦᠯᠬᠢᠨ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ᠂ ᠲᠥᠷᠦ᠎ᠶᠢᠨ ᠶᠠᠪᠤᠳᠠᠯ᠎ᠤᠨ ᠬᠣᠷᠢᠶᠠᠨ᠎ᠤ ᠱᠢᠢᠳᠪᠦᠷᠢᠲᠦ ᠪᠣᠳᠤᠯᠭ᠎ᠠ᠎ᠶᠢᠨ ᠪᠠᠢᠷᠢᠯᠠᠭᠤᠯᠤᠯᠲᠠ᠎ᠶᠢ ᠤᠯᠠᠮ ᠨᠢᠭᠡ ᠠᠯᠬᠤᠮ ᠨᠠᠢᠳᠠᠪᠤᠷᠢᠵᠢᠭᠤᠯᠵᠤ᠂ ᠬᠣᠲᠠ᠎ᠶᠢᠨ ᠰᠠᠭᠤᠷᠢ ᠲᠥᠬᠦᠭᠡᠷᠦᠮᠵᠢ᠎ᠶᠢᠨ ᠢᠵᠢ ᠪᠦᠷᠢᠳᠦᠭᠦᠯᠬᠦ ᠵᠠᠷᠤᠳᠠᠯ᠎ᠢ ᠲᠠᠲᠠᠪᠤᠷᠢᠯᠠᠬᠤ ᠪᠠ ᠬᠡᠷᠡᠭᠯᠡᠬᠦ ᠬᠠᠮᠢᠶᠠᠷᠤᠯᠲᠠ᠎ᠶᠢ ᠵᠢᠷᠤᠮᠵᠢᠭᠤᠯᠵᠤ᠂ ᠬᠣᠲᠠ᠎ᠶᠢᠨ ᠰᠠᠭᠤᠷᠢ ᠲᠥᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠬᠢᠷᠢ ᠬᠡᠮᠵᠢᠶ᠎ᠡ᠎ᠶᠢ ᠳᠡᠭᠡᠭᠱᠢᠯᠡᠭᠦᠯᠬᠦ᠎ᠶᠢᠨ ᠲᠥᠯᠦᠭᠡ᠃ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠣᠲᠠ ᠬᠥᠳᠡᠭᠡ᠎ᠶᠢᠨ ᠲᠥᠯᠦᠪᠵᠢᠭᠦᠯᠭᠡ᠎ᠶᠢᠨ ᠬᠠᠤᠯᠢ 》᠂ 《 ᠡᠳ᠋᠎ᠦᠨ ᠵᠠᠰᠠᠭ᠎ᠤᠨ ᠶᠠᠮᠤᠨ᠎ᠤ ᠬᠣᠲᠠ᠎ᠶᠢᠨ ᠰᠠᠭᠤᠷᠢ ᠲᠥᠬᠥᠭᠡᠷᠦᠮᠵᠢ᠎ᠶᠢᠨ ᠢᠵᠢ ᠪᠦᠷᠢᠯᠳᠦᠭᠦᠯᠬᠦ ᠵᠠᠷᠤᠳᠠᠯ᠎ᠤᠨ ᠰᠢᠨᠵᠢ ᠴᠢᠨᠠᠷ᠎ᠤᠨ ᠲᠤᠬᠠᠢ ᠴᠣᠬᠣᠯᠠᠪᠣᠷᠢ 》 ( ᠡᠳ᠋ ᠶᠡᠷᠦᠩᠬᠡᠢᠯᠡᠭᠰᠡᠨ ᠵᠠᠬᠢᠳᠠᠯ [ 2002 ] 3 ᠳ᠋ᠤᠭᠠᠷ ᠲᠣᠭᠠᠲᠤ )᠂ 《 〈 ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ᠎ᠶᠢᠨ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ 〉᠎ᠶᠢ ᠳᠠᠷᠤᠮᠠᠯᠯᠠᠨ ᠲᠠᠷᠬᠠᠭᠠᠬᠤ ᠲᠤᠬᠠᠢ ᠡᠳ᠋᠎ᠤᠨ ᠵᠠᠰᠠᠭ᠎ᠤᠨ ᠶᠠᠮᠤᠨ᠎ᠤ ᠮᠡᠳᠡᠭᠳᠡᠯ》 ( ᠡᠳ᠋ ᠶᠡᠷᠤᠩᠬᠡᠢ᠌ᠯᠡᠭᠰᠡᠨ [ 2010 ] 80 ᠳ᠋ᠤᠭᠠᠷ ᠲᠣᠭᠠᠲᠤ ) ᠵᠡᠷᠭᠡ ᠲᠣᠭᠲᠠᠭᠠᠯ᠎ᠳᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠢᠵᠢᠮ᠎ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠤᠨ᠎ᠤ ᠪᠣᠳᠠᠲᠠᠢ᠎ᠲᠠᠢ ᠤᠶᠠᠯᠳᠤᠭᠤᠯᠵᠤ᠂ ᠲᠣᠰ ᠠᠷᠭ᠎ᠠ᠎ᠶᠢ ᠲᠣᠭᠲᠠᠭᠠᠪᠠ᠃

ᠬᠣᠶᠠᠳᠤᠭᠠᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠬᠣᠲᠠ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠬᠦᠯᠬᠦ ᠵᠠᠷᠤᠳᠡᠯ ( ᠢᠵᠢ ᠪᠦᠷᠢᠯᠳᠦᠭᠦᠯᠬᠦ ᠵᠠᠷᠤᠳᠠᠯ ᠭᠡᠵᠦ ᠲᠣᠪᠴᠢᠯᠠᠨ᠎ᠠ ) ᠳᠡᠳᠡᠪᠦᠷᠢᠯᠡᠬᠤ ᠪᠠ ᠭᠡᠷᠡᠭᠯᠡᠬᠦ᠎ᠢ ᠬᠠᠮᠢᠶᠠᠷᠬᠤ ᠠᠵᠢᠯ᠎ᠳᠦ ᠲᠤᠰ ᠠᠷᠭ᠎ᠠ᠎ᠶᠢ ᠬᠡᠷᠡᠭᠯᠡᠨ᠎ᠡ᠃ 

ᠭᠤᠷᠪᠠᠳᠤᠭᠠᠷ ᠵᠤᠷᠪᠤᠰ  ᠡᠯ᠎ᠡ ᠠᠢᠮᠠᠭ ᠬᠣᠲᠠ ᠨᠢ ᠲᠤᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠢᠵᠢ ᠪᠦᠷᠢᠯᠳᠦᠭᠦᠯᠬᠦ ᠵᠠᠷᠣᠳᠠᠯ ᠰᠦᠢᠳᠬᠡᠯ ᠲᠠᠲᠠᠪᠤᠷᠢᠯᠠᠬᠤ ᠪᠣᠳᠠᠲᠠᠢ ᠨᠢᠭᠡᠴᠢ᠂ ᠲᠠᠲᠠᠪᠤᠷᠢᠯᠠᠬᠤ ᠭᠣᠭᠴᠣᠭ᠎ᠠ᠂ ᠲᠠᠲᠠᠪᠤᠷᠢᠯᠠᠬᠤ ᠴᠤᠪᠤᠷᠠᠯ᠎ᠢ ᠲᠣᠭᠲᠠᠭᠠᠬᠤ ᠬᠡᠷᠡᠭᠲᠡᠢ᠃ ᠲᠠᠲᠠᠪᠤᠷᠢᠯᠠᠬᠤ ᠨᠢᠭᠡᠴᠢ ᠨᠢ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠢᠵᠢ ᠪᠦᠷᠢᠯᠳᠦᠭᠦᠯᠬᠦ ᠵᠠᠷᠣᠳᠠᠯ ᠲᠠᠲᠠᠪᠤᠷᠢᠯᠠᠬᠤ ᠠᠵᠢᠯ᠎ᠢ ᠵᠢᠷᠤᠮᠵᠢᠭᠤᠯᠤᠨ ᠥᠷᠨᠢᠭᠦᠯᠬᠦ ᠬᠡᠷᠡᠭᠲᠡᠢ᠃

ᠬᠣᠶᠠᠳᠤᠭᠠᠷ ᠪᠦᠯᠦᠭ  ᠲᠠᠲᠠᠪᠤᠷᠢᠯᠠᠵᠣ ᠬᠥᠮᠥᠷᠭᠡ᠎ᠳᠦ ᠲᠤᠱᠢᠶᠠᠬᠤ

ᠳᠥᠷᠪᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭᠠᠰᠤ᠎ᠶᠢᠨ ᠨᠡᠭᠡᠭᠡᠨ ᠠᠱᠢᠭᠯᠠᠯᠲᠠ᠎ᠶᠢᠨ ᠬᠢᠯᠢ ᠳᠣᠲᠣᠷ᠎ᠠ ᠰᠢᠨ᠎ᠡ᠎ᠪᠡᠷ ᠪᠠᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠢ᠌ᠭᠣᠯᠣᠭᠰᠠᠨ ( ᠰᠢᠨ᠎ᠡ᠎ᠪᠡᠷ ᠨᠡᠮᠡᠭᠳᠡᠭᠰᠡᠨ ᠲᠠᠯᠠᠪᠠᠢ᠎ᠶᠢᠨ ᠬᠡᠰᠡᠭ᠎ᠢ ᠵᠢᠭᠠᠵᠤ ᠪᠠᠢᠨ᠎ᠠ ) ᠡᠯ᠎ᠡ ᠲᠥᠷᠥᠯ᠎ᠦᠨ ᠢᠨᠵᠸᠨ᠋ᠸᠷᠢᠭ᠎ᠦᠨ ᠲᠥᠷᠥᠯ ᠵᠦᠢᠯ᠎ᠢ ᠪᠦᠲᠦᠭᠡᠨ ᠪᠠᠢᠭᠤᠯᠬᠤ ᠨᠢᠭᠡᠴᠢ ᠪᠠ ᠬᠤᠪᠢ ᠬᠥᠮᠦᠨ ᠴᠥᠮ ᠲᠤᠰ ᠠᠷᠭ᠎ᠠ᠎ᠶᠢᠨ ᠲᠣᠭᠲᠠᠭᠠᠯ ᠶᠣᠰᠣᠭᠠᠷ ᠢᠵᠢ ᠪᠦᠷᠢᠯᠳᠦᠭᠦᠯᠬᠦ ᠵᠠᠷᠤᠳᠠᠯ᠎ᠢ ᠭᠦᠢᠴᠡᠳ ᠲᠣᠭ᠎ᠠ᠎ᠪᠠᠷ ᠲᠤᠱᠢᠶᠠᠬᠤ ᠬᠡᠷᠡᠭᠲᠡᠢ᠃ ᠮᠠᠯᠴᠢᠨ ᠳᠡᠷᠢᠶᠡᠴᠢᠨ ᠬᠤᠪᠢ ᠬᠦᠮᠦᠨ᠎ᠨᠢ ᠭᠠᠴᠠᠭ᠎ᠠ ᠲᠣᠰᠭᠤᠨ᠎ᠤ ᠬᠠᠮᠳᠤ᠎ᠶᠢᠨ ᠭᠠᠵᠡᠷ ᠱᠢᠷᠦᠢ᠎ᠶᠢ ᠠᠱᠢᠠᠠᠯᠠᠨ ᠦᠪᠡᠷ᠎ᠢᠶᠠᠨ ᠭᠡᠷᠡᠭᠯᠡᠬᠦ ᠣᠷᠤᠨ ᠰᠠᠭᠤᠴᠠ᠎ᠶᠢ ᠱᠢᠨ᠎ᠡ᠎ᠪᠠᠷ ᠪᠠᠢ᠌ᠭᠤᠯᠬᠤ᠂ ᠱᠢᠨᠡᠳᠭᠡᠬᠦ᠎ᠳᠤ ᠢᠵᠢ ᠪᠦᠷᠢᠳᠦᠬᠦᠯᠬᠦ ᠰᠦᠢᠳᠭᠡᠯ ᠳᠡᠳᠡᠪᠦᠷᠢᠯᠡᠬᠤ᠎ᠦᠭᠡᠢ᠃

ᠲᠠᠪᠤᠳᠤᠭᠠᠷ ᠵᠤᠷᠪᠤᠰ  ᠡᠯ᠎ᠡ ᠠᠢᠮᠠᠭ ᠬᠣᠲᠠ᠎ᠨᠢ ᠤᠯᠤᠰ ᠵᠢᠴᠢ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠠᠵᠢᠯ᠎ᠤᠨ ᠱᠠᠭᠠᠷᠳᠠᠯᠭ᠎ᠠ ᠶᠣᠰᠣᠭᠠᠷ᠂ ᠲᠤᠰ ᠠᠷᠭ᠎ᠠ᠎ᠳᠤ ᠲᠣᠳᠣᠷᠬᠠᠢᠯᠠᠭᠰᠠᠨ ᠢᠵᠢ ᠪᠦᠷᠢᠯᠳᠦᠭᠦᠯᠬᠦ ᠰᠦᠢᠳᠬᠡᠯ ᠲᠠᠲᠠᠪᠤᠷᠢᠯᠠᠬᠤ ᠪᠠᠷᠢᠮᠵᠢᠶ᠎ᠠ᠎ᠶᠢᠨ ᠣᠷᠣᠨ ᠵᠠᠢ᠎ᠳᠤ ᠪᠠᠢᠬᠤ ᠬᠡᠷᠡᠭᠲᠡᠢ (ᠳᠠᠭᠠᠯᠳᠤᠭᠤᠯᠤᠯ 1᠎ᠳᠤ ᠨᠠᠷᠢᠨ ᠦᠵᠡᠭᠡᠷᠡᠢ) ᠳᠣᠲᠣᠭᠠᠳᠤ᠎ᠳᠦ᠎ᠪᠡᠨ ᠲᠤᠰ ᠭᠠᠵᠠᠷ ᠣᠷᠣᠨ᠎ᠤ ᠪᠣᠳᠠᠲᠠᠢ ᠲᠠᠲᠠᠪᠤᠷᠢᠯᠠᠬᠤ ᠪᠠᠷᠢᠮᠵᠢᠶ᠎ᠠ᠎ᠶᠢ ᠲᠣᠭᠲᠠᠭᠠᠵᠤ᠂ ᠬᠣᠲᠠ ᠪᠠᠯᠭᠠᠰᠤ᠎ᠶᠢᠨ ᠣᠷᠣᠨ ᠪᠦᠰᠡ᠂ ᠣᠷᠣᠨ ᠰᠠᠭᠤᠴᠠ ᠪᠠ ᠣᠷᠣᠨ ᠰᠠᠭᠤᠴᠠ᠎ᠶᠢᠨ ᠪᠤᠰᠤ ᠭᠠᠵᠠᠷ᠂ ᠣᠳᠣᠨ ᠳᠡᠰ᠎ᠤᠨ ᠪᠣᠬᠢᠷᠲᠤᠯ ᠦᠭᠡᠢ ᠪᠠᠷᠢᠯᠭ᠎ᠠ ᠵᠡᠷᠭᠡ ᠠᠳᠠᠯᠢ ᠪᠤᠰᠤ ᠲᠠᠲᠠᠪᠤᠷᠢᠯᠠᠬᠤ ᠲᠥᠷᠥᠯ ᠢᠯᠭᠠᠯ᠎ᠢ ᠵᠣᠬᠢᠬᠤ ᠬᠡᠮᠵᠢᠶ᠎ᠡ᠎ᠪᠡᠷ ᠢᠯᠭᠠᠵᠤ᠂ ᠵᠠᠷᠴᠢᠮ ᠳᠡᠭᠡᠷ᠎ᠡ᠎ᠪᠡᠨ ᠰᠦᠢᠳᠬᠡᠯ ᠲᠤᠱᠢᠶᠠᠭᠴᠢ᠎ᠶᠢᠨ ᠳᠠᠷᠤᠭᠠᠰᠤ᠎ᠶᠢ ᠪᠦᠬᠦᠯᠢ ᠴᠣᠭᠴᠠ᠎ᠪᠠᠷ᠎ᠨᠢ ᠨᠡᠮᠡᠭᠳᠡᠭᠦᠯᠬᠦ ᠦᠭᠡᠢ᠃

ᠵᠢᠷᠭᠤᠳᠤᠭᠠᠷ ᠵᠤᠷᠪᠤᠰ  ᠢᠵᠢ ᠪᠦᠷᠢᠳᠦᠭᠦᠯᠬᠦ ᠵᠠᠷᠣᠳᠠᠯ ᠲᠠᠲᠠᠪᠤᠷᠢᠯᠠᠬᠤ ᠪᠠᠷᠢᠮᠵᠢᠶ᠎ᠠ᠎ᠶᠢ ᠡᠩ᠎ᠦᠨ ᠪᠠᠢᠳᠠᠯ᠎ᠳᠤ ᠢᠨᠵᠸᠨ᠋ᠸᠷᠢᠭ᠎ᠦᠨ ᠲᠥᠷᠥᠯ ᠵᠦᠢᠯ᠎ᠦᠨ ᠪᠠᠷᠢᠯᠭ᠎ᠠ᠎ᠶᠢᠨ ᠲᠠᠯᠠᠪᠠᠢ᠎ᠪᠠᠷ ᠪᠣᠳᠣᠵᠤ᠂ ᠪᠦᠲᠦᠭᠡᠨ ᠪᠠᠢᠭᠤᠯᠤᠯᠲᠠ᠎ᠶᠢᠨ ᠢᠨᠵᠸᠨ᠋ᠸᠷᠢᠭ᠎ᠦᠨ ᠲᠥᠯᠥᠪᠵᠢᠭᠦᠯᠭᠡ᠎ᠶᠢᠨ ᠵᠥᠪᠱᠢᠶᠡᠷᠡᠯ᠎ᠦᠨ ᠦᠨᠡᠮᠯᠡᠯ᠎ᠳᠦ ᠲᠣᠳᠣᠷᠬᠠᠢᠯᠠᠭᠰᠠᠨ ᠢᠨᠵᠸᠨ᠋ᠸᠷᠢᠭ᠎ᠦᠨ ᠲᠥᠷᠥᠯ ᠵᠦᠢᠯ᠎ᠦᠨ ᠲᠠᠯᠠᠪᠠᠢ᠎ᠶᠢ ᠦᠨᠳᠦᠰᠦᠯᠡᠨ ᠢᠵᠢ ᠪᠦᠷᠢᠳᠦᠭᠦᠯᠬᠦ ᠵᠠᠷᠣᠠᠳᠠᠯ ᠲᠠᠲᠠᠪᠤᠷᠢᠯᠠᠬᠤ ᠪᠤᠶᠤ ᠲᠤᠱᠢᠶᠠᠬᠤ ᠬᠡᠷᠡᠭᠲᠡᠢ᠃ ᠪᠠᠷᠢᠯᠭ᠎ᠠ᠎ᠶᠢᠨ ᠲᠠᠯᠠᠪᠠᠢ᠎ᠪᠠᠷ ᠪᠣᠳᠣᠬᠤ᠎ᠶᠢᠨ ᠠᠷᠭ᠎ᠠ ᠦᠭᠡᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ( ᠪᠠᠷᠢᠯᠭ᠎ᠠ᠎ᠶᠢᠨ ᠲᠠᠯᠠᠪᠠᠢ᠎ᠶᠢ ᠪᠣᠳᠤᠵᠤ ᠳᠡᠢᠯᠬᠦ᠎ᠦᠭᠡᠢ ᠪᠠᠷᠢᠯᠭ᠎ᠠ᠎ᠶᠢ ᠪᠠᠭᠲᠠᠨ᠎ᠠ ) ᠢᠨᠵᠧᠨᠧᠷᠢᠩ᠎ᠦᠨ ᠪᠡᠯᠡ ᠣᠷᠤᠭᠤᠯᠤᠯᠲᠠ᠎ᠶᠢᠨ ᠶᠣᠰᠤᠭᠠᠷ  ( ᠲᠥᠬᠥᠭᠡᠷᠦᠮᠵᠢ ᠬᠤᠳᠠᠯᠳᠤᠨ ᠠᠪᠬᠤ᠎ᠶᠢ ᠪᠠᠭᠲᠠᠭᠠᠬᠤ ᠦᠭᠡᠢ )ᠵᠣᠬᠢᠬᠤ ᠬᠠᠷᠢᠴᠠᠯ᠎ᠢᠶᠠᠷ ᠲᠠᠲᠠᠪᠤᠷᠢᠯᠠᠨ᠎ᠠ᠃

ᠳᠣᠯᠣᠳᠤᠭᠠᠷ ᠵᠤᠷᠪᠤᠰ  ᠢᠵᠢ ᠪᠦᠷᠢᠳᠦᠭᠦᠯᠬᠦ ᠵᠠᠷᠤᠳᠠᠯ᠎ᠢ ᠲᠠᠲᠠᠪᠤᠷᠢᠯᠠᠬᠤ ᠨᠢᠭᠡᠴᠢ᠎ᠡᠴᠡ ᠲᠤᠱᠢᠶᠠᠬᠤ ᠮᠡᠳᠡᠭᠳᠡᠯ᠎ᠦᠨ ᠬᠠᠭᠤᠳᠠᠰᠤ ᠪᠢᠴᠢᠵᠦ᠂ ᠲᠤᠱᠢᠶᠠᠬᠤ ᠮᠡᠳᠡᠭᠳᠡᠯ᠎ᠦᠨ ᠬᠠᠭᠤᠳᠠᠰᠤᠨ᠎ᠳᠤ ᠪᠠᠷᠢᠯᠭ᠎ᠠ᠎ᠶᠢᠨ ᠲᠠᠯᠠᠪᠠᠢ᠎ᠶᠢ ᠲᠣᠳᠣᠷᠬᠠᠢ ᠪᠢᠴᠢᠬᠦ ᠬᠡᠷᠡᠭᠲᠡᠢ ( ᠢᠨᠵᠧᠨᠧᠷᠢᠩ᠎ᠦᠨ ᠪᠡᠯᠡ ᠣᠷᠣᠭᠤᠯᠤᠯᠲᠠ᠎ᠶᠢᠨ ᠬᠡᠮᠵᠢᠶ᠎ᠡ )᠂ ᠲᠤᠱᠢᠶᠠᠬᠤ ᠪᠠᠷᠢᠮᠵᠢᠶ᠎ᠠ᠂ ᠲᠤᠱᠢᠶᠠᠬᠤ ᠵᠣᠭᠤᠰ᠎ᠤᠨ ᠲᠤᠭ᠎ᠠ᠂ ᠲᠤᠱᠢᠶᠠᠬᠤ ᠠᠷᠭ᠎ᠠ ᠮᠠᠶᠢᠭ᠂ ᠲᠤᠱᠢᠶᠠᠬᠤ ᠭᠠᠵᠠᠷ ᠵᠡᠷᠭᠡ ᠵᠦᠢᠯᠡᠰ᠎ᠢ ᠰᠦᠢᠳᠬᠡᠯ ᠲᠤᠱᠢᠶᠠᠬᠤ ᠨᠢᠭᠡᠴᠢ ᠪᠤᠶᠤ ᠬᠤᠪᠢ ᠬᠥᠮᠦᠨ ᠲᠤᠱᠢᠶᠠᠬᠤ ᠮᠡᠳᠡᠭᠳᠡᠯ᠎ᠤᠨ ᠬᠠᠭᠤᠳᠠᠰᠤ᠎ᠶᠢ ᠣᠯᠤᠭᠰᠠᠨ 10 ᠠᠵᠢᠯᠯᠠᠬᠤ ᠡᠳᠦᠷ᠎ᠤᠨ ᠳᠣᠲᠤᠷ᠎ᠠ ᠨᠢᠭᠡ᠎ᠯᠡ ᠤᠳᠠᠭ᠎ᠠ᠎ᠳᠤ ᠲᠤᠱᠢᠶᠠᠨ᠎ᠠ᠃ 

ᠨᠠᠢ᠍ᠮᠠᠳᠤᠭ᠋ᠠᠷ ᠵᠤᠷᠪᠤᠰ  ᠪᠣᠳᠠᠲᠠᠢ ᠪᠠᠷᠢᠯᠭ᠎ᠠ᠎ᠶᠢᠨ ᠲᠠᠯᠠᠪᠠᠢ ᠨᠢ ᠨᠢᠭᠡᠨᠲᠡ ᠰᠦᠢᠳᠬᠡᠯ ᠲᠤᠱᠢᠶᠠᠭᠰᠠᠨ ᠲᠠᠯᠠᠪᠠᠢ᠎ᠲᠠᠢ ᠨᠡᠢᠴᠡᠬᠦ ᠦᠭᠡᠢ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ᠂ ᠪᠠᠷᠢᠯᠭ᠎ᠠ ᠳᠠᠭᠤᠰᠤᠭᠰᠠᠨ᠎ᠢ ᠱᠢᠯᠭᠠᠨ ᠬᠤᠷᠢᠶᠠᠵᠤ ᠠᠪᠤᠭᠰᠠᠨ ᠪᠣᠳᠠᠲᠠᠢ ᠪᠠᠷᠢᠯᠭ᠎ᠠ᠎ᠶᠢᠨ ᠲᠠᠯᠠᠪᠠᠢ᠎ᠶᠢ ᠦᠨᠳᠦᠰᠦᠯᠡᠨ᠂ ᠨᠢᠭᠡᠨᠲᠡ ᠲᠤᠱᠢᠶᠠᠭᠰᠠᠨ ᠢᠵᠢ ᠪᠦᠷᠢᠯᠳᠦᠭᠦᠯᠬᠦ ᠵᠠᠷᠤᠳᠠᠯ᠎ᠢ ᠢᠯᠭᠠᠷᠠᠭᠤᠯᠤᠨ ᠪᠣᠳᠣᠵᠤ᠂ ᠢᠯᠡᠭᠦᠦ᠎ᠶᠢ ᠨᠢ ᠪᠤᠴᠠᠭᠠᠵᠤ ᠳᠤᠲᠠᠭᠤ᠎ᠶᠢ ᠨᠢ ᠨᠥᠬᠥᠪᠥᠷᠢᠯᠡᠬᠦ ᠬᠡᠷᠡᠭᠲᠡᠢ᠃

ᠲᠥᠯᠥᠪᠵᠢᠭᠦᠯᠪᠡ᠂ ᠣᠳᠣᠨ ᠳᠡᠰ᠎ᠤᠨ ᠪᠣᠬᠢᠷᠲᠤᠯ ᠦᠭᠡᠢ ᠪᠠᠷᠢᠯᠭ᠎ᠠ᠎ᠶᠢ ᠎ᠲᠥᠰᠦᠪᠯᠡᠭᠰᠡᠨ ᠲᠥᠷᠥᠯ ᠵᠦᠢᠯ ᠨᠢ ᠤᠷᠢᠳ᠎ᠢᠶᠠᠷ ᠢᠵᠢ ᠪᠦᠷᠢᠳᠦᠭᠦᠯᠬᠦ ᠰᠦᠢᠳᠬᠡᠯ ᠲᠤᠱᠢᠶᠠᠵᠤ᠂ ᠣᠯᠤᠭᠰᠠᠨ ᠪᠣᠬᠢᠷᠲᠤᠯ ᠦᠭᠡᠢ ᠪᠠᠷᠢᠯᠭ᠎ᠠ᠎ᠶᠢᠨ ᠲᠡᠮᠳᠡᠭ᠎ᠢ ᠦᠨᠳᠦᠰᠦᠯᠡᠨ ᠨᠢᠭᠡᠨᠲᠡ ᠲᠤᠱᠢᠶᠠᠭᠰᠠᠨ ᠢᠵᠢ ᠪᠦᠷᠢᠳᠦᠭᠦᠯᠬᠦ ᠵᠠᠷᠤᠳᠠᠯ᠎ᠢ ᠢᠯᠭᠠᠷᠠᠭᠤᠯᠤᠨ ᠪᠣᠳᠣᠵᠤ᠂ ᠢᠯᠡᠭᠦᠦ᠎ᠶᠢ ᠨᠢ ᠪᠤᠴᠠᠭᠠᠵᠤ ᠳᠤᠲᠠᠭᠤ᠎ᠶᠢ ᠨᠢ ᠨᠥᠬᠥᠪᠥᠷᠢᠯᠡᠨ᠎ᠡ᠃ 

ᠶᠢᠰᠦᠳᠦᠭᠡᠷ ᠵᠤᠷᠪᠤᠰ  ᠢᠵᠢ ᠪᠦᠷᠢᠯᠳᠦᠭᠦᠯᠬᠦ ᠵᠠᠷᠤᠳᠠᠯ᠎ᠢ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ ᠪᠣᠯᠭᠠᠵᠤ᠂ 《 ᠦᠪᠡᠷ᠎ᠲᠦ᠎ᠪᠡᠨ ᠵᠠᠰᠠᠬᠣ ᠣᠷᠣᠨ᠎ᠤ ᠭᠠᠢᠯᠢ᠎ᠶᠢᠨ ᠪᠤᠰᠤ ᠣᠷᠣᠯᠭ᠎ᠠ᠎ᠶᠢᠨ ᠡᠩ᠎ᠦᠨ ᠵᠣᠭᠣᠰ ᠲᠤᠱᠢᠶᠠᠬᠤ ᠪᠢᠴᠢᠭ ( ᠡᠯᠧᠺᠲᠷᠤᠨ ) 》᠎ᠳᠦ ᠲᠠᠲᠠᠪᠤᠷᠢᠯᠠᠨ ᠬᠡᠷᠡᠭᠯᠡᠨ᠎ᠡ᠂ ᠠᠳᠠᠯᠢ ᠱᠠᠲᠤᠨ᠎ᠤ ᠤᠯᠤᠰ᠎ᠤᠨ ᠬᠥᠮᠥᠷᠭᠡ᠎ᠳᠦ ᠲᠤᠱᠢᠶᠠᠵᠤ᠂ 《 ᠣᠷᠣᠯᠭ᠎ᠠ ᠵᠠᠷᠤᠯᠭ᠎ᠠ᠎ᠶᠢ ᠠᠰ ᠠᠰ᠎ᠲᠤ᠎ᠨᠢ ᠪᠠᠢᠯᠭᠠᠬᠤ 》 ᠬᠠᠮᠢᠶᠠᠷᠤᠯᠲᠠ᠎ᠶᠢ ᠬᠡᠷᠡᠭᠵᠢᠭᠦᠯᠦᠨ᠎ᠡ᠃

ᠠᠷᠪᠠᠳᠤᠭᠠᠷ ᠵᠤᠷᠪᠤᠰ  ᠢᠵᠢ ᠪᠦᠷᠢᠳᠦᠭᠦᠯᠬᠦ ᠵᠠᠷᠤᠳᠠᠯ᠎ᠢ 《 ᠬᠣᠲᠠ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠭᠦᠯᠬᠦ ᠵᠠᠷᠤᠳᠠᠯ᠎ᠤᠨ ᠣᠷᠣᠯᠭ᠎ᠠ 》᠎ᠶᠢᠨ ᠵᠦᠢᠯ ᠢᠯᠭᠠᠯ᠎ᠳᠤ ᠪᠣᠳᠠᠲᠠᠢ᠎ᠪᠠᠷ ᠲᠤᠱᠢᠶᠠᠵᠤ᠂ ᠵᠦᠢᠯ ᠢᠯᠭᠠᠯ᠎ᠤᠨ ᠣᠷᠣᠯᠠᠬᠤ ᠨᠣᠮᠧᠷ᠎ᠨᠢ 1030156 ᠪᠠᠢᠵᠤ᠂ ᠬᠥᠮᠥᠷᠭᠡ᠎ᠳᠦ ᠲᠤᠱᠢᠶᠠᠬᠤ ᠵᠦᠢᠯ ᠢᠯᠭᠠᠯ ᠪᠠ ᠣᠷᠣᠯᠠᠬᠤ ᠨᠣᠮᠧᠷ᠎ᠨᠢ ᠬᠤᠪᠢᠷᠠᠯᠲᠠ᠎ᠲᠠᠢ ᠪᠠᠢᠪᠠᠯ᠂ ᠡᠳ᠋᠎ᠦᠨ ᠵᠠᠰᠠᠭ᠎ᠤᠨ ᠶᠠᠮᠤᠨ᠎ᠤ ᠲᠣᠭᠲᠠᠭᠠᠯ᠎ᠢᠶᠠᠷ ᠪᠠᠷᠢᠮᠵᠢᠶ᠎ᠠ ᠪᠣᠯᠭᠠᠨ᠎ᠠ᠃

ᠭᠤᠷᠪᠠᠳᠤᠭᠠᠷ ᠪᠦᠯᠦᠭ  ᠪᠡᠯᠡ ᠮᠥᠩᠭᠥ᠎ᠶᠢ ᠬᠠᠰᠤᠵᠤ ᠬᠡᠯᠲᠦᠷᠢᠭᠦᠯᠬᠦ

ᠠᠷᠪᠠᠨ ᠨᠢᠭᠡᠳᠦᠭᠡᠷ ᠵᠤᠷᠪᠤᠰ  ᠥᠪᠡᠷᠲᠡᠭᠡᠨ ᠵᠠᠰᠠᠬᠤ ᠣᠷᠣᠨ᠎ᠤ ᠢᠵᠢ ᠪᠦᠷᠢᠯᠳᠦᠭᠦᠯᠬᠦ ᠵᠠᠷᠤᠳᠠᠯ᠎ᠢ ᠬᠠᠰᠤᠵᠤ ᠬᠡᠯᠲᠦᠷᠢᠭᠦᠯᠬᠦ ᠬᠡᠪᠴᠢᠶ᠎ᠡ᠎ᠶᠢ ᠤᠯᠤᠰ᠎ᠠᠴᠠ ᠲᠣᠭᠲᠠᠭᠠᠭᠰᠠᠨ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢᠨ ᠶᠣᠰᠣᠭᠠᠷ ᠬᠡᠷᠡᠭᠵᠢᠭᠦᠯᠵᠦ᠂ ᠢᠵᠢ ᠪᠦᠷᠢᠯᠳᠦᠭᠦᠯᠬᠦ ᠵᠠᠷᠤᠳᠠᠯ᠎ᠢ ᠬᠡᠯᠲᠦᠷᠢᠭᠦᠯᠬᠦ ᠬᠡᠪᠴᠢᠶ᠎ᠡ᠎ᠳᠦ ᠪᠠᠭᠲᠠᠬᠤ ᠨᠢ᠄

( ᠨᠢᠭᠡ ) ᠨᠡᠢᠲᠡ᠎ᠶᠢᠨ ᠲᠦᠷᠢᠶᠡᠰᠦᠨ ᠣᠷᠣᠨ ᠰᠠᠭᠤᠴᠠ ( ᠬᠢᠮᠳᠠ ᠲᠦᠷᠢᠶᠡᠰᠦ᠎ᠲᠡᠢ ᠣᠷᠣᠨ ᠰᠠᠭᠤᠴᠠ ) ᠬᠢᠮᠳᠠ ᠲᠣᠬᠢᠯᠢᠭ ᠣᠷᠤᠨ ᠰᠠᠭᠤᠴᠠ᠂ ᠳᠥᠭᠦᠮ ᠪᠦᠳᠦᠭᠦᠯᠢᠭ ᠣᠷᠤᠨ ᠰᠠᠭᠤᠴᠠᠲᠤ ᠲᠣᠭᠤᠷᠢᠭ᠎ᠢ ᠥᠭᠡᠷᠡᠴᠢᠯᠡᠨ ᠵᠠᠰᠠᠵᠤ ᠲᠥᠪᠬᠢᠨᠡᠭᠦᠯᠬᠦ ᠣᠷᠤᠨ ᠰᠠᠭᠤᠴᠠ᠂ ᠬᠠᠭᠤᠴᠢᠨ ᠣᠷᠤᠨ ᠰᠠᠭᠤᠴᠠ᠎ᠶᠢᠨ ᠲᠣᠭᠤᠷᠢᠭ᠎ᠢ ᠴᠡᠭᠴᠡᠯᠡᠨ ᠵᠠᠰᠠᠬᠤ ᠲᠥᠷᠦᠯ ᠵᠦᠢᠯ᠂ ᠪᠠᠲᠤᠯᠠᠭ᠎ᠠ᠎ᠶᠢᠨ ᠴᠢᠨᠠᠷᠲᠠᠢ ᠲᠦᠷᠢᠶᠡᠰᠦᠨ ᠣᠷᠤᠨ ᠰᠠᠭᠤᠴᠠ᠎ᠶᠢᠨ ᠲᠥᠷᠦᠯ ᠵᠦᠢᠯ᠂ ᠨᠥᠬᠦᠴᠡᠯ᠎ᠳᠦ ᠨᠡᠢᠴᠡᠬᠦ ᠬᠣᠲᠠ᠎ᠶᠢᠨ ᠳᠣᠲᠤᠷᠠᠬᠢ ᠲᠣᠰᠭᠤᠨ᠎ᠤ ᠥᠭᠡᠷᠡᠴᠢᠯᠡᠯᠲᠡ᠂ ᠪᠠᠲᠤᠯᠠᠭ᠎ᠠ᠎ᠶᠢᠨ ᠴᠢᠨᠠᠷᠲᠠᠢ ᠣᠷᠤᠨ ᠰᠠᠭᠤᠴᠠ᠎ᠶᠢᠨ ᠲᠥᠷᠦᠯ ᠵᠦᠢᠯ;

( ᠬᠣᠶᠠᠷ ) ᠡᠮᠴᠢᠯᠡᠭᠡ᠂ ᠨᠠᠰᠤᠵᠢᠯ᠎ᠤᠨ ᠠᠰᠠᠷᠠᠮᠵᠢ᠂ ᠪᠡᠶ᠎ᠡ᠎ᠶᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠲᠥᠭᠦᠭᠡᠷᠤᠮᠵᠢ᠎ᠶᠢᠨ ᠪᠥᠲᠦᠭᠡᠨ ᠪᠠᠢ᠌ᠭᠤᠯᠤᠯᠲᠠ᠎ᠶᠢᠨ ᠲᠥᠷᠦᠯ ᠵᠦᠢᠯ; 

( ᠭᠤᠷᠪᠠ ) ᠨᠡᠢᠭᠡᠮ ᠲᠣᠭᠣᠷᠢᠭ᠎ᠤᠨ ᠨᠠᠰᠤᠲᠠᠨ᠎ᠢ ᠠᠰᠠᠷᠠᠬᠤ᠂ ᠬᠡᠦᠬᠡᠳ ᠰᠠᠭᠠᠲᠠᠭᠤᠯᠬᠤ᠂ ᠭᠡᠷ ᠠᠬᠤᠢ᠎ᠶᠢᠨ ᠦᠢᠯᠡᠴᠢᠯᠡᠭᠡᠨ᠎ᠦ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ; 

( ᠳᠥᠷᠪᠡ ) ᠣᠨᠳᠣᠣ ᠭᠠᠵᠠᠷ᠎ᠲᠤ ᠨᠡᠭᠦᠯᠭᠡᠨ ᠶᠠᠳᠠᠭᠤ᠎ᠶᠢ ᠲᠡᠳᠬᠦᠬᠦ ᠲᠥᠷᠥᠯ ᠵᠦᠢᠯ;

( ᠲᠠᠪᠤ ) ᠴᠡᠷᠢᠭ ᠠᠩᠭᠢ᠎ᠶᠢᠨ ᠠᠷᠤ ᠲᠠᠯ᠎ᠠ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠨᠡᠢᠭᠡᠮᠴᠢᠯᠡᠬᠦ᠎ᠳᠦ ᠢᠵᠢ ᠪᠦᠷᠢᠯᠳᠦᠭᠦᠯᠦᠨ ᠥᠭᠡᠷᠡᠴᠢᠯᠡᠬᠦ ᠴᠢᠬᠤᠯᠠᠲᠠᠢ ᠵᠦᠢᠯᠡᠰ ᠵᠡᠷᠭᠡ ᠪᠣᠯᠤᠨ᠎ᠠ᠃

ᠠᠷᠪᠠᠨ ᠬᠣᠶᠠᠳᠤᠭᠠᠷ ᠵᠤᠷᠪᠤᠰ  ᠤᠯᠤᠰ᠎ᠠᠴᠠ ᠲᠣᠭᠲᠠᠭᠠᠭᠰᠠᠨ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠠᠴᠠ ᠭᠠᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠴᠥᠮ ᠳᠤᠷ᠎ᠠ᠎ᠪᠠᠷ᠎ᠢᠶᠠᠨ ᠬᠠᠰᠤᠵᠤ ᠲᠠᠲᠠᠪᠤᠷᠢᠯᠠᠬᠤ᠂ ᠲᠠᠲᠠᠪᠤᠷᠢᠯᠠᠬᠤ᠎ᠠᠴᠠ ᠬᠡᠯᠲᠦᠷᠢᠭᠦᠯᠬᠦ᠂ ᠬᠣᠢᠱᠢᠯᠠᠭᠤᠯᠤᠨ ᠲᠠᠲᠠᠪᠤᠷᠢᠯᠠᠬᠤ᠂ ᠲᠠᠲᠠᠪᠤᠷᠢᠯᠠᠬᠤ᠎ᠶᠢ ᠵᠣᠭᠰᠣᠭᠠᠬᠤ ᠪᠤᠶᠤ ᠢᠵᠢ ᠪᠦᠷᠢᠯᠳᠦᠭᠦᠯᠬᠦ ᠵᠠᠷᠤᠳᠠᠯ᠎ᠢ ᠬᠦᠴᠦᠨ ᠦᠭᠡᠢ ᠪᠣᠯᠭᠠᠵᠤ ᠪᠣᠯᠬᠤ ᠦᠭᠡᠢ᠃ 

ᠠᠷᠪᠠᠨ ᠭᠤᠷᠪᠠᠳᠤᠭᠠᠷ ᠵᠤᠷᠪᠤᠰ  ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠲᠣᠭᠲᠠᠭᠠᠯ ᠶᠣᠰᠣᠭᠠᠷ ᠢᠵᠢ ᠪᠦᠷᠢᠯᠳᠦᠭᠦᠯᠬᠦ ᠵᠠᠷᠤᠳᠠᠯ᠎ᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ ᠶᠠᠮᠠᠷᠪᠠ ᠱᠢᠯᠲᠠᠭ᠎ᠢᠶᠠᠷ ᠲᠡᠪᠴᠢᠬᠦ ᠪᠠ ᠬᠤᠪᠢᠷᠠᠭᠤᠯᠤᠨ ᠬᠡᠷᠡᠭᠵᠢᠭᠦᠯᠵᠦ ᠪᠣᠯᠬᠤ ᠦᠭᠡᠢ᠃

ᠠᠷᠪᠠᠨ ᠳᠥᠷᠪᠡᠳᠦᠭᠡᠷ ᠵᠤᠷᠪᠤᠰ  ᠵᠥᠪᠱᠢᠶᠡᠷᠡᠭᠦᠯᠦᠭᠰᠡᠨ ᠢᠵᠢ ᠪᠦᠷᠢᠳᠦᠭᠦᠯᠦᠭᠰᠡᠨ ᠰᠦᠢᠳᠬᠡᠯ᠎ᠢ ᠬᠠᠰᠤᠵᠤ ᠬᠡᠯᠲᠦᠷᠢᠭᠦᠯᠬᠦ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠵᠦ ᠪᠠᠢᠭ᠎ᠠ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠳᠦ᠂ ᠤᠤᠯ᠎ᠤᠨ ᠵᠥᠪᠱᠢᠶᠡᠷᠡᠭᠰᠡᠨ ᠬᠡᠷᠡᠭᠴᠡᠭᠡ᠎ᠶᠢ᠎ᠨᠢ ᠬᠤᠪᠢᠷᠠᠭᠤᠯᠤᠭᠰᠠᠨ ᠪᠠᠢᠪᠠᠯ᠂ ᠣᠳᠣ᠎ᠶᠢᠨ ᠬᠡᠷᠡᠭᠵᠢᠭᠦᠯᠵᠦ ᠪᠠᠢᠭ᠎ᠠ ᠪᠠᠷᠢᠮᠵᠢᠶ᠎ᠠ ᠶᠣᠰᠣᠭᠠᠷ ᠢᠵᠢ ᠪᠦᠷᠢᠳᠦᠭᠦᠯᠦᠭᠰᠡᠨ ᠵᠠᠷᠤᠳᠠᠯ᠎ᠢ ᠨᠥᠬᠥᠵᠦ ᠲᠤᠰᠢᠶᠠᠨ᠎ᠠ᠃

ᠳᠥᠷᠪᠡᠳᠦᠭᠡᠷ ᠪᠦᠯᠦᠭ  ᠬᠡᠷᠡᠭᠯᠡᠯᠲᠡ᠎ᠶᠢᠨ ᠬᠠᠮᠢᠶᠠᠷᠣᠯᠲᠠ

ᠠᠷᠪᠠᠨ ᠲᠠᠪᠤᠳᠤᠭᠠᠷ ᠵᠤᠷᠪᠤᠰ  ᠢᠵᠢ ᠪᠦᠷᠢᠳᠦᠭᠦᠯᠬᠦ ᠵᠠᠷᠤᠳᠠᠯ᠎ᠢ ᠬᠣᠲᠠ᠎ᠶᠢᠨ ᠰᠠᠭᠤᠷᠢ ᠲᠥᠭᠦᠭᠡᠷᠤᠮᠵᠢ᠎ᠶᠢᠨ ᠪᠦᠲᠦᠭᠡᠨ ᠪᠠᠢᠭᠤᠯᠤᠯᠲᠠ᠎ᠳᠤ ᠲᠤᠰᠭᠠᠢ ᠬᠡᠷᠡᠭᠯᠡᠨ᠎ᠡ᠂ ᠭᠣᠣᠯᠳᠠᠭᠤ ᠬᠡᠷᠡᠭᠯᠡᠬᠦ ᠴᠢᠭᠯᠡᠯ᠎ᠳᠦ ᠪᠠᠷᠢᠯᠭ᠎ᠠ᠎ᠶᠢᠨ ᠣᠷᠣᠨ᠎ᠤ ᠬᠤᠪᠢᠶᠠᠷᠢᠯᠠᠯ᠎ᠤᠨ ᠤᠯᠠᠭᠠᠨ ᠱᠤᠭᠤᠮ᠎ᠠᠴᠠ ᠭᠠᠳᠠᠨᠠᠬᠢ ᠬᠣᠲᠠ᠎ᠶᠢᠨ ᠵᠠᠮ᠂ ᠬᠥᠭᠥᠷᠭᠡᠨ ᠭᠤᠯᠳᠤᠩ᠂ ᠵᠠᠮ᠎ᠤᠨ ᠳ᠋ᠧᠩ᠂ ᠤᠰᠤ ᠬᠠᠩᠭᠠᠬᠤ᠂ ᠤᠰᠤ ᠭᠠᠳᠠᠭᠱᠢᠯᠠᠭᠤᠯᠬᠤ ( ᠪᠣᠬᠢᠷ ᠤᠰᠤ᠎ᠶᠢ ᠱᠢᠢᠳᠪᠦᠷᠢᠯᠡᠬᠦ ) ᠪᠠᠭᠲᠠᠨ᠎ᠠ ᠳᠠᠬᠢᠨ ᠡᠭᠦᠰᠬᠦ ᠤᠰᠤ᠂ ᠱᠢᠲᠠᠮᠠᠬᠠᠢ ᠬᠡᠢ᠂ ᠲᠥᠪᠯᠡᠷᠡᠭᠦᠯᠦᠨ ᠢᠯᠴᠢ ᠬᠠᠩᠭᠠᠬᠤ᠂ ᠣᠯᠠᠨ ᠨᠡᠢᠲᠡ᠎ᠶᠢᠨ ᠵᠠᠮ ᠬᠠᠷᠢᠯᠴᠠᠭ᠎ᠠ᠂ ᠴᠡᠴᠡᠷᠯᠢᠭ᠎ᠦᠨ ᠨᠣᠭᠣᠭᠠᠷᠠᠭᠤᠯᠤᠯᠲᠠ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠲᠦᠭᠦᠭᠡᠷᠦᠮᠵᠢ ᠵᠡᠷᠭᠡ ᠬᠣᠲᠠ᠎ᠶᠢᠨ ᠶᠠᠪᠤᠳᠠᠯ᠎ᠤᠨ ᠨᠡᠢᠲᠡ᠎ᠶᠢᠨ ᠬᠡᠷᠡᠭᠯᠡᠭᠡᠨ᠎ᠦ ᠲᠥᠭᠦᠭᠡᠷᠤᠮᠵᠢ᠎ᠶᠢᠨ ᠢᠵᠢ ᠪᠦᠷᠢᠳᠦᠭᠦᠯᠦᠨ ᠪᠦᠲᠦᠭᠡᠨ ᠪᠠᠢᠭᠤᠯᠬᠤ ᠵᠢᠴᠢ ᠰᠡᠯᠪᠢᠨ ᠵᠠᠰᠠᠵᠤ ᠬᠠᠮᠠᠭᠠᠯᠠᠨ ᠥᠭᠡᠷᠡᠴᠢᠯᠡᠨ᠎ᠡ᠃ 

ᠠᠷᠪᠠᠨ ᠵᠢᠷᠭᠤᠳᠤᠭᠠᠷ ᠵᠤᠷᠪᠤᠰ  ᠢᠵᠢ ᠪᠦᠷᠢᠳᠦᠭᠦᠯᠬᠦ ᠵᠠᠷᠤᠳᠠᠯ᠎ᠤᠨ ᠵᠠᠷᠤᠯᠭ᠎ᠠ᠎ᠳᠤ 《 ᠬᠤᠲᠠ᠎ᠶᠢᠨ ᠰᠠᠭᠤᠷᠢ  ᠲᠥᠭᠦᠭᠡᠷᠤᠮᠵᠢ᠎ᠶᠢᠨ ᠢᠵᠢ ᠪᠦᠷᠢᠳᠦᠭᠦᠯᠬᠦ ᠵᠠᠷᠤᠳᠠᠯ᠎ᠢ ᠲᠣᠬᠢᠷᠠᠭᠤᠯᠤᠭᠰᠠᠨ ᠵᠠᠷᠤᠯᠭ᠎ᠠ 》᠎ᠶᠢᠨ ᠵᠦᠢᠯ ᠢᠯᠭᠠᠯ᠂ ᠵᠦᠢᠯ ᠢᠯᠭᠠᠯ᠎ᠤᠨ ᠣᠷᠤᠯᠠᠬᠤ ᠨᠣᠮᠧᠷ 《21213》 ᠂ ᠵᠠᠷᠤᠯᠭ᠎ᠠ᠎ᠶᠢᠨ ᠵᠦᠢᠯ ᠢᠯᠭᠠᠯ ᠪᠠ ᠣᠷᠤᠯᠠᠬᠤ ᠨᠣᠮᠧᠷ᠎ᠲᠤ ᠬᠤᠪᠢᠷᠠᠯᠲᠠ ᠭᠠᠷᠪᠠᠯ᠂ ᠡᠳ᠋᠎ᠤᠨ ᠵᠠᠰᠠᠭ᠎ᠤᠨ ᠶᠠᠮᠤᠨ᠎ᠤ ᠲᠣᠭᠲᠠᠭᠠᠯ᠎ᠢᠶᠠᠷ ᠪᠠᠷᠢᠮᠵᠢᠶ᠎ᠠ ᠪᠣᠯᠭᠠᠨ᠎ᠠ᠃ 

ᠠᠷᠪᠠᠨ ᠳᠣᠯᠣᠳᠤᠭᠠᠷ ᠵᠤᠷᠪᠤᠰ  ᠢᠵᠢ ᠪᠦᠷᠢᠳᠦᠭᠦᠯᠬᠦ ᠵᠠᠷᠤᠳᠠᠯ᠎ᠦᠨ ᠪᠣᠳᠠᠲᠠᠢ ᠬᠡᠷᠡᠭᠯᠡᠬᠦ ᠠᠷᠭ᠎ᠠ ᠮᠠᠶᠢᠭ᠎ᠢ ᠵᠠᠰᠠᠭ᠎ᠤᠨ ᠣᠷᠳᠣᠨ᠎ᠤ ᠴᠢᠨᠠᠷᠲᠠᠢ ᠰᠠᠭᠤᠷᠢ ᠮᠥᠩᠭᠥ᠎ᠶᠢᠨ ᠲᠥᠰᠦᠪ᠎ᠦᠨ ᠬᠠᠮᠢᠶᠠᠷᠤᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃

ᠲᠠᠪᠤᠳᠤᠭᠠᠷ ᠪᠦᠯᠦᠭ  ᠬᠠᠤᠯᠢ᠎ᠶᠢᠨ ᠬᠠᠷᠢᠭᠤᠴᠠᠯᠭ᠎ᠠ 

ᠠᠷᠪᠠᠨ ᠨᠠᠢ᠍ᠮᠠᠳᠤᠭ᠋ᠠᠷ ᠵᠤᠷᠪᠤᠰ  ᠬᠣᠲᠠ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠭᠦᠯᠬᠦ ᠵᠠᠷᠤᠳᠠᠯ᠎ᠯᠤᠭ᠎ᠠ ᠳᠠᠪᠬᠤᠷᠳᠠᠭᠤᠯᠤᠨ ᠬᠤᠷᠢᠶᠠᠭᠰᠠᠨ ᠤᠰᠤ᠂ ᠴᠠᠬᠢᠯᠭᠠᠨ᠂ ᠬᠡᠢ᠂ ᠢᠯᠴᠢ᠂ ᠵᠠᠮ ᠵᠢᠴᠢ ᠪᠤᠰᠤᠳ ᠡᠯ᠎ᠡ ᠵᠦᠢᠯ᠎ᠦᠨ ᠨᠡᠷ᠎ᠡ᠎ᠶᠢᠨ ᠵᠣᠷᠢᠯᠭ᠎ᠠ᠎ᠶᠢᠨ ᠲᠤᠰᠭᠠᠢ ᠵᠦᠢᠯ᠎ᠦᠨ ᠢᠵᠢ ᠪᠦᠷᠢᠳᠦᠭᠦᠯᠬᠦ ᠵᠠᠷᠤᠳᠠᠯ᠎ᠢ ᠬᠦᠴᠦᠨ ᠦᠭᠡᠢ ᠪᠣᠯᠭᠠᠬᠤ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠪᠦᠷ ᠠᠳᠠᠯᠢᠪᠲᠤᠷ ᠨᠡᠷ᠎ᠡ᠎ᠶᠢᠨ ᠰᠦᠢᠳᠬᠡᠯ ᠬᠤᠷᠢᠶᠠᠵᠤ ᠪᠣᠯᠬᠤ ᠦᠭᠡᠢ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ᠎ᠠᠴᠠ ᠠᠰᠲᠠᠭᠠᠨ ᠲᠣᠭᠲᠠᠭᠠᠯ᠎ᠲᠠᠢ ᠪᠣᠯ ᠡᠭᠦᠨ᠎ᠳᠦ ᠪᠠᠭᠲᠠᠬᠤ ᠦᠭᠡᠢ᠃ 

ᠠᠷᠪᠠ ᠶᠢᠰᠦᠳᠦᠭᠡᠷ ᠵᠤᠷᠪᠤᠰ  ᠪᠦᠲᠦᠭᠡᠨ ᠪᠠᠢᠭᠤᠯᠬᠤ ᠨᠢᠭᠡᠴᠢ ᠪᠠ ᠬᠤᠪᠢ ᠬᠥᠮᠦᠨ᠎ᠦ ᠲᠤᠱᠢᠶᠠᠬᠤ ᠦᠭᠡᠢ ᠪᠤᠶᠤ ᠳᠤᠲᠠᠭᠤ ᠲᠤᠱᠢᠶᠠᠭᠰᠠᠨ ᠢᠵᠢ ᠪᠦᠷᠢᠯᠳᠦᠭᠦᠯᠬᠦ ᠵᠠᠷᠤᠳᠠᠯ᠎ᠢ ᠲᠠᠲᠠᠪᠤᠷᠢᠯᠠᠬᠤ ᠨᠢᠭᠡᠴᠢ ᠨᠡᠬᠡᠮᠵᠢᠯᠡᠨ ᠲᠤᠱᠢᠶᠠᠯᠭᠠᠵᠤ᠂ ᠬᠤᠷᠢᠶᠠᠪᠠᠰᠤ ᠵᠣᠬᠢᠬᠤ᠎ᠶᠢ᠎ᠨᠢ ᠴᠥᠮ ᠬᠤᠷᠢᠶᠠᠬᠤ ᠬᠡᠷᠡᠭᠲᠡᠢ᠃ ᠲᠣᠰ ᠠᠷᠭ᠎ᠠ᠎ᠶᠢ ᠨᠡᠢ᠌ᠲᠡᠯᠡᠬᠦ᠎ᠠᠴᠠ ᠡᠮᠦᠨᠡᠬᠢ ᠲᠤᠱᠢᠶᠠᠭᠠᠳᠤᠢ ᠲᠥᠷᠦᠯ ᠵᠦᠢᠯ᠎ᠢ ᠤᠤᠯ᠎ᠤᠨ ᠬᠡᠷᠡᠭᠵᠢᠭᠦᠯᠦᠭᠰᠡᠨ ᠪᠢᠴᠢᠭ ᠮᠠᠲᠧᠷᠢᠶᠠᠯ᠎ᠤᠨ ᠲᠣᠭᠲᠠᠭᠠᠯ ᠵᠢᠴᠢ ᠲᠠᠰ ᠳᠠᠷᠠᠭᠠᠯᠠᠯ᠎ᠤᠨ ᠶᠣᠰᠤᠭᠠᠷ ᠦᠷᠭᠦᠯᠵᠢᠯᠡᠨ ᠨᠡᠬᠡᠮᠵᠢᠯᠡᠨ ᠲᠤᠱᠢᠶᠠᠯᠭᠠᠨ᠎ᠠ᠃

ᠬᠣᠷᠢᠳᠤᠭᠠᠷ ᠵᠤᠷᠪᠤᠰ  ᠲᠤᠰ ᠠᠷᠭ᠎ᠠ᠎ᠶᠢᠨ ᠲᠣᠭᠲᠠᠭᠠᠯ᠎ᠠᠴᠠ ᠵᠥᠷᠢᠴᠡᠵᠦ᠂ ᠢᠯᠡᠭᠦᠦ ᠬᠤᠷᠢᠶᠠᠬᠤ᠂ ᠬᠣᠷᠢᠶᠠᠬᠤ ᠪᠠᠭ᠋ᠠᠰᠬᠤ᠂ ᠬᠤᠷᠢᠶᠠᠬᠤ᠎ᠠᠴᠠ ᠬᠡᠯᠲᠦᠷᠢᠭᠦᠯᠬᠦ᠂ ᠬᠣᠢᠱᠢᠯᠠᠭᠤᠯᠤᠨ ᠬᠤᠷᠢᠶᠠᠬᠤ᠂ ᠡᠰᠡᠬᠦᠯ᠎ᠡ ᠨᠢᠭᠤᠨ ᠳᠠᠯᠳᠠᠯᠠᠬᠤ᠂ ᠳᠤᠮᠳᠠ᠎ᠠᠴᠠ ᠨᠢ ᠦᠯᠡᠳᠡᠭᠡᠬᠦ᠂ ᠨᠡᠭᠦᠯᠭᠡᠨ ᠬᠡᠷᠡᠭᠯᠡᠬᠦ᠂ ᠰᠠᠭᠤᠵᠤ ᠬᠤᠷᠢᠶᠠᠬᠤ ᠰᠠᠭᠣᠵᠣ ᠵᠠᠷᠣᠬᠣ ᠵᠡᠷᠭᠡ ᠲᠣᠭᠲᠠᠭᠠᠯ᠎ᠠᠴᠠ ᠵᠥᠷᠢᠴᠡᠨ ᠢᠵᠢ ᠪᠦᠷᠢᠳᠦᠭᠦᠯᠦᠭᠰᠡᠨ ᠰᠦᠢᠳᠬᠡᠯ ᠲᠠᠲᠠᠪᠤᠷᠢᠯᠠᠬᠤ᠂ ᠬᠠᠮᠢᠶᠠᠷᠬᠤ ᠪᠠ ᠢᠵᠢ ᠪᠦᠷᠢᠯᠳᠦᠭᠦᠯᠬᠦ ᠵᠠᠷᠣᠳᠠᠯ᠎ᠢ ᠬᠡᠷᠡᠭᠯᠡᠬᠦ ᠦᠢᠯᠡ ᠠᠵᠢᠯᠯᠠᠭ᠎ᠠ ᠨᠢ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠰᠦᠪ᠎ᠦᠨ ᠬᠠᠤᠯᠢ 》᠂ 《 ᠡᠳ᠋᠎ᠦᠨ ᠵᠠᠰᠠᠭ᠎ᠤᠨ ᠬᠠᠤᠯᠢ᠎ᠶᠢ ᠵᠥᠷᠢᠴᠡᠭᠰᠡᠨ ᠣᠢ᠌ᠯᠡ ᠠᠵᠢᠯᠯᠠᠭ᠎ᠠ᠎ᠶᠢ ᠰᠢᠢ᠍ᠳᠭᠡᠬᠦ ᠳᠦᠷᠢᠮ》᠂ 《 ᠵᠠᠰᠠᠭ ᠵᠠᠬᠢᠷᠭ᠎ᠠ ᠠᠵᠢᠯ ᠦᠢᠯᠡᠰ᠎ᠦᠨ ᠴᠢᠨᠠᠷᠲᠠᠢ ᠰᠦᠢᠳᠬᠡᠯ ᠬᠤᠷᠢᠶᠠᠬᠤ ᠪᠠ ᠲᠣᠷᠭᠠᠵᠤ ᠬᠤᠷᠢᠶᠠᠭᠰᠠᠨ ᠣᠷᠣᠯᠭ᠎ᠠ᠎ᠶᠢᠨ ᠣᠷᠣᠯᠭ᠎ᠠ ᠵᠠᠷᠤᠯᠭ᠎ᠠ᠎ᠶᠢ ᠠᠰ ᠠᠰ᠎ᠲᠤ ᠨᠢ ᠬᠠᠮᠢᠶᠠᠷᠬᠤ ᠲᠣᠭᠲᠠᠭᠠᠯ᠎ᠠᠴᠠ ᠵᠥᠷᠢᠴᠡᠭᠰᠡᠨ ᠵᠠᠰᠠᠭ ᠵᠠᠬᠢᠷᠭᠠᠨ᠎ᠤ ᠱᠢᠢᠳᠬᠡᠯ᠎ᠦᠨ ᠲᠦᠷ ᠬᠡᠷᠡᠭᠵᠢᠭᠦᠯᠬᠦ ᠲᠣᠭᠲᠠᠭᠠᠯ 》 ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠲᠣᠭᠲᠠᠭᠠᠭᠰᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠬᠢᠭᠰᠡᠨ ᠰᠡᠵᠢᠭᠯᠡᠯᠲᠡᠢ ᠪᠠᠢ᠌ᠪᠠᠯ᠂ ᠬᠠᠤᠯᠢ ᠶᠣᠰᠤᠭᠠᠷ ᠬᠤᠯᠪᠤᠭᠳᠠᠯ ᠪᠦᠬᠦᠢ ᠪᠠᠢ᠌ᠭᠤᠯᠭ᠎ᠠ᠎ᠳᠤ ᠱᠢᠯᠵᠢᠭᠦᠯᠦᠨ ᠬᠦᠷᠭᠡᠵᠦ ᠱᠢᠢᠳᠪᠦᠷᠢᠯᠡᠭᠦᠯᠦᠨ᠎ᠡ᠃

ᠵᠢᠷᠭᠤᠳᠤᠭᠠᠷ ᠪᠦᠯᠦᠭ  ᠳᠠᠭᠠᠯᠳᠤᠭᠤᠯᠤᠯ ᠳᠦᠷᠢᠮ

ᠬᠣᠷᠢᠨ ᠨᠢᠭᠡᠳᠦᠭᠡᠷ ᠵᠤᠷᠪᠤᠰ  ᠡᠯ᠎ᠡ ᠠᠢᠮᠠᠭ ᠬᠣᠲᠠ᠎ᠨᠢ ᠲᠤᠰ ᠠᠷᠭ᠎ᠠ᠎ᠶᠢ ᠦᠨᠳᠦᠰᠦᠯᠡᠨ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠬᠤ᠎ᠶᠢᠨ ᠬᠠᠮᠲᠤ᠂ ᠵᠠᠰᠠᠭ᠎ᠤᠨ ᠶᠠᠪᠤᠳᠠᠯ᠎ᠢ ᠢᠯᠡ ᠪᠣᠯᠭᠠᠬᠤ ᠪᠠ ᠲᠥᠷᠥ᠎ᠶᠢᠨ ᠪᠣᠳᠣᠯᠭ᠎ᠠ᠎ᠶᠢ ᠤᠩᠱᠢᠨ ᠲᠠᠢᠯᠪᠤᠷᠢᠯᠠᠬᠤ ᠠᠵᠢᠯ᠎ᠢ ᠴᠠᠭ ᠲᠤᠬᠠᠢ᠎ᠳᠤ ᠨᠢ ᠰᠠᠢᠲᠤᠷ ᠬᠢᠬᠦ ᠬᠡᠷᠡᠭᠲᠡᠢ᠃

ᠬᠣᠷᠢᠨ ᠬᠣᠶᠠᠳᠤᠭᠠᠷ ᠵᠤᠷᠪᠤᠰ  ᠲᠤᠰ ᠠᠷᠭ᠎ᠠ᠎ᠶᠢ 2026 ᠣᠨ᠎ᠤ 4 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠠᠴᠠ ᠡᠭᠦᠨ᠎ᠡᠴᠡ ᠡᠮᠦᠨ᠎ᠡ ᠳᠠᠷᠤᠮᠠᠯᠯᠠᠨ ᠶᠠᠪᠤᠭᠤᠯᠤᠭᠰᠠᠨ ᠪᠢᠴᠢᠭ ᠮᠠᠲ᠋ᠧᠷᠢᠶᠠᠯ᠎ᠤᠨ ᠲᠣᠭᠲᠠᠭᠠᠯ᠎ᠨᠢ ᠲᠤᠰ ᠠᠷᠭ᠎ᠠ᠎ᠲᠠᠢ ᠨᠢᠭᠡᠳᠦᠯ ᠦᠭᠡᠢ ᠪᠠᠢᠪᠠᠯ᠂ ᠲᠤᠰ ᠠᠷᠭ᠎ᠠ᠎ᠪᠠᠷ ᠪᠠᠷᠢᠮᠵᠢᠶ᠎ᠠ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ( ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ ᠪᠠᠭᠲᠠᠨ᠎ᠠ ) ᠳᠠᠷᠤᠮᠠᠯᠯᠠᠨ ᠲᠠᠷᠬᠠᠭᠠᠭᠰᠠᠨ ᠬᠣᠲᠠ᠎ᠶᠢᠨ ᠰᠠᠭᠤᠷᠢ ᠲᠥᠬᠥᠭᠡᠷᠦᠮᠵᠢ᠎ᠶᠢᠨ ᠢᠵᠢ ᠪᠦᠷᠢᠯᠳᠦᠭᠦᠯᠬᠦ ᠵᠠᠷᠤᠳᠠᠯ ( ᠬᠣᠲᠠ᠎ᠶᠢᠨ ᠶᠠᠪᠤᠳᠠᠯ᠎ᠤᠨ ᠨᠡᠢᠲᠡ᠎ᠶᠢᠨ ᠬᠡᠷᠡᠭᠯᠡᠭᠡᠨ᠎ᠦ ᠲᠥᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠢᠵᠢ ᠪᠦᠷᠢᠯᠳᠦᠭᠦᠯᠬᠦ ᠵᠠᠷᠤᠳᠠᠯ )ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠡᠯ᠎ᠡ ᠭᠠᠵᠠᠷ ᠣᠷᠣᠨ᠎ᠤ ᠴᠣᠬᠣᠯᠠᠪᠣᠷᠢᠯᠠᠭᠰᠠᠨ ᠪᠢᠴᠢᠭ ᠮᠠᠲ᠋ᠧᠷᠢᠶᠠᠯ᠎ᠢ ᠬᠠᠮᠲᠤ᠎ᠳᠤ ᠨᠢ ᠬᠦᠴᠦᠨ ᠦᠭᠡᠢ ᠪᠣᠯᠭᠠᠨ᠎ᠠ ( ᠳᠠᠭᠠᠯᠳᠤᠭᠤᠯᠤᠯ 2᠎ᠢ ᠨᠠᠷᠢᠨ ᠦᠵᠡᠭᠡᠷᠡᠢ ); ᠴᠦᠬᠡᠨ ᠬᠡᠰᠡᠭ ᠲᠥᠷᠥ᠎ᠶᠢᠨ ᠪᠣᠳᠣᠯᠭ᠎ᠠ᠎ᠶᠢ ᠵᠡᠷᠭᠡ ᠪᠡᠷ ᠬᠡᠷᠡᠭᠵᠢᠭᠦᠯᠬᠦ᠎ᠶᠢ ᠵᠤᠭᠰᠤᠭ᠋ᠠᠨ᠎ᠠ ( ᠳᠠᠭᠠᠯᠳᠤᠭᠤᠯᠤᠯ 3᠎ᠳᠤ ᠨᠠᠷᠢᠨ ᠦᠵᠡᠭᠡᠷᠡᠢ )᠃

 

ᠳᠠᠭᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ᠎ᠶᠢᠨ ᠰᠠᠭᠤᠷᠢ ᠲᠥᠭᠦᠭᠡᠷᠤᠮᠵᠢ᠎ᠶᠢᠨ ᠢᠵᠢ ᠪᠦᠷᠢᠳᠦᠭᠦᠯᠬᠦ ᠰᠦᠢᠳᠬᠡᠯ ᠲᠠᠲᠠᠪᠤᠷᠢᠯᠠᠬᠤ ᠪᠠᠷᠢᠮᠵᠢᠶᠠᠲᠤ ᠣᠷᠣᠨ ᠵᠠᠢ᠎ᠶᠢᠨ ᠬᠦᠰᠦᠨᠦᠭᠲᠦ 

2. ᠬᠦᠴᠦᠨ ᠦᠭᠡᠢ ᠪᠣᠯᠭᠠᠭᠰᠠᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠪᠠ ᠴᠣᠬᠣᠯᠠᠪᠣᠷᠢᠯᠠᠭᠰᠠᠨ ᠪᠢᠴᠢᠭ ᠮᠠᠲ᠋ᠧᠷᠢᠶᠠᠯ 

3. ᠬᠡᠷᠡᠭᠵᠢᠭᠦᠯᠬᠦ᠎ᠶᠢ ᠵᠣᠭᠰᠣᠭᠠᠬᠤ ᠬᠡᠰᠡᠭ ᠲᠥᠷᠥ᠎ᠶᠢᠨ ᠪᠣᠳᠣᠯᠭ᠎ᠠ

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ