ᠶᠡᠷᠦᠩᠬᠡᠶ ᠱᠦᠵᠢ ᠰᠢ ᠵᠢᠨ ᠫᠢᠩ᠎ᠤᠨ ᠯᠸᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠡᠪᠯᠡᠯ᠎ᠤᠨ ᠭᠡᠰᠢᠭᠦᠨ ᠵᠠᠯᠠᠭᠤᠴᠤᠳ᠎ᠢ ᠬᠥᠲᠥᠯᠦᠨ ᠵᠢᠯᠣᠭᠤᠳᠴᠤ ᠯᠸᠢ ᠹᠧᠩ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠡᠪᠯᠡᠯ᠎ᠤᠨ ᠬᠤᠷᠢᠶ᠎ᠠ ᠵᠠᠯᠠᠭᠤ ᠰᠠᠶ᠋ᠢᠨ ᠳᠤᠷ᠎ᠠ ᠵᠢᠨ ᠦᠢ᠍ᠯᠡᠴᠢᠯᠡᠭᠴᠢᠳᠢ ᠵᠣᠬᠢᠶᠠᠨ ᠪᠠᠶ᠋ᠢᠭᠤᠯᠵᠤ ᠯᠢ ᠴᠧᠩ ᠨᠡᠶ᠋ᠢᠭᠡᠮ ᠲᠣᠭᠤᠷᠢᠭ᠎ᠲᠤ ᠬᠦᠷᠴᠦ 《ᠵᠠᠯᠠᠭᠤ ᠨᠠᠰᠣᠨ᠎ᠳᠤ᠎ᠪᠠᠨ ᠥᠪᠥᠷ ᠮᠣᠩᠭᠤᠯ᠎ᠳᠤ ᠭᠠᠪᠢᠶ᠎ᠠ ᠪᠠᠢ᠌ᠭᠣᠯᠵᠦ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠪᠠᠷ ᠤᠮᠠᠷᠠᠲᠤ ᠬᠢᠯᠢ ᠵᠢ ᠭᠡᠢ᠌ᠭᠦᠯᠣᠶᠡ》 ᠬᠡᠮᠡᠬᠦ ᠯᠸᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢᠴᠢ ᠭᠤᠤᠯ ᠰᠡᠳᠦᠪᠲᠦ ᠡᠪᠯᠡᠯ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ᠃
ᠰᠠᠶ᠋ᠢᠨ ᠳᠤᠷ᠎ᠠ ᠵᠢᠨ ᠦᠢ᠍ᠯᠡᠴᠢᠯᠡᠭᠴᠢᠳ ᠪᠣᠳᠠᠲᠤ ᠠᠵᠢᠯᠯᠠᠭ᠎ᠠ᠎ᠪᠠᠷ ᠵᠶ᠋ᠠᠨ ᠯᠸᠢ ᠹᠧᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠪᠠᠳᠠᠷᠠᠭᠤᠯᠵᠤ᠂ ᠠᠵᠢᠯᠯᠠᠭ᠎ᠠ ᠵᠢᠨ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠶ᠋ᠢᠯ᠎ᠠ᠃ 25 ᠵᠠᠯᠠᠭᠤ ᠰᠠᠶ᠋ᠢᠨ ᠳᠤᠷ᠎ᠠ ᠵᠢᠨ ᠦᠢ᠍ᠯᠡᠴᠢᠯᠡᠭᠴᠢ ᠨᠡᠶ᠋ᠢᠭᠡᠮ ᠲᠣᠭᠤᠷᠢᠭ᠎ᠤᠨ ᠳᠣᠲᠣᠷᠠᠬᠢ ᠤᠯᠠᠨ ᠨᠡᠶ᠋ᠢᠲᠡ ᠵᠢᠨ ᠣᠷᠣᠨ ᠪᠦᠰᠡ᠂ ᠨᠣᠭᠤᠭ᠋ᠠᠷᠠᠭᠤᠯᠤᠯᠲᠠ ᠵᠢᠨ ᠪᠦᠰᠡ᠂ ᠶᠠᠪᠠᠭ᠋ᠠᠨ ᠬᠥᠮᠦᠨ᠎ᠤ ᠵᠦᠷᠢᠭ ᠵᠠᠮ ᠵᠡᠷᠭᠡ᠎ᠳᠤ ᠪᠦᠬᠦ ᠲᠠᠯ᠎ᠠ ᠵᠢᠨ ᠴᠡᠪᠡᠷᠯᠡᠭᠡ ᠬᠢᠵᠦ᠂ ᠨᠡᠶ᠋ᠢᠭᠡᠮ ᠲᠣᠭᠤᠷᠢᠭ᠎ᠤᠨ ᠰᠠᠭᠤᠭ᠋ᠠᠯᠢ ᠠᠷᠠᠳ᠎ᠲᠤ ᠬᠤᠭ ᠨᠣᠪᠰᠢ ᠵᠢ ᠲᠦᠷᠦᠯ ᠬᠤᠪᠢᠶᠠᠬᠤ ᠤᠬᠠᠭᠤᠯᠭ᠎ᠠ ᠵᠢᠨ ᠭᠠᠷ ᠳᠡᠪᠲᠡᠷ ᠲᠠᠷᠬᠠᠭ᠋ᠠᠵᠤ᠂ ᠬᠤᠭ ᠨᠣᠪᠰᠢ ᠵᠢ ᠲᠦᠷᠦᠯ ᠬᠤᠪᠢᠶᠠᠬᠤ ᠬᠠᠮᠢᠶ᠎ᠠ ᠪᠦᠬᠦᠢ ᠮᠡᠳᠡᠯᠭᠡ ᠵᠢ ᠲᠦᠭᠡᠮᠡᠯᠵᠢᠭᠦᠯᠵᠦ᠂ ᠨᠡᠶ᠋ᠢᠭᠡᠮ ᠲᠣᠭᠤᠷᠢᠭ᠎ᠤᠨ 278 ᠡᠷᠥᠬᠡ ᠲᠧᠯᠸᠢᠰ ᠬᠡᠷᠡᠭᠯᠡᠭᠴᠢ᠎ᠳᠤ 《ᠠᠭᠤᠵᠢᠭᠤ ᠲᠠᠶ᠋ᠢᠪᠤᠭᠤᠪᠠᠷ ᠲᠧᠯᠸᠢᠰ ᠦᠵᠡᠬᠦ》 ᠲᠤᠰᠬᠠᠢ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠨ ᠰᠤᠳᠤᠯᠤᠯᠲᠠ ᠬᠢᠵᠦ᠂ 4 ᠡᠷᠥᠬᠡ ᠣᠷᠣᠯᠭ᠎ᠠ ᠪᠠᠭ᠋ᠠᠲᠠᠶ ᠭᠡᠷ ᠪᠦᠯᠢ᠎ᠳᠤ 1 ᠵᠢᠯ᠎ᠤᠨ ᠬᠤᠭᠤᠴᠠᠭ᠎ᠠ᠎ᠲᠠᠢ ᠰᠦᠢ᠍ᠳᠬᠡᠯ ᠬᠤᠷᠢᠶᠠᠬᠤ ᠦᠭᠡᠢ ᠲᠧᠯᠸᠢᠰ ᠦᠵᠡᠬᠦ ᠦᠢ᠍ᠯᠡᠴᠢᠯᠡᠭᠡ ᠵᠢ ᠬᠦᠷᠭᠡᠪᠡ᠃
ᠲᠣᠰ ᠤᠳᠠᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ 《ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶ᠋ᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ》 ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠦᠢ᠍ᠯᠡᠳᠦᠯᠭᠡ ᠵᠢᠨ ᠳᠤᠮᠳᠠ ᠲᠠᠰᠤᠷᠠᠯᠲᠠ ᠥᠬᠡᠶ ᠭᠦᠨᠵᠡᠭᠡᠶ᠋ᠢᠷᠡᠭᠦᠯᠵᠦ᠂ 《ᠬᠡᠷᠡᠭᠴᠡᠭᠡ ᠱᠠᠭ᠋ᠠᠷᠳᠠᠯᠭ᠎ᠠ ᠵᠢᠨ ᠵᠤᠯᠭ᠋ᠠᠯᠴᠠᠭ᠎ᠠ - ᠦᠢ᠍ᠯᠡᠴᠢᠯᠡᠭᠡᠨ᠎ᠤ ᠬᠡᠷᠡᠭᠵᠢᠭᠦᠯᠦᠯᠲᠡ - ᠦᠷ᠎ᠡ ᠪᠦᠲᠦᠮᠵᠢ ᠵᠢᠨ ᠦᠨᠡᠯᠡᠨ ᠵᠢᠱ᠌ᠢᠯᠲᠡ 》 ᠵᠢᠨ ᠪᠢᠲᠡᠭᠦᠦ ᠭᠣᠭᠴᠤᠭ᠋ᠠᠨ᠎ᠤ ᠲᠣᠭᠲᠠᠴᠠ ᠵᠢ ᠪᠠᠶ᠋ᠢᠭᠤᠯᠬᠤ᠎ᠪᠠᠷ ᠳᠠᠮᠵᠢᠭᠤᠯᠤᠨ᠂ ᠯᠸᠢ ᠹᠧᠩ᠎ᠠᠴᠠ ᠰᠤᠷᠤᠯᠴᠠᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠵᠠᠩᠭᠢᠯᠠᠰᠣ ᠵᠢᠨ ᠴᠢᠨᠠᠷᠲᠠᠶ ᠠᠵᠢᠯᠯᠠᠭ᠎ᠠ᠎ᠠᠴᠠ ᠪᠠᠶ᠋ᠢᠩᠭᠤ ᠵᠢᠨ ᠴᠢᠨᠠᠷᠲᠠᠶ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠷᠠᠳᠢᠣ᠋ ᠲᠧᠯᠸᠢᠰ᠎ᠤᠨ ᠵᠠᠯᠠᠭᠤᠴᠤᠳ ᠬᠠᠷᠢᠭᠤᠴᠠᠯᠭ᠋ᠠᠲᠤ ᠰᠡᠳᠬᠢᠯᠭᠡ ᠡᠭᠦᠷᠭᠡᠲᠦ ᠰᠡᠳᠬᠢᠯᠭᠡ᠎ᠪᠠᠨ ᠤᠯᠠᠮ ᠨᠢᠭᠡ ᠠᠯᠬᠤᠮ ᠴᠢᠩᠭ᠋ᠠᠳᠬᠠᠨ᠂ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠣᠷᠢᠭ ᠰᠠᠨᠠᠭ᠎ᠠ ᠵᠢ ᠡᠳᠦᠷ ᠲᠤᠲᠤᠮ᠎ᠤᠨ ᠠᠵᠢᠯ᠎ᠳᠤ ᠠᠭᠤᠰᠬᠠᠵᠤ᠂ ᠪᠠᠶ᠋ᠢᠩᠭᠤ ᠵᠢᠨ ᠠᠵᠢᠯ ᠪᠣᠯᠭ᠋ᠠᠨ ᠬᠤᠪᠢᠷᠠᠭᠤᠯᠵᠤ᠂ ᠵᠣᠷᠢᠭᠲᠠᠶ᠎ᠪᠠᠷ ᠬᠢᠵᠦ ᠵᠣᠷᠢᠭᠲᠠᠶ᠎ᠪᠠᠷ ᠠᠵᠢᠯᠯᠠᠬᠤ ᠣᠶᠤᠨ ᠰᠠᠨᠠᠭ᠋ᠠᠨ᠎ᠤ ᠳᠦᠷᠰᠦ ᠪᠠᠶ᠋ᠢᠳᠠᠯ ᠵᠶ᠋ᠠᠷ ᠥᠪᠡᠷᠲᠡᠭᠡᠨ ᠵᠠᠰᠠᠬᠤ ᠣᠷᠣᠨ᠎ᠳᠤ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠋ᠠᠨ 》᠎ᠢ ᠯᠠᠪᠳᠠᠭᠤᠨ ᠵᠶ᠋ᠠᠷ ᠠᠬᠢᠭᠤᠯᠵᠤ ᠵᠠᠯᠠᠭᠤ ᠨᠠᠰᠤᠨ᠎ᠤ ᠬᠦᠴᠦᠨ ᠴᠢᠳᠠᠯ ᠵᠶ᠋ᠠᠨ ᠨᠢᠭᠲᠠᠷᠠᠭᠤᠯᠤᠨ᠎ᠠ᠃