ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌ ᠲᠤᠬᠠᠶ ᠴᠣᠬᠤᠯᠠᠪᠤᠷᠢ
2025-11-19

ᠥᠪᠥᠷ ᠮᠣᠩᠭᠤᠯ᠎ᠤᠨ ᠡᠳᠦᠷ᠎ᠤᠨ ᠰᠣᠨᠢᠨ᠎ᠤ ᠬᠤᠷᠢᠶ᠎ᠠ᠎ᠳᠦ᠄

ᠲᠠᠨ᠎ᠤ ᠪᠠᠢᠭᠤᠯᠭ᠎ᠠ᠎ᠶ᠋ᠢᠨ ᠷᠠᠳᠢᠣ᠋ ᠲᠧᠯᠸᠢᠰ᠎ᠦᠨ ᠫᠷᠤᠭ᠌ᠷᠠᠮ ᠵᠣᠬᠢᠶᠠᠬᠤ᠎ᠳᠤ ᠡᠵᠡᠩᠨᠡᠯᠲᠡ᠎ᠶ᠋ᠢᠨ ᠲᠤᠬᠠᠢᠯᠠᠭ᠍ᠰᠠᠨ ᠠᠵᠢᠯ᠎ᠢ ᠥᠷᠨᠢᠭᠦᠯᠬᠦ᠌ ᠲᠤᠬᠠᠢ ᠭᠤᠶᠤᠴᠢᠯᠠᠬᠤ ᠮᠠᠲ᠋ᠧᠷᠢᠶᠠᠯ᠎ᠢ ᠣᠯᠵᠤ ᠠᠪᠤᠯ᠎ᠠ᠃ ᠰᠤᠳᠤᠯᠤᠯᠲᠠ᠎ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃

ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《 ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ 》    ( ᠶᠡᠷᠦᠩᠬᠡᠶ ᠲᠣᠪᠴᠢᠶ᠎ᠠ᠎ᠶ᠋ᠢᠨ ᠵᠠᠷᠯᠢᠭ 34 ᠳ᠋ᠦ᠍ᠭᠡᠷ ᠲᠣᠭᠠᠲᠤ )᠎ᠤᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠦᠨᠳᠦᠰᠦᠯᠡᠨ᠂ ᠲᠠᠨ᠎ᠤ ᠨᠢᠭᠡᠴᠢ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌᠎ᠶ᠋ᠢᠨ ᠬᠠᠮᠲᠤ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ      ᠦᠨᠡᠮᠯᠡᠯ 》 ᠎ᠢ ᠣᠯᠭᠣᠪᠠ᠂ ᠳ᠋ᠤᠭᠠᠷ᠄ (  ᠥᠪᠥᠷ ᠮᠣᠩᠭᠤᠯ ) ᠦᠰᠦᠭ᠎ᠤᠨ 675 ᠳ᠋ᠤᠭᠠᠷ ᠲᠣᠭᠠᠲᠤ᠌᠂ ᠬᠦᠴᠦᠨ᠎ᠲᠠᠢ ᠬᠤᠭᠤᠴᠠᠭ᠎ᠠ᠎ᠨᠢ 2025 ᠣᠨ᠎ᠤ 11 ᠳ᠋ᠦ᠍ᠭᠡᠷ ᠰᠠᠷ᠎ᠠ᠎ᠶ᠋ᠢᠨ 13 ᠎ᠤ ᠡᠳᠦᠷ — 2027 ᠣᠨ᠎ᠤ 11 ᠳ᠋ᠦ᠍ᠭᠡᠷ ᠰᠠᠷ᠎ᠠ᠎ᠶ᠋ᠢᠨ 12 ᠎ᠤᠨ ᠡᠳᠦᠷ ᠪᠣᠯᠲᠠᠯ᠎ᠠ᠃

ᠬᠣᠶᠠᠷ᠂ ᠷᠠᠳᠢᠣ᠋ ᠲᠧᠯᠸᠢᠰ᠎ᠦᠨ ᠫᠷᠤᠭ᠌ᠷᠠᠮ ᠦᠢᠯᠡᠳᠴᠦ᠍ ᠡᠵᠡᠩᠨᠡᠬᠦ᠌ ᠬᠦᠷᠢᠶ᠎ᠡ ᠬᠡᠪᠴᠢᠶ᠎ᠡ᠎ᠨᠢ᠄ ᠲᠤᠰᠭᠠᠢ ᠰᠡᠳᠦᠪ᠂ ᠲᠤᠰᠭᠠᠢ ᠪᠤᠯᠤᠩ᠂ ᠶᠡᠷᠦᠩᠬᠡᠢᠯᠡᠭ᠌ᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠬᠦ᠌ ᠪᠠ ᠫᠷᠤᠭ᠌ᠷᠠᠮ᠎ᠤᠨ ᠬᠡᠪᠯᠡᠯ᠎ᠦᠨ ᠡᠷᠬᠡ᠎ᠶ᠋ᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ ᠶᠠᠪᠤᠳᠠᠯ ᠪᠣᠯᠤᠨ᠎ᠠ᠃ ᠡᠵᠡᠩᠨᠡᠯᠲᠡ᠎ᠶ᠋ᠢᠨ ᠠᠷᠭ᠎ᠠ ᠮᠠᠶᠢᠭ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠨ᠎ᠠ᠃

ᠭᠤᠷᠪᠠ᠂ ᠲᠠᠨ᠎ᠤ ᠨᠢᠭᠡᠴᠢ 《 ᠷᠠᠳᠢᠣ᠋ ᠲᠧᠯᠸᠢᠰ᠎ᠦᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠦᠨ ᠦᠨᠡᠮᠯᠡᠯ 》᠎ᠢ ᠬᠢᠨᠠᠨ ᠵᠥᠪᠱᠢᠶᠡᠷᠡᠭ᠌ᠰᠡᠨ ᠣᠢᠯᠡᠳᠴᠦ᠍ ᠡᠵᠡᠩᠨᠡᠬᠦ᠌ ᠬᠡᠪᠴᠢᠶ᠎ᠡ᠎ᠶ᠋ᠢ ᠴᠢᠩᠭ᠎ᠠ ᠵᠢᠷᠤᠮᠯᠠᠨ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠍᠂ ᠣᠢᠯᠡᠳᠴᠦ᠍ ᠡᠵᠡᠩᠨᠡᠬᠦ᠌ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ᠂ ᠬᠠᠤᠯᠢ ᠲᠣᠭ᠍ᠲᠠᠭᠠᠯ ᠪᠠ ᠬᠣᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠵᠢᠷᠤᠮᠯᠠᠬᠤ ᠬᠡᠷᠡᠭ᠌ᠲᠡᠢ᠃ ᠲᠤᠬᠠᠢ᠎ᠶ᠋ᠢᠨ ᠴᠠᠭ᠎ᠤᠨ ᠤᠯᠤᠰ ᠲᠥᠷᠥ᠎ᠶ᠋ᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠦᠨ ᠲᠤᠰᠭᠠᠢ ᠰᠡᠳᠦᠪ᠂ ᠲᠤᠰᠭᠠᠢ ᠪᠤᠯᠤᠩ ᠵᠡᠷᠭᠡ ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠴᠦ᠍ ᠪᠣᠯᠬᠤ ᠦᠭᠡᠢ᠃ ᠴᠢᠬᠤᠯᠠ ᠶᠡᠬᠡ ᠬᠤᠪᠢᠰᠭᠠᠯ ᠪᠣᠯᠤᠨ ᠲᠡᠦᠬᠡ᠎ᠶ᠋ᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠦᠨ ᠲᠤᠰᠭᠠᠢ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠬᠦ᠌᠎ᠳᠦ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠢ ᠲᠣᠪᠴᠢᠶᠠᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠢ᠃ ᠺᠠᠷᠲ᠋ᠣᠨ ᠺᠢᠨᠣ᠋᠂ ᠲᠧᠯᠸᠢᠰ ᠵᠦᠴᠦᠭᠡ ᠵᠣᠬᠢᠶᠠᠬᠤ᠎ᠳᠦ᠎ᠪᠡᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶ᠋ᠢᠨ ᠬᠠᠮᠲᠤ ᠬᠣᠯᠪᠣᠭ᠍ᠳᠠᠯ ᠪᠦᠬᠦᠢ ᠭᠠᠷᠳᠠᠮ᠎ᠢ ᠭᠦᠢᠴᠡᠳᠭᠡᠬᠦ᠌ ᠬᠡᠷᠡᠭ᠌ᠲᠡᠢ᠃ 

ᠳᠥᠷᠪᠡ᠂ ᠨᠡᠢᠲᠡᠯᠡᠭ᠌ᠰᠡᠨ 《 ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠴᠦ᠍ ᠡᠵᠡᠩᠨᠡᠬᠦ᠌ ᠵᠥᠪᠱᠢᠶᠡᠷᠡᠯ᠎ᠦᠨ ᠦᠨᠡᠮᠯᠡᠯ 》᠎ᠢ ᠶᠠᠮᠠᠷᠪᠠ ᠠᠷᠭ᠎ᠠ ᠮᠠᠶᠢᠭ᠎ᠢᠶᠠᠷ ᠪᠠᠯᠠᠯᠬᠤ᠂ ᠲᠦᠷᠢᠶᠡᠰᠦᠯᠡᠬᠦ᠂ ᠱᠢᠯᠵᠢᠭᠦᠯᠬᠦ᠂ ᠬᠤᠳᠠᠯᠳᠤᠬᠤ ᠪᠠ ᠬᠠᠭᠤᠷᠮᠠᠭ᠎ᠢᠶᠠᠷ ᠵᠣᠬᠢᠶᠠᠬᠤ᠎ᠶ᠋ᠢ ᠴᠢᠩᠭ᠎ᠠ ᠴᠠᠭᠠᠵᠠᠯᠠᠨ᠎ᠠ᠃ 《 ᠷᠠᠳᠢᠣ᠋ ᠲᠧᠯᠸᠢᠰ᠎ᠦᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠦᠨ ᠦᠨᠡᠮᠯᠡᠯ 》᠎ᠳᠤ ᠲᠣᠳᠣᠷᠬᠠᠢᠯᠠᠭ᠍ᠰᠠᠨ ᠦᠢᠯᠡᠳᠬᠦ᠌ ᠪᠠᠢᠭᠤᠯᠤᠮᠵᠢ᠎ᠶ᠋ᠢᠨ ᠨᠡᠷᠡᠢᠳᠦᠯ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠂ ᠬᠠᠶᠢᠭ ᠪᠠ ᠳᠦᠷᠢᠮ ᠵᠡᠷᠭᠡ ᠵᠦᠢᠯᠡᠰ᠎ᠲᠦ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ᠎ᠶ᠋ᠢ ᠬᠢᠨᠠᠨ ᠵᠥᠪᠱᠢᠶᠡᠷᠡᠭᠦᠯᠬᠦ᠌ ᠭᠠᠷᠳᠠᠮ᠎ᠢ ᠭᠦᠢᠴᠡᠳᠭᠡᠬᠦ᠌ ᠬᠡᠷᠡᠭ᠌ᠲᠡᠢ ; ᠷᠠᠳᠢᠣ᠋ ᠲᠧᠯᠸᠢᠰ᠎ᠦᠨ ᠫᠷᠤᠭ᠌ᠷᠠᠮ ᠣᠢᠯᠡᠳᠴᠦ᠍ ᠡᠵᠡᠩᠨᠡᠬᠦ᠌ ᠠᠵᠢᠯᠯᠠᠭ᠎ᠠ᠎ᠶ᠋ᠢ ᠵᠣᠭ᠍ᠰᠣᠭᠠᠬᠤ᠎ᠳᠤ᠂ 1 ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠬᠦᠷᠴᠦ᠍ ᠬᠦᠴᠦᠨ ᠦᠭᠡᠢ ᠪᠣᠯᠭᠠᠬᠤ ᠭᠠᠷᠳᠠᠮ᠎ᠢ ᠭᠦᠢᠴᠡᠳᠭᠡᠬᠦ᠌ ᠬᠡᠷᠡᠭ᠌ᠲᠡᠢ᠃

ᠲᠠᠪᠤ᠂ ᠭᠠᠳᠠᠭᠠᠳᠤ᠎ᠳᠤ ᠭᠠᠷᠭᠠᠬᠤ ᠷᠠᠳᠢᠣ᠋ ᠲᠧᠯᠸᠢᠰ᠎ᠦᠨ ᠫᠷᠤᠭ᠌ᠷᠠᠮ ᠪᠤᠶᠤ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ᠎ᠢ ᠬᠢᠯᠢ᠎ᠶ᠋ᠢᠨ ᠭᠠᠳᠠᠨ᠎ᠠ ᠳᠡᠯᠭᠡᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ᠎ᠳᠤ ᠣᠷᠣᠯᠴᠠᠭᠣᠯᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ᠌ ᠬᠡᠷᠡᠭ᠌ᠲᠡᠢ᠃

ᠴᠣᠬᠤᠯᠠᠪᠤᠷᠢᠯᠠᠪᠠ ᠃


                                                   ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
                                                   2025 ᠣᠨ᠎ᠤ 11 ᠳ᠋ᠤᠭᠡᠷ ᠰᠠᠷ᠎ᠠ᠎ᠶ᠋ᠢᠨ 13 ᠎ᠤ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ