2 ᠳ᠋ᠤᠭ᠋ᠠᠷ ᠰᠠᠷ᠎ᠠ ᠵᠢᠨ 20᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠲᠡᠦᠬᠡ ᠰᠤᠳᠤᠯᠬᠤ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ ᠬᠤᠷᠢᠶ᠎ᠠ ᠬᠠᠮᠲᠤᠷᠠᠨ ᠲᠤᠰᠬᠠᠶ ᠰᠡᠳᠦᠪᠲᠦ ᠲᠠᠶ᠋ᠢᠯᠤᠮᠵᠢ ᠵᠢᠴᠢ ᠨᠢᠭᠡᠳᠦᠭᠡᠷ ᠬᠤᠭᠤᠴᠠᠭ᠋ᠠᠨ᠎ᠤ 《ᠷᠠᠳᠢᠣ᠋ ᠲᠧᠯᠸᠢᠰ᠎ᠤᠨ ᠬᠢᠴᠢᠶᠡᠯ᠎ᠤᠨ ᠲᠠᠩᠬᠢᠮ》᠎ᠢ ᠡᠷᠭᠢᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠬᠤᠤ ᠶᠦᠩ ᠫᠢᠩ ᠫᠷᠤᠹᠧᠰᠰᠤᠷ᠎ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠵᠦ᠂ 670 ᠭᠠᠷᠤᠶ ᠨᠠᠮ᠎ᠤᠨ ᠭᠡᠰᠢᠭᠦᠨ ᠺᠠᠳ᠋ᠷ ᠪᠣᠯᠪᠠᠰᠤᠷᠠᠯ᠎ᠳᠤ ᠣᠷᠣᠯᠴᠠᠪᠠ᠃
ᠬᠤᠤ ᠶᠦᠩ ᠫᠢᠩ ᠫᠷᠤᠹᠧᠰᠰᠤᠷ 《ᠰᠢᠨ᠎ᠡ ᠴᠠᠭ ᠦᠶ᠎ᠡ ᠵᠢᠨ ᠠᠭᠤᠤ ᠶᠡᠭᠡ ᠲᠡᠮᠡᠴᠡᠯ》᠎ᠤᠨ ᠭᠤᠣᠯ ᠰᠡᠳᠦᠪ᠎ᠤᠨ ᠲᠣᠭᠤᠷᠢᠨ᠎ᠳᠤ᠂ ᠠᠭᠤᠤ ᠶᠡᠭᠡ ᠲᠡᠮᠡᠴᠡᠯ᠎ᠤᠨ ᠴᠠᠭ ᠦᠶ᠎ᠡ ᠵᠢᠨ ᠠᠬᠤᠢ ᠪᠠᠶ᠋ᠢᠳᠠᠯ᠂ ᠦᠨᠳᠦᠰᠦᠨ ᠠᠭᠤᠯᠭ᠎ᠠ᠂ ᠲᠡᠦᠬᠡ ᠵᠢᠨ ᠣᠨᠴᠠᠯᠢᠭ᠂ ᠵᠦᠢ ᠵᠣᠬᠢᠰᠲᠠᠢ ᠵᠠᠭ᠋ᠠᠭ ᠬᠢᠵᠠᠭ᠋ᠠᠷ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠡᠷᠭᠡ ᠲᠠᠪᠤᠨ ᠲᠠᠯ᠎ᠠ᠎ᠠᠴᠠ ᠭᠦᠨᠵᠡᠭᠡᠢ ᠪᠥᠭᠡᠳ ᠣᠶ᠋ᠢᠯᠠᠭ᠋ᠠᠮᠵᠢᠲᠠᠢ ᠲᠠᠶ᠋ᠢᠯᠤᠮᠵᠢ ᠬᠢᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠲᠡᠮᠡᠴᠡᠯ᠎ᠤᠨ ᠵᠣᠷᠢᠭ ᠰᠠᠨᠠᠭ᠋ᠠᠨ᠎ᠤ ᠡᠯᠪᠡᠭ ᠪᠠᠶᠠᠯᠢᠭ ᠠᠭᠤᠯᠭ᠎ᠠ ᠪᠣᠯᠤᠨ ᠴᠠᠭ ᠦᠶ᠎ᠡ ᠵᠢᠨ ᠠᠭᠤᠯᠤᠭᠳᠠᠬᠤᠨ᠎ᠢ ᠡᠵᠡᠮᠰᠢᠬᠦ᠎ᠳᠤ ᠠᠰᠢᠭᠲᠠᠢ ᠵᠢᠯᠤᠭᠤᠳᠤᠯᠭ᠎ᠠ ᠬᠠᠩᠭ᠋ᠠᠵᠠᠢ᠃
ᠬᠤᠷᠠᠯ᠎ᠠᠴᠠ᠂ ᠲᠡᠮᠡᠴᠡᠯ᠎ᠤᠨ ᠵᠣᠷᠢᠭ ᠰᠠᠨᠠᠭ᠎ᠠ ᠵᠢ ᠲᠠᠰᠤᠷᠠᠯᠲᠠ ᠦᠭᠡᠢ ᠪᠠᠳᠠᠷᠠᠭᠤᠯᠵᠤ᠂ ᠲᠡᠮᠡᠴᠡᠯ᠎ᠤᠨ ᠴᠢᠳᠠᠪᠤᠷᠢ᠎ᠪᠠᠨ ᠴᠢᠩᠭ᠋ᠠᠳᠬᠠᠵᠤ᠂ ᠪᠠᠶ᠋ᠢᠭᠤᠯᠭ᠎ᠠ ᠵᠢᠨ ᠨᠠᠮ᠎ᠤᠨ ᠪᠠᠶ᠋ᠢᠭᠤᠯᠤᠯᠲᠠ ᠵᠢᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ᠃ ᠨᠢᠭᠡ᠎ᠳᠤ᠂ ᠤᠯᠤᠰ ᠲᠦᠷᠦ ᠵᠢᠨ ᠪᠠᠶ᠋ᠢᠭᠤᠯᠤᠯᠲᠠ ᠵᠢ ᠢᠮᠠᠭᠲᠠ ᠠᠵᠢᠯ᠎ᠤᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠠᠮ᠎ᠠᠴᠠ ᠬᠠᠮᠢᠶᠠᠷᠬᠤ ᠤᠬᠠᠭᠤᠯᠭ᠎ᠠ᠂ ᠨᠠᠮ᠎ᠠᠴᠠ ᠬᠠᠮᠢᠶᠠᠷᠬᠤ ᠦᠵᠡᠯ ᠤᠬᠠᠮᠰᠠᠷ᠎ᠤᠨ ᠬᠡᠯᠪᠡᠷᠢ᠂ ᠨᠠᠮ᠎ᠠᠴᠠ ᠬᠠᠮᠢᠶᠠᠷᠬᠤ ᠵᠠᠭᠤᠴᠢᠯᠠᠭᠤᠷ᠎ᠤᠨ ᠱᠠᠭ᠋ᠠᠷᠳᠠᠯᠭ᠎ᠠ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠤᠨ ᠢᠮᠠᠭᠲᠠ ᠵᠥᠪ ᠴᠢᠭᠯᠡᠯ ᠵᠶ᠋ᠠᠷ ᠤᠷᠤᠭᠰᠢᠯᠠᠬᠤ ᠵᠢ ᠪᠠᠲᠤᠯᠠᠬᠤ ᠬᠡᠷᠡᠭᠲᠡᠢ᠃ ᠬᠤᠶᠠᠷ᠎ᠲᠤ᠂ ᠨᠠᠮ᠎ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠳᠠᠬᠢ ᠪᠦᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠵᠤ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠲᠠᠷᠢᠬᠢ ᠲᠣᠯᠣᠭ᠋ᠠᠢ᠎ᠪᠠᠨ ᠵᠡᠪᠰᠡᠭᠯᠡᠬᠦ᠂ ᠦᠢ᠍ᠯᠡᠳᠦᠯᠭᠡ᠎ᠪᠠᠨ ᠵᠢᠯᠤᠭᠤᠳᠤᠭᠤᠯᠬᠤ᠂ ᠠᠵᠢᠯ ᠵᠶ᠋ᠠᠨ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭ᠋ᠠᠨ ᠬᠤᠪᠢᠷᠠᠭᠤᠯᠬᠤ ᠬᠡᠷᠡᠭᠲᠡᠢ᠃ ᠭᠤᠷᠪᠠ᠎ᠳᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠰᠠᠯᠠᠭ᠎ᠠ ᠮᠥᠴᠢᠷ᠎ᠤᠨ ᠡᠭᠦᠷᠭᠡ ᠴᠢᠳᠠᠪᠬᠢ ᠵᠢᠨ ᠳᠠᠪᠠᠭᠤᠯᠢᠭ᠎ᠢ ᠭᠦᠢ᠍ᠴᠡᠳ ᠪᠠᠳᠠᠷᠠᠭᠤᠯᠵᠤ᠂ 《ᠨᠠᠮ᠎ᠤᠨ ᠳᠠᠭᠤᠨ᠎ᠢ ᠰᠠᠶ᠋ᠢᠲᠤᠷ ᠳᠠᠮᠵᠢᠭᠣᠯᠵᠦ᠂ ᠠᠷᠠᠳ ᠤᠯᠠᠨ᠎ᠳᠤ ᠰᠠᠶ᠋ᠢᠲᠤᠷ ᠦᠢ᠍ᠯᠡᠴᠢᠯᠡᠬᠦ》 ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠪᠠᠲᠤ ᠰᠠᠬᠢᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ