ᠳᠤᠮᠳᠠᠳᠤ᠎ᠶ᠋ᠢᠨ ᠦᠨᠳᠦᠰᠦᠲᠡᠨ᠎ᠤ ᠨᠠᠰᠤᠲᠠᠨ᠎ᠢᠶᠠᠨ ᠳᠡᠭᠡᠳᠦᠯᠡᠬᠦ᠌᠂ ᠨᠠᠰᠤᠲᠠᠨ᠎ᠢᠶᠠᠨ ᠬᠦᠨᠳᠦᠯᠡᠬᠦ᠂ ᠨᠠᠰᠤᠲᠠᠨ᠎ᠢᠶᠠᠨ ᠬᠠᠢᠷᠠᠯᠠᠬᠤ ᠤᠯᠠᠮᠵᠢᠯᠠᠯᠲᠤ ᠰᠠᠢᠬᠠᠨ ᠰᠤᠷᠲᠠᠯ᠎ᠢ ᠪᠠᠳᠠᠷᠠᠭᠤᠯᠵᠤ᠂ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠨ ᠺᠠᠳ᠋ᠷᠴᠤᠳ᠎ᠢ ᠬᠠᠷᠠᠭᠠᠯᠵᠠᠵᠤ ᠬᠠᠯᠠᠮᠵᠢᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠥᠯᠥᠭᠡ᠂ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠬᠤᠭᠤᠴᠠᠭᠠᠨ᠎ᠳᠤ᠂ ᠮᠠᠨ᠎ᠤ ᠲᠣᠪᠴᠢᠶ᠎ᠠ ᠨᠠᠷᠢᠯᠢᠭ ᠤᠬᠠᠭᠠᠯᠠᠨ ᠲᠥᠯᠥᠪᠯᠡᠵᠦ᠍᠂ ᠨᠠᠷᠢᠨ ᠨᠢᠮᠪᠠᠶ ᠪᠠᠢᠷᠢᠯᠠᠭᠤᠯᠤᠨ᠂ ᠠᠯᠢ ᠣᠯᠠᠨ ᠬᠡᠯᠪᠡᠷᠢ ᠮᠠᠶᠢᠭ᠎ᠢᠶᠠᠷ ᠣᠯᠠᠨ ᠶᠠᠩᠵᠤ᠎ᠶ᠋ᠢᠨ᠂ ᠠᠭᠤᠯᠭ᠎ᠠ᠎ᠪᠠᠷ ᠪᠠᠶᠠᠯᠢᠭ ᠭᠤᠤᠯ ᠰᠡᠳᠦᠪᠲᠦ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠬᠠᠮᠠᠳ ᠨᠥᠬᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠪᠠ ᠵᠥᠩᠨᠡᠯ ᠳᠡᠪᠱᠢᠭᠦᠯᠵᠦ᠍᠂ ᠴᠢᠩ ᠦᠨᠡᠨᠴᠢ ᠨᠠᠰᠤᠲᠠᠨ᠎ᠢᠶᠠᠨ ᠬᠦᠨᠳᠦᠯᠡᠬᠦ᠌ ᠨᠥᠬᠦᠷᠯᠡᠯ᠎ᠢ ᠳᠠᠮᠵᠢᠭᠤᠯᠪᠠ᠃

ᠨᠢᠭᠡ᠎ᠳᠤ᠂ ᠡᠭᠦᠯᠡᠨ ᠦᠵᠦᠭᠦᠷ᠎ᠦᠨ ᠬᠠᠮᠲᠤ᠎ᠪᠠᠷ ᠰᠤᠷᠤᠯᠴᠠᠬᠤ ᠬᠦᠴᠦᠨ ᠨᠡᠮᠡᠷᠢᠯᠡᠵᠦ᠍᠂ ᠤᠶᠤᠨ ᠤᠬᠠᠭᠠᠨ ᠪᠡᠶ᠎ᠡ ᠰᠤᠪᠢᠯᠠᠬᠤ᠎ᠳᠤ ᠬᠦᠴᠦᠨ ᠨᠡᠮᠡᠷᠢᠯᠡᠪᠡ᠃ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠨ ᠺᠠᠳ᠋ᠷᠴᠤᠳ᠎ᠤᠨ ᠨᠠᠮ᠎ᠤᠨ ᠡᠭᠦᠷ᠎ᠤᠨ 4 ᠨᠠᠮ᠎ᠤᠨ ᠭᠡᠱᠢᠭᠦᠨ᠎ᠢ ᠵᠣᠬᠢᠶᠠᠨ ᠪᠠᠢᠭᠤᠯᠵᠤ᠂ 《 ᠲᠥᠪᠯᠡᠷᠡᠭᠦᠯᠦᠨ ᠰᠤᠷᠤᠯᠴᠠᠬᠤ + ᠬᠤᠪᠢ ᠬᠦᠮᠦᠨ ᠥᠪᠡᠰᠦᠪᠡᠨ ᠰᠤᠷᠤᠯᠴᠠᠬᠤ 》 ᠠᠷᠭ᠎ᠠ ᠮᠠᠶᠢᠭ᠎ᠢᠶᠠᠷ ᠪᠦᠬᠦ᠌ ᠤᠯᠤᠰ᠎ᠤᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠨ ᠺᠠᠳ᠋ᠷᠴᠤᠳ᠎ᠤᠨ ᠰᠦᠯᠵᠢᠶᠡᠨ ᠳᠡᠭᠡᠷᠡᠬᠢ ᠲᠤᠰᠭᠠᠢ ᠰᠡᠳᠦᠪᠲᠦ ᠮᠡᠳᠡᠭᠦᠯᠦᠯᠲᠡ᠎ᠶ᠋ᠢᠨ ᠬᠤᠷᠠᠯ᠎ᠢ ᠬᠦᠯᠢᠶᠡᠨ ᠠᠪᠴᠤ᠌ ᠦᠵᠡᠭᠦᠯᠪᠡ᠃ ᠮᠡᠳᠡᠭᠦᠯᠦᠯᠲᠡ᠎ᠶ᠋ᠢᠨ ᠬᠤᠷᠠᠯ ᠱᠢᠰᠲ᠋ᠧᠮ ᠲᠠᠢ᠎ᠪᠠᠷ ᠬᠢᠮᠡᠯ ᠣᠶᠤᠨᠴᠢ᠎ᠶ᠋ᠢᠨ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ ᠵᠡᠷᠭᠡ ᠬᠦᠷᠢᠶᠡᠨ᠎ᠳᠠᠬᠢ ᠬᠡᠷᠡᠭ᠌ᠯᠡᠭᠡᠨ᠎ᠤ ᠦᠢᠯᠡᠳᠦᠯᠭᠡ᠎ᠶ᠋ᠢ ᠲᠠᠨᠢᠯᠴᠠᠭᠤᠯᠵᠤ᠂ ᠬᠢᠲᠠᠳ ᠡᠮᠨᠡᠯᠭᠡ᠎ᠶ᠋ᠢᠨ ᠪᠡᠶ᠎ᠡ ᠰᠤᠪᠢᠯᠠᠯᠲᠠ ᠪᠠ ᠬᠠᠪᠤᠳᠠᠷ᠎ᠢ ᠰᠡᠷᠭᠡᠢᠯᠡᠨ ᠵᠠᠰᠠᠬᠤ ᠬᠠᠮᠢᠶ᠎ᠠ ᠪᠦᠬᠦᠢ ᠮᠡᠳᠡᠯᠭᠡ᠎ᠶ᠋ᠢ ᠭᠦᠨᠵᠡᠭᠡᠶ ᠲᠠᠢᠯᠪᠤᠷᠢᠯᠠᠵᠤ᠂ ᠠᠬᠠᠮᠠᠳ ᠨᠥᠬᠦᠳ᠎ᠢ ᠬᠥᠲᠥᠯᠥᠨ ᠵᠢᠯᠣᠭᠤᠳᠴᠤ᠌ ᠪᠠᠢᠭᠠᠳ ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠮᠠᠶᠢᠭ᠎ᠢ᠎ᠨᠢ ᠪᠠᠲᠤᠯᠠᠪᠠ᠃
ᠬᠤᠶᠠᠷ᠎ᠲᠤ᠌᠂ ᠪᠤᠭᠤᠷᠤᠯᠴᠤᠳ᠎ᠤᠨ ᠴᠢᠳᠠᠪᠤᠷᠢᠲᠠᠨ᠎ᠤ ᠬᠥᠯᠥᠰᠥ᠍ ᠣᠯᠭᠤᠮᠵᠢ᠎ᠶ᠋ᠢ ᠤᠯᠠᠮᠵᠢᠯᠠᠵᠤ᠂ ᠷᠠᠳᠢᠣ᠋ ᠲᠧᠯᠸᠢᠰ᠎ᠤᠨ ᠵᠣᠷᠢᠭ ᠰᠠᠨᠠᠭ᠎ᠠ᠎ᠶ᠋ᠢ ᠬᠠᠮᠲᠤ ᠪᠠᠷ ᠶᠠᠷᠢᠯᠴᠠᠪᠠ᠃ 《ᠪᠤᠭᠤᠷᠤᠯᠴᠤᠳ᠎ᠤᠨ ᠴᠢᠳᠠᠪᠤᠷᠢᠲᠠᠨ᠎ᠤ ᠬᠣᠷᠢᠶᠠᠨ᠎ᠳᠤ ᠣᠷᠣᠬᠤ 》ᠠᠵᠢᠯᠯᠠᠭ᠎ᠠ᠎ᠶ᠋ᠢ ᠥᠷᠨᠢᠭᠦᠯᠵᠦ᠍᠂ ᠬᠣᠷᠢᠶ᠎ᠠ᠎ᠶ᠋ᠢᠨ ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠨ 7 ᠺᠠᠳ᠋ᠷ᠎ᠢ ᠤᠷᠢᠵᠤ ᠠᠵᠢᠯ᠎ᠤᠨ ᠨᠢᠭᠡᠳᠦᠭᠡᠷ ᠹᠷᠣᠨᠲ᠎ᠲᠤ ᠳᠠᠬᠢᠨ ᠪᠤᠴᠠᠭᠠᠯᠭᠠᠵᠤ᠂ ᠵᠠᠯᠠᠭᠤ ᠺᠠᠳ᠋ᠷ ᠠᠵᠢᠯᠲᠠᠨ᠎ᠲᠠᠢ ᠶᠠᠷᠢᠯᠴᠠᠵᠤ ᠰᠠᠨᠠᠯ ᠰᠣᠯᠢᠯᠴᠠᠪᠠ᠃ ᠠᠬᠠᠮᠠᠳ ᠨᠥᠬᠦᠳ ᠠᠵᠢᠯ᠎ᠤᠨ ᠥᠩᠭᠡᠷᠡᠯᠲᠡ᠎ᠲᠠᠢ᠎ᠪᠠᠨ ᠤᠶᠠᠯᠳᠤᠭᠤᠯᠤᠨ᠂ ᠲᠡᠳᠡᠨ᠎ᠤ ᠷᠠᠳᠢᠣ᠋ ᠲᠧᠯᠸᠢᠰ᠎ᠤᠨ ᠦᠢᠯᠡᠰ᠎ᠤᠨ ᠪᠥᠲᠥᠭᠡᠨ ᠪᠠᠢᠭᠤᠯᠤᠯᠲᠠ᠎ᠶ᠋ᠢᠨ ᠶᠠᠪᠤᠴᠠ᠎ᠳᠠᠬᠢ ᠡᠷᠬᠢᠮ ᠨᠠᠨᠳᠢᠨ ᠲᠤᠷᠱᠢᠯᠭ᠎ᠠ ᠪᠠ ᠰᠡᠳᠭᠢᠯ ᠬᠥᠳᠡᠯᠭᠡᠮ᠎ᠡ ᠥᠯᠢᠭᠡᠷ᠎ᠢᠶᠠᠨ ᠬᠤᠪᠢᠶᠠᠯᠴᠠᠵᠤ᠂ ᠵᠠᠯᠠᠭᠤ ᠨᠢᠭᠡ ᠦᠶ᠎ᠡ᠎ᠶ᠋ᠢᠨ᠎ᠬᠢᠨ᠎ᠤ ᠷᠠᠳᠢᠣ᠋ ᠲᠧᠯᠸᠢᠰ᠎ᠤᠨ ᠱᠢᠰᠲ᠋ᠧᠮ᠎ᠤᠨ ᠱᠢᠯᠢᠳᠡᠭ ᠤᠯᠠᠮᠵᠢᠯᠠᠯ ᠪᠠ ᠪᠣᠳᠠᠲᠠᠶ ᠠᠵᠢᠯᠯᠠᠬᠤ ᠵᠣᠷᠢᠭ ᠰᠠᠨᠠᠭ᠎ᠠ᠎ᠶ᠋ᠢ ᠰᠠᠢᠲᠤᠷ ᠤᠯᠠᠮᠵᠢᠯᠠᠨ ᠵᠠᠯᠭᠠᠮᠵᠢᠯᠠᠬᠤ᠎ᠶ᠋ᠢ ᠵᠣᠷᠢᠭ᠍ᠵᠢᠭᠤᠯᠪᠠ᠃
ᠭᠤᠷᠪᠠ᠎ᠳᠤ᠂ ᠡᠷᠡᠭᠦᠯ ᠮᠡᠨᠳᠦ᠍ ᠬᠠᠷᠠᠭᠠᠯᠵᠠᠨ ᠬᠠᠢᠷᠠᠯᠠᠬᠤ᠎ᠶ᠋ᠢ ᠬᠠᠮᠠᠭᠠᠯᠠᠵᠤ᠂ ᠰᠡᠳᠭᠢᠯᠭᠡ᠎ᠪᠡᠷ ᠥᠲᠡᠯᠦᠭᠡ ᠨᠠᠰᠤ᠎ᠶ᠋ᠢ᠎ᠨᠢ ᠳᠤᠯᠠᠭᠠᠴᠠᠭᠤᠯᠪᠠ᠃ 《 ᠶᠢᠰᠦᠨ ᠰᠠᠷ᠎ᠠ᠎ᠶᠢᠨ ᠶᠢᠰᠦ᠎ᠨᠢ ᠬᠠᠢᠷ᠎ᠠ ᠰᠡᠳᠭᠢᠯᠭᠡ᠎ᠪᠡᠷ ᠳᠤᠯᠠᠭᠠᠴᠠᠭᠤᠯᠬᠤ • ᠡᠷᠡᠭᠦᠯ ᠴᠢᠭᠢᠷᠠᠭ ᠬᠠᠮᠲᠤ᠎ᠪᠠᠷ ᠠᠶᠠᠯᠠᠬᠤ 》 ᠭᠣᠣᠯ ᠰᠡᠳᠦᠪᠲᠦ ᠨᠠᠮ᠎ᠤ᠋ᠨ ᠡᠳᠦᠷ᠎ᠦ᠋ᠨ ᠠᠵᠢᠯᠯᠠᠭ᠎ᠠ᠎ᠶᠢ ᠥᠷᠨᠢᠭᠦᠯᠵᠦ᠍᠂ ᠥᠪᠥᠷ ᠮᠣᠩᠭᠣᠯ᠎ᠤ᠋ᠨ ᠠᠨᠠᠭᠠᠬᠤ ᠤᠬᠠᠭᠠᠨ᠎ᠤ᠋ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ᠋ ᠡᠮᠴᠢᠯᠡᠭᠡᠨ᠎ᠦ᠌ ᠱᠢᠮ᠎ᠡ ᠲᠡᠵᠢᠭᠡᠯ᠎ᠤᠨ ᠰᠠᠯᠠᠭᠠᠨ᠎ᠤ ᠯᠢᠨ ᠵᠢᠩ ᠡᠮᠴᠢ᠎ᠶᠢ ᠤᠷᠢᠵᠤ 《 ᠡᠷᠡᠭᠦᠯ ᠮᠡᠨᠳᠦ᠍ᠳ᠋ᠦ᠍ ᠠᠱᠢᠭ᠍ᠲᠠᠢ ᠢᠳᠡᠭᠡᠨ ᠤᠮᠳᠠᠭᠠᠨᠤ᠋ ᠪᠦᠲᠦᠴᠡ 》ᠭᠡᠬᠦ᠌ ᠰᠡᠳᠦᠪ᠎ᠢᠶᠠᠷ ᠲᠤᠰᠭᠠᠢ ᠰᠡᠳᠦᠪᠲᠦ ᠲᠠᠢᠯᠤᠮᠵᠢ ᠬᠢᠯᠭᠡᠵᠦ᠍᠂ ᠡᠩ᠎ᠦ᠋ᠨ ᠬᠥᠮᠦᠰ᠎ᠦ᠋ᠨ ᠢᠳᠡᠭᠡᠨ ᠤᠮᠳᠠᠭᠠᠨᠤ᠋ ᠵᠦᠭ᠌ᠯᠡᠭᠦᠷᠢ᠋ ᠨᠠᠷᠢᠨ ᠲᠠᠢᠯᠪᠤᠷᠢᠯᠠᠵᠤ᠂ ᠱᠢᠨᠵᠢᠯᠡᠬᠦ᠌ ᠤᠬᠠᠭᠠᠨᠴᠢ ᠱᠢᠮ᠎ᠡ ᠲᠡᠵᠢᠭᠡᠯ᠂ ᠵᠢᠮ᠎ᠡ ᠶᠣᠰᠤᠴᠢ ᠠᠵᠢᠯᠯᠠᠵᠤ ᠠᠮᠠᠷᠠᠬᠤ ᠪᠠ ᠵᠣᠬᠢᠰᠲᠠᠢ ᠬᠥᠳᠡᠯᠭᠡᠭᠡᠨ ᠬᠢᠬᠦ᠌᠎ᠶᠢᠨ ᠴᠢᠬᠤᠯᠠ ᠴᠢᠨᠠᠷ᠎ᠢ᠋ ᠴᠢᠬᠤᠯᠠᠴᠢᠯᠠᠭ᠍ᠰᠠᠨ ᠪᠥᠭᠡᠳ ᠵᠠᠷᠢᠮ ᠳᠥᠭᠥᠮ ᠬᠢᠯᠪᠠᠷ ᠡᠷᠡᠭᠦᠯ ᠮᠡᠨᠳᠦ᠍᠎ᠶ᠋ᠢ ᠪᠠᠲᠤᠯᠠᠬᠤ ᠠᠷᠭ᠎ᠠ᠎ᠶᠢ ᠲᠠᠨᠢᠯᠴᠠᠭᠤᠯᠵᠤ᠂ ᠠᠬᠠᠮᠠᠳ ᠨᠥᠬᠥᠳᠦ᠋ᠨ ᠤᠳᠠᠭᠠᠨ ᠴᠢᠨᠠᠷᠲᠠᠢ ᠡᠪᠡᠳᠴᠢᠨ᠎ᠤᠨ ᠰᠡᠷᠭᠡᠢᠯᠡᠯᠲᠡ ᠪᠠ ᠬᠠᠮᠢᠶᠠᠷᠤᠯᠲᠠ᠎ᠳᠤ ᠪᠣᠳᠠᠲᠤ ᠵᠢᠯᠣᠭᠣᠳᠤᠯᠭ᠎ᠠ ᠬᠠᠩᠭᠠᠪᠠ᠃
ᠠᠬᠠᠮᠠᠳ ᠨᠥᠬᠥᠳ᠂ ᠲᠤᠰ ᠤᠳᠠᠭᠠᠨ᠎ᠤ ᠶᠢᠰᠦᠨ ᠰᠠᠷ᠎ᠠ᠎ᠶ᠋ᠢᠨ ᠶᠢᠰᠦᠨ᠎ᠤ ᠪᠠᠶᠠᠷ᠎ᠤᠨ ᠱᠢᠷᠢᠰ ᠠᠵᠢᠯᠯᠠᠭ᠎ᠠ᠎ᠶ᠋ᠢᠨ ᠠᠭᠤᠯᠭ᠎ᠠ ᠨᠢ ᠨᠠᠷᠢᠨ ᠪᠣᠳᠠᠲᠠᠶ᠂ ᠬᠡᠯᠪᠡᠷᠢ ᠨᠢ ᠠᠮᠢᠳᠤᠯᠢᠭ᠂ ᠲᠣᠬᠢᠷᠠᠭᠤᠯᠤᠯᠲᠠ ᠨᠢ ᠨᠠᠷᠢᠨ ᠨᠢᠮᠪᠠᠢ ᠪᠠᠢᠵᠤ᠂ ᠣᠯᠠᠨ᠎ᠳᠤ ᠵᠣᠬᠢᠶᠠᠨ ᠪᠠᠢᠭᠤᠯᠤᠯᠲᠠ᠎ᠶ᠋ᠢᠨ ᠬᠢᠵᠠᠭᠠᠯᠠᠰᠢ ᠦᠭᠡᠢ ᠬᠠᠯᠠᠮᠵᠢᠯᠠᠯ ᠬᠦᠷᠲᠡᠭᠡᠭ᠌ᠰᠡᠨ ᠲᠥᠷᠥᠭ᠌ᠳᠡᠯ᠎ᠢ ᠣᠯᠭᠣᠪᠠ ᠭᠡᠵᠦ᠍ ᠰᠠᠨᠠᠯ ᠨᠢᠭᠡᠲᠡᠶ ᠦᠵᠡᠵᠦ᠍ ᠪᠤᠢ᠃ ᠠᠵᠢᠯᠯᠠᠭ᠎ᠠ᠎ᠨᠢ ᠮᠡᠳᠡᠯᠭᠡ᠎ᠶ᠋ᠢ ᠤᠯᠠᠮᠵᠢᠯᠠᠵᠤ᠂ ᠡᠷᠡᠭᠦᠯ ᠮᠡᠨᠳᠦ᠍᠎ᠶ᠋ᠢ ᠠᠬᠢᠭᠤᠯᠵᠤ᠂ ᠬᠠᠢᠷ᠎ᠠ ᠰᠡᠳᠭᠢᠯᠭᠡ᠎ᠶ᠋ᠢ ᠨᠢᠭ᠍ᠲᠠᠷᠠᠭᠤᠯᠬᠤ᠎ᠶ᠋ᠢᠨ ᠬᠠᠮᠲᠤ᠌᠂ ᠨᠠᠰᠤᠲᠠᠨ᠎ᠢᠶᠠᠨ ᠳᠡᠭᠡᠳᠦᠯᠡᠬᠦ᠌ ᠨᠠᠰᠤᠲᠠᠨ᠎ᠢᠶᠠᠨ ᠬᠦᠨᠳᠦᠯᠡᠬᠦ᠂ ᠡᠶ᠎ᠡ ᠵᠣᠬᠢᠴᠠᠩᠭᠤᠢ᠎ᠪᠠᠷ ᠬᠠᠮᠲᠤ ᠤᠷᠤᠭ᠍ᠰᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠤᠯᠠᠮ ᠢᠯᠡᠭᠦᠦ ᠪᠤᠢ ᠪᠣᠯᠭᠠᠵᠤ᠂ ᠠᠬᠠᠮᠠᠳ ᠨᠥᠬᠦᠳ᠎ᠢ ᠦᠨᠡᠨ ᠬᠦ᠌ ᠤᠶᠤᠨ ᠰᠠᠨᠠᠭᠠᠨ᠎ᠤ ᠲᠠᠯ᠎ᠠ᠎ᠪᠠᠷ ᠬᠠᠷᠢᠶᠠᠯᠠᠭᠤᠯᠵᠤ᠂ ᠠᠮᠢᠳᠤᠷᠠᠯ᠎ᠤᠨ ᠲᠠᠯ᠎ᠠ᠎ᠪᠠᠷ ᠬᠠᠯᠠᠭᠤᠨ ᠳᠤᠯᠠᠭᠠᠨ᠂ ᠬᠠᠢᠷ᠎ᠠ ᠰᠡᠳᠭᠢᠯᠭᠡ᠎ᠶ᠋ᠢᠨ ᠲᠠᠯ᠎ᠠ᠎ᠪᠠᠷ ᠲᠦᠱᠢᠭ ᠲᠤᠯᠭᠠᠭᠤᠷᠢ ᠲᠠᠢ᠂ ᠲᠡᠳᠡᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠣᠯ ᠵᠢᠷᠭᠠᠯ ᠪᠠ ᠠᠮᠤᠷ ᠲᠦᠪᠱᠢᠨ᠎ᠤ ᠲᠦᠷᠦᠭ᠌ᠳᠡᠯ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠪᠡ᠃
( ᠠᠵᠢᠯ᠎ᠠᠴᠠ᠎ᠪᠠᠨ ᠰᠠᠯᠵᠤ ᠪᠠᠭᠤᠵᠤ ᠠᠮᠠᠷᠠᠭ᠍ᠰᠠᠳ᠎ᠤᠨ ᠠᠵᠢᠯ᠎ᠤᠨ ᠭᠠᠵᠠᠷ )