ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ᠎ᠨᠢ ᠲᠥᠪ᠎ᠤᠨ ᠨᠠᠢ᠍ᠮᠠᠨ ᠵᠣᠷᠪᠣᠰ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢ ᠡᠷᠬᠢᠯᠡᠪᠡ
2025-04-08

      3 ᠳ᠋ᠤᠭ᠋ᠠᠷ ᠰᠠᠷ᠎ᠠ ᠵᠢᠨ 28᠎ᠤ ᠡᠳᠦᠷ᠂ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ  ᠲᠥᠪ᠎ᠤᠨ ᠨᠠᠢ᠍ᠮᠠᠨ  ᠵᠣᠷᠪᠣᠰ  ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢ ᠡᠷᠭᠢᠯᠡᠪᠡ᠃

      ᠲᠣᠰ ᠬᠤᠭᠤᠴᠠᠭ᠋ᠠᠨ᠎ᠤ ᠨᠣᠮ ᠤᠩᠰᠢᠬᠤ ᠠᠩᠭᠢ᠎ᠳᠤ  ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠵᠶ᠋ᠠᠷ ᠬᠠᠪᠰᠤᠷᠤᠨ ᠵᠢᠯᠣᠭᠤᠳᠬᠤ᠂ ᠰᠡᠷᠡᠮᠵᠢᠯᠡᠭᠦᠯᠬᠦ ᠬᠥᠮᠦᠵᠢᠯ  ᠬᠢᠬᠦ ᠂ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠬᠤ ᠪᠠ ᠬᠤᠪᠢ ᠬᠥᠮᠦᠨ ᠥᠪᠡᠰᠦᠪᠡᠨ ᠰᠤᠷᠤᠯᠴᠠᠬᠤ ᠵᠢ ᠤᠶᠠᠯᠳᠤᠭᠤᠯᠬᠤ ᠠᠷᠭ᠎ᠠ ᠮᠠᠶᠢᠭ ᠵᠶ᠋ᠠᠷ ᠶᠠᠪᠤᠭᠳᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠵᠤ᠂ ᠲᠥᠪ  ᠬᠣᠷᠢᠶᠠᠨ᠎ᠤ  ᠨᠠᠢ᠍ᠮᠠᠨ  ᠵᠤᠷᠪᠣᠰ  ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠰᠤᠷᠤᠯᠴᠠᠨ ᠣᠶ᠋ᠢᠯᠠᠭ᠋ᠠᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ ᠰᠤᠷᠤᠯᠴᠠᠬᠤ ᠭᠤᠤᠯ ᠳᠤᠭᠤᠶ᠋ᠢᠯᠠᠩ᠎ᠤᠨ  ᠭᠡᠰᠢᠭᠦᠨ ᠂ ᠬᠠᠮᠢᠶ᠎ᠠ ᠪᠥᠬᠦᠶ ᠭᠠᠵᠠᠷ ᠠᠯᠪᠠᠨ ᠬᠡᠷ ᠨᠢᠭᠡᠴᠢ ᠵᠢᠨ ᠭᠤᠤᠯ ᠬᠠᠷᠢᠭᠤᠴᠠᠯᠭ᠋ᠠᠲᠠᠨ᠎ᠠᠴᠠ  ᠬᠤᠪᠢ ᠬᠥᠮᠦᠨ᠎ᠤ ᠠᠵᠢᠯ᠎ᠤᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠵᠢ ᠥᠷᠨᠢᠭᠦᠯᠪᠡ᠃

      ᠨᠢᠭᠡ ᠭᠤᠣᠯ ᠰᠢᠵᠢᠮ᠎ᠢ  ᠲᠣᠭᠣᠰᠢᠯᠠᠭᠣᠯᠵᠦ ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠵᠦ᠂ 《ᠲᠠᠪᠤᠨ ᠶᠡᠭᠡ ᠡᠭᠦᠷᠭᠡ》 ᠵᠢ ᠨᠠᠶ᠋ᠢᠳᠠᠪᠤᠷᠢᠵᠢᠭᠤᠯᠵᠤ᠂           《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠰᠢᠨ᠎ᠡ ᠵᠠᠮ᠎ᠢ ᠠᠶᠠᠯᠠᠨ ᠳᠤᠮᠳᠠ  ᠣᠷᠣᠰᠬᠠᠯ᠎ᠳᠤ  ᠣᠷᠣᠵᠤ᠂ ᠭᠤᠣᠯᠳᠠᠯᠭ᠎ᠠ᠎ᠲᠠᠢ ᠠᠵᠢᠯ᠎ᠢ ᠰᠠᠶ᠋ᠢᠲᠤᠷ ᠪᠡᠶᠡᠯᠡᠭᠦᠯᠬᠦ᠎ᠳᠤ ᠰᠠᠶ᠋ᠢᠨ ᠰᠠᠶ᠋ᠢᠬᠠᠨ ᠰᠤᠷᠲᠠᠯ ᠪᠣᠯ ᠪᠠᠲᠤᠯᠠᠭ᠎ᠠ ᠪᠣᠯᠬᠤ ᠪᠥᠭᠡᠳ ᠪᠠᠰᠠ ᠴᠤ᠌ ᠤᠷᠢᠲᠠᠯ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠷᠠᠳᠢᠣ᠋ ᠲᠧᠯᠸᠢᠰ᠎ᠤᠨ ᠲᠣᠪᠴᠢᠶ᠎ᠠ ᠎ᠨᠢ  ᠰᠤᠷᠤᠯᠴᠠᠵᠤ ᠰᠤᠳᠤᠯᠤᠨ ᠶᠠᠷᠢᠯᠴᠠᠬᠤ ᠵᠢ 《ᠭᠦᠨᠵᠡᠭᠡᠶ》᠂ ᠠᠰᠠᠭᠤᠳᠠᠯ᠎ᠢ ᠪᠠᠶ᠋ᠢᠴᠠᠭ᠋ᠠᠨ ᠳᠡᠯᠭᠡᠬᠦ ᠵᠢ          《ᠪᠣᠳᠠᠲᠠᠢ》᠂ ᠴᠡᠭᠴᠡᠯᠡᠨ ᠰᠠᠶ᠋ᠢᠵᠢᠷᠠᠭᠤᠯᠵᠤ ᠴᠡᠭᠴᠡᠯᠡᠨ ᠵᠠᠰᠠᠬᠤ ᠵᠢ 《ᠴᠢᠩᠭ᠎ᠠ》 ᠪᠠᠢ᠌ᠬᠣ ᠵᠢ ᠪᠠᠷᠢᠮᠲᠠᠯᠠᠵᠦ ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭ᠋ᠠᠷᠳᠠᠯᠭ᠎ᠠ᠎ᠪᠠᠷ ᠷᠠᠳᠢᠣ᠋ ᠲᠧᠯᠸᠢᠰ ᠪᠠ ᠰᠦᠯᠵᠢᠶᠡᠨ᠎ᠤ ᠦᠵᠡᠵᠦ ᠰᠣᠨᠣᠰᠬᠤ ᠡᠯ᠎ᠡ ᠵᠦᠢ᠍ᠯ᠎ᠤᠨ ᠠᠵᠢᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠪᠠ᠃

      (ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ )

 

ᠢᠷᠡᠯᠲᠡ᠄ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠷᠠᠳᠢᠤ᠋ ᠲᠧᠯᠸᠢᠰ᠎ᠤᠨ ᠲᠤᠪᠴᠢᠶ᠎ᠠ