11 ᠳ᠋ᠤᠭᠡᠷ ᠰᠠᠷ᠎ᠠ᠎ᠶ᠋ᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠨᠠᠮ᠎ᠤᠨ ᠤᠳᠤᠷᠢᠳᠭᠤ ᠳᠤᠭᠤᠢᠯᠠᠩ᠎ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠠᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠲᠣᠬᠢᠷᠠᠭᠤᠯᠪᠠ᠃ ᠬᠤᠷᠠᠯ᠎ᠠᠴᠠ᠂ ᠪᠦᠬᠦ᠌ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ 《ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠤᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠲᠣᠭ᠍ᠲᠠᠭᠠᠬᠤ ᠲᠤᠬᠠᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠰᠠᠨᠠᠭᠤᠯᠭ᠎ᠠ 》 ᠪᠣᠯ ᠪᠦᠬᠦ᠌ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠪᠡ᠎ᠶ᠋ᠢᠨ ᠬᠤᠭᠤᠴᠠᠭᠠᠨ᠎ᠤ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢ ᠵᠢᠯᠣᠭᠤᠳᠭᠤ ᠬᠦᠳᠦᠯᠦᠨ ᠳᠠᠭᠠᠭᠤᠯᠬᠤ ᠴᠢᠨᠠᠷᠲᠠᠢ ᠪᠢᠴᠢᠭ ᠮᠠᠲ᠋ᠧᠷᠢᠶᠠᠯ ᠪᠠᠢᠵᠤ᠂ ᠠᠯᠤᠰ ᠬᠡᠳᠦ᠍ᠲᠠᠢ ᠬᠤᠯᠪᠣᠭ᠍ᠳᠠᠵᠤ᠂ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ ᠭᠡᠵᠦ᠍ ᠵᠢᠭᠠᠵᠤ ᠭᠠᠷᠭᠠᠪᠠ᠃ ᠬᠤᠷᠠᠯ᠎ᠠᠴᠠ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶ᠋ᠢᠨ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠪᠥᠷ ᠮᠣᠩᠭᠤᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠠᠷᠪᠠᠨ ᠨᠢᠭᠡᠳᠦᠭᠡᠷ ᠬᠤᠭᠤᠴᠠᠭᠠᠨ᠎ᠤ ᠠᠷᠪᠠᠳᠤᠭᠠᠷ ᠪᠦᠬᠦᠳᠡ ᠬᠤᠷᠠᠯ᠎ᠠᠴᠠ ᠲᠣᠭ᠍ᠲᠠᠭᠠᠭ᠍ᠰᠠᠨ ᠡᠯ᠎ᠡ ᠵᠦᠢᠯ᠎ᠤᠨ ᠡᠭᠦᠷᠭᠡ᠎ᠶ᠋ᠢ ᠭᠦᠨᠵᠡᠭᠡᠢ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠵᠤ᠂ ᠤᠬᠠᠮᠰᠠᠷ᠎ᠠᠴᠠ᠎ᠪᠠᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠠᠵᠢᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠶᠡᠭᠡ ᠲᠠᠯ᠎ᠠ᠎ᠳᠤ ᠠᠭᠤᠰᠤᠯᠴᠠᠭᠤᠯᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ 》᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠤᠯᠴᠠᠯᠭ᠎ᠠ᠎ᠶ᠋ᠢ ᠶᠡᠬᠡ ᠪᠡᠷ ᠠᠳᠭᠤᠵᠤ᠂ ᠭᠦᠨᠵᠡᠭᠡᠶ ᠪᠠᠢᠴᠠᠭᠠᠨ ᠰᠤᠳᠤᠯᠤᠯᠲᠠ ᠬᠢᠵᠦ᠍᠂ ᠦᠨᠡᠨ᠎ᠢ ᠠᠳᠭᠤᠨ ᠪᠣᠳᠠᠲᠠᠶ ᠠᠵᠢᠯᠯᠠᠵᠤ᠂ 《 ᠠᠷᠪᠡᠨ ᠲᠠᠪᠤᠳᠤᠭᠠᠷ ᠲᠠᠪᠤᠨ ᠵᠢᠯ 》᠎ᠤᠨ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ᠍ ᠰᠣᠨᠣᠰᠭᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠦᠷᠭᠡᠯᠡᠨ ᠨᠠᠢᠷᠠᠭᠤᠯᠤᠨ ᠵᠣᠬᠢᠶᠠᠵᠤ᠂ ᠨᠠᠩ ᠣᠯᠠᠨ ᠰᠣᠳᠣᠨ ᠪᠦᠲᠦᠭᠡᠯ᠂ ᠨᠠᠩ ᠥᠷᠭᠡᠨ ᠲᠠᠷᠬᠠᠯᠲᠠ᠂ ᠨᠠᠩ ᠰᠠᠢᠨ ᠣᠢᠯᠠᠭᠠᠯᠲᠠ᠂ ᠨᠠᠩ ᠱᠢᠯᠢᠳᠡᠭ ᠣᠷᠴᠢᠨ ᠨᠥᠬᠦᠴᠡᠯ᠎ᠤᠨ ᠠᠮᠢᠳᠤᠯᠢᠭ ᠦᠢᠯᠡᠳᠦᠯᠭᠡ᠎ᠪᠠᠷ ᠱᠢᠨ᠎ᠡ ᠴᠠᠭ ᠦᠶ᠎ᠡ᠎ᠶ᠋ᠢᠨ ᠱᠢᠨ᠎ᠡ ᠰᠣᠶᠣᠯ᠎ᠤᠨ ᠡᠭᠦᠷᠭᠡ᠎ᠶ᠋ᠢ ᠦᠨᠡᠨ ᠬᠦ᠌ ᠰᠠᠢᠲᠤᠷ ᠡᠭᠦᠷᠭᠡᠯᠡᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶ᠎ᠠ᠎ᠶ᠋ᠢᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠵᠦ᠍᠂ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠭᠡᠱᠢᠭᠦᠨ᠂ ᠲᠣᠭᠤᠷᠢᠨ ᠪᠠᠢᠴᠠᠭᠠᠭ᠍ᠴᠢ᠂ ᠲᠣᠪᠴᠢᠶ᠎ᠠ᠎ᠶ᠋ᠢᠨ ᠪᠠᠢᠭᠤᠯᠭ᠎ᠠ᠎ᠶ᠋ᠢᠨ ᠡᠯ᠎ᠡ ᠠᠯᠪᠠᠨ ᠲᠠᠰᠤᠭ ᠪᠠ ᠲᠣᠪᠴᠢᠶ᠎ᠠ᠎ᠶ᠋ᠢᠨ ᠬᠠᠷᠢᠶ᠎ᠠ ᠡᠯ᠎ᠡ ᠠᠵᠢᠯ ᠦᠶ᠋ᠯᠡᠰ᠎ᠤᠨ ᠨᠢᠭᠡᠴᠢ᠎ᠶ᠋ᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃
( ᠠᠯᠪᠠᠨ ᠭᠡᠷ )