731        ᠬᠦᠴᠦᠨ ᠨᠡᠮᠡᠷᠢᠯᠡᠵᠦ          
2025-12-04

ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ ᠪᠣᠯ ᠵᠠᠯᠠᠭᠤᠴᠤᠳ᠎ᠢ ᠨᠢᠭ᠍ᠲᠠᠷᠠᠭᠤᠯᠬᠤ᠂ ᠵᠠᠯᠠᠭᠤᠴᠤᠳ᠎ᠢ ᠬᠥᠮᠦᠵᠢᠭᠦᠯᠬᠦ᠌ ᠴᠢᠬᠤᠯᠠ ᠠᠴᠢᠶᠠᠯᠠᠪᠤᠷᠢ ᠪᠣᠯᠤᠨ᠎ᠠ᠂ 731 ᠤᠯᠠᠮᠵᠢᠯᠠᠯᠲᠤ ᠰᠤᠷᠤᠯᠴᠠᠯᠭ᠎ᠠ᠎ᠶ᠋ᠢᠨ ᠵᠠᠭ᠍ᠪᠤᠷ᠎ᠢ ᠢᠳᠡᠪᠬᠢᠲᠡᠢ ᠱᠢᠪᠲᠤᠯᠤᠯᠲᠠ ᠬᠢᠵᠦ᠍᠂ ᠠᠭᠤᠯᠭ᠎ᠠ᠎ᠶ᠋ᠢ ᠪᠦᠬᠦᠨ᠎ᠢ ᠬᠠᠮᠤᠷᠬᠤ᠂ ᠵᠠᠭ᠍ᠪᠤᠷ᠎ᠢ ᠤᠯᠠᠨ ᠡᠱᠢᠵᠢᠭᠦᠯᠬᠦ᠂ ᠦᠢᠯᠡᠳᠦᠯᠭᠡ᠎ᠶ᠋ᠢᠨ ᠭᠦᠨ ᠳᠠᠪᠬᠤᠷᠭ᠎ᠠ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠪᠠᠢᠭᠤᠯᠵᠤ᠂ ᠤᠨᠤᠯ᠎ᠢᠶᠠᠷ ᠵᠡᠪᠰᠡᠭ᠌ᠯᠡᠬᠦ᠌᠎ᠶ᠋ᠢ ᠴᠢᠩᠭ᠋ᠠᠷᠠᠭᠣᠯᠬᠣ᠂ ᠴᠠᠭᠠᠷᠠᠭ᠍ᠰᠠᠨ ᠴᠢᠳᠠᠪᠤᠷᠢ᠎ᠶ᠋ᠢ ᠳᠠᠪᠲᠠᠨ ᠪᠣᠯᠪᠠᠰᠤᠷᠠᠭᠤᠯᠬᠤ᠂ ᠨᠡᠢᠭᠡᠮ᠎ᠤᠨ ᠶᠡᠭᠡ ᠲᠠᠯ᠎ᠠ᠎ᠳᠤ ᠦᠢᠯᠡᠴᠢᠯᠡᠬᠦ᠌ ᠪᠠ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠣᠷᠣᠯᠴᠠᠬᠤ᠎ᠳᠤ ᠵᠠᠯᠠᠭᠤᠴᠤᠳ᠎ᠤᠨ ᠬᠠᠷᠢᠭᠤᠴᠠᠯᠭ᠎ᠠ ᠪᠠ ᠡᠭᠦᠷᠭᠡᠯᠡᠯ᠎ᠢ ᠭᠦᠢᠴᠡᠳ ᠢᠯᠡᠷᠡᠭᠦᠯᠪᠡ᠃

ᠰᠣᠷᠣᠬᠣᠢ ᠳ᠋ᠤᠷ ᠣᠯᠠᠨ ᠶᠠᠩᠵᠦ ᠲᠠᠢ᠂ ᠦᠰᠦᠨ ᠪᠤᠢ᠌ᠵᠢᠬᠤᠢ ᠳ᠋ᠤᠷ ᠠᠷᠭ᠎ᠠ ᠲᠠᠢ᠃ 731 ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ᠎ᠨᠢ ᠤᠨᠤᠯ᠎ᠤᠨ ᠰᠤᠷᠤᠯᠴᠠᠯᠭ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ 《 ᠵᠠᠯᠠᠭᠤᠴᠤᠳ᠎ᠤᠨ ᠶᠠᠷᠢᠶᠠᠨ᠎ᠤ ᠲᠠᠩᠬᠢᠮ 》᠎ᠢᠶᠡᠷ ᠭᠤᠣᠯ ᠲᠠᠪᠴᠠᠩ ᠪᠣᠯᠭᠠᠵᠤ᠂ ᠤᠯᠠᠨ ᠬᠠᠷᠠᠭᠠᠰᠤ᠎ᠠᠴᠠ ᠠᠭᠤᠯᠭ᠎ᠠ᠎ᠶᠢᠨ ᠬᠠᠩᠭ᠋ᠠᠯᠭ᠎ᠠ᠎ᠶᠢ ᠪᠠᠶᠠᠯᠢᠭ᠍ᠵᠢᠭᠤᠯᠪᠠ᠃ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠱᠢᠰᠲ᠋ᠧᠮ᠎ᠲᠠᠢ ᠰᠤᠷᠤᠯᠴᠠᠬᠤ᠎ᠪᠠᠷ ᠳᠠᠮᠵᠢᠭᠤᠯᠤᠨ᠂ ᠢᠲᠡᠭᠡᠯ ᠪᠢᠱᠢᠷᠡᠯ᠎ᠤᠨ ᠰᠠᠭᠤᠷᠢ᠎ᠶ᠋ᠢ ᠲᠠᠰᠤᠷᠠᠯᠲᠠ ᠦᠭᠡᠢ ᠪᠠᠬᠢᠵᠢᠭᠦᠯᠵᠦ᠍᠂ ᠤᠶᠤᠨ ᠰᠠᠨᠠᠭᠠᠨ᠎ᠤ ᠺᠠᠯᠼ᠎ᠢ ᠭᠦᠢᠴᠡᠳ ᠨᠦᠭᠦᠪᠤᠷᠢᠯᠡᠪᠡ; ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠱᠢᠷᠢᠰ ᠲᠠᠢᠯᠤᠮᠵᠢ᠎ᠶ᠋ᠢ ᠡᠷᠬᠢᠯᠡᠬᠦ᠌᠎ᠪᠠᠷ ᠳᠠᠮᠵᠢᠭᠤᠯᠤᠨ᠂ ᠺᠠᠳ᠋ᠷ ᠠᠵᠢᠯᠳᠠᠨ ᠠᠵᠢᠯᠴᠢᠨ᠎ᠢ ᠬᠦᠳᠦᠯᠦᠨ ᠵᠢᠯᠣᠭᠤᠳᠴᠤ᠌ ᠪᠠᠢᠭᠠᠳ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠠᠴᠠ ᠤᠶᠤᠨ ᠰᠠᠨᠠᠭᠠᠨ᠎ᠤ ᠱᠢᠮ᠎ᠡ ᠲᠡᠵᠢᠭᠡᠯ ᠪᠠ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠱᠢᠩᠭᠡᠭᠡᠨ ᠠᠪᠣᠪᠠ; ᠵᠣᠬᠢᠶᠠᠮᠠᠯ ᠤᠶᠤᠨ ᠴᠢᠳᠠᠪᠤᠷᠢ ᠵᠡᠷᠭᠡ ᠬᠤᠱᠢᠭᠤᠷᠠᠯ ᠱᠢᠨᠵᠢᠯᠡᠬᠦ᠌ ᠤᠬᠠᠭᠠᠨ ᠮᠡᠷᠭᠡᠵᠢᠯ᠎ᠢ ᠢᠳᠡᠪᠬᠢᠲᠡᠢ ᠰᠦᠪᠡᠭ᠌ᠴᠢᠯᠡᠵᠦ᠍᠂ ᠷᠠᠳᠢᠣ᠋ ᠲᠧᠯᠸᠢᠰ᠎ᠤᠨ ᠮᠡᠷᠭᠡᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠵᠠᠯᠠᠭᠤᠴᠤᠳ᠎ᠤᠨ ᠲᠤᠰᠭᠠᠢ ᠮᠡᠷᠭᠡᠵᠢᠯ᠎ᠤᠨ ᠬᠠᠲᠠᠭᠤ ᠪᠣᠳᠠᠲᠤ ᠬᠦᠴᠦᠨ᠎ᠢ ᠳᠡᠭᠡᠭ᠌ᠰᠢᠯᠡᠭᠦᠯᠬᠦ᠌᠎ᠳᠤ ᠬᠦᠴᠦᠨ ᠨᠡᠮᠡᠷᠢᠯᠡᠪᠡ᠃ ᠡᠢ᠌ᠮᠥᠷᠭᠥᠥ ᠪᠣᠰᠤᠭ᠎ᠠ ᠴᠤᠭᠴᠠᠵᠢᠭᠰᠠᠨ᠂ ᠱᠢᠰᠲ᠋ᠧᠮᠵᠢᠭ᠌ᠰᠡᠨ ᠮᠡᠳᠡᠯᠭᠡ᠎ᠶ᠋ᠢᠨ ᠲᠣᠭᠲᠠᠯᠴᠠᠭ᠎ᠠ᠎ᠨᠢ ᠵᠠᠯᠠᠭᠤᠴᠤᠳ᠎ᠤᠨ ᠬᠠᠷᠠᠭ᠎ᠠ᠎ᠶ᠋ᠢ ᠪᠦᠲᠦᠮᠵᠢᠲᠡᠢ ᠥᠷᠭᠡᠳᠭᠡᠵᠦ᠍᠂ ᠶᠡᠷᠦᠩᠬᠡᠢᠯᠡᠭ᠌ᠰᠡᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠵᠠᠯᠠᠭᠤᠴᠤᠳ᠎ᠤᠨ ᠦᠰᠦᠨ ᠪᠤᠢᠵᠢᠵᠤ ᠴᠢᠳᠠᠪᠤᠷᠢᠲᠠᠨ ᠪᠣᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠠᠢ᠃

ᠰᠤᠷᠤᠯᠴᠠᠬᠤ ᠪᠠ  ᠬᠦᠳᠡᠯᠬᠦ᠎ᠶ᠋ᠢ ᠤᠶᠠᠯᠳᠤᠭᠤᠯᠵᠤ᠂  ᠮᠡᠳᠡᠭᠦᠢ ᠪᠠ  ᠬᠢᠬᠦᠢ ᠶ᠋ᠢ ᠵᠡᠷᠭᠡ᠎ᠪᠠᠷ ᠶᠠᠪᠤᠭᠣᠯᠪᠠ᠃ 731 ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ 《 ᠴᠢ ᠶᠠᠷᠢᠵᠦ ᠪᠢ ᠰᠣᠨᠣᠰᠭᠤ 》  ᠲᠠᠩ ᠴᠢᠭ᠌ᠯᠡᠯ᠎ᠢᠶᠠᠷ ᠨᠡᠪᠲᠡᠷᠡᠭᠦᠯᠬᠦ᠌ ᠵᠠᠭ᠍ᠪᠤᠷ᠎ᠢ ᠲᠠᠶᠠᠭᠳᠠᠭᠤᠯᠤᠨ᠂ ᠬᠠᠷᠢᠯᠴᠠᠨ ᠬᠥᠳᠡᠯᠦᠯᠴᠡᠬᠦ᠌ ᠪᠠ ᠦᠢᠯᠡᠳᠦᠯᠭᠡ᠎ᠶ᠋ᠢᠨ ᠱᠢᠨᠵᠢ ᠴᠢᠨᠠᠷ᠎ᠢ ᠳᠣᠪᠤᠢᠯᠭᠠᠪᠠ᠃ 《 ᠡᠭᠡᠯᠵᠢᠯᠡᠨ ᠶᠠᠷᠢᠬᠤ 》ᠵᠠᠭ᠍ᠪᠤᠷ᠎ᠢ ᠬᠡᠷᠡᠭ᠌ᠵᠢᠭᠦᠯᠵᠦ᠍᠂  《 ᠬᠥᠮᠦᠨ ᠪᠦᠬᠦᠨ ᠴᠥᠮ ᠪᠠᠭ᠍ᠰᠢ ᠪᠣᠯᠬᠤ 》 ᠎ᠪᠠᠷ ᠰᠤᠷᠤᠯᠴᠠᠬᠤ ᠰᠠᠨᠠᠭᠠᠴᠢᠯᠠᠭᠠᠲᠤ ᠴᠢᠨᠠᠷ ᠪᠠ ᠬᠠᠮᠲᠤ᠎ᠪᠠᠷ ᠡᠳ᠋ᠯᠡᠬᠦ᠌ ᠴᠢᠨᠠᠷ᠎ᠢ ᠬᠦᠭᠵᠢᠭᠡᠪᠡ; 《 ᠣᠷᠣᠭᠤᠯᠤᠨ ᠠᠪᠴᠢᠷᠠᠬᠤ 》 ᠵᠠᠭ᠍ᠪᠤᠷ᠎ᠢ ᠬᠡᠷᠡᠭ᠌ᠵᠢᠭᠦᠯᠵᠦ᠍᠂ ᠦᠢᠯᠡᠳᠪᠦᠷᠢᠯᠡᠯ᠎ᠤᠨ ᠨᠢᠭᠡᠳᠦᠭᠡᠷ ᠹᠷᠣᠨᠲ᠎ᠤᠨ ᠲᠤᠰᠭᠠᠢ ᠮᠡᠷᠭᠡᠵᠢᠯᠲᠡᠨ᠎ᠢ ᠤᠷᠢᠵᠤ ᠪᠣᠯᠪᠠᠰᠣᠷᠠᠯ ᠥᠷᠨᠢᠭᠦᠯᠦᠨ᠂ ᠤᠨᠤᠯ᠎ᠤᠨ ᠲᠠᠢᠯᠪᠤᠷᠢᠯᠠᠯᠲᠠ᠂ ᠭᠠᠷ ᠬᠥᠳᠡᠯᠦᠨ ᠠᠵᠢᠯᠯᠠᠭᠤᠯᠬᠤ᠂ ᠲᠤᠬᠠᠢ᠎ᠶ᠋ᠢᠨ ᠲᠠᠯᠠᠪᠠᠢ᠎ᠳᠤ ᠮᠠᠳᠠᠭ᠎ᠲᠠᠢ ᠠᠰᠠᠭᠤᠳᠠᠯ᠎ᠢ ᠱᠢᠢᠳᠪᠦᠷᠢᠯᠡᠬᠦ᠌ ᠵᠡᠷᠭᠡ ᠠᠷᠭ᠎ᠠ ᠬᠡᠯᠪᠡᠷᠢ᠎ᠪᠠᠷ ᠲᠤᠰᠭᠠᠢ ᠮᠡᠷᠭᠡᠵᠢᠯ᠎ᠤᠨ ᠲᠦᠪᠱᠢᠨ᠎ᠢ ᠲᠦᠷᠭᠡᠨ ᠳᠡᠭᠡᠭᠰᠢᠯᠡᠭᠦᠯᠪᠡ; 《 ᠭᠠᠳᠠᠭ᠍ᠰᠢ ᠭᠠᠷᠬᠤ 》 ᠵᠠᠭ᠍ᠪᠤᠷ᠎ᠢ ᠬᠡᠷᠡᠭ᠌ᠵᠢᠭᠦᠯᠵᠦ᠍᠂ ᠲᠥᠬᠦᠭᠡᠷᠦᠮᠵᠢ ᠣᠢ᠌ᠯᠡᠳᠪᠤᠷᠢᠯᠡᠬᠦ ᠤᠢᠯᠡᠳᠪᠤᠷᠢ᠂ CCBN ᠦᠵᠡᠰᠭᠦᠯᠡᠩ᠎ᠤᠨ ᠴᠤᠭ᠍ᠯᠠᠭᠠᠨ ᠵᠡᠷᠭᠡ᠎ᠳᠤ ᠣᠷᠣᠵᠤ᠂ ᠬᠢᠴᠢᠶᠡᠯ᠎ᠤᠨ ᠲᠠᠩᠬᠢᠮ᠎ᠢ ᠦᠢᠯᠡᠳᠪᠦᠷᠢᠯᠡᠯ᠎ᠤᠨ ᠨᠢᠭᠡᠳᠦᠭᠡᠷ ᠹᠷᠣᠨᠲ ᠪᠠ ᠮᠡᠷᠭᠡᠵᠢᠯ᠎ᠤᠨ ᠡᠮᠦᠨ᠎ᠡ ᠹᠷᠣᠨᠲ ᠬᠦᠷᠲᠡᠯ᠎ᠡ ᠥᠷᠭᠡᠳᠭᠡᠵᠦ᠍᠂ ᠤᠨᠤᠯ᠎ᠤᠨ ᠮᠡᠳᠡᠯᠭᠡ ᠪᠠ ᠪᠣᠳᠠᠲᠠᠢ ᠬᠡᠷᠡᠭ᠌ᠯᠡᠯᠲᠡ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠵᠠᠯᠠᠭᠤᠴᠤᠳ᠎ᠤᠨ ᠠᠵᠢᠯ ᠲᠦᠷᠦᠯ᠎ᠢ ᠡᠵᠡᠮᠳᠡᠵᠦ᠍᠂ ᠱᠢᠨ᠎ᠡ᠎ᠶ᠋ᠢ ᠡᠭᠦᠳᠬᠦ᠌ ᠠᠪᠢᠶᠠᠰ ᠪᠢᠯᠢᠭ᠎ᠢ ᠬᠥᠭ᠌ᠵᠢᠭᠡᠬᠦ᠌᠎ᠳᠤ ᠬᠦᠴᠦᠨ ᠨᠡᠮᠡᠷᠢᠯᠡᠪᠡ᠃

ᠣᠯᠠᠨ ᠲᠦᠮᠡᠨ᠎ᠲᠡᠢ ᠰᠡᠳᠭᠢᠯ ᠵᠢᠷᠦᠬᠡ᠎ᠪᠡᠨ ᠬᠣᠯᠪᠣᠵᠤ᠂ ᠨᠡᠢᠭᠡᠮ᠎ᠳᠦ ᠤᠢ᠌ᠯᠡᠴᠢᠯᠡᠪᠡ᠃ 731 ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ᠎ᠤᠨ ᠱᠢᠨ᠎ᠡ᠎ᠶ᠋ᠢ ᠡᠭᠦᠳᠬᠦ᠌ ᠰᠦᠪᠡᠭ᠌ᠴᠢᠯᠡᠯᠲᠡ᠎ᠶ᠋ᠢ ᠳᠣᠲᠣᠭᠠᠳᠤ᠎ᠳᠤ᠎ᠪᠠᠨ ᠳᠡᠭᠡᠭ᠌ᠰᠢᠯᠡᠭᠦᠯᠬᠦ᠌᠎ᠪᠠᠷ ᠵᠣᠭ᠍ᠰᠣᠬᠤ ᠦᠭᠡᠢ᠂ ᠨᠡᠩ ᠴᠤ᠌ ᠰᠤᠷᠤᠯᠴᠠᠯᠭ᠎ᠠ᠎ᠶ᠋ᠢᠨ ᠦᠷ᠎ᠡ ᠪᠦᠲᠦᠭᠡᠯ᠎ᠢᠶᠠᠨ ᠨᠡᠢᠭᠡᠮ᠎ᠤᠨ ᠬᠠᠷᠢᠭᠤᠴᠠᠯᠭ᠎ᠠ ᠪᠣᠯᠤᠨ ᠦᠢᠯᠡᠳᠦᠯᠭᠡ᠎ᠶ᠋ᠢᠨ ᠬᠤᠯᠪᠣᠯᠳᠤᠯ ᠪᠣᠯᠭᠠᠨ ᠬᠤᠪᠢᠷᠠᠭᠤᠯᠪᠠ᠃ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠤ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ ᠪᠦᠷᠢᠯᠳᠦᠬᠦᠨ ᠨᠡᠷ ᠳᠠᠭᠠᠭᠠᠴᠢᠯᠠᠨ ᠬᠤᠯᠪᠤᠭᠠᠯᠠᠭ᠍ᠰᠠᠨ ᠨᠡᠢᠭᠡᠮ ᠲᠣᠭᠤᠷᠢᠭ᠎ᠲᠤ ᠭᠦᠨᠵᠡᠭᠡᠢᠷᠡᠨ ᠠᠮᠢᠳᠤᠷᠠᠯ᠎ᠨᠢ ᠬᠦᠴᠢᠷᠳᠡᠯᠲᠡᠶ ᠠᠢᠯ ᠡᠷᠦᠬᠡ᠎ᠶ᠋ᠢ ᠲᠣᠬᠤᠨᠢᠭᠤᠯᠵᠤ᠂ ᠬᠠᠢᠷ᠎ᠠ ᠬᠠᠯᠠᠮᠵᠢ ᠬᠦᠷᠭᠡᠪᠡ; ᠲᠠᠯ᠎ᠠ ᠨᠤᠲᠤᠭ᠎ᠤᠨ ᠮᠠᠯᠵᠢᠬᠤ ᠣᠷᠣᠨ᠎ᠳᠤ ᠬᠦᠷᠴᠦ᠍᠂ ᠮᠠᠯᠴᠢᠳ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠣᠢᠯᠠᠭᠠᠵᠤ᠂ ᠷᠠᠳᠢᠣ᠋ ᠲᠧᠯᠸᠢᠰ᠎ᠤᠨ ᠲᠥᠬᠦᠭᠡᠷᠦᠮᠵᠢ᠎ᠶ᠋ᠢ ᠬᠠᠮᠠᠭᠠᠯᠠᠪᠠ᠃ ᠡᠭᠦᠨ᠎ᠤ ᠬᠠᠮᠲᠤ᠌᠂ ᠤᠬᠠᠭᠤᠯᠭ᠎ᠠ᠎ᠶ᠋ᠢᠨ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠭᠠᠵᠠᠷ ᠣᠷᠣᠨ᠎ᠤ ᠣᠨᠴᠠᠯᠢᠭ᠎ᠲᠠᠢ ᠤᠶᠠᠯᠳᠤᠭᠤᠯᠤᠨ᠂ ᠲᠥᠬᠦᠮ ᠣᠢᠯᠠᠭᠠᠮᠵᠢᠲᠠᠶ ᠦᠭᠡ ᠬᠡᠯᠡ᠎ᠪᠠᠷ ᠦᠨᠳᠦᠰᠦᠲᠡᠨ᠎ᠤ ᠪᠦᠯᠬᠦᠮᠳᠡᠯ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠠᠬᠢ ᠪᠣᠶ ᠪᠣᠯᠭᠠᠵᠤ᠂ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠪᠠᠷ ᠬᠤᠯᠪᠣᠭᠠᠰᠤ ᠪᠣᠯᠭᠠᠨ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠪᠠ᠃

ᠵᠠᠯᠠᠭᠤ ᠬᠤᠱᠢᠭᠤᠴᠢ ᠴᠡᠷᠢᠭ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠢ ᠡᠭᠦᠷᠭᠡᠯᠡᠪᠡ᠃ 731 ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ ᠡᠷᠬᠢᠮ ᠳᠡᠭᠡᠳᠦ ᠢᠲᠡᠭᠡᠯ ᠵᠣᠷᠢᠭ᠎ᠢᠶᠠᠨ ᠭᠡᠷ ᠣᠷᠣᠨ᠎ᠢᠶᠠᠨ ᠰᠠᠬᠢᠨ ᠬᠠᠮᠠᠭᠠᠯᠠᠬᠤ ᠪᠠᠲᠤ ᠪᠠᠬᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠬᠠᠮᠰᠠᠷ᠎ᠠᠴᠠ᠎ᠪᠠᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠪᠡ ᠃ 2020 ᠣᠨ᠎ᠳᠤ ᠭᠣᠣᠯᠯᠠᠭᠴᠢ ᠡᠷᠦᠬᠡ᠎ᠶ᠋ᠢᠨ ᠴᠡᠷᠢᠭ᠎ᠤᠨ ᠡᠩᠨᠡᠭᠡ᠎ᠶ᠋ᠢ ᠪᠠᠢᠭᠤᠯᠤᠭ᠍ᠰᠠᠨ᠎ᠠᠴᠠ ᠨᠠᠰᠢ᠂ ᠨᠡᠢᠲᠡ 25 ᠱᠢᠯᠢᠳᠡᠭ ᠵᠠᠯᠠᠭᠤᠴᠤᠳ ᠡᠷᠦᠬᠡ᠎ᠶ᠋ᠢᠨ ᠴᠡᠷᠢᠭ᠎ᠤᠨ ᠵᠣᠬᠢᠶᠠᠨ ᠪᠠᠢᠭᠤᠯᠤᠯᠲᠠ᠎ᠳᠤ ᠣᠷᠣᠪᠠ᠃ ᠲᠡᠳᠡ ᠴᠡᠷᠢᠭ᠎ᠤᠨ ᠶᠠᠪᠤᠳᠠᠯ᠎ᠤᠨ ᠪᠣᠯᠪᠠᠰᠤᠷᠠᠯ᠎ᠳᠤ ᠢᠳᠡᠪᠬᠢᠲᠡᠢ ᠣᠷᠣᠯᠴᠠᠵᠤ᠂ ᠴᠠᠭᠠᠷᠠᠭ᠍ᠰᠠᠨ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠤᠷᠢᠳ ᠬᠤᠵᠢᠳ 10 ᠪᠦᠯᠦᠭ ᠤᠳᠠᠭ᠎ᠠ᠎ᠶ᠋ᠢᠨ ᠲᠤᠰᠭᠠᠢ ᠡᠭᠦᠷᠭᠡ᠎ᠶ᠋ᠢ ᠡᠭᠦᠷᠭᠡᠯᠡᠵᠦ᠍ ᠲᠡᠭᠦᠰ ᠠᠮᠵᠢᠯᠲᠠ᠎ᠲᠠᠢ ᠪᠡᠶᠡᠯᠡᠭᠦᠯᠵᠦ᠍᠂ ᠨᠡᠢᠭᠡᠮ᠎ᠤᠨ ᠲᠣᠭ᠍ᠲᠠᠭᠤᠨ ᠪᠠᠢᠳᠠᠯ᠎ᠢ ᠬᠠᠮᠠᠭᠠᠯᠠᠬᠤ᠂ ᠪᠠᠴᠢᠮ ᠪᠠᠢᠳᠠᠯ᠎ᠢ ᠠᠷᠭᠠᠴᠠᠭᠠᠨ ᠭᠡᠨᠡᠳᠲᠡ᠎ᠶ᠋ᠢᠨ ᠬᠡᠷᠡᠭ᠎ᠢ ᠱᠢᠢᠳᠪᠦᠷᠢᠯᠡᠬᠦ᠌᠎ᠳᠤ ᠣᠷᠣᠯᠴᠠᠬᠤ ᠵᠡᠷᠭᠡ ᠲᠠᠯ᠎ᠠ᠎ᠪᠠᠷ ᠢᠳᠡᠪᠬᠢᠲᠡᠢ ᠦᠢᠯᠡᠳᠦᠯ ᠦᠵᠡᠭᠦᠯᠪᠡ᠃ ᠬᠤᠪᠢ ᠨᠡᠮᠡᠷᠢ᠎ᠨᠢ ᠳᠤᠪᠤᠢᠮ᠎ᠠ ᠣᠴᠢᠷ᠎ᠠᠴᠠ᠂ 731 ᠬᠤᠶᠠᠷ ᠵᠢᠯ ᠳᠠᠷᠠᠭᠠᠯᠠ 《 ᠡᠷᠦᠬᠡ᠎ᠶ᠋ᠢᠨ ᠴᠡᠷᠢᠭ᠎ᠤᠨ ᠠᠵᠢᠯ᠎ᠤᠨ ᠲᠡᠷᠢᠭᠦᠨ᠎ᠤ ᠨᠢᠭᠡᠴᠢ 》 ᠎ᠪᠠᠷ ᠦᠨᠡᠯᠡᠭ᠌ᠳᠡᠵᠦ᠍᠂ ᠨᠢᠭᠡ ᠵᠠᠯᠠᠭᠤ ᠬᠤᠶᠠᠷ ᠤᠳᠠᠭ᠎ᠠ 《 ᠱᠢᠯᠢᠳᠡᠭ ᠡᠷᠦᠬᠡ᠎ᠶ᠋ᠢᠨ ᠴᠡᠷᠢᠭ᠎ᠤᠨ ᠺᠠᠳ᠋ᠷ 》 ᠎ᠤᠨ ᠴᠣᠯᠠ ᠬᠦᠷᠳᠡᠪᠡ᠃ ᠳᠤᠮᠳᠠᠳᠤ ᠤᠯᠤᠰ᠎ᠤ᠋ᠨ ᠠᠷᠠᠳ᠎ᠤ᠋ᠨ ᠴᠢᠯᠥᠭᠡᠯᠡᠬᠦ᠌ ᠴᠡᠷᠢᠭ᠎ᠦ᠋ᠨ ᠥᠪᠥᠷ ᠮᠣᠩᠭᠣᠯ᠎ᠤ᠋ᠨ ᠰᠥᠨᠢᠳ ᠪᠠᠷᠠᠭᠤᠨ ᠬᠤᠱ᠌ᠢᠭᠤᠨ᠎ᠤ᠋ ᠠᠷᠠᠳ᠎ᠤ᠋ᠨ ᠵᠡᠪᠰᠡᠭ᠌ᠲᠦ ᠬᠦᠴᠦᠨ᠎ᠦ᠌ ᠬᠡᠯᠲᠡᠰ ᠡᠨᠡ ᠬᠦ᠌ ᠠᠵᠢᠯ᠎ᠳ᠋ᠤ ᠪᠠᠶᠠᠷ᠎ᠤ᠋ᠨ ᠵᠠᠬᠢᠳᠠᠯ ᠢᠯᠡᠭᠡᠪᠡ ᠃ ᠵᠠᠯᠠᠭᠤᠴᠤᠳ᠎ᠤᠨ ᠳᠤᠭᠤᠢᠯᠠᠩ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠤᠨ ᠤᠯᠤᠰ᠎ᠢᠶᠠᠨ ᠬᠠᠢᠷᠠᠯᠠᠬᠤ ᠬᠠᠢᠷ᠎ᠠ ᠰᠡᠳᠭᠢᠯᠭᠡ ᠪᠣᠯᠤᠨ ᠡᠷᠬᠢᠮ ᠳᠡᠭᠡᠳᠦ ᠦᠷᠳᠡᠭ᠎ᠤᠨ ᠬᠥᠭᠡᠭᠡᠴᠡᠯᠳᠦᠯ᠎ᠢ ᠢᠯᠡᠷᠡᠭᠦᠯᠵᠡᠢ᠃

ᠠᠯᠢ ᠣᠯᠠᠨ ᠬᠠᠢᠨ ᠰᠦᠪᠡᠭ᠌ᠴᠢᠯᠡᠯᠲᠡ᠎ᠪᠠᠷ ᠳᠠᠮᠵᠢᠭᠤᠯᠤᠨ᠂ 731 ᠨᠢ  《 ᠣᠨᠣᠯ᠎ᠤᠨ ᠰᠤᠷᠤᠯᠴᠠᠯᠭ᠎ᠠ᠂ ᠴᠢᠳᠠᠪᠤᠷᠢ᠎ᠶ᠋ᠢᠨ ᠳᠡᠭᠡᠭ᠌ᠰᠢᠯᠡᠯᠲᠡ᠂ ᠨᠡᠢᠭᠡᠮ᠎ᠤᠨ ᠦᠢᠯᠡᠳᠦᠯᠭᠡ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠲᠦᠭᠡᠨ ᠪᠠᠢᠭᠤᠯᠤᠯᠲᠠ 》᠎ᠶ᠋ᠢ ᠨᠢᠭᠡ ᠴᠣᠭ᠍ᠴᠠᠵᠢᠭᠤᠯᠤᠭ᠍ᠰᠠᠨ ᠵᠠᠯᠠᠭᠤᠴᠤᠳ᠎ᠢ ᠶᠡᠷᠦᠩᠬᠡᠢᠯᠡᠨ ᠬᠥᠮᠦᠵᠢᠭᠦᠯᠬᠦ᠌ ᠲᠠᠪᠴᠠᠩ᠎ᠢ ᠠᠮᠵᠢᠯᠲᠠ᠎ᠲᠠᠢ ᠪᠠᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠬᠡᠪ ᠪᠣᠯᠪᠠᠰᠤᠷᠠᠯ ᠵᠢᠴᠢ ᠶᠡᠷᠦᠩᠬᠡᠢᠯᠡᠭ᠌ᠰᠡᠨ ᠴᠢᠳᠠᠪᠤᠷᠢ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠭ᠌ᠰᠡᠨ᠎ᠢᠶᠠᠷ ᠪᠠᠷᠠᠬᠤ ᠦᠭᠡᠢ᠂ ᠨᠡᠩ ᠴᠤ᠌ ᠨᠡᠢᠭᠡᠮ᠎ᠳᠤ ᠦᠢᠯᠡᠴᠢᠯᠡᠬᠦ᠌ ᠵᠢᠴᠢ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠳᠤᠮᠳᠠ ᠵᠠᠯᠠᠭᠤᠴᠤᠳ᠎ᠤᠨ ᠴᠠᠭ ᠦᠶ᠎ᠡ᠎ᠶ᠋ᠢᠨ ᠡᠭᠦᠷᠭᠡᠯᠡᠯ᠎ᠢ ᠢᠯᠡᠷᠡᠭᠦᠯᠪᠡ᠃ ᠢᠷᠡᠭᠡᠳᠦᠢ᠎ᠳᠤ᠂ 731 ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠳᠤᠭᠤᠢᠯᠠᠩ ᠦᠷᠭᠦᠯᠵᠢᠯᠡᠨ ᠬᠠᠢᠨ ᠰᠦᠪᠡᠭ᠌ᠴᠢᠯᠡᠵᠦ᠍᠂ ᠠᠭᠤᠯᠤᠭ᠍ᠳᠠᠬᠤᠨ᠎ᠢᠶᠠᠨ ᠪᠠᠶᠠᠯᠢᠭ᠍ᠵᠢᠭᠤᠯᠵᠤ᠂ ᠠᠭᠤᠯᠬᠤᠨ᠎ᠢᠶᠠᠨ ᠥᠷᠭᠡᠳᠭᠡᠵᠦ᠍᠂ ᠵᠠᠯᠠᠭᠤᠴᠤᠳ᠎ᠤᠨ ᠦᠰᠦᠨ ᠪᠤᠢᠵᠢᠯᠲᠠ ᠪᠣᠯᠤᠨ ᠠᠵᠢᠯ ᠦᠢᠯᠡᠰ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠬᠦ᠌ ᠪᠣᠯᠤᠨ᠎ᠠ᠃

( ᠳᠠᠮᠵᠢᠭᠤᠯᠤᠨ ᠰᠠᠴᠤᠷᠠᠭᠤᠯᠬᠤ ᠲᠥᠪ )

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ