ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ ᠭᠤᠷᠪᠠᠳᠤᠭ᠋ᠠᠷ ᠤᠳᠠᠭ᠋ᠠᠨ᠎ᠤ (ᠥᠷᠭᠡᠳᠬᠡᠭᠰᠡᠨ) ᠰᠣᠷᠣᠯᠴᠠᠯᠭ᠎ᠠ ᠵᠢᠨ ᠬᠤᠷᠠᠯ ᠬᠤᠷᠠᠯᠳᠤᠭᠤᠯᠪᠠ
2025-03-19

      3 ᠳ᠋ᠤᠭ᠋ᠠᠷ ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ 2025 ᠣᠨ᠎ᠤ ᠭᠤᠷᠪᠠᠳᠤᠭ᠋ᠠᠷ ᠣᠳᠠᠭ᠋ᠠᠨ᠎ᠤ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠵᠢᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠺᠠᠳ᠋ᠷᠴᠤᠳ᠎ᠤᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠬᠤ ᠵᠢᠨ ᠬᠠᠮᠲᠤ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢᠨ ᠲᠣᠭᠤᠷᠢᠨ᠎ᠳᠤ ᠲᠤᠰᠬᠠᠢ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠵᠠᠩ ᠢ ᠮᠢᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃

      ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠤᠨ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠰᠠᠶ᠋ᠢᠲᠤᠷ ᠰᠤᠷᠤᠯᠴᠠᠵᠤ ᠰᠠᠶ᠋ᠢᠲᠤᠷ ᠤᠬᠠᠭᠤᠯᠵᠤ ᠰᠠᠶ᠋ᠢᠲᠤᠷ ᠨᠠᠶ᠋ᠢᠳᠠᠪᠤᠷᠢᠵᠢᠭᠤᠯᠬᠤ ᠪᠣᠯ᠂ ᠣᠳᠣᠬᠠᠨ᠎ᠤ ᠪᠠ ᠬᠤᠶ᠋ᠢᠰᠢᠳᠠ ᠵᠢᠨ ᠨᠢᠭᠡ ᠬᠤᠭᠤᠴᠠᠭ᠋ᠠᠨ᠎ᠤ ᠴᠢᠬᠤᠯᠠ ᠤᠯᠤᠰ ᠲᠦᠷᠦ ᠵᠢᠨ ᠡᠭᠦᠷᠭᠡ ᠪᠣᠯᠤᠨ᠎ᠠ᠃ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠠᠵᠢᠯ ᠲᠥᠷᠥᠯ᠎ᠤᠨ᠎ᠬᠢᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠲᠠᠢ ᠦᠨᠡᠨ ᠬᠦ᠌ ᠨᠢᠭᠡᠳᠬᠡᠵᠦ᠂ ᠴᠢᠩᠭ᠎ᠠ ᠬᠠᠷᠢᠭᠤᠴᠠᠯᠭ᠋ᠠᠲᠤ ᠰᠡᠳᠬᠢᠯᠭᠡ᠂ ᠡᠭᠦᠷᠭᠡᠲᠦ ᠰᠡᠳᠬᠢᠯᠭᠡ᠎ᠪᠠᠷ ᠡᠯ᠎ᠡ ᠵᠦᠢ᠍ᠯ᠎ᠤᠨ ᠠᠵᠢᠯ᠎ᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠶ᠃ ᠤᠯᠤᠰ ᠲᠥᠷᠥ ᠵᠢᠨ ᠵᠣᠭᠰᠣᠴᠠ᠎ᠪᠠᠨ     ᠳᠡᠭᠡᠭᠰᠢᠯᠡᠭᠦᠯᠵᠦ᠂ ᠦᠵᠡᠯ ᠰᠠᠨᠠᠭ᠋ᠠᠨ᠎ᠤ ᠰᠠᠭᠤᠷᠢ᠎ᠪᠠᠨ ᠪᠠᠬᠢᠵᠢᠭᠦᠯᠵᠦ᠂ ᠪᠥᠬᠦ ᠣᠷᠣᠨ᠎ᠤ ᠡᠯ᠎ᠡ ᠱᠠᠲᠤᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠪᠠᠶ᠋ᠢᠭᠤᠯᠤᠮᠵᠢ ᠵᠢ ᠨᠢᠭᠡᠳᠦᠯᠲᠡᠶ ᠲᠥᠯᠥᠪᠵᠢᠭᠦᠯᠦᠨ ᠵᠢᠯᠣᠭᠤᠳᠴᠤ᠂ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠤᠬᠠᠭᠤᠯᠤᠨ ᠲᠠᠶ᠋ᠢᠯᠪᠤᠷᠢᠯᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠨᠠᠮ᠎ᠤᠨ ᠰᠢᠨ᠎ᠡ ᠵᠢ ᠡᠭᠦᠳᠬᠦ ᠣᠨᠣᠯ ᠤᠯᠠᠮᠵᠢᠯᠠᠬᠤ ᠢᠨᠵᠧᠨᠧᠷᠢᠩ》᠂ 《ᠰᠣᠨᠢᠨ ᠮᠡᠳᠡᠭᠡᠨ᠎ᠤ ᠫᠷᠤᠭ᠌ᠷᠠᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》 ᠪᠠ 《ᠬᠠᠮ ᠵᠠᠭᠤᠴᠢᠯᠠᠭᠤᠷ᠎ᠤᠨ ᠳᠠᠮᠵᠢᠭᠣᠯᠭ᠎ᠠ ᠵᠢ ᠳᠡᠭᠡᠭᠰᠢᠯᠡᠭᠦᠯᠬᠦ ᠢᠨᠵᠧᠨᠧᠷᠢᠩ》 ᠵᠶ᠋ᠠᠷ ᠬᠥᠲᠥᠯᠦᠮᠵᠢ ᠪᠣᠯᠭ᠋ᠠᠵᠤ᠂ ᠪᠥᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠪᠣᠶ ᠪᠣᠯᠭ᠋ᠠᠬᠤ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠠᠵᠢᠯᠯᠠᠭ᠎ᠠ》 ᠵᠢᠨ ᠱᠠᠭ᠋ᠠᠷᠳᠠᠯᠭ᠎ᠠ ᠵᠢᠨ ᠲᠣᠭᠤᠷᠢᠨ᠎ᠳᠤ ᠠᠯᠳᠠᠯ ᠦᠭᠡᠢ᠎ᠪᠠᠷ᠂ ᠠᠵᠢᠯ ᠲᠦᠷᠦᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠰᠢᠯᠢᠳᠡᠭ ᠠᠭᠤᠯᠭ᠎ᠠ ᠵᠢᠨ ᠬᠠᠩᠭ᠋ᠠᠯᠭ᠎ᠠ ᠵᠢ ᠴᠢᠩᠭ᠎ᠠ ᠠᠩᠬᠠᠷᠴᠤ᠂ ᠲᠦᠷᠦᠯ ᠵᠦᠢ᠍ᠯ᠎ᠢ ᠬᠡᠷᠡᠭᠵᠢᠭᠦᠯᠵᠦ ᠨᠥᠭᠡᠴᠡᠯᠡᠬᠦ ᠵᠢ ᠴᠢᠩᠭ᠋ᠠᠳᠬᠠᠨ᠂ ᠠᠵᠢᠯ ᠲᠦᠷᠦᠯ᠎ᠤᠨ ᠬᠥᠭᠵᠢᠯᠲᠡ ᠵᠢᠨ ᠠᠵᠠ ᠲᠣᠬᠢᠶᠠᠯ᠎ᠢ ᠡᠵᠡᠮᠳᠡᠵᠦ᠂ ᠠᠵᠢᠯ ᠲᠦᠷᠦᠯ᠎ᠤᠨ ᠴᠢᠳᠠᠪᠤᠷᠢᠲᠠᠨ᠎ᠢ ᠬᠥᠮᠦᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠶ᠋ᠢᠨ ᠰᠠᠶ᠋ᠢᠬᠠᠨ ᠣᠷᠴᠢᠨ᠎ᠢ ᠪᠤᠢ ᠪᠣᠯᠭ᠋ᠠᠬᠤ ᠲᠣᠭᠣᠷᠢᠨ᠎ᠳᠤ᠂ ᠳᠠᠪᠠᠭᠤᠯᠢᠭ ᠡᠬᠢ ᠪᠠᠶᠠᠯᠢᠭ᠎ᠤᠨ ᠡᠯᠧᠮᠧᠨ᠋ᠲ᠎ᠢ ᠬᠣᠷᠠᠮᠳᠣᠭᠣᠯᠣᠭ᠋ᠠᠳ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠪᠦᠲᠦᠮᠵᠢᠲᠡᠢ ᠦᠢ᠍ᠯᠡᠴᠢᠯᠡᠬᠦ ᠬᠡᠷᠡᠭᠲᠡᠢ᠃ ᠠᠵᠢᠯ᠎ᠤᠨ ᠰᠤᠷᠲᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠠᠵᠢᠯ᠎ᠤᠨ ᠰᠤᠷᠲᠠᠯ ᠵᠶ᠋ᠠᠨ ᠦᠷᠭᠦᠯᠵᠢᠯᠡᠨ ᠴᠢᠩᠭ᠋ᠠᠳᠬᠠᠬᠣ ᠵᠢᠨ ᠬᠠᠮᠲᠤ ᠰᠠᠶ᠋ᠢᠵᠢᠷᠠᠭᠤᠯᠵᠤ᠂ ᠦᠷ᠎ᠡ ᠪᠦᠲᠦᠭᠡᠯ᠎ᠤᠨ ᠣᠬᠠᠮᠰᠠᠷ᠂ ᠳᠠᠩᠰᠠ ᠲᠠᠢ᠌ᠯᠬᠣ ᠣᠬᠠᠮᠰᠠᠷ᠂ ᠡᠭᠦᠷᠭᠡ᠎ᠪᠠᠨ ᠪᠡᠶᠡᠯᠡᠭᠦᠯᠬᠦ ᠤᠬᠠᠮᠰᠠᠷ᠂ ᠪᠣᠳᠠᠲᠠᠶ ᠵᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ ᠡᠷᠡᠯᠬᠡᠭᠯᠡᠨ ᠤᠷᠤᠭᠰᠢᠯᠠᠬᠤ ᠣᠪᠣᠷ ᠪᠠᠶ᠋ᠢᠳᠠᠯ ᠪᠠ ᠴᠤᠴᠠᠯᠲᠠ ᠥᠬᠡᠶ ᠤᠷᠤᠭᠰᠢᠯᠠᠬᠤ ᠠᠵᠢᠯ ᠬᠢᠬᠦ ᠡᠷᠴᠢ ᠵᠣᠷᠢᠭ ᠵᠶ᠋ᠠᠨ ᠲᠠᠰᠣᠷᠠᠯᠲᠠ ᠦᠭᠡᠢ ᠴᠢᠩᠭ᠋ᠠᠳᠬᠠᠵᠤ᠂ ᠡᠭᠦᠨ ᠵᠶ᠋ᠠᠷ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠯ᠎ᠡ ᠵᠦᠢ᠍ᠯ᠎ᠤᠨ ᠠᠵᠢᠯ᠎ᠨᠢ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠵᠤ᠂ ᠪᠣᠳᠠᠲᠠᠶ ᠠᠵᠢᠯᠯᠠᠵᠤ ᠪᠣᠳᠠᠲᠠᠶ ᠠᠮᠵᠢᠯᠲᠠ ᠪᠦᠲᠦᠮᠵᠢ᠎ᠪᠠᠷ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃

      ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠤᠨᠤᠯ ᠰᠤᠷᠤᠯᠴᠠᠬᠤ ᠭᠤᠣᠯ ᠳᠤᠭᠤᠶ᠋ᠢᠯᠠᠩ᠎ᠤᠨ ᠭᠡᠰᠢᠭᠦᠨ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠢ ᠢᠨᠵᠧᠨᠧᠷ᠂ ᠲᠤᠪᠴᠢᠶ᠎ᠠ ᠵᠢᠨ ᠪᠠᠶ᠋ᠢᠭᠤᠯᠭ᠎ᠠ ᠪᠣᠯᠤᠨ ᠲᠤᠪᠴᠢᠶ᠎ᠠ ᠵᠢᠨ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ ᠬᠤᠷᠠᠯ᠎ᠳᠤ ᠣᠷᠣᠯᠴᠠᠪᠠ᠃

      (ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ)

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ