ᠮᠠᠨ᠎ᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠶᠡᠭᠡ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ
2025-02-18



   ᠰᠢ  ᠵᠢᠨ ᠫᠢᠩ ᠶᠡᠷᠦᠩᠬᠡᠶ ᠱᠦᠵᠢ ᠵᠢᠨ ᠨᠠᠮ᠎ᠤᠨ ᠰᠠᠬᠢᠯᠭ᠎ᠠ ᠪᠠᠲᠤ ᠵᠢᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶ᠋ᠢᠷᠡᠭᠦᠯᠵᠦ᠂ ᠨᠠᠮ᠎ᠤᠨ ᠭᠡᠰᠢᠭᠦᠨ ᠺᠠᠳ᠋ᠷᠴᠤᠳ᠎ᠢ ᠬᠥᠮᠦᠵᠢᠭᠦᠯᠦᠨ ᠵᠢᠯᠣᠭᠤᠳᠴᠤ ᠤᠯᠤᠰ ᠲᠥᠷᠥ ᠵᠢᠨ ᠰᠠᠬᠢᠯᠭ᠎ᠠ ᠪᠠᠲᠤ ᠪᠠ ᠤᠯᠤᠰ ᠲᠥᠷᠥ ᠵᠢᠨ ᠶᠣᠰᠣ ᠲᠦᠷᠢᠮ᠎ᠢ ᠴᠢᠩᠭ᠎ᠠ ᠰᠠᠬᠢᠭᠤᠯᠬᠤ ᠵᠢᠨ ᠲᠤᠰᠠᠳᠠ ᠂ 2 ᠳ᠋ᠤᠭ᠋ᠠᠷ ᠰᠠᠷ᠎ᠠ ᠵᠢᠨ 14᠎ᠤ ᠡᠳᠦᠷ᠂ ᠮᠠᠨ᠎ᠤ ᠲᠣᠪᠴᠢᠶ᠎ᠠ ᠰᠡᠷᠡᠮᠵᠢᠯᠡᠭᠦᠯᠬᠦ ᠬᠥᠮᠦᠵᠢᠯ᠎ᠤᠨ ᠶᠡᠭᠡ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠲᠥᠪᠯᠡᠷᠡᠭᠦᠯᠦᠨ ᠰᠣᠨᠢᠷᠬᠠᠪᠠ᠃

   ᠮᠠᠨ᠎ᠤ ᠲᠣᠪᠴᠢᠶ᠎ᠠ ᠢᠮᠠᠭᠲᠠ ᠰᠡᠷᠡᠮᠵᠢᠯᠡᠭᠦᠯᠬᠦ ᠬᠥᠮᠦᠵᠢᠯ᠎ᠢ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠵᠠᠪᠠᠯ ᠰᠤᠷᠬᠤ ᠬᠢᠴᠢᠶᠡᠯ ᠪᠣᠯᠭ᠋ᠠᠵᠤ᠂ 《ᠬᠡᠷᠡᠭ ᠵᠶ᠋ᠠᠷ ᠬᠠᠤᠯᠢ ᠵᠢ ᠲᠠᠶ᠋ᠢᠯᠪᠤᠷᠢᠯᠠᠬᠤ᠂ ᠬᠡᠷᠡᠭ ᠵᠶ᠋ᠠᠷ ᠰᠠᠬᠢᠯᠭ᠎ᠠ ᠪᠠᠲᠤ ᠵᠢ ᠲᠣᠳᠣᠷᠬᠠᠶ᠋ᠢᠯᠠᠬᠤ᠂ ᠬᠡᠷᠡᠭ ᠵᠶ᠋ᠠᠷ ᠰᠡᠷᠡᠮᠵᠢᠯᠡᠭᠦᠯᠬᠦ》᠎ᠪᠠᠷ ᠳᠠᠮᠵᠢᠭᠤᠯᠤᠨ᠂ ᠦᠵᠡᠯ ᠰᠠᠨᠠᠭ᠋ᠠᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠲᠤ ᠪᠠᠬᠢ ᠪᠠᠶ᠋ᠢᠭᠤᠯᠵᠤ᠂ ᠤᠯᠤᠰ ᠲᠥᠷᠥ ᠵᠢᠨ ᠲᠣᠭᠲᠠᠯ ᠬᠦᠴᠦᠨ᠂ ᠰᠠᠬᠢᠯᠭ᠎ᠠ ᠪᠠᠲᠤ ᠵᠢᠨ ᠲᠣᠭᠲᠠᠯ ᠬᠦᠴᠦᠨ᠂ ᠶᠣᠰᠣ ᠰᠤᠷᠲᠠᠬᠤᠨ᠎ᠤ ᠲᠣᠭᠲᠠᠯ ᠬᠦᠴᠦᠨ᠂ ᠢᠯᠵᠠᠷᠠᠯ᠎ᠢ ᠡᠰᠡᠷᠭᠦᠴᠡᠬᠦ ᠲᠣᠭᠲᠠᠯ ᠬᠦᠴᠦᠨ ᠵᠶ᠋ᠠᠨ ᠲᠠᠰᠤᠷᠠᠯᠲᠠ ᠥᠬᠡᠶ ᠴᠢᠩᠭ᠋ᠠᠳᠬᠠᠵᠤ᠂ ᠰᠡᠷᠡᠮᠵᠢᠯᠡᠭᠦᠯᠬᠦ ᠬᠥᠮᠦᠵᠢᠯ᠎ᠤᠨ ᠦᠷ᠎ᠡ ᠪᠦᠲᠦᠭᠡᠯ᠎ᠢ ᠠᠵᠢᠯ ᠬᠢᠵᠦ  ᠦᠢ᠍ᠯᠡᠰ ᠪᠣᠰᠬᠠᠬᠤ  ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠪᠠᠬᠢ ᠰᠠᠬᠢᠯᠭ᠎ᠠ ᠪᠠᠲᠤ ᠵᠢᠨ ᠪᠠᠲᠤᠯᠠᠭ᠎ᠠ ᠬᠠᠩᠭ᠋ᠠᠪᠠ᠃

   ᠲᠣᠪᠴᠢᠶᠠᠨ᠎ᠤ  ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠶ ᠢᠨᠵᠧᠨᠧᠷ᠂ ᠲᠣᠪᠴᠢᠶᠠᠨ᠎ᠤ  ᠪᠠᠶ᠋ᠢᠭᠤᠯᠭ᠎ᠠ ᠵᠢᠨ ᠭᠠᠵᠠᠷ᠎ᠤᠨ ᠲᠠᠰ᠎ᠠᠴᠠ ᠳᠡᠭᠡᠭᠰᠢᠬᠢ ᠺᠠᠳ᠋ᠷ᠂ ᠲᠣᠪᠴᠢᠶᠠᠨ᠎ᠤ  ᠬᠠᠷᠢᠶ᠎ᠠ ᠬᠥᠬᠡᠬᠤᠲᠠ᠎ᠳᠤ ᠰᠠᠭᠤᠭ᠎ᠠ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠪᠠᠭ᠎ᠤᠨ ᠭᠡᠰᠢᠭᠦᠳ  ᠬᠤᠷᠠᠯ᠎ᠳᠤ ᠣᠷᠣᠯᠴᠠᠪᠠ᠃

(  ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ