ᠱᠢᠩ ᠱᠢᠨ ᠲᠦᠩ ᠱᠢᠨᠵᠢᠯᠡᠬᠦ᠌ ᠤᠬᠠᠭᠠᠨ ᠲᠸᠭ᠌ᠨᠢᠭ ᠮᠡᠷᠭᠡᠵᠢᠯ (ᠥᠪᠥᠷ ᠮᠣᠩᠭᠤᠯ)᠎ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠳᠦ᠄
ᠲᠠᠨ᠎ᠤ ᠺᠣᠮᠫᠠᠨᠢ ᠶ᠋ᠢᠨ ᠷᠠᠳᠢᠣ᠋ ᠲᠧᠯᠸᠢᠰ ᠫᠷᠣᠭ᠌ᠷᠠᠮ ᠣᠢᠯᠡᠳᠴᠦ᠍ ᠡᠵᠡᠩᠨᠡᠬᠦ᠌ ᠠᠵᠢᠯ᠎ᠢ ᠦᠷᠨᠢᠭᠦᠯᠬᠦ᠌ ᠭᠤᠶᠤᠴᠢᠯᠠᠬᠤ ᠮᠠᠲᠸᠷᠢᠶᠠᠯ ᠢ ᠲᠣᠰᠴᠦ᠍ ᠣᠯᠣᠯ᠎ᠠ ᠃ ᠰᠤᠳᠤᠯᠤᠯᠲᠠ᠎ᠪᠠᠷ ᠳᠠᠮᠵᠢᠭᠠᠳ᠂ ᠡᠳᠦᠭᠡ ᠳᠣᠤᠷᠠᠬᠢ ᠮᠡᠲᠦ ᠴᠤᠬᠤᠯᠠᠪᠤᠷᠢᠯᠠᠪᠠ᠃
ᠨᠢᠭᠡ᠂ ᠤᠯᠤᠰ᠎ᠤᠨ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶ᠎ᠠ᠎ᠶ᠋ᠢᠨ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ》 (ᠶᠡᠷᠦᠩᠬᠡᠶ ᠲᠣᠪᠴᠢᠶ᠎ᠠ᠎ᠶ᠋ᠢᠨ ᠵᠠᠷᠯᠢᠭ 34ᠳ᠋ᠦ᠍ᠭᠡᠷ ᠲᠣᠭᠠᠲᠤ)᠎ᠦᠨ ᠬᠤᠯᠪᠣᠭ᠍ᠳᠠᠯ ᠪᠥᠬᠦᠶ ᠲᠣᠭ᠍ᠲᠠᠭᠠᠯ᠎ᠢ ᠦᠨᠳᠦᠰᠦᠯᠡᠨ᠂ ᠲᠠᠨ᠎ᠤ ᠺᠣᠮᠫᠠᠨᠢ᠎ᠶ᠋ᠢᠨ ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠲᠤᠬᠠᠢᠯᠠᠭ᠍ᠰᠠᠨ ᠠᠵᠢᠯ ᠥᠷᠨᠢᠭᠦᠯᠬᠦ᠌᠎ᠶ᠋ᠢ ᠵᠥᠪᠱᠢᠶᠡᠷᠡᠬᠦ᠌᠎ᠶ᠋ᠢᠨ ᠬᠠᠮᠲᠤ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ》᠎ᠢ ᠣᠯᠭᠣᠪᠠ᠂ ᠳ᠋ᠤᠭᠠᠷ᠄ ( ᠦᠪᠦᠷ ᠮᠣᠩᠭᠣᠯ) ᠦᠰᠦᠭ᠎ᠤᠨ 665 ᠳ᠋ᠤᠭᠠᠷ ᠲᠣᠭᠠᠲᠤ᠌᠂ ᠬᠦᠴᠦᠨ᠎ᠲᠠᠢ ᠬᠤᠭᠤᠴᠠᠭ᠎ᠠ᠄ 2025 ᠣᠨ᠎ᠤ 9 ᠳ᠋ᠦ᠍ᠭᠡᠷ ᠰᠠᠷ᠎ᠠ᠎ᠶ᠋ᠢᠨ 19᠎ᠤ ᠡᠳᠦᠷ᠎ᠠᠴᠠ 2027ᠣᠨ᠎ᠤ 9 ᠳ᠋ᠦ᠍ᠭᠡᠷ ᠰᠠᠷ᠎ᠠ᠎ᠶ᠋ᠢᠨ 18 ᠤ ᠡᠳᠦᠷ ᠪᠣᠯᠲᠠᠯ᠎ᠠ᠃
ᠬᠤᠶᠠᠷ᠂ ᠷᠠᠳᠢᠣ᠋ ᠲᠧᠯᠸᠢᠰ᠎ᠤᠨ ᠫᠷᠤᠭ᠌ᠷᠠᠮ ᠦᠶ᠋ᠯᠡᠳᠴᠦ᠍ ᠡᠵᠡᠩᠨᠡᠬᠦ᠌ ᠬᠦᠷᠢᠶ᠎ᠡ ᠬᠡᠪᠴᠢᠶ᠎ᠡ᠎ᠨᠢ ᠄ ᠲᠤᠰᠭᠠᠶ ᠰᠡᠳᠦᠪ᠂ ᠲᠤᠰᠭᠠᠶ ᠪᠤᠯᠤᠩ᠂ ᠶᠡᠷᠦᠩᠬᠡᠢᠯᠡᠭ᠌ᠰᠡᠨ ᠤᠷᠠᠯᠢᠭ᠂ ᠺᠠᠷᠲ᠋ᠣᠨ ᠺᠢᠨᠣ᠋᠂ ᠷᠠᠳᠢᠣ᠋ ᠵᠦᠴᠦᠭᠡ᠂ ᠲᠧᠯᠸᠢᠰ ᠵᠦᠴᠦᠭᠡ ᠵᠡᠷᠭᠡ ᠷᠠᠳᠢᠣ᠋ ᠲᠧᠯᠸᠢᠰ᠎ᠤᠨ ᠫᠷᠤᠭ᠌ᠷᠠᠮ᠎ᠢ ᠦᠶ᠋ᠯᠡᠳᠬᠦ᠌ ᠪᠠ ᠫᠷᠤᠭ᠌ᠷᠠᠮ᠎ᠤᠨ ᠬᠡᠪᠯᠡᠯ᠎ᠤᠨ ᠡᠷᠬᠡ᠎ᠶ᠋ᠢ ᠠᠷᠠᠯᠵᠢᠶᠠᠯᠠᠬᠤ ᠪᠠ ᠣᠷᠣᠯᠠᠨ ᠠᠷᠠᠯᠵᠢᠶᠠᠯᠠᠬᠤ ᠶᠠᠪᠤᠳᠠᠯ ᠪᠣᠯᠤᠨ᠎ᠠ᠃ ᠡᠵᠡᠩᠨᠡᠯᠲᠡ᠎ᠶ᠋ᠢᠨ ᠠᠷᠭ᠎ᠠ ᠮᠠᠶᠢᠭ᠄ ᠦᠢᠯᠡᠳᠬᠦ᠂ ᠬᠠᠭᠤᠯᠪᠤᠷᠢᠯᠠᠬᠤ᠂ ᠲᠠᠷᠬᠠᠭᠠᠨ᠎ᠠ᠃
ᠭᠤᠷᠪᠠ᠂ ᠲᠠᠨ᠎ᠤ ᠺᠣᠮᠫᠠᠨᠢ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ》᠎ᠢ ᠬᠢᠨᠠᠨ ᠵᠥᠪᠱᠢᠶᠡᠷᠡᠭ᠌ᠰᠡᠨ ᠣᠢᠯᠡᠳᠴᠦ᠍ ᠡᠵᠡᠩᠨᠡᠬᠦ᠌ ᠬᠡᠪᠴᠢᠶ᠎ᠡ᠎ᠶ᠋ᠢ ᠴᠢᠩᠭ᠎ᠠ ᠵᠢᠷᠤᠮᠯᠠᠨ ᠲᠤᠬᠠᠢᠯᠠᠭ᠍ᠰᠠᠨ ᠠᠵᠢᠯ᠎ᠤᠨ ᠠᠵᠢᠯᠯᠠᠭ᠎ᠠ ᠥᠷᠨᠢᠭᠦᠯᠵᠦ᠍᠂ᠣᠢᠯᠡᠳᠴᠦ᠍ ᠡᠵᠡᠩᠨᠡᠬᠦ᠌ ᠠᠵᠢᠯᠯᠠᠭ᠎ᠠ᠎ᠳᠤ ᠡᠷᠬᠡᠪᠰᠢ ᠤᠯᠤᠰ᠎ᠤᠨ ᠬᠠᠤᠯᠢ ᠴᠠᠭᠠᠵᠠ᠂ ᠬᠠᠤᠯᠢ ᠲᠣᠭ᠍ᠲᠠᠭᠠᠯ ᠪᠠ ᠬᠤᠯᠪᠣᠭ᠍ᠳᠠᠯ ᠪᠥᠬᠦᠶ ᠲᠥᠷᠥ᠎ᠶ᠋ᠢᠨ ᠪᠣᠳᠣᠯᠭ᠎ᠠ᠎ᠶ᠋ᠢ ᠵᠢᠷᠤᠮᠯᠠᠬᠤ ᠬᠡᠷᠡᠭ᠌ᠲᠡᠶ᠃ ᠲᠤᠬᠠᠢ᠎ᠶ᠋ᠢᠨ ᠴᠠᠭ᠎ᠤᠨ ᠤᠯᠤᠰ ᠲᠥᠷᠥ᠎ᠶ᠋ᠢᠨ ᠰᠣᠨᠢᠨ ᠮᠡᠳᠡᠭᠡ ᠵᠢᠴᠢ ᠠᠳᠠᠯᠢ ᠲᠥᠷᠥᠯ᠎ᠦᠨ ᠲᠤᠰᠭᠠᠢ ᠰᠡᠳᠦᠪ᠂ ᠲᠤᠰᠭᠠᠢ ᠪᠤᠯᠤᠩ ᠵᠡᠷᠭᠡ ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠴᠦ᠍ ᠪᠣᠯᠬᠤ ᠦᠭᠡᠢ᠃ ᠴᠢᠬᠤᠯᠠ ᠶᠡᠬᠡ ᠬᠤᠪᠢᠰᠭᠠᠯ ᠪᠣᠯᠤᠨ ᠲᠡᠦᠬᠡ᠎ᠶ᠋ᠢᠨ ᠰᠡᠳᠦᠪᠲᠦ ᠲᠧᠯᠸᠢᠰ ᠵᠦᠴᠦᠭᠡ᠂ ᠣᠨᠣᠯ᠎ᠤᠨ ᠰᠤᠷᠪᠤᠯᠵᠢ ᠪᠢᠴᠢᠭ ᠲᠧᠯᠸᠢᠰ᠎ᠦᠨ ᠲᠤᠰᠭᠠᠶ ᠰᠡᠳᠦᠪᠲᠦ ᠹᠢᠯᠢᠮ ᠵᠡᠷᠭᠡ ᠷᠠᠳᠢᠣ᠋ ᠲᠧᠯᠸᠢᠰ᠎ᠦᠨ ᠫᠷᠤᠭ᠌ᠷᠠᠮ᠎ᠢ ᠦᠢᠯᠡᠳᠬᠦ᠌᠎ᠳᠦ ᠡᠷᠬᠡᠪᠰᠢ ᠤᠯᠤᠰ᠎ᠤᠨ ᠷᠠᠳᠢᠣ᠋ ᠲᠧᠯᠸᠢᠰ᠎ᠦᠨ ᠶᠡᠷᠦᠩᠬᠡᠶ ᠲᠣᠪᠴᠢᠶᠠᠨ᠎ᠤ ᠬᠣᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠬᠡᠷᠡᠭ᠌ᠵᠢᠭᠦᠯᠬᠦ᠌ ᠬᠡᠷᠡᠭ᠌ᠲᠡᠶ᠃ ᠺᠠᠷᠲ᠋ᠣᠨ ᠺᠢᠨᠣ᠋ ᠂ ᠲᠧᠯᠸᠢᠰ ᠵᠦᠴᠦᠭᠡ ᠣᠢᠯᠡᠳᠬᠦ᠌ ᠳᠦ ᠪᠡᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠪᠠᠷ ᠬᠢᠨᠠᠨ ᠬᠠᠷᠭᠤᠭᠤᠯᠬᠤ᠎ᠶ᠋ᠢᠨ ᠬᠠᠮᠲᠤ ᠬᠣᠯᠪᠣᠭ᠍ᠳᠠᠯ ᠪᠦᠬᠦᠢ ᠭᠠᠷᠳᠠᠮ᠎ᠢ ᠭᠦᠢᠴᠡᠳᠭᠡᠬᠦ᠌ ᠬᠡᠷᠡᠭ᠌ᠲᠡᠶ᠃
ᠲᠦᠷᠪᠡ᠂ ᠨᠡᠢᠳᠡᠯᠡᠭ᠌ᠰᠡᠨ 《ᠷᠠᠳᠢᠤ᠋ ᠲᠧᠯᠸᠢᠰ᠎ᠤᠨ ᠫᠷᠤᠭ᠌ᠷᠠᠮ᠎ᠢ ᠦᠢᠯᠡᠳᠴᠤ᠌ ᠡᠵᠡᠩᠨᠡᠬᠦ᠌ ᠵᠦᠪᠱᠢᠶᠡᠷᠡᠯ᠎ᠤᠨ ᠦᠨᠡᠮᠯᠡᠯ》᠎ᠢ ᠶᠠᠮᠠᠷᠪᠠ ᠠᠷᠭ᠎ᠠ ᠮᠠᠶᠢᠭ᠎ᠢᠶᠠᠷ ᠪᠠᠯᠠᠯᠬᠤ᠂ ᠲᠦᠷᠢᠶᠡᠰᠦᠯᠡᠬᠦ᠂ ᠱᠢᠯᠵᠢᠭᠦᠯᠬᠦ᠂ ᠬᠤᠳᠠᠯᠳᠤᠬᠤ ᠪᠠ ᠬᠠᠭᠤᠷᠮᠠᠭ᠎ᠢᠶᠠᠷ ᠵᠤᠬᠢᠶᠠᠬᠤ᠎ᠶ᠋ᠢ ᠴᠢᠩᠭ᠎ᠠ ᠴᠠᠭᠠᠵᠠᠯᠠᠨ᠎ᠠ᠃ 《ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠵᠥᠪᠱᠢᠶᠡᠷᠡᠯ᠎ᠤᠨ ᠦᠨᠡᠮᠯᠡᠯ》᠎ᠳᠤ ᠲᠣᠳᠣᠷᠬᠠᠢᠯᠠᠭ᠍ᠰᠠᠨ ᠦᠶ᠋ᠯᠡᠳᠬᠦ᠌ ᠪᠠᠢᠭᠤᠯᠤᠮᠵᠢ᠎ᠶ᠋ᠢᠨ ᠨᠡᠷᠡᠢᠳᠦᠯ᠂ ᠬᠠᠤᠯᠢ᠎ᠪᠠᠷ ᠲᠣᠭ᠍ᠲᠠᠭᠠᠭ᠍ᠰᠠᠨ ᠲᠥᠯᠥᠭᠡᠯᠡᠭ᠌ᠴᠢ᠂ ᠬᠠᠶᠢᠭ ᠪᠠ ᠲᠦᠷᠢᠮ ᠵᠡᠷᠭᠡ ᠵᠦᠢᠯᠡᠰ᠎ᠲᠤ ᠬᠤᠪᠢᠷᠠᠯᠲᠠ ᠭᠠᠷᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠮᠡᠳᠡᠭᠦᠯᠦᠨ ᠬᠤᠪᠢᠷᠠᠭᠤᠯᠬᠤ᠎ᠶ᠋ᠢ ᠬᠢᠨᠠᠨ ᠵᠥᠪᠱᠢᠶᠡᠷᠡᠭᠦᠯᠬᠦ᠌ ᠭᠠᠷᠳᠠᠮ᠎ᠢ ᠭᠦᠢᠴᠡᠳᠭᠡᠬᠦ᠌ ᠬᠡᠷᠡᠭ᠌ᠲᠡᠢ; ᠷᠠᠳᠢᠣ᠋ ᠲᠧᠯᠸᠢᠰ᠎ᠤᠨ ᠫᠷᠤᠭ᠌ᠷᠠᠮ ᠣᠢᠯᠡᠳᠴᠦ᠍ ᠡᠵᠡᠩᠨᠡᠬᠦ᠌ ᠠᠵᠢᠯᠯᠠᠭ᠎ᠠ᠎ᠶ᠋ᠢ ᠵᠣᠭ᠍ᠰᠣᠭᠠᠬᠤ᠎ᠳᠤ᠂ 1 ᠭᠠᠷᠠᠭ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠳᠤ ᠬᠦᠷᠴᠦ᠍ ᠬᠦᠴᠦᠨ ᠥᠬᠡᠶ ᠪᠣᠯᠭᠠᠬᠤ ᠭᠠᠷᠳᠠᠮ᠎ᠢ ᠭᠦᠶ᠋ᠴᠡᠳᠭᠡᠬᠦ᠌ ᠬᠡᠷᠡᠭ᠌ᠲᠡᠶ᠃
ᠲᠠᠪᠤ᠂ ᠭᠠᠳᠠᠭᠠᠳᠤ᠎ᠳᠤ ᠭᠠᠷᠭᠠᠬᠤ ᠷᠠᠳᠢᠣ᠋ ᠲᠧᠯᠸᠢᠰ᠎ᠦᠨ ᠫᠷᠤᠭ᠌ᠷᠠᠮ ᠪᠤᠶᠤ ᠷᠠᠳᠢᠣ᠋ ᠨᠡᠪᠲᠡᠷᠡᠭᠦᠯᠭᠡ ᠲᠧᠯᠸᠢᠰ᠎ᠦᠨ ᠫᠷᠤᠭ᠌ᠷᠠᠮ᠎ᠢ ᠬᠢᠯᠢ᠎ᠶ᠋ᠢᠨ ᠭᠠᠳᠠᠨ᠎ᠠ ᠭᠠᠷᠭᠠᠨ ᠦᠵᠡᠭᠦᠯᠵᠦ᠍ ᠨᠡᠪᠲᠡᠷᠡᠭᠦᠯᠬᠦ᠌ ᠠᠵᠢᠯᠯᠠᠭ᠎ᠠ᠎ᠳᠤ ᠣᠷᠣᠯᠴᠠᠭᠣᠯᠪᠠᠯ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠦᠨ ᠲᠣᠪᠴᠢᠶ᠎ᠠ᠎ᠳᠤ ᠤᠷᠢᠳᠴᠢᠯᠠᠨ ᠮᠡᠳᠡᠭᠦᠯᠬᠦ᠌ ᠬᠡᠷᠡᠭ᠌ᠲᠡᠶ᠃
ᠴᠣᠬᠣᠯᠠᠪᠣᠷᠢᠯᠠᠪᠠ᠃
ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠷᠠᠳᠢᠣ᠋ ᠲᠧᠯᠸᠢᠰ᠎ᠤᠨ ᠲᠤᠪᠴᠢᠶ᠎ᠠ
2025 ᠣᠨ᠎ᠤ 9 ᠳ᠋ᠤᠭᠡᠷ ᠰᠠᠷ᠎ᠠ᠎ᠶ᠋ᠢᠨ 19 ᠤ ᠡᠳᠦᠷ