3 ᠳ᠋ᠤᠭ᠋ᠠᠷ ᠰᠠᠷ᠎ᠠ ᠵᠢᠨ 19᠎ᠤ ᠡᠳᠦᠷ᠂ ᠮᠠᠨ᠎ᠤ ᠲᠣᠪᠴᠢᠶ᠎ᠠ 2025 ᠣᠨ᠎ᠤ ᠨᠠᠮ᠎ᠤᠨ ᠪᠠᠶ᠋ᠢᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠤ᠂ 2024 ᠣᠨ᠎ᠤ ᠠᠵᠢᠯ ᠵᠶ᠋ᠠᠨ ᠳ᠋ᠦᠩᠨᠡᠵᠦ᠂ 2025 ᠣᠨ᠎ᠤ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠪᠠᠨ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠢ ᠮᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠲᠣᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ᠂ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠶᠠᠨ ᠭᠦᠸᠧ ᠰᠢᠩ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠶ᠋ᠢᠭᠤᠯᠤᠯᠲᠠ ᠵᠢᠨ ᠠᠵᠢᠯ᠎ᠳᠤ ᠱᠠᠭ᠋ᠠᠷᠳᠠᠯᠭ᠎ᠠ ᠳᠤᠷᠠᠳᠪᠠ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ ᠪᠣᠯᠤᠨ᠎ᠠ᠂ ᠲᠣᠪᠴᠢᠶᠠᠨ᠎ᠤ ᠰᠢᠰᠲ᠋ᠧᠮ᠎ᠤᠨ ᠨᠠᠮ᠎ᠤᠨ ᠪᠠᠶ᠋ᠢᠭᠤᠯᠤᠯᠲᠠ ᠪᠠ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠶ᠋ᠢᠭᠤᠯᠤᠯᠲᠠ ᠵᠢᠨ ᠠᠵᠢᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠤᠯ ᠰᠢᠵᠢᠮ ᠪᠣᠯᠭ᠋ᠠᠵᠤ᠂ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ᠎ᠪᠠᠷ ᠵᠢᠯᠣᠭᠤᠳᠤᠮᠵᠢ ᠪᠣᠯᠭ᠋ᠠᠵᠤ᠂ 《ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ》 ᠵᠢᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠪᠥᠬᠦ ᠣᠷᠣᠨ᠎ᠤ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠴᠢᠨᠠᠷ ᠰᠠᠶ᠋ᠢᠲᠠᠶ ᠬᠥᠭᠵᠢᠯᠲᠡ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠬᠤ ᠬᠡᠷᠡᠭᠲᠡᠶ᠃ ᠤᠨᠤᠯ ᠵᠶ᠋ᠠᠷ ᠵᠡᠪᠰᠡᠭᠯᠡᠬᠦ ᠵᠢ ᠴᠢᠩᠭ᠋ᠠᠷᠠᠭᠤᠯᠵᠤ ᠂ ᠨᠠᠮ᠎ᠤᠨ ᠰᠢᠨ᠎ᠡ ᠵᠢ ᠡᠭᠦᠳᠬᠦ ᠤᠨᠤᠯ ᠵᠶ᠋ᠠᠷ ᠷᠠᠳᠢᠣ᠋ ᠲᠧᠯᠸᠢᠰ᠎ᠤᠨ ᠦᠵᠡᠵᠦ ᠰᠣᠨᠣᠰᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠵᠢᠯᠣᠭᠤᠳᠬᠤ ᠬᠡᠷᠡᠭᠲᠡᠢ ᠂ ᠤᠯᠤᠰ ᠲᠦᠷᠦ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠵᠦ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠢ ᠰᠠᠶ᠋ᠢᠲᠤᠷ ᠰᠠᠬᠢᠬᠤ ᠬᠡᠷᠡᠭᠲᠡᠢ ᠂ ᠪᠠᠲᠤ ᠴᠢᠩᠭ᠎ᠠ ᠲᠠᠶ᠋ᠢᠴᠢᠨ ᠪᠠᠬᠢᠯᠡᠯᠲᠡ ᠵᠢ ᠳᠠᠪᠲᠠᠨ ᠪᠣᠯᠪᠠᠰᠤᠷᠠᠭᠤᠯᠵᠤ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠯᠲᠠ ᠵᠢᠨ ᠰᠢᠨ᠎ᠡ ᠳᠡᠭᠡᠭᠰᠢᠯᠡᠯᠲᠡ ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ ; ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠮ ᠨᠢᠭᠡ ᠠᠯᠬᠣᠮ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ ᠬᠦᠴᠣᠨ ᠨᠡᠮᠡᠷᠢᠯᠡᠬᠦ ᠬᠡᠷᠡᠭᠲᠡᠢ ; 《ᠱᠦᠵᠢ ᠵᠢᠨ ᠲᠦᠷᠦᠯ ᠵᠦᠢ᠍ᠯ》᠎ᠢ ᠪᠣᠳᠠᠲᠠᠶ᠋ᠢᠵᠢᠭᠤᠯᠵᠤ᠂ ᠴᠢᠨᠠᠷ ᠰᠠᠶ᠋ᠢᠲᠠᠢ ᠷᠠᠳᠢᠣ᠋ ᠲᠧᠯᠸᠢᠰ᠎ᠤᠨ ᠦᠵᠡᠵᠦ ᠰᠣᠨᠣᠰᠬᠤ᠎ᠪᠠᠷ ᠠᠷᠠᠳ ᠤᠯᠠᠨ᠎ᠳᠤ ᠦᠢ᠍ᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃
ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠭᠡᠰᠢᠭᠦᠨ ᠂ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ᠂ ᠶᠡᠷᠦᠩᠬᠡᠢ ᠢᠨᠵᠧᠨᠧᠷ᠂ ᠶᠡᠷᠦᠩᠬᠡᠢ ᠲᠣᠪᠴᠢᠶᠠᠨ᠎ᠤ ᠬᠥᠬᠡᠬᠤᠲᠠ᠎ᠳᠤ ᠰᠠᠭᠤᠭ᠎ᠠ ᠬᠣᠷᠢᠶ᠎ᠠ ᠦᠷᠳᠡᠭᠡ ᠵᠢᠨ ᠭᠤᠣᠯ ᠬᠠᠷᠢᠭᠤᠴᠠᠯᠭ᠋ᠠᠲᠠᠳ᠂ ᠪᠠᠶ᠋ᠢᠭᠤᠯᠭ᠎ᠠ ᠵᠢᠨ ᠪᠦᠬᠦ ᠠᠯᠪᠠᠲᠠᠨ᠂ ᠲᠣᠪᠴᠢᠶᠠᠨ᠎ᠤ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠪᠣᠯᠤᠨ ᠳᠠᠮᠵᠢᠭᠤᠯᠤᠨ ᠰᠠᠴᠤᠷᠠᠭᠤᠯᠬᠤ ᠲᠦᠪ᠎ᠤᠨ ᠡᠯ᠎ᠡ ᠰᠠᠯᠪᠤᠷᠢ ᠪᠠᠶ᠋ᠢᠭᠤᠯᠤᠮᠵᠢ ᠵᠢᠨ ᠪᠠᠭ᠎ᠤᠨ ᠭᠡᠰᠢᠭᠦᠳ ᠂ ᠨᠠᠮ᠎ᠤᠨ ᠠᠵᠢᠯ᠎ᠤᠨ ᠺᠠᠳ᠋ᠷ ᠬᠤᠷᠠᠯ᠎ᠳᠤ ᠣᠷᠣᠯᠴᠠᠪᠠ᠃
(ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )