ᠬᠥᠬᠡᠬᠤᠲᠠ᠎ᠶ᠋ᠢᠨ ᠢᠦᠢ ᠴᠢᠤᠸᠠᠨ ᠲᠣᠭᠤᠷᠢᠭ᠎ᠤᠨ ᠬᠠᠮ ᠵᠠᠭᠤᠴᠢᠯᠠᠭᠤᠷ᠎ᠤᠨ ᠲᠥᠪ᠄
ᠲᠠᠨ᠎ᠤ ᠲᠥᠪ᠎ᠤᠨ 《〈ᠮᠡᠳᠡᠭᠡ ᠵᠠᠩᠭᠢ᠎ᠶ᠋ᠢᠨ ᠰᠦᠯᠵᠢᠶᠡᠨ᠎ᠤ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠵᠥᠪᠱᠢᠶᠡᠷᠡᠯ᠎ᠤᠨ ᠦᠨᠡᠮᠯᠡᠯ 〉᠎ᠢ ᠭᠤᠶᠤᠴᠢᠯᠠᠨ ᠠᠪᠬᠤ ᠲᠤᠬᠠᠢ ᠵᠢᠭᠠᠪᠤᠷᠢ ᠠᠪᠬᠤ ᠮᠡᠳᠡᠭᠦᠯᠦᠯᠲᠡ 》᠎ᠶ᠋ᠢ ᠣᠯᠵᠤ ᠠᠪᠤᠯ᠎ᠠ᠃ 《 ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠣᠭ᠍ᠲᠠᠭᠠᠯ 》 ᠪᠣᠯᠤᠨ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《ᠲᠣᠭᠤᠷᠢᠭ ᠪᠠᠢᠭᠤᠯᠤᠭ᠍ᠰᠠᠨ ᠬᠤᠲᠠ᠂ ᠱᠢᠶᠠᠨ᠎ᠤ ᠱᠠᠲᠤᠨ᠎ᠤ ᠣᠷᠣᠨ ᠨᠤᠲᠤᠭ᠎ᠤᠨ ᠰᠣᠨᠢᠨ ᠮᠡᠳᠡᠭᠡᠨ᠎ᠤ ᠨᠢᠭᠡᠴᠢ᠎ᠳᠤ 〈 ᠮᠡᠳᠡᠭᠡ ᠵᠠᠩᠭᠢ᠎ᠶ᠋ᠢᠨ ᠰᠦᠯᠵᠢᠶᠡᠨ᠎ᠤ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠵᠥᠪᠱᠢᠶᠡᠷᠡᠯ᠎ᠤᠨ ᠦᠨᠡᠮᠯᠡᠯ 〉᠎ᠤᠨ ᠬᠤᠯᠪᠣᠭ᠍ᠳᠠᠯ ᠪᠥᠬᠦᠶ ᠵᠦᠢᠯᠡᠰ᠎ᠢ ᠬᠠᠷᠭᠤᠭᠤᠯᠤᠨ ᠲᠠᠷᠬᠠᠭᠠᠬᠤ ᠲᠤᠬᠠᠶ ᠮᠡᠳᠡᠭ᠌ᠳᠡᠯ 》᠎ᠤᠨ ᠱᠠᠭᠠᠷᠳᠠᠯᠭ᠎ᠠ᠎ᠶ᠋ᠢ ᠦᠨᠳᠦᠰᠦᠯᠡᠨ᠂ ᠬᠢᠨᠠᠨ ᠬᠠᠷᠭᠤᠭᠤᠯᠤᠭ᠍ᠰᠠᠨ᠎ᠢᠶᠠᠷ ᠳᠠᠮᠵᠢᠨ᠂ ᠲᠠᠨ᠎ᠤ ᠲᠥᠪ᠎ᠨᠢ ᠮᠡᠳᠡᠭᠡ ᠵᠠᠩᠭᠢ᠎ᠶ᠋ᠢᠨ ᠰᠦᠯᠵᠢᠶᠡᠨ᠎ᠤ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡᠨ᠎ᠤ ᠲᠤᠬᠠᠢᠯᠠᠭ᠍ᠰᠠᠨ ᠠᠵᠢᠯ᠎ᠢ ᠨᠡᠭᠡᠭᠡᠨ ᠡᠷᠭᠢᠯᠡᠬᠦ᠌ ᠨᠥᠬᠦᠴᠡᠯ᠎ᠳᠤ ᠨᠡᠢᠴᠡᠵᠦ᠍᠂ ᠱᠢᠯᠵᠢᠮᠡᠯ ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡ ᠬᠢᠬᠦ᠌᠎ᠶ᠋ᠢ ᠵᠥᠪᠱᠢᠶᠡᠷᠡᠬᠦ᠌᠎ᠶ᠋ᠢᠨ ᠬᠠᠮᠲᠤ 《 ᠮᠡᠳᠡᠭᠡ ᠵᠠᠩᠭᠢ᠎ᠶ᠋ᠢᠨ ᠰᠦᠯᠵᠢᠶᠡᠨ᠎ᠤ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠵᠥᠪᠱᠢᠶᠡᠷᠡᠯ᠎ᠤᠨ ᠦᠨᠡᠮᠯᠡᠯ 》᠎ᠢ ᠣᠯᠭᠣᠪᠠ᠂ ᠵᠥᠪᠱᠢᠶᠡᠷᠡᠯ᠎ᠤᠨ ᠦᠨᠡᠮᠯᠡᠯ᠎ᠤᠨ ᠳ᠋ᠤᠭᠠᠷ᠄ 105430115 ᠪᠠᠢᠵᠤ᠂ ᠬᠦᠴᠦᠨ᠎ᠲᠠᠢ ᠬᠤᠭᠤᠴᠠᠭ᠎ᠠ᠎ᠨᠢ 2025 ᠣᠨ᠎ᠤ 10 ᠳ᠋ᠤᠭᠠᠷ ᠰᠠᠷ᠎ᠠ᠎ᠶ᠋ᠢᠨ 31 ᠤ ᠡᠳᠦᠷ ᠡᠴᠡ 2028 ᠣᠨ᠎ᠤ 10 ᠳ᠋ᠤᠭᠠᠷ ᠰᠠᠷ᠎ᠠ᠎ᠶ᠋ᠢᠨ 30 ᠤ ᠡᠳᠦᠷ ᠪᠣᠯᠲᠠᠯ᠎ᠠ᠃ ᠪᠣᠳᠠᠲᠠᠶ ᠨᠡᠭᠡᠭᠡᠨ ᠡᠷᠬᠢᠯᠡᠬᠦ᠌ ᠱᠠᠭᠠᠷᠳᠠᠯᠭ᠎ᠠ ᠨᠢ ᠳᠣᠤᠷᠠᠬᠢ ᠮᠡᠲᠦ᠍᠃
ᠨᠢᠭᠡ᠂ ᠦᠢᠯᠡᠴᠢᠯᠡᠭᠡᠨ᠎ᠤ ᠲᠤᠬᠠᠢᠯᠠᠭ᠍ᠰᠠᠨ ᠠᠵᠢᠯ᠎ᠤᠨ ᠬᠡᠪᠴᠢᠶ᠎ᠡ
ᠲᠤᠬᠠᠢᠯᠠᠭ᠍ᠰᠠᠨ ᠠᠵᠢᠯ᠎ᠤᠨ ᠨᠡᠷᠡᠢᠳᠦᠯ᠄ ᠱᠢᠯᠵᠢᠮᠡᠯ ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡᠨ᠎ᠤ ᠲᠤᠬᠠᠢᠯᠠᠭ᠍ᠰᠠᠨ ᠠᠵᠢᠯ
ᠲᠤᠬᠠᠢᠯᠠᠭ᠍ᠰᠠᠨ ᠠᠵᠢᠯ᠎ᠤᠨ ᠲᠥᠷᠥᠯ ᠵᠦᠢᠯ᠄1. ᠲᠤᠬᠠᠢ᠎ᠶ᠋ᠢᠨ ᠴᠠᠭ᠎ᠤᠨ ᠤᠯᠤᠰ ᠲᠥᠷᠥ᠎ᠶ᠋ᠢᠨ ᠲᠥᠷᠥᠯ᠎ᠤᠨ ᠦᠵᠡᠵᠦ᠍ ᠰᠣᠨᠣᠰᠭᠤ ᠰᠣᠨᠢᠨ ᠮᠡᠳᠡᠭᠡᠨ᠎ᠤ ᠫᠷᠤᠭ᠌ᠷᠠᠮ᠎ᠢ ᠠᠩᠬ᠎ᠠ ᠲᠠᠷᠬᠠᠭᠠᠬᠤ ᠦᠢᠯᠡᠴᠢᠯᠡᠭᠡ;2. ᠲᠤᠬᠠᠢ᠎ᠶ᠋ᠢᠨ ᠴᠠᠭ᠎ᠤᠨ ᠤᠯᠤᠰ ᠲᠥᠷᠥ ᠪᠠ ᠨᠡᠢᠭᠡᠮ᠎ᠤᠨ ᠲᠥᠷᠥᠯ᠎ᠤᠨ ᠦᠵᠡᠵᠦ᠍ ᠰᠣᠨᠣᠰᠭᠤ ᠫᠷᠤᠭ᠌ᠷᠠᠮ᠎ᠤᠨ ᠡᠷᠬᠢᠯᠡᠬᠦ᠌᠂ ᠰᠤᠷᠪᠤᠯᠵᠢᠯᠠᠬᠤ᠂ ᠦᠨᠡᠯᠡᠬᠦ᠌ ᠦᠢᠯᠡᠴᠢᠯᠡᠭᠡ; 3. ᠲᠤᠬᠠᠢ᠎ᠶ᠋ᠢᠨ ᠴᠠᠭ᠎ᠤᠨ ᠤᠯᠤᠰ ᠲᠥᠷᠥ᠎ᠶ᠋ᠢᠨ ᠲᠥᠷᠥᠯ᠎ᠤᠨ ᠦᠵᠡᠵᠦ᠍ ᠰᠣᠨᠣᠰᠭᠤ ᠰᠣᠨᠢᠨ ᠮᠡᠳᠡᠭᠡᠨ᠎ᠤ ᠫᠷᠤᠭ᠌ᠷᠠᠮ᠎ᠢ ᠱᠢᠯᠵᠢᠭᠦᠯᠦᠨ ᠨᠡᠢᠲᠡᠯᠡᠬᠦ᠌ ᠦᠢᠯᠡᠴᠢᠯᠡᠭᠡ;4. ᠡᠩ᠎ᠤᠨ ᠨᠡᠢᠭᠡᠮ᠎ᠤᠨ ᠪᠦᠯᠬᠦᠮ᠎ᠤᠨ ᠰᠣᠶᠣᠯ᠎ᠤᠨ ᠠᠵᠢᠯᠯᠠᠭ᠎ᠠ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠵᠡᠷᠭᠡ ᠵᠣᠬᠢᠶᠠᠨ ᠪᠠᠢᠭᠤᠯᠬᠤ ᠠᠵᠢᠯᠯᠠᠭ᠎ᠠ᠎ᠶ᠋ᠢᠨ ᠪᠣᠳᠠᠲᠤ ᠪᠠᠢᠳᠠᠯ᠎ᠤᠨ ᠸᠢᠳᠢᠣ᠋᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠦᠢᠯᠡᠴᠢᠯᠡᠭᠡ᠃ ( ᠳᠡᠭᠡᠷᠡᠬᠢ 1᠂ 2᠂ 4 ᠲᠥᠷᠥᠯ᠂ ᠦᠨᠡᠮᠯᠡᠯ ᠠᠪᠬᠤ᠎ᠶ᠋ᠢ ᠬᠢᠵᠠᠭᠠᠷᠯᠠᠬᠤ ᠪᠠᠢᠭᠤᠯᠤᠮᠵᠢ᠎ᠶ᠋ᠢᠨ ᠬᠠᠷᠠᠭᠠᠯᠵᠠᠭ᠍ᠰᠠᠨ ᠵᠠᠰᠠᠭ ᠵᠠᠬᠢᠷᠭᠠᠨ᠎ᠤ ᠣᠷᠣᠨ᠎ᠤ ᠬᠠᠮᠢᠶ᠎ᠠ ᠪᠦᠬᠦᠢ ᠠᠭᠤᠯᠭ᠎ᠠ )
ᠲᠤᠬᠠᠢᠯᠠᠭ᠍ᠰᠠᠨ ᠠᠵᠢᠯ᠎ᠤᠨ ᠠᠷᠭ᠎ᠠ ᠮᠠᠶᠢᠭ᠄ ᠬᠡᠷᠡᠭ᠌ᠯᠡᠭ᠌ᠴᠢ᠎ᠶ᠋ᠢᠨ ᠦᠵᠦᠭᠦᠷ᠎ᠦᠨ ᠵᠥᠭᠡᠯᠡᠨ ᠲᠣᠨᠣᠭ᠎ᠢ ᠪᠠᠭᠤᠯᠭᠠᠬᠤ
ᠬᠡᠷᠡᠭ᠌ᠯᠡᠭ᠌ᠴᠢ᠎ᠶ᠋ᠢᠨ ᠦᠵᠦᠭᠦᠷ᠎ᠤᠨ ᠨᠡᠷᠡᠢᠳᠦᠯ᠄ ᠢᠦᠶ ᠴᠢᠤᠸᠠᠨ ᠬᠠᠮ ᠵᠠᠭᠤᠴᠢᠯᠠᠭᠤᠷ
ᠨᠡᠪᠲᠡᠷᠡᠭᠦᠯᠬᠦ᠌ ᠨᠡᠷᠡᠢᠳᠦᠯ᠄ ᠢᠦᠶ ᠴᠢᠤᠸᠠᠨ ᠬᠠᠮ ᠵᠠᠭᠤᠴᠢᠯᠠᠭᠤᠷ
ᠬᠦᠯᠢᠶᠡᠨ ᠠᠪᠬᠤ ᠦᠵᠦᠭᠦᠷ ᠄ ᠭᠠᠷ ᠤᠲᠠᠰᠤ ᠵᠡᠷᠭᠡ ᠭᠠᠷ᠎ᠤ᠋ᠨ ᠦᠵᠦᠭᠦᠷᠦ᠋ᠨ ᠲᠥᠬᠥᠭᠡᠷᠦᠮᠵᠢ
ᠳᠠᠮᠵᠢᠭᠤᠯᠬᠤ ᠰᠦᠯᠵᠢᠶ᠎ᠡ ᠄ ᠱᠢᠯᠵᠢᠮᠡᠯ ᠢᠨᠲ᠋ᠧᠷ ᠰᠦᠯᠵᠢᠶ᠎ᠡ
ᠳᠠᠮᠵᠢᠭᠤᠯᠬᠤ ᠬᠡᠪᠴᠢᠶ᠎ᠡ ᠄ ᠪᠦᠬᠦ᠌ ᠤᠯᠤᠰ
ᠬᠤᠶᠠᠷ᠂ ᠬᠠᠮᠢᠶ᠎ᠠ ᠪᠦᠬᠦᠢ ᠬᠠᠮᠢᠶᠠᠷᠤᠯᠲᠠ᠎ᠶ᠋ᠢᠨ ᠱᠠᠭᠠᠷᠳᠠᠯᠭ᠎ᠠ
1. ᠫᠷᠤᠭ᠌ᠷᠠᠮ᠎ᠢ ᠬᠢᠨᠠᠨ ᠪᠠᠢᠴᠠᠭᠠᠬᠤ᠂ ᠠᠮᠤᠷ ᠲᠦᠪᠱᠢᠨ᠎ᠢᠶᠠᠷ ᠨᠡᠪᠲᠡᠷᠡᠭᠦᠯᠬᠦ᠌ ᠬᠠᠮᠢᠶᠠᠷᠤᠯᠲᠠ᠎ᠶ᠋ᠢᠨ ᠳᠦᠷᠢᠮ᠂ ᠫᠷᠤᠭ᠌ᠷᠠᠮ᠎ᠤᠨ ᠬᠡᠪᠯᠡᠯ᠎ᠤᠨ ᠡᠷᠬᠡ᠎ᠶ᠋ᠢ ᠬᠠᠮᠠᠭᠠᠯᠠᠬᠤ ᠳᠦᠷᠢᠮ᠎ᠢ ᠲᠡᠭᠦᠯᠳᠡᠷᠵᠢᠭᠦᠯᠦᠨ᠎ᠡ᠃ ᠲᠤᠬᠠᠢᠯᠠᠭ᠍ᠰᠠᠨ ᠠᠵᠢᠯ᠎ᠤᠨ ᠠᠭᠤᠯᠭ᠎ᠠ ᠯᠤᠭ᠎ᠠ ᠲᠣᠬᠢᠷᠠᠯᠴᠠᠭ᠍ᠰᠠᠨ ᠦᠵᠡᠵᠦ᠍ ᠰᠣᠨᠣᠰᠭᠤ ᠫᠷᠤᠭ᠌ᠷᠠᠮ᠎ᠤᠨ ᠬᠢᠨᠠᠨ ᠬᠠᠷᠭᠤᠭᠤᠯᠤᠭ᠍ᠴᠢᠶ᠋ᠢ ᠳᠣᠭᠢᠷᠠᠭᠤᠯᠵᠤ᠂ ᠠᠭᠤᠯᠭ᠎ᠠ᠎ᠶ᠋ᠢ ᠬᠢᠨᠠᠨ ᠬᠠᠷᠭᠤᠭᠤᠯᠬᠤ ᠪᠣᠭᠤᠮᠲᠠ᠎ᠶ᠋ᠢ ᠰᠠᠢᠲᠤᠷ ᠠᠳᠭᠤᠵᠤ᠂ ᠦᠵᠡᠵᠦ᠍ ᠰᠣᠨᠣᠰᠭᠤ ᠫᠷᠤᠭ᠌ᠷᠠᠮ᠎ᠤᠨ ᠠᠭᠤᠯᠭ᠎ᠠ᠎ᠶ᠋ᠢᠨ ᠤᠳᠤᠷᠢᠳᠤᠮᠵᠢ᠎ᠨᠢ ᠵᠥᠪ ᠣᠨᠣᠪᠴᠢᠲᠠᠶ᠂ ᠡᠷᠡᠭᠦᠯ ᠥᠭᠡᠳᠡᠷᠬᠡᠭ ᠪᠠᠢᠬᠤ᠎ᠶ᠋ᠢ ᠪᠠᠲᠤᠯᠠᠬᠤ ᠬᠡᠷᠡᠭ᠌ᠲᠡᠶ᠃ ᠫᠷᠤᠭ᠌ᠷᠠᠮ᠎ᠤᠨ ᠶᠡᠷᠦᠩᠬᠡᠶ ᠨᠠᠢᠷᠠᠭᠤᠯᠤᠭ᠍ᠴᠢ᠎ᠶ᠋ᠢᠨ ᠬᠠᠷᠢᠭᠤᠴᠠᠬᠤ ᠲᠦᠷᠢᠮ᠎ᠢ ᠭᠦᠢᠴᠡᠳᠭᠡᠵᠦ᠍᠂ ᠬᠠᠭᠠᠰ ᠵᠢᠯ ᠪᠦᠷᠢ᠎ᠳᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠶᠡᠷᠦᠩᠬᠡᠶ ᠨᠠᠢᠷᠠᠭᠤᠯᠤᠭ᠍ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠨᠢᠭᠡ ᠤᠳᠠᠭ᠎ᠠ ᠮᠡᠳᠡᠭᠦᠯᠦᠨ ᠬᠦᠷᠭᠡᠬᠦ᠌ ᠬᠡᠷᠡᠭ᠌ᠲᠡᠶ᠃
2. ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠦᠨ᠎ᠡ᠃ ᠫᠷᠤᠭ᠌ᠷᠠᠮ᠎ᠢ ᠬᠡᠪ᠎ᠤᠨ ᠶᠤᠰᠤᠭᠠᠷ ᠨᠡᠪᠲᠡᠷᠡᠭᠦᠯᠬᠦ᠌᠎ᠶ᠋ᠢ ᠨᠥᠯᠥᠭᠡᠯᠡᠬᠦ᠌ ᠬᠡᠨᠡᠳᠳᠡ᠎ᠶ᠋ᠢᠨ ᠬᠡᠷᠡᠭ᠂ ᠮᠡᠷᠬᠡᠵᠢᠯ᠎ᠤᠨ ᠬᠡᠮ ᠰᠤᠭᠤᠭ ᠵᠡᠷᠬᠡ ᠪᠠᠢᠳᠠᠯ᠎ᠢ ᠠᠷᠭᠠᠴᠠᠭᠠᠬᠤ ᠲᠦᠰᠦᠪ᠎ᠢ ᠲᠡᠭᠦᠯᠳᠡᠷᠵᠢᠬᠦᠯᠬᠦ᠌ ᠬᠡᠷᠡᠭ᠌ᠳᠡᠢ᠃
3. ᠦᠢᠯᠡᠴᠢᠯᠡᠭᠡ᠎ᠪᠡᠨ ᠵᠣᠭ᠍ᠰᠣᠭᠠᠬᠤ᠎ᠪᠠᠷ ᠭᠤᠶᠤᠴᠢᠯᠠᠭ᠍ᠰᠠᠨᠢ ᠪᠣᠯ ᠤᠷᠢᠳᠴᠢᠯᠠᠨ 60 ᠡᠳᠦᠷ᠎ᠲᠤ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠭᠤᠶᠤᠴᠢᠯᠠᠨ ᠮᠡᠳᠡᠭᠦᠯᠬᠦ᠌ ᠬᠡᠷᠡᠭ᠌ᠲᠡᠶ᠃ ᠦᠷᠭᠦᠯᠵᠢᠯᠡᠨ ᠲᠤᠬᠠᠢᠯᠠᠭ᠍ᠰᠠᠨ ᠠᠵᠢᠯ᠎ᠢᠶᠠᠨ ᠵᠣᠭ᠍ᠰᠣᠭᠠᠭ᠍ᠰᠠᠨ ᠨᠢ 60 ᠡᠳᠦᠷ᠎ᠡᠴᠡ ᠬᠡᠲᠦᠷᠡᠭ᠌ᠰᠡᠨ ᠪᠣᠯ ᠲᠤᠬᠠᠢᠯᠠᠭ᠍ᠰᠠᠨ ᠠᠵᠢᠯ᠎ᠢᠶᠠᠨ ᠳᠠᠭᠤᠰᠭᠠᠭ᠍ᠰᠠᠨ ᠶᠣᠰᠣᠭᠠᠷ ᠱᠢᠶ᠋ᠳᠪᠦᠷᠢᠯᠡᠬᠦ᠌᠎ᠶ᠋ᠢᠨ ᠬᠠᠮᠲᠤ 《 ᠵᠥᠪᠱᠢᠶᠡᠷᠡᠯ᠎ᠦᠨ ᠦᠨᠡᠮᠯᠡᠯ 》᠎ᠢ ᠨᠢ ᠬᠦᠴᠦᠨ ᠦᠭᠡᠶ ᠪᠣᠯᠭᠠᠬᠤ ᠬᠡᠷᠡᠭ᠌ᠲᠡᠶ᠃ ᠨᠡᠭᠡᠭᠡᠨ ᠡᠷᠭᠢᠯᠡᠬᠦ᠌ ᠬᠤᠭᠤᠴᠠᠭᠠᠨ᠎ᠳᠤ᠂ ᠤᠴᠢᠷ ᠱᠢᠯᠲᠠᠭᠠᠨ᠎ᠠᠴᠠ ᠪᠣᠯᠵᠣ ᠰᠡᠯᠪᠢᠨ ᠵᠠᠰᠠᠬᠤ ᠴᠢᠬᠤᠯᠠᠲᠠᠶ ᠪᠠᠢᠪᠠᠯ᠂ ᠴᠠᠭ ᠲᠤᠬᠠᠶ᠎ᠳᠤ ᠨᠢ ᠰᠠᠭᠤᠭ᠎ᠠ ᠭᠠᠵᠠᠷ᠎ᠤᠨ ᠠᠢᠮᠠᠭ ᠬᠤᠲᠠ᠎ᠶ᠋ᠢᠨ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠤ ᠮᠡᠳᠡᠭᠦᠯᠦᠨ ᠳᠠᠩᠰᠠᠯᠠᠭᠤᠯᠬᠤ ᠬᠡᠷᠡᠭ᠌ᠲᠡᠶ᠃
4. ᠵᠥᠪᠱᠢᠶᠡᠷᠡᠯ᠎ᠤᠨ ᠦᠨᠡᠮᠯᠡᠯ᠎ᠳᠤ ᠲᠣᠳᠣᠷᠬᠠᠶ ᠲᠡᠮᠳᠡᠭ᠌ᠯᠡᠭ᠌ᠰᠡᠨ ᠵᠦᠶ᠋ᠯᠡᠰ᠎ᠢ ᠴᠢᠩᠭ᠎ᠠ ᠵᠢᠷᠤᠮᠯᠠᠨ ᠱᠢᠯᠵᠢᠮᠡᠯ ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠶ᠋ᠯᠡᠴᠢᠯᠡᠭᠡᠨ᠎ᠤ ᠲᠤᠬᠠᠢᠯᠠᠭ᠍ᠰᠠᠨ ᠠᠵᠢᠯ᠎ᠢ ᠥᠷᠨᠢᠭᠦᠯᠵᠦ᠍᠂ ᠫᠷᠤᠭ᠌ᠷᠠᠮ᠎ᠤᠨ ᠠᠭᠤᠯᠭ᠎ᠠ ᠪᠠ ᠢᠷᠡᠯᠲᠡ᠎ᠨᠢ 《ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠶ᠋ᠯᠡᠴᠢᠯᠡᠭᠡᠨ᠎ᠤ ᠬᠠᠮᠢᠶᠠᠷᠤᠯᠲᠠ᠎ᠶ᠋ᠢᠨ ᠲᠣᠭ᠍ᠲᠠᠭᠠᠯ 》᠎ᠳᠤ ᠨᠡᠢᠴᠡᠵᠦ᠍᠂ ᠳᠠᠮᠵᠢᠭᠤᠯᠤᠨ ᠨᠡᠪᠲᠡᠷᠡᠭᠦᠯᠬᠦ᠂ ᠬᠤᠯᠪᠣᠬᠤ᠂ ᠴᠤᠭ᠍ᠯᠠᠷᠠᠭᠤᠯᠬᠤ᠂ ᠬᠠᠤᠯᠢ ᠪᠤᠰᠤ ᠷᠠᠳᠢᠣ᠋ ᠲᠧᠯᠸᠢᠰ᠎ᠤᠨ ᠰᠤᠪᠠᠭ᠂ ᠦᠵᠡᠵᠦ᠍ ᠰᠣᠨᠣᠰᠭᠤ ᠫᠷᠤᠭ᠌ᠷᠠᠮ᠎ᠤᠨ ᠰᠦᠯᠵᠢᠶᠡᠨ ᠥᠷᠲᠡᠭᠡ᠎ᠶ᠋ᠢ ᠱᠢᠯᠵᠢᠭᠦᠯᠦᠨ ᠨᠡᠪᠲᠡᠷᠡᠭᠦᠯᠵᠦ᠍ ᠪᠣᠯᠬᠤ ᠥᠬᠡᠶ᠃ ᠨᠢᠭᠡᠨᠲᠡ ᠨᠡᠪᠲᠡᠷᠡᠭᠦᠯᠦᠭ᠌ᠰᠡᠨ ᠦᠵᠡᠵᠦ᠍ ᠰᠣᠨᠣᠰᠭᠤ ᠫᠷᠤᠭ᠌ᠷᠠᠮ᠎ᠢ ᠠᠳᠠᠭ᠎ᠲᠤ᠎ᠪᠠᠨ 60 ᠡᠳᠦᠷ ᠪᠦᠷᠢᠨ ᠪᠦᠲᠦᠨ ᠬᠠᠳᠠᠭᠠᠯᠠᠬᠤ ᠬᠡᠷᠡᠭ᠌ᠲᠡᠶ᠃
5. ᠵᠥᠪᠱᠢᠶᠡᠷᠡᠯ᠎ᠤᠨ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ 3 ᠵᠢᠯ᠂ ᠬᠦᠴᠦᠨ᠎ᠲᠠᠢ ᠬᠤᠭᠤᠴᠠᠭ᠎ᠠ᠎ᠨᠢ ᠳᠠᠭᠤᠰᠪᠠᠯ᠂ ᠦᠷᠭᠦᠯᠵᠢᠯᠡᠨ ᠱᠢᠯᠵᠢᠮᠡᠯ ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠢᠯᠡᠴᠢᠯᠡᠭᠡ ᠬᠢᠬᠦ᠌ ᠴᠢᠬᠤᠯᠠᠲᠠᠢ᠂ ᠬᠦᠴᠦᠨ᠎ᠲᠠᠢ ᠬᠤᠭᠤᠴᠠᠭ᠎ᠠ ᠳᠠᠭᠤᠰᠭᠤ᠎ᠠᠴᠠ ᠡᠮᠦᠨ᠎ᠡ 30 ᠡᠳᠦᠷ᠎ᠤᠨ ᠳᠣᠲᠣᠷ᠎ᠠ᠂ ᠲᠣᠭ᠍ᠲᠠᠭᠠᠭ᠍ᠰᠠᠨ ᠨᠥᠬᠦᠴᠡᠯ᠎ᠳᠤ ᠨᠡᠢᠴᠡᠬᠦ᠌ ᠮᠠᠲ᠋ᠧᠷᠢᠶᠠᠯ᠎ᠢᠶᠠᠨ ᠠᠪᠴᠤ᠌ ᠤᠤᠯ᠎ᠤᠨ ᠦᠨᠡᠮᠯᠡᠯ ᠣᠯᠭᠤᠭ᠍ᠰᠠᠨ ᠪᠠᠢᠭᠤᠯᠭ᠎ᠠ᠎ᠳᠤ ᠬᠦᠷᠴᠦ᠍ ᠦᠷᠭᠦᠯᠵᠢᠯᠡᠨ ᠭᠦᠢᠴᠡᠳᠭᠡᠬᠦ᠌ ᠭᠠᠷᠳᠠᠮ᠎ᠢ ᠭᠦᠢᠴᠡᠳᠭᠡᠬᠦ᠌ ᠬᠡᠷᠡᠭ᠌ᠲᠡᠢ᠃
6. ᠠᠵᠢᠯᠯᠠᠬᠤ ᠲᠠᠯᠠᠪᠤᠷ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ ᠵᠢᠴᠢ ᠣᠷᠣᠨ ᠪᠦᠰᠡ᠎ᠶ᠋ᠢᠨ ᠨᠡᠷᠡᠢᠳᠦᠯ᠂ ᠬᠡᠷᠡᠭ᠌ᠯᠡᠭ᠌ᠴᠢ᠎ᠶ᠋ᠢᠨ ᠦᠵᠦᠭᠦᠷ᠎ᠦᠨ ᠨᠡᠷᠡᠢᠳᠦᠯ᠂ ᠨᠡᠪᠲᠡᠷᠡᠭᠦᠯᠬᠦ᠌ ᠨᠡᠷᠡᠢᠳᠦᠯ᠎ᠢ ᠬᠤᠪᠢᠷᠠᠭᠤᠯᠬᠤ᠎ᠳᠤ᠂ ᠬᠤᠪᠢᠷᠠᠭᠤᠯᠤᠭ᠍ᠰᠠᠨᠤ ᠳᠠᠷᠠᠭᠠᠬᠢ 15 ᠡᠳᠦᠷ᠎ᠦᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ᠎ᠢᠶᠠᠨ ᠲᠤᠱᠢᠶᠠᠵᠤ᠂ 《ᠮᠡᠳᠡᠭᠡ ᠵᠠᠩᠭᠢ᠎ᠶ᠋ᠢᠨ ᠰᠦᠯᠵᠢᠶᠡᠨ᠎ᠦ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠵᠥᠪᠱᠢᠶᠡᠷᠡᠯ᠎ᠦᠨ ᠦᠨᠡᠮᠯᠡᠯ 》᠎ᠦᠨ ᠬᠠᠮᠢᠶ᠎ᠠ ᠪᠦᠬᠦᠢ ᠳᠠᠩᠰᠠᠯᠠᠨ ᠲᠡᠮᠳᠡᠭ᠌ᠯᠡᠭ᠌ᠰᠡᠨ ᠮᠡᠳᠡᠭᠡ ᠵᠠᠩᠭᠢ᠎ᠶ᠋ᠢ ᠬᠠᠤᠯᠢ ᠶᠣᠰᠣᠭᠠᠷ ᠬᠤᠪᠢᠷᠠᠭᠤᠯᠬᠤ ᠬᠡᠷᠡᠭ᠌ᠲᠡᠶ᠃
7. ᠱᠢᠯᠵᠢᠮᠡᠯ ᠬᠡᠷᠡᠭ᠌ᠯᠡᠭ᠌ᠴᠢ᠎ᠶ᠋ᠢᠨ ᠦᠵᠦᠭᠦᠷ᠎ᠤᠨ ᠲᠡᠷᠢᠭᠦᠨ ᠨᠢᠭᠤᠷ᠎ᠤᠨ ᠢᠯᠡᠷᠬᠡᠶ ᠣᠷᠣᠨ ᠪᠠᠢᠷᠢ᠎ᠳᠤ ᠵᠥᠪᠱᠢᠶᠡᠷᠡᠯ᠎ᠤᠨ ᠦᠨᠡᠮᠯᠡᠯ᠎ᠤᠨ ᠳ᠋ᠤᠭᠠᠷ᠎ᠤᠨ ᠲᠣᠳᠣᠷᠬᠠᠢᠯᠠᠯᠲᠠ ᠬᠠᠳᠠᠵᠤ᠂ ᠲᠣᠳᠣᠷᠬᠠᠢᠯᠠᠬᠤ ᠠᠷᠭ᠎ᠠ ᠮᠠᠶᠢᠭ᠎ᠨᠢ᠄ ᠮᠡᠳᠡᠭᠡ ᠵᠠᠩᠭᠢ᠎ᠶ᠋ᠢᠨ ᠰᠦᠯᠵᠢᠶᠡᠨ᠎ᠦ ᠳᠠᠮᠵᠢᠯᠭᠠᠨ ᠦᠵᠡᠵᠦ᠍ ᠰᠣᠨᠣᠰᠭᠤ ᠫᠷᠤᠭ᠌ᠷᠠᠮ᠎ᠤᠨ ᠵᠥᠪᠱᠢᠶᠡᠷᠡᠯ᠎ᠤᠨ ᠦᠨᠡᠮᠯᠡᠯ᠎ᠤᠨ ᠳ᠋ᠤᠭᠠᠷ 105430115 ᠪᠣᠯᠤᠨ᠎ᠠ᠃
8. ᠨᠡᠭᠡᠭᠡᠨ ᠡᠷᠬᠢᠯᠡᠭ᠌ᠰᠡᠨ ᠱᠢᠯᠵᠢᠮᠡᠯ ᠢᠨᠲ᠋ᠧᠷ ᠰᠦᠯᠵᠢᠶᠡᠨ᠎ᠤ ᠦᠵᠡᠵᠦ᠍ ᠰᠣᠨᠣᠰᠭᠤ ᠫᠷᠤᠭ᠌ᠷᠠᠮ᠎ᠤᠨ ᠦᠶ᠋ᠯᠡᠴᠢᠯᠡᠭᠡ᠎ᠨᠢ ᠡᠯ᠎ᠡ ᠱᠠᠲᠤᠨ᠎ᠤ ᠷᠠᠳᠢᠣ᠋ ᠲᠧᠯᠸᠢᠰ᠎ᠤᠨ ᠵᠠᠰᠠᠭ ᠵᠠᠬᠢᠷᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠤᠨ ᠡᠳᠦᠷ ᠲᠤᠲᠤᠮ᠎ᠤᠨ ᠬᠢᠨᠠᠯᠲᠠ ᠲᠠᠯᠪᠢᠬᠤ ᠪᠠ ᠤᠬᠠᠭᠤᠯᠭ᠎ᠠ᠎ᠶ᠋ᠢᠨ ᠬᠠᠮᠢᠶᠠᠷᠤᠯᠲᠠ᠎ᠶ᠋ᠢ ᠳᠠᠭᠠᠬᠤ ᠬᠡᠷᠡᠭ᠌ᠲᠡᠶ᠃
ᠴᠣᠬᠣᠯᠠᠪᠤᠷᠢᠯᠠᠪᠠ ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 11 ᠳ᠋ᠤᠭᠡᠷ ᠰᠠᠷ᠎ᠠ᠎ᠶ᠋ᠢᠨ 5 ᠤ ᠡᠳᠦᠷ