ᠮᠠᠨ᠎ᠤ ᠲᠣᠪᠴᠢᠶ᠎ᠠ 《ᠴᠠᠭ᠋ᠠᠨ ᠰᠠᠷ᠎ᠠ ᠵᠢᠨ ᠠᠷᠪᠠᠨ ᠲᠠᠪᠤᠨ᠎ᠳᠤ ᠭᠡᠷ ᠬᠤᠲᠠᠯᠠᠭ᠋ᠠᠷ ᠵᠶ᠋ᠠᠨ ᠴᠤᠭᠯᠠᠷᠠᠬᠤ》 ᠭᠤᠤᠯ ᠰᠡᠳᠦᠪᠲᠦ ᠠᠵᠢᠯᠯᠠᠭ᠎ᠠ ᠵᠢ ᠥᠷᠨᠢᠭᠦᠯᠪᠡ
2025-02-14



   ᠤᠯᠠᠮᠵᠢᠯᠠᠯᠲᠤ ᠰᠣᠶᠣᠯ᠎ᠢ ᠪᠠᠳᠠᠷᠠᠭᠤᠯᠵᠤ᠂ ᠵᠠᠯᠠᠭᠤ ᠠᠵᠢᠯᠲᠠᠨ ᠠᠵᠢᠯᠴᠢᠨ᠎ᠤ ᠬᠠᠷᠢᠶᠠᠯᠠᠭᠳᠠᠬᠤ ᠰᠡᠳᠬᠢᠯᠭᠡ ᠵᠢ ᠨᠡᠮᠡᠭᠳᠡᠭᠦᠯᠬᠦ ᠵᠢᠨ ᠲᠤᠰᠠᠳᠠ ᠂ 2 ᠳ᠋ᠤᠭ᠋ᠠᠷ ᠰᠠᠷ᠎ᠠ ᠵᠢᠨ 12᠎ᠤᠨ ᠡᠳᠦᠷ᠂ ᠮᠠᠨ᠎ᠤ ᠲᠣᠪᠴᠢᠶ᠎ᠠ 《ᠴᠠᠭ᠋ᠠᠨ ᠰᠠᠷ᠎ᠠ ᠵᠢᠨ ᠠᠷᠪᠠᠨ ᠲᠠᠪᠤᠨ᠎ᠳᠤ  ᠭᠡᠷ ᠬᠤᠲᠠᠯᠠᠭ᠋ᠠᠷ ᠵᠶ᠋ᠠᠨ ᠴᠤᠭᠯᠠᠷᠠᠬᠤ 》  ᠭᠤᠤᠯ ᠰᠡᠳᠦᠪᠲᠦ ᠠᠵᠢᠯᠯᠠᠭ᠎ᠠ ᠵᠢ ᠥᠷᠨᠢᠭᠦᠯᠵᠦ᠂ ᠭᠠᠳᠠᠷ ᠣᠷᠣᠨ᠎ᠤ 50 ᠭᠠᠷᠤᠶ ᠵᠠᠯᠠᠭᠤ ᠠᠵᠢᠯᠲᠠᠨ᠎ᠢ ᠵᠣᠬᠢᠶᠠᠨ ᠪᠠᠶ᠋ᠢᠭᠤᠯᠵᠤ ᠪᠠᠩᠰᠢ ᠪᠠᠷᠢᠵᠤ᠂ ᠳ᠋ᠧᠩ᠎ᠤᠨ ᠣᠨᠢᠰᠤᠭ᠎ᠠ ᠲᠠᠭ᠋ᠠᠵᠤ᠂ ᠬᠠᠮᠲᠤ᠎ᠪᠠᠷ ᠪᠠᠶᠠᠷ᠎ᠤᠨ ᠡᠳᠦᠷ᠎ᠢ ᠥᠩᠭᠡᠷᠡᠭᠦᠯᠵᠦ᠂ ᠵᠣᠬᠢᠶᠠᠨ ᠪᠠᠶ᠋ᠢᠭᠤᠯᠤᠯᠲᠠ ᠵᠢᠨ ᠬᠠᠯᠠᠮᠵᠢᠯᠠᠯ᠎ᠢ ᠳᠠᠮᠵᠢᠭᠤᠯᠪᠠ᠃

   ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠤᠯᠠᠭ᠋ᠠᠨ ᠳ᠋ᠧᠩᠯᠦ᠂ ᠪᠤᠶᠠᠨᠲᠤ ᠦᠰᠦᠭ᠂ ᠬᠡᠢ ᠪᠥᠮᠪᠦᠭᠡ᠎ᠪᠠᠷ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠭᠦᠨ ᠵᠤᠵᠠᠭ᠋ᠠᠨ ᠪᠣᠯᠭ᠋ᠠᠵᠤ᠂ ᠵᠠᠯᠠᠭᠤ ᠠᠵᠢᠯᠲᠠᠳ ᠳᠤᠭᠤᠶ᠋ᠢᠯᠠᠩ ᠬᠤᠪᠢᠶᠠᠨ ᠬᠠᠮᠵᠢᠯᠴᠠᠵᠤ᠂ ᠪᠠᠩᠰᠢ ᠪᠠᠷᠢᠬᠤ ᠡᠯ᠎ᠡ ᠠᠵᠢᠯ᠎ᠤᠳ᠎ᠢ  ᠰᠠᠶ᠋ᠢᠲᠤᠷ ᠬᠢᠵᠦ᠂ ᠡᠯ᠎ᠡ ᠭᠠᠵᠠᠷ᠎ᠤᠨ ᠠᠳᠠᠯᠢ ᠪᠤᠰᠤ ᠪᠠᠷᠢᠬᠤ ᠠᠷᠭ᠎ᠠ  ᠬᠠᠷᠢᠯᠴᠠᠨ ᠲᠠᠭ᠋ᠠᠷᠠᠯᠳᠤᠵᠤ ᠂ ᠪᠠᠶᠠᠷ᠎ᠤᠨ ᠡᠳᠦᠷ᠎ᠤᠨ ᠢᠨᠢᠶᠡᠳᠦ ᠬᠠᠨᠢᠶᠠᠳᠤ ᠲᠠᠰᠤᠷᠠᠰᠢ  ᠦᠭᠡᠢ ᠪᠠᠶ᠋ᠢᠯ᠎ᠠ᠃ ᠲᠣᠪᠴᠢᠶᠠᠨ᠎ᠤ ᠤᠳᠤᠷᠢᠳᠤᠯᠭ᠎ᠠ ᠪᠣᠯᠤᠨ ᠵᠠᠯᠠᠭᠤ ᠠᠵᠢᠯᠲᠠᠨ ᠠᠵᠢᠯᠴᠢᠨ ᠬᠠᠮᠲᠤ᠎ᠪᠠᠷ ᠣᠷᠣᠯᠴᠠᠵᠤ᠂ ᠬᠥᠳᠡᠯᠮᠦᠷᠢ ᠵᠢᠨ ᠳᠤᠮᠳᠠ ᠵᠠᠯᠠᠭᠤᠴᠤᠳ᠎ᠤᠨ ᠰᠡᠳᠬᠢᠯ᠎ᠤᠨ ᠦᠭᠡ ᠵᠢ ᠰᠣᠨᠣᠰᠪᠠ᠃ ᠬᠠᠯᠠᠭᠤᠨ ᠠᠭᠤᠷ ᠰᠠᠪᠰᠠᠯᠠᠭᠰᠠᠨ  ᠪᠠᠩᠰᠢ ᠪᠠ  ᠪᠡᠯᠭᠡ ᠲᠡᠮᠳᠡᠭ᠎ᠢ ᠪᠡᠯᠭᠡᠳᠡᠭᠰᠡᠨ ᠥᠯᠵᠡᠢ᠌ᠲᠦ ᠪᠤᠭᠤᠷᠰᠤᠭ  ᠵᠠᠯᠭ᠋ᠠᠭ᠎ᠠ᠎ᠪᠠᠷ ᠲᠣᠭᠤᠭ᠋ᠠᠨ᠎ᠠᠴᠠ ᠭᠠᠷᠴᠤ ᠂ ᠵᠠᠯᠠᠭᠤ ᠠᠵᠢᠯᠳᠠᠨ ᠠᠵᠢᠯᠴᠢᠨ ᠬᠥᠳᠡᠯᠮᠦᠷᠢ ᠵᠢᠨ ᠦᠷ᠎ᠡ ᠪᠦᠲᠦᠭᠡᠯ ᠵᠶ᠋ᠠᠨ  ᠠᠮᠲᠠᠯᠠᠵᠤ᠂ 《ᠭᠡᠷ ᠪᠦᠯᠢ》 ᠵᠢᠨ ᠬᠠᠯᠠᠭᠤᠨ ᠳᠤᠯᠠᠭ᠋ᠠᠨ᠎ᠢ ᠮᠡᠳᠡᠷᠡᠪᠡ᠃

   ᠲᠣᠰ ᠤᠳᠠᠭ᠋ᠠᠨ᠎ᠤ ᠠᠵᠢᠯᠯᠠᠭ᠎ᠠ᠎ᠨᠢ ᠤᠯᠠᠮᠵᠢᠯᠠᠯᠲᠤ ᠪᠠᠶᠠᠷ᠎ᠤᠨ ᠡᠳᠦᠷ ᠵᠶ᠋ᠠᠷ ᠠᠴᠢᠶᠠᠯᠠᠪᠤᠷᠢ ᠪᠣᠯᠭ᠋ᠠᠵᠤ᠂ ᠵᠠᠯᠠᠭᠤ ᠠᠵᠢᠯᠲᠠᠨ ᠠᠵᠢᠯᠴᠢᠨ᠎ᠳᠤ ᠰᠣᠶᠣᠯ ᠢᠷᠭᠡᠨᠰᠢᠯ᠎ᠤᠨ ᠬᠠᠯᠠᠮᠵᠢᠯᠠᠯ ᠦᠵᠡᠭᠦᠯᠦᠭᠰᠡᠨ ᠵᠶ᠋ᠠᠷ ᠪᠠᠷᠠᠬᠤ ᠥᠬᠡᠶ ᠪᠠᠰᠠ ᠪᠦᠯᠬᠦᠮ ᠨᠡᠶ᠋ᠢᠲᠡ ᠵᠢᠨ ᠨᠢᠭᠲᠠᠷᠠᠯ᠎ᠤᠨ ᠬᠦᠴᠦᠨ᠎ᠢ ᠴᠢᠩᠭ᠋ᠠᠷᠠᠭᠤᠯᠤᠭᠰᠠᠨ ᠪᠠᠶ᠋ᠢᠨ᠎ᠠ᠃ ᠣᠯᠠᠨ ᠵᠠᠯᠠᠭᠤᠴᠤᠳ ᠢᠯᠡᠷᠬᠡᠶ᠋ᠢᠯᠡᠬᠦ᠎ᠳᠤ᠎ᠪᠠᠨ ᠂ ᠬᠡᠳᠦ᠋ᠢ᠍ᠪᠡᠷ ᠬᠠᠷᠢ ᠨᠤᠲᠤᠭ᠎ᠲᠤ ᠪᠠᠶ᠋ᠢᠭ᠎ᠠ ᠪᠣᠯᠪᠠᠴᠤ ᠪᠠᠶ᠋ᠢᠭᠤᠯᠭ᠎ᠠ ᠵᠢᠨ ᠰᠡᠳᠬᠢᠯ᠎ᠢ ᠳᠤᠯᠠᠭ᠋ᠠᠴᠠᠭᠤᠯᠬᠤ ᠠᠷᠭ᠎ᠠ ᠬᠡᠮᠵᠢᠶ᠎ᠡ  ᠲᠡᠳᠡᠨ᠎ᠳᠤ  ᠲᠦᠢ᠍ᠯ ᠵᠶ᠋ᠠᠷ ᠰᠡᠳᠬᠢᠯ᠎ᠢ ᠲᠠᠢ᠌ᠪᠤᠰᠢᠷᠠᠭᠤᠯᠵᠤ ᠂ ᠲᠡᠮᠡᠴᠡᠭᠴᠢ ᠨᠢᠭᠡᠪᠦᠷᠢ᠎ᠳᠤ ᠴᠥᠮ ᠠᠳᠡ ᠬᠠᠷᠢᠶᠠᠯᠠᠭᠳᠠᠬᠤ ᠰᠡᠳᠬᠢᠯᠭᠡ ᠪᠠ ᠤᠷᠤᠭᠰᠢᠯᠠᠬᠤ ᠬᠥᠳᠡᠯᠭᠡᠬᠦ ᠬᠦᠴᠦᠨ᠎ᠢ ᠣᠯᠵᠤ ᠴᠢᠳᠠᠭᠤᠯᠤᠨ᠎ᠠ  ᠭᠡᠵᠡᠶ᠃

(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ